ᠲᠡᠷᠢᠭᠦᠨ ᠨᠢᠭᠤᠷ>ᠴᠠᠭ ᠲᠦᠷᠦ>ᠬᠠᠯᠠᠮᠰᠢᠯ ᠠᠰᠠᠭᠤᠳᠠᠯ

2026-01-23 09:36:42

ᠵᠣᠬᠢᠶᠠᠭ᠍ᠴᠢ᠄ ᠸᠧᠢ ᠢᠦᠢ ᠺᠦᠨ᠂ ᠸᠧᠢ ᠬᠣᠩ ᠢ ᠣᠩᠱᠢᠭ᠍ᠰᠠᠨ ᠣᠳᠠᠭ᠎ᠠ᠄ 3

— ᠡᠯ᠎ᠡ ᠭᠠᠵᠠᠷ ᠤᠷᠤᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ ᠪᠠᠢᠬᠤ ᠲᠤᠬᠠᠢ ᠠᠵᠢᠭ᠍ᠯᠠᠯᠲᠠ


ᠤᠯᠤᠰ᠎ᠤᠨ ᠳᠣᠲᠣᠭᠠᠳᠤ᠎ᠶ᠋ᠢᠨ ᠦᠶ᠋ᠯᠡᠳᠪᠦᠷᠢᠯᠡᠯ᠎ᠦᠨ ᠶᠡᠷᠦᠩᠬᠡᠶ ᠥᠷᠲᠡᠭ (GDP) ᠠᠩᠬ᠎ᠠ ᠤᠳᠠᠭ᠎ᠠ 140 ᠲᠦᠮᠡᠨ ᠳ᠋ᠦᠩᠱᠢᠭᠤᠷ ᠲᠥᠭᠥᠷᠢᠭ᠎ᠦᠨ ᠶᠡᠬᠡ ᠪᠣᠭᠣᠮᠲᠠ᠎ᠶ᠋ᠢ ᠳᠠᠪᠠᠵᠤ᠂ ᠨᠡᠢᠭᠡᠮ᠎ᠦᠨ ᠬᠡᠷᠡᠭ᠌ᠯᠡᠭᠡᠨ᠎ᠦ ᠵᠦᠶ᠋ᠯ᠎ᠦᠨ ᠵᠢᠵᠢᠭ᠌ᠯᠡᠨ ᠬᠤᠳᠠᠯᠳᠤᠭ᠍ᠰᠠᠨ ᠶᠡᠷᠦᠩᠬᠡᠶ ᠬᠡᠮᠵᠢᠶ᠎ᠠ 50 ᠲᠦᠮᠡᠨ ᠳ᠋ᠦᠩᠱᠢᠭᠤᠷ ᠲᠥᠭᠥᠷᠢᠭ᠎ᠢ ᠳᠠᠪᠠᠵᠤ᠂ ᠰᠤᠳᠤᠯᠤᠨ ᠨᠡᠭᠡᠭᠡᠬᠦ᠌ ᠵᠠᠷᠤᠳᠠᠯ᠎ᠤᠨ ᠣᠷᠣᠭᠤᠯᠤᠯᠲᠠ᠎ᠶ᠋ᠢᠨ ᠡᠷᠴᠢᠮ ᠠᠩᠬ᠎ᠠ ᠤᠳᠠᠭ᠎ᠠ ᠠᠵᠤ ᠠᠬᠤᠶ᠎ᠶ᠋ᠢᠨ ᠬᠠᠮᠲᠤᠷᠠᠯᠴᠠᠭ᠎ᠠ ᠬᠢᠭᠡᠳ ᠬᠥᠭ᠌ᠵᠢᠯᠲᠡ᠎ᠶ᠋ᠢᠨ ᠵᠣᠬᠢᠶᠠᠨ ᠪᠠᠢᠭᠤᠯᠤᠯᠲᠠ (OECD) ᠶ᠋ᠢᠨ ᠤᠯᠤᠰ᠎ᠤᠨ ᠳᠤᠮᠳᠠᠴᠢ ᠲᠦᠪᠱᠢᠨ᠎ᠡᠴᠡ ᠳᠠᠪᠠᠪᠠ ᠁ 2025 ᠣᠨ᠎ᠳᠤ᠂ ᠮᠠᠨ᠎ᠤ ᠤᠯᠤᠰ᠎ᠤᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠭᠤᠤᠯ ᠬᠠᠷᠠᠯᠲᠠ ᠡᠭᠦᠷᠭᠡ ᠲᠡᠭᠦᠰ ᠠᠮᠵᠢᠯᠲᠠ᠎ᠲᠠᠶ ᠪᠡᠶᠡᠯᠡᠭ᠌ᠳᠡᠵᠦ᠍᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ ᠢᠯᠠᠯᠲᠠ᠎ᠲᠠᠶ᠎ᠪᠠᠷ ᠰᠡᠭᠦᠯ ᠬᠤᠷᠢᠶᠠᠪᠠ᠃

《ᠪᠢᠳᠡ ᠢᠲᠡᠭᠡᠯ ᠵᠣᠷᠢᠭ᠎ᠢᠶᠠᠨ ᠪᠠᠲᠤᠳᠭᠠᠵᠤ᠂ ᠳᠠᠪᠠᠭᠤᠯᠢᠭ᠎ᠢᠶᠠᠨ ᠰᠠᠢᠲᠤᠷ ᠠᠱᠢᠭ᠍ᠯᠠᠵᠤ᠂ ᠥᠷᠢᠰᠥᠯᠳᠦᠭᠡᠨ᠎ᠢ ᠠᠷᠭᠠᠴᠠᠭᠠᠵᠤ᠂ ᠠᠵᠤ ᠠᠬᠤᠶ᠎ᠶ᠋ᠢᠨ ᠲᠣᠭ᠍ᠲᠠᠭᠤᠨ᠎ᠤ ᠳᠤᠮᠳᠠ ᠰᠠᠢᠵᠢᠷᠠᠬᠤ ᠬᠠᠨᠳᠤᠰᠢ᠎ᠶ᠋ᠢ ᠲᠠᠰᠤᠷᠠᠯᠲᠠ ᠥᠬᠡᠶ ᠪᠡᠬᠢᠵᠢᠭᠦᠯᠦᠨ ᠥᠷᠭᠡᠳᠭᠡᠬᠦ᠌ ᠬᠡᠷᠡᠭ᠌ᠲᠡᠶ》᠂ ᠶᠡᠷᠦᠩᠬᠡᠢ ᠱᠦᠵᠢ ᠰᠢ ᠵᠢᠨ ᠫᠢᠩ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠡᠬᠢᠯᠡᠯᠲᠡ᠎ᠶ᠋ᠢᠨ ᠵᠢᠯ᠎ᠦᠨ ᠠᠵᠤ ᠠᠬᠤᠢ᠎ᠶ᠋ᠢᠨ ᠠᠵᠢᠯ᠎ᠢ ᠰᠠᠢᠲᠤᠷ ᠬᠢᠬᠦ᠌᠎ᠳᠦ ᠴᠢᠭ᠌ᠯᠡᠯ᠎ᠢ ᠲᠣᠳᠣᠷᠬᠠᠢ ᠵᠢᠭᠠᠵᠤ ᠥᠭ᠌ᠪᠡ᠃

ᠡᠷᠡᠮᠡᠬᠡᠢᠯᠡᠨ ᠤᠷᠤᠭ᠍ᠰᠢᠯᠠᠵᠤ᠂ ᠱᠢᠨ᠎ᠡ ᠠᠶᠠᠨ᠎ᠢᠶᠠᠨ ᠲᠠᠬᠢᠨ ᠡᠬᠢᠯᠡᠭᠦᠯᠦᠨ᠎ᠠ᠃ ᠡᠯ᠎ᠡ ᠭᠠᠵᠠᠷ᠎ᠤᠨ᠎ᠬᠢᠨ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠪᠥᠬᠥ᠌ ᠲᠠᠯ᠎ᠠ᠎ᠪᠠᠷ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠬᠦᠴᠦᠨ᠎ᠢᠶᠡᠨ ᠲᠥᠪᠯᠡᠷᠡᠭᠦᠯᠦᠨ ᠥᠪᠡᠷ᠎ᠦᠨ ᠶᠠᠪᠤᠳᠠᠯ᠎ᠢᠶᠠᠨ ᠰᠠᠢᠲᠤᠷ ᠬᠢᠵᠦ᠍᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠰᠠᠢᠲᠤᠷ ᠡᠬᠢᠯᠡᠭᠦᠯᠬᠦ᠌᠎ᠶ᠋ᠢ ᠪᠠᠲᠤᠯᠠᠵᠤ ᠪᠤᠢ᠃

ᠳᠣᠲᠣᠭᠠᠳᠤ ᠬᠡᠷᠡᠭ᠌ᠴᠡᠭᠡ ᠵᠢᠨ ᠵᠠᠬ᠎ᠠ ᠳᠡᠯᠭᠡᠭᠦᠷ᠎ᠦᠨ ᠳᠠᠯᠳᠠ ᠬᠦᠴᠦᠨ᠎ᠢ ᠬᠥᠭ᠌ᠵᠢᠭᠡᠨ᠎ᠡ

ᠮᠥᠰᠥ᠍ ᠴᠠᠰᠤᠨ᠎ᠤ ᠬᠡᠷᠡᠭ᠌ᠯᠡᠭᠡᠨ᠎ᠦ ᠠᠵᠠ ᠲᠣᠬᠢᠶᠠᠯ᠎ᠢ ᠤᠯᠠᠮ ᠨᠢᠭᠡ ᠠᠯᠬᠤᠮ ᠢᠯᠡᠷᠡᠭᠦᠯᠬᠦ᠌᠎ᠶ᠋ᠢᠨ ᠲᠥᠯᠥᠭᠡ᠂ ᠬᠠᠷᠪᠢᠨ ᠬᠤᠳᠠ᠎ᠶ᠋ᠢᠨ ᠬᠢᠨ ᠮᠥᠰᠥ᠍ ᠴᠠᠰᠤᠨ᠎ᠤ ᠨᠡᠢᠷ᠂ ᠥᠨᠳᠥᠷ ᠠᠭᠤᠯᠠ᠎ᠶ᠋ᠢᠨ ᠴᠡᠨᠡᠯᠡᠯᠲᠡ ᠵᠡᠷᠭᠡ ᠭᠣᠣᠯ ᠰᠡᠳᠦᠪ᠎ᠦᠨ ᠲᠣᠭᠣᠷᠢᠨ᠎ᠳᠤ᠂ ᠮᠥᠰᠥ᠍ ᠴᠠᠰᠤᠨ᠎ᠤ ᠵᠢᠭᠤᠯᠴᠢᠯᠠᠯ᠎ᠤᠨ ᠠᠷᠪᠠᠨ ᠶᠡᠬᠡ ᠱᠤᠭᠤᠮ᠎ᠢ ᠨᠡᠬᠡᠬᠡᠵᠤ᠂ ᠲᠥᠪ ᠶᠡᠬᠡ ᠵᠡᠭᠡᠯᠢ᠂ ᠳᠤᠮᠳᠠᠳᠤ᠎ᠶ᠋ᠢᠨ ᠪᠠᠯᠤᠺ ᠲᠡᠦᠬᠡ ᠰᠣᠶᠣᠯ᠎ᠤᠨ ᠵᠡᠭᠡᠯᠢ ᠵᠢᠨ ᠲᠣᠭᠣᠷᠢᠭ᠎ᠤᠨ ᠮᠥᠰᠥ᠍ ᠴᠠᠰᠤᠨ᠎ᠤ ᠦᠵᠡᠮᠵᠢ᠂ ᠳ᠋ᠧᠩ᠎ᠦᠨ ᠭᠡᠷᠡᠯ᠎ᠢ ᠵᠢᠷᠤᠵᠤ ᠲᠦᠯᠦᠪᠯᠡᠬᠦ ᠪᠣᠯᠤᠨ ᠪᠠᠷᠢᠯᠭ᠎ᠠ ᠵᠢᠨ ᠬᠡᠪ ᠨᠡᠮᠪᠡ ᠵᠢ ᠠᠭᠤᠰᠤᠯᠴᠠᠭᠤᠯᠵᠤ᠂ ᠡᠳᠦᠷ᠎ᠢᠶᠡᠷ ᠲᠣᠭᠣᠷᠢᠵᠤ ᠪᠣᠯᠬᠤ᠂ ᠰᠥᠨᠢ᠎ᠪᠡᠷ ᠵᠤᠭᠠᠯᠠᠵᠤ ᠪᠣᠯᠬᠤ᠂ ᠪᠦᠬᠦᠯᠢ ᠡᠳᠦᠷ᠎ᠢᠶᠡᠷ ᠪᠡᠶᠡᠴᠢᠯᠠᠨ ᠣᠢᠯᠠᠭᠠᠵᠤ ᠪᠣᠯᠬᠤ ᠬᠤᠳᠠ᠎ᠶ᠋ᠢᠨ ᠮᠥᠰᠥ᠍ ᠴᠠᠰᠤᠨ᠎ᠤ ᠦᠵᠡᠮᠵᠢ ᠪᠠᠢᠳᠠᠯ᠎ᠢ ᠪᠦᠷᠢᠯᠳᠦᠭᠦᠯᠵᠡᠢ᠃

ᠬᠡᠷᠡᠭ᠌ᠯᠡᠭᠡ ᠪᠣᠯ ᠠᠵᠤ ᠠᠬᠤᠢ᠎ᠶ᠋ᠢᠨ ᠨᠡᠮᠡᠭ᠌ᠳᠡᠯ᠎ᠦᠨ 《ᠭᠣᠣᠯ ᠬᠥᠳᠡᠯᠭᠡᠭᠦᠷ》 ᠮᠥᠨ᠃ 2025 ᠣᠨ᠎ᠤ ᠲᠥᠪ᠎ᠦᠨ ᠠᠵᠤ ᠠᠬᠤᠶ᠎ᠶ᠋ᠢᠨ ᠠᠵᠢᠯ᠎ᠤᠨ ᠬᠤᠷᠠᠯ ᠡᠴᠡ 《ᠬᠡᠷᠡᠭ᠌ᠯᠡᠭᠡ᠎ᠶ᠋ᠢ ᠬᠥᠭ᠌ᠵᠢᠭᠡᠬᠦ᠌ ᠲᠤᠰᠭᠠᠶ ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠬᠦ᠌》᠂ 《ᠴᠢᠨᠠᠷ ᠰᠠᠢᠲᠠᠶ ᠲᠠᠸᠠᠷ ᠪᠠ ᠦᠶ᠋ᠯᠡᠴᠢᠯᠡᠭᠡᠨ᠎ᠦ ᠬᠠᠩᠭᠠᠯᠭ᠎ᠠ᠎ᠶ᠋ᠢ ᠥᠷᠭᠡᠳᠭᠡᠬᠦ᠌》 ᠵᠡᠷᠭᠡ ᠬᠡᠷᠡᠭ᠌ᠯᠡᠭᠡ᠎ᠶ᠋ᠢ ᠠᠬᠢᠭᠤᠯᠬᠤ ᠠᠷᠭ᠎ᠠ ᠬᠡᠮᠵᠢᠶ᠎ᠡ᠎ᠶ᠋ᠢ ᠪᠠᠢᠷᠢᠯᠠᠭᠤᠯᠪᠠ᠃

ᠪᠡᠯᠡ ᠣᠷᠣᠭᠤᠯᠤᠯᠲᠠ ᠪᠣᠯ ᠤᠳᠤ ᠵᠢᠨ ᠬᠡᠷᠡᠭ᠌ᠴᠡᠭᠡ ᠪᠣᠯᠬᠤ ᠪᠥᠭᠡᠳ ᠪᠠᠰᠠ ᠴᠤ᠌ ᠢᠷᠡᠭᠡᠳᠦᠢ᠎ᠶ᠋ᠢᠨ ᠬᠠᠩᠭᠠᠯᠭ᠎ᠠ ᠪᠣᠯᠤᠨ᠎ᠠ᠃ ᠪᠦᠲᠦᠮᠵᠢᠲᠡᠢ ᠪᠡᠯᠡ ᠣᠷᠣᠭᠤᠯᠤᠯᠲᠠ᠎ᠶ᠋ᠢ ᠥᠷᠭᠡᠳᠭᠡᠬᠦ᠌ ᠪᠣᠯ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌᠎ᠶ᠋ᠢᠨ ᠴᠢᠬᠤᠯᠠ ᠭᠠᠷᠳᠠᠴᠠ ᠮᠥᠨ᠃

ᠤᠢ᠍ᠢᠷ᠎ᠠ᠎ᠶ᠋ᠢᠨ ᠬᠤᠭᠤᠴᠠᠭᠠᠨ᠎ᠳᠤ᠂ ᠤᠯᠠᠨ ᠭᠠᠵᠠᠷ᠎ᠤᠨ ᠴᠢᠬᠤᠯᠠ ᠶᠡᠬᠡ ᠲᠦᠷᠦᠯ ᠵᠦᠢᠯ ᠱᠢᠨ᠎ᠡ ᠠᠬᠢᠴᠠ᠎ᠲᠠᠶ ᠪᠣᠯᠪᠠ᠄ ᠵᠢᠶᠠᠩᠰᠦ᠎ᠶ᠋ᠢᠨ ᠱᠢᠤᠢ ᠸᠧᠢ ᠵᠢᠨ ᠴᠥᠮ᠎ᠡ᠎ᠶ᠋ᠢᠨ ᠡᠨᠧᠷᠭᠢ᠎ᠪᠡᠷ ᠢᠯᠴᠢ ᠬᠠᠩᠭᠠᠵᠤ ᠴᠠᠬᠢᠯᠭᠠᠨ ᠭᠠᠷᠭᠠᠬᠤ ᠦᠢᠯᠡᠳᠪᠦᠷᠢ᠎ᠶ᠋ᠢᠨ 1 ᠳ᠋ᠤᠭᠡᠷ ᠨᠣᠮᠧᠷᠲᠤ ᠮᠠᠱᠢᠨ ᠴᠣᠭ᠍ᠴᠠᠯᠠᠪᠤᠷᠢ᠎ᠶ᠋ᠢᠨ ᠴᠥᠮ᠎ᠡ᠎ᠶ᠋ᠢᠨ ᠠᠷᠠᠯ ᠳ᠋ᠤ ᠪᠸᠲ᠋ᠤᠨ ᠴᠢᠳᠬᠤᠨ ᠡᠬᠢᠯᠡᠵᠤ᠂ 《ᠬᠤᠸᠠ ᠯᠦᠩ ᠨᠢᠭᠡᠳᠦᠭᠡᠷ ᠨᠣᠮᠧᠷᠲᠤ》 ᠵᠠᠩᠵᠸᠤ ᠵᠢᠨ ᠴᠥᠮ᠎ᠡ᠎ᠶ᠋ᠢᠨ ᠴᠠᠬᠢᠯᠭᠠᠨ᠎ᠤ ᠨᠢᠭᠡᠳᠦᠭᠡᠷ ᠬᠤᠭᠤᠴᠠᠭᠠᠨ᠎ᠤ ᠢᠨᠵᠧᠨᠧᠷᠢᠩ᠎ᠢ ᠪᠦᠬᠦ᠌ ᠲᠠᠯ᠎ᠠ᠎ᠪᠠᠷ ᠪᠠᠢᠭᠤᠯᠵᠤ ᠳᠠᠭᠤᠰᠭᠠᠨ ᠠᠱᠢᠭ᠍ᠯᠠᠯᠲᠠ᠎ᠳᠤ ᠣᠷᠣᠭᠤᠯᠵᠤ᠂ ᠥᠪᠥᠷ ᠮᠣᠩᠭᠣᠯ᠎ᠤᠨ ᠪᠠᠷᠠᠭᠤᠨ ᠬᠡᠰᠡᠭ — ᠪᠡᠭᠡᠵᠢᠩ ᠲᠢᠶᠠᠨᠵᠢᠨ ᠾᠸᠪᠸᠢ ± 800 ᠺᠢᠯᠤᠸᠤᠯᠲ᠎ᠤᠨ ᠣᠨᠴᠠ ᠥᠨᠳᠥᠷ ᠬᠦᠴᠦᠳᠡᠯᠲᠦ ᠲᠣᠭ᠍ᠲᠠᠮᠠᠯ ᠭᠥᠶᠥᠳᠡᠯᠳᠦ ᠴᠠᠬᠢᠯᠭᠠᠨ ᠬᠦᠷᠭᠡᠬᠦ᠌ ᠢᠨᠵᠧᠨᠧᠷᠢᠩ ᠪᠠᠷᠢᠯᠭ᠎ᠠ ᠡᠬᠢᠯᠡᠵᠦ᠍᠂ ᠶᠧ ᠪᠠ ᠲᠠᠨ ᠤ᠋ ᠤᠰᠤᠨ ᠴᠠᠬᠢᠯᠭᠠᠨ ᠦᠷᠳᠡᠭᠡ᠎ᠶ᠋ᠢᠨ ᠲᠦᠷᠦᠭᠦᠦ ᠪᠦᠯᠦᠭ ᠮᠠᠱᠢᠨ ᠴᠣᠭ᠍ᠴᠠᠯᠠᠪᠤᠷᠢ ᠠᠱᠢᠭ᠍ᠯᠠᠯᠲᠠ᠎ᠳᠤ ᠣᠷᠣᠵᠤ ᠴᠠᠬᠢᠯᠭᠠᠨ ᠭᠠᠷᠭᠠᠵᠤ᠂ ᠪᠡᠯᠡ ᠣᠷᠣᠭᠤᠯᠤᠯᠲᠠ᠎ᠶ᠋ᠢᠨ ᠦᠨᠳᠦᠰᠦᠨ ᠪᠠᠢᠳᠠᠯ ᠲᠣᠭ᠍ᠲᠠᠭᠤᠨ ᠪᠠᠢᠬᠤ᠎ᠶ᠋ᠢ ᠬᠦᠴᠦᠲᠡᠢ ᠲᠤᠯᠭᠠᠭᠤᠷᠢᠯᠠᠵᠤ᠂ ᠴᠢᠨᠠᠷ ᠰᠠᠢᠲᠠᠢ ᠬᠥᠭ᠌ᠵᠢᠯᠲᠡ᠎ᠳᠦ ᠬᠦᠴᠦᠨ ᠴᠢᠳᠠᠯ ᠨᠡᠮᠡᠷᠢᠯᠡᠪᠡ᠃

ᠧᠦ᠋ᠷᠣᠫᠠ ᠲᠢᠪ᠎ᠦᠨ 《ᠤᠳᠤ ᠦᠶ᠎ᠡ᠎ᠶ᠋ᠢᠨ ᠭᠠᠳᠠᠭᠠᠳᠤ ᠬᠠᠷᠢᠯᠴᠠᠭ᠎ᠠ》 ᠰᠡᠳᠬᠦᠯ᠎ᠦᠨ ᠰᠦᠯᠵᠢᠶ᠎ᠡ ᠵᠣᠬᠢᠶᠠᠯ ᠨᠡᠢᠲᠡᠯᠡᠵᠦ᠍᠂ ᠳᠤᠮᠳᠠᠳᠤ ᠤᠯᠤᠰ ᠳᠣᠲᠣᠭᠠᠳᠤ ᠬᠡᠷᠡᠭ᠌ᠴᠡᠭᠡ᠎ᠪᠡᠷ ᠤᠳᠤᠷᠢᠳᠤᠮᠵᠢ ᠪᠣᠯᠭᠠᠭ᠍ᠰᠠᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠵᠠᠭ᠍ᠪᠤᠷ᠎ᠢ ᠨᠡᠩ ᠤᠯᠠᠨ ᠪᠦᠷᠢᠯᠳᠦᠭᠦᠯᠬᠦ᠌᠎ᠶ᠋ᠢ ᠳᠠᠭᠠᠯᠳᠤᠨ᠂ 2026 ᠣᠨ᠎ᠳᠤ ᠳᠤᠮᠳᠠᠳᠤ ᠤᠯᠤᠰ᠎ᠤᠨ ᠠᠵᠤ ᠠᠬᠤᠢ ᠳᠡᠭᠡᠳᠦ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠣᠶᠤᠨᠴᠢ ᠦᠢᠯᠡᠳᠭᠡᠯ᠂ ᠪᠣᠬᠢᠷᠲᠤᠯ ᠦᠭᠡᠢ ᠡᠨᠧᠷᠭᠢ ᠪᠠ ᠦᠢᠯᠡᠴᠢᠯᠡᠭᠡᠨ᠎ᠦ ᠬᠡᠷᠡᠭ᠌ᠯᠡᠭᠡ ᠵᠡᠷᠭᠡ ᠬᠦᠷᠢᠶᠡᠨ᠎ᠳᠦ ᠢᠯᠡᠳᠲᠡ ᠨᠡᠮᠡᠭ᠌ᠳᠡᠯ᠎ᠢ ᠪᠡᠶᠡᠯᠡᠭᠦᠯᠬᠦ᠌ ᠪᠣᠯᠤᠨ᠎ᠠ ᠭᠡᠵᠦ᠍ ᠵᠢᠭᠠᠵᠤ ᠭᠠᠷᠭᠠᠪᠠ᠃

ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠶ᠋ᠢ ᠬᠦᠴᠦ᠍᠎ᠪᠡᠨ ᠲᠥᠪᠯᠡᠷᠡᠭᠦᠯᠦᠨ ᠠᠬᠢᠭᠤᠯᠤᠨ᠎ᠠ

ᠣᠢᠷ᠎ᠠ᠎ᠳᠤ᠂ ᠠᠨᠾᠦᠶ᠋ᠢ᠎ᠶ᠋ᠢᠨ ᠰᠡᠳᠬᠢᠯ᠎ᠤᠨ ᠬᠤᠯᠪᠤᠭ᠎ᠠ ᠬᠦᠨᠳᠦ ᠬᠡᠯᠪᠡᠷᠢ᠎ᠶ᠋ᠢᠨ ᠪᠢᠲᠡᠭᠦᠮᠵᠢᠯᠡᠭᠴᠢ ᠦᠢᠯᠡᠳᠬᠦ ᠬᠢᠵᠠᠭᠠᠷᠲᠤ ᠺᠣᠮᠫᠠᠨᠢ ᠵᠢᠨ ᠬᠢᠨ ᠰᠤᠳᠤᠯᠤᠨ ᠨᠡᠭᠡᠭᠡᠬᠦ᠌ ᠲᠥᠪ᠎ᠢᠶᠡᠨ ᠠᠨᠾᠦᠶ᠋ᠢ᠎ᠶ᠋ᠢᠨ ᠴᠢᠤᠸᠠᠨ ᠵᠢᠶᠤᠤ ᠱᠢᠶᠠᠨ᠎ᠳᠤ ᠨᠡᠭᠦᠯᠭᠡᠪᠡ᠃ ᠡᠨᠡ ᠬᠦ᠌ ᠲᠣᠭ᠍ᠲᠠᠭᠠᠯ᠎ᠢ ᠭᠠᠷᠭᠠᠭ᠍ᠰᠠᠨ᠎ᠤ ᠠᠷᠤ ᠳ᠋ᠡᠬᠢ ᠱᠢᠯᠲᠠᠭᠠᠨ ᠨᠢ ᠪᠤᠯ ᠲᠤᠬᠠᠶ᠎ᠶ᠋ᠢᠨ ᠭᠠᠵᠠᠷ᠎ᠤᠨ ᠬᠢᠨ 《ᠤᠴᠢᠷ᠎ᠲᠠᠶ ᠪᠣᠯ ᠪᠠᠷᠢᠨ ᠱᠢᠶ᠋ᠳᠪᠦᠷᠢᠯᠡᠵᠦ᠍᠂ ᠤᠴᠢᠷ ᠥᠬᠡᠶ ᠪᠣᠯ ᠬᠠᠷᠱᠢᠯᠠᠬᠤ ᠥᠬᠡᠶ》 《ᠠᠰᠠᠷᠠᠭ᠍ᠴᠢ ᠮᠠᠶᠢᠭ》 ᠤ᠋ᠨ ᠦᠶ᠋ᠯᠡᠴᠢᠯᠡᠭᠡ ᠵᠢ ᠪᠠᠷᠢᠮᠳᠠᠯᠠᠬᠰᠠᠨ ᠡᠴᠡ ᠪᠤᠯᠵᠠᠢ᠃

ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠪᠡᠷ ᠬᠥᠭ᠌ᠵᠢᠯᠲᠡ᠎ᠶ᠋ᠢᠨ ᠬᠦᠴᠢᠷ ᠠᠰᠠᠭᠤᠳᠠᠯ᠎ᠢ ᠱᠢᠢᠳᠪᠦᠷᠢᠯᠡᠵᠦ᠍᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠬᠦ᠌ ᠪᠣᠯ ᠤᠯᠠᠨ ᠭᠠᠵᠠᠷ᠎ᠤᠨ 2026 ᠣᠨ᠎ᠤ ᠠᠵᠢᠯ᠎ᠤᠨ ᠪᠠᠢᠷᠢᠯᠠᠭᠤᠯᠤᠯᠲᠠ᠎ᠶ᠋ᠢᠨ ᠭᠣᠣᠯᠳᠠᠯᠭ᠎ᠠ᠎ᠶ᠋ᠢᠨ ᠳᠣᠲᠣᠷᠠᠬᠢ ᠭᠣᠣᠯᠳᠠᠯᠭ᠎ᠠ ᠪᠣᠯᠤᠨ᠎ᠠ᠃

ᠱᠠᠩᠬᠠᠶ ᠬᠣᠲᠠ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ 《9.0》 ᠠᠵᠢᠯᠯᠠᠭ᠎ᠠ᠎ᠶ᠋ᠢᠨ ᠲᠥᠰᠦᠯ᠎ᠢ ᠨᠡᠢᠳᠡᠯᠡᠵᠤ᠂ 4 ᠲᠠᠯ᠎ᠠ᠎ᠶ᠋ᠢᠨ 26 ᠵᠦᠶ᠋ᠯ᠎ᠦᠨ ᠡᠭᠦᠷᠭᠡ᠎ᠶ᠋ᠢ ᠲᠣᠳᠣᠷᠬᠠᠶ ᠲᠣᠭ᠍ᠲᠠᠭᠠᠪᠠ; ᠵᠢᠶᠠᠩᠰᠦ᠎ᠶ᠋ᠢᠨ ᠰᠦᠵᠧᠦ ᠲᠡᠷᠢᠭᠦᠨ ᠵᠡᠷᠭᠡ᠎ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠣᠶ ᠪᠣᠯᠭᠠᠬᠤ 《90 ᠵᠤᠷᠪᠤᠰ》 ᠢ᠋ ᠨᠡᠢᠲᠡᠯᠡᠵᠦ᠍᠂ ᠣᠷᠣᠬᠤ ᠵᠢ ᠵᠦᠪᠰᠢᠶᠡᠷᠡᠬᠦ ᠬᠠᠷᠰᠢᠯᠠᠯ ᠢ᠋ ᠠᠷᠢᠯᠭᠠᠬᠤ᠂ ᠲᠦᠪ ᠭᠤᠤᠯᠴᠢ ᠥᠷᠢᠰᠥᠯᠳᠦᠭᠡᠨ᠎ᠢ ᠠᠬᠢᠭᠤᠯᠬᠤ ᠵᠡᠷᠭᠡ ᠠᠯᠢ ᠣᠯᠠᠨ ᠱᠢᠯᠢᠳᠡᠭ᠌ᠵᠢᠭᠦᠯᠬᠦ᠌ ᠠᠷᠭ᠎ᠠ ᠬᠡᠮᠵᠢᠶ᠎ᠡ᠎ᠶ᠋ᠢ ᠪᠠᠢᠷᠢᠯᠠᠭᠤᠯᠪᠠ; ᠯᠢᠶᠣᠤᠨᠢᠩ ᠮᠤᠵᠢ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ 123 ᠵᠤᠷᠪᠤᠰ ᠪᠣᠳᠠᠲᠠᠶ ᠠᠷᠭ᠎ᠠ ᠬᠡᠮᠵᠢᠶ᠎ᠡ᠎ᠶ᠋ᠢ ᠨᠡᠢᠲᠡᠯᠡᠵᠦ᠍᠂ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠠᠮᠢ ᠨᠠᠰᠤᠨ᠎ᠤ ᠪᠥᠬᠥ᠌ ᠦᠶᠡᠯᠡᠯ᠎ᠦᠨ ᠬᠤᠭᠤᠴᠠᠭᠠᠨ᠎ᠤ ᠦᠶ᠋ᠯᠡᠴᠢᠯᠡᠭᠡᠨ᠎ᠦ ᠱᠢᠰᠲ᠋ᠧᠮ᠎ᠢ ᠪᠠᠢᠭᠤᠯᠪᠠ ᠁ ᠡᠯ᠎ᠡ ᠭᠠᠵᠠᠷ᠎ᠤᠨ᠎ᠬᠢᠨ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠵᠦ᠍᠂ 《ᠠᠮᠢᠳᠤᠯᠢᠭ ᠪᠣᠯᠭᠠᠬᠤ》 ᠮᠥᠷᠲᠡᠭᠡᠨ ᠪᠠᠰᠠ 《ᠰᠠᠢᠲᠤᠷ ᠬᠠᠮᠢᠶᠠᠷᠬᠤ》 ᠶ᠋ᠢ ᠴᠢᠷᠮᠠᠢᠨ ᠪᠡᠶᠡᠯᠡᠭᠦᠯᠵᠦ᠍᠂ ᠵᠠᠬ᠎ᠠ ᠳᠡᠯᠭᠡᠭᠦᠷ᠎ᠦᠨ ᠠᠮᠢᠵᠢᠷᠠᠯ ᠤ᠋ᠨ ᠬᠦᠴᠦᠨ᠎ᠢ ᠨᠠᠩ ᠰᠠᠢᠲᠤᠷ ᠬᠥᠭ᠌ᠵᠢᠭᠡᠵᠤ ᠪᠠᠢᠨ᠎ᠠ᠃

2025 ᠣᠨ᠎ᠤ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ᠎ᠡᠴᠡ᠂ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ᠎ᠶ᠋ᠢ ᠪᠠᠷᠢᠮᠲᠠᠯᠠᠵᠤ᠂ ᠱᠢᠨ᠎ᠡ ᠬᠥᠳᠡᠯᠭᠡᠬᠦ᠌ ᠡᠨᠧᠷᠭᠢ᠎ᠶ᠋ᠢ ᠱᠠᠯᠠᠪᠳᠠᠨ ᠪᠣᠢᠵᠢᠭᠤᠯᠤᠨ ᠪᠤᠵᠠᠭᠠᠢᠷᠠᠭᠤᠯᠤᠨ᠎ᠠ ᠭᠡᠵᠦ᠍ ᠲᠣᠳᠣᠷᠬᠠᠢ ᠳᠤᠷᠠᠳᠴᠠᠢ᠃

ᠰᠸᠴᠤᠸᠠᠨ᠎ᠤ ᠴᠧᠩᠳᠥ᠋ ᠶ᠋ᠢᠨ ᠳᠡᠭᠡᠳᠦ ᠱᠢᠨ᠎ᠡ ᠮᠡᠷᠬᠡᠵᠢᠯ᠎ᠤᠨ ᠲᠣᠭᠣᠷᠢᠭ᠎ᠤᠨ ᠹᠸᠩ ᠨᠢᠶᠤᠤ ᠤᠶᠤᠨᠲᠤ ᠦᠢᠯᠡᠳᠭᠡᠯ᠎ᠦᠨ ᠲᠤᠷᠱᠢᠯᠲᠠ᠎ᠶ᠋ᠢᠨ ᠰᠠᠭᠤᠷᠢᠨ᠎ᠳᠤ᠂ ᠠᠯᠢ ᠤᠯᠠᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ ᠨᠢ ᠪᠦᠲᠦᠭᠡᠭ᠌ᠳᠡᠬᠦᠨ᠎ᠢ ᠬᠡᠯᠪᠡᠷᠢᠵᠢᠭᠦᠯᠬᠦ᠌᠂ ᠤᠷ᠎ᠠ ᠮᠡᠷᠭᠡᠵᠢᠯ᠎ᠢ ᠱᠢᠯᠢᠳᠡᠭ᠌ᠵᠢᠭᠦᠯᠬᠦ᠌ ᠪᠠ ᠨᠠᠢᠳᠠᠪᠤᠷᠢᠲᠤ ᠴᠢᠨᠠᠷ᠎ᠢ ᠱᠢᠯᠭᠠᠨ ᠪᠠᠲᠤᠯᠠᠬᠤ᠎ᠶ᠋ᠢ ᠪᠡᠶᠡᠯᠡᠭᠦᠯᠵᠦ᠍᠂ ᠵᠠᠬ᠎ᠠ ᠳᠡᠯᠭᠡᠭᠦᠷ᠎ᠲᠦ ᠣᠷᠣᠬᠤ 《ᠡᠴᠦᠰ᠎ᠦᠨ ᠨᠢᠭᠡ ᠺᠢᠯᠤᠮᠸᠲᠷ》 ᠢ᠋ ᠳᠠᠭᠤᠰᠬᠠᠭᠰᠠᠨ ᠪᠠᠢᠨ᠎ᠠ᠃

ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠲᠦᠷᠭᠡᠳᠭᠡᠨ ᠪᠣᠢᠵᠢᠭᠤᠯᠤᠨ ᠬᠥᠭ᠌ᠵᠢᠭᠦᠯᠵᠦ᠍᠂ ᠡᠯ᠎ᠡ ᠭᠠᠵᠠᠷ᠎ᠤᠨ ᠬᠢᠨ ᠤᠨᠢᠨ ᠲᠡᠬᠡᠷ᠎ᠡ ᠨᠢ ᠠᠷᠭ᠎ᠠ ᠤᠬᠠᠭᠠᠨ ᠭᠠᠷᠭᠠᠵᠤ᠂ ᠬᠠᠷᠠᠯᠲᠠ᠎ᠲᠠᠶ᠎ᠪᠠᠷ ᠬᠦᠴᠦᠯᠡᠪᠡ᠄ ᠠᠨᠾᠦᠶ᠋ᠢ ᠮᠤᠵᠢ ᠮᠥᠩᠭᠥᠨ ᠭᠦᠢᠯᠭᠡᠭᠡᠨ᠎ᠢᠶᠡᠷ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠠᠵᠤ ᠠᠬᠤᠢᠯᠠᠯ᠎ᠳᠤ ᠦᠢᠯᠡᠴᠢᠯᠡᠬᠦ᠌ 《ᠬᠠᠮᠲᠤ᠎ᠶ᠋ᠢᠨ ᠪᠣᠢᠵᠢᠯᠲᠠ᠎ᠶ᠋ᠢᠨ ᠲᠥᠯᠥᠪᠯᠡᠭᠡ》᠂ ᠱᠢᠨ᠎ᠡ᠎ᠶ᠋ᠢ ᠡᠭᠦᠳᠬᠦ᠌ 《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠵᠢᠭᠡᠯᠡᠯᠭᠡ》᠂ 《ᠲᠤᠰᠭᠠᠢ ᠠᠱᠢᠭ᠎ᠤᠨ ᠵᠢᠭᠡᠯᠡᠯᠭᠡ》 ᠵᠡᠷᠭᠡ ᠮᠥᠩᠭᠥᠨ ᠭᠦᠢᠯᠭᠡᠭᠡᠨ᠎ᠦ ᠪᠠᠭᠠᠵᠢ᠎ᠶ᠋ᠢ ᠰᠦᠪᠡᠭ᠌ᠴᠢᠯᠡᠪᠡ; ᠱᠧᠨᠵᠧᠨ ᠬᠣᠲᠠ ᠤᠢᠷ᠎ᠠ ᠤᠭᠲᠠᠷᠭᠤᠢ᠎ᠶᠢᠨ ᠠᠵᠤ ᠠᠬᠤᠶ ᠪᠣᠯᠤᠨ ᠠᠮᠢᠳᠤ ᠪᠣᠳᠠᠰ᠎ᠤᠨ ᠡᠮ ᠡᠮᠨᠡᠯᠭᠡ᠎ᠶ᠋ᠢᠨ ᠬᠤᠳᠠᠯᠳᠤᠭᠠᠨ᠎ᠤ ᠨᠢᠭᠤᠴᠠ᠎ᠶ᠋ᠢᠨ ᠬᠠᠮᠠᠭᠠᠯᠠᠯᠲᠠ᠎ᠶ᠋ᠢᠨ ᠵᠢᠯᠣᠭᠣᠳᠤᠮᠵᠢ᠎ᠶ᠋ᠢ ᠨᠡᠢᠲᠡᠯᠡᠵᠦ᠍᠂ ᠪᠥᠬᠥ᠌ ᠶᠠᠪᠤᠴᠠ᠎ᠶ᠋ᠢᠨ ᠬᠤᠳᠠᠯᠳᠤᠭᠠᠨ᠎ᠤ ᠨᠢᠭᠤᠴᠠ᠎ᠶ᠋ᠢᠨ ᠬᠠᠮᠠᠭᠠᠯᠠᠯᠲᠠ᠎ᠶ᠋ᠢᠨ ᠪᠣᠳᠠᠲᠠᠶ ᠠᠵᠢᠯᠯᠠᠭᠠᠨ᠎ᠤ ᠵᠦᠭ᠌ᠯᠡᠭᠦᠷ᠎ᠢ ᠬᠠᠩᠭᠠᠪᠠ; ᠪᠡᠭᠡᠵᠢᠩ ᠬᠣᠲᠠ ᠵᠣᠬᠢᠶᠠᠮᠠᠯ ᠣᠶᠤᠨ ᠴᠢᠳᠠᠪᠤᠷᠢ᠎ᠶ᠋ᠢᠨ ᠱᠢᠨ᠎ᠡ᠎ᠶ᠋ᠢ ᠡᠭᠦᠳᠬᠦ᠌ ᠥᠨᠳᠥᠷᠯᠢᠭ᠎ᠤᠨ ᠪᠥᠲᠥᠭᠡᠨ ᠪᠠᠢᠭᠤᠯᠤᠯᠲᠠ᠎ᠶ᠋ᠢᠨ ᠠᠵᠢᠯᠯᠠᠭᠠᠨ᠎ᠤ ᠲᠥᠯᠥᠪᠯᠡᠭᠡ᠎ᠶ᠋ᠢ ᠨᠡᠢᠲᠡᠯᠡᠵᠦ᠍᠂ ᠬᠣᠶᠠᠷ ᠵᠢᠯ᠎ᠦᠨ ᠬᠤᠭᠤᠴᠠᠭᠠᠨ᠎ᠳᠤ ᠪᠡᠭᠡᠵᠢᠩ᠎ᠦᠨ ᠵᠣᠬᠢᠶᠠᠮᠠᠯ ᠣᠶᠤᠨ ᠴᠢᠳᠠᠪᠤᠷᠢ᠎ᠶ᠋ᠢᠨ ᠭᠤᠤᠯᠯᠠᠬᠤ ᠠᠵᠤ ᠦᠶ᠋ᠯᠡᠰ᠎ᠦᠨ ᠬᠡᠪᠴᠢᠶ᠎ᠡ᠎ᠶ᠋ᠢ ᠲᠦᠮᠡᠨ ᠳ᠋ᠦᠩᠱᠢᠭᠤᠷ ᠲᠥᠭᠥᠷᠢᠭ᠎ᠡᠴᠡ ᠳᠠᠪᠠᠭᠤᠯᠬᠤ᠎ᠪᠠᠷ ᠴᠢᠷᠮᠠᠢᠵᠤ ᠪᠠᠢᠨ᠎ᠠ ᠁

ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠦᠷᠭᠦᠯᠵᠢᠯᠡᠨ ᠨᠡᠮᠡᠭ᠌ᠳᠡᠭᠦᠯᠦᠨ᠎ᠡ

《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠰᠠᠨᠠᠭᠤᠯᠭ᠎ᠠ᠎ᠳᠤ 《ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢᠶᠡᠨ ᠴᠢᠩᠭᠠᠷᠠᠭᠤᠯᠵᠤ᠂ ᠪᠦᠬᠦ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ ᠶ᠋ᠢ ᠯᠠᠪᠳᠠᠭᠤᠨ ᠪᠠᠲᠤᠲᠠᠢ ᠠᠬᠢᠭᠤᠯᠬᠤ》 ᠲᠤᠬᠠᠢ ᠪᠠᠢᠷᠢᠯᠠᠭᠤᠯᠤᠯᠲᠠ ᠬᠢᠵᠦ᠍᠂ 《ᠲᠦᠭᠡᠮᠡᠯ ᠬᠠᠷᠠᠭᠠᠯᠵᠠᠯᠲᠦ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ᠎ᠢ ᠪᠠᠲᠤᠯᠠᠬᠤ ᠴᠢᠨᠠᠷᠲᠠᠢ ᠠᠷᠠᠳ᠎ᠤᠨ ᠠᠮᠢᠳᠤᠷᠠᠯ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠠᠷᠠᠳ ᠤᠯᠠᠨ᠎ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠰᠠᠢᠲᠤᠷ ᠱᠢᠢᠳᠪᠦᠷᠢᠯᠡᠬᠦ᠌ ᠬᠡᠷᠡᠭ᠌ᠲᠡᠢ》 ᠭᠡᠵᠦ᠍ ᠲᠣᠳᠣᠷᠬᠠᠢ ᠱᠠᠭᠠᠷᠳᠠᠪᠠ᠃

16.87 ᠲᠦᠮᠡᠨ ᠬᠥᠮᠦᠨ᠎ᠳᠦ ᠠᠱᠢᠭ ᠬᠦᠷᠲᠡᠭᠡᠵᠦ᠍᠂ 5.42 ᠳ᠋ᠦᠩᠱᠢᠭᠤᠷ ᠲᠥᠭᠥᠷᠢᠭ᠎ᠦᠨ ᠪᠡᠯᠡ ᠮᠥᠩᠭᠥ᠌ ᠵᠢ ᠲᠠᠷᠬᠠᠭᠠᠪᠠ! ᠣᠳᠣᠬᠠᠨ᠎ᠳᠤ᠂ ᠬᠤᠨᠠᠨ ᠮᠤᠵᠢ᠎ᠶ᠋ᠢᠨ ᠴᠠᠩᠱᠠ ᠬᠣᠲᠠ 2025 ᠣᠨ᠎ᠤ 9 ᠰᠠᠷ᠎ᠠ᠎ᠶ᠋ᠢᠨ 30᠎ᠤ᠋ ᠡᠳᠦᠷ᠎ᠡᠴᠡ ᠡᠮᠦᠨ᠎ᠡ ᠭᠤᠶᠤᠴᠢᠯᠠᠭ᠍ᠰᠠᠨ ᠪᠥᠭᠡᠳ ᠬᠢᠨᠠᠨ ᠬᠠᠷᠭᠤᠭᠤᠯᠤᠭᠠᠳ ᠨᠦᠬᠦᠴᠡᠯ ᠳ᠋ᠤ ᠨᠡᠢᠴᠡᠭᠰᠡᠨ ᠡᠲᠡᠭᠡᠳ᠎ᠦᠨ ᠬᠡᠦᠬᠡᠳ ᠪᠣᠢᠵᠢᠭᠤᠯᠬᠤ ᠨᠥᠬᠥᠪᠥᠷᠢ᠎ᠶ᠋ᠢ ᠨᠢᠭᠡᠨᠲᠡ ᠣᠯᠭᠣᠪᠠ᠃ ᠪᠡᠯᠡ ᠮᠥᠩᠭᠥ᠎ᠶ᠋ᠢ ᠣᠨᠣᠪᠴᠢᠲᠠᠢ ᠲᠠᠷᠬᠠᠭᠠᠬᠤ᠎ᠶ᠋ᠢ ᠪᠠᠲᠤᠯᠠᠬᠤ᠎ᠶ᠋ᠢᠨ ᠲᠥᠯᠥᠭᠡ᠂ ᠴᠠᠩᠱᠠ᠎ᠶ᠋ᠢᠨ ᠬᠢᠨ ᠤᠯᠤᠰ᠎ᠤᠨ ᠬᠥᠮᠥᠷᠭᠡ᠎ᠡᠴᠡ ᠲᠥᠪᠯᠡᠷᠡᠭᠦᠯᠦᠨ ᠣᠯᠭᠣᠬᠤ᠎ᠪᠠᠷ ᠳᠠᠮᠵᠢᠨ ᠱᠢᠭᠤᠳ ᠭᠤᠶᠤᠴᠢᠯᠠᠨ ᠠᠪᠤᠭ᠍ᠴᠢᠳ᠎ᠤᠨ ᠪᠠᠩᠬᠢ᠎ᠶ᠋ᠢᠨ ᠺᠠᠷᠲ᠎ᠲᠦ ᠤᠷᠤᠭᠤᠯᠤᠨ ᠦᠭᠴᠤ᠂ ᠨᠥᠬᠥᠪᠥᠷᠢ ᠪᠡᠯᠡ ᠮᠥᠩᠭᠥ᠎ᠶ᠋ᠢ 《ᠱᠢᠭᠤᠳ ᠬᠦᠷᠭᠡᠵᠦ᠍ ᠲᠦᠷᠭᠡᠨ ᠡᠳ᠋ᠯᠡᠬᠦ᠌》 ᠵᠢ ᠪᠡᠶᠡᠯᠡᠭᠦᠯᠪᠡ᠃

ᠠᠷᠠᠳ ᠤᠯᠠᠨ᠎ᠤ ᠱᠢᠨ᠎ᠡ ᠬᠦᠰᠡᠯ ᠱᠢᠨ᠎ᠡ ᠱᠠᠭᠠᠷᠳᠠᠯᠭ᠎ᠠ᠎ᠶ᠋ᠢᠨ ᠡᠮᠦᠨ᠎ᠡ᠂ ᠡᠯ᠎ᠡ ᠭᠠᠵᠠᠷ᠎ᠤᠨ ᠬᠢᠨ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠲᠦᠷᠦ᠍᠎ᠶ᠋ᠢᠨ ᠪᠤᠳᠤᠯᠭ᠎ᠠ ᠠᠷᠭ᠎ᠠ ᠬᠡᠮᠵᠢᠶ᠎ᠡ᠎ᠶ᠋ᠢᠨ ᠱᠢᠨ᠎ᠡ᠎ᠶ᠋ᠢ ᠡᠭᠦᠳᠴᠦ᠍᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠦᠷᠭᠦᠯᠵᠢᠯᠡᠨ ᠨᠡᠮᠡᠭ᠌ᠳᠡᠭᠦᠯᠪᠡ᠄ ᠰᠸᠴᠤᠸᠠᠨ ᠮᠤᠵᠢ ᠬᠡᠦᠬᠡᠳ ᠰᠠᠭᠠᠲᠠᠭᠤᠯᠬᠤ ᠨᠢᠭᠡ ᠴᠤᠭᠴᠠᠵᠢᠭᠰᠠᠨ ᠦᠶ᠋ᠯᠡᠴᠢᠯᠡᠭᠡᠨ᠎ᠦ ᠬᠥᠭ᠌ᠵᠢᠯᠲᠡ᠎ᠶ᠋ᠢ ᠳᠡᠮᠵᠢᠵᠦ᠍᠂ ᠠᠯᠪᠠᠨ᠎ᠡᠴᠡ ᠡᠷᠭᠢᠯᠡᠭ᠌ᠰᠡᠨ ᠬᠡᠦᠬᠡᠳ ᠰᠠᠭᠠᠲᠠᠭᠤᠯᠬᠤ ᠪᠠᠢᠭᠤᠯᠤᠮᠵᠢ ᠵᠢᠨ ᠡᠵᠡᠯᠡᠬᠦ ᠬᠠᠷᠢᠴᠠᠯ᠎ᠢ ᠠᠯᠬᠤᠮ ᠠᠯᠬᠤᠮ᠎ᠢᠶᠠᠷ ᠳᠡᠭᠡᠭ᠌ᠰᠢᠯᠡᠭᠦᠯᠪᠡ; ᠱᠠᠨᠰᠢ ᠮᠤᠵᠢ᠎ᠶ᠋ᠢᠨ ᠬᠢᠨ 《ᠲᠦᠷᠪᠡᠨ ᠰᠠᠢ᠌ᠨ ᠬᠥᠳᠡᠭᠡ ᠲᠣᠰᠭᠣᠨ᠎ᠤ ᠵᠠᠮ》᠎ᠢ᠋ ᠲᠦᠷᠭᠡᠳᠬᠡᠨ ᠪᠦᠳᠦᠬᠡᠨ ᠪᠠᠢᠭᠤᠯᠵᠤ᠂ ᠨᠤᠲᠤᠭ᠎ᠤᠨ ᠠᠬ᠎ᠠ ᠳᠡᠭᠦᠦ᠍᠎ᠨᠡᠷ᠎ᠦᠨ ᠶᠠᠪᠤᠵᠤ ᠰᠠᠭᠤᠬᠤ᠎ᠳᠤ ᠲᠦᠬᠦᠮ ᠦᠵᠡᠭᠦᠯᠪᠡ; ᠱᠢᠨᠵᠢᠶᠠᠩ ᠡᠯᠧᠺᠲ᠋ᠷᠣᠨ ᠬᠥᠳᠡᠯᠮᠦᠷᠢ᠎ᠶ᠋ᠢᠨ ᠭᠡᠷ᠎ᠡ᠎ᠪᠡᠷ ᠳᠠᠮᠵᠢᠨ ᠠᠵᠢᠯᠴᠢᠨ ᠬᠡᠷᠡᠭ᠌ᠯᠡᠬᠦ᠌ ᠠᠵᠢᠯ᠎ᠢ ᠡᠬᠢ ᠡᠭᠦᠰᠦᠯ᠎ᠡᠴᠡ ᠨᠢ ᠵᠢᠷᠤᠮᠵᠢᠭᠤᠯᠵᠤ᠂ ᠴᠠᠯᠢᠩ᠎ᠢ ᠬᠢᠨᠠᠨ ᠡᠵᠡᠮᠳᠡᠬᠦ᠌᠎ᠪᠡᠨ ᠴᠢᠩᠭᠠᠳᠭᠠᠨ ᠬᠥᠯᠥᠰᠥᠨ ᠲᠠᠷᠢᠶᠠᠴᠢᠨ᠎ᠤ ᠴᠠᠯᠢᠩ᠎ᠢ ᠥᠷᠢᠲᠦᠬᠦ᠌ ᠲᠦᠭ᠌ᠰᠢᠭᠦᠷᠢ᠎ᠶ᠋ᠢ ᠤᠷᠢᠳᠴᠢᠯᠠᠨ ᠰᠡᠷᠡᠮᠵᠢᠯᠡᠭᠦᠯᠵᠦ᠍ ᠪᠠᠭᠤᠷᠠᠭᠤᠯᠪᠠ ᠁

ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠢᠭᠡᠨᠲᠡ ᠲᠣᠭ᠍ᠲᠠᠭ᠍ᠰᠠᠨ ᠪᠠᠢᠯᠳᠤᠬᠤ ᠪᠤᠳᠤᠯᠭ᠎ᠠ᠎ᠶ᠋ᠢᠨ ᠬᠠᠷᠠᠯᠲᠠ ᠲᠡᠢᠰᠢ ᠤᠷᠤᠬᠰᠢᠯᠠᠵᠤ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠲᠣᠭ᠍ᠲᠠᠭᠤᠨ᠎ᠤ ᠳᠤᠮᠳᠠ ᠠᠬᠢᠯᠲᠠ ᠲᠠᠢ᠂ ᠢᠳᠡᠪᠬᠢᠲᠡᠢ ᠵᠢᠳᠬᠦᠯ ᠴᠢᠷᠮᠠᠢᠯᠭ᠎ᠠ ᠭᠠᠷᠭᠠᠵᠤ᠂ ᠳᠤᠮᠳᠠᠳᠤ ᠤᠯᠤᠰ᠎ᠤᠨ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢᠨ ᠢᠷᠡᠭᠡᠳᠦᠢ ᠭᠡᠭᠡᠨ ᠰᠠᠷᠠᠭᠤᠯ ᠪᠠᠢᠨ᠎ᠠ᠃

(ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 1 ᠰᠠᠷ᠎ᠠ᠎ᠶ᠋ᠢᠨ 20 ᠎ᠤ᠋ ᠴᠠᠬᠢᠯᠭᠠᠨ ᠮᠡᠳᠡᠭᠡ ᠡᠴᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面