ᠲᠡᠷᠢᠭᠦᠨ ᠨᠢᠭᠤᠷ>ᠴᠠᠭ ᠲᠦᠷᠦ>ᠬᠠᠯᠠᠮᠰᠢᠯ ᠠᠰᠠᠭᠤᠳᠠᠯ

2026-04-14 09:35:32

ᠵᠣᠬᠢᠶᠠᠭ᠍ᠴᠢ᠄ ᠱᠢᠨᠬᠤᠸᠠ ᠬᠣᠷᠢᠶ᠎ᠠ ᠵᠢᠨ ᠰᠤᠷᠪᠤᠯᠵᠢᠯᠠᠭ᠍ᠴᠢ ᠲᠠᠩ ᠱ᠌ᠢ ᠨᠢᠩ ᠬᠠᠨ ᠱᠢᠶᠤᠤ ᠣᠩᠱᠢᠭ᠍ᠰᠠᠨ ᠣᠳᠠᠭ᠎ᠠ᠄ 3

《ᠮᠠᠨ᠎ᠤ ᠤᠯᠤᠰ᠎ᠤᠨ ᠮᠠᠱᠢᠨ ᠲᠡᠷᠭᠡᠨ᠎ᠦ ᠦᠶ᠋ᠯᠡᠰ ᠶᠠᠭ ᠣᠯᠠᠨ ᠮᠡᠷᠭᠡᠵᠢᠯ᠎ᠦᠨ ᠰᠢᠨ᠎ᠠ ᠵᠢ ᠡᠭᠦᠳᠬᠦ ᠬᠤᠪᠢᠰᠤᠯᠲᠠ ᠬᠢᠭᠡᠳ ᠣᠯᠠᠨ ᠠᠵᠤ ᠦᠶ᠋ᠯᠡᠰ᠎ᠦᠨ ᠠᠭᠤᠰᠤᠯᠴᠠᠨ ᠬᠥᠭ᠌ᠵᠢᠬᠦ᠌ ᠵᠠᠩᠭᠢᠯᠠᠭ᠎ᠠ᠎ᠶ᠋ᠢᠨ ᠱᠠᠲᠤᠨ᠎ᠳᠤ ᠣᠷᠣᠱᠢᠵᠤ ᠪᠠᠢᠨ᠎ᠠ》᠂ 《ᠮᠡᠷᠭᠡᠵᠢᠯ᠎ᠦᠨ ᠬᠥᠭ᠌ᠵᠢᠯᠲᠡ᠎ᠶ᠋ᠢ ᠳᠠᠭᠠᠯᠳᠤᠨ᠂ ᠴᠤᠯ ᠴᠠᠬᠢᠯᠭᠠᠨ ᠬᠥᠳᠡᠯᠭᠡᠭᠦᠷᠳᠤ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠳᠠᠪᠠᠭᠤᠯᠢᠭ ᠤᠯᠠᠮ ᠲᠣᠪᠣᠢᠮ᠎ᠠ ᠪᠣᠯᠬᠤ ᠪᠣᠯᠤᠨ᠎ᠠ》᠂ 《ᠣᠶᠤᠨᠳᠤ ᠵᠢᠯᠣᠭᠣᠳᠭᠤ ᠮᠡᠷᠭᠡᠵᠢᠯ᠎ᠢᠶᠡᠷ ᠮᠠᠰᠢᠨ ᠲᠡᠷᠬᠡᠨ᠎ᠤ ᠠᠮᠢ ᠨᠠᠰᠤ᠎ᠶ᠋ᠢ ᠬᠠᠮᠠᠭᠠᠯᠠᠬᠤ ᠥᠷᠲᠡᠭ᠎ᠦᠨ ᠰᠠᠭᠤᠷᠢ᠎ᠶ᠋ᠢ ᠪᠠᠲᠤ ᠴᠣᠭ᠍ᠴᠠᠯᠠᠵᠤ᠂ ᠠᠮᠤᠷ ᠲᠦᠪᠱᠢᠨ᠎ᠦ ᠴᠢᠳᠠᠪᠬᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠶ》 ᠁

《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠤ᠂ ᠱᠢᠨ᠎ᠡ ᠨᠢᠭᠡ ᠦᠶ᠎ᠡ᠎ᠶ᠋ᠢᠨ ᠮᠠᠱᠢᠨ ᠲᠡᠷᠭᠡᠨ᠎ᠳᠦ ᠬᠠᠨᠳᠤᠭᠤᠯᠤᠭ᠍ᠰᠠᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠᠢᠷᠢᠯᠠᠭᠤᠯᠤᠯᠲᠠ ᠬᠢᠭᠡᠳ ᠬᠠᠮᠳᠤᠷᠠᠯᠴᠠᠬᠤ ᠱᠢᠨ᠎ᠡ ᠠᠮᠢ ᠠᠬᠤᠶ᠎ᠶ᠋ᠢ ᠬᠡᠷᠬᠢᠨ ᠴᠣᠭ᠍ᠴᠠᠯᠠᠨ ᠪᠠᠢᠭᠤᠯᠬᠤ ᠪᠤᠶ? ᠪᠦᠬᠦ᠌ ᠪᠥᠮᠪᠥᠷᠴᠡᠭ ᠲᠡᠬᠢ ᠨᠡᠩ ᠶᠡᠬᠡ ᠦᠷᠢᠰᠦᠯᠳᠦᠬᠦ᠌ ᠬᠦᠴᠦᠨ᠎ᠲᠡᠶ ᠬᠥᠭ᠌ᠵᠢᠯᠲᠡ᠎ᠶ᠋ᠢᠨ ᠱᠢᠨ᠎ᠡ ᠵᠠᠭ᠍ᠪᠤᠷ᠎ᠢ ᠬᠡᠷᠬᠢᠨ ᠪᠠᠢᠭᠤᠯᠬᠤ ᠪᠤᠢ? 4 ᠰᠠᠷ᠎ᠠ᠎ᠶ᠋ᠢᠨ 11 ᠡᠴᠡ 12 ᠤ᠋ᠨ ᠡᠳᠦᠷ ᠪᠣᠯᠲᠠᠯ᠎ᠠ᠂ ᠪᠡᠭᠡᠵᠢᠩ᠎ᠳᠦ ᠶᠠᠪᠤᠭ᠍ᠳᠠᠭ᠍ᠰᠠᠨ ᠤᠶᠤᠨᠲᠤ ᠴᠠᠬᠢᠯᠭᠠᠨ ᠬᠥᠳᠡᠯᠭᠡᠭᠦᠷᠲᠦ ᠮᠠᠱᠢᠨ ᠲᠡᠷᠭᠡᠨ᠎ᠦ ᠬᠥᠭ᠌ᠵᠢᠯᠲᠡ᠎ᠶ᠋ᠢᠨ ᠳᠡᠭᠡᠳᠦ ᠳᠠᠪᠬᠤᠷᠭ᠎ᠠ᠎ᠶ᠋ᠢᠨ ᠶᠠᠷᠢᠶᠠᠨ᠎ᠤ ᠲᠠᠪᠴᠠᠩ (2026) ᠎ᠨᠢ ᠠᠵᠢᠯ ᠲᠥᠷᠥᠯ᠎ᠦᠨ ᠲᠤᠬᠠᠢ ᠢᠷᠡᠬᠡᠳᠦᠢ ᠵᠢᠨ ᠪᠣᠳᠣᠯᠬᠢᠯᠠᠯ ᠳ᠋ᠤ ᠠᠩᠬᠠᠷᠤᠯ ᠵᠢᠡᠨ ᠲᠦᠪᠯᠡᠷᠡᠭᠦᠯᠵᠠᠢ᠃

ᠮᠡᠷᠭᠡᠵᠢᠯ ᠤ᠋ᠨ ᠲᠦᠷᠭᠡᠨ ᠰᠣᠯᠢᠭ᠍ᠳᠠᠬᠤ᠎ᠶ᠋ᠢ ᠳᠠᠭᠠᠯᠳᠤᠨ᠂ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠲᠤᠬᠠᠢ ᠲᠥᠰᠦᠭᠡᠯᠡᠨ ᠪᠤᠳᠤᠬᠤ ᠣᠷᠣᠨ ᠵᠠᠶ ᠲᠠᠰᠤᠷᠠᠯᠲᠠ ᠥᠬᠡᠶ ᠥᠷᠭᠡᠳᠴᠦ᠍᠂ ᠲᠡᠷᠭᠡ ᠵᠢᠯᠤᠭᠤᠳᠴᠤ ᠲᠡᠷᠭᠡᠨ ᠳ᠋ᠤ ᠰᠠᠭᠤᠬᠤ ᠱᠠᠭᠠᠷᠳᠠᠯᠭ᠎ᠠ ᠴᠤ᠌ ᠠᠭᠠᠵᠢᠮ᠎ᠢᠶᠠᠷ ᠲᠠᠰ ᠳᠡᠪᠱᠢᠵᠦ᠍ ᠪᠠᠢᠨ᠎ᠠ᠃

ᠳ᠋ᠢ ᠫᠢᠩ ᠰᠢᠶᠠᠨ ᠺᠤᠮᠫᠠᠨᠢ ᠵᠢ ᠡᠭᠦᠰᠭᠡᠨ ᠪᠠᠢᠭᠤᠯᠤᠭᠴᠢ ᠪᠥᠭᠡᠳ CEO ᠢᠦᠶ ᠺᠠᠶ ᠶᠠᠷᠢᠶᠠᠨ᠎ᠤ ᠲᠠᠪᠴᠠᠩ᠎ᠤᠨ ᠠᠬᠤᠢ ᠲᠠᠯᠠᠪᠠᠶ᠎ᠳᠤ ᠡᠢᠮᠦ ᠨᠢᠭᠡᠨ ᠮᠡᠳᠡᠭᠡ ᠵᠢ ᠨᠡᠢᠲᠡᠯᠡᠪᠡ᠄ ᠳ᠋ᠢ ᠫᠢᠩ ᠰᠢᠶᠠᠨ ᠺᠤᠮᠫᠠᠨᠢ ᠨᠢ 《ᠰᠢᠩ ᠺᠦᠩ ᠨᠡᠷᠡᠮᠵᠢᠳᠤ ᠱᠢᠷᠢᠰ》 ᠰᠠᠭᠤᠳᠠᠯ ᠤ᠋ᠨ ᠥᠷᠥᠭᠡ ᠪᠠ ᠵᠢᠯᠣᠭᠣᠴᠢ ᠵᠢᠨ ᠦᠷᠦᠭᠡ ᠵᠢ᠎ᠠᠭᠤᠰᠤᠯᠴᠠᠭᠤᠯᠤᠭᠰᠠᠨ ᠣᠶᠤᠨᠳᠤ ᠴᠤᠭᠴᠠᠳᠤ ᠴᠠᠬᠢᠮ ᠢᠯᠳᠡᠰᠦ ᠵᠢᠨ ᠲᠥᠰᠦᠯ᠎ᠢ ᠤᠳᠠᠯ ᠥᠬᠡᠶ ᠨᠡᠢᠲᠡᠯᠡᠨ᠎ᠠ᠂ ᠤᠤᠯ ᠨᠢ ᠬᠣᠶᠠᠷ ᠡᠵᠡᠮᠱᠢᠭᠦᠷ᠂ ᠬᠣᠶᠠᠷ ᠢᠵᠢ ᠲᠤᠰᠠᠭᠠᠷ ᠬᠠᠲᠠᠭᠤ ᠲᠣᠨᠣᠭ ᠬᠡᠷᠡᠭ᠌ᠰᠡᠪᠡᠯ ᠰᠠᠶᠢ ᠪᠡᠶᠡᠯᠡᠭᠦᠯᠵᠦ᠍ ᠳᠡᠢᠯᠬᠦ᠌ ᠪᠤᠳᠤᠯᠢᠶᠠᠨᠲᠠᠶ ᠪᠣᠳᠣᠯᠭ᠎ᠠ᠎ᠶ᠋ᠢ ᠨᠢᠭᠡ ᠴᠠᠬᠢᠮ ᠢᠯᠳᠡᠰᠦ ᠳᠡᠭᠡᠷ᠎ᠡ ᠨᠡᠢᠯᠡᠭᠦᠯᠵᠦ᠍᠂ ᠡᠭᠦᠨ᠎ᠦ ᠤᠯᠠᠮ ᠡᠴᠡ ᠲᠡᠷᠭᠡᠨ᠎ᠦ ᠲᠠᠯ᠎ᠠ ᠵᠢᠨ AI ᠎ᠶ᠋ᠢ ᠲᠥᠪ ᠬᠤᠷᠠᠮᠠᠯ ᠲᠣᠮᠣ ᠵᠠᠭ᠍ᠪᠤᠷ ᠪᠣᠯᠭᠠᠨ ᠳᠡᠭᠡᠭ᠌ᠰᠢᠯᠡᠭᠦᠯᠵᠦ᠍᠂ ᠹᠢᠽᠢᠺ᠎ᠦᠨ ᠶᠢᠷᠲᠢᠨᠴᠦ᠍ ᠪᠠ ᠲᠣᠭᠠᠴᠢᠯᠠᠭ᠍ᠰᠠᠨ ᠶᠢᠷᠲᠢᠨᠴᠦ᠍᠎ᠶ᠋ᠢᠨ AI ᠎ᠶ᠋ᠢ ᠦᠨᠡᠨ ᠬᠦ᠌ ᠠᠭᠤᠰᠤᠯᠴᠠᠭᠤᠯᠤᠨ᠎ᠠ᠃

ᠢᠦᠶ ᠺᠠᠶ᠂ ᠡᠨᠡ ᠬᠦ᠌ ᠰᠠᠭᠤᠳᠠᠯ ᠤ᠋ᠨ ᠥᠷᠥᠭᠡ ᠪᠠ ᠵᠢᠯᠣᠭᠣᠴᠢ ᠵᠢᠨ ᠦᠷᠦᠭᠡ ᠵᠢ᠎ᠠᠭᠤᠰᠤᠯᠴᠠᠭᠤᠯᠤᠭᠰᠠᠨ ᠣᠶᠤᠨᠳᠤ ᠴᠤᠭᠴᠠᠳᠤ ᠴᠠᠬᠢᠮ ᠢᠯᠳᠡᠰᠦ ᠨᠢ ᠴᠣ ᠱᠢᠨ᠎ᠡ ᠲᠡᠷᠭᠡᠨ ᠤ᠋ ᠠᠵᠢᠯᠯᠠᠭᠤᠯᠬᠤ ᠱᠢᠰᠲ᠋ᠧᠮ᠎ᠢ ᠤᠭᠰᠠᠷᠠᠵᠤ᠂ ᠬᠡᠷᠡᠭ᠌ᠯᠡᠭ᠌ᠴᠢᠳ᠎ᠢ ᠬᠠᠪᠰᠤᠷᠤᠨ ᠬᠣᠭᠣᠯᠠᠨ ᠬᠡᠷ ᠵᠠᠬᠢᠶᠠᠯᠠᠬᠤ᠂ ᠺᠢᠨᠣ᠋᠎ᠶ᠋ᠢᠨ ᠪᠢᠯᠧᠲ ᠬᠤᠳᠠᠯᠳᠤᠨ ᠠᠪᠬᠤ᠂ ᠲᠡᠷᠭᠡ ᠵᠣᠭ᠍ᠰᠣᠬᠤ ᠣᠷᠣ ᠵᠠᠬᠢᠶᠠᠯᠠᠬᠤ ᠵᠡᠷᠭᠡ ᠵᠢ ᠬᠢᠵᠤ ᠳᠡᠢᠯᠬᠦ ᠵᠢ ᠪᠡᠶᠡᠯᠡᠬᠦᠯᠬᠦ ᠵᠢᠨ ᠬᠠᠮᠳᠤ ᠣᠷᠳᠣ ᠬᠤᠭᠤᠴᠠᠭᠠᠨ᠎ᠤ ᠳᠠᠭᠠᠯᠳᠤᠯ ᠦᠶ᠋ᠯᠡᠴᠢᠯᠡᠭᠡ ᠬᠠᠩᠭᠠᠵᠤ ᠪᠣᠯᠤᠨ᠎ᠠ ᠭᠡᠵᠤ ᠲᠠᠨᠢᠯᠴᠠᠭᠤᠯᠪᠠ᠃

ᠥᠨᠥᠳᠦᠷ ᠤ᠋ᠨ ᠮᠠᠱᠢᠨ ᠲᠡᠷᠭᠡ ᠶᠠᠭ ᠠᠭᠠᠵᠢᠮ᠎ᠢᠶᠠᠷ ᠳᠠᠩ ᠴᠤᠯᠭᠤᠶ ᠵᠠᠮ ᠬᠠᠷᠢᠯᠴᠠᠭᠠᠨ ᠤ᠋ ᠪᠠᠭᠠᠵᠢ ᠡᠴᠡ 《ᠣᠯᠠᠨ ᠰᠢᠨᠵᠢ ᠴᠢᠨᠠᠷ ᠢ᠋ ᠠᠭᠤᠰᠤᠯᠴᠠᠭᠤᠯᠤᠭᠰᠠᠨ ᠣᠶᠤᠨᠳᠤ ᠴᠤᠬᠴᠠ》 ᠪᠣᠯᠤᠨ ᠬᠤᠪᠢᠷᠠᠵᠤ ᠪᠠᠢᠨ᠎ᠠ᠃ ᠪᠢ ᠶᠠ ᠳᠢ ᠪᠦᠯᠦᠭ᠌ᠯᠡᠯ᠎ᠦᠨ ᠲᠡᠷᠢᠭᠦᠨ ᠱᠢᠨᠵᠢᠯᠡᠬᠦ᠌ ᠤᠬᠠᠭᠠᠨᠲᠠᠨ᠂ ᠮᠠᠱᠢᠨ ᠲᠡᠷᠭᠡᠨ᠎ᠦ ᠶᠡᠷᠦᠩᠬᠡᠶ ᠢᠨᠵᠧᠨᠧᠷ ᠯᠢᠶᠠᠨ ᠢᠦᠶ ᠪᠥᠸᠧ ᠨᠢᠭᠡ ᠵᠢᠱ᠌ᠢᠶ᠎ᠡ ᠲᠠᠲᠠᠵᠤ᠂ ᠮᠠᠱᠢᠨ ᠲᠡᠷᠭᠡ ᠪᠠ ᠢᠨᠲᠸᠷ ᠰᠦᠯᠵᠢᠶᠡᠨ᠎ᠦ ᠬᠤᠷᠰᠢᠯᠴᠠᠬᠤ ᠮᠡᠷᠭᠡᠵᠢᠯ ᠨᠢ ᠮᠠᠱᠢᠨ ᠲᠡᠷᠭᠡᠨ᠎ᠦ ᠡᠨᠧᠷᠭᠢ᠎ᠶ᠋ᠢᠨ ᠱᠢᠨᠵᠢ ᠴᠢᠨᠠᠷ᠎ᠢ ᠪᠠᠶᠠᠯᠢᠭ᠍ᠵᠢᠭᠤᠯᠵᠤ᠂ ᠮᠠᠱᠢᠨ ᠲᠡᠷᠭᠡ ᠨᠢ ᠴᠤᠯ ᠡᠨᠧᠷᠭᠢ᠎ᠶ᠋ᠢᠨ ᠬᠡᠷᠡᠭ᠌ᠯᠡᠭᠡᠨ᠎ᠦ ᠪᠦᠲᠦᠭᠡᠭᠳᠡᠭᠦᠨ ᠲᠡᠳᠦᠢ ᠪᠢᠰᠢ ᠪᠣᠯᠵᠣ᠂ ᠢᠷᠡᠭᠡᠳᠦᠶ᠎ᠳᠦ ᠪᠠᠰᠠ ᠱᠢᠯᠵᠢᠮᠡᠯ ᠡᠨᠧᠷᠭᠢ ᠬᠠᠳᠠᠭᠠᠯᠠᠬᠤ ᠴᠣᠭ᠍ᠴᠠ ᠪᠣᠯᠵᠣ ᠮᠡᠳᠡᠨ᠎ᠡ ᠭᠡᠪᠡ᠃

AI ᠵᠢᠡᠷ ᠬᠦᠴᠦᠨ ᠣᠯᠭᠣᠬᠤ᠂ ᠣᠶᠤᠨᠳᠤ ᠬᠠᠪᠰᠤᠷᠤᠨ ᠵᠢᠯᠣᠭᠣᠳᠭᠤ ᠮᠡᠷᠭᠡᠵᠢᠯ᠎ᠦᠨ ᠬᠠᠲᠠᠭᠤ ᠲᠤᠨᠤᠭ ᠪᠠ ᠪᠤᠳᠤᠬᠤ ᠠᠷᠭ᠎ᠠ᠎ᠴᠦᠮ ᠲᠦᠷᠭᠡᠨ ᠬᠤᠪᠢᠷᠠᠨ ᠰᠤᠯᠢᠬᠳᠠᠵᠤ ᠪᠤᠢ᠃ 《ᠮᠠᠱᠢᠨ ᠲᠡᠷᠭᠡ ᠨᠢ AI ᠲᠠᠷᠬᠠᠯᠲᠠ ᠵᠢᠨ ᠬᠡᠯᠪᠡᠷᠢ᠎ᠶ᠋ᠢᠨ ᠪᠤᠳᠤᠯᠳᠠ ᠵᠢᠨ ᠴᠢᠳᠠᠪᠤᠷᠢ᠎ᠶ᠋ᠢᠨ ᠨᠢᠭᠡᠴᠢ ᠪᠣᠯᠬᠤ ᠪᠣᠯᠤᠮᠵᠢ᠎ᠲᠠᠶ᠂ ᠡᠨᠡ ᠨᠢ ᠱᠢᠰᠲ᠋ᠧᠮ᠎ᠦᠨ ᠨᠠᠢᠳᠠᠪᠤᠷᠢᠲᠤ ᠴᠢᠨᠠᠷ᠂ ᠨᠡᠢᠭᠡᠮ᠎ᠦᠨ ᠭᠥᠯᠢᠶᠡᠨ ᠠᠪᠬᠤ ᠬᠡᠮᠵᠢᠶ᠎ᠡ ᠵᠡᠷᠭᠡ᠎ᠶ᠋ᠢ ᠨᠠᠩ ᠱᠠᠭᠠᠷᠳᠠᠬᠤ ᠪᠣᠯᠤᠨ᠎ᠠ》 ᠭᠡᠵᠦ᠍ ᠯᠢᠶᠠᠨ ᠢᠦᠶ ᠪᠥᠸᠧ ᠬᠡᠯᠡᠪᠡ᠃

ᠠᠵᠤ ᠦᠶ᠋ᠯᠡᠰ᠎ᠦᠨ ᠥᠷᠢᠰᠥᠯᠳᠦᠭᠡᠨ ᠤᠯᠠᠮ ᠱᠢᠷᠦᠭᠦᠰᠴᠦ᠍ ᠪᠤᠢ᠂ ᠮᠠᠰᠢᠨ ᠲᠡᠷᠭᠡᠨ᠎ᠦ ᠠᠵᠤ ᠠᠬᠤᠢᠯᠠᠯ ᠳᠠᠷᠠᠭ᠎ᠠ ᠠᠯᠬᠤᠮ᠎ᠢ ᠶᠠᠭᠠᠬᠢᠵᠤ ᠶᠠᠪᠤᠬᠤ ᠪᠣᠶ? ᠭᠤᠸᠠᠩᠵᠧᠦ᠍᠎ᠶ᠋ᠢᠨ ᠮᠠᠱᠢᠨ ᠲᠡᠷᠭᠡᠨ᠎ᠦ ᠪᠦᠯᠦᠭ᠌ᠯᠡᠯ᠎ᠦᠨ ᠬᠡᠷᠡᠭ ᠮᠡᠳᠡᠭ᠌ᠴᠢᠳ᠎ᠦᠨ ᠳᠠᠷᠤᠭ᠎ᠠ ᠹᠸᠩ ᠱᠢᠩ ᠶᠠ᠎ᠶ᠋ᠢᠨ ᠦᠵᠡᠬᠦ᠌᠎ᠪᠡᠷ᠂ ᠠᠵᠤ ᠦᠶ᠋ᠯᠡᠰ᠎ᠦᠨ ᠥᠷᠢᠰᠥᠯᠳᠦᠭᠡᠨ᠎ᠦ ᠭᠤᠤᠯᠳᠠᠯᠭ᠎ᠠ ᠨᠢ ᠶᠠᠭ ᠬᠡᠪᠴᠢᠶ᠎ᠡ᠎ᠶ᠋ᠢᠨ ᠥᠷᠭᠡᠳᠭᠡᠯ᠎ᠡᠴᠡ ᠥᠷᠲᠡᠭ᠎ᠤᠨ ᠭᠦᠨᠵᠡᠭᠡᠢᠷᠡᠯ ᠵᠦᠭ ᠱᠢᠯᠵᠢᠵᠦ᠍ ᠪᠠᠢᠨ᠎ᠠ᠃ 《ᠥᠩᠭᠡᠷᠡᠭ᠌ᠰᠡᠨ᠎ᠳᠦ ᠨᠢᠭᠡ ᠵᠦᠶ᠋ᠯ᠎ᠦᠨ ᠮᠡᠷᠭᠡᠵᠢᠯ ᠲᠡᠷᠢᠭᠦᠯᠡᠪᠡᠯ ᠬᠡᠷᠡᠭ᠌ᠯᠡᠭ᠌ᠴᠢ᠎ᠶᠢᠨ ᠬᠦᠷᠢᠶᠡᠯᠡᠯ᠎ᠢ ᠣᠯᠵᠤ ᠪᠠᠢᠪᠠ᠂ ᠣᠲᠣ ᠪᠣᠯ ᠴᠠᠬᠢᠮ ᠢᠯᠲᠠᠰᠤ᠎ᠡᠴᠡ ᠵᠢᠯᠣᠭᠣᠳᠭᠤ ᠱᠢᠰᠲ᠋ᠧᠮ᠂ ᠳ᠋ᠢᠶᠠᠨ ᡂᠢ᠎ᠡᠴᠡ AI ᠬᠦᠷᠲᠡᠯ᠎ᠡ ᠠᠭᠤᠰᠤᠯᠴᠠᠬᠤ ᠮᠡᠷᠭᠡᠵᠢᠯ᠎ᠦᠨ ᠱᠢᠰᠲ᠋ᠧᠮ᠎ᠦᠨ ᠳᠠᠪᠠᠭᠤᠯᠢᠭ᠎ᠢ ᠠᠳᠠᠯᠢᠳᠭᠠᠵᠤ ᠪᠠᠢᠨ᠎ᠠ》᠃

ᠴᠢᠩᠬᠤᠸᠠ ᠶᠡᠬᠡ ᠰᠤᠷᠭᠠᠭᠤᠯᠢ᠎ᠶ᠋ᠢᠨ ᠫᠷᠤᠹᠸᠰᠰᠤᠷ ᠡᠸᠤ ᠶᠠᠩ ᠮᠢᠩ ᠭᠤᠤ᠂ ᠢᠷᠡᠬᠦ᠌ ᠲᠠᠪᠤᠨ ᠵᠢᠯ᠎ᠳᠦ᠂ ᠮᠠᠱᠢᠨ ᠲᠡᠷᠭᠡᠨ᠎ᠦ ᠠᠵᠤ ᠦᠢᠯᠡᠰ᠎ᠦᠨ ᠬᠥᠭ᠌ᠵᠢᠯᠲᠡ᠎ᠶ᠋ᠢᠨ ᠶᠡᠷᠦᠩᠬᠡᠢ ᠬᠠᠨᠳᠤᠰᠢ ᠨᠢ ᠠᠮᠤᠷ ᠲᠦᠪᠱᠢᠨ᠎ᠦ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠬᠤ᠂ ᠮᠡᠷᠭᠡᠵᠢᠯ᠎ᠦᠨ ᠪᠠᠷᠢᠮᠵᠢᠶ᠎ᠠ᠎ᠶ᠋ᠢ ᠳᠡᠭᠡᠭ᠌ᠰᠢᠯᠡᠭᠦᠯᠬᠦ᠌᠂ ᠱᠢᠨ᠎ᠡ᠎ᠶ᠋ᠢ ᠡᠭᠦᠳᠬᠦ᠌ ᠭᠣᠣᠯᠯᠠᠭ᠍ᠴᠢ ᠵᠠᠬ᠎ᠠ ᠳᠡᠯᠭᠡᠭᠦᠷ ᠵᠡᠷᠭᠡ ᠪᠡᠷ ᠴᠢᠭ᠌ᠯᠡᠯ ᠪᠤᠯᠭᠠᠨ᠎ᠠ᠃ ᠠᠵᠤ ᠠᠬᠤᠢᠯᠠᠯ ᠡᠷᠬᠡᠪᠰᠢ ᠲᠣᠰ ᠪᠡᠶ᠎ᠡ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠥᠪᠡᠷᠮᠢᠴᠡ ᠳᠠᠪᠠᠭᠤᠯᠢᠭ᠎ᠤᠨ ᠲᠣᠭᠣᠷᠢᠨ᠎ᠳᠤ᠂ ᠪᠥᠬᠥ᠌ ᠮᠡᠷᠭᠡᠵᠢᠯ᠎ᠦᠨ ᠬᠡᠯᠬᠢᠶ᠎ᠡ᠎ᠶ᠋ᠢ ᠬᠠᠮᠤᠷᠤᠭ᠍ᠰᠠᠨ 《ᠬᠠᠮᠠᠭᠠᠯᠠᠯᠲᠠ᠎ᠶᠢᠨ ᠭᠤᠤᠯ》 ᠢ᠋ ᠴᠣᠭ᠍ᠴᠠᠯᠠᠵᠤ᠂ ᠪᠥᠬᠥ᠌ ᠶᠠᠪᠤᠴᠠ᠎ᠳᠤ ᠠᠮᠤᠷ ᠲᠦᠪᠱᠢᠨ᠂ ᠪᠥᠬᠥ᠌ ᠠᠭᠤᠷ ᠠᠮᠢᠰᠭᠤᠯ᠎ᠤᠨ ᠪᠠᠢᠳᠠᠯ ᠲᠤᠤᠷ᠎ᠠ ᠲᠤᠢᠯ᠎ᠤᠨ ᠲᠦᠷᠭᠡᠨ᠎ᠢᠶᠡᠷ ᠴᠠᠬᠢᠯᠭᠠᠨ ᠴᠡᠨᠡᠭᠯᠡᠬᠦ᠂ ᠪᠥᠬᠥ᠌ ᠱᠤᠭᠤᠮ᠎ᠢᠶᠠᠷ ᠰᠠᠭᠤᠷᠢ᠎ᠶ᠋ᠢ ᠡᠵᠡᠮᠳᠡᠬᠦ᠌᠂ ᠪᠥᠬᠥ᠌ ᠬᠠᠲᠠᠭᠤ ᠲᠦᠯᠦᠪᠲᠦ ᠳ᠋ᠢᠶᠠᠨ ᡂᠢ ᠵᠡᠷᠭᠡ ᠵᠠᠩᠭᠢᠯᠠᠭ᠎ᠠ᠎ᠶ᠋ᠢᠨ ᠦᠭᠡ᠎ᠶ᠋ᠢ ᠠᠩᠬᠠᠷᠤᠭᠤᠱᠢᠲᠠᠶ ᠪᠠᠢᠨ᠎ᠠ ᠭᠡᠵᠦ᠍ ᠵᠢᠭᠠᠵᠤ ᠭᠠᠷᠭᠠᠪᠠ᠃

ᠲᠤᠰ ᠤᠳᠠᠭ᠎ᠠ᠎ᠶ᠋ᠢᠨ ᠶᠠᠷᠢᠶᠠᠨ᠎ᠤ ᠲᠠᠪᠴᠠᠩ ᠳᠡᠭᠡᠷ᠎ᠡ᠂ 《ᠠᠷᠪᠠᠨ ᠲᠠᠪᠤᠳᠤᠭᠠᠷ ᠲᠠᠪᠤᠨ ᠵᠢᠯ》 ᠪᠣᠯ ᠮᠠᠨ᠎ᠤ ᠤᠯᠤᠰ ᠮᠠᠱᠢᠨ ᠲᠡᠷᠭᠡᠨ᠎ᠦ ᠲᠤᠮᠤ ᠤᠯᠤᠰ᠎ᠡᠴᠡ ᠮᠠᠱᠢᠨ ᠲᠡᠷᠭᠡᠨ᠎ᠦ ᠬᠦᠴᠦᠷᠬᠡᠭ ᠤᠯᠤᠰ ᠪᠣᠯᠬᠤ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ ᠭᠡᠵᠦ᠍ ᠨᠡᠢᠳᠡᠮ᠎ᠳᠡᠭᠡᠨ ᠦᠵᠡᠵᠦ᠍ ᠪᠠᠢᠨ᠎ᠠ᠃ ᠠᠵᠢᠯ ᠲᠥᠷᠥᠯ᠎ᠦᠨ ᠬᠤᠪᠢᠰᠤᠯᠲᠠ ᠳᠤᠤᠷ᠎ᠠ᠂ ᠮᠡᠷᠭᠡᠵᠢᠯ᠎ᠦᠨ ᠱᠢᠨᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠤᠷᠲᠤ ᠬᠤᠭᠤᠴᠠᠭᠠᠨ᠎ᠤ ᠦᠵᠡᠯ᠎ᠢ ᠪᠠᠲᠤ ᠰᠠᠬᠢᠬᠤ ᠨᠢ ᠨᠢᠭᠡᠨᠲᠡ ᠥᠷᠭᠡᠨ ᠳᠡᠯᠭᠡᠷ ᠬᠠᠮᠲᠤ᠎ᠶ᠋ᠢᠨ ᠲᠠᠨᠢᠯᠲᠠ ᠪᠣᠯᠵᠠᠶ᠃ ᠡᠭᠦᠨ᠎ᠦ ᠬᠠᠮᠲᠤ᠂ ᠪᠦᠬᠦ᠌ ᠪᠥᠮᠪᠥᠷᠴᠡᠭ᠎ᠦᠨ ᠬᠠᠮᠲᠤᠷᠠᠯᠴᠠᠭ᠎ᠠ ᠪᠣᠯᠤᠨ ᠥᠷᠢᠰᠥᠯᠳᠦᠭᠡᠨ᠎ᠦ ᠱᠢᠨ᠎ᠡ ᠪᠠᠢᠷᠢᠱᠢᠯ᠎ᠳᠤ ᠵᠣᠬᠢᠴᠠᠵᠤ᠂ ᠳᠤᠮᠳᠠᠳᠤ ᠤᠯᠤᠰ᠎ᠤᠨ ᠮᠠᠱᠢᠨ ᠲᠡᠷᠭᠡᠨ᠎ᠦ ᠠᠵᠤ ᠦᠢᠯᠡᠰ᠎ᠦᠨ ᠳᠡᠯᠡᠬᠡᠢᠵᠢᠭ᠌ᠰᠡᠨ ᠬᠥᠭ᠌ᠵᠢᠯᠲᠡ᠎ᠶ᠋ᠢᠨ ᠵᠠᠮ᠎ᠢᠶᠠᠷ ᠰᠠᠢᠲᠤᠷ ᠵᠠᠮᠨᠠᠬᠤ ᠨᠢ ᠨᠡᠩ ᠴᠤ᠌ ᠵᠠᠩᠭᠢᠯᠠᠭ᠎ᠠ ᠪᠣᠯᠤᠨ᠎ᠠ᠃

ᠠᠨᠾᠦ᠋ᠢ ᠵᠢᠨ ᠵᠢᠶᠠᠩ ᠬᠤᠸᠠᠢ ᠮᠠᠱᠢᠨ ᠲᠡᠷᠭᠡᠨ᠎ᠦ ᠪᠦᠯᠦᠭ᠌ᠯᠡᠯ᠎ᠬᠢᠵᠠᠭᠠᠷᠲᠤ ᠺᠣᠮᠫᠠᠨᠢ᠎ᠶ᠋ᠢᠨ ᠶᠡᠷᠦᠩᠬᠡᠢ ᠳᠠᠭᠠᠭᠠᠮᠠᠯ ᠯᠢ ᠮᠢᠩ᠂ ᠳᠤᠮᠳᠠᠳᠤ ᠤᠯᠤᠰ᠎ᠤᠨ ᠮᠠᠱᠢᠨ ᠲᠡᠷᠭᠡᠨ᠎ᠦ ᠲᠦᠷᠦᠯ ᠲᠡᠮᠳᠡᠭ ᠥᠭᠡᠳᠡᠯᠡᠨ ᠲᠠᠪᠱᠢᠬᠤ ᠱᠢᠵᠢᠷ ᠠᠯᠳᠠᠨ ᠬᠤᠭᠤᠴᠠᠭᠠᠨ᠎ᠳᠤ ᠣᠷᠣᠵᠤ᠂ ᠮᠠᠨ᠎ᠤ ᠤᠯᠤᠰ᠎ᠤᠨ ᠪᠦᠬᠦ᠌ ᠲᠦᠷᠦᠯ ᠵᠦᠢᠯ᠎ᠦᠨ ᠦᠢᠯᠡᠳᠬᠦ᠌ ᠦᠢᠯᠡᠰ᠎ᠦᠨ ᠰᠠᠭᠤᠷᠢ᠂ ᠮᠤᠨᠳᠠᠭ ᠶᠡᠬᠡ ᠢᠨᠵᠧᠨᠧᠷ᠎ᠦᠨ ᠡᠩᠨᠡᠭᠡ ᠵᠡᠷᠭᠡ ᠨᠢ ᠠᠵᠢᠯ ᠲᠦᠷᠦᠯ᠎ᠦᠨ ᠬᠥᠭ᠌ᠵᠢᠯᠲᠡ᠎ᠳᠦ ᠲᠡᠦᠬᠡᠲᠦ ᠴᠢᠨᠠᠷᠲᠠᠢ ᠠᠵᠠ ᠲᠣᠬᠢᠶᠠᠯ᠎ᠢ ᠡᠭᠦᠳᠴᠦ᠍᠂ ᠠᠵᠤ ᠠᠬᠤᠢᠯᠠᠯ ᠨᠢ ᠭᠠᠳᠠᠭᠠᠳᠤ᠎ᠶ᠋ᠢᠨ ᠵᠠᠬ᠎ᠠ ᠳᠡᠯᠭᠡᠭᠦᠷ᠎ᠢ ᠴᠢᠨᠠᠷ ᠰᠠᠢᠲᠠᠢ᠎ᠪᠠᠷ ᠥᠷᠭᠡᠳᠭᠡᠬᠦ᠌᠎ᠶ᠋ᠢ ᠪᠠᠷᠢᠮᠲᠠᠯᠠᠵᠤ᠂ ᠣᠷᠣᠨᠴᠢᠯᠠᠬᠤ ᠡᠵᠡᠩᠨᠡᠯᠲᠡ᠎ᠶ᠋ᠢ ᠲᠦᠷᠭᠡᠳᠭᠡᠨ᠎ᠡ ᠭᠡᠪᠡ᠃

ᠴᠢ ᠷᠦᠢ ᠮᠠᠱᠢᠨ ᠲᠡᠷᠭᠡᠨ᠎ᠦ ᠬᠤᠪᠢᠴᠠᠭᠠᠲᠦ ᠬᠢᠵᠠᠭᠠᠷᠲᠤ ᠺᠣᠮᠫᠠᠨᠢ᠎ᠶ᠋ᠢᠨ ᠳᠡᠳ᠋ ᠶᠡᠷᠦᠩᠬᠡᠢ ᠵᠠᠬᠢᠷᠤᠯ ᠸᠠᠩ ᠯᠠᠩ᠂ ᠳᠤᠮᠳᠠᠳᠤ ᠤᠯᠤᠰ᠎ᠤᠨ ᠮᠠᠱᠢᠨ ᠲᠡᠷᠭᠡ ᠭᠠᠳᠠᠭᠠᠳᠤ᠎ᠳᠦ ᠭᠠᠷᠬᠤ ᠨᠢ ᠲᠠᠩ ᠭᠠᠭ᠍ᠴᠠ ᠪᠦᠬᠦᠯᠢ ᠲᠡᠷᠭᠡ᠎ᠪᠡᠷ ᠭᠠᠳᠠᠭᠠᠳᠤ᠎ᠳᠤ ᠭᠠᠷᠭᠠᠬᠤ ᠶᠠᠪᠤᠳᠠᠯ ᠪᠢᠰᠢ᠂ ᠬᠠᠷᠢᠨ ᠴᠠᠬᠢᠯᠭᠠᠨ ᠢᠯᠲᠠᠰᠤ᠂ ᠴᠠᠬᠢᠮ ᠢᠯᠲᠠᠰᠤ᠂ ᠣᠶᠤᠨᠳᠤ ᠰᠦᠯᠵᠢᠶᠠᠨ ᠳ᠋ᠤ ᠬᠤᠯᠪᠤᠬᠤ᠎ᠱᠢᠢᠳᠪᠦᠷᠢᠯᠡᠬᠦ᠌ ᠲᠥᠰᠦᠯ᠂ ᠰᠦᠯᠵᠢᠶᠡᠨ᠎ᠦ ᠮᠥᠩᠭᠥᠨ ᠭᠦᠢᠯᠭᠡᠭᠡ ᠵᠡᠷᠭᠡ ᠪᠦᠬᠦ᠌ ᠠᠮᠢ ᠠᠬᠤᠢ᠎ᠶ᠋ᠢᠨ ᠬᠡᠯᠬᠢᠶ᠎ᠡ ᠪᠡᠷ ᠬᠠᠮᠵᠢᠯᠴᠠᠨ ᠭᠠᠳᠠᠭᠠᠳᠤ᠎ᠳᠤ ᠭᠠᠷᠭᠠᠬᠤ ᠶᠠᠪᠤᠳᠠᠯ ᠪᠣᠯᠤᠨ᠎ᠠ᠃ ᠠᠵᠤ ᠠᠬᠤᠢᠯᠠᠯ᠎ᠤᠳ ᠮᠡᠷᠭᠡᠵᠢᠯ᠎ᠦᠨ ᠳᠠᠭᠠᠭᠤᠯᠤᠭ᠍ᠴᠢ᠎ᠪᠠᠷ ᠦᠨ᠎ᠡ ᠬᠠᠩᠰᠢ᠎ᠶ᠋ᠢᠨ ᠳᠠᠪᠠᠭᠤᠯᠢᠭ᠎ᠢ ᠣᠷᠣᠯᠠᠭᠤᠯᠵᠤ᠂ ᠪᠦᠬᠦ᠌ ᠪᠥᠮᠪᠥᠷᠴᠡᠭ᠎ᠦᠨ ᠵᠠᠬ᠎ᠠ ᠳᠡᠯᠭᠡᠭᠦᠷ᠎ᠲᠦ ᠵᠢᠩᠬᠢᠨᠢ ᠲᠦᠷᠦᠯ ᠲᠡᠮᠳᠡᠭ᠎ᠦᠨ ᠦᠨ᠎ᠡ ᠴᠠᠨ᠎ᠠ᠎ᠶ᠋ᠢ ᠡᠷᠢᠯᠬᠢᠯᠡᠬᠦ᠌ ᠬᠡᠷᠡᠭ᠌ᠲᠡᠢ ᠭᠡᠵᠦ ᠢᠯᠡᠳᠭᠡᠪᠡ᠃

《ᠠᠷᠪᠠᠨ ᠲᠠᠪᠤᠳᠤᠭᠠᠷ ᠲᠠᠪᠤᠨ ᠵᠢᠯ》 ᠎ᠤ᠋ᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠳᠦ᠂ ᠱᠢᠨ᠎ᠡ ᠨᠢᠭᠡ ᠦᠶ᠎ᠡ᠎ᠶ᠋ᠢᠨ ᠮᠡᠳᠡᠭᠡ ᠵᠠᠩᠭᠢ᠎ᠶ᠋ᠢᠨ ᠮᠡᠷᠭᠡᠵᠢᠯ᠂ ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ᠂ ᠣᠶᠤᠨᠳᠤ ᠰᠦᠯᠵᠢᠶᠠᠨ ᠳ᠋ᠤ ᠬᠤᠯᠪᠤᠬᠤ ᠱᠢᠨ᠎ᠡ ᠡᠨᠧᠷᠭᠢ᠎ᠶ᠋ᠢᠨ ᠮᠠᠱᠢᠨ ᠲᠡᠷᠭᠡ᠂ ᠮᠠᠱᠢᠨ ᠬᠥᠮᠦᠨ᠂ ᠠᠮᠢᠳᠤ ᠪᠣᠳᠠᠰ᠎ᠤᠨ ᠡᠮ ᠡᠮᠨᠡᠯᠭᠡ᠂ ᠳᠡᠭᠡᠳᠦ ᠲᠡᠰ᠎ᠤᠨ ᠲᠣᠨᠣᠭ᠍ᠯᠠᠯ᠂ ᠠᠭᠠᠷ᠎ᠤᠨ ᠠᠶᠠᠯᠠᠯ ᠰᠠᠨᠰᠠᠷ᠎ᠤᠨ ᠠᠶᠠᠯᠠᠯ ᠵᠡᠷᠭᠡ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠦᠨ ᠬᠥᠭ᠌ᠵᠢᠯᠲᠡ᠎ᠶ᠋ᠢ ᠲᠦᠷᠭᠡᠳᠭᠡᠨ᠎ᠡ ᠭᠡᠵᠦ᠍ ᠳᠤᠷᠠᠳᠴᠠᠢ᠃

ᠱᠢᠨ᠎ᠡ ᠭᠠᠷᠤᠭ᠎ᠠ ᠳᠡᠭᠡᠷ᠎ᠡ᠂ ᠳᠤᠮᠳᠠᠳᠤ ᠤᠯᠤᠰ᠎ᠤᠨ ᠱᠢᠨ᠎ᠡ ᠡᠨᠧᠷᠭᠢ᠎ᠶ᠋ᠢᠨ ᠮᠠᠱᠢᠨ ᠲᠡᠷᠭᠡ ᠲᠠᠰᠤᠷᠠᠯᠳᠠ ᠦᠭᠡᠢ ᠦᠷᠭᠦᠯᠵᠢᠯᠡᠵᠦ᠍ ᠪᠠᠢᠭ᠎ᠠ ᠠᠵᠤ ᠦᠢᠯᠡᠰ᠎ᠦᠨ ᠬᠡᠯᠬᠢᠶ᠎ᠡ᠎ᠳᠦ ᠲᠦᠱᠢᠭ᠌ᠯᠡᠨ᠂ ᠭᠤᠤᠯᠯᠠᠬᠤ ᠮᠡᠷᠭᠡᠵᠢᠯ᠎ᠢᠶᠡᠷ ᠠᠮᠤᠷ ᠲᠦᠪᠱᠢᠨ᠎ᠦ ᠰᠠᠭᠤᠷᠢ᠎ᠶ᠋ᠢ ᠪᠡᠬᠢᠵᠢᠭᠦᠯᠵᠦ᠍᠂ ᠤᠶᠤᠨᠴᠢᠯᠠᠬ᠍ᠰᠠᠨ᠂ ᠪᠣᠬᠢᠷᠲᠤᠯ ᠦᠭᠡᠢ᠌ᠵᠢᠭ᠌ᠰᠡᠨ᠂ ᠠᠭᠤᠰᠤᠯᠴᠠᠭ᠍ᠰᠠᠨ᠂ ᠳᠡᠯᠡᠬᠡᠢᠵᠢᠭ᠌ᠰᠡᠨ ᠴᠢᠭ᠌ᠯᠡᠯ ᠲᠡᠢᠰᠢ ᠦᠷᠭᠦᠯᠵᠢᠯᠡᠨ ᠱᠢᠨ᠎ᠡ᠎ᠶ᠋ᠢ ᠡᠭᠦᠳᠴᠦ᠍᠂ ᠮᠠᠱᠢᠨ ᠲᠡᠷᠭᠡᠨ᠎ᠦ ᠬᠦᠴᠦᠷᠬᠡᠭ ᠤᠯᠤᠰ᠎ᠤᠨ ᠬᠠᠷᠠᠯᠲᠠ ᠲᠡᠢᠰᠢ ᠲᠤᠮᠤ ᠠᠯᠬᠤᠮ᠎ᠢᠶᠠᠷ ᠤᠷᠤᠭ᠍ᠰᠢᠯᠠᠵᠤ ᠪᠠᠢᠨ᠎ᠠ᠃

(ᠰᠢᠨᠬᠤᠸᠠ ᠬᠤᠷᠢᠶ᠎ᠠ ᠵᠢᠨ ᠪᠡᠭᠡᠵᠢᠩ ᠤ᠋ᠨ 4 ᠰᠠᠷ᠎ᠠ ᠵᠢᠨ 12 ᠤ᠋ᠨ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面