2026-08-10 10:06:01
— 《ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠬᠦ᠌ ᠲᠣᠭᠲᠠᠭᠠᠯ᠎ᠤᠳ》 ᠢ᠋ ᠨᠡᠶ᠋ᠢᠲᠡᠯᠡᠭᠰᠡᠨ ᠬᠣᠶᠠᠷ ᠵᠢᠯ᠎ᠦᠨ ᠣᠶᠳ᠋ᠡᠬᠢ ᠠᠵᠢᠭᠯᠠᠯᠲᠠ
ᠦᠨᠳᠦᠰᠦᠨ ᠱᠠᠳᠤ ᠪᠣᠯ ᠨᠠᠮ᠎ᠤᠨ ᠲᠥᠪ ᠬᠣᠷᠢᠶ᠎ᠠ ᠵᠢᠨ ᠰᠢ᠌ᠳᠪᠦᠷᠢᠲᠦ᠍ ᠪᠤᠳᠤᠯᠭ᠎ᠠ ᠪᠠᠶ᠋ᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ 《ᠡᠴᠦᠰ᠎ᠦᠨ ᠨᠢᠭᠡ ᠺᠢᠯᠣᠮᠧᠲ᠋ᠷ》 ᠮᠥᠨ᠂ ᠪᠠᠰᠠ ᠴᠤ᠌ ᠤᠯᠠᠨ ᠲᠦᠮᠡᠨ᠎ᠳᠦ ᠦᠢᠯᠡᠴᠢᠯᠡᠬᠦ᠌ ᠬᠠᠮᠤᠭ᠎ᠤᠨ ᠡᠮᠦᠨ᠎ᠡ ᠹᠷᠣᠨᠲ ᠮᠥᠨ᠃ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠬᠦ᠌ ᠨᠢ ᠺᠠᠳ᠋ᠷ᠎ᠤᠨ ᠪᠠᠶ᠋ᠢᠳᠠᠯ᠂ ᠠᠵᠢᠯ ᠦᠢᠯᠡᠰ᠎ᠦᠨ ᠬᠥᠭᠵᠢᠯᠲᠡ᠂ ᠲᠦᠷᠦ᠍ ᠪᠠᠷᠢᠬᠤ ᠦᠨᠳᠦᠰᠦ ᠰᠠᠭᠤᠷᠢ᠎ᠲᠠᠶ ᠬᠣᠯᠪᠣᠭᠳᠠᠨ᠎ᠠ᠃
《ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠬᠦ᠌ ᠲᠣᠭᠲᠠᠭᠠᠯ᠎ᠤᠳ》 ᠢ᠋ ᠨᠡᠶ᠋ᠢᠲᠡᠯᠡᠭᠰᠡᠨ ᠬᠣᠶᠠᠷ ᠵᠢᠯ᠎ᠦᠨ ᠲᠤᠷᠰᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ᠎ᠬᠢᠨ ᠦᠵᠡᠯ ᠰᠠᠨᠠᠭ᠎ᠠ ᠲᠠᠨᠢᠯᠲᠠ᠎ᠪᠠᠨ ᠦᠷᠭᠦᠯᠵᠢᠯᠡᠨ ᠴᠢᠩᠭᠠᠳᠬᠠᠵᠤ᠂ ᠭᠤᠤᠯ ᠴᠣᠭᠴᠠ᠎ᠶᠢᠨ ᠬᠠᠷᠢᠭᠤᠴᠠᠯᠭ᠎ᠠ᠎ᠪᠠᠨ ᠪᠠᠲᠤ᠌ ᠡᠭᠦᠷᠭᠡᠯᠡᠵᠦ᠍᠂ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠬᠦ᠌ ᠪᠣᠭᠣᠮᠲᠠ ᠰᠢᠪᠲᠤᠯᠬᠤ ᠳᠠᠶ᠋ᠢᠯᠠᠯᠳᠤᠭᠠᠨ ᠤᠳᠠᠭᠠᠨ ᠳᠠᠭᠠᠭᠠᠮᠠᠭᠠᠶ ᠳᠠᠶ᠋ᠢᠯᠠᠯᠳᠤᠭᠠᠨ᠎ᠢ ᠡᠷᠡᠰ ᠰᠠᠶ᠋ᠢᠲᠤᠷ ᠬᠢᠵᠦ᠍᠂ ᠦᠨᠳᠦᠰᠦᠨ ᠱᠠᠲᠤᠨ᠎ᠤ ᠺᠠᠳ᠋ᠷ᠎ᠢ ᠣᠯᠠᠨ ᠲᠦᠮᠡᠨ᠎ᠳᠦ ᠦᠢᠯᠡᠴᠢᠯᠡᠬᠦ᠂ ᠬᠥᠭᠵᠢᠯᠲᠡ᠎ᠶᠢ ᠠᠬᠢᠭᠤᠯᠬᠤ ᠴᠠᠭ ᠪᠠ ᠣᠶᠤᠨ ᠴᠢᠳᠠᠯ᠎ᠲᠠᠶ ᠪᠣᠯᠭᠠᠵᠤ᠂ ᠳᠠᠷᠤᠭᠠᠰᠤ᠎ᠶᠢ ᠬᠥᠩᠭᠡᠷᠡᠭᠦᠯᠬᠦ᠌ ᠦᠷ᠎ᠡ ᠪᠦᠲᠦᠮᠵᠢ᠎ᠶᠢ ᠵᠠᠰᠠᠯᠲᠠ᠎ᠶᠢᠨ ᠦᠷ᠎ᠡ ᠪᠦᠲᠦᠮᠵᠢ ᠪᠣᠯᠭᠠᠨ ᠨᠠᠩ ᠰᠠᠶ᠋ᠢᠲᠤᠷ ᠬᠤᠪᠢᠷᠠᠭᠤᠯᠪᠠ᠃
ᠲᠣᠪᠣᠶ᠋ᠢᠮ᠎ᠠ ᠠᠰᠠᠭᠤᠳᠠᠯ᠎ᠢ ᠴᠢᠩᠭ᠎ᠠ ᠠᠩᠬᠠᠷᠴᠤ᠌ ᠣᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠯᠡᠨ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠵᠦ᠍ ᠪᠣᠳᠠᠲᠠᠶ᠎ᠳᠤ ᠨᠠᠶ᠋ᠢᠳᠠᠪᠤᠷᠢᠵᠢᠭᠤᠯᠬᠤ᠎ᠶᠢ ᠠᠬᠢᠭᠤᠯᠪᠠ
《ᠪᠠᠢᠨ ᠲᠠᠬᠢᠨ ᠨᠡᠷᠡᠰ᠎ᠦᠨ ᠵᠢᠭᠰᠠᠭᠠᠯᠲᠠ᠎ᠶᠢ ᠵᠠᠷᠯᠠᠨ ᠮᠡᠳᠡᠭᠳᠡᠵᠦ᠍ ᠪᠠᠶ᠋ᠢᠬᠤ ᠡᠰᠡᠬᠦ᠌? ᠲᠣᠭ᠎ᠠ ᠪᠠᠷᠢᠮᠲᠠ᠎ᠶᠢᠨ ᠮᠠᠲ᠋ᠧᠷᠢᠶᠠᠯ᠎ᠢ ᠳᠠᠬᠢᠨ ᠲᠠᠪᠳᠠᠨ ᠮᠡᠳᠡᠭᠦᠯᠦᠨ ᠬᠦᠷᠭᠡᠬᠦ᠌᠎ᠶᠢ ᠱᠠᠭᠠᠷᠳᠠᠵᠤ ᠪᠠᠢᠬᠤ ᠡᠰᠡᠬᠦ᠌? ᠪᠣᠳᠠᠲᠤ᠌ ᠪᠠᠶ᠋ᠢᠳᠠᠯ᠎ᠡᠴᠡ ᠰᠠᠯᠵᠤ 〈ᠳᠦᠷᠢ ᠲᠥᠷᠬᠦ᠌᠎ᠶᠢᠨ ᠢᠨᠵᠧᠨᠧᠷᠢᠩ〉᠂ 〈ᠵᠠᠰᠠᠭ᠎ᠤᠨ ᠠᠵᠢᠯ᠎ᠤᠨ ᠪᠦᠳᠤᠮᠵᠢ ᠵᠢᠨ ᠢᠨᠵᠧᠨᠧᠷᠢᠩ〉 ᠢ᠋ ᠬᠢᠵᠤ ᠪᠠᠢᠬᠤ ᠡᠰᠡᠬᠦ᠌? ᠬᠥᠬᠡᠨᠠᠭᠤᠷ ᠮᠤᠵᠢ ᠵᠢᠨ ᠵᠠᠰᠠᠪᠤᠷᠢ ᠣᠷᠣᠭᠤᠯᠤᠭᠰᠠᠨ᠎ᠤ ᠳᠠᠷᠠᠭᠠᠬᠢ ᠨᠠᠢᠷᠠᠭᠤᠯᠤᠨ ᠲᠠᠷᠬᠠᠭᠠᠬᠰᠡᠨ ᠪᠢᠴᠢᠭ ᠮᠠᠲ᠋ᠧᠷᠢᠶᠠᠯ ᠪᠠ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠬᠦ᠌ ᠨᠢᠭᠡᠳᠦᠯᠲᠡᠶ ᠦᠨᠡᠯᠡᠨ ᠵᠢᠱ᠌ᠢᠬᠦ᠌ ᠵᠦᠢᠯᠡᠰ ᠤ᠋ᠨ ᠨᠠᠷᠢᠨ ᠲᠠᠩᠰᠠ᠎ᠶᠢ ᠤᠷᠪᠠᠭᠤᠯᠵᠤ ᠦᠵᠡᠪᠡᠯ᠂ ᠵᠦᠢᠯ ᠵᠤᠷᠪᠤᠰ᠎ᠨᠢ ᠲᠣᠳᠣᠷᠬᠠᠶ᠂ ᠲᠠᠶ᠋ᠢᠯᠪᠤᠷᠢᠯᠠᠯᠲᠠ᠎ᠨᠢ ᠨᠠᠷᠢᠨ ᠲᠣᠳᠣᠷᠬᠠᠶ ᠪᠠᠶ᠋ᠢᠵᠤ᠂ ᠡᠯ᠎ᠡ ᠰᠠᠯᠠᠭ᠎ᠠ ᠮᠥᠴᠢᠷ᠎ᠦᠨ ᠪᠢᠴᠢᠭ ᠮᠠᠲ᠋ᠧᠷᠢᠶᠠᠯ᠎ᠢ ᠨᠠᠢᠷᠠᠭᠤᠯᠤᠨ ᠲᠠᠷᠬᠠᠭᠠᠬᠤ᠎ᠳᠤ ᠬᠠᠲᠠᠭᠤ ᠪᠠᠷᠢᠮᠵᠢᠶ᠎ᠠ ᠬᠠᠩᠭᠠᠭᠰᠠᠨ ᠪᠠᠶ᠋ᠢᠨ᠎ᠠ᠃
ᠰᠤᠷᠪᠤᠯᠵᠢᠯᠠᠭᠴᠢ᠎ᠶᠢᠨ ᠣᠶ᠋ᠢᠯᠠᠭᠠᠭᠰᠠᠨ᠎ᠢᠶᠠᠷ᠂ ᠵᠠᠰᠠᠪᠤᠷᠢ ᠣᠷᠣᠭᠤᠯᠤᠭᠰᠠᠨ᠎ᠤ ᠳᠠᠷᠠᠭᠠᠬᠢ ᠨᠠᠷᠢᠨ ᠲᠠᠩᠰᠠ᠎ᠳᠤ ᠦᠨᠡᠯᠡᠨ ᠵᠢᠱ᠌ᠢᠬᠦ᠌ ᠵᠦᠢᠯᠡᠰ᠎ᠢ ᠤᠤᠯ᠎ᠤᠨ 13 ᠵᠦᠢᠯ ᠪᠠᠶ᠋ᠢᠭᠰᠠᠨ᠎ᠡᠴᠡ 35 ᠵᠦᠢᠯ ᠪᠣᠯᠭᠠᠨ ᠨᠡᠮᠡᠭᠳᠡᠭᠦᠯᠵᠦ᠍᠂ 《ᠵᠢᠷᠭᠤᠭ᠎ᠠ᠎ᠶᠢ ᠵᠠᠯᠠᠷᠠᠭᠤᠯᠤᠨ ᠵᠠᠰᠠᠬᠤ》 ᠵᠢ ᠬᠦᠨᠵᠡᠭᠡᠢᠷᠡᠬᠦᠯᠬᠦ ᠡᠭᠦᠷᠭᠡ᠎ᠶᠢ ᠨᠡᠮᠡᠭᠳᠡᠭᠦᠯᠵᠦ᠍᠂ ᠦᠨᠳᠦᠰᠦᠨ ᠱᠠᠲᠤᠨ᠎ᠤ ᠳᠠᠷᠤᠭᠠᠰᠤ᠎ᠶᠢ ᠬᠦᠨᠳᠦᠷᠡᠭᠦᠯᠬᠦ᠌᠎ᠶᠢ ᠰᠡᠷᠭᠡᠶ᠋ᠢᠯᠠᠪᠠ᠃
ᠣᠶ᠋ᠢᠷ᠎ᠠ᠎ᠵᠢᠨ ᠡᠳᠤᠷ᠂ ᠮᠦᠭᠳᠡᠨ ᠬᠣᠲᠠ᠎ᠶᠢᠨ ᠳ᠋ᠠ ᠳ᠋ᠦᠩ ᠲᠣᠭᠣᠷᠢᠭ᠎ᠤᠨ ᠨᠠᠮ᠎ᠤᠨ ᠬᠣᠷᠢᠶ᠎ᠠ ᠵᠢᠨ ᠨᠢᠭᠡᠨ ᠬᠤᠷᠠᠯ᠎ᠤᠨ ᠭᠡᠷ᠎ᠲᠦ᠍᠂ ᠦᠨᠳᠦᠰᠦᠨ ᠱᠠᠲᠤᠨ᠎ᠤ ᠺᠠᠳ᠋ᠷᠴᠤᠳ ᠮᠦᠭᠳᠡᠨ ᠬᠣᠲᠠ᠎ᠶᠢᠨ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠦᠭᠰᠡᠨ ᠨᠡᠶ᠋ᠢᠲᠡᠯᠢᠭ ᠠᠰᠠᠭᠤᠳᠠᠯ᠎ᠤᠨ ᠲᠤᠰᠬᠠᠶ ᠰᠡᠳᠦᠪᠲᠦ᠍ ᠹᠢᠯᠢᠮ᠎ᠢ ᠰᠤᠨᠢᠷᠬᠠᠪᠠ᠃
ᠰᠤᠷᠪᠤᠯᠵᠢᠯᠠᠭᠴᠢ᠎ᠶᠢᠨ ᠣᠶ᠋ᠢᠯᠠᠭᠠᠭᠰᠠᠨ᠎ᠢᠶᠠᠷ᠂ ᠵᠢᠯ ᠤ᠋ᠨ ᠡᠬᠢᠨ ᠡᠴᠡ ᠨᠠᠭᠠᠰᠢ᠂ ᠮᠦᠭᠳᠡᠨ ᠬᠣᠲᠠ᠎ᠶᠢᠨ ᠬᠢᠨ ᠨᠡᠶ᠋ᠢᠲᠡᠯᠢᠭ ᠠᠰᠠᠭᠤᠳᠠᠯ᠎ᠢ ᠵᠠᠷᠯᠠᠨ ᠮᠡᠳᠡᠭᠳᠡᠵᠦ᠍ ᠢᠯᠡᠴᠢᠯᠡᠬᠦ᠌᠎ᠶᠢ ᠴᠢᠬᠤᠯᠠ ᠭᠠᠷᠳᠠᠴᠠ ᠪᠣᠯᠭᠠᠵᠤ᠂ ᠵᠠᠰᠠᠭ ᠤ᠋ᠨ ᠠᠵᠢᠯ᠎ᠤᠨ ᠪᠦᠲᠦᠮᠵᠢ᠎ᠶᠢᠨ ᠲᠤᠬᠠᠶ ᠵᠥᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠲᠡᠶ ᠨᠢᠭᠲᠠ ᠤᠶᠠᠯᠳᠤᠭᠤᠯᠤᠨ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠴᠢᠩᠭ᠎ᠠ ᠵᠠᠯᠠᠷᠠᠭᠤᠯᠬᠤ ᠳᠣᠬᠢᠶ᠎ᠠ᠎ᠶᠢ ᠦᠷᠭᠦᠯᠵᠢᠯᠡᠨ ᠲᠠᠮᠵᠢᠭᠤᠯᠪᠠ᠃ ᠡᠭᠦᠨ᠎ᠦ ᠵᠡᠷᠭᠡ ᠪᠡᠷ᠂ ᠬᠦᠴᠦᠨ᠎ᠢᠶᠡᠨ ᠵᠣᠬᠢᠶᠠᠨ ᠪᠠᠶ᠋ᠢᠭᠤᠯᠵᠤ ᠴᠡᠭᠴᠡᠯᠡᠨ ᠰᠠᠶ᠋ᠢᠵᠢᠷᠠᠭᠤᠯᠤᠭᠰᠠᠨ ᠦᠷ᠎ᠡ ᠪᠦᠲᠦᠮᠵᠢ᠎ᠶᠢ ᠲᠣᠭᠲᠠᠮᠠᠯ ᠪᠤᠰᠤ ᠬᠤᠭᠤᠴᠠᠭ᠎ᠠ᠎ᠲᠠᠶ᠎ᠪᠠᠷ 《ᠡᠷᠬᠢᠨ ᠬᠠᠷᠠᠵᠤ》᠂ ᠳᠡᠭᠡᠷ᠎ᠡ ᠬᠠᠭᠠᠰ ᠵᠢᠯ᠎ᠳᠦ 《ᠳᠥᠷᠪᠡᠨ ᠥᠬᠡᠶ ᠬᠣᠶᠠᠷᠰᠢᠭᠤᠳ ᠬᠦᠷᠬᠦ》 ᠬᠡᠯᠪᠡᠷᠢ᠎ᠪᠡᠷ ᠦᠨᠳᠦᠰᠦᠨ ᠱᠠᠲᠤᠨ᠎ᠤ 90 ᠭᠠᠷᠤᠶ ᠨᠢᠭᠡᠴᠢ᠂ ᠲᠥᠷᠥᠯ ᠵᠦᠢᠯ᠎ᠦᠨ ᠲᠠᠯᠠᠪᠤᠷ ᠣᠷᠳᠣᠨ᠎ᠳᠤ ᠭᠦᠨᠵᠡᠭᠡᠶ᠋ᠢᠷᠡᠨ ᠲᠠᠯᠳᠠᠭᠤᠷ ᠰᠤᠷᠪᠤᠯᠵᠢᠯᠠᠵᠤ᠂ ᠴᠤᠬᠤᠶ᠋ᠢᠯᠲᠠ᠎ᠶᠢᠨ ᠴᠢᠨᠠᠷᠲᠠᠶ 29 ᠠᠰᠠᠭᠤᠳᠠᠯ᠎ᠢ ᠵᠢᠭᠰᠠᠭᠠᠨ ᠪᠠᠶ᠋ᠢᠴᠠᠭᠠᠵᠤ ᠴᠡᠭᠴᠡᠯᠡᠨ ᠰᠠᠶ᠋ᠢᠵᠢᠷᠠᠭᠤᠯᠪᠠ᠃
ᠡᠨᠡ ᠵᠢᠯ᠎ᠡᠴᠡ ᠨᠠᠭᠠᠰᠢ᠂ ᠲᠥᠪ᠎ᠦᠨ ᠳᠠᠪᠬᠤᠷᠭ᠎ᠠ᠎ᠡᠴᠡ ᠬᠡᠯᠪᠡᠷᠢᠴᠢ ᠦᠵᠡᠯ᠎ᠢ ᠴᠡᠭᠴᠡᠯᠡᠨ ᠵᠠᠰᠠᠬᠤ ᠪᠡᠷᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠬᠦᠲᠤᠰᠬᠠᠢ ᠠᠵᠢᠯ᠎ᠤᠨ ᠲᠣᠭᠲᠡᠴᠡ᠎ᠶᠢᠨ ᠠᠯᠪᠠᠨ ᠭᠡᠷ᠂ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠠᠯᠪᠠᠨ ᠲᠢᠩᠬᠢᠮ᠎ᠡᠴᠡ ᠬᠡᠯᠪᠡᠷᠢᠴᠢ ᠦᠵᠡᠯ᠎ᠢ ᠴᠡᠭᠴᠡᠯᠡᠨ ᠵᠠᠰᠠᠬᠤ ᠪᠡᠷ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠦᠭᠰᠡᠨ 10 ᠨᠡᠢᠲᠡᠯᠢᠭ ᠠᠰᠠᠭᠤᠳᠠᠯ᠎ᠢ 3 ᠪᠦᠯᠦᠭ ᠬᠤᠪᠢᠶᠠᠨ ᠢᠯᠡ ᠵᠠᠷᠯᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨᠢ ᠬᠥᠮᠥᠵᠢᠭᠦᠯᠦᠨ ᠵᠢᠯᠤᠭᠣᠳᠴᠤ ᠲᠣᠰ ᠪᠡᠶ᠎ᠡ᠎ᠶᠢᠨ ᠣᠷᠣᠰᠢᠵᠤ ᠪᠠᠢᠭ᠎ᠠ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠤᠨ ᠠᠰᠠᠭᠤᠳᠠᠯ᠎ᠢ ᠲᠦᠷᠦᠭᠦᠯᠡᠨ ᠪᠠᠢᠴᠠᠭᠠᠨ ᠰᠢᠨᠵᠢᠵᠦ᠂ ᠳᠡᠭᠡᠳᠦ ᠱᠠᠲᠤ ᠨᠢ ᠳᠣᠣᠷᠠᠳᠤ ᠱᠠᠲᠤ᠎ᠪᠠᠨ ᠳᠠᠭᠠᠭᠤᠯᠤᠨ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠬᠦ ᠡᠯ᠎ᠡ ᠵᠦᠢᠯ᠎ᠦᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠪᠠ᠃
ᠳᠦᠷᠢᠮ ᠲᠣᠭᠲᠠᠭᠠᠯ ᠲᠣᠭᠲᠠᠭᠠᠬᠤ᠎ᠶᠢ ᠰᠠᠢᠲᠤᠷ ᠠᠳᠬᠤᠵᠤ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠬᠦ᠎ᠶᠢ ᠪᠠᠢᠩᠭᠤᠵᠢᠭᠤᠯᠤᠨ ᠣᠷᠳᠣ᠌ ᠬᠤᠭᠤᠴᠠᠭ᠎ᠠ ᠪᠦᠲᠦᠮᠵᠢᠲᠡᠶ ᠪᠠᠢᠬᠤ ᠳᠤᠮᠳᠠ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶᠢ ᠠᠬᠢᠭᠤᠯᠪᠠ
ᠪᠥᠬᠥ ᠮᠤᠵᠢ᠎ᠶᠢᠨ ᠰᠢᠶᠠᠩ ᠪᠠᠯᠭᠠᠰᠤ ᠵᠡᠭᠡᠯᠢ ᠭᠤᠳᠤᠮᠵᠢ᠎ᠶᠢᠨ ᠰᠠᠷ᠎ᠠ᠎ᠶᠢᠨ ᠳᠤᠮᠳᠠᠴᠢ ᠮᠡᠳᠡᠭᠦᠯᠬᠦ ᠬᠦᠰᠦᠨᠦᠭᠲᠦ᠎ᠶᠢ ᠲᠠᠭᠯᠠᠨ ᠮᠡᠳᠡᠭᠦᠯᠬᠦ ᠬᠡᠮᠵᠢᠶ᠎ᠡ᠎ᠶᠢ 96 ᠪᠠᠢᠭᠰᠠᠨ᠎ᠢ 26 ᠪᠣᠯᠭᠠᠨ ᠪᠠᠭᠤᠷᠠᠭᠤᠯᠵᠤ᠂ ᠳᠠᠪᠬᠤᠷᠳᠠᠭᠤᠯᠤᠨ ᠴᠤᠭᠯᠠᠭᠤᠯᠬᠤ᠂ ᠣᠯᠠᠨ ᠲᠠᠯ᠎ᠠ᠎ᠡᠴᠡ ᠮᠡᠳᠡᠭᠦᠯᠦᠨ ᠬᠦᠷᠭᠡᠬᠦ ᠡᠪᠡᠷᠰᠢᠶᠡᠯ᠎ᠢ ᠠᠯᠬᠤᠮ ᠠᠯᠬᠤᠮ᠎ᠢᠶᠠᠷ ᠠᠷᠢᠯᠭᠠᠵᠤ᠂ 《ᠨᠢᠭᠡ ᠬᠦᠰᠦᠨᠦᠭᠲᠦ᠎ᠪᠡᠷ ᠨᠡᠪᠲᠡᠷᠡᠭᠦ》 ᠰᠢᠰᠲᠧᠮ ᠨᠢ ᠮᠡᠳᠡᠭᠦᠯᠬᠦ ᠬᠦᠰᠦᠨᠦᠭᠲᠦ᠎ᠶᠢ ᠪᠦᠷᠢᠳᠭᠡᠨ ᠮᠡᠳᠡᠭᠦᠯᠦᠨ ᠬᠦᠷᠭᠡᠬᠦ ᠭᠣᠣᠯ ᠠᠷᠭ᠎ᠠ ᠵᠠᠮ ᠪᠣᠯᠪᠠ ᠁
ᠲᠦᠷᠦᠭᠦᠬᠡᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠠᠯᠪᠠᠨ ᠲᠢᠩᠬᠢᠮ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠠᠯᠪᠠᠨ ᠲᠢᠩᠬᠢᠮ 《ᠰᠢᠶᠠᠩ ᠪᠠᠯᠭᠠᠰᠤ (ᠵᠡᠭᠡᠯᠢ ᠭᠤᠳᠤᠮᠵᠢ) ᠵᠢᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠵᠦᠢᠯᠡᠰ᠎ᠦᠨ ᠨᠠᠷᠢᠨ ᠳᠠᠨᠭᠰᠠ᠎ᠶᠢ ᠰᠠᠢᠲᠤᠷ ᠬᠡᠷᠡᠭᠯᠡᠬᠦ ᠲᠤᠬᠠᠢ ᠪᠣᠳᠠᠲᠠᠢ ᠠᠷᠭ᠎ᠠ ᠬᠡᠮᠵᠢᠶ᠎ᠡ》 ᠶ᠋ᠢ ᠳᠠᠷᠤᠮᠠᠯᠯᠠᠨ ᠲᠠᠷᠬᠠᠭᠠᠪᠠ᠃ ᠰᠢᠶᠠᠩ ᠪᠠᠯᠭᠠᠰᠤ (ᠵᠡᠭᠡᠯᠢ ᠭᠤᠳᠤᠮᠵᠢ)ᠢ᠋ᠢᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠵᠦᠢᠯᠡᠰ᠎ᠦᠨ ᠨᠠᠷᠢᠨ ᠲᠠᠩᠰᠠ᠎ᠶᠢ ᠰᠠᠢᠲᠤᠷ ᠪᠠᠢᠭᠤᠯᠤᠨ ᠬᠡᠷᠡᠭᠯᠡᠬᠦ ᠪᠣᠯ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠬᠦ᠂ ᠦᠨᠳᠦᠰᠦᠨ ᠱᠠᠲᠤᠨ᠎ᠤ ᠵᠠᠰᠠᠯᠲᠠ᠎ᠶᠢᠨ 《ᠴᠢᠳᠠᠯ᠎ᠡᠴᠡ ᠨᠢ ᠠᠬᠠᠲᠠᠭᠤᠯᠬᠤ》 ᠲᠣᠪᠣᠢᠮ᠎ᠠ ᠠᠰᠠᠭᠤᠳᠠᠯ᠎ᠢ ᠰᠢᠢᠳᠪᠦᠷᠢᠯᠡᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃
ᠵᠢᠭᠠᠰᠤᠨ ᠠᠵᠤ ᠠᠬᠤᠢ᠎ᠶᠢᠨ ᠲᠡᠵᠢᠭᠡᠨ ᠦᠷᠡᠵᠢᠭᠦᠯᠬᠦ ᠡᠷᠦᠬᠡ 209 ᠡᠷᠦᠬᠡ᠂ ᠲᠡᠵᠢᠭᠡᠨ ᠦᠷᠡᠵᠢᠭᠦᠯᠬᠦ ᠵᠢᠭᠠᠰᠤᠨ ᠴᠥᠭᠥᠷᠥᠮ᠎ᠦᠨ ᠲᠠᠯᠠᠪᠠᠶ 6600 ᠭᠠᠷᠤᠢ ᠮᠦ᠍ ᠪᠣᠶ ᠁ ᠴᠦᠩᠴᠢᠩ ᠬᠣᠲᠠ᠎ᠶᠢᠨ ᠯᠢᠶᠠᠩᠫᠢᠩ ᠲᠣᠭᠣᠷᠢᠭ᠋᠎ᠤᠨ ᠯᠢ ᠷᠠᠩ ᠪᠠᠯᠭᠠᠰᠤᠨ᠎ᠳᠤ᠂ ᠵᠢᠭᠠᠰᠤᠨ ᠠᠵᠤ ᠠᠬᠤᠢ᠎ᠶᠢᠨ ᠲᠡᠵᠢᠭᠡᠨ ᠦᠷᠡᠵᠢᠭᠦᠯᠬᠦ ᠦᠢᠯᠡᠰ ᠪᠣᠯ ᠲᠤᠬᠠᠢ᠎ᠶᠢᠨ ᠭᠠᠵᠠᠷ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠣᠯᠯᠠᠬᠤ ᠠᠵᠤ ᠦᠢᠯᠡᠰ ᠪᠣᠯᠣᠨ᠎ᠠ᠃
《ᠥᠩᠭᠡᠷᠡᠭᠰᠡᠨ᠎ᠳᠦ᠂ ᠵᠢᠭᠠᠰᠤᠨ ᠴᠥᠭᠥᠷᠥᠮ᠎ᠦᠨ ᠰᠡᠭᠦᠯ᠎ᠦᠨ ᠤᠰᠤᠨ᠎ᠤ ᠴᠢᠨᠠᠷ᠎ᠢ ᠬᠢᠨᠠᠨ ᠬᠡᠮᠵᠢᠬᠦ᠂ ᠭᠠᠳᠠᠭᠰᠢᠯᠠᠭᠤᠯᠬᠤ ᠵᠡᠷᠭᠡ ᠬᠢᠨᠠᠯᠲᠠ ᠬᠠᠮᠢᠶᠠᠷᠤᠯᠲᠠ᠎ᠶᠢᠨ ᠵᠦᠢᠯᠡᠰ᠎ᠢ ᠴᠥᠮ ᠰᠢᠶᠠᠩ ᠪᠠᠯᠭᠠᠰᠤᠨ᠎ᠤ ᠦᠨᠳᠦᠰᠦᠨ ᠱᠠᠲᠤᠨ᠎ᠳᠤ ᠲᠠᠯᠪᠢᠵᠤ ᠪᠠᠢᠪᠠ᠂ ᠭᠡᠪᠡᠴᠦ ᠪᠢᠳᠡᠨ᠎ᠳᠦ ᠲᠤᠰᠬᠠᠢ ᠮᠡᠷᠭᠡᠵᠢᠯ᠎ᠦᠨ ᠮᠡᠷᠭᠡᠵᠢᠯ ᠪᠠ ᠴᠢᠳᠠᠪᠤᠷᠢᠲᠠᠨ᠎ᠤ ᠲᠤᠯᠭᠠᠭᠤᠷᠢᠯᠠᠯ ᠳᠤᠲᠠᠭᠳᠠᠵᠤ᠂ ᠬᠢᠨᠠᠯᠲᠠ ᠬᠠᠮᠢᠶᠠᠷᠤᠯᠲᠠ᠎ᠶᠢ ᠪᠣᠳᠠᠲᠠᠢᠵᠢᠭᠤᠯᠤᠭᠰᠠᠨ ᠦᠭᠡᠢ ᠵᠡᠷᠭᠡ ᠠᠰᠠᠭᠤᠳᠠᠯ ᠠᠮᠠᠷᠬᠠᠨ ᠭᠠᠷᠳᠠᠭ》᠃ ᠯᠢ ᠷᠠᠩ ᠪᠠᠯᠭᠠᠰᠤᠨ᠎ᠤ ᠪᠠᠯᠭᠠᠰᠤᠨ ᠳᠠᠷᠤᠭ᠎ᠠ ᠲᠠᠩ ᠴᠢᠩ ᠰᠤᠷᠪᠤᠯᠵᠢᠯᠠᠭ᠎ᠠ ᠬᠦᠯᠢᠶᠡᠬᠦ ᠳ᠋ᠡᠬᠡᠨ᠂ ᠣᠳᠣᠬᠠᠨ᠎ᠳᠤ ᠬᠣᠯᠪᠣᠭᠳᠠᠯ ᠪᠦᠬᠦᠢ ᠠᠵᠢᠯ᠎ᠢ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠦᠨᠳᠦᠰᠦᠨ ᠵᠦᠢᠯᠡᠰ᠎ᠡᠴᠡ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠎ᠳᠦ ᠬᠠᠮᠵᠢᠯᠴᠠᠭᠤᠯᠬᠤ ᠵᠦᠢᠯᠡᠰ ᠪᠣᠯᠭᠠᠨ ᠬᠤᠪᠢᠷᠠᠭᠤᠯᠵᠤ᠂ ᠰᠢᠶᠠᠩ ᠪᠠᠯᠭᠠᠰᠤ 《ᠥᠨᠥᠴᠢᠨ ᠴᠡᠷᠢᠭ ᠡᠷᠡᠯᠬᠡᠭᠯᠡᠨ ᠪᠠᠢᠯᠳᠤᠵᠤ》 ᠪᠠᠢᠭᠰᠠᠨ᠎ᠡᠴᠡ᠎ᠪᠠᠨ ᠲᠤᠭᠤᠷᠢᠭ ᠤ᠋ᠨ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠵᠥᠪᠯᠡᠯ᠂ ᠲᠤᠭᠤᠷᠢᠭ ᠤ᠋ᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠬᠣᠯᠪᠤᠭᠠᠯᠠᠨ ᠬᠠᠮᠵᠢᠯᠴᠠᠵᠤ᠂ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠦᠭᠰᠡᠨ ᠪᠥᠭᠡᠳ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ᠎ᠶᠢ ᠴᠦ᠍ ᠦᠨᠡᠨ ᠬᠦ᠌ ᠪᠠᠲᠤᠯᠠᠭᠰᠠᠨ ᠪᠠᠢᠨ᠎ᠠ ᠭᠡᠪᠡ᠃
ᠭᠤᠤᠯ ᠠᠵᠢᠯ᠎ᠤᠨ ᠲᠣᠭᠣᠷᠢᠨ᠎ᠳᠤ ᠴᠢᠨᠠᠷ ᠰᠠᠶ᠋ᠢᠲᠠᠶ ᠬᠥᠭᠵᠢᠯᠲᠡ᠎ᠳᠦ ᠪᠠᠲᠤ᠌ ᠴᠢᠩᠭ᠎ᠠ ᠰᠤᠷᠲᠠᠯ᠎ᠤᠨ ᠪᠠᠲᠤᠯᠠᠭ᠎ᠠ ᠬᠠᠩᠭᠠᠪᠠ
ᠡᠨᠡ ᠵᠢᠯ᠎ᠦᠨ 1 ᠰᠠᠷ᠎ᠠ᠎ᠳᠤ᠂ 《 ᠱᠠᠩᠬᠠᠶ ᠬᠣᠲᠠ᠎ᠶᠢᠨ ᠳᠡᠯᠡᠬᠡᠶ᠎ᠶᠢᠨ ᠲᠡᠷᠢᠭᠦᠨ᠎ᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠲᠦᠷᠭᠡᠪᠴᠢᠯᠡᠨ ᠪᠣᠶ ᠪᠣᠯᠭᠠᠬᠤ ᠠᠵᠢᠯᠯᠠᠭᠠᠨ᠎ᠤ ᠲᠥᠰᠦᠯ(2026 ᠣᠨ)》 ᠢ᠋ ᠳᠠᠷᠤᠮᠠᠯᠯᠠᠨ ᠲᠠᠷᠬᠠᠭᠠᠵᠤ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡ᠂ ᠵᠠᠬ᠎ᠠ ᠳᠡᠯᠭᠡᠭᠦᠷ᠎ᠦᠨ ᠥᠷᠢᠰᠥᠯᠳᠦᠭᠡᠨ᠂ ᠠᠵᠤ ᠦᠢᠯᠡᠰ᠎ᠦᠨ ᠠᠮᠢ ᠠᠬᠤᠶ᠂ ᠨᠡᠶ᠋ᠢᠭᠡᠮ᠎ᠦᠨ ᠬᠠᠮᠲᠤ᠎ᠶᠢᠨ ᠵᠠᠰᠠᠯᠲᠠ ᠵᠡᠷᠭᠡ ᠲᠠᠯ᠎ᠠ᠎ᠶᠢᠨ 26 ᠵᠦᠢᠯ᠎ᠦᠨ ᠠᠷᠭ᠎ᠠ ᠬᠡᠮᠵᠢᠶ᠎ᠡ᠎ᠶᠢ ᠨᠡᠶ᠋ᠢᠲᠡᠯᠡᠪᠡ᠃
《ᠥᠩᠭᠡᠷᠡᠭᠰᠡᠨ᠎ᠳᠦ ᠠᠵᠤ ᠠᠬᠤᠶ᠋ᠢᠯᠠᠯ ᠰᠢᠨ᠎ᠡ ᠳᠡᠯᠭᠡᠭᠦᠷ᠎ᠦᠨ ᠡᠵᠡᠩᠨᠡᠯᠲᠡ᠎ᠶᠢᠨ ᠦᠨᠡᠮᠯᠡᠯ ᠭᠦᠢᠴᠡᠳᠬᠡᠬᠦ᠌᠂ ᠵᠠᠰᠠᠭ᠎ᠤᠨ ᠣᠷᠳᠣᠨ᠎ᠤ ᠱᠠᠩᠨᠠᠯ ᠨᠥᠬᠥᠪᠥᠷᠢ ᠦᠭᠬᠦ ᠲᠥᠷᠥ᠎ᠶᠢᠨ ᠪᠣᠳᠣᠯᠭ᠎ᠠ᠎ᠶᠢ ᠭᠤᠶᠤᠴᠢᠯᠠᠬᠤ᠎ᠳᠤ ᠶᠡᠷᠦ᠍ ᠨᠢ ᠬᠠᠤᠯᠢ ᠵᠥᠷᠢᠴᠡᠭᠰᠡᠨ ᠲᠡᠮᠳᠡᠭᠯᠡᠯ ᠥᠬᠡᠶ ᠭᠡᠷᠡᠴᠢ᠎ᠶᠢ ᠬᠠᠨᠭᠭᠠᠬᠤ ᠭᠤᠬᠴᠤᠭ᠎ᠠ᠎ᠳᠦ 〈ᠥᠪᠡᠷ᠎ᠢᠶᠡᠨ ᠭᠡᠷᠡᠴᠢᠯᠡᠵᠦ᠍ ᠴᠠᠭᠠᠳᠬᠠᠬᠤ〉 ᠴᠢᠬᠤᠯᠠᠲᠠᠶ ᠪᠠᠶ᠋ᠢᠳᠠᠭ᠂ ᠡᠨᠡ ᠨᠢᠭᠡ ᠯᠡ ᠭᠡᠷᠡᠴᠢ ᠨᠢ ᠳᠠᠷᠤᠶ ᠣᠯᠠᠨ᠎ᠢ〈ᠨᠠᠭᠠᠰᠢ ᠴᠠᠭᠠᠰᠢ ᠤᠯᠠᠨ ᠤᠳᠠᠭ᠎ᠠ ᠬᠦᠶᠦᠯᠭᠡᠳᠡᠭ〉᠃ ᠱᠠᠩᠬᠠᠶ᠎ᠶᠢᠨ ᠨᠢᠭᠡᠨ ᠭᠠᠳᠠᠭᠠᠳᠤ ᠠᠷᠠᠯᠵᠢᠶᠠᠨ᠎ᠤ ᠠᠵᠤ ᠠᠬᠤᠶ᠋ᠢᠯᠠᠯ᠎ᠤᠨ ᠬᠣᠯᠪᠣᠭᠳᠠᠯ ᠪᠥᠬᠥᠶ ᠬᠠᠷᠢᠭᠤᠴᠠᠯᠭᠠᠲᠠᠨ᠂ ᠣᠲᠣ 《ᠪᠠᠷᠢᠨ ᠭᠤᠶᠤᠴᠢᠯᠠᠨ ᠬᠦᠢᠴᠡᠳᠬᠡᠬᠦ》 ᠲᠠᠪᠴᠠᠩ ᠳᠡᠭᠡᠷ᠎ᠡ ᠡᠴᠡ ᠮᠠᠰᠢ ᠠᠮᠠᠷᠬᠠᠨ᠎ᠢᠶᠡᠷ ᠨᠢᠭᠡ ᠬᠤᠪᠢ ᠲᠤᠰᠬᠠᠶ ᠢᠲᠡᠭᠡᠮᠵᠢ᠎ᠶᠢᠨ ᠮᠡᠳᠡᠭᠦᠯᠦᠯᠲᠡ ᠵᠢ ᠭᠠᠷᠭᠠᠵᠤ ᠠᠪᠴᠤ ᠪᠣᠯᠤᠨ᠎ᠠ᠂ ᠡᠬᠦᠨ᠎ᠢ ᠪᠠᠷᠢᠨ ᠬᠦᠢᠴᠡᠳᠬᠡᠵᠤ᠌ ᠪᠣᠯᠬᠤ᠎ᠪᠠᠷ ᠪᠠᠷᠠᠬᠤ ᠥᠬᠡᠶ ᠠᠭᠤᠯᠭ᠎ᠠ᠎ᠨᠢ ᠪᠠᠰᠠ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠂ ᠭᠠᠶ᠋ᠢᠯᠢ᠎ᠶᠢᠨ ᠶᠠᠪᠤᠳᠠᠯ᠂ ᠭᠠᠯ ᠰᠡᠷᠭᠡᠶ᠋ᠢᠯᠡᠬᠦ᠌ ᠵᠡᠷᠭᠡ ᠣᠯᠠᠨ ᠬᠦᠷᠢᠶ᠎ᠡ ᠴᠠᠷᠠᠭ᠎ᠠ᠎ᠶᠢ ᠬᠠᠮᠤᠷᠴᠤ᠌᠂ ᠠᠵᠤ ᠠᠬᠤᠶ᠋ᠢᠯᠠᠯ᠎ᠤᠨ ᠪᠠᠶ᠋ᠢᠨ ᠳᠠᠬᠢᠨ ᠭᠡᠷᠡᠴᠢ ᠭᠠᠷᠭᠠᠵᠤ ᠥᠭᠬᠦ᠌ ᠳᠠᠷᠤᠭᠠᠰᠤ᠎ᠶᠢ ᠪᠦᠲᠦᠮᠵᠢᠲᠡᠶ ᠬᠥᠩᠭᠡᠷᠡᠭᠦᠯᠪᠡ ᠭᠡᠵᠠᠢ᠃
ᠰᠤᠷᠪᠤᠯᠵᠢᠯᠠᠭᠴᠢ᠎ᠶᠢᠨ ᠣᠶ᠋ᠢᠯᠠᠭᠠᠭᠰᠠᠨ᠎ᠢᠶᠠᠷ᠂ ᠱᠠᠩᠬᠠᠶ ᠬᠣᠲᠠ ᠡᠵᠡᠩᠨᠡᠯᠲᠡ᠎ᠶᠢᠨ ᠭᠤᠤᠯ ᠴᠣᠭᠴᠠ᠎ᠶᠢᠨ ᠲᠤᠰᠬᠠᠶ ᠬᠡᠷᠡᠭᠯᠡᠭᠡᠨ᠎ᠦ ᠢᠲᠡᠭᠡᠮᠵᠢ᠎ᠶᠢᠨ ᠮᠡᠳᠡᠭᠦᠯᠦᠯᠲᠡ᠎ᠶᠢ ᠪᠥᠬᠥ᠌ ᠤᠯᠤᠰ᠎ᠲᠤ᠌ ᠡᠩ ᠲᠡᠷᠢᠭᠦᠨ᠎ᠳᠦ ᠬᠡᠷᠡᠭᠵᠢᠭᠦᠯᠵᠦ᠍᠂ 1 ᠬᠤᠪᠢ ᠮᠡᠳᠡᠭᠦᠯᠦᠯᠲᠡ᠎ᠨᠢ ᠬᠠᠮᠤᠭ᠎ᠤᠨ ᠣᠯᠠᠨ᠎ᠳᠠᠭᠠᠨ 42 ᠬᠦᠷᠢᠶᠡᠨ ᠳ᠋ᠡᠬᠢ ᠲᠣᠭᠲᠠᠭᠠᠯ᠎ᠳᠤ ᠨᠡᠶ᠋ᠢᠴᠡᠭᠰᠡᠨ ᠭᠡᠷᠡᠴᠢ ᠵᠢ ᠣᠷᠣᠯᠠᠵᠤ ᠪᠣᠯᠤᠨ᠎ᠠ᠃ 2026 ᠣᠨ᠎ᠤ 6 ᠰᠠᠷ᠎ᠠ᠎ᠶᠢᠨ ᠡᠴᠦᠰ ᠪᠣᠯᠲᠠᠯ᠎ᠠ᠂ ᠱᠠᠩᠬᠠᠶ ᠡᠨᠡᠬᠦ ᠮᠡᠳᠡᠬᠦᠯᠦᠯᠳᠡ ᠵᠢ ᠨᠢᠬᠡᠨᠳᠡ 8.8 ᠲᠦᠮᠡ ᠭᠠᠷᠤᠶ ᠬᠤᠪᠢ ᠭᠠᠷᠭᠠᠵᠤ᠂ ᠡᠬᠦᠨ᠎ᠢᠶᠡᠷ ᠠᠵᠤ ᠠᠬᠤᠶ᠋ᠢᠯᠠᠯ᠎ᠤᠨ ᠡᠯ᠎ᠡ ᠵᠠᠰᠠᠭ ᠵᠠᠬᠢᠷᠭᠠᠨ᠎ᠤ ᠪᠠᠶ᠋ᠢᠭᠤᠯᠭ᠎ᠠ ᠵᠡᠷᠭᠡ᠎ᠳᠦ ᠬᠥᠷᠴᠦ 288 ᠲᠦᠮᠡᠨ ᠬᠤᠪᠢ ᠭᠡᠷᠡᠴᠢ ᠭᠠᠷᠭᠠᠵᠤ ᠠᠪᠬᠤ ᠠᠵᠢᠯ᠎ᠢ ᠤᠷᠤᠯᠠᠪᠠ᠃
ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠬᠦ᠌ ᠪᠣᠯ ᠨᠢᠭᠡ ᠵᠦᠢᠯ᠎ᠦᠨ ᠣᠷᠳᠣ ᠬᠤᠭᠤᠴᠠᠭᠠᠨ᠎ᠤ ᠡᠭᠦᠷᠭᠡ ᠮᠥᠨ᠂ ᠡᠷᠬᠡᠪᠰᠢ ᠭᠤᠤᠯ ᠴᠣᠭᠴᠠ᠎ᠶᠢᠨ ᠬᠠᠷᠢᠭᠤᠴᠠᠯᠭ᠎ᠠ᠎ᠶᠢ ᠪᠣᠳᠠᠲᠠᠶ᠋ᠢᠵᠢᠭᠤᠯᠵᠤ᠂ ᠬᠠᠷᠢᠭᠤᠴᠠᠯᠭ᠎ᠠ᠎ᠶᠢ ᠨᠠᠶ᠋ᠢᠳᠠᠪᠤᠷᠢᠵᠢᠭᠤᠯᠬᠤ᠎ᠶᠢ ᠴᠢᠩᠭᠠᠳᠬᠠᠪᠠᠯ ᠰᠠᠶᠢ ᠠᠵᠢᠯ᠎ᠤᠨ ᠪᠣᠳᠠᠲᠤ᠌ ᠦᠷ᠎ᠡ ᠪᠦᠲᠦᠮᠵᠢ᠎ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠍ ᠴᠢᠳᠠᠨ᠎ᠠ᠃
ᠰᠤᠷᠲᠠᠯ᠎ᠤᠨ ᠪᠠᠶ᠋ᠢᠭᠤᠯᠤᠯᠲᠠ ᠬᠡᠵᠢᠶᠡᠳᠡ ᠳᠠᠭᠤᠰᠤᠰᠢ ᠦᠭᠡᠢ᠃ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠤᠨ ᠠᠷᠬᠠᠭ ᠬᠡᠮ ᠨᠢ ᠤᠬᠤᠷᠬᠠᠨ ᠬᠤᠭᠤᠴᠠᠭᠠᠨ᠎ᠳᠦ ᠪᠤᠢ ᠪᠤᠯᠤᠭᠰᠠᠨ ᠪᠢᠰᠢ᠂ ᠦᠨᠳᠦᠰᠦᠨ ᠱᠠᠲᠤᠨ᠎ᠤ ᠳᠠᠷᠤᠭᠠᠰᠤ᠎ᠶᠢ ᠦᠨᠳᠦᠰᠦᠨ᠎ᠡᠴᠡ ᠨᠢ ᠬᠥᠩᠭᠡᠷᠡᠭᠦᠯᠬᠦ᠌ ᠨᠢ ᠴᠦ᠍ ᠤᠬᠤᠷᠬᠠᠨ ᠬᠤᠭᠤᠴᠠᠭᠠᠨ ᠳ᠋ᠤ ᠠᠮᠵᠢᠯᠲᠠ ᠤᠯᠵᠤ ᠲᠡᠢᠯᠬᠦ ᠦᠬᠡᠢ ᠶᠤᠮ᠃
ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠤᠷᠢᠶ᠎ᠠ ᠵᠢᠨ ᠪᠠᠲᠤ᠌ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠲᠣᠭᠲᠠᠭᠠᠯ᠎ᠤᠳ᠎ᠤᠨ ᠡᠯ᠎ᠡ ᠵᠦᠢᠯ᠎ᠦᠨ ᠱᠠᠭᠠᠷᠳᠠᠯᠭ᠎ᠠ᠎ᠶᠢ ᠴᠢᠩᠭ᠎ᠠ ᠨᠠᠶ᠋ᠢᠳᠠᠪᠤᠷᠢᠵᠢᠭᠤᠯᠵᠤ᠂ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠬᠦ᠌ ᠠᠵᠢᠯ᠎ᠢ ᠦᠷᠭᠦᠯᠵᠢᠯᠡᠨ ᠭᠦᠨᠵᠡᠭᠡᠶ᠋ᠢᠷᠡᠭᠦᠯᠦᠨ ᠥᠷᠭᠡᠳᠬᠡᠪᠡᠯ ᠬᠠᠳᠠᠭᠤ ᠴᠢᠩᠭ᠎ᠠ ᠰᠤᠷᠲᠠᠯ᠎ᠢᠶᠠᠷ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶᠢ ᠰᠠᠶ᠋ᠢᠲᠤᠷ ᠡᠬᠢᠯᠡᠭᠦᠯᠬᠦ᠌᠎ᠳᠦ ᠪᠠᠲᠤ᠌ ᠴᠢᠩᠭ᠎ᠠ ᠪᠠᠲᠤᠯᠠᠭ᠎ᠠ ᠬᠠᠩᠭᠠᠵᠤ ᠴᠢᠳᠠᠬᠤ ᠨᠢ ᠯᠡᠪᠳᠡᠢ᠃
(ᠰᠢᠨᠬᠤᠸᠠ ᠬᠤᠷᠢᠶ᠎ᠠ ᠵᠢᠨ ᠪᠡᠭᠡᠵᠢᠩ᠎ᠦᠨ 8 ᠰᠠᠷ᠎ᠠ᠎ᠶᠢᠨ 6 ᠤ᠋ ᠴᠠᠬᠢᠯᠭᠠᠨ ᠮᠡᠳᠡᠭᠡ ᠡᠴᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃