2026-08-24 17:27:22
— ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭᠠᠳᠠᠨ ᠡᠴᠡ ᠰᠢᠶᠠᠨ᠎ᠤ ᠬᠡᠪᠴᠢᠶᠡᠨ᠎ᠦ ᠬᠡᠷᠡᠭᠯᠡᠭᠡ᠎ᠶᠢ ᠬᠥᠭᠵᠢᠬᠡᠬᠦ 18 ᠵᠦᠢᠯ᠎ᠦᠨ ᠠᠷᠭ᠎ᠠ ᠬᠡᠮᠵᠢᠶ᠎ᠡ ᠵᠢᠨ ᠲᠤᠬᠠᠢ ᠨᠠᠷᠢᠨ ᠲᠠᠢᠯᠪᠤᠷᠢᠯᠠᠯᠳᠠ ᠬᠢᠪᠠ
ᠦᠨᠳᠤᠰᠤᠨ ᠱᠠᠳᠤᠨ ᠤ᠋ ᠵᠠᠬ᠎ᠠ ᠳᠡᠯᠭᠡᠭᠦᠷ ᠨᠢ ᠪᠦᠬᠦ᠌ ᠤᠯᠤᠰ᠎ᠤᠨ ᠬᠠᠮᠤᠭ᠎ᠤᠨ ᠥᠷᠭᠡᠨ ᠳᠡᠯᠭᠡᠷ ᠬᠡᠷᠡᠭᠯᠡᠭᠡ ᠵᠢᠨ ᠪᠦᠯᠦᠭ ᠴᠤᠬᠴᠠ ᠵᠢ ᠠᠴᠢᠶᠠᠯᠠᠵᠤ ᠪᠠᠶ᠋ᠢᠬᠤ ᠪᠥᠭᠡᠳ ᠪᠠᠰᠠ ᠬᠠᠮᠤᠭ᠎ᠤᠨ ᠳᠠᠯᠳᠠ ᠬᠦᠴᠦᠨ᠎ᠲᠡᠶ ᠬᠡᠷᠡᠭᠯᠡᠭᠡ ᠵᠢᠨ ᠬᠡᠷᠡᠭᠴᠡᠭᠡ ᠠᠭᠤᠯᠤᠭᠳᠠᠵᠤ ᠪᠠᠶ᠋ᠢᠳᠠᠭ᠂ ᠰᠢᠶᠠᠨ᠎ᠤ ᠬᠡᠪᠴᠢᠶ᠎ᠡ ᠪᠣᠯ ᠲᠡᠭᠦᠨ᠎ᠦ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ ᠬᠡᠷᠬᠢᠨ ᠦᠨᠳᠦᠰᠦᠨ ᠱᠠᠲᠤᠨ᠎ᠤ᠋ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ᠎ᠢ ᠤᠯᠠᠮ ᠨᠢᠭᠡ ᠠᠯᠬᠤᠮ ᠬᠥᠭᠵᠢᠭᠡᠵᠦ᠍᠂ ᠰᠢᠶᠠᠨ᠎ᠤ ᠬᠡᠪᠴᠢᠶᠠᠨ ᠤ᠋ ᠬᠡᠷᠡᠭᠯᠡᠭᠡ᠎ᠶᠢ ᠬᠥᠭᠵᠢᠶᠡᠨᠲᠡᠶ ᠪᠣᠯᠭᠠᠬᠤ ᠪᠣᠶ? ᠲᠥᠷᠥ᠎ᠶᠢᠨ ᠶᠠᠪᠤᠳᠠᠯ᠎ᠤᠨ ᠬᠣᠷᠢᠶ᠎ᠠ ᠵᠢᠨ ᠰᠣᠨᠢᠨ ᠮᠡᠳᠡᠭᠡᠨ᠎ᠦ ᠠᠯᠪᠠᠨ ᠬᠡᠷ 18 ᠤ᠋ ᠡᠳᠦᠷ ᠰᠣᠨᠢᠨ ᠮᠡᠳᠡᠭᠡ ᠨᠡᠶ᠋ᠢᠲᠡᠯᠡᠬᠦ᠌ ᠬᠤᠷᠠᠯ ᠬᠤᠷᠠᠯᠳᠤᠭᠤᠯᠵᠤ᠂ ᠣᠯᠠᠨ ᠰᠠᠯᠠᠭ᠎ᠠ ᠮᠥᠴᠢᠷ᠎ᠦᠨ ᠬᠣᠯᠪᠣᠭᠳᠠᠯ ᠪᠥᠬᠥᠶ ᠬᠠᠷᠢᠭᠤᠴᠠᠯᠭᠠᠲᠠᠨ ᠨᠡᠶ᠋ᠢᠭᠡᠮ᠎ᠦᠨ ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠳᠤ ᠬᠠᠷᠢᠭᠤᠯᠳᠠ ᠦᠭᠪᠠ᠃
ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠰᠠᠶ᠋ᠢᠳ᠎ᠤᠨ ᠲᠤᠰᠠᠯᠠᠭᠴᠢ ᠶᠤᠸᠠᠨ ᠰᠢᠶᠤᠤ ᠮᠢᠩ᠄《ᠮᠠᠨ᠎ᠤ ᠤᠯᠤᠰ᠎ᠤᠨ ᠰᠢᠶᠠᠨ᠎ᠤ ᠬᠡᠪᠴᠢᠶᠡᠨ᠎ᠦ ᠭᠠᠵᠠᠷ ᠣᠷᠣᠨ ᠪᠠᠷᠤᠭ ᠪᠥᠬᠥ᠌ ᠤᠯᠤᠰ᠎ᠤᠨ ᠠᠷᠪᠠᠨ᠎ᠤ ᠶᠢᠰᠦᠨ ᠬᠤᠪᠢ᠎ᠶᠢᠨ ᠨᠤᠲᠤᠭ ᠳᠡᠪᠢᠰᠬᠡᠷ᠎ᠦᠨ ᠲᠠᠯᠠᠪᠠᠶ᠂ ᠠᠷᠪᠠᠨ᠎ᠤ ᠲᠠᠪᠤᠨ ᠬᠤᠪᠢ᠎ᠶᠢᠨ ᠪᠠᠶ᠋ᠢᠩᠭᠤ ᠰᠠᠭᠤᠭ᠎ᠠ ᠬᠥᠮᠦᠨ ᠠᠮᠠ᠂ ᠠᠷᠪᠠᠨ᠎ᠤ ᠳᠥᠷᠪᠡᠨ ᠬᠤᠪᠢ᠎ᠶᠢᠨ ᠠᠵᠤ ᠠᠬᠤᠶ᠎ᠶᠢᠨ ᠶᠡᠷᠦᠩᠬᠡᠶ ᠬᠡᠮᠵᠢᠶ᠎ᠡ᠎ᠶᠢ ᠡᠵᠡᠯᠡᠵᠦ᠍᠂ ᠰᠢᠶᠠᠨ ᠰᠢᠶᠠᠩ᠎ᠤᠨ ᠬᠡᠷᠡᠭᠯᠡᠭᠡ ᠨᠢ ᠨᠡᠶ᠋ᠢᠭᠡᠮ᠎ᠦᠨ ᠬᠡᠷᠡᠭᠯᠡᠭᠡ᠎ᠶᠢᠨ ᠵᠦᠢᠯ᠎ᠦᠨ ᠵᠢᠵᠢᠭᠯᠡᠨ ᠪᠤᠷᠤᠯᠠᠭᠤᠯᠬᠤ ᠭᠡᠮᠵᠢᠶ᠎ᠠ ᠳ᠋ᠤ ᠡᠵᠡᠯᠡᠬᠦ᠌ ᠬᠤᠪᠢ᠎ᠶᠢᠨ ᠵᠢᠩ ᠲᠣᠭᠲᠠᠭᠤᠨ᠎ᠢᠶᠠᠷ ᠳᠡᠭᠡᠭᠰᠢᠯᠡᠵᠦ᠍᠂ ᠬᠡᠷᠡᠭᠯᠡᠭᠡ᠎ᠶᠢ ᠥᠷᠭᠡᠳᠬᠡᠬᠦ᠌᠎ᠶᠢᠨ ᠬᠠᠮᠤᠭ᠎ᠤᠨ ᠴᠢᠬᠤᠯᠠ ᠳᠠᠯᠳᠠ ᠬᠦᠴᠦᠨ᠎ᠦ ᠢᠷᠡᠯᠲᠡ ᠪᠣᠯᠵᠠᠢ》 ᠭᠡᠪᠡ᠃
ᠲᠣᠭ᠎ᠠ ᠪᠠᠷᠢᠮᠲᠠ᠎ᠳᠤ ᠬᠠᠷᠠᠭᠤᠯᠤᠬᠰᠡᠨ᠎ᠢᠶᠡᠷ᠂ ᠡᠨᠡ ᠵᠢᠯ᠎ᠦᠨ 1 — 7 ᠰᠠᠷ᠎ᠠ ᠳ᠋ᠤ᠂ ᠬᠥᠳᠡᠭᠡ ᠲᠣᠰᠬᠣᠨ᠎ᠤ ᠬᠡᠷᠡᠭᠯᠡᠭᠡᠨ᠎ᠦ ᠵᠦᠢᠯ᠎ᠦᠨ ᠵᠢᠵᠢᠭᠯᠡᠨ ᠪᠤᠷᠤᠯᠠᠭᠤᠯᠤᠬᠰᠡᠨ ᠬᠡᠮᠵᠢᠶ᠎ᠡ ᠲᠡᠭᠡᠷ᠎ᠠ ᠵᠢᠯ ᠤ᠋ᠨ ᠠᠳᠠᠯᠢ ᠬᠤᠭᠤᠴᠠᠭᠠᠨ᠎ᠤ᠎ᠬᠢ᠎ᠡᠴᠡ 2.4% ᠪᠠᠷ ᠨᠡᠮᠡᠭᠳᠡᠵᠦ᠍᠂ ᠬᠣᠲᠠ ᠪᠠᠯᠭᠠᠰᠤᠨ᠎ᠤ ᠬᠢ ᠡᠴᠡ ᠵᠠᠭᠤᠨ ᠤ᠋ ᠬᠠᠷᠢᠴᠠᠯ ᠵᠢᠡᠷ 1.3 ᠬᠤᠪᠢ ᠥᠨᠳᠥᠷ ᠪᠣᠯᠵᠣ᠂ ᠨᠡᠮᠡᠭᠳᠡᠯ᠎ᠦᠨ ᠬᠤᠷᠳᠤᠴᠠ᠎ᠨᠢ 55 ᠰᠠᠷ᠎ᠠ ᠳᠠᠷᠠᠭᠠᠯᠠᠨ ᠬᠣᠲᠠ ᠪᠠᠯᠭᠠᠰᠤᠨᠤᠬᠢᠡᠴᠡ ᠥᠨᠳᠥᠷ ᠪᠣᠯᠤᠭᠰᠠᠨ ᠪᠤᠶᠤ ᠦᠨᠳᠦᠰᠦᠨ᠎ᠳᠡᠭᠡᠨ ᠲᠡᠨᠭᠴᠡᠵᠤ᠂ ᠰᠢᠶᠠᠨ ᠰᠢᠶᠠᠩ᠎ᠤᠨ ᠬᠡᠷᠡᠭᠯᠡᠭᠡᠨ᠎ᠦ ᠵᠦᠢᠯ᠎ᠦᠨ ᠵᠢᠵᠢᠭᠯᠡᠨ ᠪᠤᠷᠤᠯᠠᠭᠤᠯᠤᠬᠰᠡᠨ ᠭᠡᠮᠵᠢᠶ᠎ᠠ ᠵᠢᠨ ᠨᠡᠶ᠋ᠢᠭᠡᠮ᠎ᠦᠨ ᠬᠡᠷᠡᠭᠯᠡᠭᠡ᠎ᠶᠢᠨ ᠵᠦᠢᠯ᠎ᠦᠨ ᠵᠢᠵᠢᠭᠯᠡᠨ ᠪᠤᠷᠤᠯᠠᠭᠤᠯᠬᠤ ᠭᠡᠮᠵᠢᠶ᠎ᠠ ᠳ᠋ᠡᠬᠢ ᠡᠵᠡᠯᠡᠬᠦ ᠬᠤᠪᠢ ᠵᠢᠨ ᠵᠢᠩ ᠨᠢ 39.1% ᠳ᠋ᠤ ᠬᠦᠷᠴᠦ᠍᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠡᠴᠡ ᠵᠠᠭᠤᠨ ᠤ᠋ ᠬᠠᠷᠢᠴᠠᠯ ᠵᠢᠡᠷ 0.3 ᠬᠤᠪᠢ ᠳᠡᠭᠡᠭᠰᠢᠯᠡᠪᠡ᠃
ᠰᠢᠶᠠᠨ᠎ᠤ ᠬᠡᠪᠴᠢᠶᠡᠨ᠎ᠦ ᠬᠡᠷᠡᠭᠯᠡᠭᠡ ᠵᠢᠨ ᠳᠠᠯᠳᠠ ᠬᠦᠴᠦᠨ᠎ᠢ ᠬᠡᠷᠬᠢᠨ ᠤᠯᠠᠮ ᠨᠢᠭᠡ ᠠᠯᠬᠤᠮ ᠪᠠᠳᠠᠷᠠᠭᠤᠯᠬᠤ ᠪᠣᠶ? ᠣᠶ᠋ᠢᠷ᠎ᠠ᠎ᠵᠢᠨ ᠡᠳᠤᠷ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠡᠳ᠋᠎ᠦᠨ ᠵᠠᠰᠠᠭ᠎ᠤᠨ ᠶᠠᠮᠤᠨ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠶᠠᠮᠤᠨ ᠵᠡᠷᠭᠡ 9 ᠰᠠᠯᠠᠭ᠎ᠠ ᠮᠥᠴᠢᠷ ᠬᠠᠮᠲᠤᠷᠠᠨ ᠰᠠᠨᠠᠯ ᠳᠠᠷᠤᠮᠠᠯᠯᠠᠨ ᠲᠠᠷᠬᠠᠭᠠᠵᠤ᠂ 18 ᠵᠤᠷᠪᠤᠰ ᠪᠣᠳᠠᠲᠠᠶ ᠠᠷᠭ᠎ᠠ ᠬᠡᠮᠵᠢᠶ᠎ᠡ᠎ᠶᠢ ᠳᠤᠷᠠᠳᠴᠤ᠂ ᠦᠨᠳᠤᠰᠤᠨ ᠱᠠᠳᠤᠨ ᠤ᠋ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ᠎ᠢ ᠬᠥᠭᠵᠢᠭᠡᠬᠦ᠌ ᠭᠤᠤᠯᠳᠠᠯᠭ᠎ᠠ᠎ᠲᠠᠶ ᠠᠵᠢᠯ᠎ᠢ ᠰᠢᠰᠲ᠋ᠧᠮ᠎ᠲᠡᠶ ᠪᠠᠶ᠋ᠢᠷᠢᠯᠠᠭᠤᠯᠵᠤ᠂ ᠡᠯ᠎ᠡ ᠭᠠᠵᠠᠷᠤᠨᠬᠢᠨᠦ ᠲᠤᠬᠠᠶ᠎ᠶᠢᠨ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ ᠰᠢᠶᠠᠨ᠎ᠤ ᠬᠡᠪᠴᠢᠶᠡᠨ᠎ᠦ ᠬᠡᠷᠡᠭᠯᠡᠭᠡ᠎ᠶᠢ ᠬᠥᠭᠵᠢᠶᠡᠨᠲᠡᠶ ᠪᠣᠯᠭᠠᠬᠤ᠎ᠶᠢ ᠵᠢᠭᠠᠨ ᠵᠢᠯᠣᠭᠣᠳᠪᠠ᠃
《ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠬᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ᠌᠎ᠶᠢ ᠪᠠᠷᠢᠮᠲᠠᠯᠠᠵᠤ᠂ ᠬᠡᠷᠡᠭᠯᠡᠭᠡ᠎ᠶᠢ ᠠᠬᠢᠭᠤᠯᠬᠤ ᠬᠢᠭᠡᠳ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ᠌᠎ᠶᠢ ᠨᠢᠭᠲᠠ ᠤᠶᠠᠯᠳᠤᠭᠤᠯᠬᠤ᠎ᠶᠢ ᠠᠬᠢᠭᠤᠯᠵᠤ᠂ ᠰᠢᠨ᠎ᠡ ᠬᠠᠩᠭᠠᠯᠭ᠎ᠠ ᠬᠢᠭᠡᠳ ᠰᠢᠨ᠎ᠡ ᠬᠡᠷᠡᠭᠴᠡᠭᠡ ᠱᠠᠭᠠᠷᠳᠠᠯᠭ᠎ᠠ᠎ᠶᠢ ᠵᠣᠬᠢᠴᠠᠭᠤᠯᠤᠨ ᠬᠤᠯᠪᠤᠭᠠᠯᠠᠨ ᠬᠥᠳᠡᠯᠦᠯᠴᠡᠬᠦ᠌᠎ᠶᠢ ᠴᠢᠩᠭᠠᠳᠬᠠᠨ᠎ᠠ》᠃ ᠶᠤᠸᠠᠨ ᠰᠢᠶᠤᠤ ᠮᠢᠩ᠂ ᠰᠠᠨᠠᠯ᠎ᠳᠤ ᠰᠢᠶᠠᠨ᠎ᠤ ᠬᠡᠪᠴᠢᠶᠡᠨ᠎ᠦ ᠬᠤᠳᠠᠯᠳᠤᠭᠠᠨ᠎ᠤ ᠣᠷᠴᠢᠨ ᠨᠦᠬᠦᠴᠡᠯ ᠢ᠋ ᠰᠢᠯᠢᠳᠡᠭᠵᠢᠭᠦᠯᠬᠦ᠌᠂ ᠰᠢᠶᠠᠨ᠎ᠤ ᠬᠡᠪᠴᠢᠶᠡᠨ᠎ᠦ ᠬᠡᠷᠡᠭᠯᠡᠭᠡ ᠵᠢᠨ ᠬᠠᠩᠭᠠᠯᠭ᠎ᠠ᠎ᠶᠢ ᠪᠠᠶᠠᠯᠢᠭᠵᠢᠭᠤᠯᠬᠤ᠂ ᠬᠡᠷᠡᠭᠯᠡᠭᠡ ᠵᠢᠨ ᠪᠠᠲᠤᠯᠠᠭ᠎ᠠ᠎ᠶᠢᠨ ᠴᠢᠳᠠᠪᠤᠷᠢ᠎ᠶᠢ ᠴᠢᠩᠭᠠᠳᠬᠠᠬᠤ᠂ ᠴᠢᠬᠤᠯᠠ ᠡᠯᠧᠮᠧᠨ᠋ᠲ᠎ᠢ ᠬᠤᠷᠠᠮᠳᠤᠭᠤᠯᠬᠤ᠎ᠶᠢ ᠴᠢᠩᠭᠠᠳᠬᠠᠬᠤ ᠵᠡᠷᠭᠡ ᠲᠠᠯ᠎ᠠ᠎ᠪᠠᠷ ᠬᠦᠴᠦᠯᠡᠵᠦ᠍᠂ ᠰᠠᠭᠤᠭᠠᠯᠢ ᠠᠷᠠᠳ᠎ᠤᠨ ᠴᠢᠨᠠᠷ ᠰᠠᠶ᠋ᠢᠲᠠᠢ᠂ ᠤᠯᠠᠨ ᠶᠠᠩᠵᠤᠵᠢᠬᠰᠠᠨ ᠬᠡᠷᠡᠭᠯᠡᠭᠡ ᠵᠢᠨ ᠬᠡᠷᠡᠭᠴᠡᠭᠡ᠎ᠶᠢ ᠨᠡᠩ ᠰᠠᠶ᠋ᠢᠲᠤᠷ ᠬᠠᠩᠭᠠᠵᠤ᠂ ᠦᠨᠳᠦᠰᠦᠨ ᠱᠠᠲᠤᠨ᠎ᠤ᠋ ᠵᠠᠬ᠎ᠠ ᠳᠡᠯᠭᠡᠭᠦᠷ᠎ᠦᠨ ᠬᠡᠷᠡᠭᠯᠡᠭᠡ ᠵᠢᠨ ᠠᠮᠢᠵᠢᠷᠠᠯ᠎ᠤᠨ ᠬᠦᠴᠦᠨ᠎ᠢ ᠦᠨᠡᠨ ᠬᠦ᠌ ᠬᠥᠭᠵᠢᠭᠡᠨ᠎ᠡ ᠭᠡᠪᠡ᠃
ᠬᠡᠷᠡᠭᠯᠡᠭᠡ ᠵᠢᠨ ᠣᠷᠴᠢᠨ ᠲᠣᠭᠣᠷᠢᠨ ᠪᠣᠯᠤᠨ ᠭᠦᠢᠯᠭᠡᠭᠡᠨ᠎ᠦ ᠲᠣᠣᠷ ᠪᠣᠯ ᠰᠢᠶᠠᠨ᠎ᠤ ᠬᠡᠪᠴᠢᠶᠡᠨ᠎ᠦ ᠬᠡᠷᠡᠭᠯᠡᠭᠡ ᠵᠢᠨ ᠴᠢᠬᠤᠯᠠ ᠰᠠᠭᠤᠷᠢ ᠪᠣᠯᠤᠨ᠎ᠠ᠃ ᠶᠤᠸᠠᠨ ᠰᠢᠶᠣᠤ ᠮᠢᠩ᠂《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠤᠭᠤᠴᠠᠭᠠᠨ᠎ᠳᠤ᠂ ᠰᠢᠶᠠᠨ᠎ᠤ ᠬᠡᠪᠴᠢᠶᠡᠨ᠎ᠦ ᠬᠤᠳᠠᠯᠳᠤᠭᠠᠨ᠎ᠤ ᠲᠤᠤᠷ ᠤ᠋ᠨ ᠪᠠᠶ᠋ᠢᠷᠢᠰᠢᠯ᠎ᠢ ᠨᠢᠭᠡᠳᠦᠯᠲᠡᠶ ᠲᠥᠯᠥᠪᠵᠢᠬᠦᠯᠤᠨ ᠰᠢᠯᠢᠳᠡᠭᠵᠢᠭᠦᠯᠵᠦ᠍᠂ ᠰᠢᠶᠠᠨ᠎ᠤ ᠬᠣᠲᠠ᠎ᠶᠢᠨ ᠭᠦᠢᠯᠭᠡᠭᠡ ᠬᠢᠭᠡᠳ ᠬᠡᠷᠡᠭᠯᠡᠭᠡ ᠵᠢᠨ ᠬᠦᠢᠰᠦ᠎ᠶᠢᠨ ᠨᠥᠯᠥᠭᠡᠯᠡᠨ ᠳᠠᠶ᠋ᠢᠴᠢᠯᠠᠬᠤ ᠦᠢᠯᠡᠳᠦᠯ᠎ᠢ ᠤᠯᠠᠮ ᠨᠢᠭᠡ ᠠᠯᠬᠤᠮ ᠴᠢᠩᠭᠠᠳᠬᠠᠵᠤ᠂ ᠭᠤᠤᠯ ᠰᠢᠶᠠᠩ ᠪᠠᠯᠭᠠᠰᠤᠨ᠎ᠤ ᠣᠷᠣᠨ ᠪᠦᠰᠡ᠎ᠶᠢᠨ ᠬᠦᠢᠰᠤ ᠪᠤᠯᠤᠬᠰᠡᠨ ᠤ᠋ ᠬᠤᠪᠢ ᠳ᠋ᠤ ᠦᠢᠯᠡᠴᠢᠯᠡᠭᠡ ᠵᠢ ᠲᠦᠪᠯᠡᠷᠡᠬᠦᠯᠬᠦ ᠴᠢᠳᠠᠮᠵᠢ᠎ᠶᠢ ᠪᠠᠳᠠᠷᠠᠭᠤᠯᠵᠤ᠂ ᠣᠯᠠᠨ ᠡᠰᠢᠲᠦ᠍ ᠲᠠᠸᠠᠷ ᠪᠠ ᠦᠢᠯᠡᠴᠢᠯᠡᠭᠡ᠎ᠶᠢ ᠲᠣᠰᠬᠣᠨ ᠪᠠ ᠡᠷᠦᠬᠡ᠎ᠳᠦ ᠬᠦᠷᠭᠡᠬᠦ᠌᠎ᠶᠢ ᠪᠡᠶᠡᠯᠡᠭᠦᠯᠬᠦ᠌ ᠠᠷᠭ᠎ᠠ ᠵᠠᠮ ᠵᠡᠷᠭᠡ᠎ᠶᠢ ᠰᠦᠪᠡᠭᠴᠢᠯᠡᠨ᠎ᠡ ᠭᠡᠵᠤ ᠲᠠᠨᠢᠯᠴᠠᠭᠤᠯᠪᠠ᠃
ᠣᠳᠣᠬᠠᠨ᠎ᠳᠤ᠂ ᠰᠢᠶᠠᠨ᠎ᠤ ᠬᠡᠪᠴᠢᠶᠡᠨ᠎ᠦ ᠰᠠᠭᠤᠭᠠᠯᠢ ᠠᠷᠠᠳ᠎ᠤᠨ ᠬᠡᠷᠡᠭᠯᠡᠭᠡ ᠵᠢᠨ ᠬᠡᠷᠡᠭᠴᠡᠭᠡ ᠶᠠᠰᠤ ᠴᠢᠨᠠᠷ ᠲᠠᠭᠡᠭᠰᠢᠯᠡᠬᠦ᠂ ᠣᠯᠠᠨ ᠡᠰᠢᠵᠢᠬᠦ᠌ ᠳᠠᠢᠰᠢ ᠲᠦᠷᠭᠡᠨ ᠬᠤᠪᠢᠷᠠᠵᠤ ᠪᠤᠢ᠃ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠭᠦᠢᠯᠭᠡᠭᠡ ᠬᠥᠭᠵᠢᠯᠲᠡ᠎ᠶᠢᠨ ᠵᠤᠷᠭᠠᠨ᠎ᠤ ᠳᠠᠷᠤᠭ᠎ᠠ ᠯᠢ ᠵᠢᠶᠠ ᠯᠦ᠍᠂ ᠪᠣᠷᠣᠯᠠᠭᠤᠯᠭ᠎ᠠ ᠪᠣᠯᠤᠨ ᠦᠢᠯᠡᠳᠪᠦᠷᠢᠯᠡᠯ᠎ᠦᠨ ᠬᠣᠶᠠᠷ ᠲᠠᠯ᠎ᠠ᠎ᠡᠴᠡ ᠬᠦᠴᠦᠯᠡᠵᠦ᠍᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠯᠤᠭᠡ ᠬᠠᠮᠲᠤᠷᠠᠨ ᠰᠢᠨ᠎ᠡ ᠡᠨᠧᠷᠭᠢ᠎ᠶᠢᠨ ᠮᠠᠰᠢᠨ ᠲᠡᠷᠭᠡ᠂ ᠪᠣᠬᠢᠷᠲᠤᠯ ᠦᠭᠡᠢ ᠣᠶᠤᠨᠴᠢ ᠦᠢᠯᠡᠳᠬᠦᠨ ᠵᠡᠷᠭᠡ᠎ᠶᠢ ᠬᠥᠳᠡᠭᠡ ᠪᠠᠭᠤᠯᠭᠠᠬᠤ᠎ᠶᠢ ᠶᠡᠬᠡᠪᠡᠷ ᠠᠬᠢᠭᠤᠯᠵᠤ᠂ ᠬᠥᠳᠡᠭᠡ ᠲᠣᠰᠬᠣᠨ᠎ᠤ ᠴᠠᠬᠢᠯᠭᠠᠨ ᠴᠡᠨᠡᠭᠯᠡᠬᠦ᠌ ᠲᠤᠨᠤᠭ ᠲᠥᠬᠥᠭᠡᠷᠦᠮᠵᠢ᠎ᠶᠢ ᠪᠦᠷᠬᠦᠬᠦᠯᠬᠦ᠎ᠶᠢ ᠥᠷᠭᠡᠳᠬᠡᠵᠦ᠍᠂ ᠬᠤᠳᠠᠯᠳᠤᠨ ᠠᠪᠴᠤ᠌ ᠬᠡᠷᠡᠭᠯᠡᠬᠦ᠌ ᠣᠷᠴᠢᠨ ᠨᠦᠬᠦᠴᠡᠯ ᠢ᠋ ᠰᠢᠯᠢᠳᠡᠭᠵᠢᠭᠦᠯᠦᠨ᠎ᠡ᠃ ᠠᠵᠤ ᠠᠬᠤᠶ᠋ᠢᠯᠠᠯ᠎ᠤᠨ ᠰᠢᠶᠠᠨ᠎ᠤ ᠬᠡᠪᠴᠢᠶᠡᠨ᠎ᠦ ᠬᠡᠷᠡᠭᠯᠡᠭᠡ᠎ᠶᠢᠨ ᠣᠨᠴᠠᠯᠢᠭᠲᠤ᠌ ᠨᠡᠶ᠋ᠢᠴᠡᠭᠰᠡᠨ ᠴᠢᠨᠠᠷ ᠰᠠᠶ᠋ᠢᠲᠠᠶ ᠦᠢᠯᠡᠳᠬᠦᠨ᠎ᠢ ᠨᠡᠭᠡᠭᠡᠨ ᠬᠥᠭᠵᠢᠭᠦᠯᠬᠦ᠌᠎ᠶᠢ ᠵᠣᠷᠢᠭᠵᠢᠭᠤᠯᠵᠤ᠂ ᠠᠷᠠᠯᠵᠢᠶ᠎ᠠ ᠬᠤᠳᠠᠯᠳᠤᠭ᠎ᠠ᠎ᠶᠢᠨ ᠭᠦᠢᠯᠭᠡᠭᠡᠨ᠎ᠦ ᠠᠵᠤ ᠠᠬᠤᠶ᠋ᠢᠯᠠᠯ᠎ᠤᠨ ᠨᠠᠩ ᠣᠯᠠᠨ ᠥᠪᠡᠷ᠎ᠦᠨ ᠲᠥᠷᠥᠯ ᠲᠡᠮᠳᠡᠭ᠎ᠢ ᠪᠤᠢ ᠪᠣᠯᠭᠠᠬᠤ᠎ᠶᠢ ᠳᠠᠮᠵᠢᠵᠤ᠂《ᠬᠡᠷᠡᠭᠴᠡᠭᠡ᠎ᠪᠡᠷ ᠦᠢᠯᠡᠳᠪᠦᠷᠢᠯᠡᠯᠢᠲᠣᠭᠲᠠᠭᠠᠬᠤ》᠎ᠪᠠᠷ ᠤᠶᠠᠨ ᠬᠠᠳᠠᠨ ᠴᠢᠨᠠᠷᠲᠠᠶ ᠬᠠᠩᠭᠠᠯᠭ᠎ᠠ᠎ᠶᠢᠨ ᠬᠡᠯᠬᠢᠶ᠎ᠠ᠎ᠶᠢ ᠪᠠᠶ᠋ᠢᠭᠤᠯᠤᠨ᠎ᠠ ᠭᠡᠪᠡ᠃
ᠰᠢᠶᠠᠨ᠎ᠤ ᠬᠡᠪᠴᠢᠶᠡᠨ᠎ᠦ ᠬᠡᠷᠡᠭᠯᠡᠭᠡ᠎ᠳᠦ ᠲᠠᠸᠠᠷ ᠪᠠᠶ᠋ᠢᠬᠤ᠎ᠪᠠᠷ ᠪᠠᠷᠠᠬᠤ ᠦᠭᠡᠢ᠂ ᠨᠡᠩ ᠴᠤ᠌ ᠥᠪᠡᠷᠮᠢᠴᠡ ᠣᠨᠴᠠᠯᠢᠭ᠎ᠲᠠᠶ ᠦᠵᠡᠭᠳᠡᠯ ᠪᠠᠶ᠋ᠢᠳᠠᠯ ᠪᠠᠶ᠋ᠢᠬᠤ ᠬᠡᠷᠡᠭᠲᠡᠢ᠃ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠠᠵᠤ ᠦᠢᠯᠡᠰ᠎ᠦᠨ ᠬᠥᠭᠵᠢᠯᠲᠡ᠎ᠶᠢᠨ ᠵᠤᠷᠭᠠᠨ᠎ᠤ ᠬᠠᠷᠢᠭᠤᠴᠠᠯᠭᠠᠲᠠᠨ ᠬᠥ᠋ ᠺᠧ ᠸᠧᠶ᠂ ᠠᠷᠠᠳ᠎ᠤᠨ ᠣᠷᠣᠨ ᠰᠠᠭᠤᠴᠠ᠂ ᠲᠠᠷᠢᠶᠠᠯᠠᠩ᠎ᠤᠨ ᠰᠢᠨᠵᠢᠯᠡᠬᠦ᠌ ᠤᠬᠠᠭᠠᠨ᠎ᠤ ᠰᠤᠳᠤᠯᠭᠠᠨ᠂ ᠥᠪᠡᠷ᠎ᠢᠶᠡᠨ ᠲᠡᠷᠭᠡ ᠵᠢᠯᠣᠭᠣᠳᠴᠤ᠌ ᠬᠡᠭᠡᠷ᠎ᠡ ᠪᠠᠭᠤᠳᠠᠯᠯᠠᠬᠤ᠂ ᠠᠷᠠᠳ᠎ᠤᠨ ᠵᠠᠩ ᠦᠢᠯᠡ᠎ᠶᠢ ᠣᠶ᠋ᠢᠯᠠᠭᠠᠬᠤ ᠵᠡᠷᠭᠡ 《ᠵᠢᠵᠢᠭ ᠠᠳᠠᠯ᠎ᠠ ᠭᠤᠶᠤ》 ᠬᠥᠳᠡᠭᠡ ᠲᠣᠰᠬᠣᠨ᠎ᠤ ᠰᠣᠶᠣᠯ ᠵᠢᠭᠤᠯᠴᠢᠯᠠᠯ᠎ᠤᠨ ᠡᠵᠡᠩᠨᠡᠯᠲᠡ᠎ᠶᠢᠨ ᠬᠡᠯᠪᠡᠷᠢ᠎ᠶᠢ ᠪᠠᠶᠠᠯᠢᠭᠵᠢᠭᠤᠯᠵᠤ᠂ ᠲᠣᠭᠯᠠᠯᠲᠠ᠂ ᠤᠷᠤᠯᠳᠤᠭᠠᠨ᠂ ᠺᠢᠨᠤ᠋ ᠲᠧᠯᠸᠢᠰ᠎ᠦᠨ ᠵᠢᠭᠤᠯᠴᠢᠯᠠᠯ ᠵᠡᠷᠭᠡ ᠲᠥᠷᠥᠯ ᠲᠡᠮᠳᠡᠭᠲᠦ ᠠᠵᠢᠯᠯᠠᠭ᠎ᠠ᠎ᠶᠢ ᠪᠣᠶ᠋ᠢᠵᠢᠭᠤᠯᠤᠨ᠂ ᠰᠣᠶᠣᠯ ᠵᠢᠭᠤᠯᠴᠢᠯᠠᠯ ᠬᠤᠳᠠᠯᠳᠤᠭ᠎ᠠ ᠪᠡᠶ᠎ᠡ᠎ᠶᠢᠨ ᠲᠠᠮᠢᠷ᠎ᠤᠨ ᠠᠭᠤᠰᠤᠯᠴᠠᠯ᠎ᠤᠨ ᠦᠢᠯᠡᠳᠬᠦᠨ᠎ᠦ ᠢᠵᠢ ᠪᠦᠷᠢᠳᠦᠭᠰᠡᠨ ᠦᠢᠯᠡᠴᠢᠯᠡᠭᠡ ᠵᠡᠷᠭᠡ᠎ᠶᠢ ᠨᠡᠢᠳᠡᠯᠡᠵᠤ᠂ ᠰᠢᠶᠠᠨ᠎ᠤ ᠬᠡᠪᠴᠢᠶᠡᠨ᠎ᠦ ᠵᠢᠭᠤᠯᠴᠢᠯᠠᠯ᠎ᠢᠶᠠᠷ ᠳᠠᠮᠵᠢᠨ ᠲᠠᠷᠢᠶᠠᠯᠠᠩ᠎ᠤᠨ ᠪᠦᠲᠦᠭᠡᠭᠳᠡᠬᠦᠨ᠂ ᠨᠤᠲᠤᠭ᠎ᠤᠨ ᠠᠮᠲᠠᠲᠤ᠌ ᠢᠳᠡᠭᠡᠨ ᠵᠡᠷᠭᠡ ᠬᠡᠷᠡᠭᠯᠡᠭᠡ ᠵᠢᠨ ᠬᠡᠯᠬᠢᠶ᠎ᠡ᠎ᠶᠢ ᠬᠣᠯᠪᠣᠨ᠎ᠠ ᠭᠡᠵᠦ ᠢᠯᠡᠳᠭᠡᠪᠡ᠃
ᠲᠠᠷᠢᠶᠠᠯᠠᠩ᠎ᠤᠨ ᠪᠦᠲᠦᠭᠡᠭᠳᠡᠬᠦᠨ᠎ᠦ ᠬᠡᠷᠡᠭᠯᠡᠭᠡ᠎ᠶᠢᠨ ᠨᠢᠭᠡ ᠲᠠᠯ᠎ᠠ ᠨᠢ ᠠᠷᠠᠳ᠎ᠤᠨ ᠢᠳᠡᠵᠦ ᠤᠤᠭᠤᠬᠤ᠎ᠲᠡᠶ ᠬᠣᠯᠪᠣᠯᠳᠤᠵᠤ᠂ ᠨᠦᠬᠦᠭᠡ ᠲᠠᠯ᠎ᠠ ᠨᠢ ᠲᠠᠷᠢᠶᠠᠯᠠᠩ᠎ᠤᠨ ᠦᠢᠯᠡᠳᠪᠦᠷᠢᠯᠡᠯ᠎ᠲᠡᠶ ᠬᠣᠯᠪᠣᠯᠳᠤᠵᠤ ᠪᠠᠶ᠋ᠢᠳᠠᠭ᠃ ᠬᠥᠳᠡᠭᠡ ᠠᠵᠤ ᠠᠬᠤᠶ ᠬᠥᠳᠡᠭᠡ ᠲᠣᠰᠬᠣᠨ᠎ᠤ ᠶᠠᠮᠤᠨ᠎ᠤ ᠵᠠᠬ᠎ᠠ ᠳᠡᠯᠭᠡᠭᠦᠷ ᠪᠣᠯᠤᠨ ᠮᠡᠳᠡᠭᠡ ᠵᠠᠩᠭᠢᠵᠢᠯᠲᠠ᠎ᠶᠢᠨ ᠵᠤᠷᠭᠠᠨ᠎ᠤ ᠬᠠᠷᠢᠭᠤᠴᠠᠯᠭᠠᠲᠠᠨ ᠰᠥᠩ ᠳ᠋ᠠᠨ ᠶᠠᠩ᠂ ᠲᠠᠷᠢᠶᠠᠯᠠᠩ᠎ᠤᠨ ᠲᠥᠷᠥᠯ ᠲᠡᠮᠳᠡᠭᠲᠦ ᠰᠣᠳᠣᠨ ᠪᠦᠲᠦᠭᠡᠭᠳᠡᠬᠦᠨ᠎ᠢ ᠬᠦᠭᠵᠢᠬᠦᠯᠬᠦ ᠲᠥᠯᠥᠪᠯᠡᠭᠡ᠎ᠶᠢ ᠭᠦᠨᠵᠡᠭᠡᠶ ᠬᠡᠷᠡᠭᠵᠢᠭᠦᠯᠵᠦ᠍᠂ ᠨᠥᠯᠥᠭᠡᠯᠡᠬᠦ᠌ ᠬᠦᠴᠦᠨ᠎ᠢᠶᠡᠷ ᠶᠡᠬᠡ᠂ ᠳᠠᠶ᠋ᠢᠴᠢᠯᠠᠬᠤ ᠬᠦᠴᠦᠨ᠎ᠢᠶᠡᠷ ᠴᠢᠩᠭ᠎ᠠ ᠨᠢᠭᠡ ᠪᠦᠯᠦᠭ ᠣᠷᠣᠨ ᠪᠦᠰᠡ᠎ᠶᠢᠨ ᠨᠡᠶ᠋ᠢᠲᠡ᠎ᠶᠢᠨ ᠬᠡᠷᠡᠭᠯᠡᠭᠡᠨ᠎ᠦ ᠲᠥᠷᠥᠯ ᠲᠡᠮᠳᠡᠭ᠎ᠢ ᠪᠤᠢᠵᠢᠭᠤᠯᠤᠨ᠎ᠠ᠃ ᠡᠯᠪᠡᠭ ᠬᠤᠷᠢᠶᠠᠯᠲᠠ᠎ᠶᠢᠨ ᠵᠠᠬ᠎ᠠ ᠳᠡᠯᠭᠡᠭᠦᠷ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠢᠯᠡᠳᠬᠡᠯ ᠵᠡᠷᠭᠡ ᠲᠠᠷᠢᠶᠠᠯᠠᠩ᠎ᠤᠨ ᠪᠦᠲᠦᠭᠡᠭᠳᠡᠬᠦᠨ᠎ᠦ ᠬᠡᠷᠡᠭᠯᠡᠭᠡ ᠵᠢᠨ ᠰᠢᠨ᠎ᠡ ᠪᠠᠶ᠋ᠢᠳᠠᠯ᠎ᠢ ᠡᠭᠦᠳᠴᠦ᠍᠂ ᠬᠤᠳᠠ ᠬᠥᠳᠡᠭᠡ᠎ᠶᠢᠨ ᠰᠠᠭᠤᠭᠠᠯᠢ ᠠᠷᠠᠳ᠎ᠤᠨ ᠤᠢ᠌ᠷ᠎ᠠ ᠬᠠᠪᠢ᠎ᠳᠠᠭᠠᠨ ᠬᠡᠷᠡᠭᠯᠡᠭᠡ ᠬᠢᠬᠦ᠌᠂ ᠬᠡᠷᠡᠭᠯᠡᠭᠡ᠎ᠶᠢ ᠠᠭᠤᠰᠤᠯᠴᠠᠭᠤᠯᠬᠤ᠎ᠶᠢ ᠬᠦᠳᠦᠯᠥᠨ ᠳᠠᠭᠠᠭᠤᠯᠵᠤ᠂ ᠰᠢᠶᠠᠨ᠎ᠤ ᠬᠡᠪᠴᠢᠶᠡᠨ᠎ᠦ ᠬᠡᠷᠡᠭᠯᠡᠭᠡ᠎ᠶᠢ《ᠬᠥᠭᠵᠢᠶᠡᠨ ᠨᠠᠷᠭᠢᠶᠠᠨ᠎ᠲᠠᠶ》 ᠪᠣᠯᠭᠠᠬᠤ᠎ᠪᠠᠷ ᠪᠠᠷᠠᠬᠤ ᠦᠬᠡᠢ᠂ ᠨᠡᠩ ᠴᠤ᠌《ᠰᠢᠨ᠎ᠡ ᠠᠮᠢᠵᠢᠷᠠᠯ᠎ᠤᠨ ᠬᠦᠴᠦᠨ》 ᠲᠠᠢ ᠪᠣᠯᠭᠠᠨ᠎ᠠ ᠭᠡᠵᠦ ᠲᠠᠨᠢᠯᠴᠠᠭᠤᠯᠪᠠ᠃
ᠰᠢᠶᠠᠨ᠎ᠤ ᠬᠡᠪᠴᠢᠶᠡᠨ᠎ᠦ ᠬᠡᠷᠡᠭᠯᠡᠭᠡ ᠵᠢᠨ ᠠᠮᠢᠵᠢᠷᠠᠯ᠎ᠤᠨ ᠬᠦᠴᠦᠨ᠎ᠢ ᠪᠠᠳᠠᠷᠠᠭᠤᠯᠬᠤ᠎ᠳᠤ ᠡᠵᠡᠩᠨᠡᠯᠲᠡ᠎ᠶᠢᠨ ᠭᠤᠤᠯ ᠴᠣᠭᠴᠠ᠎ᠶᠢᠨ ᠪᠣᠶ᠋ᠢᠵᠢᠯᠲᠠ᠎ᠡᠴᠡ ᠰᠠᠯᠵᠤ ᠴᠢᠳᠠᠬᠤ ᠥᠬᠡᠶ᠃ 7 ᠰᠠᠷ᠎ᠠ᠎ᠶᠢᠨ ᠡᠴᠦᠰ ᠪᠣᠯᠲᠠᠯ᠎ᠠ᠂ ᠦᠨᠳᠦᠰᠦᠨ ᠱᠠᠳᠤᠨ᠎ᠤ ᠵᠠᠬ᠎ᠠ ᠳᠡᠯᠭᠡᠭᠦᠷ᠎ᠦᠨ ᠲᠠᠩᠰᠠ᠎ᠳᠤ ᠪᠠᠶ᠋ᠢᠭ᠎ᠠ ᠦᠢᠯᠡᠳᠪᠦᠷᠢ ᠬᠤᠳᠠᠯᠳᠤᠭᠠᠨ᠎ᠤ ᠬᠤᠪᠢ ᠡᠷᠦᠬᠡ᠎ᠶᠢᠨ ᠲᠣᠭ᠎ᠠ 7800 ᠲᠦᠮᠡ᠎ᠶᠢ ᠳᠠᠪᠠᠪᠠ᠂ ᠡᠭᠦᠨ᠎ᠳᠦ 86% ᠨᠢ ᠦᠢᠯᠡᠴᠢᠯᠡᠭᠡᠨ᠎ᠦ ᠦᠢᠯᠡᠰ᠎ᠦᠨ ᠬᠤᠯᠪᠤᠬᠳᠠᠯ ᠪᠥᠬᠥᠶ ᠠᠵᠢᠯ ᠲᠥᠷᠥᠯ᠎ᠢ ᠡᠷᠭᠢᠯᠡᠵᠦ᠍ ᠪᠣᠶ᠃ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠶ ᠲᠣᠪᠴᠢᠶ᠎ᠠ᠎ᠶᠢᠨ ᠪᠦᠷᠢᠳᠬᠡᠵᠦ᠍ ᠳᠠᠩᠰᠠᠯᠠᠬᠤ ᠲᠣᠪᠴᠢᠶ᠎ᠠ᠎ᠶᠢᠨ ᠬᠠᠷᠢᠭᠤᠴᠠᠯᠭᠠᠲᠠᠨ ᠳ᠋ᠦ᠋ ᠯᠢᠨ ᠶᠠ᠂ ᠠᠩᠬᠠᠨ᠎ᠤ ᠡᠭᠦᠳᠦᠯᠲᠡ ᠵᠢ ᠬᠠᠪᠰᠤᠷᠤᠨ ᠲᠡᠳᠬᠦᠬᠦ᠌᠂ ᠭᠤᠤᠯᠳᠠᠯᠭ᠎ᠠ᠎ᠲᠠᠶ ᠪᠣᠶ᠋ᠢᠵᠢᠭᠤᠯᠬᠤ᠂ ᠴᠢᠳᠠᠪᠤᠷᠢ᠎ᠪᠠᠨ ᠳᠡᠭᠡᠭᠰᠢᠯᠡᠭᠦᠯᠬᠦ᠌᠂ ᠲᠣᠭᠠᠴᠢᠯᠠᠯᠲᠠ᠎ᠪᠠᠷ ᠡᠨᠧᠷᠭᠢ ᠣᠯᠭᠣᠬᠤ᠂ ᠰᠢᠨ᠎ᠡ᠎ᠶᠢ ᠡᠭᠦᠳᠴᠦ᠍ ᠵᠢᠱ᠌ᠢᠶ᠎ᠡ ᠦᠵᠡᠭᠦᠯᠬᠦ᠌ ᠵᠡᠷᠭᠡ ᠲᠤᠰᠬᠠᠶ ᠠᠵᠢᠯᠯᠠᠭ᠎ᠠ ᠵᠢ ᠥᠷᠨᠢᠭᠦᠯᠬᠦ᠌᠎ᠪᠡᠷ ᠳᠠᠮᠵᠢᠨ᠂ ᠦᠢᠯᠡᠳᠪᠦᠷᠢ ᠬᠤᠳᠠᠯᠳᠤᠭᠠᠨ᠎ᠤ ᠬᠤᠪᠢ ᠡᠷᠦᠬᠡ᠎ᠶᠢ ᠬᠠᠪᠰᠤᠷᠤᠨ ᠡᠯ᠎ᠡ ᠲᠠᠯ᠎ᠠ᠎ᠶᠢᠨ ᠬᠦᠴᠢᠷᠳᠡᠯ ᠪᠠ ᠠᠰᠠᠭᠤᠳᠠᠯ᠎ᠢ ᠨᠢ ᠰᠢᠢᠳᠪᠦᠷᠢᠯᠡᠵᠦ᠍᠂ ᠦᠢᠯᠡᠳᠪᠦᠷᠢ ᠬᠤᠳᠠᠯᠳᠤᠭᠠᠨ᠎ᠤ ᠬᠤᠪᠢ ᠡᠷᠦᠬᠡ᠎ᠶᠢᠨ ᠬᠥᠭᠵᠢᠯᠲᠡ᠎ᠶᠢ ᠬᠡᠪᠴᠢᠶᠡᠵᠢᠭᠦᠯᠦᠨ᠂ ᠡᠷᠴᠢᠮᠲᠡᠶ ᠬᠠᠪᠰᠤᠷᠤᠨ ᠳᠡᠮᠵᠢᠨ᠎ᠡ ᠭᠡᠵᠦ ᠢᠯᠡᠳᠭᠡᠪᠡ᠃
《ᠮᠠᠨ᠎ᠤ ᠤᠯᠤᠰ᠎ᠤᠨ ᠬᠤᠳᠠ᠎ᠶᠢᠨ ᠬᠠᠷᠢᠶ᠎ᠠ ᠲᠣᠭᠣᠷᠢᠭ᠎ᠡᠴᠡ ᠭᠠᠳᠠᠨᠠᠬᠢ ᠰᠢᠶᠠᠨ᠎ᠤ ᠱᠠᠲᠤᠨ᠎ᠤ ᠵᠠᠰᠠᠭ ᠵᠠᠬᠢᠷᠭᠠᠨ᠎ᠤ ᠣᠷᠣᠨ 1869 ᠪᠠᠶ᠋ᠢᠵᠤ᠂ ᠪᠠᠶ᠋ᠢᠳᠠᠯ ᠨᠢ ᠮᠠᠰᠢ ᠶᠡᠬᠡ ᠵᠥᠷᠢᠢ᠎ᠡ᠎ᠲᠡᠶ ᠪᠠᠶ᠋ᠢᠳᠠᠭ》᠃ ᠯᠢ ᠵᠢᠶᠠ ᠯᠦ᠍᠂ ᠲᠦᠷᠦ᠎ᠶᠢᠨ ᠪᠤᠳᠤᠯᠭ᠎ᠠ᠎ᠶᠢ ᠨᠠᠶ᠋ᠢᠳᠠᠪᠤᠷᠢᠵᠢᠭᠤᠯᠬᠤ᠎ᠳᠤ ᠭᠠᠵᠠᠷ ᠣᠷᠣᠨ᠎ᠤ ᠪᠠᠶ᠋ᠢᠳᠠᠯ ᠳ᠋ᠤᠨᠢ ᠲᠤᠬᠢᠷᠠᠭᠤᠯᠤᠨ ᠲᠦᠷᠦᠯ ᠬᠤᠪᠢᠶᠠᠨ ᠲᠦᠷᠦ᠎ᠶᠢᠨ ᠪᠤᠳᠤᠯᠭ᠎ᠠ ᠵᠢ ᠬᠡᠷᠡᠭᠵᠢᠭᠦᠯᠬᠦ᠌᠎ᠶᠢ ᠪᠠᠷᠢᠮᠲᠠᠯᠠᠨ᠎ᠠ᠃ ᠬᠥᠮᠦᠨ ᠠᠮᠠ ᠲᠦᠪᠯᠡᠷᠡᠭᠰᠡᠨ᠂ ᠠᠵᠤ ᠠᠬᠤᠶ᠎ᠶᠢᠨ ᠪᠣᠳᠠᠲᠤ᠌ ᠬᠦᠴᠦᠨ᠎ᠢᠶᠡᠷ ᠴᠢᠩᠭ᠎ᠠ ᠰᠢᠶᠠᠨ᠎ᠤ ᠬᠡᠪᠴᠢᠶᠡᠨ᠎ᠦ ᠭᠣᠣᠯᠳᠠᠯᠭ᠎ᠠ ᠨᠢ 《ᠶᠠᠰᠤ ᠴᠢᠨᠠᠷ᠎ᠢ ᠳᠡᠭᠡᠭᠰᠢᠯᠡᠭᠦᠯᠬᠦ᠌》 ᠪᠠ 《ᠬᠥᠲᠥᠯᠥᠨ ᠳᠠᠭᠠᠭᠤᠯᠬᠤ》 ᠳ᠋ᠦ᠍ ᠪᠤᠢ; ᠬᠥᠮᠦᠨ ᠠᠮᠠ ᠪᠠ ᠠᠵᠤ ᠠᠬᠤᠶ᠎ᠶᠢᠨ ᠰᠠᠭᠤᠷᠢᠨ᠎ᠢ ᠲᠣᠬᠢᠷᠠᠮᠵᠢᠲᠠᠶ ᠰᠢᠶᠠᠨ᠎ᠤ ᠬᠡᠪᠴᠢᠶᠡᠨ᠎ᠳᠦ᠂ ᠭᠤᠤᠯᠳᠠᠯᠭ᠎ᠠ᠎ᠪᠠᠨ《ᠦᠨᠳᠦᠰᠦ᠎ᠶᠢ ᠪᠡᠬᠢᠵᠢᠭᠦᠯᠦᠨ ᠳᠠᠯᠳᠠ ᠬᠦᠴᠦᠨ᠎ᠢ ᠠᠭᠤᠳᠠᠯᠬᠤ》ᠪᠠ《ᠥᠪᠡᠷᠮᠢᠴᠡ ᠣᠨᠴᠠᠯᠢᠭ᠎ᠲᠠᠶ᠎ᠪᠠᠷ ᠡᠨᠧᠷᠭᠢ ᠣᠯᠭᠣᠬᠤ》ᠳᠡᠭᠡᠷ᠎ᠡ ᠲᠠᠯᠪᠢᠨ᠎ᠠ; ᠬᠥᠮᠦᠨ ᠠᠮᠠ ᠨᠡᠯᠢᠶᠡᠳ ᠴᠥᠭᠡᠨ᠂ ᠠᠵᠤ ᠠᠬᠤᠶ᠎ᠶᠢᠨ ᠪᠠᠭᠲᠠᠭᠠᠮᠵᠢ ᠬᠠᠷᠢᠴᠠᠩᠭᠤᠶ᠎ᠪᠠᠷ ᠨᠡᠯᠢᠶᠡᠳ ᠪᠠᠭ᠎ᠠ ᠰᠢᠶᠠᠨ᠎ᠤ ᠬᠡᠪᠴᠢᠶᠡᠨ᠎ᠳᠦ ᠪᠣᠯ ᠭᠤᠤᠯᠳᠠᠯᠭ᠎ᠠ᠎ᠪᠠᠨ《ᠦᠨᠳᠦᠰᠦᠨ ᠵᠦᠢᠯ᠎ᠢ ᠪᠠᠲᠤᠯᠠᠬᠤ》 ᠵᠢᠨ 《ᠪᠠᠲᠤᠯᠠᠭ᠎ᠠ》 ᠳᠡᠭᠡᠷ᠎ᠡ ᠲᠠᠯᠪᠢᠨ᠎ᠠ ᠭᠡᠪᠡ᠃
ᠶᠤᠸᠠᠨ ᠰᠢᠶᠤᠤ ᠮᠢᠩ ᠄《ᠲᠠᠷᠠᠭᠠᠴᠢ᠎ᠶᠢᠨ ᠠᠯᠬᠤᠮ᠎ᠳᠤ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ ᠬᠣᠯᠪᠣᠭᠳᠠᠯ ᠪᠥᠬᠥᠶ ᠰᠠᠯᠠᠭ᠎ᠠ ᠮᠥᠴᠢᠷ᠎ᠯᠤᠭᠡ ᠬᠠᠮᠲᠤᠷᠠᠨ᠂ ᠰᠠᠨᠠᠯ᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠨᠠᠷᠢᠨ ᠬᠢᠨᠠᠮᠠᠭᠠᠶ ᠰᠠᠶ᠋ᠢᠲᠤᠷ ᠠᠳᠬᠤᠵᠤ᠂〈ᠠᠷᠪᠠᠨ ᠲᠠᠪᠤᠳᠤᠭᠠᠷ ᠲᠠᠪᠤᠨ ᠵᠢᠯ〉 ᠦ᠋ᠨ ᠬᠤᠭᠤᠴᠠᠭᠠᠨ᠎ᠳᠠᠬᠢ ᠲᠥᠷᠥ᠎ᠶᠢᠨ ᠪᠣᠳᠣᠯᠭ᠎ᠠ᠎ᠶᠢᠨ ᠰᠢᠰᠲ᠋ᠧᠮ᠎ᠢ ᠦᠷᠭᠦᠯᠵᠢᠯᠡᠨ ᠲᠡᠭᠦᠯᠳᠡᠷᠵᠢᠭᠦᠯᠵᠦ᠍᠂ ᠡᠯ᠎ᠡ ᠭᠠᠵᠠᠷ᠎ᠤᠨ ᠬᠢᠨ᠎ᠦ ᠣᠷᠣᠨ ᠨᠤᠲᠤᠭ᠎ᠤᠨ ᠣᠨᠴᠠᠯᠢᠭᠲᠤ᠌ ᠨᠡᠶ᠋ᠢᠴᠡᠭᠰᠡᠨ ᠰᠢᠶᠠᠨ᠎ᠤ ᠬᠡᠪᠴᠢᠶᠡᠨ᠎ᠦ ᠬᠡᠷᠡᠭᠯᠡᠭᠡ ᠵᠢᠨ ᠬᠥᠭᠵᠢᠯᠲᠡ᠎ᠶᠢᠨ ᠵᠠᠭᠪᠤᠷ᠎ᠢ ᠰᠦᠪᠡᠭᠴᠢᠯᠡᠬᠦ᠌᠎ᠶᠢ ᠵᠢᠯᠣᠭᠣᠳᠴᠤ᠌᠂ ᠦᠨᠳᠤᠰᠤᠨ ᠱᠠᠳᠤᠨ ᠤ᠋ ᠵᠠᠬ᠎ᠠ ᠳᠡᠯᠭᠡᠭᠦᠷ᠎ᠤ᠋ᠨ ᠴᠢᠩᠭ᠎ᠠ ᠬᠦᠴᠦᠲᠡᠶ ᠠᠮᠢᠵᠢᠷᠠᠯ᠎ᠤᠨ ᠬᠦᠴᠦᠨ᠎ᠢ ᠦᠨᠡᠨ ᠬᠦ᠌ ᠬᠥᠭᠵᠢᠭᠡᠵᠦ᠍᠂ ᠰᠢᠶᠠᠨ᠎ᠤ ᠬᠡᠪᠴᠢᠶᠡᠨ᠎ᠦ ᠬᠡᠷᠡᠭᠯᠡᠭᠡ ᠵᠢᠨ ᠯᠤᠲᠤ᠌ ᠶᠡᠬᠡ ᠳᠠᠯᠳᠠ ᠬᠦᠴᠦᠨ᠎ᠢ ᠪᠠᠳᠠᠷᠠᠭᠤᠯᠤᠨ᠎ᠠ》ᠭᠡᠪᠡ᠃
(ᠰᠢᠨᠬᠤᠸᠠ ᠬᠣᠷᠢᠶ᠎ᠠ ᠵᠢᠨ ᠪᠡᠭᠡᠵᠢᠩ᠎ᠦᠨ 8 ᠰᠠᠷ᠎ᠠ᠎ᠶᠢᠨ 18 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃