2026-01-20 10:38:50
ᠪᠣᠭᠣᠮᠲᠠ ᠪᠢᠳᠡᠭᠦᠮᠵᠢᠯᠡᠨ ᠠᠵᠢᠯᠯᠠᠭᠤᠯᠤᠭᠠᠳ ᠪᠦᠬᠦᠯᠢ ᠨᠢᠬᠡ ᠰᠠᠷ᠎ᠠ ᠪᠤᠯᠪᠠ
1 ᠰᠠᠷ᠎ᠠ᠎ᠶᠢᠨ 18 ᠤ᠋ ᠡᠳᠦᠷ᠂ ᠬᠠᠢᠨᠠᠨ᠎ᠤ ᠴᠢᠯᠦᠭᠡᠲᠦ ᠠᠷᠠᠯᠵᠢᠶᠠᠨ᠎ᠤ ᠭᠠᠷᠠᠮ ᠪᠣᠭᠣᠮᠲᠠ ᠪᠢᠳᠡᠭᠦᠮᠵᠢᠯᠡᠨ ᠠᠵᠢᠯᠯᠠᠭᠤᠯᠤᠭᠠᠳ ᠪᠦᠬᠦᠯᠢ ᠨᠢᠬᠡ ᠰᠠᠷ᠎ᠠ ᠪᠤᠯᠪᠠ᠃ ᠰᠤᠷᠪᠤᠯᠵᠢᠯᠠᠭ᠍ᠴᠢ ᠬᠠᠢᠨᠠᠨ᠎ᠤ ᠡᠯ᠎ᠡ ᠭᠠᠵᠠᠷ᠎ᠢᠶᠠᠷ ᠬᠦᠷᠴᠦ ᠣᠢᠯᠠᠭᠠᠭᠰᠠᠨ᠎ᠢᠶᠠᠷ᠂ ᠲᠥᠷᠥ᠎ᠶᠢᠨ ᠪᠣᠳᠣᠯᠭ᠎ᠠ᠎ᠶᠢᠨ ᠠᠰᠢᠭ᠋ ᠲᠠᠰᠤᠷᠠᠯᠲᠠ ᠦᠭᠡᠢ ᠢᠯᠡᠷᠡᠵᠦ᠂ ᠬᠤᠳᠠᠯᠳᠤᠭ᠎ᠠ ᠵᠢᠭᠤᠯᠴᠢᠯᠠᠯ᠎ᠤᠨ ᠠᠵᠢᠯᠯᠠᠭ᠎ᠠ ᠬᠥᠭᠵᠢᠶᠡᠨ ᠲᠡᠢ ᠪᠣᠯᠵᠤ᠂ ᠲᠡᠭᠡᠭᠡᠪᠦᠷᠢ᠎ᠶᠢᠨ ᠲᠣᠣᠷ ᠰᠦᠯᠵᠢᠶ᠎ᠡ ᠨᠢᠭ᠍ᠲᠠᠷᠠᠨ ᠲᠠᠰ ᠳᠠᠪᠰᠢᠵᠤ᠂ ᠨᠡᠭᠡᠭᠡᠯᠲᠡ ᠬᠥᠭᠵᠢᠯᠲᠡ ᠵᠢᠨ ᠰᠢᠨ᠎ᠡ ᠲᠦᠷᠰᠦ ᠪᠠᠢᠳᠠᠯ ᠢᠯᠡᠷᠡᠪᠡ᠃
ᠲᠥᠷᠥ᠎ᠶᠢᠨ ᠪᠣᠳᠣᠯᠭ᠎ᠠ᠎ᠶᠢᠨ ᠠᠰᠢᠭ᠋ ᠲᠦᠷᠭᠡᠨ ᠢᠯᠡᠷᠡᠵᠤ 《ᠨᠢᠭᠡᠳᠦᠭᠡᠷ ᠱᠤᠭᠤᠮ》 ᠤ᠋ᠨ ᠬᠢᠨᠠᠯᠲᠠ ᠬᠠᠮᠢᠶᠠᠷᠤᠯᠲᠠ᠎ᠶᠢᠨ 《ᠪᠣᠭᠣᠮᠲᠠ᠎ᠶᠢᠨ ᠭᠠᠢᠯᠢ ᠦᠭᠡᠢ》 ᠡᠳ᠋ ᠪᠠᠷᠠᠭ᠎ᠠ 7.5 ᠳ᠋ᠦᠩᠰᠢᠭᠤᠷ ᠲᠥᠭᠥᠷᠢᠭ ᠲᠤ᠌ ᠬᠦᠷᠪᠡ
ᠰᠠᠨᠶᠠ ᠳ᠋ᠤ ᠪᠠᠢᠷᠢᠯᠠᠭ᠎ᠠ ᠬᠠᠢᠨᠠᠨ᠎ᠤ ᠬᠠᠢ ᠷᠦᠨ ᠰᠤᠪᠤᠳ᠎ᠤᠨ ᠬᠢᠵᠠᠭᠠᠷᠲᠤ ᠺᠣᠮᠫᠠᠨᠢ ᠵᠢᠨ ᠦᠢᠯᠡᠳᠪᠦᠷᠢ᠎ᠶᠢᠨ ᠲᠠᠰᠤᠭ᠎ᠤᠨ ᠳᠣᠲᠣᠷᠠᠬᠢ ᠳ᠋ᠧᠩ᠎ᠦᠨ ᠵᠥᠭᠡᠯᠡᠨ ᠬᠡᠷᠡᠯ ᠳᠣᠣᠷ᠎ᠠ᠂ ᠤᠷᠠᠨ ᠳᠠᠷᠠᠬᠠᠴᠤᠳ ᠠᠮᠢᠰᠬᠤᠭ᠎ᠠ᠎ᠪᠠᠨ ᠳᠠᠷᠤᠵᠤ᠂ ᠮᠢᠺᠷᠣᠰᠺᠣᠫᠢ ᠠᠰᠢᠭ᠍ᠯᠠᠨ᠂ ᠬᠢᠮᠰᠠ᠎ᠪᠠᠷ ᠰᠤᠪᠤᠳ ᠡᠷᠳᠡᠨᠢ᠎ᠶᠢ ᠰᠢᠭᠢᠳᠬᠡᠨᠠ᠃
ᠰᠤᠪᠤᠳ ᠡᠷᠳᠡᠨᠢ ᠦᠢᠯᠡᠳᠪᠦᠷᠢᠯᠡᠬᠦ ᠪᠥᠬᠥ ᠶᠠᠪᠤᠴᠠ᠎ᠶᠢᠨ ᠤᠷ᠎ᠠ ᠮᠡᠷᠭᠡᠵᠢᠯ᠎ᠢ ᠪᠦᠷᠢᠯᠳᠦᠭᠦᠯᠦᠭᠰᠡᠨ ᠬᠠᠢ ᠷᠦᠨ ᠰᠤᠪᠤᠳ ᠤ᠋ᠨ ᠺᠤᠮᠫᠠᠨᠢ ᠪᠤᠯ ᠬᠠᠢᠨᠠᠨ᠎ᠤ ᠴᠢᠯᠦᠭᠡᠲᠦ ᠠᠷᠠᠯᠵᠢᠶᠠᠨ᠎ᠤ ᠭᠠᠷᠠᠮ᠎ᠤᠨ ᠡᠳ᠋ᠰᠢᠭᠦᠯᠬᠦ ᠨᠡᠮᠡᠭᠳᠡᠯ ᠥᠷᠲᠡᠭ ᠤ᠋ᠨ ᠲᠥᠷᠥ᠎ᠶᠢᠨ ᠪᠣᠳᠣᠯᠭ᠎ᠠ᠎ᠶᠢᠨ ᠰᠢᠭᠤᠳ ᠠᠰᠢᠭ᠋ ᠬᠦᠷᠲᠡᠭᠴᠢ ᠪᠣᠯᠣᠨ᠎ᠠ᠃ ᠲᠡᠭᠦᠨ᠎ᠦ ᠥᠨᠳᠥᠷ ᠨᠡᠮᠡᠯᠲᠡ ᠥᠷᠲᠡᠭ ᠪᠦᠬᠦᠢ ᠡᠳ᠋ᠰᠢᠭᠦᠯᠦᠭᠰᠡᠨ ᠦᠢᠯᠡᠳᠬᠦᠨ᠎ᠢ ᠪᠣᠭᠣᠮᠲᠠ᠎ᠶᠢᠨ ᠭᠠᠢᠯᠢ ᠡᠴᠡ ᠬᠡᠯᠳᠦᠷᠢᠬᠦᠯᠦᠨ ᠤᠯᠤᠰ᠎ᠤᠨ ᠳᠣᠲᠣᠭᠠᠳᠤ ᠵᠢᠨ ᠵᠠᠬ᠎ᠠ ᠲᠡᠯᠬᠡᠬᠦᠷ ᠲᠤ᠌ ᠪᠣᠷᠣᠯᠠᠭᠤᠯᠵᠤ ᠪᠣᠯᠣᠨ᠎ᠠ᠂ ᠠᠵᠤ ᠠᠬᠤᠢᠯᠠᠯ ᠴᠤ᠌ ᠡᠭᠦᠨ᠎ᠢ ᠠᠰᠢᠭ᠍ᠯᠠᠨ ᠵᠢᠵᠢᠭᠯᠡᠨ ᠬᠤᠳᠠᠯᠳᠤᠬᠤ ᠬᠤᠳᠠᠯᠳᠤᠭᠠᠴᠢᠨ ᠪᠠᠢᠭᠰᠠᠨ᠎ᠡᠴᠡ᠎ᠪᠠᠨ ᠶᠡᠷᠦᠩᠬᠡᠢᠯᠡᠭᠰᠡᠨ ᠠᠵᠤ ᠦᠢᠯᠡᠰ᠎ᠦᠨ ᠡᠵᠡᠩᠨᠡᠯᠲᠡ᠎ᠶᠢᠨ ᠠᠵᠤ ᠠᠬᠤᠢᠯᠠᠯ ᠪᠣᠯᠵᠤ ᠬᠤᠪᠢᠷᠠᠵᠠᠢ᠃ 《ᠺᠣᠮᠫᠠᠨᠢ᠎ᠶᠢᠨ ᠦᠢᠯᠡᠳᠬᠦᠨ᠎ᠦ ᠶᠡᠷᠦᠩᠬᠡᠢᠯᠡᠭᠰᠡᠨ ᠭᠠᠢᠯᠢ᠎ᠶᠢᠨ ᠨᠣᠷᠮ᠎ᠠ 52% ᠪᠠᠢᠭᠰᠠᠨᠵᠢᠡᠨ 26% ᠣᠷᠴᠢᠮ ᠪᠤᠯᠳᠠᠯ᠎ᠠ ᠪᠠᠭᠤᠷᠠᠬᠰᠠᠨ᠎ᠢᠶᠡᠷ ᠨᠠᠩ ᠣᠯᠠᠨ ᠪᠡᠯᠡ ᠮᠥᠩᠭᠥ ᠵᠢ ᠰᠤᠳᠤᠯᠤᠨ ᠨᠡᠭᠡᠭᠡᠬᠦ᠎ᠳᠦ ᠵᠠᠷᠤᠴᠠᠭᠤᠯᠵᠤ ᠪᠤᠯᠤᠨ᠎ᠠ》᠂ ᠺᠣᠮᠫᠠᠨᠢ᠎ᠶᠢᠨ ᠬᠡᠷᠡᠭ ᠮᠡᠳᠡᠭᠴᠢᠳ᠎ᠦᠨ ᠳᠠᠷᠤᠭ᠎ᠠ ᠵᠠᠩ ᠱᠢ ᠵᠥᠩ᠂ ᠣᠳᠣᠬᠠᠨ᠎ᠳᠤ᠂ ᠺᠣᠮᠫᠠᠨᠢ ᠨᠢᠭᠡ ᠤᠳᠠᠭᠠᠨ᠎ᠤ ᠰᠤᠪᠤᠳ᠎ᠤᠨ ᠦᠨ᠎ᠡ ᠥᠷᠢᠰᠦᠯᠳᠦᠬᠦ ᠴᠤᠭᠯᠠᠭᠠᠨ᠎ᠢ ᠪᠡᠯᠡᠳᠬᠡᠵᠦ ᠪᠤᠢ᠂ ᠴᠢᠯᠦᠭᠡᠲᠦ ᠠᠷᠠᠯᠵᠢᠶᠠᠨ᠎ᠤ ᠭᠠᠷᠠᠮ᠎ᠤᠨ ᠡᠯ᠎ᠡ ᠵᠦᠢᠯ᠎ᠦᠨ ᠲᠥᠷᠥ᠎ᠶᠢᠨ ᠪᠣᠳᠣᠯᠭ᠎ᠠ᠎ᠶᠢ ᠶᠡᠷᠦᠩᠬᠡᠢᠯᠡᠨ ᠬᠡᠷᠡᠭᠯᠡᠪᠡᠯ᠂ ᠰᠤᠪᠤᠳ᠎ᠤᠨ ᠦᠢᠯᠡᠳᠬᠦᠨ᠎ᠢ ᠭᠠᠳᠠᠭᠠᠳᠤ᠎ᠡᠴᠡ ᠣᠷᠣᠭᠤᠯᠬᠤ᠎ᠳᠤ 《ᠪᠠᠳᠤᠯᠠᠨ ᠳᠠᠭᠠᠭᠠᠬᠤ ᠴᠢᠬᠤᠯᠠ ᠦᠭᠡᠢ᠂ ᠲᠤᠭᠠᠴᠢᠯᠠᠬᠰᠠᠨ ᠬᠢᠨᠠᠨ ᠬᠠᠮᠢᠶᠠᠷᠤᠯᠳᠠ ᠵᠢ ᠪᠡᠶᠡᠯᠡᠬᠦᠯᠵᠤ᠂ ᠳᠠᠬᠢᠨ ᠵᠥᠭᠡᠭᠡᠪᠦᠷᠢᠯᠡᠬᠦ ᠴᠠᠭ ᠤ᠋ᠨ ᠬᠢᠵᠠᠭᠠᠷ ᠦᠭᠡᠢ᠂ ᠡᠳ᠋ᠰᠢᠭᠦᠯᠵᠤ ᠪᠣᠯᠬᠤ》 ᠵᠡᠷᠭᠡ᠎ᠶᠢ ᠪᠡᠶᠡᠯᠡᠭᠦᠯᠵᠦ ᠪᠣᠯᠣᠨ᠎ᠠ ᠭᠡᠵᠡᠢ᠃
ᠬᠠᠢᠺᠸᠤ ᠵᠢᠨ ᠪᠣᠭᠣᠮᠲᠠ᠎ᠶᠢᠨ ᠲᠣᠭ᠎ᠠ ᠪᠦᠷᠢᠳᠬᠡᠯ᠎ᠢ ᠦᠨᠳᠦᠰᠦᠯᠡᠪᠡᠯ᠂ 2025 ᠣᠨ᠎ᠤ 12 ᠰᠠᠷ᠎ᠠ᠎ᠶᠢᠨ 18 ᠤ᠋ ᠡᠳᠦᠷ ᠪᠣᠭᠣᠮᠲᠠ ᠪᠢᠳᠡᠭᠦᠮᠵᠢᠯᠡᠨ ᠠᠵᠢᠯᠯᠠᠭᠤᠯᠤᠭᠰᠠᠨ᠎ᠡᠴᠡ ᠨᠠᠭᠠᠰᠢ 1 ᠰᠠᠷ᠎ᠠ᠎ᠶᠢᠨ 17 ᠤ᠋ ᠡᠳᠦᠷ ᠪᠣᠯᠲᠠᠯ᠎ᠠ᠂ ᠬᠠᠢᠺᠸᠤᠶᠢᠨ ᠪᠣᠭᠣᠮᠲᠠ᠎ᠶᠢᠨ 《ᠨᠢᠭᠡᠳᠦᠭᠡᠷ ᠱᠤᠭᠤᠮ》 ᠤ᠋ᠨ ᠬᠢᠨᠠᠯᠲᠠ ᠬᠠᠮᠢᠶᠠᠷᠤᠯᠲᠠ᠎ᠶᠢᠨ 《ᠪᠣᠭᠣᠮᠲᠠ᠎ᠶᠢᠨ ᠭᠠᠢᠯᠢ ᠦᠭᠡᠢ》 ᠡᠳ᠋ ᠪᠠᠷᠠᠭ᠎ᠠ 7.5 ᠳ᠋ᠦᠩᠰᠢᠭᠤᠷ ᠲᠥᠭᠥᠷᠢᠭ᠎ᠲᠦ ᠬᠦᠷᠴᠦ᠂ 《ᠬᠣᠶᠠᠳᠤᠭᠠᠷ ᠱᠤᠭᠤᠮ》 ᠤ᠋ᠨ ᠬᠢᠨᠠᠯᠲᠠ ᠬᠠᠮᠢᠶᠠᠷᠤᠯᠲᠠ᠎ᠶᠢᠨ ᠳᠣᠲᠣᠷ᠎ᠠ ᠭᠠᠵᠠᠷ᠎ᠲᠤ ᠪᠣᠷᠣᠯᠠᠭᠤᠯᠤᠭᠰᠠᠨ ᠡᠳ᠋ᠰᠢᠭᠦᠯᠵᠦ ᠥᠷᠲᠡᠭ ᠨᠡᠮᠡᠭᠳᠡᠭᠰᠡᠨ ᠡᠳ᠋ ᠪᠠᠷᠠᠭ᠎ᠠ 8586.7 ᠲᠦᠮᠡᠨ ᠲᠥᠭᠥᠷᠢᠭ᠎ᠲᠦ ᠬᠦᠷᠴᠡᠢ᠃
ᠴᠠᠩᠵᠢᠶᠠᠩ ᠳ᠋ᠤ᠂ ᠬᠠᠢᠨᠠᠨ᠎ᠤ ᠴᠥᠮ᠎ᠡ᠎ᠶᠢᠨ ᠴᠠᠬᠢᠯᠭᠠᠨ᠎ᠤ ᠬᠢᠵᠠᠭᠠᠷᠲᠤ ᠺᠣᠮᠫᠠᠨᠢ᠎ᠶᠢᠨ 《ᠪᠣᠭᠣᠮᠲᠠ᠎ᠶᠢᠨ ᠭᠠᠢᠯᠢ ᠦᠭᠡᠢ》 ᠪᠡᠷ ᠭᠠᠳᠠᠭᠠᠳᠤ᠎ᠡᠴᠡ ᠣᠷᠣᠭᠤᠯᠤᠭᠰᠠᠨ ᠨᠡᠭᠡᠯᠡᠭᠡᠢ ᠵᠢᠨ ᠲᠣᠨᠣᠭ ᠲᠥᠬᠦᠭᠡᠷᠦᠮᠵᠢ 1 ᠰᠠᠷ᠎ᠠ᠎ᠶᠢᠨ 9 ᠤ᠋ ᠡᠳᠦᠷ ᠪᠣᠭᠣᠮᠲᠠ᠎ᠪᠠᠷ ᠤᠷᠤᠭᠰᠢᠲᠠᠢ ᠥᠩᠭᠡᠷᠡᠵᠦ᠂ ᠲᠣᠰ ᠪᠦᠯᠦᠭ ᠪᠠᠷᠠᠭᠠᠨ᠎ᠤ ᠥᠷᠲᠡᠭ ᠨᠢ ᠪᠠᠷᠤᠭ 240 ᠲᠦᠮᠡᠨ ᠲᠥᠭᠥᠷᠢᠭ ᠪᠠᠢᠵᠤ᠂ ᠪᠣᠭᠣᠮᠲᠠ᠎ᠶᠢᠨ ᠭᠠᠢᠯᠢ᠂ ᠨᠡᠮᠡᠭᠳᠡᠯ ᠥᠷᠲᠡᠭ᠎ᠦᠨ ᠭᠠᠢᠯᠢ ᠵᠢ ᠪᠠᠷᠤᠭ 90 ᠲᠦᠮᠡᠨ ᠲᠥᠭᠥᠷᠢᠭ ᠬᠡᠯᠳᠦᠷᠢᠬᠦᠯᠪᠡ᠃ ᠸᠠᠨ ᠨᠢᠩ ᠳ᠋ᠤ᠂ ᠵᠧᠩ ᠳᠡ (ᠬᠠᠢᠨᠠᠨ) ᠵᠢᠨ ᠰᠢᠩ ᠯᠦᠩ ᠺᠣᠹᠧ᠎ᠶᠢᠨ ᠠᠵᠤ ᠦᠢᠯᠡᠰ᠎ᠦᠨ ᠨᠡᠭᠡᠭᠡᠨ ᠬᠥᠭᠵᠢᠭᠦᠯᠬᠦ ᠬᠢᠵᠠᠭᠠᠷᠲᠤ ᠺᠣᠮᠫᠠᠨᠢ ᠺᠣᠯᠣᠮᠪᠢᠶ᠎ᠠ᠎ᠶᠢᠨ ᠲᠦᠭᠦᠬᠡᠢ ᠪᠤᠷᠴᠠᠭ᠎ᠢ ᠣᠷᠣᠭᠤᠯᠵᠤ᠂ ᠬᠠᠢᠨᠠᠨ᠎ᠳᠤ ᠡᠳ᠋ᠰᠢᠭᠦᠯᠦᠭᠰᠡᠨᠦ ᠳᠠᠷᠠᠭ᠎ᠠ ᠠᠦ᠋ᠰᠲᠷᠠᠯᠢᠶ᠎ᠠ᠎ᠳᠤ ᠭᠠᠷᠭᠠᠵᠤ᠂ 8%ᠵᠢᠨ ᠪᠣᠭᠣᠮᠲᠠ᠎ᠶᠢᠨ ᠭᠠᠢᠯᠢ ᠪᠠ 13% ᠵᠢᠨ ᠨᠡᠮᠡᠭᠳᠡᠯ ᠥᠷᠲᠡᠭ᠎ᠦᠨ ᠭᠠᠢᠯᠢ᠎ᠶᠢ ᠬᠡᠯᠲᠦᠷᠢᠭᠦᠯᠵᠦ᠂ ᠥᠪᠡᠷ᠎ᠦᠨ ᠥᠷᠲᠡᠭ᠎ᠦᠨ ᠳᠠᠪᠠᠭᠤᠯᠢᠭ᠋ ᠢᠯᠡᠳᠲᠡ ᠪᠣᠯᠪᠠ᠃
《ᠪᠣᠭᠣᠮᠲᠠ ᠪᠢᠳᠡᠭᠦᠮᠵᠢᠯᠡᠨ ᠠᠵᠢᠯᠯᠠᠭᠤᠯᠤᠭᠰᠠᠨ ᠲᠤᠬᠠᠢ᠎ᠶᠢᠨ ᠡᠳᠦᠷ᠂ ᠮᠠᠨ᠎ᠤ ᠺᠣᠮᠫᠠᠨᠢ᠎ᠶᠢᠨ ᠬᠠᠢᠨᠠᠨ᠎ᠳᠤ ᠡᠳ᠋ᠰᠢᠭᠦᠯᠦᠭᠰᠡᠨ ᠨᠡᠮᠡᠭᠳᠡᠯ ᠥᠷᠲᠡᠭ ᠨᠢ 30% ᠶ᠋ᠢ ᠳᠠᠪᠠᠭᠰᠠᠨ ᠨᠢᠭᠡ ᠪᠦᠯᠦᠭ ᠺᠣᠹᠧ ᠵᠢᠨ ᠪᠤᠷᠴᠠᠭ᠎ᠢ ᠪᠡᠭᠡᠵᠢᠩ᠎ᠳᠦ ᠤᠷᠤᠭᠰᠢᠲᠠᠢ ᠶᠠᠪᠤᠭᠤᠯᠵᠤ᠂ 8% ᠵᠢᠨ ᠪᠣᠭᠣᠮᠲᠠ᠎ᠶᠢᠨ ᠭᠠᠢᠯᠢ ᠵᠢ ᠬᠡᠯᠳᠦᠷᠢᠭᠦᠯᠪᠡ》᠂ ᠵᠧᠩ ᠳᠡ (ᠬᠠᠢᠨᠠᠨ) ᠵᠢᠨ ᠰᠢᠩ ᠯᠦᠩ ᠺᠣᠹᠧ᠎ᠶᠢᠨ ᠠᠵᠤ ᠦᠢᠯᠡᠰ᠎ᠦᠨ ᠨᠡᠭᠡᠭᠡᠨ ᠬᠥᠭᠵᠢᠭᠦᠯᠬᠦ ᠬᠢᠵᠠᠭᠠᠷᠲᠤ ᠺᠣᠮᠫᠠᠨᠢ᠎ᠶᠢᠨ ᠶᠡᠷᠦᠩᠬᠡᠢ ᠳᠠᠭᠠᠭᠠᠮᠠᠯ ᠶᠧ ᠵᠢᠶᠠᠨ᠂ ᠢᠷᠡᠭᠡᠳᠦᠢ᠎ᠳᠦ᠂ ᠮᠠᠨ᠎ᠤ ᠺᠣᠮᠫᠠᠨᠢ ᠪᠠᠰᠠ 《ᠬᠣᠶᠠᠷ ᠲᠠᠯ᠎ᠠ᠎ᠪᠡᠷ᠎ᠢᠶᠡᠨ ᠴᠦᠮ ᠭᠠᠳᠠᠭᠠᠳᠤ᠎ᠳᠤ ᠪᠠᠢᠬᠤ》 ᠵᠠᠭᠪᠤᠷ᠎ᠢ ᠰᠠᠢᠲᠤᠷ ᠬᠡᠷᠡᠭᠯᠡᠵᠦ᠂ ᠭᠠᠳᠠᠭᠠᠳᠤ᠎ᠶᠢᠨ ᠵᠠᠬ᠎ᠠ ᠳᠡᠯᠭᠡᠭᠦᠷ᠎ᠢ ᠭᠣᠣᠯᠳᠠᠯᠭ᠎ᠠ᠎ᠲᠠᠢ ᠨᠡᠭᠡᠭᠡᠵᠦ᠂ ᠰᠢᠩ ᠯᠦᠩ ᠺᠣᠹᠧ᠎ᠶᠢ ᠨᠠᠩ ᠠᠯᠳᠠᠷᠲᠠᠢ ᠺᠣᠹᠧ᠎ᠶᠢᠨ ᠲᠦᠷᠦᠯ ᠲᠡᠮᠳᠡᠭ ᠪᠣᠯᠭᠠᠨ᠎ᠠ ᠭᠡᠵᠡᠢ᠃
《ᠪᠦᠬᠦ ᠠᠷᠠᠯ᠎ᠢᠶᠠᠷ᠎ᠢᠶᠠᠨ ᠪᠣᠭᠣᠮᠲᠠ ᠪᠢᠳᠡᠭᠦᠮᠵᠢᠯᠡᠭᠰᠡᠨ ᠪᠦᠬᠦᠯᠢ ᠴᠣᠭᠴᠠ ᠵᠢᠨ ᠠᠵᠢᠯᠯᠠᠭᠠᠨᠲᠣᠭᠲᠠᠭᠤᠨ ᠡᠮᠬᠢ ᠳᠢᠭ᠌ᠯᠢᠮ᠎ᠲᠠᠢ ᠪᠠᠢᠵᠤ᠂ ᠡᠬᠢᠯᠡᠯᠳᠡ ᠵᠢᠨ ᠪᠠᠢᠳᠠᠯ ᠰᠠᠢᠨ ᠪᠠᠢᠨ᠎ᠠ》᠂ ᠬᠠᠢᠨᠠᠨ ᠮᠤᠵᠢ᠎ᠶᠢᠨ ᠨᠠᠮ᠎ᠤᠨ ᠬᠣᠷᠢᠶ᠎ᠠ ᠵᠢᠨ ᠪᠦᠬᠦ ᠲᠠᠯ᠎ᠠ ᠪᠡᠷ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ ᠬᠤᠷᠢᠶ᠎ᠡ ᠵᠢᠨ ᠠᠯᠪᠠᠨ ᠭᠡᠷ (ᠴᠢᠯᠦᠭᠡᠲᠦ ᠠᠷᠠᠯᠵᠢᠶᠠᠨ᠎ᠤ ᠭᠠᠷᠠᠮ᠎ᠤᠨ ᠨᠠᠮ᠎ᠤᠨ ᠠᠵᠢᠯ᠎ᠤᠨ ᠬᠤᠷᠢᠶ᠎ᠠ ᠵᠢᠨ ᠠᠯᠪᠠᠨ ᠭᠡᠷ)᠎ᠤ᠋ᠨ ᠪᠠᠢᠩᠭᠤ᠎ᠶᠢᠨ ᠳᠡᠳ᠋ ᠡᠷᠬᠢᠯᠡᠭᠴᠢ ᠭᠤᠸᠠᠨ ᠵᠢᠢ ᠷᠦᠩ᠂ ᠪᠣᠭᠣᠮᠲᠠ ᠪᠢᠳᠡᠭᠦᠮᠵᠢᠯᠡᠨ ᠠᠵᠢᠯᠯᠠᠭᠤᠯᠤᠭᠰᠠᠨᠦ ᠳᠠᠷᠠᠭ᠎ᠠ᠂ ᠬᠠᠢᠨᠠᠨ᠎ᠤ ᠴᠢᠯᠦᠭᠡᠲᠦ ᠠᠷᠠᠯᠵᠢᠶᠠᠨ᠎ᠤ ᠭᠠᠷᠠᠮ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠶᠢ ᠠᠬᠢᠭᠤᠯᠬᠤ ᠳᠤᠮᠳᠠ ᠬᠥᠲᠥᠯᠥᠨ ᠳᠠᠭᠠᠭᠤᠯᠬᠤ ᠦᠢᠯᠡᠳᠦᠯ ᠦᠵᠡᠭᠦᠯᠬᠦ ᠪᠣᠯᠣᠨ᠎ᠠ ᠭᠡᠪᠡ᠃
ᠬᠤᠳᠠᠯᠳᠤᠭᠠᠨ᠎ᠤ ᠠᠵᠠ ᠲᠤᠬᠢᠶᠠᠯ ᠬᠦᠭᠵᠢᠶᠠᠨ ᠲᠠᠢ ᠪᠤᠯᠵᠤ ᠡᠳᠦᠷ ᠪᠦᠷᠢ ᠪᠠᠷᠤᠭ 2.5 ᠲᠦᠮᠡᠨ ᠬᠥᠮᠥᠨ ᠭᠠᠢᠯᠢ ᠦᠭᠡᠢ ᠪᠡᠷ ᠪᠠᠷᠠᠭ᠎ᠠ ᠬᠤᠳᠠᠯᠳᠤᠨ ᠠᠪᠴᠤ ᠪᠠᠢᠨ᠎ᠠ
1 ᠰᠠᠷ᠎ᠠ᠎ᠶᠢᠨ 13 ᠤ᠋ ᠡᠳᠦᠷ ᠶᠠᠪᠤᠭᠳᠠᠭᠰᠠᠨ ᠬᠠᠢᠨᠠᠨ᠎ᠤ ᠴᠢᠯᠦᠭᠡᠲᠦ ᠠᠷᠠᠯᠵᠢᠶᠠᠨ᠎ᠤ ᠭᠠᠷᠠᠮ (ᠳ᠋ᠦᠩ ᠹᠠᠩ) ᠤ᠋ᠨ ᠣᠯᠠᠨ ᠤᠯᠤᠰ᠎ᠤᠨ ᠲᠠᠷᠢᠶᠠᠯᠠᠩ᠎ᠤᠨ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢᠨ ᠶᠡᠬᠡ ᠬᠤᠷᠠᠯ ᠳᠡᠭᠡᠷ᠎ᠡ᠂ ᠺᠠᠽᠠᠭ᠍ᠰᠲ᠋ᠠᠨ ᠤ᠋ᠺᠸᠽᠢᠯᠸᠣᠷᠳᠠ ᠵᠧᠦ ᠪᠣᠯᠣᠨ ᠳ᠋ᠦᠩ ᠹᠠᠩ ᠬᠣᠲᠠ ᠬᠠᠮᠲᠤᠷᠠᠯᠴᠠᠭᠠᠨ᠎ᠤ ᠵᠥᠪᠯᠡᠯᠴᠡᠭᠡᠷ ᠲᠣᠬᠢᠷᠠᠯᠴᠠᠪᠠ᠃ ᠺᠠᠽᠠᠭ᠍ᠰᠲ᠋ᠠᠨ ᠤ᠋ᠺᠸᠽᠢᠯᠸᠣᠷᠳᠠ ᠵᠧᠦ᠎ᠶᠢᠨ ᠳᠡᠳ᠋ ᠳᠠᠷᠤᠭ᠎ᠠ ᠳ᠋ᠦᠶᠢᠰᠸᠨ᠌ᠦ᠋ᠯᠸ᠄ 《ᠪᠣᠭᠣᠮᠲᠠ ᠪᠢᠳᠡᠭᠦᠮᠵᠢᠯᠡᠭᠰᠡᠨᠤ ᠳᠠᠷᠠᠭ᠎ᠠ ᠬᠠᠢᠨᠠᠨ᠎ᠤ ᠠᠷᠠᠯᠵᠢᠶ᠎ᠠ ᠪᠡᠯᠡ ᠣᠷᠣᠭᠤᠯᠤᠯᠲᠠ ᠳ᠋ᠤ ᠳᠦᠭᠦᠮ ᠦᠵᠡᠬᠦᠯᠬᠦ ᠲᠦᠪᠰᠢᠨ ᠶᠡᠬᠡᠪᠡᠷ ᠳᠡᠭᠡᠭᠰᠢᠯᠡᠵᠦ᠂ ᠲᠠᠷᠢᠶᠠᠯᠠᠩ᠎ᠤᠨ ᠬᠣᠣᠰ ᠴᠢᠭᠯᠡᠯ᠎ᠦᠨ ᠪᠡᠯᠡ ᠣᠷᠣᠭᠤᠯᠤᠯᠲᠠ᠂ ᠲᠠᠷᠢᠶᠠᠯᠠᠩ᠎ᠤᠨ ᠪᠦᠲᠦᠭᠡᠭᠳᠡᠬᠦᠨ᠎ᠦ ᠬᠢᠯᠢ ᠠᠯᠤᠰᠯᠠᠭᠰᠠᠨ ᠭᠦᠢᠯᠭᠡᠭᠡᠨ᠎ᠳᠦ ᠰᠢᠯᠢᠳᠡᠭ ᠲᠠᠪᠴᠠᠩ ᠬᠠᠩᠭᠠᠪᠠ》 ᠬᠡᠪᠡ᠃
1 ᠰᠠᠷ᠎ᠠ ᠵᠢᠨ ᠲᠤᠷᠰᠢ᠂ ᠳᠤᠮᠳᠠᠳᠤ ᠭᠠᠳᠠᠭᠠᠳᠤ᠎ᠶᠢᠨ ᠵᠠᠷᠢᠮ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠥᠯᠥᠭᠡᠯᠡᠭᠴᠢᠳ᠎ᠦᠨ ᠪᠦᠯᠬᠦᠮ᠂ ᠬᠤᠳᠠᠯᠳᠤᠭᠠᠴᠢᠳ᠎ᠤᠨ ᠡᠪᠯᠡᠯ᠂ ᠶᠡᠬᠡ ᠳᠡᠭᠡᠳᠦ ᠰᠤᠷᠭᠠᠭᠤᠯᠢ ᠵᠡᠷᠭᠡ ᠬᠣᠢᠨ᠎ᠠ ᠬᠣᠢᠨ᠎ᠠ᠎ᠡᠴᠡ᠎ᠪᠠᠨ ᠬᠠᠢᠨᠠᠨ ᠳ᠋ᠦ᠍ ᠬᠦᠷᠴᠦ᠂ ᠬᠠᠮᠲᠤᠷᠠᠯᠴᠠᠭ᠎ᠠ ᠵᠢᠨ ᠵᠦᠪᠳᠡᠯᠴᠡᠭᠡ ᠬᠢᠵᠤ᠂ ᠰᠢᠨᠵᠢᠯᠡᠨ ᠪᠠᠢᠴᠠᠭᠠᠵᠤ ᠭᠡᠷ᠎ᠠ ᠲᠤᠭᠳᠠᠪᠠ᠃ ᠬᠠᠢᠺᠸᠤ ᠵᠢᠨ ᠪᠣᠭᠣᠮᠲᠠ᠎ᠶᠢᠨ ᠲᠤᠭ᠎ᠠ ᠪᠦᠷᠢᠳᠬᠡᠯ᠎ᠡᠴᠡ ᠦᠵᠡᠪᠡᠯ᠂ ᠪᠣᠭᠣᠮᠲᠠ ᠪᠢᠳᠡᠭᠦᠮᠵᠢᠯᠡᠭᠰᠡᠨ ᠨᠢᠭᠡ ᠰᠠᠷ᠎ᠠ᠎ᠶᠢᠨ ᠲᠤᠷᠰᠢ᠂ ᠬᠠᠢᠺᠸᠤ ᠵᠢᠨ ᠪᠤᠭᠤᠮᠳᠠ ᠵᠢᠨ ᠬᠢᠨᠠᠨ ᠬᠡᠮᠵᠢᠭᠰᠡᠨ ᠵᠢᠡᠷ ᠬᠠᠢᠨᠠᠨ᠎ᠤ ᠠᠭᠠᠷ᠎ᠤᠨ ᠠᠶᠠᠯᠠᠯ᠎ᠤᠨ ᠪᠣᠭᠣᠮᠲᠠ᠎ᠪᠠᠷ ᠣᠷᠣᠵᠤ ᠭᠠᠷᠤᠭᠰᠠᠨ ᠬᠦᠮᠦᠨ᠎ᠤ ᠲᠤᠭ᠎ᠠ ᠨᠡᠶ᠋ᠢᠲᠡ 31.1 ᠲᠦᠮᠡᠨ ᠬᠥᠮᠥᠨ ᠤᠳᠠᠭ᠎ᠠ ᠳ᠋ᠤ ᠬᠦᠷᠴᠤ᠂ ᠠᠳᠠᠯᠢ ᠬᠤᠭᠤᠴᠠᠭᠠᠨ᠎ᠤ ᠬᠢ᠎ᠡᠴᠡ 48.8% ᠪᠠᠷ ᠨᠡᠮᠡᠭᠳᠡᠪᠡ᠃
ᠴᠢᠯᠦᠭᠡᠲᠦ ᠠᠷᠠᠯᠵᠢᠶᠠᠨ᠎ᠤ ᠭᠠᠷᠠᠮ᠎ᠤᠨ ᠪᠣᠭᠣᠮᠲᠠ ᠪᠢᠳᠡᠭᠦᠮᠵᠢᠯᠡᠭᠰᠡᠨ ᠠᠰᠢᠭ᠋ ᠲᠤᠰᠠ᠎ᠶᠢᠨ ᠲᠠᠲᠠᠬᠤ ᠬᠦᠴᠦᠨ᠎ᠡᠴᠡ ᠪᠣᠯᠵᠤ᠂ ᠨᠡᠩ ᠤᠯᠠᠨ ᠠᠵᠤ ᠠᠬᠤᠢᠯᠠᠯ ᠬᠠᠢᠨᠠᠨ᠎ᠳᠤ ᠬᠦᠷᠴᠦ ᠠᠷᠠᠯᠵᠢᠶ᠎ᠠ ᠮᠠᠢᠮᠠᠢ ᠬᠢᠵᠦ ᠪᠠᠢᠨ᠎ᠠ᠃ ᠨᠢᠭᠡ ᠰᠠᠷ᠎ᠠ᠎ᠶᠢᠨ ᠲᠤᠷᠰᠢ᠂ ᠬᠠᠢᠨᠠᠨ᠎ᠤ ᠰᠢᠨ᠎ᠡ᠎ᠪᠡᠷ ᠨᠡᠮᠡᠭᠳᠡᠭᠰᠡᠨ ᠳᠠᠩᠰᠠᠯᠠᠭᠤᠯᠤᠭᠰᠠᠨ ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ 5132 ᠪᠣᠯᠪᠠ᠃
2025 ᠤᠨ᠎ᠤ 12 ᠰᠠᠷ᠎ᠠ᠎ᠶᠢᠨ 22 ᠤ᠋ᠨ ᠡᠳᠦᠷ᠂ ᠬᠠᠢᠺᠸᠦ ᠵᠢᠨ ᠤᠯᠤᠰ᠎ᠤᠨ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋ ᠨᠢᠭᠡᠯᠡ ᠳᠤᠤᠷ᠎ᠠ 6 ᠡᠮ᠎ᠦᠨ ᠠᠵᠤ ᠠᠬᠤᠢᠯᠠᠯ᠎ᠲᠠᠢ ᠭᠡᠷ᠎ᠡ ᠲᠣᠭᠲᠠᠵᠤ᠂ ᠲᠦᠷᠦᠯ ᠵᠦᠢᠯ ᠨᠢ ᠰᠤᠳᠤᠯᠤᠨ ᠨᠡᠭᠡᠭᠡᠬᠦ᠂ ᠦᠢᠯᠡᠳᠪᠦᠷᠢᠯᠡᠬᠦ᠂ ᠭᠠᠢᠯᠢ ᠪᠠᠲᠤᠯᠠᠵᠤ ᠰᠡᠯᠪᠢᠨ ᠵᠠᠰᠠᠬᠤ ᠵᠡᠷᠭᠡ ᠭᠣᠭᠴᠣᠭ᠎ᠠ᠎ᠶᠢ ᠬᠠᠮᠤᠷᠪᠠ᠃
ᠵᠢᠨᠠᠨ᠎ᠤ ᠭᠸᠨ ᠤ᠋ ᠰᠢᠨᠡᠳᠬᠡᠯ ᠡᠮᠴᠢᠯᠡᠭᠡᠨ᠎ᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ (ᠬᠠᠢᠨᠠᠨ)᠎ᠤ᠋ᠨ ᠬᠢᠵᠠᠭᠠᠷᠲᠤ ᠺᠣᠮᠫᠠᠨᠢ᠎ᠶᠢᠨ ᠶᠡᠷᠦᠩᠬᠡᠢ ᠳᠠᠭᠠᠭᠠᠮᠠᠯ ᠰᠦᠨ ᠫᠸᠩ ᠴᠧᠩ᠄ 《ᠤᠯᠤᠰ᠎ᠤᠨ ᠳᠣᠲᠣᠭᠠᠳᠤ᠎ᠳᠤ ᠬᠠᠨᠳᠤᠭᠤᠯᠤᠭᠰᠠᠨ ᠴᠤ᠌ ᠲᠡᠷᠡ᠂ ᠤᠯᠤᠰ᠎ᠤᠨ ᠭᠠᠳᠠᠭᠠᠳᠤ᠎ᠶᠢᠨ ᠵᠠᠬ᠎ᠠ ᠳᠡᠯᠭᠡᠭᠦᠷ᠎ᠲᠦ ᠬᠠᠨᠳᠤᠭᠤᠯᠤᠭᠰᠠᠨ ᠴᠤ᠌ ᠲᠡᠷᠡ᠂ ᠬᠠᠢᠨᠠᠨ᠎ᠤ ᠴᠢᠯᠦᠭᠡᠲᠦ ᠠᠷᠠᠯᠵᠢᠶᠠᠨ᠎ᠤ ᠭᠠᠷᠠᠮ᠎ᠳᠤ ᠴᠥᠮ ᠮᠠᠰᠢ ᠰᠠᠢᠨ ᠲᠥᠷᠥ᠎ᠶᠢᠨ ᠪᠣᠳᠣᠯᠭ᠎ᠠ ᠪᠠ ᠠᠷᠭ᠎ᠠ ᠵᠠᠮ ᠪᠤᠢ᠂ ᠮᠠᠨ᠎ᠤ ᠺᠣᠮᠫᠠᠨᠢ ᠰᠤᠳᠤᠯᠤᠨ ᠨᠡᠭᠡᠭᠡᠬᠦ᠂ ᠦᠢᠯᠡᠳᠪᠦᠷᠢᠯᠡᠬᠦ᠂ ᠪᠣᠷᠣᠯᠠᠭᠤᠯᠬᠤ ᠡᠯ᠎ᠡ ᠭᠣᠭᠴᠣᠭ᠎ᠠ᠎ᠶᠢ ᠠᠯᠬᠤᠮ ᠠᠯᠬᠤᠮ᠎ᠢᠶᠠᠷ ᠬᠠᠶ᠋ᠢᠺᠸᠦᠳᠤ ᠰᠠᠭᠤᠷᠢᠰᠢᠭᠤᠯᠬᠤ ᠪᠣᠯᠣᠨ᠎ᠠ》 ᠭᠡᠪᠡ᠃
ᠰᠠᠨᠶᠠ᠎ᠶᠢᠨ ᠣᠯᠠᠨ ᠤᠯᠤᠰ᠎ᠤᠨ ᠭᠠᠢᠯᠢ ᠵᠢ ᠬᠡᠯᠲᠦᠷᠢᠭᠦᠯᠬᠦ ᠬᠣᠲᠠ᠎ᠳᠤ᠂ ᠬᠡᠷᠡᠭᠯᠡᠭᠴᠢᠳ ᠡᠯ᠎ᠡ ᠲᠦᠷᠦᠯ ᠲᠡᠮᠳᠡᠭ᠎ᠤᠨ ᠲᠤᠰᠬᠠᠢ ᠯᠠᠩᠭᠦᠢ᠎ᠪᠡᠷ ᠰᠦᠯᠵᠢᠯᠳᠦᠵᠦ᠂ ᠳᠤᠷᠠᠲᠠᠢ ᠲᠠᠸᠠᠷ᠎ᠢᠶᠠᠨ ᠰᠣᠩᠭᠣᠵᠠᠭᠠᠨᠠ᠃ 《ᠦᠨ᠎ᠡ ᠨᠢ ᠲᠣᠬᠢᠷᠠᠮᠵᠢᠲᠠᠢ᠂ ᠬᠡᠯᠪᠡᠷᠢ ᠨᠢ ᠴᠦ᠍ ᠰᠢᠨ᠎ᠡ ᠰᠡᠪᠡᠭᠦᠨ》᠃ ᠪᠡᠭᠡᠵᠢᠩ᠎ᠦᠨ ᠵᠢᠭᠤᠯᠴᠢᠯᠠᠭ᠍ᠴᠢ ᠯᠢ ᠠᠪᠠᠬᠠᠢ ᠨᠢᠭᠡᠨ ᠳ᠋ᠢᠵᠢᠲ᠋ᠠᠯ ᠺᠠᠮᠸᠷᠠ ᠮᠠᠰᠢᠨ᠎ᠢ ᠰᠤᠨᠭᠭᠤᠵᠤ᠂ ᠺᠠᠮᠸᠷᠠ ᠮᠠᠰᠢᠨ ᠨᠢ ᠠᠷᠠᠯ᠎ᠡᠴᠡ ᠰᠠᠯᠤᠭᠰᠠᠨ ᠭᠠᠢᠯᠢ ᠵᠢ ᠬᠡᠯᠲᠦᠷᠢᠭᠦᠯᠬᠦ ᠪᠠ ᠳᠡᠯᠭᠡᠭᠦᠷ᠎ᠦᠨ ᠪᠤᠷᠤᠯᠠᠭᠤᠯᠭ᠎ᠠ᠎ᠶᠢᠨ ᠨᠤᠭᠤᠯᠪᠤᠷᠢ ᠦᠨ᠎ᠡ ᠵᠢᠨ ᠲᠦᠷᠦ ᠵᠢᠨ ᠪᠤᠳᠤᠯᠭ᠎ᠠ ᠵᠢᠨ ᠠᠰᠢᠭ᠎ᠢ ᠬᠦᠷᠳᠡᠵᠤ᠂ ᠪᠡᠭᠡᠵᠢᠩ᠎ᠡᠴᠡ ᠬᠤᠳᠠᠯᠳᠤᠨ ᠠᠪᠬᠤ᠎ᠡᠴᠡ ᠪᠠᠷᠤᠭ ᠮᠢᠩᠭᠠᠨ ᠲᠥᠭᠥᠷᠢᠭ ᠠᠷᠪᠢᠯᠠᠵᠠᠢ᠃
ᠬᠠᠶ᠋ᠢᠺᠸᠦᠶᠢᠨ ᠪᠣᠭᠣᠮᠲᠠ᠎ᠶᠢᠨ ᠪᠦᠷᠢᠳᠬᠡᠯ᠎ᠡᠴᠡ ᠦᠵᠡᠪᠡᠯ᠂ 2025 ᠣᠨ᠎ᠤ 12 ᠰᠠᠷ᠎ᠠ᠎ᠶᠢᠨ 18 ᠡᠴᠡ 2026 ᠣᠨ᠎ᠤ 1 ᠰᠠᠷ᠎ᠠ᠎ᠶᠢᠨ 17᠎ᠤ᠋ ᠡᠳᠦᠷ ᠪᠣᠯᠲᠠᠯ᠎ᠠ᠂ ᠬᠠᠶ᠋ᠢᠺᠸᠦᠶᠢᠨ ᠪᠣᠭᠣᠮᠲᠠ᠎ᠶᠢᠨ ᠬᠢᠨ ᠠᠷᠠᠯ᠎ᠡᠴᠡ ᠰᠠᠯᠤᠭᠰᠠᠨ ᠭᠠᠢᠯᠢ ᠵᠢ ᠬᠡᠯᠲᠦᠷᠢᠭᠦᠯᠬᠦ ᠪᠠᠷᠠᠭ᠎ᠠ ᠬᠤᠳᠠᠯᠳᠤᠨ ᠠᠪᠤᠬᠰᠠᠨ ᠵᠣᠭᠣᠰ᠎ᠤᠨ ᠲᠣᠭ᠎ᠠ᠎ᠶᠢ ᠨᠡᠶ᠋ᠢᠲᠡ 48.6 ᠳ᠋ᠦᠩᠰᠢᠭᠤᠷ ᠲᠥᠭᠥᠷᠢᠭ ᠬᠢᠨᠠᠨ ᠬᠠᠮᠢᠶᠠᠷᠴᠤ᠂ ᠠᠳᠠᠯᠢ ᠬᠤᠭᠤᠴᠠᠭᠠᠨ᠎ᠤ ᠬᠢ᠎ᠡᠴᠡ 46.8% ᠪᠡᠷ ᠨᠡᠮᠡᠭᠳᠡᠪᠡ; ᠪᠠᠷᠠᠭ᠎ᠠ ᠬᠤᠳᠠᠯᠳᠤᠨ ᠠᠪᠤᠭᠰᠠᠨ ᠬᠥᠮᠥᠨ᠎ᠦ ᠲᠣᠭ᠎ᠠ 74.5 ᠲᠦᠮᠡᠨ ᠬᠥᠮᠥᠨ ᠤᠳᠠᠭ᠎ᠠ᠎ᠳᠤ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 30.2% ᠵᠢᠡᠷ ᠨᠡᠮᠡᠭᠳᠡᠪᠡ; ᠪᠠᠷᠠᠭ᠎ᠠ ᠬᠤᠳᠠᠯᠳᠤᠨ ᠠᠪᠤᠭᠰᠠᠨ ᠲᠣᠭ᠎ᠠ 349.4 ᠲᠦᠮᠡᠡ ᠬᠤᠪᠢ᠎ᠳᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 14.6% ᠪᠠᠷ ᠨᠡᠮᠡᠭᠳᠡᠪᠡ᠃
ᠨᠡᠭᠡᠭᠡᠯᠲᠡ ᠵᠢᠨ ᠵᠠᠮ᠎ᠢ ᠦᠷᠭᠦᠯᠵᠢᠯᠡᠨ ᠥᠷᠭᠡᠳᠭᠡᠵᠦ ᠮᠠᠨ᠎ᠤ ᠤᠯᠤᠰ᠎ᠤᠨ ᠠᠩᠬᠠᠳᠠᠭ᠍ᠴᠢ ᠵᠤᠷᠪᠤᠰ ᠳᠣᠯᠣᠳᠤᠭᠠᠷ ᠠᠭᠠᠷ᠎ᠤᠨ ᠠᠶᠠᠯᠠᠯ᠎ᠤᠨ ᠡᠷᠬᠡᠲᠦ ᠠᠶᠠᠨᠴᠢᠳ᠎ᠤᠨ ᠵᠦᠭᠡᠭᠡᠪᠦᠷᠢ᠎ᠶᠢᠨ ᠱᠤᠭᠤᠮ ᠨᠡᠪᠲᠡᠷᠡᠪᠡ
2025 ᠣᠨ᠎ᠤ 12 ᠰᠠᠷ᠎ᠠ᠎ᠶᠢᠨ 22 ᠤ᠋ᠨ ᠡᠳᠦᠷ᠂ ᠰᠠᠨᠶᠠ᠎ᠶᠢᠨ ᠹᠸᠩ ᠬᠤᠸᠠᠩ ᠤᠯᠠᠨ ᠤᠯᠤᠰ᠎ᠤᠨ ᠨᠢᠰᠬᠡᠯ᠎ᠦᠨ ᠪᠠᠭᠤᠳᠠᠯ᠎ᠳᠤ᠂ ᠡᠸᠦ᠋ᠷᠦᠫᠡ᠎ᠶᠢᠨ 115 ᠠᠶᠠᠨᠴᠢᠨ ᠺᠠᠽᠠᠭᠰᠲ᠋ᠠᠨ᠎ᠤ ᠰᠺᠠᠲ ᠠᠭᠠᠷ᠎ᠤᠨ ᠠᠶᠠᠯᠠᠯ᠎ᠤᠨ ᠠᠶᠠᠨᠴᠢᠨ᠎ᠤ ᠨᠢᠰᠬᠡᠯ᠎ᠡᠴᠡ ᠪᠠᠭᠤᠵᠤ ᠢᠷᠡᠪᠡ᠃ ᠴᠸᠺ ᠵᠢᠨ ᠫᠷᠠᠭ᠌ᠸ ᠡᠴᠡ ᠨᠢᠰᠦᠨ ᠢᠷᠡᠭᠰᠡᠨ ᠡᠨᠡ ᠬᠦ᠌ ᠡᠭᠡᠯᠵᠢ᠎ᠶᠢᠨ ᠨᠢᠰᠬᠡᠯ ᠨᠢ ᠮᠠᠨ᠎ᠤ ᠤᠯᠤᠰ᠎ᠤᠨ ᠠᠩᠬᠠᠳᠠᠭ᠍ᠴᠢ ᠵᠤᠷᠪᠤᠰ ᠳᠣᠯᠣᠳᠤᠭᠠᠷ ᠠᠭᠠᠷ᠎ᠤᠨ ᠠᠶᠠᠯᠠᠯ᠎ᠤᠨ ᠡᠷᠬᠡᠲᠦ ᠠᠶᠠᠨᠴᠢᠳ᠎ᠤᠨ ᠵᠦᠭᠡᠭᠡᠪᠦᠷᠢ᠎ᠶᠢᠨ ᠠᠶᠠᠯᠠᠯ᠎ᠤᠨ ᠱᠤᠭᠤᠮ ᠵᠢᠩᠬᠢᠨᠢ᠎ᠪᠡᠷ ᠨᠡᠪᠲᠡᠷᠡᠭᠰᠡᠨ᠎ᠢ ᠬᠠᠷᠠᠭᠤᠯᠵᠤ ᠪᠤᠢ᠂ ᠬᠠᠢᠨᠠᠨ᠎ᠤ ᠴᠢᠯᠦᠭᠡᠲᠦ ᠠᠷᠠᠯᠵᠢᠶᠠᠨ᠎ᠤ ᠭᠠᠷᠠᠮ᠎ᠤᠨ ᠠᠭᠠᠷ᠎ᠤᠨ ᠠᠶᠠᠯᠠᠯ᠎ᠤᠨ ᠬᠦᠷᠢᠶᠡᠨ᠎ᠦ ᠥᠨᠳᠥᠷ ᠲᠦᠪᠰᠢᠨ ᠪᠦᠬᠦᠢ ᠨᠡᠭᠡᠭᠡᠯᠲᠡ ᠵᠠᠩᠭᠢᠯᠠᠭ᠎ᠠ᠎ᠶᠢᠨ ᠨᠢᠭᠡ ᠠᠯᠬᠤᠮ᠎ᠢ ᠠᠯᠬᠤᠭᠰᠠᠨ ᠪᠠᠢᠨ᠎ᠠ᠃
ᠳᠣᠯᠣᠳᠤᠭᠠᠷ ᠠᠭᠠᠷ᠎ᠤᠨ ᠠᠶᠠᠯᠠᠯ᠎ᠤᠨ ᠡᠷᠬᠡ᠎ᠶᠢ ᠪᠠᠰᠠ ᠪᠦᠷᠢᠮᠦᠰᠦᠨ ᠭᠤᠷᠪᠠᠳᠠᠭᠢ ᠤᠯᠤᠰ᠎ᠤᠨ ᠲᠡᠭᠡᠭᠡᠪᠦᠷᠢ᠎ᠶᠢᠨ ᠡᠷᠬᠡ ᠭᠡᠳᠡᠭ᠂ ᠡᠨᠡ ᠨᠢ ᠶᠠᠮᠠᠷ ᠨᠢᠭᠡᠨ ᠤᠯᠤᠰ ᠪᠤᠶᠤ ᠭᠠᠵᠠᠷ ᠣᠷᠣᠨ᠎ᠤ ᠠᠭᠠᠷ᠎ᠤᠨ ᠠᠶᠠᠯᠠᠯ᠎ᠤᠨ ᠺᠣᠮᠫᠠᠨᠢ ᠪᠦᠷᠢᠮᠦᠰᠦᠨ ᠥᠪᠡᠷ᠎ᠦᠨ ᠤᠯᠤᠰ᠎ᠤᠨ᠎ᠢᠶᠠᠨ ᠪᠤᠶᠤ ᠭᠠᠵᠠᠷ ᠣᠷᠣᠨ᠎ᠤ ᠬᠡᠪᠴᠢᠶᠡᠨ᠎ᠡᠴᠡ ᠭᠠᠳᠠᠨ᠎ᠠ ᠲᠤᠰᠠᠭᠠᠷ ᠠᠶᠠᠯᠠᠯ᠎ᠤᠨ ᠱᠤᠭᠤᠮ ᠡᠵᠡᠩᠨᠡᠵᠦ᠂ ᠬᠢᠯᠢ᠎ᠶᠢᠨ ᠭᠠᠳᠠᠨᠠᠬᠢ ᠬᠣᠶᠠᠷ ᠤᠯᠤᠰ ᠪᠤᠶᠤ ᠭᠠᠵᠠᠷ ᠣᠷᠣᠨ᠎ᠤ ᠬᠣᠭᠣᠷᠣᠨᠳᠤ ᠠᠶᠠᠨᠴᠢᠳ ᠪᠠ ᠪᠠᠷᠠᠭ᠎ᠠ ᠲᠡᠭᠡᠭᠡᠪᠦᠷᠢᠯᠡᠬᠦ ᠡᠷᠬᠡ᠎ᠲᠠᠢ ᠪᠠᠢᠬᠤ᠎ᠶᠢ ᠵᠢᠭᠠᠵᠤ ᠪᠠᠢᠨ᠎ᠠ᠃
《ᠴᠸᠺᠲᠤ᠌ ᠠᠪᠴᠤ ᠬᠡᠯᠡᠪᠡᠯ᠂ ᠡᠨᠡ ᠪᠣᠯ ᠠᠽᠢᠶ᠎ᠠ ᠲᠢᠪ᠎ᠦᠨ ᠠᠮᠢᠵᠢᠷᠠᠯ᠎ᠤᠨ ᠬᠦᠴᠦᠨᠲᠦ ᠵᠢᠭᠤᠯᠴᠢᠯᠠᠯ᠎ᠤᠨ ᠬᠠᠷᠠᠯᠳᠠᠳᠤ ᠭᠠᠵᠠᠷ᠎ᠲᠤ ᠰᠢᠭᠤᠳ ᠬᠦᠷᠬᠦ ᠰᠢᠨ᠎ᠡ ᠵᠠᠮ ᠱᠤᠭᠤᠮ ᠪᠣᠯᠣᠨ᠎ᠠ; ᠺᠠᠽᠠᠭᠰᠲ᠋ᠠᠨ᠎ᠳᠤ ᠠᠪᠴᠤ ᠬᠡᠯᠡᠪᠡᠯ᠂ ᠮᠥᠨ ᠴᠦ᠍ ᠲᠡᠭᠦᠨ᠎ᠦ ᠠᠭᠠᠷ᠎ᠤᠨ ᠠᠶᠠᠯᠠᠯ᠎ᠤᠨ ᠺᠣᠮᠫᠠᠨᠢ᠎ᠶᠢᠨ ᠡᠸᠦ᠋ᠷᠦᠫᠡ ᠠᠽᠢᠶ᠎ᠠ᠎ᠶᠢᠨ ᠬᠣᠯᠪᠣᠯᠳᠤᠨ ᠨᠡᠪᠲᠡᠷᠡᠯᠴᠡᠬᠦ ᠳᠤᠮᠳᠠᠬᠢ ᠪᠠᠢᠷᠢ ᠰᠠᠭᠤᠷᠢ᠎ᠶᠢ ᠪᠡᠬᠢᠵᠢᠭᠦᠯᠬᠦ ᠴᠢᠬᠤᠯᠠ ᠠᠵᠠ ᠲᠣᠬᠢᠶᠠᠯ ᠪᠣᠯᠣᠨ᠎ᠠ》 ᠭᠡᠵᠦ ᠰᠺᠠᠲ ᠠᠭᠠᠷ᠎ᠤᠨ ᠠᠶᠠᠯᠠᠯ᠎ᠤᠨ ᠺᠣᠮᠫᠠᠨᠢ᠎ᠶᠢᠨ ᠳᠡᠳ᠋ ᠶᠡᠷᠦᠩᠬᠡᠢ ᠵᠠᠬᠢᠷᠤᠯ ᠰᠸᠲᠨᠢᠺ· ᠹᠯᠠᠳᠢᠮᠢᠷ ᠬᠡᠯᠡᠪᠡ᠃
ᠠᠭᠠᠷ ᠳᠡᠭᠡᠷᠡᠬᠢ ᠬᠣᠩᠭᠢᠯ᠎ᠢ ᠥᠷᠭᠡᠳᠬᠡᠬᠦ᠎ᠶᠢᠨ ᠬᠠᠮᠲᠤ᠂ ᠳᠠᠯᠠᠢ ᠳᠡᠭᠡᠷᠡᠬᠢ ᠬᠦᠢᠰᠦ ᠪᠠᠰᠠ ᠳᠡᠰ ᠳᠠᠪᠰᠢᠵᠤ ᠪᠤᠢ᠃ 《ᠣᠳᠣ᠌ ᠪᠢᠳᠡ ᠬᠣᠶᠠᠷ ᠣᠩᠭᠣᠴᠠ᠎ᠶᠢ ᠵᠠᠮᠴᠢᠯᠡᠨ ᠤᠳᠤᠷᠢᠳᠬᠤ ᠪᠦᠷᠢ 200 ᠮᠧᠲᠷ᠎ᠢ ᠳᠠᠪᠠᠭᠰᠠᠨ ᠨᠢᠬᠡ ᠲᠣᠮᠣ᠌ ᠬᠡᠯᠪᠡᠷᠢ᠎ᠶᠢᠨ ᠣᠩᠭᠣᠴᠠ ᠲᠤᠬᠢᠶᠠᠯᠳᠤᠬᠤ ᠶᠤᠮ》᠃ ᠬᠠᠢᠨᠠᠨ ᠮᠤᠵᠢ᠎ᠶᠢᠨ ᠣᠩᠭᠣᠴᠠ ᠰᠠᠯ᠎ᠤᠨ ᠠᠶᠠᠯᠠᠯ ᠵᠠᠮᠴᠢᠯᠠᠬᠤ ᠥᠷᠲᠡᠭᠡ ᠵᠢᠨ ᠶᠠᠩ ᠫᠦ ᠬᠤᠪᠢᠶᠠᠷᠢ ᠥᠷᠲᠡᠭᠡᠨ᠎ᠦ ᠳᠠᠷᠤᠭ᠎ᠠ ᠯᠢᠨ ᠬᠣᠩ ᠫᠢᠨ᠂ ᠪᠣᠭᠣᠮᠲᠠ ᠪᠢᠳᠡᠭᠦᠮᠵᠢᠯᠡᠭᠰᠡᠨ᠎ᠡᠴᠡ ᠨᠠᠭᠠᠰᠢ᠂ ᠭᠠᠷᠠᠭ ᠪᠦᠷᠢ᠎ᠶᠢᠨ ᠲᠣᠮᠣ᠌ ᠬᠡᠯᠪᠡᠷᠢ᠎ᠶᠢᠨ ᠣᠩᠭᠣᠴᠠ ᠰᠠᠯ᠎ᠤᠨ ᠠᠶᠠᠯᠠᠯ᠎ᠢ ᠵᠠᠮᠴᠢᠯᠠᠬᠤ ᠬᠡᠮᠵᠢᠶ᠎ᠡ ᠢᠯᠡᠳᠲᠡ ᠳᠡᠭᠡᠭᠰᠢᠯᠡᠵᠦ᠂ ᠨᠡᠢ᠍ᠢᠳᠡ 460 ᠭᠠᠷᠤᠢ ᠳᠤᠮᠳᠠᠳᠤ ᠭᠠᠳᠠᠭᠠᠳᠤ᠎ᠶᠢᠨ ᠣᠩᠭᠣᠴᠠ ᠰᠠᠯ᠎ᠳᠤ ᠠᠶᠠᠯᠠᠯ ᠵᠠᠮᠴᠢᠯᠠᠵᠤ᠂ ᠲᠣᠮᠣ᠌ ᠬᠡᠯᠪᠡᠷᠢ᠎ᠶᠢᠨ ᠣᠩᠭᠣᠴᠠ ᠰᠠᠯ᠎ᠤᠨ ᠠᠶᠠᠯᠠᠯ᠎ᠢ ᠵᠠᠮᠴᠢᠯᠠᠬᠰᠠᠨ ᠬᠡᠮᠵᠢᠶ᠎ᠡ ᠠᠳᠠᠯᠢ ᠬᠤᠭᠤᠴᠠᠭᠠᠨ᠎ᠤ ᠬᠢ᠎ᠡᠴᠡ 20% ᠰᠢᠬᠠᠮ ᠨᠡᠮᠡᠭᠳᠡᠵᠡᠢ ᠭᠡᠪᠡ᠃
ᠬᠠᠢᠨᠠᠨ᠎ᠤ ᠣᠯᠠᠨ ᠤᠯᠤᠰ᠎ᠤᠨ ᠣᠩᠭᠣᠴᠠ ᠰᠠᠯ᠎ᠢ ᠳᠡᠩᠰᠡᠯᠡᠨ ᠬᠠᠮᠢᠶᠠᠷᠬᠤ ᠲᠣᠪᠴᠢᠶ᠎ᠠ᠎ᠶᠢᠨ ᠳᠡᠩᠰᠡᠯᠡᠨ ᠲᠡᠮᠳᠡᠭᠯᠡᠬᠦ ᠦᠢᠯᠡᠴᠢᠯᠡᠭᠡᠨ᠎ᠦ ᠭᠠᠵᠠᠷ᠎ᠤᠨ ᠳᠠᠷᠤᠭ᠎ᠠ ᠸᠠᠩ ᠴᠧᠩ᠂ ᠬᠠᠢᠨᠠᠨ᠎ᠤ ᠴᠢᠯᠦᠭᠡᠲᠦ ᠠᠷᠠᠯᠵᠢᠶᠠᠨ᠎ᠤ ᠭᠠᠷᠠᠮ ᠪᠣᠭᠣᠮᠲᠠ ᠪᠢᠳᠡᠭᠦᠮᠵᠢᠯᠡᠭᠰᠡᠨᠦ ᠳᠠᠷᠠᠭ᠎ᠠ᠂ ᠣᠯᠠᠨ ᠤᠯᠤᠰ᠎ᠤᠨ 7 ᠣᠩᠭᠣᠴᠠ ᠰᠡᠯ ᠰᠢᠨ᠎ᠡ᠎ᠪᠡᠷ 《ᠳᠤᠮᠳᠠᠳᠤ ᠤᠯᠤᠰ᠎ᠤᠨ ᠶᠠᠩ ᠫᠦ ᠭᠠᠷᠠᠮ》᠎ᠳ᠋ᠤ ᠳᠠᠨᠭᠰᠠᠨ᠎ᠳᠤ ᠣᠷᠣᠵᠤ᠂ ᠪᠠᠰᠠ ᠤᠰᠤᠨ ᠵᠠᠮ᠎ᠤᠨ ᠲᠡᠭᠡᠭᠡᠪᠦᠷᠢ᠎ᠶᠢᠨ ᠣᠯᠠᠨ ᠠᠵᠤ ᠠᠬᠤᠢᠯᠠᠯ ᠠᠰᠠᠭᠤᠨ ᠯᠠᠪᠯᠠᠬᠤ᠎ᠪᠠᠷ ᠢᠷᠡᠪᠡ᠃ ᠣᠲᠣ᠌ ᠪᠣᠯᠲᠠᠯ᠎ᠠ᠂ 《ᠳᠤᠮᠳᠠᠳᠤ ᠤᠯᠤᠰ᠎ᠤᠨ ᠶᠠᠩ ᠫᠦ ᠭᠠᠷᠠᠮ》᠎ᠤ᠋ᠨ ᠲᠠᠩᠰᠠᠨ᠎ᠳᠤ ᠳᠠᠩᠰᠠᠯᠠᠭᠤᠯᠤᠭᠰᠠᠨ ᠤᠨᠭᠭᠤᠴᠠ ᠰᠡᠯ 83 ᠪᠣᠶ ᠭᠡᠪᠡ᠃
ᠡᠯ᠎ᠡ ᠵᠦᠢᠯ᠎ᠦᠨ ᠲᠥᠷᠥ᠎ᠶᠢᠨ ᠪᠣᠳᠣᠯᠭ᠎ᠠ᠎ᠶᠢᠨ ᠨᠠᠢᠳᠠᠪᠤᠷᠢᠵᠢᠭᠤᠯᠤᠬᠳᠠᠨ ᠦᠷ᠎ᠡ ᠪᠦᠲᠦᠮᠵᠢ ᠭᠠᠷᠬᠤ᠎ᠶᠢ ᠳᠠᠭᠠᠯᠳᠤᠨ᠂ ᠬᠠᠢᠨᠠᠨ᠎ᠤ ᠴᠢᠯᠦᠭᠡᠲᠦ ᠠᠷᠠᠯᠵᠢᠶᠠᠨ᠎ᠤ ᠭᠠᠷᠠᠮ ᠶᠠᠭ ᠨᠠᠩ ᠨᠡᠭᠡᠭᠡᠯᠲᠡᠲᠤ ᠳᠦᠷᠰᠦ ᠪᠠᠢᠳᠠᠯ᠎ᠢᠶᠠᠷ ᠪᠥᠬᠥ ᠪᠥᠮᠪᠥᠷᠴᠡᠭ᠎ᠦᠨ ᠡᠬᠢ ᠪᠠᠶᠠᠯᠢᠭ᠋᠎ᠤᠨ ᠡᠯᠧᠮᠧᠨ᠋ᠲ᠎ᠦᠨ ᠲᠥᠪᠯᠡᠷᠡᠨ ᠴᠤᠬᠯᠠᠷᠠᠬᠤ᠎ᠵᠢ ᠲᠠᠲᠠᠵᠤ᠂ ᠥᠨᠳᠥᠷ ᠲᠦᠪᠰᠢᠨ ᠪᠦᠬᠦᠢ ᠨᠡᠭᠡᠭᠡᠯᠲᠡ᠎ᠶᠢᠨ ᠰᠢᠨ᠎ᠡ ᠬᠠᠭᠤᠳᠠᠰᠤ᠎ᠶᠢ ᠪᠢᠴᠢᠭᠯᠡᠵᠦ ᠪᠤᠢ᠃
(ᠰᠢᠨᠬᠤᠸᠠ ᠬᠣᠷᠢᠶ᠎ᠠ᠎ᠶᠢᠨ ᠬᠠᠢᠺᠸᠦ ᠵᠢᠨ 1 ᠰᠠᠷ᠎ᠠ᠎ᠶᠢᠨ 18 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃