ᠲᠡᠷᠢᠭᠦᠨ ᠨᠢᠭᠤᠷ>ᠴᠠᠭ ᠲᠦᠷᠦ>ᠬᠠᠯᠠᠮᠰᠢᠯ ᠠᠰᠠᠭᠤᠳᠠᠯ

2026-04-20 09:33:48

ᠵᠣᠬᠢᠶᠠᠭ᠍ᠴᠢ᠄ ᠹᠸᠩ ᠵᠢᠶᠠ ᠱᠦᠨ ᠬᠤᠸᠠᠩ ᠵᠢᠶᠠᠩ ᠯᠢᠨ ᠸᠠᠩ ᠾᠧ ᠣᠩᠱᠢᠭ᠍ᠰᠠᠨ ᠣᠳᠠᠭ᠎ᠠ᠄ 3

— ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ᠎ᠦᠨ᠎ᠬᠢᠨ ᠪᠥᠬᠥ᠌ ᠠᠷᠠᠳ᠎ᠤᠨ ᠤᠯᠤᠰ᠎ᠤᠨ ᠠᠮᠤᠷ ᠲᠦᠪᠱᠢᠨ᠎ᠦ ᠬᠥᠮᠦᠵᠢᠯ᠎ᠦᠨ ᠡᠳᠦᠷ᠎ᠦᠨ ᠤᠬᠠᠭᠤᠯᠭ᠎ᠠ ᠬᠥᠮᠦᠵᠢᠯ᠎ᠦᠨ ᠠᠵᠢᠯᠯᠠᠭ᠎ᠠ ᠵᠢ ᠥᠷᠭᠡᠨ᠎ᠢᠶᠡᠷ ᠥᠷᠨᠢᠭᠦᠯᠪᠡ


ᠬᠤᠪᠸᠢ ᠮᠤᠵᠢ᠎ᠶ᠋ᠢᠨ ᠬᠠᠨᠺᠸᠤ ᠥᠷᠲᠡᠭᠡ᠎ᠳᠦ᠂ ᠦᠬᠠᠨ᠎ᠤ ᠲᠡᠮᠦᠷ ᠵᠠᠮ᠎ᠤᠨ ᠳᠣᠲᠣᠭᠠᠳᠤ᠎ᠶ᠋ᠢ ᠬᠠᠮᠠᠭᠠᠯᠠᠬᠤ ᠭᠠᠵᠠᠷ᠎ᠤᠨ ᠠᠷᠠᠳ᠎ᠤᠨ ᠴᠠᠭ᠍ᠳᠠᠭ᠎ᠠ᠂ ᠰᠠᠢᠨ ᠳᠤᠷᠠᠴᠤᠳ ᠡᠴᠡ ᠠᠶᠠᠨᠴᠢᠳ᠎ᠲᠤ ᠤᠯᠤᠰ᠎ᠤᠨ ᠠᠮᠤᠷ ᠲᠦᠪᠱᠢᠨ᠎ᠳᠦ ᠬᠤᠤᠷ ᠬᠥᠨᠥᠭᠡᠯ ᠤᠴᠠᠷᠠᠭᠤᠯᠬᠤ ᠦᠶ᠋ᠯᠡ ᠠᠵᠢᠯᠯᠠᠭ᠎ᠠ᠎ᠶ᠋ᠢ ᠰᠡᠷᠭᠡᠢᠯᠡᠨ ᠠᠷᠢᠯᠭᠠᠬᠤ ᠮᠡᠳᠡᠯᠭᠡ᠎ᠶ᠋ᠢ ᠤᠬᠠᠭᠤᠯᠤᠨ ᠲᠠᠢᠯᠪᠤᠷᠢᠯᠠᠨ᠎ᠠ;ᠵᠢᠶᠠᠩᠰᠢ ᠮᠤᠵᠢ᠎ᠶ᠋ᠢᠨ ᠭᠠᠨᠵᠸᠦ ᠬᠣᠲᠠ᠎ᠶ᠋ᠢᠨ ᠪᠠᠶ ᠶᠦᠨ ᠪᠠᠭ᠎ᠠ ᠰᠤᠷᠭᠠᠭᠤᠯᠢ᠎ᠳᠤ ᠰᠤᠷᠤᠭ᠍ᠴᠢᠳ ᠤᠯᠤᠰ᠎ᠤᠨ ᠠᠮᠤᠷ ᠲᠦᠪᠱᠢᠨ᠎ᠦ ᠬᠥᠮᠦᠵᠢᠯ᠎ᠦᠨ ᠭᠤᠤᠯ ᠰᠡᠳᠦᠪᠲᠦ ᠵᠢᠷᠤᠭ ᠵᠢᠷᠤᠵᠠᠭᠠᠨ᠎ᠠ᠃

ᠡᠨᠡ ᠵᠢᠯ᠎ᠦᠨ 4 ᠰᠠᠷ᠎ᠠ᠎ᠶ᠋ᠢᠨ 15 ᠤ᠋ ᠡᠳᠦᠷ ᠪᠣᠯ ᠠᠷᠪᠠᠨ ᠨᠢᠭᠡᠳᠡᠬᠢ ᠪᠦᠬᠦ᠌ ᠠᠷᠠᠳ᠎ᠤᠨ ᠤᠯᠤᠰ᠎ᠤᠨ ᠠᠮᠤᠷ ᠲᠦᠪᠱᠢᠨ᠎ᠦ ᠬᠥᠮᠦᠵᠢᠯ᠎ᠦᠨ ᠡᠳᠦᠷ ᠪᠣᠯᠤᠨ᠎ᠠ᠃ ᠤᠢ᠍ᠢᠷ᠎ᠠ᠎ᠶ᠋ᠢᠨ ᠡᠳᠦᠷ᠎ᠦᠳ᠎ᠲᠦ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ᠎ᠦᠨ ᠬᠢᠨ 《ᠬᠥᠭ᠌ᠵᠢᠯᠳᠡ ᠪᠠ ᠠᠮᠤᠷ ᠲᠦᠪᠱᠢᠨ ᠢ᠋ ᠨᠢᠭᠡᠳᠦᠯᠲᠡᠢ ᠲᠥᠯᠥᠪᠵᠢᠭᠦᠯᠦᠨ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠱᠢᠨ᠎ᠡ ᠠᠶᠠᠨ᠎ᠢ ᠬᠠᠮᠠᠭᠠᠯᠠᠬᠤ》 ᠭᠣᠣᠯ ᠰᠡᠳᠦᠪ᠎ᠦᠨ ᠲᠣᠭᠣᠷᠢᠨ᠎ᠳᠤ᠂ ᠪᠦᠬᠦ᠌ ᠠᠷᠠᠳ᠎ᠤᠨ ᠤᠯᠤᠰ᠎ᠤᠨ ᠠᠮᠤᠷ ᠲᠦᠪᠱᠢᠨ᠎ᠦ ᠬᠥᠮᠦᠵᠢᠯ᠎ᠦᠨ ᠡᠳᠦᠷ᠎ᠦᠨ ᠤᠬᠠᠭᠤᠯᠭ᠎ᠠ ᠬᠥᠮᠦᠵᠢᠯ᠎ᠦᠨ ᠠᠵᠢᠯᠯᠠᠭ᠎ᠠ᠎ᠶ᠋ᠢ ᠥᠷᠭᠡᠨ ᠵᠢᠡᠷ ᠥᠷᠨᠢᠭᠦᠯᠵᠦ᠍᠂ ᠤᠯᠤᠰ᠎ᠤᠨ ᠶᠡᠷᠦᠩᠬᠡᠢ ᠠᠮᠤᠷ ᠲᠦᠪᠱᠢᠨ᠎ᠦ ᠦᠵᠡᠯᠲᠡ᠎ᠶ᠋ᠢ ᠬᠥᠮᠦᠰ᠎ᠦᠨ ᠰᠡᠳᠭᠢᠯ᠎ᠳᠦ ᠭᠦᠨ ᠬᠠᠳᠠᠩᠱᠢᠭᠤᠯᠬᠤ᠎ᠶ᠋ᠢ ᠠᠬᠢᠭᠤᠯᠪᠠ᠃

ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠲᠥᠪ ᠬᠣᠷᠢᠶ᠎ᠠ᠂ ᠤᠯᠤᠰ᠎ᠤᠨ ᠠᠮᠤᠷ ᠲᠦᠪᠱᠢᠨ᠎ᠦ ᠶᠠᠮᠤᠨ 《ᠤᠯᠤᠰ᠎ᠤᠨ ᠠᠮᠤᠷ ᠲᠦᠪᠱᠢᠨ ᠵᠠᠯᠠᠭᠤ ᠨᠠᠰᠤᠨ᠎ᠤ ᠬᠠᠷᠢᠭᠤᠴᠠᠯᠭ᠎ᠠ》 ᠭᠡᠬᠦ᠌ ᠭᠤᠤᠯ ᠰᠡᠳᠦᠪᠲᠦ ᠡᠪᠯᠡᠯ᠎ᠦᠨ ᠡᠳᠦᠷ᠎ᠦᠨ ᠠᠵᠢᠯᠯᠠᠭ᠎ᠠ᠎ᠶ᠋ᠢ ᠡᠬᠢᠯᠡᠭᠦᠯᠪᠡ; ᠬᠠᠤᠯᠢ ᠴᠠᠭᠠᠵᠠ᠎ᠶ᠋ᠢᠨ ᠶᠠᠮᠤᠨ᠂ ᠪᠥᠬᠥ᠌ ᠤᠯᠤᠰ᠎ᠤᠨ ᠬᠠᠤᠯᠢ ᠴᠠᠭᠠᠵᠠ ᠵᠢᠨ ᠮᠡᠳᠡᠯᠭᠡ ᠵᠢ ᠲᠦᠭᠡᠮᠡᠯᠵᠢᠭᠦᠯᠬᠦ᠌ ᠠᠯᠪᠠᠨ ᠬᠡᠷ 2026 ᠣᠨ᠎ᠤ ᠪᠥᠬᠥ᠌ ᠠᠷᠠᠳ᠎ᠤᠨ ᠤᠯᠤᠰ᠎ᠤᠨ ᠠᠮᠤᠷ ᠲᠦᠪᠱᠢᠨ᠎ᠦ ᠬᠥᠮᠦᠵᠢᠯ᠎ᠦᠨ ᠡᠳᠦᠷ᠎ᠦᠨ ᠬᠠᠤᠯᠢ ᠴᠠᠭᠠᠵᠠ ᠵᠢᠨ ᠮᠡᠳᠡᠯᠭᠡ ᠵᠢ ᠲᠦᠭᠡᠮᠡᠯᠵᠢᠭᠦᠯᠬᠦ᠌ ᠤᠬᠠᠭᠤᠯᠭ᠎ᠠ᠎ᠶ᠋ᠢᠨ ᠠᠵᠢᠯᠯᠠᠭ᠎ᠠ᠎ᠶ᠋ᠢ ᠪᠠᠢᠷᠢᠯᠠᠭᠤᠯᠤᠨ ᠥᠷᠨᠢᠭᠦᠯᠪᠡ; ᠲᠤᠮᠳᠠᠳᠤ ᠵᠢᠨ ᠪᠦᠬᠦ᠌ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ ᠪᠦᠬᠦ᠌ ᠤᠯᠤᠰ᠎ᠤᠨ ᠠᠵᠢᠯᠴᠢᠨ᠎ᠤ ᠡᠪᠯᠡᠯ᠎ᠦᠨ ᠤᠯᠤᠰ᠎ᠤᠨ ᠠᠮᠤᠷ ᠲᠦᠪᠱᠢᠨ᠎ᠦ ᠭᠣᠣᠯ ᠰᠡᠳᠦᠪᠲᠦ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠶ᠋ᠢ ᠵᠣᠬᠢᠶᠠᠨ ᠪᠠᠢᠭᠤᠯᠵᠤ ᠥᠷᠨᠢᠭᠦᠯᠪᠡ ᠁ ᠲᠦᠪ ᠤ᠋ᠨ ᠪᠠ ᠲᠦᠷᠦ ᠵᠢᠨ ᠪᠠᠢᠭᠤᠯᠭ᠎ᠠ ᠡᠯ᠎ᠠ ᠭᠠᠵᠠᠷ ᠤᠷᠤᠨ᠂ ᠡᠯ᠎ᠠ ᠰᠠᠯᠠᠭ᠎ᠠ ᠮᠦᠴᠢᠷ ᠢ᠋ ᠳᠠᠢᠴᠢᠯᠠᠨ ᠤᠯᠤᠰ ᠤ᠋ᠨ ᠶᠡᠷᠦᠩᠬᠡᠢ ᠠᠮᠤᠷ ᠲᠦᠪᠰᠢᠨ ᠤ᠋ ᠦᠵᠡᠯᠳᠡ ᠵᠢ ᠰᠤᠷᠤᠯᠴᠠᠨ ᠤᠬᠠᠭᠤᠯᠵᠤ᠂ ᠤᠯᠤᠰ ᠤ᠋ᠨ ᠠᠮᠤᠷ ᠲᠦᠪᠰᠢᠨ ᠤ᠋ ᠬᠠᠯᠬᠠᠪᠴᠢ ᠵᠢ ᠪᠦᠬᠦ ᠠᠷᠠᠳ ᠵᠢᠡᠷ ᠵᠢᠡᠨ ᠬᠠᠮᠳᠦ ᠪᠡᠷ ᠴᠤᠭᠴᠠᠯᠠᠬᠤ ᠬᠦᠴᠦᠷᠬᠡᠭ ᠶᠡᠬᠡ ᠬᠠᠮᠳᠤᠷᠠᠯ ᠬᠦᠴᠦᠨ ᠢ᠋ ᠨᠢᠭᠳᠠᠷᠠᠭᠤᠯᠵᠠᠢ᠃

ᠱᠢᠨ᠎ᠡ᠎ᠪᠡᠷ ᠮᠠᠨᠳᠤᠭᠰᠠᠨ ᠬᠦᠷᠢᠶᠡᠨ᠎ᠳᠡᠬᠢ ᠤᠯᠤᠰ᠎ᠤᠨ ᠠᠮᠤᠷ ᠲᠦᠪᠱᠢᠨ᠎ᠦ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠬᠤ ᠪᠣᠯ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠢ ᠲᠥᠯᠥᠪᠵᠢᠭᠦᠯᠬᠦ᠂ ᠤᠯᠤᠰ᠎ᠤᠨ ᠠᠮᠤᠷ ᠲᠦᠪᠱᠢᠨ᠎ᠦ ᠪᠠᠢᠯᠳᠤᠬᠤ ᠪᠤᠳᠤᠯᠭ᠎ᠠ᠎ᠶ᠋ᠢᠨ ᠰᠠᠨᠠᠭᠠᠴᠢᠯᠠᠭᠠᠲᠤ ᠴᠢᠨᠠᠷ᠎ᠢ ᠴᠢᠩᠭᠠᠳᠭᠠᠨ ᠬᠠᠮᠠᠭᠠᠯᠠᠬᠤ ᠪᠠ ᠪᠤᠢ ᠪᠣᠯᠭᠠᠬᠤ᠎ᠶ᠋ᠢᠨ ᠲᠤᠯᠭᠠᠮ ᠬᠡᠷᠡᠭ᠌ᠴᠡᠭᠡ ᠮᠥᠨ᠂ ᠲᠡᠷᠡ ᠨᠢ ᠴᠢᠬᠤᠯᠠ ᠠᠴᠢ ᠬᠣᠯᠪᠣᠭ᠍ᠳᠠᠯ᠎ᠲᠠᠶ ᠶᠤᠮ᠃

ᠲᠣᠭᠠᠴᠢᠯᠠᠭ᠍ᠰᠠᠨ ᠣᠷᠣᠨ ᠵᠠᠢ᠎ᠳᠠᠬᠢ ᠳᠠᠭᠠᠷᠢᠯᠳᠠ ᠪᠠ ᠰᠡᠷᠭᠡᠢᠯᠡᠯᠲᠡ ᠵᠢ ᠭᠦᠨᠵᠡᠭᠡᠢ ᠪᠡᠶᠡᠴᠢᠯᠡᠨ ᠤᠢᠯᠠᠭᠠᠵᠤ᠂ ᠤᠢ᠍ᠢᠷ᠎ᠠ ᠵᠠᠢ ᠡᠴᠡ ᠲᠤᠮᠤ ᠬᠡᠯᠪᠡᠷᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠤ ᠠᠬᠤᠢᠯᠠᠯ᠎ᠤᠨ ᠪᠦᠬᠦ᠌ ᠬᠡᠯᠬᠢᠶᠡᠨ᠎ᠦ ᠠᠮᠤᠷ ᠲᠦᠪᠱᠢᠨ᠎ᠦ ᠪᠠᠲᠤᠯᠠᠭ᠎ᠠ᠎ᠶ᠋ᠢᠨ ᠱᠢᠰᠲ᠋ᠧᠮ᠎ᠢ ᠤᠢᠯᠠᠭᠠᠨ᠎ᠠ ᠁ ᠤᠢ᠍ᠢᠷ᠎ᠠ᠎ᠶ᠋ᠢᠨ ᠡᠳᠦᠷ᠂ ᠲᠢᠶᠠᠨᠵᠢᠨ ᠬᠤᠳᠠ᠎ᠶ᠋ᠢᠨ ᠵᠢᠨᠨᠠᠨ ᠲᠣᠭᠣᠷᠢᠭ᠎ᠤᠨ ᠭᠣᠣᠯᠳᠠᠯᠭ᠎ᠠ᠎ᠲᠠᠶ ᠠᠵᠤ ᠦᠢᠯᠡᠰ᠎ᠦᠨ ᠬᠡᠯᠬᠢᠶ᠎ᠡ ᠵᠢᠴᠢ ᠬᠣᠯᠪᠣᠭ᠍ᠳᠠᠯ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠤ ᠠᠬᠤᠢᠯᠠᠯ᠎ᠤᠨ ᠲᠥᠯᠥᠭᠡᠯᠡᠭ᠌ᠴᠢ ᠲᠢᠶᠠᠨ ᠺᠠᠢ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠦᠷᠢᠶᠡᠯᠡᠩ᠎ᠦᠨ ᠵᠢᠨᠨᠠᠨ ᠳ᠋ᠡᠬᠢ ᠬᠦᠷᠢᠶᠡᠯᠡᠩ᠎ᠳᠦ ᠬᠦᠷᠴᠦ᠍᠂ ᠬᠠᠷᠢᠯᠴᠠᠨ ᠬᠦᠳᠡᠯᠦᠯᠴᠡᠬᠦ ᠪᠠ ᠲᠤᠬᠠᠢ᠎ᠶ᠋ᠢᠨ ᠲᠠᠯᠠᠪᠠᠢ᠎ᠳᠤ ᠲᠣᠭᠣᠷᠢᠨ ᠦᠵᠡᠵᠦ᠍᠂ ᠤᠨᠴᠠᠭᠠᠢ ᠤᠳᠬ᠎ᠠ ᠠᠭᠤᠯᠭ᠎ᠠ ᠪᠦᠬᠦᠢ ᠤᠯᠤᠰ᠎ᠤᠨ ᠠᠮᠤᠷ ᠲᠦᠪᠱᠢᠨ᠎ᠦ ᠦᠢᠯᠡᠳᠦᠯᠭᠡ᠎ᠶ᠋ᠢᠨ ᠬᠢᠴᠢᠶᠡᠯ ᠣᠷᠣᠪᠠ᠃

《ᠡᠨᠡ ᠡᠳᠦᠷ᠎ᠦᠨ ᠠᠵᠢᠯᠯᠠᠭ᠎ᠠ ᠡᠴᠡ ᠳ᠋ᠠᠢᠲ᠋ᠠ᠎ᠶ᠋ᠢᠨ ᠠᠮᠤᠷ ᠲᠦᠪᠱᠢᠨ᠂ ᠰᠦᠯᠵᠢᠶᠡᠨ᠎ᠦ ᠠᠮᠤᠷ ᠲᠦᠪᠱᠢᠨ᠎ᠦ ᠲᠤᠬᠠᠶ ᠪᠢ ᠨᠠᠩ ᠬᠦᠨᠵᠡᠬᠡᠢ ᠲᠠᠨᠢᠯᠲᠠ᠎ᠲᠠᠶ ᠪᠣᠯᠵᠤ᠂ ᠪᠢᠳᠡᠨ᠎ᠦ ᠲᠣᠭᠠᠴᠢᠯᠠᠯᠳᠠ ᠲᠡᠢᠰᠢ ᠬᠡᠯᠪᠡᠷᠢ᠎ᠪᠡᠨ ᠬᠤᠪᠢᠷᠠᠭᠤᠯᠬᠤ ᠳᠤᠮᠳᠠᠬᠢ ᠡᠯ᠎ᠡ ᠲᠥᠷᠥᠯ᠎ᠦᠨ ᠠᠶᠤᠯ ᠲᠦᠭ᠌ᠰᠢᠭᠦᠷᠢ ᠥᠷᠢᠰᠥᠯᠳᠦᠭᠡᠨ᠎ᠢ ᠯᠠᠪᠳᠠᠭᠤᠨ᠎ᠢᠶᠠᠷ ᠠᠷᠭᠠᠴᠠᠭᠠᠬᠤ᠎ᠳᠤ ᠱᠢᠨ᠎ᠡ ᠰᠡᠳᠭᠢᠮᠵᠢ ᠬᠠᠩᠭᠠᠪᠠ》 ᠭᠡᠵᠤ ᠠᠵᠢᠯᠯᠠᠭ᠎ᠠ᠎ᠳᠤ ᠣᠷᠣᠯᠴᠠᠭ᠍ᠰᠠᠨ ᠲᠢᠶᠠᠨ ᠮᠤᠤ ᠱᠤ᠌ ᠶᠦᠨ (ᠲᠢᠶᠠᠨᠵᠢᠨ) ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠳᠡᠳ᠋ ᠶᠡᠷᠦᠩᠬᠡᠢ ᠳᠠᠭᠠᠭᠠᠮᠠᠯ ᠲᠤᠤ ᠽᠢ ᠴᠧᠨ ᠬᠡᠯᠡᠪᠡ᠃

ᠠᠮᠢ ᠠᠬᠤᠢ᠎ᠶ᠋ᠢᠨ ᠠᠮᠤᠷ ᠲᠦᠪᠱᠢᠨ ᠪᠣᠯ ᠤᠯᠤᠰ᠎ᠤᠨ ᠠᠮᠤᠷ ᠲᠦᠪᠱᠢᠨ᠎ᠦ ᠴᠢᠬᠤᠯᠠ ᠪᠦᠷᠢᠯᠳᠦᠬᠦᠨ ᠬᠡᠰᠡᠭ ᠮᠥᠨ᠃ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ᠎ᠳᠦ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ ᠡᠴᠡ ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠶ᠋ᠢᠨ ᠪᠢᠴᠢᠭ᠎ᠢ ᠬᠢᠨᠠᠨ ᠵᠥᠪᠯᠡᠵᠦ᠍ ᠪᠠᠲᠤᠯᠠᠨ᠂ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠤᠯᠢ ᠪᠡᠷ ᠵᠠᠰᠠᠬᠤ ᠰᠠᠭᠤᠷᠢ᠎ᠶ᠋ᠢ ᠤᠯᠠᠮ ᠨᠢᠭᠡ ᠠᠯᠬᠤᠮ ᠪᠡᠬᠢᠵᠢᠭᠦᠯᠪᠡ᠃

4 ᠰᠠᠷ᠎ᠠ᠎ᠶ᠋ᠢᠨ 8 ᠤ᠋ ᠥᠷᠯᠥᠭᠡ᠂ ᠳ᠋ᠠ ᠶᠢᠩ ᠵᠢᠶᠠᠩ ᠮᠥᠷᠡᠨ᠎ᠦ ᠬᠦᠪᠡᠭᠡᠨ ᠳ᠋ᠤ ᠮᠠᠨᠠᠨ ᠬᠦᠳᠡᠩ ᠳᠠᠳᠠᠵᠤ᠂ ᠥᠪᠡᠷᠮᠢᠴᠡ ᠣᠨᠴᠠᠯᠢᠭ᠎ᠲᠠᠶ ᠪᠣᠳᠠᠲᠤ ᠦᠵᠡᠮᠵᠢ᠎ᠶ᠋ᠢᠨ ᠬᠢᠴᠢᠶᠡᠯ ᠵᠢᠩᠬᠢᠨᠢ᠎ᠪᠡᠷ ᠡᠬᠢᠯᠡᠪᠡ᠃ ᠳ᠋ᠸ ᠬᠣᠩ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶ᠋ᠢᠨ 30 ᠭᠠᠷᠤᠢ ᠪᠠᠭ᠍ᠰᠢ ᠰᠤᠷᠤᠭ᠍ᠴᠢ ᠶᠦᠨᠨᠠᠨ᠎ᠤ ᠲᠦᠩ ᠪᠢ ᠭᠤᠸᠠᠨ ᠬᠡᠳᠡᠭ ᠮᠤᠵᠢ᠎ᠶ᠋ᠢᠨ ᠳᠡᠰ᠎ᠤᠨ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠳᠤ ᠬᠦᠷᠴᠦ᠍᠂ ᠠᠮᠢ ᠠᠬᠤᠢ᠎ᠶ᠋ᠢᠨ ᠠᠮᠤᠷ ᠲᠦᠪᠱᠢᠨ᠎ᠦ ᠴᠢᠬᠤᠯᠠ ᠴᠢᠨᠠᠷ᠎ᠢ ᠭᠦᠨᠵᠡᠭᠡᠢ ᠣᠢᠯᠠᠭᠠᠵᠠᠢ᠃

《ᠳ᠋ᠠ ᠶᠢᠩ ᠵᠢᠶᠠᠩ ᠮᠦᠷᠡᠨ ᠦᠷᠭᠡᠨ ᠠᠭᠤᠳᠠᠮ ᠡᠬᠡ ᠭᠠᠵᠠᠷ᠎ᠢ ᠤᠮᠳᠠᠯᠠᠵᠤ᠂ ᠪᠠᠷᠠᠭᠤᠨ ᠡᠮᠦᠨᠡᠲᠦ᠍᠎ᠶ᠋ᠢᠨ ᠠᠮᠢ ᠠᠬᠤᠢ᠎ᠶ᠋ᠢᠨ ᠠᠮᠤᠷ ᠲᠦᠪᠱᠢᠨ᠎ᠢ ᠬᠠᠮᠠᠭᠠᠯᠠᠬᠤ ᠴᠢᠬᠤᠯᠠ ᠬᠠᠯᠬᠠᠪᠴᠢ ᠪᠣᠯᠪᠠ》᠂ ᠶᠦᠨᠨᠠᠨ᠎ᠤ ᠲᠦᠩ ᠪᠢ ᠭᠤᠸᠠᠨ ᠬᠡᠳᠡᠭ ᠮᠤᠵᠢ᠎ᠶ᠋ᠢᠨ ᠲᠠᠰ᠎ᠤᠨ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠤ ᠬᠠᠮᠢᠶᠠᠷᠴᠤ᠌ ᠬᠠᠮᠠᠭᠠᠯᠠᠬᠤ ᠲᠣᠪᠴᠢᠶ᠎ᠠ᠎ᠶ᠋ᠢᠨ ᠱᠢᠨᠵᠢᠯᠡᠬᠦ᠌ ᠤᠬᠠᠭᠠᠨ ᠤ᠋ ᠮᠡᠳᠡᠯᠭᠡ ᠵᠢ ᠲᠦᠭᠡᠮᠡᠯᠵᠢᠭᠦᠯᠬᠦ᠌ ᠤᠬᠠᠭᠤᠯᠭ᠎ᠠ ᠬᠥᠮᠦᠵᠢᠯ᠎ᠦᠨ ᠰᠠᠯᠠᠭᠠᠨ᠎ᠤ ᠳᠠᠷᠤᠭ᠎ᠠ ᠬᠥᠩ ᠴᠢᠶᠠᠩ ᠪᠠᠩ ᠲᠤᠬᠠᠶ᠎ᠶ᠋ᠢᠨ ᠲᠠᠯᠠᠪᠠᠶ᠎ᠳᠤ ᠬᠢᠴᠢᠶᠡᠯ ᠣᠷᠣᠵᠤ᠂ ᠰᠤᠷᠤᠭ᠍ᠴᠢᠳ ᠰᠠᠨᠠᠭᠠᠴᠢᠯᠠᠭ᠎ᠠ ᠡᠴᠡ᠎ᠪᠠᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠡᠩᠨᠡᠭᠡ᠎ᠳᠦ ᠣᠷᠣᠵᠤ᠂ ᠬᠢᠯᠢ ᠬᠢᠵᠠᠭᠠᠷ ᠣᠷᠣᠨ᠎ᠤ ᠨᠤᠮᠢᠨ ᠤᠰᠤ ᠬᠦᠬᠡᠮᠳᠦᠭ ᠠᠭᠤᠯᠠ ᠪᠠ ᠠᠮᠢᠳᠠᠨ ᠭᠤᠤᠯᠳᠠᠨ᠎ᠢ ᠰᠠᠢᠲᠤᠷ ᠰᠠᠬᠢᠨ ᠬᠠᠮᠠᠭᠠᠯᠠᠬᠤ ᠵᠢ ᠤᠷᠢᠶᠠᠯᠠᠪᠠ᠃

《ᠢᠷᠡᠭᠡᠳᠦᠶ᠎ᠶ᠋ᠢᠨ ᠬᠡᠦᠬᠡᠳ᠎ᠦᠨ ᠰᠤᠷᠭᠠᠨ ᠬᠥᠮᠦᠵᠢᠯ᠎ᠦᠨ ᠠᠵᠢᠯᠲᠠᠨ ᠪᠣᠯᠤᠭ᠍ᠰᠠᠨ᠎ᠤ ᠬᠤᠪᠢ᠎ᠳᠤ᠂ ᠪᠢ ᠠᠮᠢ ᠠᠬᠤᠶ᠎ᠶ᠋ᠢᠨ ᠰᠤᠷᠭᠠᠨ ᠬᠥᠮᠦᠵᠢᠯ᠂ ᠤᠯᠤᠰ᠎ᠤᠨ ᠠᠮᠤᠷ ᠲᠦᠪᠱᠢᠨ᠎ᠦ ᠮᠡᠳᠡᠯᠭᠡ᠎ᠶ᠋ᠢ ᠬᠢᠴᠢᠶᠡᠯ᠎ᠦᠨ ᠲᠠᠩᠬᠢᠮ᠎ᠳᠤ ᠠᠭᠤᠰᠭᠠᠵᠤ᠂ ᠬᠡᠦᠬᠡᠳ᠎ᠦᠳ ᠤ᠋ᠨ ᠰᠡᠳᠭᠢᠯ ᠳ᠋ᠤ ᠪᠠᠢᠭᠠᠯᠢ᠎ᠶ᠋ᠢ ᠬᠠᠮᠠᠭᠠᠯᠠᠬᠤ᠂ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠦᠷ᠎ᠡ ᠵᠢ ᠲᠠᠷᠢᠨ᠎ᠠ》 ᠭᠡᠵᠦ᠍ ᠰᠤᠷᠤᠭ᠍ᠴᠢ ᠸᠠᠩ ᠱᠤ᠌ ᠢ ᠬᠡᠯᠡᠪᠡ᠃

ᠨᠠᠷ᠎ᠠ ᠦᠬᠡᠢ ᠪᠠᠭᠠᠳᠤᠷᠴᠤᠳ᠎ᠤᠨ ᠴᠢᠰᠤ ᠮᠢᠬ᠎ᠠ ᠪᠡᠷ᠎ᠢᠶᠡᠨ ᠪᠦᠳᠦᠬᠡᠭᠰᠡᠨ ᠢᠷᠠᠭᠤ ᠠᠯᠳᠠᠷ᠎ᠢ ᠠᠷᠠᠳ ᠲᠦᠮᠡᠨ ᠮᠠᠷᠲᠠᠬᠤ ᠥᠬᠡᠶ᠂ ᠲᠡᠦᠬᠡ ᠮᠠᠷᠲᠠᠬᠤ ᠥᠬᠡᠶ ᠶᠤᠮ᠃

4 ᠰᠠᠷ᠎ᠠ᠎ᠶ᠋ᠢᠨ 9 ᠤ᠋ ᠡᠳᠦᠷ᠂ ᠹᠦᠵᠢᠶᠠᠨ᠎ᠤ ᠹᠦᠵᠧᠦ᠍᠎ᠶ᠋ᠢᠨ ᠼᠠᠩᠱᠠᠨ ᠲᠣᠭᠣᠷᠢᠭ᠎ᠤᠨ ᠯᠦᠸᠸ ᠵᠧᠦ ᠡᠷᠲᠡᠨ᠎ᠦ ᠪᠠᠯᠭᠠᠰᠤ᠎ᠶ᠋ᠢᠨ ᠦ᠋ ᠱ᠌ᠢ ᠵᠠᠩᠵᠤᠨ᠎ᠤ ᠬᠠᠭᠤᠴᠢᠨ ᠰᠠᠭᠤᠴᠠ ᠨᠢ 《ᠪᠦᠬᠦ᠌ ᠤᠯᠤᠰ᠎ᠤᠨ ᠤᠯᠤᠰ᠎ᠤᠨ ᠠᠮᠤᠷ ᠲᠦᠪᠱᠢᠨ᠎ᠦ ᠬᠥᠮᠦᠵᠢᠯ᠎ᠦᠨ ᠰᠠᠭᠤᠷᠢᠨ》 ᠬᠡᠮᠡᠨ ᠨᠡᠷᠡᠢᠳᠦᠭ᠌ᠳᠡᠪᠡ᠂ ᠡᠨᠡ ᠬᠦ᠌ ᠵᠠᠭᠤᠨ ᠵᠢᠯ᠎ᠦᠨ ᠡᠷᠲᠡᠨ᠎ᠦ ᠬᠠᠭᠤᠴᠢᠨ ᠰᠠᠭᠤᠴᠠ ᠨᠢ ᠲᠡᠦᠬᠡ ᠪᠣᠯᠤᠨ ᠪᠣᠳᠠᠲᠤ ᠠᠬᠤᠢ᠎ᠶ᠋ᠢ ᠬᠣᠯᠪᠣᠭ᠍ᠰᠠᠨ ᠠᠮᠢᠳᠤᠯᠢᠭ ᠬᠢᠴᠢᠶᠡᠯ᠎ᠦᠨ ᠲᠠᠩᠬᠢᠮ ᠪᠤᠯᠵᠤ᠂ ᠱᠢᠨ᠎ᠡ ᠴᠠᠭ ᠦᠶ᠎ᠡ᠎ᠶ᠋ᠢᠨ ᠭᠡᠷᠡᠯ ᠭᠢᠯᠪᠠᠭ᠎ᠠ᠎ᠪᠠᠨ ᠰᠠᠴᠤᠷᠠᠭᠤᠯᠵᠠᠢ᠃

ᠬᠠᠭᠤᠴᠢᠨ ᠰᠠᠭᠤᠴᠠ᠎ᠳᠤ᠂ ᠬᠡᠳᠦᠨ ᠴᠢᠬᠤᠯᠠ ᠲᠡᠦᠬᠡᠨ ᠮᠠᠲᠧᠷᠢᠶᠠᠯ᠎ᠢ ᠠᠩᠬ᠎ᠠ ᠤᠳᠠᠭ᠎ᠠ ᠢᠯᠡ᠎ᠪᠡᠷ ᠳᠡᠯᠭᠡᠨ ᠦᠵᠡᠭᠦᠯᠵᠦ᠍ ᠪᠤᠢ᠂ ᠡᠭᠦᠨ᠎ᠳᠦ ᠦ᠋ ᠱ᠌ᠢ ᠵᠠᠩᠵᠤᠨ᠎ᠤ ᠨᠡᠷ᠎ᠡ᠎ᠪᠡᠨ ᠪᠢᠴᠢᠨ ᠳᠠᠷᠤᠮᠠᠯᠯᠠᠭ᠍ᠰᠠᠨ 《ᠶᠠᠫᠣᠨ᠎ᠤ ᠨᠢᠭᠤᠴᠠ ᠮᠡᠳᠡᠭᠡᠨ᠎ᠦ ᠲᠣᠪᠴᠢ》 (ᠬᠠᠭᠤᠯᠪᠤᠷᠢ) ᠵᠡᠷᠭᠡ᠎ᠶ᠋ᠢ ᠪᠠᠭ᠍ᠲᠠᠭᠠᠵᠤ᠂ ᠱᠢᠨ᠎ᠡ ᠴᠠᠭ ᠦᠶ᠎ᠡ᠎ᠶ᠋ᠢᠨ ᠤᠯᠤᠰ᠎ᠤᠨ ᠠᠮᠤᠷ ᠲᠦᠪᠱᠢᠨ᠎ᠦ ᠤᠬᠠᠭᠤᠯᠭ᠎ᠠ ᠬᠥᠮᠦᠵᠢᠯ᠎ᠢ ᠴᠢᠩᠭᠠᠳᠭᠠᠬᠤ᠂ ᠪᠦᠬᠦ᠌ ᠠᠷᠠᠳ᠎ᠤᠨ ᠤᠯᠤᠰ᠎ᠤᠨ ᠠᠮᠤᠷ ᠲᠦᠪᠱᠢᠨ᠎ᠦ ᠤᠬᠠᠮᠰᠠᠷ᠎ᠢ ᠳᠡᠭᠡᠭ᠌ᠰᠢᠯᠡᠭᠦᠯᠬᠦ᠌᠎ᠳᠦ ᠤᠶᠤᠨ ᠰᠠᠨᠠᠭᠠᠨ᠎ᠤ ᠱᠢᠮ᠎ᠡ ᠲᠡᠵᠢᠭᠡᠯ ᠪᠠ ᠲᠡᠦᠬᠡ᠎ᠶ᠋ᠢᠨ ᠲᠤᠯᠢ ᠬᠠᠩᠭᠠᠪᠠ᠃

ᠲᠡᠦᠬᠡ ᠪᠣᠯ ᠬᠠᠮᠤᠭ᠎ᠤᠨ ᠰᠠᠢ᠌ᠨ ᠰᠤᠷᠬᠤ ᠪᠢᠴᠢᠭ ᠮᠥᠨ᠂ ᠪᠠᠰᠠ ᠴᠤ᠌ ᠤᠢ ᠮᠡᠳᠡᠷᠡᠯ᠎ᠢ ᠰᠡᠷᠭᠦᠭᠡᠬᠦ ᠬᠠᠮᠤᠭ᠎ᠤᠨ ᠰᠠᠢ᠌ᠨ ᠡᠮ ᠮᠥᠨ᠃

4 ᠰᠠᠷ᠎ᠠ᠎ᠶ᠋ᠢᠨ 10 ᠤ᠋ ᠡᠳᠦᠷ᠂ ᠬᠠᠷᠠᠮᠥ᠋ᠷᠡᠨ᠎ᠦ ᠬᠠᠷᠪᠢᠨ᠎ᠳᠤ ᠪᠠᠢᠭ᠎ᠠ ᠳᠤᠮᠳᠠᠳᠤ ᠤᠯᠤᠰ᠎ᠢ ᠲᠦᠷᠢᠮᠡᠬᠡᠢᠯᠡᠭ᠌ᠰᠡᠨ ᠶᠠᠫᠣᠨ ᠴᠡᠷᠢᠭ᠎ᠦᠨ 731 ᠴᠡᠷᠢᠭ ᠠᠩᠬᠢ᠎ᠶ᠋ᠢᠨ ᠶᠠᠯ᠎ᠠ᠎ᠶ᠋ᠢᠨ ᠬᠡᠷᠡᠴᠢ᠎ᠶ᠋ᠢ ᠳᠡᠯᠭᠡᠨ ᠦᠵᠡᠭᠦᠯᠬᠦ᠌ ᠣᠷᠳᠣᠨ᠎ᠳᠤ 《ᠤᠯᠤᠰ᠎ᠤᠨ ᠠᠮᠤᠷ ᠲᠦᠪᠱᠢᠨ᠎ᠤ᠋ ᠤᠷᠳᠤ ᠴᠠᠭᠠᠨ ᠬᠡᠷᠡᠮ᠎ᠢ ᠬᠠᠮᠲᠤ᠎ᠪᠠᠷ ᠴᠣᠭ᠍ᠴᠠᠯᠠᠶ᠎ᠠ》 ᠬᠡᠬᠦ ᠭᠣᠣᠯ ᠰᠡᠳᠦᠪᠲᠦ ᠤᠬᠠᠭᠤᠯᠭ᠎ᠠ᠎ᠶ᠋ᠢᠨ ᠠᠵᠢᠯᠯᠠᠭ᠎ᠠ ᠶᠠᠪᠤᠬᠳᠠᠪᠠ᠃

ᠠᠵᠢᠯᠯᠠᠭ᠎ᠠ᠎ᠶ᠋ᠢᠨ ᠲᠤᠬᠠᠶ᠎ᠶ᠋ᠢᠨ ᠲᠠᠯᠠᠪᠠᠶ᠎ᠳᠤ᠂ 《ᠤᠯᠤᠰ᠎ᠤᠨ ᠠᠮᠤᠷ ᠲᠦᠪᠱᠢᠨ᠎ᠦ ᠥᠷᠲᠡᠭᠡ》 ᠨᠢ ᠲᠤᠢᠯ᠎ᠤᠨ ᠢᠯᠠᠳᠠᠢ ᠬᠠᠷᠠᠬᠳᠠᠨ᠎ᠠ᠂ ᠲᠠᠢᠯᠪᠤᠷᠢᠯᠠᠭ᠍ᠴᠢ ᠲᠡᠷᠡ ᠬᠦ᠌ ᠬᠠᠷᠠᠰᠠᠯᠲᠤ ᠲᠡᠦᠬᠡ᠎ᠪᠡᠷ ᠤᠳᠤᠷᠢᠳᠤᠮᠵᠢ ᠪᠣᠯᠭᠠᠵᠤ᠂ ᠤᠯᠤᠰ᠎ᠤᠨ ᠠᠮᠤᠷ ᠲᠦᠪᠱᠢᠨ᠎ᠦ ᠲᠤᠬᠠᠢ ᠠᠮᠢᠳᠤᠯᠢᠭ ᠰᠠᠢᠬᠠᠨ ᠤᠬᠠᠭᠤᠯᠤᠨ ᠲᠠᠢᠯᠪᠤᠷᠢᠯᠠᠯᠲᠠ ᠬᠢᠪᠠ᠃

《ᠳᠡᠯᠭᠡᠨ ᠦᠵᠡᠭᠦᠯᠬᠦ᠌ ᠣᠷᠳᠣᠨ᠎ᠢ ᠲᠣᠭᠣᠷᠢᠨ ᠦᠵᠡᠵᠦ᠍ ᠪᠠᠷᠠᠭᠠᠳ ᠪᠢ ᠠᠮᠤᠷ ᠲᠦᠪᠱᠢᠨ ᠪᠠᠢᠬᠤ᠎ᠳᠠᠭᠠᠨ ᠠᠶᠤᠯ ᠲᠦᠭ᠌ᠰᠢᠭᠦᠷᠢ᠎ᠶ᠋ᠢ ᠮᠠᠷᠲᠠᠬᠤ ᠦᠭᠡᠢ ᠭᠡᠳᠡᠭ ᠪᠣᠯ ᠬᠤᠭᠤᠰᠤᠨ ᠤᠷᠢᠶ᠎ᠠ ᠪᠢᠰᠢ᠂ ᠪᠢᠳᠡ ᠬᠥᠮᠦᠨ ᠪᠦᠬᠦᠨ ᠪᠤᠳᠠᠳᠤ ᠠᠵᠢᠯᠯᠠᠭ᠎ᠠ ᠲᠡᠬᠡᠷ᠎ᠡ ᠪᠠᠨ ᠬᠦᠢᠴᠡᠳᠬᠡᠬᠦ ᠬᠡᠷᠡᠭ᠌ᠲᠡᠢ ᠭᠡᠳᠡᠭ᠎ᠢ ᠭᠦᠨᠵᠡᠭᠡᠢ ᠮᠡᠳᠡᠷᠡᠪᠡ》 ᠭᠡᠵᠦ ᠬᠠᠷᠪᠢᠨ᠎ᠤ ᠵᠠᠭᠤᠴᠢᠯᠠᠭᠤᠷ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶ᠋ᠢᠨ ᠰᠤᠷᠤᠭ᠍ᠴᠢ ᠸᠠᠩ ᠵᠢᠶᠠ ᠢ ᠬᠡᠯᠡᠪᠡ᠃

ᠣᠢᠷ᠎ᠠ᠎ᠳᠤ᠂ 《ᠤᠯᠤᠰ᠎ᠤᠨ ᠠᠮᠤᠷ ᠲᠦᠪᠱᠢᠨ᠎ᠦ ᠣᠷᠳᠣ ᠴᠠᠭᠠᠨ ᠬᠡᠷᠡᠮ᠎ᠦᠨ ᠠᠶᠠᠯᠠᠯ》᠎ᠤ᠋ᠨ ᠭᠤᠤᠯ ᠰᠡᠳᠦᠪᠲᠦ ᠠᠵᠢᠯᠯᠠᠭ᠎ᠠ ᠨᠢ ᠪᠥᠬᠥ᠌ ᠤᠯᠤᠰ᠎ᠤᠨ ᠣᠯᠠᠨ ᠭᠠᠵᠠᠷ᠎ᠲᠤ ᠢᠳᠡ ᠬᠦᠭ ᠲᠠᠢ ᠶᠠᠪᠤᠬᠳᠠᠵᠤ᠂ ᠣᠷᠳᠣ ᠴᠠᠭᠠᠨ ᠬᠡᠷᠡᠮ᠎ᠦᠨ ᠡᠯᠧᠮᠧᠨ᠋ᠲ᠎ᠢᠶᠡᠷ ᠰᠣᠶᠣᠯ᠎ᠤᠨ ᠠᠴᠢᠶᠠᠯᠠᠭ᠍ᠴᠢ ᠪᠣᠯᠭᠠᠨ᠂ ᠤᠯᠤᠰ᠎ᠤᠨ ᠠᠮᠤᠷ ᠲᠦᠪᠱᠢᠨ᠎ᠦ ᠲᠤᠬᠠᠶ ᠠᠸ᠋ᠭ᠎ᠠ ᠶᠡᠬᠡ ᠬᠦᠦᠷᠨᠢᠯ᠎ᠢ ᠰᠣᠶᠣᠯ ᠵᠢᠭᠤᠯᠴᠢᠯᠠᠯ᠎ᠤᠨ ᠲᠦᠷᠦᠯ ᠵᠦᠶ᠋ᠯ᠎ᠳᠤ ᠠᠭᠤᠰᠭᠠᠵᠤ᠂ 《ᠵᠦᠭᠡᠯᠡᠨ ᠪᠤᠷᠤᠭᠠᠨ ᠲᠦᠮᠡᠨ ᠪᠣᠳᠠᠰ᠎ᠢ ᠤᠮᠳᠠᠯᠠᠬᠤ》 ᠬᠡᠯᠪᠡᠷᠢ᠎ᠪᠡᠷ ᠤᠯᠤᠰ᠎ᠤᠨ ᠠᠮᠤᠷ ᠲᠦᠪᠱᠢᠨ᠎ᠦ ᠮᠡᠳᠡᠯᠭᠡ᠎ᠶ᠋ᠢ ᠤᠬᠠᠭᠤᠯᠪᠠ᠃

ᠤᠯᠤᠰ᠎ᠤᠨ ᠠᠮᠤᠷ ᠲᠦᠪᠱᠢᠨ᠎ᠦ ᠤᠬᠠᠮᠰᠠᠷ᠎ᠢ ᠪᠤᠢ ᠪᠤᠯᠭᠠᠬᠤ᠎ᠶ᠋ᠢᠨ ᠡᠷᠬᠢᠮ ᠨᠢ ᠭᠦᠨᠵᠡᠭᠡᠢᠷᠡᠬᠦᠯᠬᠦ᠌᠎ᠳᠦ ᠪᠤᠢ᠂ ᠭᠤᠤᠯ ᠨᠢ ᠤᠳᠠᠭᠠᠨ ᠳᠠᠭᠠᠭᠠᠮᠠᠭᠠᠢ ᠪᠠᠷᠢᠮᠳᠠᠯᠠᠬᠤ᠎ᠳᠤ ᠪᠤᠢ᠃

ᠭᠠᠳᠠᠭᠠᠳᠤ᠎ᠳᠤ ᠰᠤᠷᠤᠯᠴᠠᠵᠤ ᠪᠠᠢᠭ᠎ᠠ ᠵᠠᠷᠢᠮ ᠰᠤᠷᠤᠭ᠍ᠴᠢ ᠬᠢᠯᠢ᠎ᠶ᠋ᠢᠨ ᠭᠠᠳᠠᠨᠠᠬᠢ ᠳᠤᠮᠳᠠᠳᠤ᠎ᠶ᠋ᠢ ᠡᠰᠡᠷᠭᠦᠴᠡᠬᠦ᠌ ᠬᠦᠴᠦᠨ᠎ᠳᠦ ᠮᠡᠬᠡᠯᠡᠭ᠌ᠳᠡᠨ ᠦᠵᠡᠯ ᠤᠬᠠᠮᠰᠠᠷ᠎ᠢᠶᠡᠨ ᠠᠯᠳᠠᠵᠤ᠂ ᠡᠰᠡ ᠯᠡ ᠦᠪᠡᠷ᠎ᠤᠨ ᠢᠷᠡᠭᠡᠳᠦᠶ᠎ᠪᠡᠨ ᠦᠬᠡᠢᠬᠢᠬᠦ ᠱᠢᠬᠠᠵᠠᠶ; ᠨᠢᠭᠡᠨ ᠡᠮᠡᠭ᠌ᠲᠡᠶ 《ᠨᠡᠭᠦᠳᠡᠯ ᠠᠷᠠᠳ᠎ᠤᠨ ᠳᠥᠲᠡ ᠵᠠᠮ》 ᠢ᠋ ᠠᠮᠠᠷᠬᠠᠨ ᠢᠲᠡᠭᠡᠵᠦ᠍᠂ ᠡᠴᠦᠰ᠎ᠲᠡᠬᠡᠨ ᠬᠥᠮᠦᠨ᠎ᠴᠤ ᠦᠭᠡᠢ ᠬᠦᠷᠦᠨᠭᠭᠡ᠎ᠴᠤ ᠦᠭᠡᠢ ᠪᠤᠯᠪᠠ ᠁ 4 ᠰᠠᠷ᠎ᠠ᠎ᠶ᠋ᠢᠨ 14 ᠎ᠤ᠋ ᠡᠳᠦᠷ᠂ ᠤᠯᠤᠰ᠎ᠤᠨ ᠠᠮᠤᠷ ᠲᠦᠪᠱᠢᠨ᠎ᠦ ᠶᠠᠮᠤᠨ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢ ᠨᠡᠢᠲᠡᠯᠡᠵᠦ᠍᠂ ᠣᠯᠠᠨ ᠨᠡᠢᠲᠡ᠎ᠳᠦ ᠢᠮᠠᠬᠳᠠ ᠰᠤᠨᠤᠷ ᠰᠠᠷᠠᠮᠵᠢ ᠲᠠᠢ ᠪᠠᠢᠵᠤ᠂ ᠬᠤᠷᠢᠭ᠎ᠠ ᠱᠤᠭᠤᠮ᠎ᠢ ᠪᠠᠲᠤ ᠰᠠᠬᠢᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠬᠡᠷᠡᠭ᠌ᠲᠡᠶ ᠭᠡᠵᠦ᠍ ᠰᠠᠨᠠᠭᠤᠯᠵᠠᠶ᠃

《ᠪᠦᠬᠦ᠌ ᠠᠷᠠᠳ᠎ᠢᠶᠠᠷ᠎ᠢᠶᠠᠨ ᠤᠯᠤᠰ᠎ᠤᠨ ᠠᠮᠤᠷ ᠲᠦᠪᠱᠢᠨ᠎ᠦ ᠬᠠᠯᠬᠠᠪᠴᠢ᠎ᠶ᠋ᠢ ᠬᠠᠮᠲᠤ᠎ᠪᠠᠷ ᠪᠠᠢᠭᠤᠯᠬᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭ᠍ᠲᠠᠷᠠᠭᠤᠯᠬᠤ᠎ᠳᠤ᠂ ᠪᠢᠳᠠ ᠡᠳᠦᠷ ᠳᠤᠳᠤᠮ᠎ᠤᠨ ᠠᠮᠢᠳᠤᠷᠠᠯ ᠳᠤᠮᠳᠠᠬᠢ ᠵᠢᠵᠢᠭ ᠰᠡᠵᠢᠭ ᠵᠦᠢᠯ᠎ᠡᠴᠡ ᠡᠬᠢᠯᠡᠨ ᠬᠢᠵᠦ᠍᠂ ᠤᠯᠤᠰ᠎ᠤᠨ ᠠᠮᠤᠷ ᠲᠦᠪᠱᠢᠨ ᠪᠠ ᠠᠱᠢᠭ ᠲᠤᠰᠠ᠂ ᠢᠯᠠᠩᠭᠤᠶ᠎ᠠ ᠤᠯᠤᠰ᠎ᠤᠨ ᠭᠣᠣᠯᠯᠠᠭ᠍ᠴᠢ ᠠᠱᠢᠭ ᠲᠤᠰᠠ᠎ᠶ᠋ᠢ ᠰᠠᠨᠠᠭᠠᠴᠢᠯᠠᠭ᠎ᠠ᠎ᠡᠴᠡ᠎ᠪᠠᠨ ᠬᠠᠮᠠᠭᠠᠯᠠᠬᠤ᠎ᠴᠢᠬᠤᠯᠠᠲᠠᠢ》᠃ ᠤᠯᠠᠨ ᠤᠯᠤᠰ᠎ᠤᠨ ᠬᠠᠷᠢᠯᠴᠠᠭᠠᠨ᠎ᠤ ᠳᠡᠭᠡᠳᠦ ᠰᠤᠷᠭᠠᠭᠤᠯᠢ᠎ᠶ᠋ᠢᠨ ᠫᠷᠤᠹᠸᠰᠰᠤᠷ ᠯᠢ ᠸᠸᠨ ᠯᠢᠶᠠᠩ᠂ ᠭᠠᠭ᠍ᠴᠠ ᠬᠦ᠌ ᠢᠩᠭᠢᠪᠡᠯ ᠰᠠᠶᠢ ᠤᠯᠤᠰ᠎ᠤᠨ ᠠᠮᠤᠷ ᠲᠦᠪᠱᠢᠨ ᠠᠷᠠᠳ ᠲᠦᠮᠡᠨ᠎ᠦ ᠰᠡᠷᠭᠡᠢᠯᠡᠯᠲᠡ᠎ᠶ᠋ᠢᠨ ᠱᠤᠭᠤᠮ᠎ᠢ ᠦᠨᠡᠨ ᠬᠦ᠌ ᠪᠡᠬᠢᠵᠢᠭᠦᠯᠵᠦ᠍᠂ ᠠᠮᠤᠭᠤᠯᠠᠩᠲᠦ ᠳᠤᠮᠳᠠᠳᠤ ᠤᠯᠤᠰ᠎ᠢ ᠰᠠᠢᠲᠤᠷ ᠪᠦᠳᠦᠭᠡᠨ ᠪᠠᠢᠭᠤᠯᠵᠤ ᠴᠢᠳᠠᠨ᠎ᠠ ᠭᠡᠪᠡ᠃

(ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ ᠴᠠᠬᠢᠯᠭᠠᠨ ᠮᠡᠳᠡᠭᠡ ᠡᠴᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面