ᠲᠡᠷᠢᠭᠦᠨ ᠨᠢᠭᠤᠷ>ᠴᠠᠭ ᠲᠦᠷᠦ>ᠬᠠᠯᠠᠮᠰᠢᠯ ᠠᠰᠠᠭᠤᠳᠠᠯ

2025-12-18 09:55:13

ᠵᠣᠬᠢᠶᠠᠭ᠍ᠴᠢ᠄ ᠢᠦᠢ ᠵᠢᠶᠠ ᠱᠢᠨ ᠯᠢᠦ ᠺᠠᠢ ᠱᠢᠶᠦ᠋ᠩ ᠷᠧᠨ ᠵᠢᠶᠦ᠋ᠨ ᠣᠩᠱᠢᠭ᠍ᠰᠠᠨ ᠣᠳᠠᠭ᠎ᠠ᠄ 3

— 《ᠲᠠᠪᠤᠨ ᠡᠷᠬᠡᠪᠰᠢ》 ᠵᠢ ᠰᠤᠷᠤᠯᠴᠠᠨ ᠣᠢᠯᠠᠭᠠᠵᠤ ᠢᠷᠡᠬᠦ᠌ ᠵᠢᠯ᠎ᠦᠨ ᠠᠵᠤ ᠠᠬᠤᠢ᠎ᠶ᠋ᠢᠨ ᠠᠵᠢᠯ ᠎ᠢ ᠰᠠᠢᠲᠤᠷ ᠬᠢᠶ᠎ᠡ


ᠲᠦᠷᠦᠭᠦᠬᠡᠨ ᠬᠤᠷᠠᠯᠳᠤᠭ᠍ᠰᠠᠨ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ 《ᠲᠠᠪᠤᠨ ᠡᠷᠬᠡᠪᠰᠢ》ᠪᠡᠷ ᠱᠢᠨ᠎ᠡ ᠪᠠᠢᠳᠠᠯ ᠳᠣᠣᠷ᠎ᠠ ᠠᠵᠤ ᠠᠬᠤᠢ᠎ᠶ᠋ᠢᠨ ᠠᠵᠢᠯ ᠎ᠢ ᠰᠠᠢᠲᠤᠷ ᠬᠢᠬᠦ᠌ ᠲᠤᠬᠠᠢ ᠱᠢᠨ᠎ᠡ ᠲᠠᠨᠢᠯᠲᠠ ᠪᠠ ᠲᠦᠷᠦᠭ᠌ᠳᠡᠯ ᠎ᠢ ᠬᠤᠷᠢᠶᠠᠩᠭᠤᠢᠯᠠᠪᠠ᠃ 《ᠡᠷᠬᠡᠪᠰᠢ ᠲᠦᠷᠦ᠍᠎ᠶ᠋ᠢᠨ ᠪᠤᠳᠤᠯᠭ᠎ᠠ᠎ᠶ᠋ᠢᠨ ᠳᠡᠮᠵᠢᠯᠭᠡ ᠪᠠ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠶ᠋ᠢ ᠵᠡᠷᠭᠡ᠎ᠪᠡᠷ ᠴᠢᠬᠤᠯᠠᠴᠢᠯᠠᠬᠤ᠎ᠶ᠋ᠢ ᠪᠠᠷᠢᠮᠲᠠᠯᠠᠬᠤ ᠬᠡᠷᠡᠭ᠌ᠲᠡᠢ》 ᠭᠡᠳᠡᠭ ᠪᠣᠯ ᠲᠡᠭᠦᠨ᠎ᠦ ᠳᠣᠲᠣᠷᠠᠬᠢ ᠴᠢᠬᠤᠯᠠ ᠠᠭᠤᠯᠭ᠎ᠠ ᠮᠥᠨ᠃

ᠨᠠᠷᠢᠨ ᠪᠤᠳᠤᠯᠢᠶᠠᠨᠲᠠᠶ ᠪᠠᠢᠳᠠᠯ ᠪᠠ ᠲᠣᠭ᠍ᠲᠠᠭᠠᠯᠲᠤ ᠪᠤᠰᠤ ᠬᠦᠴᠦᠨ ᠵᠦᠶ᠋ᠯ᠎ᠳᠦ ᠲᠤᠯᠭᠠᠷᠠᠬᠤ ᠲᠤᠲᠤᠮ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ ᠪᠠ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠶ᠋ᠢ ᠵᠡᠷᠭᠡ᠎ᠪᠡᠷ ᠴᠢᠬᠤᠯᠠᠴᠢᠯᠠᠬᠤ᠎ᠶ᠋ᠢ ᠤᠯᠠᠮ ᠪᠠᠷᠢᠮᠲᠠᠯᠠᠵᠤ᠂ ᠲᠡᠭᠦᠨ᠎ᠦ ᠬᠠᠮᠵᠢᠯᠴᠠᠬᠤ ᠦᠶ᠋ᠯᠡᠳᠦᠯ᠎ᠢ ᠴᠢᠩᠭᠠᠳᠭᠠᠬᠤ ᠬᠡᠷᠡᠭᠲᠡᠢ᠂ ᠢᠩᠭᠢᠪᠡᠯ ᠰᠠᠶᠢ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠦᠨᠳᠦᠰᠦ ᠰᠠᠭᠤᠷᠢ᠎ᠶ᠋ᠢ ᠪᠡᠬᠢᠵᠢᠭᠦᠯᠵᠦ᠍᠂ ᠴᠢᠨᠠᠷ ᠰᠠᠢᠲᠠᠶ ᠬᠥᠭ᠌ᠵᠢᠯᠲᠡ᠎ᠶ᠋ᠢᠨ ᠳᠣᠲᠣᠭᠠᠳᠤ ᠬᠥᠳᠡᠯᠭᠡᠬᠦ᠌ ᠬᠦᠴᠦᠨ᠎ᠢ ᠲᠠᠰᠤᠷᠠᠯᠲᠠ ᠥᠬᠡᠶ ᠬᠥᠭ᠌ᠵᠢᠭᠡᠵᠦ᠍ ᠴᠢᠳᠠᠨ᠎ᠠ᠃

ᠲᠦᠷᠦ᠍᠎ᠶ᠋ᠢᠨ ᠪᠤᠳᠤᠯᠭ᠎ᠠ᠎ᠪᠠᠷ ᠬᠦᠴᠦᠨ ᠤᠯᠭᠤᠬᠤ ᠮᠥᠷᠲᠡᠭᠡᠨ ᠪᠠᠰᠠ ᠥᠭᠡᠷᠡᠴᠢᠯᠡᠯᠲᠡ ᠬᠢᠬᠦ ᠲᠠᠯ᠎ᠠ᠎ᠪᠡᠷ ᠬᠦᠴᠦᠯᠡᠨ᠎ᠡ

《ᠬᠡᠳᠦᠢᠪᠡᠷ ᠯᠤᠲᠤ ᠶᠡᠬᠡ ᠴᠤᠬᠢᠯᠳᠠ᠎ᠳᠤ ᠲᠤᠯᠭᠠᠷᠠᠭ᠍ᠰᠠᠨ ᠪᠣᠯᠪᠠᠴᠤ᠌ ᠳᠤᠮᠳᠠᠳᠤ ᠤᠯᠤᠰ᠎ᠤᠨ ᠠᠵᠤ ᠠᠬᠤᠢ ᠮᠥᠨ ᠬᠦ᠌ ᠴᠢᠩᠭ᠎ᠠ ᠬᠦᠴᠦᠲᠡᠢ ᠤᠶᠠᠨ ᠬᠠᠳᠠᠨ ᠴᠢᠨᠠᠷ᠎ᠢ ᠢᠯᠡᠷᠡᠭᠦᠯᠪᠡ》 ᠭᠡᠵᠦ ᠣᠯᠠᠨ ᠤᠯᠤᠰ᠎ᠤᠨ ᠵᠣᠭᠣᠰᠣᠨ᠎ᠤ ᠰᠠᠭᠤᠷᠢ ᠮᠥᠩᠭᠥᠨ᠎ᠦ ᠵᠣᠬᠢᠶᠠᠨ ᠪᠠᠢᠭᠤᠯᠤᠯᠲᠠ (IMF) ᠶ᠋ᠢᠨ ᠶᠡᠷᠦᠩᠬᠡᠶ ᠵᠠᠬᠢᠷᠤᠯ ᠭᠸᠤᠷᠵᠢᠶᠸᠸᠠ ᠬᠡᠯᠡᠪᠠ᠃

ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ ᠪᠠ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠶ᠋ᠢ ᠵᠡᠷᠭᠡ᠎ᠪᠡᠷ ᠴᠢᠬᠤᠯᠠᠴᠢᠯᠠᠬᠤ᠎ᠶ᠋ᠢ ᠪᠠᠷᠢᠮᠲᠠᠯᠠᠬᠤ ᠪᠣᠯ ᠮᠠᠨ᠎ᠤ ᠤᠯᠤᠰ᠎ᠤᠨ ᠠᠵᠤ ᠠᠬᠤᠶ᠎ᠶ᠋ᠢᠨ ᠭᠠᠳᠠᠨᠠᠬᠢ ᠳᠠᠷᠤᠯᠲᠠ᠎ᠶ᠋ᠢ ᠰᠥᠷᠥᠨ ᠤᠷᠤᠭ᠍ᠰᠢᠯᠠᠵᠤ ᠪᠠᠢᠭ᠎ᠠ ᠪᠣᠯᠪᠠᠴᠤ᠌ ᠮᠥᠨ ᠯᠡ ᠱᠢᠨ᠎ᠡ ᠲᠡᠢᠰᠢ ᠱᠢᠯᠢᠳᠡᠭ᠌ ᠲᠡᠢᠰᠢ ᠠᠬᠢᠬᠤ ᠵᠢ ᠪᠠᠲᠤᠯᠠᠵᠤ ᠪᠠᠢᠭ᠎ᠠ ᠴᠢᠬᠤᠯᠠ ᠠᠨᠢᠰᠤ ᠮᠥᠨ᠃

ᠡᠨᠡ ᠪᠣᠯ ᠪᠣᠳᠠᠲᠤ ᠵᠥᠷᠢᠴᠡᠯ᠎ᠢ ᠱᠢᠢᠳᠪᠦᠷᠢᠯᠡᠬᠦ᠌ ᠲᠤᠯᠭᠠᠮ ᠠᠷᠭ᠎ᠠ ᠬᠡᠮᠵᠢᠢ᠎ᠡ ᠮᠥᠨ —

ᠨᠢᠳᠤᠨᠤᠨ᠎ᠤ 9 ᠰᠠᠷ᠎ᠠ᠎ᠳᠤ᠂ ᠭᠤᠤᠯ ᠪᠣᠯᠬᠤ ᠠᠵᠤ ᠠᠬᠤᠶ᠎ᠶ᠋ᠢᠨ ᠭᠦᠶ᠋ᠴᠡᠳᠭᠡᠯ ᠲᠣᠭ᠎ᠠ᠎ᠶ᠋ᠢᠨ ᠨᠡᠮᠡᠭ᠌ᠳᠡᠯ᠎ᠦᠨ ᠬᠤᠷᠳᠤᠴᠠ ᠪᠠᠭᠤᠷᠠᠵᠤ᠂ ᠰᠲ᠋ᠣᠺ᠎ᠤᠨ ᠵᠠᠬ᠎ᠠ ᠳᠡᠯᠭᠡᠭᠦᠷ ᠲᠠᠸᠠᠷ᠎ᠤᠨ ᠬᠡᠷ ᠪᠠᠢᠱᠢᠩ᠎ᠤᠨ ᠵᠠᠬ᠎ᠠ ᠳᠡᠯᠭᠡᠭᠦᠷ ᠮᠠᠭᠤᠳᠠᠬᠰᠠᠨ ᠳᠠᠷᠤᠯᠲᠠ᠎ᠶ᠋ᠢᠨ ᠡᠮᠦᠨ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠥᠷᠥ᠎ᠶ᠋ᠢᠨ ᠲᠣᠪᠴᠢᠶᠠᠨ᠎ᠤ ᠬᠤᠷᠠᠯ᠎ᠡᠴᠡ ᠠᠯᠢ ᠣᠯᠠᠨ ᠯᠠᠪᠳᠠᠭᠤᠨ ᠪᠠᠲᠤᠲᠠᠶ ᠠᠷᠭ᠎ᠠ ᠬᠡᠮᠵᠢᠶ᠎ᠡ ᠨᠡᠢᠲᠡᠯᠡᠵᠦ᠍᠂ ᠬᠦᠮᠦᠰ ᠲᠤ᠌ ᠭᠦᠨ ᠲᠦᠷᠦᠭᠳᠡᠯ ᠦᠯᠡᠳᠡᠭᠡᠵᠡᠢ᠃ ᠠᠯᠢ ᠣᠯᠠᠨ ᠯᠠᠪᠳᠠᠭᠤᠨ ᠪᠠᠲᠤᠲᠠᠶ ᠠᠷᠭ᠎ᠠ ᠬᠡᠮᠵᠢᠶ᠎ᠡ᠎ᠶ᠋ᠢ ᠪᠦᠲᠦᠮᠵᠢᠲᠡᠶ ᠨᠠᠢᠳᠠᠪᠤᠷᠢᠵᠢᠭᠤᠯᠵᠤ᠂ ᠪᠥᠬᠥ᠌ ᠵᠢᠯ᠎ᠦᠨ ᠬᠥᠭ᠌ᠵᠢᠯᠲᠡ᠎ᠶ᠋ᠢᠨ ᠬᠠᠷᠠᠯᠲᠠ᠎ᠶ᠋ᠢ ᠬᠤᠭᠤᠴᠠᠭ᠎ᠠ ᠶᠣᠰᠣᠭᠠᠷ ᠪᠡᠶᠡᠯᠡᠭᠦᠯᠪᠡ᠃

ᠡᠨᠡ ᠵᠢᠯ᠎ᠦᠨ 4 ᠰᠠᠷ᠎ᠠ᠎ᠳᠤ᠂ ᠭᠠᠳᠠᠨᠠᠬᠢ ᠲᠠᠭᠠᠷᠢᠯᠲᠠ᠎ᠶ᠋ᠢᠨ ᠨᠥᠯᠥᠭᠡ ᠶᠡᠬᠡᠰᠴᠦ᠍ ᠪᠠᠢᠭ᠎ᠠ ᠪᠠᠢᠳᠠᠯ᠎ᠤᠨ ᠡᠮᠦᠨ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠥᠷᠥ᠎ᠶ᠋ᠢᠨ ᠲᠣᠪᠴᠢᠶᠠᠨ᠎ᠤ ᠬᠤᠷᠠᠯ ᠡᠴᠡ ᠠᠯᠢ ᠣᠯᠠᠨ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠳᠠᠬᠢᠨᠲᠠ ᠪᠠᠢᠷᠢᠯᠠᠭᠤᠯᠵᠤ᠂ ᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠬᠤ᠂ ᠠᠵᠤ ᠠᠬᠤᠢᠯᠠᠯ ᠎ᠢ ᠲᠣᠭ᠍ᠲᠠᠪᠤᠷᠢᠵᠢᠭᠤᠯᠬᠤ᠂ ᠵᠠᠬ᠎ᠠ ᠳᠡᠯᠭᠡᠭᠦᠷ᠎ᠢ ᠲᠣᠭ᠍ᠲᠠᠪᠤᠷᠢᠵᠢᠭᠤᠯᠬᠤ᠂ ᠵᠢᠱ᠌ᠢᠯᠲᠡ᠎ᠶ᠋ᠢ ᠲᠣᠭ᠍ᠲᠠᠪᠤᠷᠢᠵᠢᠭᠤᠯᠬᠤ᠎ᠪᠠᠷ ᠳᠠᠮᠵᠢᠨ᠂ ᠠᠵᠤ ᠠᠬᠤᠶ᠎ᠶ᠋ᠢᠨ ᠲᠣᠭ᠍ᠲᠠᠭᠤᠨ ᠡᠷᠬᠢᠯᠳᠡ ᠵᠢ ᠲᠤᠯᠭᠠᠭᠤᠷᠢᠯᠠᠪᠠ᠃

ᠬᠣᠶᠠᠷ ᠤᠳᠠᠭ᠎ᠠ᠎ᠶ᠋ᠢᠨ ᠴᠢᠬᠤᠯᠠ ᠪᠠᠢᠷᠢᠯᠠᠭᠤᠯᠤᠯᠲᠠ ᠨᠢ ᠴᠥᠮ ᠱᠢᠨᠵᠢᠯᠡᠬᠦ᠌ ᠤᠬᠠᠭᠠᠨᠴᠢ ᠪᠦᠲᠦᠮᠵᠢᠲᠡᠢ ᠬᠣᠷᠸ᠎ᠠ ᠡᠵᠡᠮᠱᠢᠯ ᠲᠤᠬᠢᠷᠠᠭᠤᠯᠭ᠎ᠠ᠎ᠪᠠᠷ ᠨᠠᠷᠢᠨ ᠪᠤᠳᠤᠯᠢᠶᠠᠨᠲᠠᠢ ᠠᠶᠤᠯ ᠲᠦᠭ᠌ᠰᠢᠭᠦᠷᠢ ᠥᠷᠢᠰᠥᠯᠳᠦᠭᠡᠨ᠎ᠢ ᠠᠷᠭᠠᠴᠠᠭᠠᠪᠠ᠃

ᠨᠠᠷᠢᠨ ᠪᠤᠳᠤᠯᠢᠶᠠᠨᠲᠠᠢ ᠪᠠᠢᠳᠠᠯ᠎ᠤᠨ ᠡᠮᠦᠨ᠎ᠡ᠂ ᠭᠠᠭ᠍ᠴᠠ ᠬᠦ᠌ ᠲᠦᠷᠦ᠍᠎ᠶ᠋ᠢᠨ ᠪᠤᠳᠤᠯᠭ᠎ᠠ᠎ᠶ᠋ᠢᠨ ᠳᠡᠮᠵᠢᠯᠭᠡ ᠪᠠ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠪᠡᠷ ᠬᠠᠮᠵᠢᠯᠴᠠᠨ ᠬᠦᠴᠦᠯᠡᠵᠦ᠍᠂ ᠣᠳᠣᠬᠠᠨ᠎ᠤ ᠥᠷᠢᠰᠥᠯᠳᠦᠭᠡᠨ᠎ᠢ ᠠᠷᠭᠠᠴᠠᠭᠠᠬᠤ᠎ᠶ᠋ᠢᠨ ᠬᠠᠮᠲᠤ ᠭᠦᠨ ᠳᠠᠪᠬᠤᠷᠭ᠎ᠠ᠎ᠶ᠋ᠢᠨ ᠵᠥᠷᠢᠴᠡᠯ᠎ᠢ ᠬᠦᠴᠦᠯᠡᠨ ᠱᠢᠢᠳᠪᠦᠷᠢᠯᠡᠵᠦ᠍᠂ ᠦᠨᠭ᠌ᠭᠡᠨ ᠲᠠᠯ᠎ᠠ᠎ᠶ᠋ᠢ ᠵᠠᠰᠠᠬᠤ ᠪᠠ ᠦᠨᠳᠦᠰᠦ ᠡᠴᠡ ᠨᠢ ᠵᠠᠰᠠᠬᠤ᠎ᠶ᠋ᠢ ᠵᠡᠷᠭᠡ᠎ᠪᠡᠷ ᠠᠳᠭᠤᠪᠠᠯ ᠰᠠᠶᠢ ᠡᠯ᠎ᠡ ᠵᠦᠢᠯ᠎ᠦᠨ ᠰᠠᠯᠬᠢ ᠳᠠᠪᠠᠯᠭᠠᠨ᠎ᠢ ᠨᠡᠩ ᠰᠠᠢᠲᠤᠷ ᠢᠯᠠᠨ ᠲᠠᠪᠠᠵᠤ ᠴᠢᠳᠠᠨ᠎ᠠ᠃

ᠡᠨᠡ ᠪᠣᠯ ᠢᠷᠡᠭᠡᠳᠦᠶ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠡᠵᠡᠮᠳᠡᠬᠦ ᠵᠢᠨ ᠠᠯᠤᠰ᠎ᠤᠨ ᠪᠣᠳᠣᠯᠬᠢᠯᠠᠯ ᠮᠥᠨ —

ᠥᠭᠡᠷᠡᠴᠢᠯᠡᠯᠲᠡ ᠬᠢᠭ᠌ᠰᠡᠳ ᠤᠷᠤᠭ᠍ᠰᠢᠯᠠᠵᠤ᠂ ᠱᠢᠨ᠎ᠡ᠎ᠶ᠋ᠢ ᠡᠭᠦᠳᠦᠭ᠌ᠴᠢ ᠬᠦᠴᠦᠷᠬᠡᠭ᠌ᠵᠢᠵᠦ᠍᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠦᠭ᠌ᠴᠢ ᠢᠯᠠᠮᠤᠢ᠃

ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠪᠠᠢᠭᠤᠯᠤᠯ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠴᠦ᠍᠂ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ᠎ᠢ ᠨᠡᠩ ᠭᠦᠨ ᠳᠠᠪᠬᠤᠷᠭ᠎ᠠ᠎ᠡᠴᠡ ᠪᠠᠳᠠᠷᠠᠭᠤᠯᠤᠨ᠎ᠠ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠂ ᠳᠥᠷᠪᠡᠳᠦᠭᠡᠷ ᠪᠦᠬᠦᠳᠠ ᠬᠤᠷᠠᠯ᠂ ᠲᠤᠰ ᠤᠳᠠᠭ᠎ᠠ᠎ᠶ᠋ᠢᠨ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ ᠡᠴᠡ ᠴᠦᠮ ᠴᠢᠨᠠᠷ ᠰᠠᠢᠲᠠᠢ ᠬᠥᠭ᠌ᠵᠢᠯᠲᠡ ᠵᠢ ᠪᠠᠲᠤ ᠡᠵᠡᠮᠳᠡᠵᠦ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠵᠢ ᠴᠢᠬᠤᠯᠠᠴᠢᠯᠠᠭᠰᠠᠨ ᠪᠠᠢᠨ᠎ᠠ᠃

ᠲᠤᠰ ᠤᠳᠠᠭ᠎ᠠ᠎ᠶ᠋ᠢᠨ ᠬᠤᠷᠠᠯ᠎ᠡᠴᠡ ᠢᠷᠡᠬᠦ᠌ ᠵᠢᠯ᠎ᠦᠨ ᠠᠵᠤ ᠠᠬᠤᠢ᠎ᠶ᠋ᠢᠨ ᠠᠵᠢᠯ᠎ᠤᠨ ᠡᠭᠦᠷᠭᠡ᠎ᠶ᠋ᠢ ᠪᠠᠢᠷᠢᠯᠠᠭᠤᠯᠬᠤ᠎ᠳᠠᠭᠠᠨ 《ᠨᠠᠢ᠍ᠮᠠ᠎ᠶ᠋ᠢ ᠪᠠᠷᠢᠮᠲᠠᠯᠠᠬᠤ》 ᠵᠢ ᠳᠤᠷᠠᠳᠴᠤ᠌᠂ ᠳᠣᠲᠣᠭᠠᠳᠤ ᠬᠡᠷᠡᠭ᠌ᠴᠡᠭᠡ᠂ ᠱᠢᠨ᠎ᠡ᠎ᠶ᠋ᠢ ᠡᠭᠦᠳᠬᠦ᠌᠂ ᠥᠭᠡᠷᠡᠴᠢᠯᠡᠯᠲᠡ ᠬᠢᠬᠦ᠌᠂ ᠨᠡᠭᠡᠭᠡᠯᠳᠠ ᠬᠢᠬᠦ᠌᠂ ᠠᠷᠠᠳ᠎ᠤᠨ ᠠᠮᠢᠳᠤᠷᠠᠯ᠂ ᠪᠣᠬᠢᠷᠲᠤᠯ ᠦᠭᠡᠢ ᠬᠥᠭ᠌ᠵᠢᠯᠲᠡ ᠵᠡᠷᠭᠡ ᠵᠠᠩᠭᠢᠯᠠᠭ᠎ᠠ ᠎ᠶ᠋ᠢᠨ ᠬᠦᠷᠢᠢ᠎ᠡ ᠴᠠᠷᠠᠭ᠎ᠠ᠎ᠶ᠋ᠢ ᠬᠠᠮᠤᠷᠴᠤ᠌᠂ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠂ ᠤᠷᠳᠤ ᠬᠤᠭᠤᠴᠠᠭᠠᠨ᠎ᠤ ᠪᠠᠢᠷᠢᠱᠢᠭᠤᠯᠤᠯᠲᠠ᠎ᠪᠠᠷ ᠢᠷᠡᠭᠡᠳᠦᠢ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠡᠵᠡᠮᠳᠡᠬᠦ᠎ᠶ᠋ᠢ ᠢᠯᠡᠷᠡᠭᠦᠯᠦᠭ᠌ᠰᠡᠨ ᠪᠠᠢᠨ᠎ᠠ᠃

ᠲᠥᠷᠥ᠎ᠶ᠋ᠢᠨ ᠶᠠᠪᠤᠳᠠᠯ᠎ᠤᠨ ᠬᠤᠷᠢᠶ᠎ᠠ ᠵᠢᠨ ᠬᠥᠭ᠌ᠵᠢᠭᠦᠯᠦᠯᠲᠡ᠎ᠶ᠋ᠢᠨ ᠰᠤᠳᠤᠯᠭᠠᠨ᠎ᠤ ᠲᠥᠪ᠎ᠦᠨ ᠬᠣᠷᠸ᠎ᠠ ᠠᠵᠤ ᠠᠬᠤᠶ᠎ᠶ᠋ᠢᠨ ᠰᠤᠳᠤᠯᠭᠠᠨ᠎ᠤ ᠬᠡᠯᠲᠡᠰ᠎ᠦᠨ ᠰᠤᠳᠤᠯᠤᠭ᠍ᠴᠢ ᠵᠠᠩ ᠯᠢ ᠴᠢᠶᠦ᠋ᠨ᠂ 《ᠡᠷᠬᠡᠪᠰᠢ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ ᠪᠠ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠶ᠋ᠢ ᠵᠡᠷᠭᠡ᠎ᠪᠡᠷ ᠴᠢᠬᠤᠯᠠᠴᠢᠯᠠᠬᠤ᠎ᠶ᠋ᠢ ᠪᠠᠷᠢᠮᠲᠠᠯᠠᠬᠤ ᠬᠡᠷᠡᠭ᠌ᠲᠡᠶ》 ᠭᠡᠳᠡᠭ ᠪᠣᠯ ᠠᠵᠤ ᠠᠬᠤᠶ᠎ᠶ᠋ᠢᠨ ᠵᠢᠮ᠎ᠡ ᠶᠣᠰᠣ᠎ᠶ᠋ᠢ ᠵᠢᠷᠤᠮᠯᠠᠭᠰᠡᠨ ᠰᠠᠨᠠᠭᠠᠴᠢᠯᠠᠭᠠᠲᠤ ᠠᠵᠢᠯᠯᠠᠭ᠎ᠠ ᠪᠤᠯᠤᠨ᠎ᠠ᠂ ᠥᠭᠡᠷᠡᠴᠢᠯᠡᠯᠲᠡ ᠬᠢᠬᠦ᠎ᠪᠡᠷ ᠬᠦᠴᠦᠯᠡᠬᠦ᠌᠂ ᠲᠥᠷᠥ᠎ᠶ᠋ᠢᠨ ᠪᠣᠳᠣᠯᠭ᠎ᠠ᠎ᠪᠠᠷ ᠬᠦᠴᠦᠨ ᠤᠯᠭᠤᠬᠤ ᠬᠠᠮᠲᠤᠷᠠᠯ ᠬᠦᠴᠦᠨ᠎ᠢ ᠪᠣᠶ ᠪᠣᠯᠭᠠᠬᠤ᠎ᠪᠠᠷ ᠳᠠᠮᠵᠢᠨ᠂ ᠠᠵᠤ ᠠᠬᠤᠶ᠎ᠶ᠋ᠢᠨ ᠶᠠᠰᠤ ᠴᠢᠨᠠᠷ᠎ᠢ ᠪᠦᠲᠦᠮᠵᠢᠲᠡᠶ ᠳᠡᠭᠡᠭ᠌ᠰᠢᠯᠡᠭᠦᠯᠬᠦ᠌ ᠪᠠ ᠲᠣᠭ᠎ᠠ ᠬᠡᠮᠵᠢᠶ᠎ᠡ᠎ᠶ᠋ᠢ ᠵᠦᠶ ᠵᠣᠬᠢᠰᠲᠠᠶ ᠨᠡᠮᠡᠭ᠌ᠳᠡᠭᠦᠯᠬᠦ᠌᠎ᠶ᠋ᠢ ᠨᠠᠩ ᠰᠠᠢᠲᠤᠷ ᠠᠬᠢᠭᠤᠯᠬᠤ ᠪᠣᠯᠤᠨ᠎ᠠ ᠭᠡᠵᠡᠶ᠃

ᠰᠥᠷᠬᠦ᠌ ᠦᠶᠡᠯᠡᠯ ᠎ᠦᠨ ᠬᠤᠭᠤᠴᠠᠭᠠᠨ᠎ᠤ ᠲᠣᠬᠢᠷᠠᠭᠤᠯᠤᠯᠲᠠ ᠎ᠶ᠋ᠢ ᠴᠢᠩᠭᠠᠳᠭᠠᠵᠤ ᠲᠣᠭ᠍ᠲᠠᠭᠤᠨ᠎ᠤ ᠳᠤᠮᠳᠠ ᠠᠬᠢᠯᠳᠠ ᠲᠠᠢ ᠪᠠᠢᠬᠤ ᠵᠢ ᠪᠡᠶᠡᠯᠡᠬᠦᠯᠦᠨ᠎ᠡ

ᠪᠦᠲᠦᠮᠵᠢᠲᠡᠢ ᠬᠣᠷᠸ᠎ᠠ ᠲᠦᠷᠦ᠍᠎ᠶ᠋ᠢᠨ ᠪᠤᠳᠤᠯᠭ᠎ᠠ᠂ ᠣᠨᠣᠪᠴᠢᠲᠠᠢ ᠬᠣᠷᠸ᠎ᠠ ᠡᠵᠡᠮᠱᠢᠯ ᠲᠤᠬᠢᠷᠠᠭᠤᠯᠭ᠎ᠠ ᠪᠣᠯ ᠳᠤᠮᠳᠠᠳᠤ ᠤᠯᠤᠰ᠎ᠤᠨ ᠠᠵᠤ ᠠᠬᠤᠢ᠎ᠶ᠋ᠢᠨ ᠲᠣᠭ᠍ᠲᠠᠭᠤᠨ᠎ᠢᠶᠠᠷ ᠬᠤᠯᠠ ᠠᠶᠠᠯᠠᠬᠤ᠎ᠶ᠋ᠢ ᠬᠠᠮᠠᠭᠠᠯᠠᠬᠤ ᠴᠢᠬᠤᠯᠠ ᠠᠷᠭ᠎ᠠ ᠪᠠᠷᠢᠯ ᠪᠣᠯᠤᠨ᠎ᠠ᠃

ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ᠎ᠡᠴᠡ᠂ ᠢᠷᠡᠬᠦ᠌ ᠵᠢᠯ᠎ᠦᠨ ᠠᠵᠤ ᠠᠬᠤᠢ᠎ᠶ᠋ᠢᠨ ᠠᠵᠢᠯ ᠲᠦᠷᠦ᠍᠎ᠶ᠋ᠢᠨ ᠪᠤᠳᠤᠯᠭ᠎ᠠ᠎ᠶ᠋ᠢᠨ ᠬᠠᠨᠳᠤᠰᠢ᠎ᠶ᠋ᠢᠨ ᠲᠠᠯ᠎ᠠ᠎ᠪᠠᠷ᠂ ᠲᠣᠭ᠍ᠲᠠᠭᠤᠨ᠎ᠤ ᠳᠤᠮᠳᠠ ᠠᠬᠢᠯᠲᠠ ᠲᠠᠢ ᠪᠠᠢᠬᠤ᠂ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ ᠎ᠢ ᠨᠡᠮᠡᠭ᠌ᠳᠡᠭᠦᠯᠬᠦ᠌᠎ᠶ᠋ᠢ ᠪᠠᠷᠢᠮᠲᠠᠯᠠᠵᠤ᠂ ᠨᠦᠬᠡᠴᠡ ᠲᠦᠷᠦ᠍᠎ᠶ᠋ᠢᠨ ᠪᠤᠳᠤᠯᠭ᠎ᠠ ᠪᠣᠯᠤᠨ ᠨᠡᠮᠡᠭ᠌ᠳᠡᠯ ᠲᠦᠷᠦ᠍᠎ᠶ᠋ᠢᠨ ᠪᠤᠳᠤᠯᠭ᠎ᠠ᠎ᠶ᠋ᠢᠨ ᠬᠤᠷᠠᠮᠠᠯ ᠦᠢᠯᠡᠳᠦᠯ ᠎ᠢ ᠪᠠᠳᠠᠷᠠᠭᠤᠯᠵᠤ᠂ ᠰᠥᠷᠭᠡᠦ ᠦᠶᠡᠯᠡᠯ᠎ᠦᠨ ᠬᠤᠭᠤᠴᠠᠭ᠎ᠠ ᠪᠣᠯᠤᠨ ᠦᠶᠡᠯᠡᠯ᠎ᠤᠨ ᠬᠤᠭᠤᠴᠠᠭ᠎ᠠ ᠠᠯᠤᠰᠯᠠᠨ ᠲᠤᠬᠢᠷᠠᠭᠤᠯᠬᠤ ᠡᠷᠴᠢᠮ᠎ᠢᠶᠡᠨ ᠴᠢᠩᠭᠠᠷᠠᠭᠤᠯᠵᠤ᠂ ᠬᠣᠷᠸ᠎ᠠ ᠠᠵᠤ ᠠᠬᠤᠢ᠎ᠶ᠋ᠢᠨ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠢ ᠭᠡᠵᠦ ᠲᠤᠷᠠᠳᠪᠠ᠃

ᠡᠨᠡ ᠵᠢᠯ᠎ᠡᠴᠡ ᠨᠠᠭᠠᠰᠢ᠂ ᠬᠣᠷᠸ᠎ᠠ ᠲᠥᠷᠥ᠎ᠶ᠋ᠢᠨ ᠪᠣᠳᠣᠯᠭ᠎ᠠ ᠨᠢ ᠰᠥᠷᠭᠡᠸ᠋ ᠦᠶᠡᠯᠡᠯ᠎ᠤᠨ ᠬᠤᠭᠤᠴᠠᠭᠠᠨ᠎ᠤ ᠲᠣᠬᠢᠷᠠᠭᠤᠯᠤᠯᠲᠠ ᠬᠢᠬᠦ᠌ ᠡᠷᠴᠢᠮ᠎ᠢᠶᠡᠨ ᠴᠢᠩᠭᠠᠷᠠᠭᠤᠯᠵᠤ᠂ ᠠᠵᠤ ᠠᠬᠤᠶ᠎ᠶ᠋ᠢᠨ ᠶᠡᠬᠡ ᠲᠠᠯ᠎ᠠ᠎ᠶ᠋ᠢ ᠲᠣᠭ᠍ᠲᠠᠪᠤᠷᠢᠵᠢᠭᠤᠯᠬᠤ ᠳᠤᠮᠳᠠᠬᠢ ᠦᠶ᠋ᠯᠡᠳᠦᠯ᠎ᠨᠢ ᠴᠢᠩᠭᠠᠷᠠᠭᠰᠠᠨ ᠪᠠᠢᠨ᠎ᠠ᠃

ᠬᠣᠷᠸ᠎ᠠ ᠲᠥᠷᠥ᠎ᠶ᠋ᠢᠨ ᠪᠣᠳᠣᠯᠭ᠎ᠠ᠎ᠶ᠋ᠢᠨ ᠦᠷᠭᠦᠯᠵᠢᠯᠡᠬᠦ᠌ ᠴᠢᠨᠠᠷ ᠪᠠ ᠨᠢᠭᠡᠳᠦᠯᠲᠦ ᠴᠢᠨᠠᠷ ᠨᠢ ᠵᠠᠬ᠎ᠠ ᠳᠡᠯᠭᠡᠭᠦᠷ᠎ᠦᠨ ᠢᠲᠡᠭᠡᠯ᠎ᠢ ᠬᠥᠭ᠌ᠵᠢᠭᠡᠬᠦ᠌᠎ᠳᠦ ᠠᠱᠢᠭ᠍ᠲᠠᠶ ᠶᠤᠮ᠃ ᠡᠷᠬᠡ ᠰᠦᠷᠲᠦ ᠰᠠᠯᠠᠭ᠎ᠠ ᠮᠥᠴᠢᠷ᠎ᠦᠨ ᠢᠯᠡᠷᠬᠡᠢᠯᠡᠭ᠌ᠰᠡᠨ᠎ᠢᠶᠡᠷ᠂ ᠢᠷᠡᠬᠦ᠌ ᠵᠢᠯ ᠪᠠᠰᠠ ᠪᠠᠢᠳᠠᠯ᠎ᠤᠨ ᠬᠤᠪᠢᠷᠠᠯᠲᠠ᠎ᠶ᠋ᠢ ᠦᠨᠳᠦᠰᠦᠯᠡᠨ ᠨᠡᠮᠡᠭ᠌ᠳᠡᠯ᠎ᠦᠨ ᠲᠥᠷᠥ᠎ᠶ᠋ᠢᠨ ᠪᠣᠳᠣᠯᠭ᠎ᠠ᠎ᠶ᠋ᠢ ᠨᠡᠢᠲᠡᠯᠡᠨ ᠬᠡᠷᠡᠭ᠌ᠵᠢᠭᠦᠯᠵᠦ᠍᠂ ᠬᠠᠳᠠᠭᠠᠯᠠᠯᠲᠠ᠎ᠶ᠋ᠢᠨ ᠲᠥᠷᠥ᠎ᠶ᠋ᠢᠨ ᠪᠣᠳᠣᠯᠭ᠎ᠠ ᠪᠠ ᠨᠡᠮᠡᠭ᠌ᠳᠡᠯ᠎ᠦᠨ ᠲᠥᠷᠥ᠎ᠶ᠋ᠢᠨ ᠪᠣᠳᠣᠯᠭ᠎ᠠ᠎ᠶ᠋ᠢᠨ ᠬᠤᠷᠠᠮᠠᠯ ᠦᠶ᠋ᠯᠡᠳᠦᠯ᠎ᠢ ᠬᠠᠮᠵᠢᠯᠴᠠᠨ ᠪᠠᠳᠠᠷᠠᠭᠤᠯᠵᠤ᠂ ᠠᠵᠤ ᠠᠬᠤᠶ᠎ᠶ᠋ᠢᠨ ᠲᠣᠭ᠍ᠲᠠᠭᠤᠨ᠎ᠤ ᠲᠤᠮᠳᠠ ᠰᠠᠢᠵᠢᠷᠠᠬᠤ᠎ᠶ᠋ᠢ ᠠᠬᠢᠭᠤᠯᠤᠨ᠎ᠠ᠃

ᠡᠨᠡ ᠵᠢᠯ᠎ᠡᠴᠡ ᠨᠠᠭᠠᠰᠢ᠂ ᠬᠣᠷᠸ᠎ᠠ ᠲᠦᠷᠦ᠍᠎ᠶ᠋ᠢᠨ ᠪᠤᠳᠤᠯᠭ᠎ᠠ ᠨᠢ ᠠᠵᠢᠯ ᠣᠯᠭᠣᠯᠲᠠ᠂ ᠨᠡᠢᠭᠡᠮ᠎ᠦᠨ ᠪᠠᠲᠤᠯᠠᠭ᠎ᠠ᠂ ᠬᠡᠷᠡᠭ᠌ᠯᠡᠭᠡ ᠵᠡᠷᠭᠡ ᠬᠦᠷᠢᠶᠡᠨ᠎ᠦ ᠲᠣᠭᠣᠷᠢᠨ᠎ᠳᠤ ᠪᠣᠳᠠᠲᠠᠢ ᠠᠷᠭ᠎ᠠ ᠬᠡᠮᠵᠢᠶ᠎ᠡ ᠠᠪᠴᠤ᠂ ᠠᠵᠤ ᠠᠬᠤᠢ᠎ᠶ᠋ᠢᠨ ᠬᠥᠭ᠌ᠵᠢᠯᠲᠡ ᠪᠣᠯᠤᠨ ᠠᠷᠠᠳ᠎ᠤᠨ ᠠᠮᠢᠳᠤᠷᠠᠯ᠎ᠤᠨ ᠰᠠᠢᠵᠢᠷᠠᠯᠲᠠ᠎ᠶ᠋ᠢᠨ ᠰᠠᠢ᠌ᠨ ᠰᠠᠢᠬᠠᠨ ᠣᠷᠴᠢᠯ᠎ᠤᠨ ᠪᠦᠷᠢᠯᠳᠦᠬᠦ᠌᠎ᠶ᠋ᠢ ᠠᠬᠢᠭᠤᠯᠪᠠ᠃

ᠣᠢᠷ᠎ᠠ᠎ᠳᠤ᠂ ᠬᠡᠷᠡᠭ᠌ᠯᠡᠭᠡ ᠎ᠶ᠋ᠢ ᠬᠥᠭ᠌ᠵᠢᠭᠡᠬᠦ ᠲᠤᠬᠠᠶ ᠳᠠᠬᠢᠨᠲᠠ ᠰᠠᠢᠨ ᠴᠢᠮᠡᠭᠡ ᠲᠤᠭᠤᠯᠳᠠᠪᠠ᠄ ᠬᠤᠳᠠᠯᠳᠤᠭᠠᠨ᠎ᠤ ᠶᠠᠪᠤᠳᠠᠯ᠎ᠤᠨ ᠶᠠᠮᠤᠨ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠂ ᠮᠥᠩᠭᠥᠨ ᠭᠦᠶ᠋ᠯᠭᠡᠭᠡᠨ᠎ᠦ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ ᠭᠤᠷᠪᠠᠨ ᠰᠠᠯᠠᠭ᠎ᠠ ᠮᠥᠴᠢᠷ ᠡᠴᠡ ᠬᠠᠮᠲᠤᠷᠠᠨ 11 ᠵᠦᠶ᠋ᠯ᠎ᠦᠨ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ ᠳᠤᠷᠠᠳᠴᠤ᠌᠂ ᠬᠡᠷᠡᠭ᠌ᠯᠡᠭᠡ ᠵᠢᠨ ᠭᠤᠤᠯᠳᠠᠯᠭ᠎ᠠ᠎ᠲᠠᠶ ᠬᠦᠷᠢᠶᠡᠨ᠎ᠳᠡᠬᠢ ᠮᠥᠩᠭᠥᠨ ᠭᠦᠶ᠋ᠯᠭᠡᠭᠡᠨ᠎ᠦ ᠳᠡᠮᠵᠢᠯᠭᠡ᠎ᠶ᠋ᠢ ᠨᠡᠮᠡᠭ᠌ᠳᠡᠭᠦᠯᠪᠡ᠃

ᠪᠠᠷᠠᠭᠤᠨ ᠡᠮᠦᠨᠡᠲᠦ᠍᠎ᠶ᠋ᠢᠨ ᠡᠳ᠋᠎ᠦᠨ ᠵᠠᠰᠠᠭ ᠠᠵᠤ ᠠᠬᠤᠢ᠎ᠶ᠋ᠢᠨ ᠶᠡᠬᠡ ᠰᠤᠷᠭᠠᠭᠤᠯᠢ᠎ᠶ᠋ᠢᠨ ᠳᠤᠮᠳᠠᠳᠤ ᠤᠯᠤᠰ᠎ᠤᠨ ᠮᠥᠩᠭᠥᠨ ᠭᠦᠢᠯᠭᠡᠭᠡᠨ᠎ᠦ ᠰᠤᠳᠤᠯᠭᠠᠨ᠎ᠤ ᠬᠦᠷᠢᠶᠡᠯᠡᠩ᠎ᠦᠨ ᠳᠡᠳ᠋ ᠳᠠᠷᠤᠭ᠎ᠠ ᠳ᠋ᠦᠩ ᠴᠢᠩ ᠮᠠ᠄《ᠬᠣᠷᠸ᠎ᠠ ᠲᠦᠷᠦ᠍᠎ᠶ᠋ᠢᠨ ᠪᠤᠳᠤᠯᠭ᠎ᠠ ᠨᠡᠩ ᠢᠳᠡᠪᠬᠢᠲᠡᠢ ᠪᠥᠭᠡᠳ ᠪᠦᠲᠦᠮᠵᠢᠲᠡᠢ ᠪᠠᠢᠵᠤ᠂ ᠣᠬᠣᠷ ᠬᠤᠭᠤᠴᠠᠭᠠᠨ᠎ᠤ ᠲᠣᠭ᠍ᠲᠠᠭᠤᠨ ᠨᠡᠮᠡᠭ᠌ᠳᠡᠯ ᠪᠣᠯᠤᠨ ᠤᠷᠳᠤ ᠬᠤᠭᠤᠴᠠᠭᠠᠨ᠎ᠤ ᠪᠦᠲᠦᠴᠡ᠎ᠶ᠋ᠢ ᠰᠢᠯᠢᠳᠡᠭᠵᠢᠭᠦᠯᠬᠦ ᠵᠢ ᠬᠠᠮᠲᠤ᠎ᠳᠤᠨᠢ ᠬᠠᠷᠠᠭᠠᠯᠵᠠᠵᠤ᠂ ᠣᠳᠣᠬᠠᠨ᠎ᠤ ᠠᠵᠤ ᠠᠬᠤᠢ᠎ᠶ᠋ᠢᠨ ᠡᠷᠬᠢᠯᠳᠡ ᠵᠢᠨ ᠰᠠᠭᠤᠷᠢ᠎ᠶ᠋ᠢ ᠲᠣᠭ᠍ᠲᠠᠪᠤᠷᠢᠵᠢᠭᠤᠯᠬᠤ᠎ᠪᠠᠷ ᠪᠠᠷᠠᠬᠤ ᠦᠭᠡᠢ᠂ ᠠᠯᠤᠰ ᠬᠡᠳᠦ᠍᠎ᠶ᠋ᠢᠨ ᠬᠥᠭ᠌ᠵᠢᠯᠲᠡ᠎ᠳᠦ ᠬᠦᠴᠦᠨ ᠴᠢᠳᠠᠯ ᠬᠤᠷᠠᠮᠳᠤᠭᠤᠯᠵᠤ ᠥᠭ᠌ᠴᠡᠢ》 ᠭᠡᠪᠡ᠃

ᠬᠠᠮᠵᠢᠯᠴᠠᠬᠤ ᠨᠥᠯᠥᠭᠡ ᠦᠢᠯᠡᠳᠦᠯ᠎ᠢ ᠴᠢᠩᠭᠠᠳᠭᠠᠵᠤ ᠨᠡᠮᠡᠭᠳᠡᠯ᠎ᠤᠨ ᠳᠣᠲᠣᠭᠠᠳᠤ ᠬᠥᠳᠡᠯᠭᠡᠬᠦ᠌ ᠬᠦᠴᠦᠨ᠎ᠢ ᠬᠥᠭ᠌ᠵᠢᠭᠡᠨ᠎ᠡ

ᠳᠤᠮᠳᠠᠳᠤ ᠤᠯᠤᠰ᠎ᠤᠨ ᠠᠵᠤ ᠠᠬᠤᠢ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠂ ᠨᠡᠭᠡᠭᠡᠯᠳᠠ ᠬᠢᠬᠦ᠎ᠶ᠋ᠢ ᠥᠷᠭᠡᠳᠭᠡᠬᠦ᠌ ᠳᠤᠮᠳᠠ ᠲᠠᠰᠤᠷᠠᠯᠳᠠ ᠦᠭᠡᠢ ᠵᠤᠵᠠᠭᠠᠷᠠᠭ᠍ᠰᠠᠨ ᠬᠥᠭ᠌ᠵᠢᠯᠲᠡ᠎ᠶ᠋ᠢᠨ ᠳᠠᠪᠠᠭᠤᠯᠢᠭ ᠪᠠ ᠦᠷᠭᠦᠯᠵᠢᠯᠡᠨ ᠴᠣᠭ᠍ᠴᠠᠯᠠᠭ᠍ᠰᠠᠨ ᠰᠠᠢ᠌ᠨ ᠰᠠᠢᠬᠠᠨ ᠣᠷᠴᠢᠨ ᠨᠦᠭᠦᠴᠡᠯ ᠡᠴᠡ ᠪᠤᠯᠵᠤ᠂ ᠤᠯᠤᠰ ᠠᠯᠤᠰᠯᠠᠭ᠍ᠰᠠᠨ ᠠᠵᠤ ᠠᠬᠤᠢᠯᠠᠯ᠎ᠤᠨ ᠭᠣᠣᠯᠯᠠᠬᠤ ᠱᠢᠨ᠎ᠡ᠎ᠶ᠋ᠢ ᠡᠭᠦᠳᠬᠦ᠌ ᠴᠢᠳᠠᠮᠵᠢ ᠨᠢ ᠳᠤᠮᠳᠠᠳᠤ ᠤᠯᠤᠰ ᠲᠡᠢᠰᠢ ᠲᠦᠷᠭᠡᠨ᠎ᠢᠶᠡᠷ ᠲᠥᠪᠯᠡᠷᠡᠵᠦ᠍ ᠪᠠᠢᠨ᠎ᠠ᠃

ᠲᠦᠷᠦ᠍᠎ᠶ᠋ᠢᠨ ᠪᠤᠳᠤᠯᠭ᠎ᠠ᠎ᠪᠠᠷ ᠬᠦᠴᠦᠨ ᠤᠯᠭᠤᠬᠤ ᠪᠠ ᠥᠭᠡᠷᠡᠴᠢᠯᠡᠯᠲᠡ ᠬᠢᠬᠦ ᠲᠠᠯ᠎ᠠ ᠪᠡᠷ ᠬᠦᠴᠦᠯᠡᠬᠦ ᠵᠢ ᠬᠠᠮᠵᠢᠯᠴᠠᠨ ᠠᠬᠢᠭᠤᠯᠬᠤ ᠪᠣᠯ ᠳᠤᠮᠳᠠᠳᠤ ᠤᠯᠤᠰ᠎ᠤᠨ ᠠᠵᠤ ᠠᠬᠤᠢ᠎ᠶ᠋ᠢᠨ ᠲᠣᠭ᠍ᠲᠠᠭᠤᠨ᠎ᠤ ᠳᠤᠮᠳᠠ ᠠᠬᠢᠯᠳᠠ ᠲᠠᠢ ᠪᠤᠯᠬᠤ᠂ ᠨᠡᠩ ᠴᠢᠨᠠᠷ ᠰᠠᠢᠲᠠᠢ᠂ ᠨᠡᠩ ᠦᠷᠭᠦᠯᠵᠢᠯᠡᠬᠦ᠌ ᠬᠥᠭ᠌ᠵᠢᠯᠲᠡ᠎ᠶ᠋ᠢ ᠪᠡᠶᠡᠯᠡᠭᠦᠯᠬᠦ᠌ ᠪᠠᠲᠤᠯᠠᠭ᠎ᠠ ᠮᠥᠨ᠃

ᠲᠣᠰ ᠤᠳᠠᠭ᠎ᠠ᠎ᠶ᠋ᠢᠨ ᠲᠥᠪ᠎ᠦᠨ ᠠᠵᠤ ᠠᠬᠤᠶ᠎ᠶ᠋ᠢᠨ ᠠᠵᠢᠯ᠎ᠤᠨ ᠬᠤᠷᠠᠯ᠎ᠡᠴᠡ ᠴᠢᠨᠠᠷ ᠰᠠᠢᠲᠠᠶ ᠬᠥᠭ᠌ᠵᠢᠯᠲᠡ᠎ᠶ᠋ᠢ ᠬᠦᠯᠢᠶᠡᠰᠦᠯᠡᠵᠦ᠍ ᠪᠠᠢᠭ᠎ᠠ ᠭᠦᠨ ᠳᠠᠪᠬᠤᠷᠭ᠎ᠠ᠎ᠶ᠋ᠢᠨ ᠪᠠᠢᠭᠤᠯᠤᠯ ᠲᠣᠭ᠍ᠲᠠᠴᠠ᠎ᠶ᠋ᠢᠨ ᠬᠠᠷᠰᠢ ᠰᠠᠭᠠᠳ ᠪᠣᠯᠤᠨ ᠲᠦᠭ᠌ᠵᠢᠷᠡᠯ᠎ᠳᠦ ᠴᠢᠭ᠌ᠯᠡᠭᠦᠯᠦᠨ ᠪᠣᠳᠠᠲᠠᠶ ᠪᠠᠢᠷᠢᠯᠠᠭᠤᠯᠤᠯᠲᠠ ᠬᠢᠵᠦ᠍᠂ ᠡᠪᠳᠡᠬᠦ᠌ ᠪᠠ ᠪᠠᠢᠭᠤᠯᠬᠤ᠎ᠶ᠋ᠢ ᠵᠡᠷᠭᠡ᠎ᠪᠡᠷ ᠠᠳᠭᠤᠬᠤ ᠳᠤᠮᠳᠠ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ ᠪᠣᠯᠤᠨ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠶ᠋ᠢᠨ ᠬᠠᠷᠢᠯᠴᠠᠨ ᠲᠤᠯᠭᠠᠭᠤᠷᠢᠯᠠᠬᠤ᠂ ᠠᠭᠤᠰᠤᠯᠴᠠᠭᠤᠯᠤᠨ ᠠᠬᠢᠭᠤᠯᠬᠤ᠎ᠶ᠋ᠢ ᠠᠬᠢᠭᠤᠯᠪᠠ᠃

ᠬᠠᠷᠰᠢ ᠰᠠᠭᠠᠳ᠎ᠢ ᠲᠦᠷᠭᠡᠨ ᠠᠷᠢᠯᠭᠠᠵᠤ᠂ ᠡᠷᠭᠢᠯᠲᠡ᠎ᠶ᠋ᠢ ᠲᠦᠷᠭᠡᠨ ᠱᠢᠯᠤᠭᠤᠳᠭᠠᠵᠤ᠂ ᠲᠥᠷᠥ᠎ᠶ᠋ᠢᠨ ᠪᠣᠳᠣᠯᠭ᠎ᠠ᠎ᠶ᠋ᠢᠨ ᠦᠷ᠎ᠡ ᠪᠦᠲᠦᠮᠵᠢ᠎ᠶ᠋ᠢ ᠪᠠᠳᠠᠷᠠᠭᠤᠯᠬᠤ᠎ᠳᠤ ᠡᠨᠧᠷᠭᠢ ᠨᠡᠮᠡᠷᠢᠯᠡᠪᠡ —

ᠡᠨᠡ ᠵᠢᠯ᠎ᠦᠨ ᠲᠦᠷᠦᠭᠦᠦ 9 ᠰᠠᠷ᠎ᠠ᠎ᠳᠤ᠂ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠦᠶ᠋ᠯᠡᠳᠪᠦᠷᠢᠯᠡᠯ ᠪᠠ ᠪᠣᠷᠣᠯᠠᠭᠤᠯᠭ᠎ᠠ᠎ᠶ᠋ᠢᠨ ᠬᠡᠮᠵᠢᠶ᠎ᠡ ᠴᠥᠮ ᠮᠢᠩᠭᠠᠨ ᠲᠦᠮᠡ᠎ᠶ᠋ᠢ ᠳᠠᠪᠠᠪᠠ; ᠮᠠᠱᠢᠨ ᠲᠡᠷᠭᠡᠨ᠎ᠦ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ ᠨᠥᠬᠥᠪᠥᠷᠢ ᠭᠤᠶᠤᠴᠢᠯᠠᠭ᠍ᠰᠠᠨ ᠬᠡᠮᠵᠢᠶ᠎ᠡ 1000 ᠲᠦᠮᠡᠨ ᠬᠤᠪᠢ᠎ᠶ᠋ᠢ ᠳᠠᠪᠠᠪᠠ; ᠲᠦᠷᠭᠡᠨ ᠬᠦᠷᠭᠡᠯᠲᠡ᠎ᠶ᠋ᠢᠨ ᠵᠢᠯ᠎ᠦᠨ ᠲᠤᠬᠠᠢᠯᠠᠭ᠍ᠰᠠᠨ ᠠᠵᠢᠯ᠎ᠤᠨ ᠬᠡᠮᠵᠢᠶ᠎ᠡ ᠳᠠᠬᠢᠨᠲᠠ ᠱᠢᠨ᠎ᠡ ᠲᠡᠮᠳᠡᠭ᠌ᠯᠡᠯ᠎ᠢ ᠡᠭᠦᠳᠪᠡ ᠁

ᠣᠷᠣᠨ ᠨᠤᠲᠤᠭ᠎ᠤᠨ ᠬᠠᠮᠠᠭᠠᠯᠠᠯᠲᠠ ᠪᠠ ᠵᠠᠬ᠎ᠠ ᠳᠡᠯᠭᠡᠭᠦᠷ᠎ᠦᠨ ᠬᠡᠰᠡᠭ᠌ᠯᠡᠯ᠎ᠢ ᠦᠷᠭᠦᠯᠵᠢᠯᠡᠨ ᠠᠷᠢᠯᠭᠠᠵᠤ᠂ ᠲᠠᠸᠠᠷ ᠪᠠ ᠡᠯᠧᠮᠧᠨ᠋ᠲ᠎ᠦᠨ ᠣᠷᠣᠨ ᠪᠦᠰᠡ ᠠᠯᠤᠰᠯᠠᠭ᠍ᠰᠠᠨ ᠱᠢᠯᠵᠢᠯᠲᠡ᠎ᠶ᠋ᠢᠨ ᠲᠦᠭ᠌ᠵᠢᠷᠡᠯ ᠪᠠ ᠬᠣᠷᠢᠭ᠎ᠠ ᠴᠡᠭ᠎ᠢ ᠨᠡᠪᠲᠡᠷᠡᠭᠦᠯᠬᠦ ᠪᠡᠷ ᠲᠠᠮᠵᠢᠨ᠂ ᠲᠦᠷᠢᠮ ᠨᠢ ᠨᠡᠩ ᠨᠢᠭᠡᠳᠦᠯᠲᠡᠢ᠂ ᠬᠣᠯᠪᠣᠯᠳᠤᠨ ᠨᠡᠪᠲᠡᠷᠡᠯᠴᠡᠬᠦ ᠨᠢ ᠨᠡᠩ ᠥᠨᠳᠥᠷ ᠪᠦᠲᠦᠮᠵᠢᠲᠡᠢ ᠪᠤᠯᠤᠭᠰᠠᠨ ᠪᠦᠬᠥ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ ᠲᠦᠷᠭᠡᠯᠡᠨ ᠪᠦᠷᠢᠯᠳᠦᠵᠤ᠂ ᠰᠦᠷ ᠳᠠᠯᠠᠢᠴᠠᠲᠠᠢ ᠠᠮᠢᠵᠢᠷᠠᠯ᠎ᠤᠨ ᠬᠦᠴᠦᠨ᠎ᠢ ᠢᠯᠡᠷᠡᠭᠦᠯᠪᠡ᠃

ᠪᠠᠢᠭᠤᠯᠤᠯ ᠲᠣᠭ᠍ᠲᠠᠴᠠ᠎ᠶ᠋ᠢ ᠲᠦᠷᠭᠡᠳᠬᠡᠨ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠬᠥᠳᠡᠯᠭᠡᠬᠦ᠌ ᠡᠨᠧᠷᠭᠢ᠎ᠶ᠋ᠢᠨ ᠰᠣᠯᠢᠭ᠍ᠳᠠᠯ᠎ᠳᠤ ᠲᠦᠷᠢᠮ᠎ᠦᠨ ᠪᠠᠲᠤᠯᠠᠭ᠎ᠠ ᠬᠠᠩᠭᠠᠪᠠ —

ᠵᠢᠯ᠎ᠦᠨ ᠡᠬᠢᠨ᠎ᠦ Deepseek᠎ᠤ᠋ᠨ ᠬᠠᠯᠠᠮᠰᠢᠯ᠎ᠡᠴᠡ ᠬᠥᠮᠦᠨ ᠳᠦᠷᠰᠦᠲᠦ ᠮᠠᠱᠢᠨ ᠬᠥᠮᠦᠨ ᠪᠣᠳᠠᠲᠤ ᠠᠬᠤᠢ᠎ᠲᠠᠶ ᠠᠭᠤᠰᠤᠯᠴᠠᠭ᠍ᠰᠠᠨ ᠬᠦᠷᠲᠡᠯ᠎ᠡ᠂ ᠡᠨᠡ ᠵᠢᠯ᠎ᠡᠴᠡ ᠨᠠᠭᠠᠰᠢ᠂ ᠳᠡᠯᠡᠬᠡᠢ ᠳ᠋ᠠᠬᠢᠨ᠎ᠢᠶᠠᠷ᠎ᠢᠶᠠᠨ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ 《ᠬᠤᠷᠳᠤᠴᠠ》 ᠵᠢ ᠭᠡᠷᠡᠴᠢᠯᠡᠪᠡ᠃

ᠪᠠᠢᠭᠤᠯᠤᠯ ᠲᠣᠭ᠍ᠲᠠᠴᠠ᠎ᠶ᠋ᠢᠨ ᠬᠠᠷᠰᠢ ᠰᠠᠭᠠᠳ᠎ᠢ ᠠᠷᠢᠯᠭᠠᠵᠤ᠂ ᠬᠥᠭ᠌ᠵᠢᠯᠲᠡ᠎ᠶ᠋ᠢᠨ ᠳᠠᠯᠳᠠ ᠬᠦᠴᠦᠨ᠎ᠢ ᠠᠮᠢᠵᠢᠷᠠᠯ᠎ᠤᠨ ᠬᠦᠴᠦᠨ ᠪᠣᠯᠭᠠᠨ ᠬᠤᠪᠢᠷᠠᠭᠤᠯᠤᠨ᠎ᠠ᠃

《ᠠᠷᠪᠠᠨ ᠲᠠᠪᠤᠳᠤᠭᠠᠷ ᠲᠠᠪᠤᠨ ᠵᠢᠯ》 ᠤᠳᠠᠯ ᠥᠬᠡᠶ ᠡᠬᠢᠯᠡᠨ᠎ᠡ᠂ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠵᠢᠨ ᠢᠷᠡᠬᠦ᠌ ᠵᠢᠯ᠎ᠦᠨ ᠠᠵᠤ ᠠᠬᠤᠶ᠎ᠶ᠋ᠢᠨ ᠠᠵᠢᠯ᠎ᠢ ᠰᠠᠢᠲᠤᠷ ᠬᠢᠬᠦ᠌ ᠲᠤᠬᠠᠶ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ᠎ᠪᠡᠷ ᠬᠥᠭ᠌ᠵᠢᠯᠲᠡ᠎ᠶ᠋ᠢᠨ ᠢᠲᠡᠭᠡᠯ ᠵᠣᠷᠢᠭ᠎ᠢ ᠪᠠᠲᠤᠳᠭᠠᠵᠤ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠪᠡᠷ ᠤᠷᠤᠭ᠍ᠰᠢᠯᠠᠯᠲᠠ᠎ᠶ᠋ᠢᠨ ᠬᠦᠳᠡᠯᠭᠡᠬᠦ ᠬᠦᠴᠦᠨ᠎ᠢ ᠬᠥᠭ᠌ᠵᠢᠭᠡᠪᠡᠯ᠂ ᠳᠤᠮᠳᠠᠳᠤ ᠤᠯᠤᠰ᠎ᠤᠨ ᠠᠵᠤ ᠠᠬᠤᠶ᠎ᠶ᠋ᠢᠨ ᠠᠶᠠᠯᠠᠯ᠎ᠤᠨ ᠣᠩᠭᠣᠴᠠ ᠯᠠᠪᠲᠠᠶ ᠴᠢᠨᠠᠷ ᠰᠠᠢᠲᠠᠶ ᠬᠥᠭ᠌ᠵᠢᠯᠲᠡ᠎ᠶ᠋ᠢᠨ ᠵᠠᠮ᠎ᠢᠶᠠᠷ ᠰᠠᠯᠬᠢ ᠳᠠᠪᠠᠯᠭᠠᠨ᠎ᠢ ᠰᠥᠷᠴᠦ᠍᠂ ᠯᠠᠪᠳᠠᠭᠤᠨ᠎ᠢᠶᠠᠷ ᠬᠣᠯᠠ ᠠᠶᠠᠯᠠᠵᠤ ᠴᠢᠳᠠᠨ᠎ᠠ᠃

(ᠱᠢᠨᠬᠤᠸᠠ ᠬᠤᠷᠢᠶ᠎ᠠ ᠵᠢᠨ ᠪᠡᠭᠡᠵᠢᠩ᠎ᠦᠨ 12 ᠰᠠᠷ᠎ᠠ᠎ᠶ᠋ᠢᠨ 16 ᠎ᠤ᠋ ᠴᠠᠬᠢᠯᠭᠠᠨ ᠮᠡᠳᠡᠭᠡ ᠡᠴᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面