2026-08-21 16:18:53
— ᠣᠣᠮᠧᠨ᠎ᠦ ᠡᠯ᠎ᠡ ᠡᠲᠡᠭᠡᠳ᠎ᠦᠨ ᠬᠢᠨ 《ᠭᠤᠷᠪᠠᠳᠤᠭᠠᠷ ᠲᠠᠪᠤᠨ ᠵᠢᠯ》 ᠤ᠋ᠨ ᠴᠢᠨᠠᠷ ᠰᠠᠶ᠋ᠢᠲᠠᠶ ᠬᠥᠭᠵᠢᠯᠲᠡ᠎ᠶᠢᠨ ᠰᠢᠨ᠎ᠡ ᠪᠠᠶ᠋ᠢᠳᠠᠯ᠎ᠢ ᠨᠡᠭᠡᠭᠡᠬᠦ ᠵᠢ ᠬᠦᠰᠡᠵᠦ᠍ ᠪᠤᠢ
ᠣᠣᠮᠧᠨ᠎ᠦ ᠢᠷᠡᠭᠡᠳᠦᠶ᠎ᠶᠢᠨ ᠲᠠᠪᠤᠨ ᠵᠢᠯ᠎ᠦᠨ ᠠᠵᠤ ᠠᠬᠤᠶ ᠨᠡᠶ᠋ᠢᠭᠡᠮ᠎ᠦᠨ ᠬᠥᠭᠵᠢᠯᠲᠡ᠎ᠶᠢ ᠬᠥᠲᠥᠯᠥᠨ ᠳᠠᠭᠠᠭᠤᠯᠬᠤ ᠬᠥᠲᠥᠯᠪᠦᠷᠢ᠎ᠶᠢᠨ ᠴᠢᠨᠠᠷᠲᠠᠶ ᠪᠢᠴᠢᠭ ᠮᠠᠲ᠋ᠧᠷᠢᠶᠠᠯ ᠪᠣᠯᠤᠭᠰᠠᠨ᠎ᠤ ᠬᠤᠪᠢ᠎ᠳᠤ᠂ 《ᠣᠣᠮᠧᠨᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠠᠵᠤ ᠠᠬᠤᠶ ᠪᠠ ᠨᠡᠶ᠋ᠢᠭᠡᠮ᠎ᠦᠨ ᠬᠥᠭᠵᠢᠯᠲᠡ᠎ᠶᠢᠨ ᠭᠤᠷᠪᠠᠳᠤᠭᠠᠷ ᠲᠠᠪᠤᠨ ᠵᠢᠯ᠎ᠦᠨ ᠲᠥᠯᠥᠪᠵᠢᠭᠦᠯᠭᠡ (2026 —2030 ᠣᠨ)》 (ᠳᠣᠷᠣᠭᠰᠢ 《ᠭᠤᠷᠪᠠᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠭᠡᠵᠦ᠍ ᠲᠦᠬᠦᠮᠴᠢᠯᠡᠨ᠎ᠠ) ᠵᠢ ᠨᠡᠢᠳᠡᠯᠡᠬᠦ ᠭᠡᠵᠤ ᠪᠠᠢᠭ᠎ᠠ ᠲᠠᠰᠢᠷᠠᠮ ᠳ᠋ᠤ᠂ ᠣᠣᠮᠧᠨ᠎ᠦ ᠰᠢᠨ᠎ᠡ ᠭᠠᠷᠤᠭ᠎ᠠ ᠳ᠋ᠤ ᠰᠠᠭᠤᠷᠢᠯᠠᠨ᠂ ᠰᠢᠨ᠎ᠡ ᠠᠵᠠ ᠲᠣᠬᠢᠶᠠᠯ᠎ᠢ ᠵᠠᠪᠳᠤᠨ ᠠᠳᠬᠤᠵᠤ᠂ ᠰᠢᠨ᠎ᠡ ᠰᠢᠪᠲᠤᠯᠤᠯᠲᠠ᠎ᠶᠢ ᠪᠡᠶᠡᠯᠡᠭᠦᠯᠬᠦ᠌᠎ᠳᠦ ᠲᠣᠳᠣᠷᠬᠠᠶ ᠠᠷᠭ᠎ᠠ ᠵᠠᠮ᠎ᠢ ᠵᠢᠭᠠᠵᠤ ᠥᠭᠴᠡᠶ᠃
ᠣᠣᠮᠧᠨ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠵᠠᠰᠠᠭ ᠵᠠᠬᠢᠷᠭᠠᠨ᠎ᠤ ᠳᠠᠷᠤᠭ᠎ᠠ ᠼᠸᠨ ᠬᠤᠤ ᠬᠤᠢ ᠲᠦᠷᠦᠭᠦᠬᠡᠨ ᠨᠡᠷ᠎ᠡ ᠬᠠᠳᠠᠭᠰᠠᠨ ᠵᠣᠬᠢᠶᠠᠯ ᠨᠡᠶ᠋ᠢᠲᠡᠯᠡᠵᠦ᠍᠂ 《ᠭᠤᠷᠪᠠᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶᠢᠨ ᠭᠣᠣᠯ ᠠᠭᠤᠯᠭ᠎ᠠ ᠪᠣᠯᠤᠨ ᠭᠣᠣᠯᠳᠠᠯᠭ᠎ᠠ᠎ᠲᠠᠶ ᠡᠭᠦᠷᠭᠡ᠎ᠳᠦ ᠲᠠᠶ᠋ᠢᠯᠤᠮᠵᠢ ᠬᠢᠵᠦ᠍᠂ ᠠᠵᠤ ᠠᠬᠤᠢ᠎ᠶᠢ ᠵᠣᠬᠢᠰᠲᠠᠢ ᠤᠯᠠᠨ ᠡᠰᠢᠵᠢᠭᠦᠯᠬᠦ᠌᠂ ᠣᠣᠮᠧᠨᠪᠤᠯᠤᠨ ᠾᠸᠩ ᠴᠢᠨ ᠭᠤᠸᠠᠨᠭᠳᠦ᠋ᠩ ᠤᠤᠮᠸᠨ ᠤ᠋ ᠬᠦᠨᠵᠡᠭᠡᠢ ᠬᠠᠮᠳᠤᠷᠠᠯᠴᠠᠭᠠᠨ ᠤ᠋ ᠤᠷᠤᠨ ᠢ᠋ ᠨᠢᠭᠡ ᠴᠤᠬᠴᠠᠵᠢᠭᠤᠯᠤᠨ ᠬᠥᠭᠵᠢᠭᠦᠯᠬᠦ᠌᠂ ᠬᠤᠳᠠ᠎ᠶᠢ ᠰᠢᠨᠡᠳᠬᠡᠬᠦ᠌᠂ ᠤᠯᠤᠰ᠎ᠤᠨ ᠬᠥᠭᠵᠢᠯᠲᠡ᠎ᠶᠢᠨ ᠶᠡᠬᠡ ᠲᠠᠯ᠎ᠠ᠎ᠳᠤ ᠠᠭᠤᠰᠤᠯᠴᠠᠬᠤ ᠪᠠ ᠦᠢᠯᠡᠴᠢᠯᠡᠬᠦ᠌ ᠲᠦᠷᠪᠡᠨ ᠵᠠᠩᠭᠢᠯᠠᠭ᠎ᠠ᠎ᠶᠢᠨ ᠴᠢᠭᠯᠡᠯ᠎ᠦᠨ ᠲᠣᠭᠣᠷᠢᠨ᠎ᠳᠤ᠂ 《ᠬᠠᠤᠯᠢ ᠪᠡᠷ ᠵᠠᠰᠠᠬᠤ ᠣᠣᠮᠧᠨ᠂ ᠠᠮᠢᠵᠢᠷᠠᠯ᠎ᠤᠨ ᠬᠦᠴᠦᠨ᠎ᠲᠡᠶ ᠣᠣᠮᠧᠨ᠂ ᠰᠣᠶᠣᠯᠬᠦᠭᠵᠢᠭᠰᠡᠨ ᠣᠣᠮᠧᠨ᠂ ᠵᠣᠯ ᠵᠢᠷᠭᠠᠯᠲᠤ᠌ ᠣᠣᠮᠧᠨ》 ᠤ᠋ ᠰᠠᠢ᠌ᠨ ᠰᠠᠶ᠋ᠢᠬᠠᠨ ᠬᠦᠰᠡᠯ ᠡᠷᠡᠮᠡᠯᠵᠡᠯ᠎ᠢ ᠵᠢᠷᠤᠭᠯᠠᠵᠤ᠂ ᠣᠣᠮᠧᠨ᠎ᠦ ᠨᠡᠶ᠋ᠢᠭᠡᠮ᠎ᠦᠨ ᠡᠯ᠎ᠡ ᠡᠲᠡᠭᠡᠳ᠎ᠦᠨ ᠬᠢᠨ 《ᠭᠤᠷᠪᠠᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶᠢᠨ ᠲᠤᠬᠠᠢ ᠬᠦᠰᠡᠯ ᠡᠷᠡᠮᠡᠯᠵᠡᠯ ᠪᠣᠯᠤᠨ ᠪᠠᠷᠠᠯᠠᠯ᠎ᠢᠶᠠᠨ ᠠᠭᠤᠵᠢᠷᠠᠲᠠᠯ᠎ᠠ ᠶᠠᠷᠢᠯᠴᠠᠪᠠ᠃
ᠣᠣᠮᠧᠨ᠎ᠦ ᠠᠵᠤ ᠠᠬᠤᠢ᠎ᠶᠢᠨ ᠨᠡᠶ᠋ᠢᠭᠡᠮᠯᠢᠭ᠎ᠦᠨ ᠬᠡᠷᠡᠭ ᠡᠷᠬᠢᠯᠡᠭᠴᠢᠳ᠎ᠦᠨ ᠳᠠᠷᠤᠭ᠎ᠠ ᠯᠢᠦ ᡁᠢ ᠢ᠂ 《ᠭᠤᠷᠪᠠᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠤ᠂ ᠠᠵᠤ ᠠᠬᠤᠢ᠎ᠶᠢᠨ ᠵᠣᠬᠢᠰᠲᠠᠢ ᠤᠯᠠᠨ ᠡᠰᠢᠵᠢᠭᠰᠡᠨ ᠬᠥᠭᠵᠢᠯᠲᠡ᠎ᠶᠢ ᠯᠠᠪᠳᠠᠭᠤᠨ ᠪᠠᠲᠤᠲᠠᠢ ᠠᠬᠢᠭᠤᠯᠬᠤ ᠪᠣᠯ ᠣᠨᠴᠠᠭᠠᠢ ᠣᠷᠣᠨ᠎ᠤ ᠵᠠᠰᠠᠭ᠎ᠤᠨ ᠣᠷᠳᠣᠨ᠎ᠤ ᠵᠠᠰᠠᠭ ᠶᠠᠪᠤᠭᠤᠯᠬᠤ ᠴᠢᠬᠤᠯᠠ ᠡᠭᠦᠷᠭᠡ ᠪᠣᠯᠤᠨ᠎ᠠ᠂ ᠨᠡᠶ᠋ᠢᠭᠡᠮ᠎ᠦᠨ ᠡᠯ᠎ᠡ ᠡᠲᠡᠭᠡᠳ᠎ᠦᠨ ᠬᠢᠨ ᠴᠥᠮ ᠣᠨᠴᠠᠭᠠᠢ ᠣᠷᠣᠨ᠎ᠤ ᠵᠠᠰᠠᠭ᠎ᠤᠨ ᠣᠷᠳᠣᠨ᠎ᠤ ᠰᠢᠨ᠎ᠡ᠎ᠶᠢ ᠡᠭᠦᠳᠬᠦ᠌ ᠰᠡᠳᠬᠢᠬᠦᠢ᠂ ᠤᠷᠢᠳ ᠡᠮᠦᠨ᠎ᠡ ᠪᠠᠶ᠋ᠢᠭ᠎ᠠ ᠦᠭᠡᠢ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ᠎ᠪᠡᠷ᠂ ᠵᠠᠰᠠᠭ᠎ᠤᠨ ᠣᠷᠳᠣᠨ᠎ᠤ ᠬᠦᠳᠦᠯᠥᠨ ᠳᠠᠭᠠᠭᠤᠯᠬᠤ ᠰᠠᠭᠤᠷᠢ ᠮᠥᠩᠭᠥᠨ᠎ᠦ ᠦᠢᠯᠡᠳᠦᠯ᠎ᠢ ᠨᠡᠩ ᠰᠠᠶ᠋ᠢᠲᠤᠷ ᠪᠠᠳᠠᠷᠠᠭᠤᠯᠬᠤ᠂ ᠪᠡᠯᠡ ᠮᠥᠩᠭᠥ᠎ᠶᠢᠨ ᠣᠷᠣᠭᠤᠯᠤᠯᠲᠠ ᠪᠣᠯᠤᠨ ᠠᠷᠠᠯᠵᠢᠶᠠᠴᠢᠨ ᠤᠷᠢᠵᠤ ᠪᠡᠯᠡ ᠮᠥᠩᠭᠥ᠌ ᠣᠷᠣᠭᠤᠯᠤᠨ ᠠᠪᠴᠢᠷᠠᠬᠤ ᠡᠷᠴᠢᠮ᠎ᠢᠶᠡᠨ ᠴᠢᠩᠭᠠᠷᠠᠭᠤᠯᠬᠤ᠂ ᠰᠢᠨ᠎ᠡ᠎ᠪᠡᠷ ᠮᠠᠨᠳᠤᠭᠰᠠᠨ ᠠᠵᠤ ᠠᠬᠤᠢ᠎ᠶᠢᠨ ᠨᠡᠮᠡᠭᠳᠡᠯ᠎ᠦᠨ ᠴᠡᠭ᠎ᠢ ᠪᠣᠶ᠋ᠢᠵᠢᠭᠤᠯᠬᠤ᠂ ᠭᠣᠣᠯᠳᠠᠯᠭ᠎ᠠ᠎ᠲᠠᠶ ᠢᠨᠵᠧᠨᠧᠷᠢᠩ᠎ᠦᠨ ᠲᠦᠷᠦᠯ ᠵᠦᠢᠯ᠎ᠢ ᠨᠠᠶ᠋ᠢᠳᠠᠪᠤᠷᠢᠵᠢᠭᠤᠯᠬᠤ ᠵᠡᠷᠭᠡ ᠲᠠᠯ᠎ᠠ᠎ᠪᠠᠷ ᠰᠢᠨ᠎ᠡ ᠰᠢᠪᠲᠤᠯᠤᠯᠲᠠ᠎ᠲᠠᠶ ᠪᠣᠯᠬᠤ᠎ᠶᠢ ᠬᠦᠰᠡᠵᠦ᠍ ᠪᠠᠶ᠋ᠢᠨ᠎ᠠ ᠭᠡᠵᠦ᠍ ᠢᠯᠡᠳᠬᠡᠪᠡ᠃
ᠳᠥᠷᠪᠡᠨ ᠶᠡᠬᠡ ᠭᠤᠤᠯᠳᠠᠯᠭ᠎ᠠ᠎ᠲᠠᠶ ᠢᠨᠵᠧᠨᠧᠷᠢᠩ᠎ᠦᠨ ᠵᠦᠢᠯ᠎ᠦᠨ ᠨᠢᠭᠡ ᠪᠣᠯᠤᠭᠰᠠᠨ ᠤᠤᠮᠸᠠ ᠪᠤᠯᠤᠨ ᠾᠸᠩ ᠴᠢᠨ ᠣᠯᠠᠨ ᠤᠯᠤᠰ᠎ᠤᠨ ᠰᠤᠷᠭᠠᠨ ᠬᠥᠮᠦᠵᠢᠯ (ᠶᠡᠬᠡ ᠰᠤᠷᠭᠠᠭᠤᠯᠢ) ᠤ᠋ᠨ ᠬᠣᠲᠠ 8 ᠰᠠᠷ᠎ᠠ᠎ᠶᠢᠨ ᠡᠬᠢ᠎ᠪᠡᠷ ᠱᠠᠲᠤ᠌ ᠦᠶᠡᠴᠢ ᠴᠢᠨᠠᠷᠲᠠᠶ ᠦᠷ᠎ᠡ ᠪᠦᠲᠦᠭᠡᠯ ᠤᠯᠪᠠ᠃ ᠣᠣᠮᠧᠨ ᠶᠡᠬᠡ ᠰᠤᠷᠭᠠᠭᠤᠯᠢ᠎ᠶᠢᠨ ᠵᠠᠬᠢᠷᠤᠯ ᠰᠥᠩ ᠶᠦᠩ ᠬᠤᠸᠠ᠂ ᠣᠳᠣᠬᠠᠨ᠎ᠳᠤ ᠤᠤᠮᠸᠠ ᠪᠤᠯᠤᠨ ᠾᠸᠩ ᠴᠢᠨ ᠣᠯᠠᠨ ᠤᠯᠤᠰ᠎ᠤᠨ ᠰᠤᠷᠭᠠᠨ ᠬᠥᠮᠦᠵᠢᠯ (ᠶᠡᠬᠡ ᠰᠤᠷᠭᠠᠭᠤᠯᠢ) ᠤ᠋ᠨ ᠨᠢᠭᠡᠳᠦᠭᠡᠷ ᠬᠤᠭᠤᠴᠠᠭ᠎ᠠ — ᠣᠣᠮᠧᠨ ᠶᠡᠬᠡ ᠰᠤᠷᠭᠠᠭᠤᠯᠢ᠎ᠶᠢᠨ ᠰᠤᠷᠭᠠᠭᠤᠯᠢ ᠡᠷᠭᠢᠯᠡᠬᠦ᠌ ᠴᠡᠭ (ᠳ᠋ᠸ ᡁᠢ ᠠᠭᠤᠳᠠᠮ ᠲᠠᠯᠠᠪᠠᠶ ᠪᠠ ᠢᠦᠶ ᠰᠢᠨ ᠶᠡᠬᠡ ᠠᠰᠠᠷ) ᠤ᠋ᠨ ᠠᠵᠢᠯᠯᠠᠭ᠎ᠠ ᠤᠷᠤᠭᠰᠢᠲᠠᠶ ᠶᠠᠪᠤᠭᠳᠠᠵᠤ᠂ ᠰᠤᠷᠤᠯᠴᠠᠵᠤ ᠪᠠᠶ᠋ᠢᠭ᠎ᠠ ᠰᠣᠷᠣᠭᠴᠢ 1000 ᠰᠢᠬᠠᠮ ᠪᠠᠶ᠋ᠢᠵᠤ᠂ ᠪᠦᠬᠦᠯᠢ ᠴᠣᠭᠴᠠ᠎ᠶᠢᠨ ᠲᠥᠷᠥᠯ ᠵᠦᠢᠯ᠎ᠦᠨ ᠪᠥᠲᠥᠭᠡᠨ ᠪᠠᠶ᠋ᠢᠭᠤᠯᠤᠯᠲᠠ᠎ᠳᠤ ᠪᠠᠲᠤ᠌ ᠪᠠᠬᠢ ᠰᠠᠭᠤᠷᠢ ᠲᠠᠯᠪᠢᠵᠤ ᠪᠠᠶ᠋ᠢᠨ᠎ᠠ ᠭᠡᠵᠤ ᠲᠠᠨᠢᠯᠴᠠᠭᠤᠯᠪᠠ᠃ ᠲᠡᠷᠡ᠂ ᠢᠷᠡᠬᠦ᠌ ᠲᠠᠪᠤᠨ ᠵᠢᠯ᠎ᠳᠦ᠂ ᠣᠣᠮᠧᠨ ᠶᠡᠬᠡ ᠰᠤᠷᠭᠠᠭᠤᠯᠢ ᠬᠢᠯᠢ ᠠᠯᠤᠰᠯᠠᠭᠰᠠᠨ《ᠨᠢᠭᠡ ᠰᠤᠷᠭᠠᠭᠤᠯᠢ ᠬᠣᠶᠠᠷ ᠲᠣᠭᠣᠷᠢᠭ》 ᠤ᠋ᠨ ᠪᠠᠶ᠋ᠢᠷᠢᠰᠢᠯ᠎ᠳᠤ ᠲᠦᠰᠢᠭᠯᠡᠵᠦ᠍᠂ ᠤᠯᠤᠰ᠎ᠤᠨ ᠬᠥᠭᠵᠢᠯᠲᠡ᠎ᠶᠢᠨ ᠶᠡᠬᠡ ᠲᠠᠯ᠎ᠠ᠎ᠳᠤ ᠭᠦᠨᠵᠡᠭᠡᠢ ᠠᠭᠤᠰᠤᠯᠴᠠᠬᠤ ᠪᠠ ᠦᠢᠯᠡᠴᠢᠯᠡᠵᠦ᠍᠂ ᠣᠣᠮᠧᠨ ᠪᠤᠯᠤᠨ ᠾᠸᠩ ᠴᠢᠨ ᠭᠤᠸᠠᠨᠭᠳᠦ᠋ᠩ ᠤᠤᠮᠸᠠ ᠤ᠋ ᠬᠦᠨᠵᠡᠭᠡᠢ ᠬᠠᠮᠳᠤᠷᠠᠯᠴᠠᠭᠠᠨ ᠤ᠋ ᠤᠷᠤᠨ ᠤ᠋ ᠨᠢᠭᠡ ᠴᠤᠬᠴᠠᠵᠢᠯᠳᠠ ᠵᠢᠨ ᠪᠦᠳᠦᠭᠡᠨ ᠪᠠᠶ᠋ᠢᠭᠤᠯᠤᠯᠲᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠵᠦ᠍ ᠦᠷ᠎ᠡ ᠠᠰᠢᠭ᠎ᠢ ᠨᠡᠮᠡᠭᠳᠡᠭᠦᠯᠬᠦ᠌᠎ᠳᠦ ᠬᠦᠴᠦᠨ ᠨᠡᠮᠡᠷᠢᠯᠡᠨ᠎ᠡ ᠭᠡᠵᠦ᠍ ᠢᠯᠡᠳᠬᠡᠪᠡ᠃ ᠠᠵᠤ ᠦᠢᠯᠡᠳᠪᠦᠷᠢ᠎ᠶᠢᠨ ᠳᠡᠭᠡᠳᠦ ᠰᠤᠷᠭᠠᠭᠤᠯᠢ᠎ᠶᠢᠨ ᠰᠢᠨ᠎ᠠ ᠠᠰᠫᠢᠷᠠᠨᠲ ᠵᠤᠤ ᠰᠧ ᠮᠢᠩ ᠢᠷᠡᠭᠡᠳᠦᠢ᠎ᠶᠢᠨ ᠰᠤᠳᠤᠯᠤᠨ ᠰᠤᠷᠤᠯᠴᠠᠬᠤ ᠠᠮᠢᠳᠤᠷᠠᠯ᠎ᠳ᠋ᠠᠭᠠᠨ ᠬᠦᠰᠡᠯ ᠡᠷᠡᠮᠡᠯᠵᠡᠯ᠎ᠢᠶᠡᠷ ᠪᠢᠯᠬᠠᠮ᠎ᠠ ᠪᠠᠢᠯ᠎ᠠ᠂ ᠲᠡᠷᠡ ᠲᠤᠰ ᠰᠤᠷᠭᠠᠭᠤᠯᠢ᠎ᠶᠢᠨ ᠲᠣᠭᠣᠷᠢᠭ ᠪᠣᠯᠤᠨ ᠰᠤᠷᠭᠠᠭᠤᠯᠢ ᠡᠷᠬᠢᠯᠡᠬᠦ᠌ ᠴᠡᠭ᠎ᠦᠨ ᠬᠣᠭᠣᠷᠣᠨᠳᠣᠬᠢ ᠣᠷᠣᠨ ᠪᠦᠰᠡ ᠠᠯᠤᠰᠯᠠᠨ ᠰᠤᠷᠤᠯᠴᠠᠵᠥ᠍ ᠰᠣᠯᠢᠯᠴᠠᠬᠤ ᠵᠠᠪᠰᠢᠶᠠᠨ᠎ᠲᠠᠶ ᠪᠤᠯᠵᠤ᠂ ᠡᠷᠳᠡᠮ ᠰᠢᠨᠵᠢᠯᠡᠭᠡᠨ ᠪᠣᠯᠤᠨ ᠰᠣᠶᠣᠯ᠎ᠤᠨ ᠬᠠᠷᠠᠭ᠎ᠠ᠎ᠪᠠᠨ ᠥᠷᠭᠡᠳᠬᠡᠬᠦ᠌᠎ᠶᠢ ᠬᠦᠰᠡᠪᠡ᠃
《ᠭᠤᠷᠪᠠᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠳᠦ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌᠎ᠶᠢᠨ ᠳᠠᠢ᠌ᠴᠢᠯᠠᠨ ᠳᠠᠭᠠᠭᠤᠯᠬᠤ ᠦᠢᠯᠡᠳᠦᠯ᠎ᠢ ᠭᠣᠣᠯᠳᠠᠯᠭ᠎ᠠ᠎ᠲᠠᠶ ᠳᠤᠪᠤᠢ᠌ᠯᠭᠠᠵᠤ᠂ ᠣᠣᠮᠧᠨ᠎ᠦ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠡᠲᠡᠭᠡᠳᠲᠦ᠍ ᠮᠠᠰᠢ ᠶᠡᠬᠡ ᠵᠣᠷᠢᠭᠵᠢᠭᠤᠯᠤᠯ ᠪᠣᠯᠪᠠ᠃ ᠣᠣᠮᠧᠨ᠎ᠦ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠠᠮᠵᠢᠯᠴᠠᠨ ᠠᠬᠢᠭᠤᠯᠬᠤ ᠨᠡᠶ᠋ᠢᠭᠡᠮᠯᠢᠭ᠎ᠦᠨ ᠳᠠᠷᠤᠭ᠎ᠠ ᠼᠦᠢ ᠱ᠌ᠢ ᠫᠢᠩ᠂ 《ᠭᠤᠷᠪᠠᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠤ᠂ ᠣᠣᠮᠧᠨ 《ᠨᠢᠭᠡ ᠤᠯᠤᠰ᠎ᠲᠤ᠌ ᠬᠣᠶᠠᠷ ᠪᠠᠶ᠋ᠢᠭᠤᠯᠤᠯ᠎ᠢ ᠬᠡᠷᠡᠭᠵᠢᠭᠦᠯᠬᠦ᠌》 ᠪᠠᠶ᠋ᠢᠭᠤᠯᠤᠯ᠎ᠤᠨ ᠳᠠᠪᠠᠭᠤᠯᠢᠭ ᠪᠣᠯᠤᠨ ᠭᠦᠨ ᠵᠤᠵᠠᠭᠠᠨ ᠳᠤᠮᠳᠠᠳᠤ ᠦᠷᠦᠨᠡᠳᠠᠬᠢᠨ ᠤ᠋ ᠰᠣᠶᠣᠯ᠎ᠤᠨ ᠠᠭᠤᠯᠤᠭᠳᠠᠬᠤᠨ᠎ᠳᠤ ᠲᠦᠰᠢᠭᠯᠡᠵᠦ᠍᠂ 《ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ + ᠰᠣᠶᠣᠯ》 ᠤ᠋ᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠰᠢᠨ᠎ᠡ᠎ᠶᠢ ᠡᠭᠦᠳᠬᠦ᠌ ᠤᠷᠠᠨ ᠲᠣᠭᠯᠠᠯᠲᠠ᠂ ᠬᠦᠨᠵᠡᠭᠡᠢ ᠪᠠᠶᠠᠴᠢᠯᠡᠨ ᠤᠢᠯᠠᠭᠠᠬᠤ ᠮᠠᠶᠢᠭ ᠤ᠋ᠨ ᠠᠵᠢᠯᠯᠠᠭ᠎ᠠ᠂ ᠣᠶᠤᠨᠴᠢ᠎ᠪᠠᠷ ᠰᠣᠯᠢᠯᠴᠠᠨ ᠣᠶ᠋ᠢᠯᠠᠭᠠᠬᠤ ᠵᠡᠷᠭᠡ ᠠᠭᠤᠰᠤᠯᠴᠠᠭᠰᠠᠨ ᠰᠢᠨ᠎ᠡ ᠡᠵᠡᠩᠨᠡᠯᠲᠡ᠎ᠶᠢᠨ ᠬᠡᠯᠪᠡᠷᠢ᠎ᠶᠢ ᠪᠣᠶ᠋ᠢᠵᠢᠭᠤᠯᠵᠤ᠂ ᠭᠤᠸᠠᠩᠳᠦ᠋ᠩ ᠰᠢᠶᠠᠩᠭᠠᠩ ᠣᠣᠮᠧᠨ᠎ᠦ ᠲᠤᠮᠤ ᠪᠤᠯᠤᠩ᠎ᠤᠨ ᠣᠷᠣᠨ᠎ᠤ ᠳᠡᠯᠡᠬᠡᠢ᠎ᠶᠢᠨ ᠲᠡᠰ᠎ᠤᠨ ᠬᠤᠳᠠ᠎ᠶᠢᠨ ᠰᠦᠷᠦᠭᠵᠢᠯ ᠢ᠋ ᠪᠦᠳᠦᠭᠡᠨ ᠪᠠᠶ᠋ᠢᠭᠤᠯᠬᠤ᠎ᠳᠤ ᠳᠠᠬᠢᠨᠲᠠ ᠵᠥᠭᠡᠯᠡᠨ ᠪᠣᠳᠠᠲᠤ᠌ ᠬᠦᠴᠦᠨ ᠪᠣᠯᠤᠨ ᠥᠪᠡᠷᠮᠢᠴᠡ ᠲᠠᠲᠠᠬᠤ ᠬᠦᠴᠦᠨ ᠨᠡᠮᠡᠷᠢᠯᠡᠬᠦ᠌᠎ᠶᠢ ᠬᠦᠰᠡᠵᠤ ᠪᠠᠶ᠋ᠢᠨ᠎ᠠ ᠭᠡᠪᠡ᠃
ᠡᠭᠡ ᠤᠯᠤᠰ᠂ᠳᠡᠯᠡᠬᠡᠢ ᠳ᠋ᠠᠬᠢᠨ᠎ᠢ ᠬᠣᠯᠪᠣᠭᠰᠠᠨ ᠣᠷᠣᠨ ᠪᠠᠶ᠋ᠢᠷᠢ᠎ᠶᠢᠨ ᠳᠠᠪᠠᠭᠤᠯᠢᠭ᠎ᠲᠤ᠌ ᠲᠦᠰᠢᠭᠯᠡᠵᠦ᠍᠂ 《ᠭᠤᠷᠪᠠᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠳᠦ ᠣᠣᠮᠧᠨ᠎ᠦ ᠬᠢᠨ ᠳᠣᠲᠣᠭᠠᠳᠤ᠎ᠳᠠᠭᠠᠨ ᠬᠣᠯᠪᠣᠭᠠᠯᠠᠵᠤ ᠭᠠᠳᠠᠭᠠᠳᠤ᠎ᠲᠠᠶ ᠨᠡᠪᠲᠡᠷᠡᠯᠴᠡᠬᠦ᠌ ᠬᠥᠭᠵᠢᠯᠲᠡ᠎ᠶᠢᠨ ᠪᠠᠶ᠋ᠢᠷᠢᠰᠢᠯ᠎ᠢ ᠴᠢᠩᠭᠠᠳᠬᠠᠨ᠎ᠠ ᠭᠡᠵᠦ᠍ ᠲᠣᠳᠣᠷᠬᠠᠶ᠋ᠢᠯᠠᠪᠠ᠃ ᠡᠭᠦᠨ᠎ᠳᠦ ᠣᠣᠮᠧᠨ᠎ᠦ ᠪᠠᠩᠬᠢ᠎ᠶᠢᠨ ᠦᠢᠯᠡᠰ ᠲᠤᠶ᠋ᠢᠯ᠎ᠢᠶᠠᠷ ᠤᠷᠮᠠᠰᠢᠨ ᠵᠣᠷᠢᠭᠵᠢᠪᠠ᠃ ᠣᠣᠮᠧᠨ᠎ᠦ ᠪᠠᠩᠬᠢ᠎ᠶᠢᠨ ᠡᠪᠯᠡᠯ᠎ᠦᠨ ᠲᠡᠷᠢᠭᠦᠯᠡᠭᠴᠢ ᠹᠠᠨ ᠶᠣᠣ ᠱᠧᠩ᠂ 《ᠭᠤᠷᠪᠠᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠤ᠂ ᠣᠣᠮᠧᠨ᠎ᠦ ᠪᠠᠩᠬᠢ᠎ᠶᠢᠨ ᠦᠢᠯᠡᠰ ᠳᠣᠲᠣᠭᠠᠳᠤ᠎ᠳᠠᠭᠠᠨ ᠣᠣᠮᠧᠨ ᠪᠤᠯᠤᠨᠾᠸᠩ ᠴᠢᠨ ᠭᠤᠸᠠᠨᠭᠳᠦ᠋ᠩ ᠤᠤᠮᠸᠠ ᠤ᠋ ᠬᠦᠨᠵᠡᠭᠡᠢ ᠬᠠᠮᠳᠤᠷᠠᠯᠴᠠᠭᠠᠨ ᠤ᠋ ᠤᠷᠤᠨ ᠤ᠋ ᠨᠢᠭᠡ ᠴᠤᠬᠴᠠᠵᠢᠭᠤᠯᠤᠨ ᠬᠥᠭᠵᠢᠭᠦᠯᠬᠦ᠌᠎ᠶᠢ ᠭᠦᠨᠵᠡᠭᠡᠶ᠋ᠢᠷᠡᠭᠦᠯᠵᠦ᠍᠂ ᠭᠤᠸᠠᠩᠳᠦ᠋ᠩ ᠰᠢᠶᠠᠩᠭᠠᠩ ᠣᠣᠮᠧᠨ᠎ᠦ ᠲᠤᠮᠤ ᠪᠤᠯᠤᠩ᠎ᠤᠨ ᠣᠷᠣᠨ᠎ᠤ ᠴᠢᠨᠠᠷ ᠰᠠᠶ᠋ᠢᠲᠠᠢ ᠪᠦᠳᠦᠭᠡᠨ ᠪᠠᠶ᠋ᠢᠭᠤᠯᠤᠯᠲᠠ᠎ᠳᠤ ᠬᠦᠴᠦᠨ ᠨᠡᠮᠡᠷᠢᠯᠡᠵᠦ᠍᠂ ᠪᠣᠳᠠᠲᠤ᠌ ᠴᠣᠭᠴᠠ᠎ᠶᠢᠨ ᠠᠵᠤ ᠠᠬᠤᠢ᠎ᠶᠢᠨ ᠬᠥᠭᠵᠢᠯᠲᠡ᠎ᠳᠦ ᠦᠢᠯᠡᠴᠢᠯᠡᠨ᠎ᠡ; ᠭᠠᠳᠠᠭᠠᠳᠤ᠎ᠳᠤ 《ᠣᠨᠣᠴᠠᠲᠠᠢ ᠬᠠᠷᠢᠯᠴᠠᠬᠤ ᠬᠥᠮᠦᠨ》 ᠤ᠋ ᠦᠢᠯᠡᠳᠦᠯ᠎ᠢ ᠪᠠᠳᠠᠷᠠᠭᠤᠯᠵᠤ᠂ ᠳᠤᠮᠳᠠᠳᠤ ᠫᠣᠷᠲ᠋ᠦ᠋ᠭᠠᠯ᠎ᠤᠨ ᠮᠥᠩᠭᠥᠨ ᠭᠦᠢᠯᠭᠡᠭᠡᠨ᠎ᠦ ᠦᠢᠯᠡᠴᠢᠯᠡᠭᠡᠨ᠎ᠦ ᠲᠠᠪᠴᠠᠩ᠎ᠢ ᠰᠢᠯᠢᠳᠡᠭᠵᠢᠭᠦᠯᠦᠨ᠂ 《ᠭᠠᠳᠠᠭᠰᠢ ᠭᠠᠷᠴᠤ ᠶᠠᠪᠤᠬᠤ》᠂ 《ᠭᠠᠳᠠᠭᠠᠳᠤ ᠡᠴᠡ ᠣᠷᠣᠭᠤᠯᠵᠤ ᠠᠪᠴᠢᠷᠠᠬᠤ》 ᠳ᠋ᠦ᠍ ᠦᠢᠯᠡᠴᠢᠯᠡᠵᠦ᠍᠂ ᠠᠷᠠᠳ᠎ᠤᠨ ᠵᠣᠭᠣᠰ᠎ᠤᠨ ᠤᠯᠠᠨ ᠤᠯᠤᠰ᠎ᠤᠨ ᠬᠡᠷᠡᠭᠯᠡᠯᠲᠡ᠎ᠳᠦ ᠬᠦᠴᠦᠨ ᠨᠡᠮᠡᠷᠢᠯᠡᠵᠦ᠍᠂ ᠣᠣᠮᠧᠨ᠎ᠦ ᠥᠨᠳᠥᠷ ᠲᠦᠪᠰᠢᠨ ᠪᠦᠬᠦᠢ ᠭᠠᠳᠠᠭᠰᠢ ᠨᠡᠭᠡᠭᠡᠯᠳᠡ ᠬᠢᠬᠦ᠌ ᠪᠡᠬᠢᠯᠡᠯᠲᠡ ᠵᠢ ᠪᠠᠶ᠋ᠢᠭᠤᠯᠬᠤ᠎ᠳᠤ ᠮᠥᠩᠭᠥᠨ ᠭᠦᠢᠯᠭᠡᠭᠡᠨ᠎ᠦ ᠬᠦᠴᠦᠨ ᠨᠡᠮᠡᠷᠢᠯᠡᠨ᠎ᠡ ᠭᠡᠵᠤ ᠢᠯᠡᠳᠭᠡᠪᠡ᠃
ᠠᠷᠠᠳ᠎ᠤᠨ ᠠᠮᠢᠳᠤᠷᠠᠯ᠎ᠤᠨ ᠶᠠᠰᠤ ᠴᠢᠨᠠᠷ᠎ᠢ ᠳᠡᠭᠡᠭᠰᠢᠯᠡᠭᠦᠯᠬᠦ᠌ ᠪᠠ ᠬᠣᠲᠠ᠎ᠶᠢᠨ ᠰᠢᠨᠡᠴᠢᠯᠡᠯᠲᠡ ᠪᠣᠯ 《ᠵᠣᠯ ᠵᠢᠷᠭᠠᠯᠲᠤ᠌ ᠣᠣᠮᠧᠨ》 ᠢ᠋ ᠪᠥᠲᠥᠭᠡᠨ ᠪᠠᠶ᠋ᠢᠭᠤᠯᠬᠤ᠎ᠶᠢᠨ ᠴᠢᠬᠤᠯᠠ ᠡᠭᠦᠷᠭᠡ ᠮᠥᠨ᠂ ᠪᠠᠰᠠ ᠴᠤ᠌ ᠲᠣᠰ ᠤᠳᠠᠭ᠎ᠠ ᠵᠢᠨ ᠲᠥᠯᠥᠪᠵᠢᠭᠦᠯᠭᠡ᠎ᠳᠦ ᠦᠨᠳᠦᠰᠦᠨ ᠱᠠᠲᠤᠨ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠷᠠᠳ᠎ᠤᠨ ᠬᠡᠷᠡᠭᠴᠡᠭᠡ᠎ᠳᠦ ᠬᠠᠷᠢᠭᠤᠯᠲᠠ ᠥᠭᠬᠦ᠌ ᠵᠠᠩᠭᠢᠯᠠᠭ᠎ᠠ᠎ᠶᠢᠨ ᠠᠷᠭ᠎ᠠ ᠬᠡᠮᠵᠢᠶ᠎ᠡ ᠮᠥᠨ᠃ ᠭᠤᠸᠠᠩᠳᠦ᠋ᠩ ᠣᠣᠮᠧᠨ᠎ᠦ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶᠢᠨ ᠳᠠᠷᠤᠭ᠎ᠠ ᠱ᠌ᠢ ᠵᠢᠶᠠ ᠯᠦᠨ᠂ 《ᠭᠤᠷᠪᠠᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠨᠢ ᠤᠯᠠᠨ ᠡᠰᠢᠲᠦ᠍ ᠠᠵᠤ ᠦᠢᠯᠡᠰ᠎ᠦᠨ ᠬᠥᠭᠵᠢᠯᠲᠡ᠎ᠶᠢ ᠳᠤᠮᠳᠠ ᠪᠠᠭ᠎ᠠ ᠠᠵᠤ ᠠᠬᠤᠶ᠋ᠢᠯᠠᠯ ᠵᠢᠴᠢ ᠨᠡᠶ᠋ᠢᠭᠡᠮ ᠲᠣᠭᠣᠷᠢᠭ᠎ᠤᠨ ᠠᠵᠤ ᠠᠬᠤᠢ᠎ᠲᠠᠶ ᠨᠢᠭᠲᠠ ᠤᠶᠠᠯᠳᠤᠭᠤᠯᠵᠤ᠂ ᠬᠥᠮᠦᠰ᠎ᠢ ᠵᠣᠷᠢᠭᠵᠢᠭᠤᠯᠵᠠᠢ ᠭᠡᠵᠦ ᠢᠯᠡᠳᠭᠡᠪᠡ᠃ ᠢᠷᠡᠭᠡᠳᠦᠢ᠎ᠶᠢᠨ ᠲᠠᠪᠤᠨ ᠵᠢᠯ᠎ᠢ ᠪᠠᠷᠠᠯᠠᠬᠤᠶ᠎ᠠ᠂ ᠲᠡᠷᠡ᠂ ᠣᠨᠴᠠᠭᠠᠢ ᠣᠷᠣᠨ᠎ᠤ ᠵᠠᠰᠠᠭ᠎ᠤᠨ ᠣᠷᠳᠣᠨ ᠤᠯᠠᠨ ᠡᠰᠢᠲᠦ᠍ ᠠᠵᠤ ᠦᠢᠯᠡᠰ ᠪᠣᠯᠤᠨ ᠨᠡᠶ᠋ᠢᠭᠡᠮ ᠲᠣᠭᠣᠷᠢᠭ᠎ᠤᠨ ᠠᠵᠤ ᠠᠬᠤᠢ᠎ᠶᠢᠨ ᠬᠠᠮᠵᠢᠯᠴᠠᠨ ᠬᠤᠷᠰᠢᠯᠴᠠᠬᠤ᠎ᠶᠢ ᠦᠷᠭᠦᠯᠵᠢᠯᠡᠨ ᠭᠦᠨᠵᠡᠭᠡᠶ᠋ᠢᠷᠡᠭᠦᠯᠵᠦ᠍᠂ ᠳᠤᠮᠳᠠ ᠪᠠᠭ᠎ᠠ ᠠᠵᠤ ᠠᠬᠤᠶ᠋ᠢᠯᠠᠯ᠎ᠢ ᠲᠡᠳᠬᠦᠨ ᠲᠡᠮᠵᠢᠵᠤ ᠬᠤᠳᠠᠯᠳᠤᠭ᠎ᠠ ᠡᠷᠬᠢᠯᠡᠬᠦ᠌ ᠣᠷᠣᠨ ᠵᠠᠢ᠎ᠶᠢ ᠥᠷᠭᠡᠳᠬᠡᠵᠦ᠍᠂ ᠾᠸᠩ ᠴᠢᠨᠤ ᠠᠵᠤ ᠦᠢᠯᠡᠰ ᠪᠣᠯᠤᠨ ᠠᠵᠢᠯ ᠣᠯᠭᠣᠯᠲᠠ᠎ᠶᠢᠨ ᠠᠷᠭ᠎ᠠ ᠵᠠᠮ᠎ᠢ ᠴᠢᠳᠠᠮᠠᠭᠠᠢ ᠠᠰᠢᠭᠯᠠᠵᠤ᠂ ᠠᠵᠤ ᠠᠬᠤᠢ᠎ᠶᠢᠨ ᠬᠥᠭᠵᠢᠯᠲᠡ᠎ᠶᠢᠨ ᠦᠷ᠎ᠡ ᠪᠦᠲᠦᠭᠡᠯ᠎ᠢ ᠦᠨᠡᠨ ᠬᠦ᠌ ᠠᠷᠠᠳ᠎ᠤᠨ ᠠᠮᠢᠳᠤᠷᠠᠯ᠎ᠤᠨ ᠠᠵᠠ ᠵᠢᠷᠭᠠᠯ ᠪᠣᠯᠭᠠᠨ ᠬᠤᠪᠢᠷᠠᠭᠤᠯᠵᠤ᠂ ᠠᠵᠢᠯ ᠣᠯᠭᠣᠯᠲᠠ᠎ᠶᠢᠨ ᠪᠦᠲᠦᠴᠡ᠎ᠶᠢ ᠰᠢᠯᠢᠳᠡᠭᠵᠢᠭᠦᠯᠵᠦ᠍᠂ ᠨᠡᠶ᠋ᠢᠭᠡᠮ᠎ᠦᠨ ᠪᠠᠲᠤᠯᠠᠭ᠎ᠠ᠎ᠶᠢᠨ ᠡᠮ ᠡᠮᠨᠡᠯᠭᠡ᠎ᠶᠢᠨ ᠰᠢᠰᠲ᠋ᠧᠮ᠎ᠢ ᠲᠡᠭᠦᠯᠳᠡᠷᠵᠢᠭᠦᠯᠵᠦ᠍᠂ ᠠᠵᠢᠯᠯᠠᠵᠤ ᠠᠮᠢᠳᠤᠷᠠᠬᠤ᠎ᠳᠦ ᠲᠤᠬᠢᠳᠠᠢ ᠣᠣᠮᠧᠨ᠎ᠢ ᠬᠠᠮᠲᠤ᠎ᠪᠠᠷ ᠪᠠᠶ᠋ᠢᠭᠤᠯᠬᠤ᠎ᠶᠢ ᠨᠡᠩ ᠬᠦᠰᠡᠵᠦ᠍ ᠪᠠᠶ᠋ᠢᠨ᠎ᠠ᠃
ᠣᠣᠮᠧᠨ᠎ᠦ ᠬᠣᠲᠠ᠎ᠶᠢᠨ ᠠᠷᠠᠳ ᠲᠥᠯᠥᠪᠵᠢᠭᠦᠯᠭᠡ᠎ᠡᠴᠡ ᠬᠣᠲᠠ᠎ᠶᠢᠨ ᠬᠥᠭᠵᠢᠯᠲᠡ᠎ᠶᠢᠨ ᠳᠤᠬᠠᠢ ᠭᠦᠨᠵᠡᠭᠡᠶ ᠣᠶ᠋ᠢᠯᠠᠭᠠᠵᠤ᠂ ᠴᠥᠭᠡᠨ ᠪᠤᠰᠤ ᠬᠣᠲᠠ᠎ᠶᠢᠨ ᠠᠷᠠᠳ᠂ ᠬᠠᠭᠤᠴᠢᠨ ᠲᠣᠭᠣᠷᠢᠭ᠎ᠢ ᠥᠭᠡᠷᠡᠴᠢᠯᠡᠨ ᠰᠢᠨᠡᠳᠬᠡᠬᠦ᠌ ᠬᠤᠷᠳᠤᠴᠠ᠎ᠪᠠᠨ ᠲᠦᠷᠭᠡᠳᠬᠡᠨ ᠲᠠᠰ ᠳᠡᠪᠰᠢᠭᠦᠯᠵᠦ᠍᠂ ᠣᠯᠠᠨ ᠨᠡᠶ᠋ᠢᠲᠡ᠎ᠶᠢᠨ ᠦᠢᠯᠡᠴᠢᠯᠡᠭᠡ ᠬᠢᠭᠡᠳ ᠬᠣᠲᠠ᠎ᠶᠢᠨ ᠢᠵᠢ ᠪᠥᠷᠢᠳᠦᠯᠢ ᠦᠷᠭᠦᠯᠵᠢᠯᠡᠨ ᠲᠡᠭᠦᠯᠳᠡᠷᠵᠢᠭᠦᠯᠬᠦ᠌᠎ᠶᠢ ᠬᠦᠰᠡᠵᠦ᠍ ᠪᠠᠶ᠋ᠢᠨ᠎ᠠ ᠭᠡᠵᠦ᠍ ᠢᠯᠡᠳᠬᠡᠵᠡᠭᠡᠪᠡ᠃ ᠣᠣᠮᠧᠨ᠎ᠦ ᠬᠣᠲᠠ᠎ᠶᠢᠨ ᠠᠷᠠᠳ ᠯᠢ ᠠᠪᠠᠬᠠᠶ᠂ ᠢᠷᠡᠬᠦ᠌ ᠲᠠᠪᠤᠨ ᠵᠢᠯ᠎ᠳᠦ ᠣᠨᠴᠠᠭᠠᠶ ᠣᠷᠣᠨ᠎ᠤ ᠵᠠᠰᠠᠭ᠎ᠤᠨ ᠣᠷᠳᠣᠨ ᠨᠠᠰᠤᠲᠠᠶ᠋ᠢᠴᠤᠳ᠂ ᠠᠵᠢᠯ ᠠᠯᠳᠠᠭᠰᠠᠳ ᠵᠡᠷᠭᠡ ᠬᠦᠮᠦᠰ᠎ᠤᠨ ᠪᠣᠳᠠᠲᠠᠶ ᠬᠦᠴᠢᠷᠳᠡᠯ᠎ᠢ ᠨᠠᠩ ᠢᠯᠡᠭᠦᠦ ᠠᠩᠬᠠᠷᠬᠤ᠎ᠶᠢᠨ ᠬᠠᠮᠲᠤ᠌ ᠨᠡᠶ᠋ᠢᠭᠡᠮ᠎ᠦᠨ ᠰᠠᠨᠠᠯ᠎ᠢᠶᠠᠨ ᠢᠯᠡᠳᠬᠡᠬᠦ᠌ ᠠᠷᠭ᠎ᠠ ᠵᠠᠮ᠎ᠢ ᠰᠢᠯᠤᠭᠤᠳᠬᠠᠵᠤ᠂ ᠨᠡᠶ᠋ᠢᠭᠡᠮ᠎ᠦᠨ ᠣᠶ᠋ᠢᠯᠠᠭᠠᠯᠲᠠ ᠪᠠ ᠬᠠᠮᠲᠤ᠎ᠶᠢᠨ ᠲᠠᠨᠢᠯᠲᠠ᠎ᠶᠢ ᠠᠬᠢᠭᠤᠯᠬᠤ᠎ᠶᠢ ᠬᠦᠰᠡᠵᠦ᠍ ᠪᠠᠶ᠋ᠢᠨ᠎ᠠ ᠭᠡᠵᠦ ᠬᠡᠯᠡᠪᠡ᠃
ᠾᠸᠩ ᠴᠢᠨ᠎ᠳᠤ ᠠᠵᠢᠯᠯᠠᠵᠤ ᠠᠮᠢᠳᠤᠷᠠᠵᠤ ᠪᠠᠶ᠋ᠢᠭ᠎ᠠ ᠣᠣᠮᠧᠨ᠎ᠤ ᠵᠠᠯᠠᠭᠤ ᠬᠣᠸᠠᠩ ᠽᠢ ᠼᠠᠢ ᠣᠣᠮᠧᠨᠾᠸᠩ ᠴᠢᠨᠤ ᠠᠭᠤᠰᠤᠯᠴᠠᠯ ᠪᠠ ᠵᠠᠯᠠᠭᠤᠴᠤᠳ᠎ᠤᠨ ᠬᠦᠭᠵᠢᠯᠲᠠ ᠵᠡᠷᠭᠡ ᠠᠭᠤᠯᠭ᠎ᠠ᠎ᠳᠤ ᠬᠦᠰᠠᠯ ᠲᠠᠯᠪᠢᠵᠤ ᠪᠠᠶ᠋ᠢᠨ᠎ᠠ᠃ ᠲᠡᠷᠡ᠂ ᠣᠣᠮᠧᠨᠾᠸᠩ ᠴᠢᠨᠤ᠋ ᠪᠣᠭᠣᠮᠲᠠ ᠥᠩᠭᠡᠷᠡᠬᠦ᠌᠂ ᠠᠵᠢᠯ ᠤᠯᠬᠤ᠂ ᠦᠢᠯᠡᠰ ᠪᠤᠰᠬᠠᠬᠤ᠂ ᠨᠡᠶ᠋ᠢᠭᠡᠮ᠎ᠦᠨ ᠪᠠᠲᠤᠯᠠᠭ᠎ᠠ ᠵᠡᠷᠭᠡ ᠲᠠᠯ᠎ᠠ᠎ᠶᠢᠨ ᠲᠦᠷᠢᠮ᠎ᠦᠨ ᠵᠣᠯᠭᠠᠯᠴᠠᠭ᠎ᠠ᠎ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ ᠠᠵᠢᠯᠯᠠᠵᠤ ᠠᠮᠢᠳᠤᠷᠠᠬᠤ᠎ᠳᠤ ᠲᠦᠬᠦᠮ ᠲᠣᠬᠢᠯᠢᠭ 《ᠨᠢᠭᠡ ᠴᠤᠬᠴᠠᠵᠢᠬᠰᠠᠨ ᠠᠮᠢᠳᠤᠷᠠᠯ᠎ᠤᠨ ᠲᠣᠭᠣᠷᠢᠭ》 ᠢ᠋ ᠪᠠᠶ᠋ᠢᠭᠤᠯᠬᠤ᠎ᠶᠢ ᠬᠦᠰᠡᠵᠦ᠍ ᠪᠠᠶ᠋ᠢᠨ᠎ᠠ᠃ ᠡᠭᠦᠨ᠎ᠦ ᠵᠡᠷᠭᠡ ᠪᠡᠷ᠂ ᠲᠡᠷᠡ ᠣᠣᠮᠧᠨ᠎ᠦ ᠵᠠᠯᠠᠭᠤᠴᠤᠳᠲᠤ᠌ ᠴᠢᠭᠯᠡᠭᠦᠯᠦᠭᠰᠡᠨ ᠳᠠᠳᠤᠯᠭ᠎ᠠ ᠬᠢᠬᠦ᠌᠂ ᠠᠵᠢᠯ ᠤᠯᠬᠤ ᠪᠠ ᠦᠢᠯᠡᠰ ᠪᠤᠰᠬᠠᠬᠤ᠎ᠶᠢ ᠲᠡᠳᠬᠦᠨ ᠳᠡᠮᠵᠢᠬᠦ᠌ ᠨᠠᠩ ᠣᠯᠠᠨ ᠠᠷᠭ᠎ᠠ ᠬᠡᠮᠵᠢᠶ᠎ᠡ ᠲᠣᠭᠲᠠᠭᠠᠬᠤ᠎ᠶᠢ ᠬᠦᠰᠡᠵᠦ᠍ ᠪᠠᠶ᠋ᠢᠨ᠎ᠠ᠃ ᠬᠤᠸᠠᠩ ᠽᠢ ᠼᠠᠢ᠂ ᠣᠣᠮᠧᠨ᠎ᠦ ᠵᠠᠯᠠᠭᠤᠴᠤᠳ ᠳᠤᠷᠠᠲᠠᠶ᠎ᠠ ᠤᠯᠤᠰ᠎ᠤᠨ ᠬᠥᠭᠵᠢᠯᠲᠡ᠎ᠶᠢᠨ ᠶᠡᠬᠡ ᠲᠠᠯ᠎ᠠ᠎ᠳᠤ ᠰᠠᠨᠠᠭᠠᠴᠢᠯᠠᠭ᠎ᠠ᠎ᠡᠴᠡ᠎ᠪᠠᠨ ᠠᠭᠤᠰᠤᠯᠴᠠᠵᠤ᠂ ᠣᠣᠮᠧᠨ᠎ᠦ ᠪᠠᠶ᠋ᠢᠭᠤᠯᠤᠯ᠎ᠤᠨ ᠳᠠᠪᠠᠭᠤᠯᠢᠭ ᠪᠣᠯᠤᠨ ᠡᡁᠸᠩ ᠴᠢᠨᠤ ᠣᠷᠣᠨ ᠵᠠᠢ᠎ᠶᠢᠨ ᠳᠠᠪᠠᠭᠤᠯᠢᠭ᠎ᠲᠠᠶ ᠤᠶᠠᠯᠳᠤᠭᠤᠯᠵᠤ᠂ 《ᠲᠤᠮᠤ ᠪᠤᠯᠤᠩ᠎ᠤᠨ ᠣᠷᠣᠨ᠎ᠳᠤ ᠬᠦᠰᠡᠯ ᠵᠡᠭᠦᠳᠦ᠎ᠪᠡᠨ ᠲᠡᠷᠭᠡᠯᠰᠢᠭᠦᠯᠦᠨ᠎ᠡ》 ᠭᠡᠵᠦ᠍ ᠬᠡᠯᠡᠪᠡ᠃
ᠴᠣ ᠰᠢᠨ᠎ᠡ ᠬᠥᠭᠵᠢᠯᠲᠡ᠎ᠶᠢᠨ ᠭᠠᠷᠤᠭ᠎ᠠ᠎ᠳᠤ ᠵᠣᠭᠰᠣᠵᠤ᠂ ᠣᠣᠮᠧᠨ᠎ᠦ ᠨᠡᠶ᠋ᠢᠭᠡᠮ᠎ᠦᠨ ᠬᠢᠨ 《ᠭᠤᠷᠪᠠᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶᠢ ᠨᠠᠶ᠋ᠢᠳᠠᠪᠤᠷᠢᠵᠢᠭᠤᠯᠤᠨ ᠬᠡᠷᠡᠭᠵᠢᠭᠦᠯᠬᠦ᠌᠎ᠳᠦ ᠢᠲᠡᠭᠡᠯ ᠲᠡᠭᠦᠯᠳᠡᠷ ᠪᠠᠶ᠋ᠢᠨ᠎ᠠ᠃ ᠡᠯ᠎ᠡ ᠡᠲᠡᠭᠡᠳ᠎ᠦᠨ ᠬᠥᠮᠦᠰ᠂ ᠢᠷᠡᠬᠦ᠌ ᠲᠠᠪᠤᠨ ᠵᠢᠯ᠎ᠳᠦ ᠣᠣᠮᠧᠨ ᠤᠯᠤᠰ᠎ᠤᠨ ᠬᠥᠭᠵᠢᠯᠲᠡ᠎ᠶᠢᠨ ᠶᠡᠬᠡ ᠲᠠᠯ᠎ᠠ᠎ᠳᠤ ᠠᠭᠤᠰᠤᠯᠴᠠᠬᠤ ᠪᠠ ᠦᠢᠯᠡᠴᠢᠯᠡᠬᠦ᠌ ᠳᠤᠮᠳᠠ ᠴᠣ ᠰᠢᠨ᠎ᠡ ᠬᠥᠭᠵᠢᠯᠲᠡ᠎ᠶᠢᠨ ᠬᠥᠳᠡᠯᠭᠡᠬᠦ᠌ ᠡᠨᠧᠷᠭᠢ᠎ᠶᠢ ᠬᠥᠭᠵᠢᠭᠡᠵᠦ᠍᠂ 《ᠨᠢᠭᠡ ᠤᠯᠤᠰ᠎ᠲᠤ᠌ ᠬᠣᠶᠠᠷ ᠪᠠᠶ᠋ᠢᠭᠤᠯᠤᠯ᠎ᠢ ᠬᠡᠷᠡᠭᠵᠢᠭᠦᠯᠬᠦ᠌》 ᠠᠮᠵᠢᠯᠲᠠ᠎ᠲᠠᠶ ᠦᠢᠯᠡᠳᠦᠯᠭᠡ᠎ᠶᠢᠨ ᠰᠢᠨ᠎ᠡ ᠬᠠᠭᠤᠳᠠᠰᠤ᠎ᠶᠢ ᠦᠷᠭᠦᠯᠵᠢᠯᠡᠨ ᠪᠢᠴᠢᠭᠯᠡᠬᠦ᠌ ᠪᠣᠯᠤᠨ᠎ᠠ ᠭᠡᠵᠦ᠍ ᠰᠠᠨᠠᠯ ᠨᠢᠭᠡᠲᠡᠢ ᠦᠵᠡᠵᠡᠭᠡᠪᠡ᠃
(ᠰᠢᠨᠬᠤᠸᠠ ᠬᠤᠷᠢᠶ᠎ᠠ ᠵᠢᠨ ᠤᠤᠮᠸᠠ ᠤ᠋ 8 ᠰᠠᠷ᠎ᠠ ᠵᠢᠨ 16 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃