2026-09-10 09:49:18
— ᠬᠣᠶᠠᠳᠤᠭᠠᠷ ᠬᠤᠭᠤᠴᠠᠭᠠᠨ᠎ᠤ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭᠠᠨ᠎ᠤ ᠣᠯᠠᠨ ᠤᠯᠤᠰ᠎ᠤᠨ ᠡᠷᠳᠡᠮ ᠰᠢᠨᠵᠢᠯᠡᠭᠡᠨ᠎ᠦ ᠰᠤᠳᠤᠯᠤᠨ ᠶᠠᠷᠢᠯᠴᠠᠬᠤ ᠬᠤᠷᠠᠯ᠎ᠤᠨ ᠲᠤᠬᠠᠢ ᠠᠵᠢᠭᠯᠠᠯᠲᠠ
ᠱᠧᠨᠵᠧᠨ ᠪᠤᠯᠤᠩ᠎ᠤᠨ ᠬᠥᠪᠡᠭᠡᠨ᠎ᠳᠦ᠂ ᠦᠵᠡᠯ ᠰᠠᠨᠠᠭ᠎ᠠ ᠠᠭᠤᠰᠤᠯᠴᠠᠵᠤ᠂ ᠰᠣᠶᠣᠯ ᠬᠤᠷᠠᠨ ᠴᠤᠭᠯᠠᠷᠠᠨ᠎ᠠ᠃
9 ᠰᠠᠷ᠎ᠠ᠎ᠶᠢᠨ 6᠎ᠤ᠋ ᠡᠳᠦᠷ᠂ ᠬᠣᠶᠠᠳᠤᠭᠠᠷ ᠬᠤᠭᠤᠴᠠᠭᠠᠨ᠎ᠤ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭᠠᠨ᠎ᠤ ᠣᠯᠠᠨ ᠤᠯᠤᠰ᠎ᠤᠨ ᠡᠷᠳᠡᠮ ᠰᠢᠨᠵᠢᠯᠡᠭᠡᠨ᠎ᠦ ᠰᠤᠳᠤᠯᠤᠨ ᠶᠠᠷᠢᠯᠴᠠᠬᠤ ᠬᠤᠷᠠᠯ ᠭᠤᠸᠠᠩᠳᠦ᠋ᠩ᠎ᠦᠨ ᠱᠧᠨᠵᠧᠨ᠎ᠳᠦ ᠶᠠᠪᠤᠭᠳᠠᠪᠠ᠃
ᠳᠤᠮᠳᠠᠳᠤ ᠤᠯᠤᠰ ᠵᠢᠴᠢ ᠣᠷᠣᠰ᠂ ᠠᠷᠭᠧᠨ᠋ᠲ᠋ᠢᠨ᠂ ᠢᠰᠫᠠᠨᠢ᠂ ᠪᠷᠠᠽᠢᠯ᠂ ᠠᠮᠧᠷᠢᠺᠠ ᠵᠡᠷᠭᠡ 14 ᠤᠯᠤᠰ᠎ᠤᠨ 130 ᠭᠠᠷᠤᠶ ᠲᠤᠰᠬᠠᠶ ᠮᠡᠷᠭᠡᠵᠢᠯᠲᠡᠨ ᠡᠷᠳᠡᠮᠲᠡᠨ ᠪᠣᠯᠤᠨ ᠬᠦᠨᠳᠦᠲᠦ᠍ ᠵᠣᠴᠢᠳ 《ᠰᠣᠶᠣᠯ᠎ᠤᠨ ᠭᠤᠤᠯ ᠴᠣᠭᠴᠠᠲᠤ ᠴᠢᠨᠠᠷ᠎ᠢ ᠪᠡᠬᠢᠵᠢᠭᠦᠯᠦᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢ ᠠᠬᠢᠭᠤᠯᠤᠶ᠎ᠠ》 ᠵᠢᠨ ᠲᠣᠭᠣᠷᠢᠨ᠎ᠳᠤ ᠭᠦᠨᠵᠡᠭᠡᠶ ᠰᠤᠳᠤᠯᠤᠨ ᠶᠠᠷᠢᠯᠴᠠᠪᠠ᠃ ᠬᠤᠷᠠᠯ᠎ᠳᠤ ᠣᠷᠣᠯᠴᠠᠭᠰᠠᠳ᠂ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ ᠨᠢ ᠣᠳᠣᠬᠢᠴᠢᠯᠠᠯᠲᠠ᠎ᠶᠢᠨ ᠠᠬᠢᠴᠠ᠎ᠳᠤ ᠰᠣᠶᠣᠯ᠎ᠤᠨ ᠦᠨᠳᠦᠰᠦ ᠰᠤᠳᠠᠰᠤ᠎ᠶᠢ ᠪᠠᠲᠤ᠌ ᠰᠠᠬᠢᠵᠤ᠂ ᠪᠣᠯᠪᠠᠰᠤᠨ᠎ᠤ ᠰᠣᠯᠢᠯᠴᠠᠭ᠎ᠠ ᠲᠤᠯᠢᠳᠠᠯ᠎ᠢ ᠠᠬᠢᠭᠤᠯᠬᠤ᠎ᠳᠤ ᠦᠨᠳᠦᠰᠦᠨ ᠵᠢᠷᠤᠮᠯᠠᠯ ᠬᠠᠩᠭᠠᠵᠤ᠂ ᠳᠤᠮᠳᠠᠳᠤ ᠤᠯᠤᠰ᠎ᠤᠨ ᠰᠣᠶᠣᠯ᠎ᠤᠨ ᠤᠬᠠᠮᠰᠠᠷ ᠪᠣᠯᠤᠨ ᠰᠣᠶᠣᠯ᠎ᠤᠨ ᠢᠲᠡᠭᠡᠯ ᠡᠳᠦᠷ ᠢᠷᠡᠬᠦᠶ᠎ᠡ ᠴᠢᠩᠭᠠᠷᠠᠵᠤ᠂ ᠬᠥᠮᠦᠨ ᠲᠥᠷᠥᠯᠬᠢᠲᠡᠨ᠎ᠦ ᠪᠣᠯᠪᠠᠰᠤᠨ᠎ᠤ ᠲᠠᠪᠰᠢᠯᠳᠠ᠎ᠳᠤ ᠥᠪᠡᠷᠮᠢᠴᠡ ᠤᠶᠤᠨ ᠤᠬᠠᠭᠠᠨ᠎ᠢᠶᠠᠨ ᠡᠷᠭᠦᠵᠦ ᠪᠠᠶ᠋ᠢᠨ᠎ᠠ ᠭᠡᠵᠦ ᠢᠯᠡᠳᠭᠡᠵᠡᠭᠡᠪᠡ᠃
ᠳᠡᠯᠡᠬᠡᠶ᠎ᠶᠢᠨ ᠬᠤᠪᠢᠰᠤᠯᠲᠠ ᠳᠤᠮᠳᠠ ᠭᠤᠤᠯ ᠴᠣᠭᠴᠠ᠎ᠶᠢᠨ ᠪᠠᠶ᠋ᠢᠷᠢᠰᠢᠯᠢ᠋ ᠲᠣᠭᠲᠠᠭᠠᠪᠠ
ᠣᠳᠣᠬᠠᠨ᠎ᠳᠤ᠂ ᠳᠡᠯᠡᠬᠡᠢ ᠵᠢᠨ ᠵᠠᠭᠤᠨ ᠵᠢᠯ᠎ᠳᠦ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ ᠲᠦᠷᠭᠡᠰᠦᠨ ᠤᠯᠠᠷᠢᠵᠤ᠂ ᠦᠵᠡᠯ ᠰᠠᠨᠠᠭ᠎ᠠ ᠰᠣᠶᠣᠯ᠎ᠤᠨ ᠰᠣᠯᠢᠯᠴᠠᠭ᠎ᠠ ᠲᠣᠯᠢᠳᠠᠯ ᠣᠯᠠᠰᠢᠷᠠᠵᠤ ᠪᠠᠶ᠋ᠢᠨ᠎ᠠ᠂ ᠭᠡᠪᠡᠴᠦ᠍ ᠪᠣᠯᠪᠠᠰᠤᠨ᠎ᠤ ᠮᠥᠷᠭᠥᠯᠳᠦᠭᠡᠨ᠂ ᠪᠣᠯᠪᠠᠰᠤᠨ᠎ᠤ ᠳᠠᠪᠠᠭᠤᠯᠢᠭ ᠵᠡᠷᠭᠡ ᠶᠠᠷᠢᠶᠠᠨ᠎ᠤ ᠬᠡᠯᠪᠡᠷᠢᠯ ᠪᠠᠶ᠋ᠢᠨ ᠪᠠᠶ᠋ᠢᠨ ᠴᠤᠯᠭᠤᠷᠠᠨ ᠭᠠᠷᠴᠤ᠌᠂ ᠬᠥᠮᠦᠨ ᠲᠥᠷᠥᠯᠬᠢᠲᠡᠨ᠎ᠦ ᠨᠡᠶ᠋ᠢᠭᠡᠮ᠎ᠳᠦ ᠦᠵᠡᠯ ᠰᠠᠨᠠᠭᠠᠨ᠎ᠤ ᠬᠠᠭᠠᠴᠠᠯ᠂ ᠰᠣᠶᠣᠯ᠎ᠤᠨ ᠵᠠᠭᠤᠷᠠᠯᠳᠤᠭᠠᠨ᠎ᠤ ᠬᠠᠮᠲᠤ᠎ᠶᠢᠨ ᠰᠦᠷᠳᠡᠭᠦᠯᠦᠯ ᠲᠤᠯᠭᠠᠷᠠᠵᠤ ᠪᠠᠶ᠋ᠢᠨ᠎ᠠ᠃ ᠵᠠᠷᠢᠮ ᠤᠯᠤᠰ ᠪᠠ ᠦᠨᠳᠦᠰᠦᠲᠡᠨ ᠢᠯᠠᠩᠭᠤᠶ᠎ᠠ ᠪᠦᠬᠦ᠌ ᠪᠥᠮᠪᠥᠷᠴᠡᠭ᠎ᠦᠨ ᠬᠦᠭᠵᠢᠵᠦ ᠪᠠᠢᠭ᠎ᠠ ᠤᠯᠤᠰ᠎ᠤᠳ ᠰᠣᠶᠣᠯ᠎ᠤᠨ ᠬᠢᠷᠢ ᠬᠡᠮ ᠨᠢ ᠪᠠᠯᠠᠷᠬᠠᠶ᠋ᠢᠰᠢᠵᠤ᠂ ᠰᠣᠶᠣᠯ᠎ᠤᠨ ᠭᠤᠤᠯ ᠴᠣᠭᠴᠠᠲᠤ ᠴᠢᠨᠠᠷ ᠨᠢ ᠠᠷᠢᠯᠵᠤ᠂ ᠡᠭᠦᠨ᠎ᠦ ᠤᠯᠠᠮ᠎ᠡᠴᠡ ᠬᠥᠭᠵᠢᠯᠲᠡ᠎ᠶᠢᠨ ᠴᠢᠭᠯᠡᠯ᠎ᠢᠶᠡᠨ ᠠᠯᠳᠠᠵᠤ ᠪᠠᠶ᠋ᠢᠨ᠎ᠠ᠃
ᠰᠣᠶᠣᠯ᠎ᠤᠨ ᠭᠤᠤᠯ ᠴᠣᠭᠴᠠᠲᠤ ᠴᠢᠨᠠᠷ᠎ᠢ ᠪᠡᠬᠢᠵᠢᠭᠦᠯᠬᠦ ᠪᠠ ᠬᠥᠭᠵᠢᠭᠦᠯᠦᠭᠰᠡᠨ ᠨᠢ ᠳᠤᠮᠳᠠᠳᠤ᠎ᠶᠢᠨ ᠪᠣᠯᠪᠠᠰᠤᠨ᠎ᠤ ᠭᠧᠨ᠎ᠢ ᠭᠦᠨᠵᠡᠭᠡᠶ ᠬᠥᠭᠵᠢᠭᠡᠵᠦ᠍᠂ ᠳᠤᠮᠳᠠᠳᠤ᠎ᠶᠢᠨ ᠰᠣᠶᠣᠯ᠎ᠤᠨ ᠠᠮᠢ ᠨᠠᠰᠤᠨ᠎ᠤ ᠰᠢᠨᠡᠴᠢᠯᠡᠯᠲᠡ ᠪᠠ ᠣᠳᠣ ᠦᠶᠡᠲᠡᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠠᠬᠢᠭᠤᠯᠵᠤ ᠪᠠᠶ᠋ᠢᠨ᠎ᠠ᠃ ᠤᠢ᠌ᠷ᠎ᠠ᠎ᠶᠢᠨ ᠵᠢᠯᠦᠳᠲᠦ᠍᠂ ᠳᠤᠮᠳᠠᠳᠤ ᠤᠯᠤᠰ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠂ ᠠᠵᠤ ᠦᠢᠯᠡᠰ᠎ᠦᠨ ᠬᠦᠷᠢᠶ᠎ᠡ ᠨᠢᠰᠬᠦ᠌ ᠮᠡᠲᠦ᠍ ᠲᠦᠷᠭᠡᠨ ᠬᠥᠭᠵᠢᠬᠦ᠌᠎ᠶᠢᠨ ᠵᠡᠷᠭᠡ᠎ᠪᠡᠷ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ᠌ ᠰᠣᠶᠣᠯ ᠪᠦᠲᠦᠭᠡᠯᠴᠢ ᠴᠢᠨᠠᠷᠲᠠᠢ᠎ᠪᠠᠷ ᠬᠤᠪᠢᠷᠠᠵᠤ᠂ ᠰᠢᠨ᠎ᠡ᠎ᠶᠢ ᠡᠭᠦᠳᠬᠦ᠌ ᠴᠢᠨᠠᠷᠲᠠᠢ᠎ᠪᠠᠷ ᠬᠥᠭᠵᠢᠵᠦ᠍᠂ ᠬᠤᠪᠢᠰᠬᠠᠯᠲᠤ᠌ ᠰᠣᠶᠣᠯ ᠤᠯᠠᠮᠵᠢᠯᠠᠭᠳᠠᠵᠤ᠂ ᠨᠡᠶ᠋ᠢᠭᠡᠮ ᠵᠢᠷᠤᠮ᠎ᠤᠨ ᠲᠡᠷᠢᠭᠦᠨ᠎ᠦ ᠰᠣᠶᠣᠯ ᠲᠠᠰᠤᠷᠠᠯᠲᠠ ᠦᠭᠡᠢ ᠬᠥᠭᠵᠢᠵᠦ᠍᠂ ᠬᠥᠮᠦᠨ ᠲᠥᠷᠥᠯᠬᠢᠲᠡᠨ᠎ᠦ ᠰᠢᠯᠢᠳᠡᠭ ᠪᠣᠯᠪᠠᠰᠤᠨ᠎ᠤ ᠦᠷ᠎ᠡ ᠪᠦᠲᠦᠭᠡᠯ᠎ᠢ ᠥᠷᠭᠡᠨ᠎ᠢᠶᠡᠷ ᠲᠣᠯᠢ ᠪᠤᠯᠭᠠᠵᠤ ᠰᠢᠩᠭᠡᠭᠡᠨ ᠠᠪᠴᠠᠢ᠃
ᠭᠠᠳᠠᠭᠠᠳᠤ᠎ᠶᠢᠨ ᠣᠯᠠᠨ ᠰᠤᠳᠤᠯᠭᠠᠲᠠᠳ᠂ ᠰᠣᠶᠣᠯ ᠢᠷᠭᠡᠨᠰᠢᠯ᠎ᠦᠨ ᠬᠠᠷᠠᠯᠲᠠ ᠳᠤᠲᠠᠭᠳᠠᠬᠰᠠᠨ ᠮᠡᠷᠭᠡᠵᠢᠯ᠎ᠨᠢ ᠡᠷᠬᠡ ᠲᠡᠭᠰᠢ ᠪᠤᠰᠤ ᠪᠠᠶ᠋ᠢᠳᠠᠯ᠎ᠢ ᠬᠤᠷᠴᠠᠳᠬᠠᠵᠤ ᠮᠡᠳᠡᠨ᠎ᠡ᠂ ᠰᠣᠶᠣᠯ᠎ᠤᠨ ᠦᠨᠳᠦᠰᠦ ᠰᠠᠭᠤᠷᠢ᠎ᠪᠠᠨ ᠠᠯᠳᠠᠭᠰᠠᠨ ᠬᠥᠭᠵᠢᠯᠲᠡ᠎ᠨᠢ ᠵᠠᠶ᠋ᠢᠳᠠᠬᠤ ᠪᠠᠢᠳᠠᠯ᠎ᠢ ᠪᠣᠶ ᠪᠣᠯᠭᠠᠵᠤ ᠮᠡᠳᠡᠨ᠎ᠡ᠂ ᠣᠯᠠᠨ ᠶᠠᠩᠵᠤᠲᠤ᠌ ᠴᠢᠨᠠᠷ᠎ᠢ ᠬᠦᠨᠳᠦᠳᠬᠡᠬᠦ᠌ ᠥᠬᠡᠶ ᠳᠡᠯᠡᠬᠡᠶ᠋ᠢᠵᠢᠯᠲᠡ᠎ᠨᠢ ᠮᠥᠷᠭᠥᠯᠳᠦᠭᠡᠨ ᠪᠠ ᠡᠰᠡᠷᠭᠦᠴᠡᠯᠳᠦᠯ᠎ᠢ ᠡᠭᠦᠰᠭᠡᠵᠦ᠍ ᠮᠡᠳᠡᠨ᠎ᠡ᠂ ᠬᠠᠷᠢᠨ ᠰᠣᠶᠣᠯ᠎ᠤᠨ ᠭᠤᠤᠯ ᠴᠣᠭᠴᠠᠲᠤ᠌ ᠴᠢᠨᠠᠷ᠎ᠢ ᠪᠡᠬᠢᠵᠢᠭᠦᠯᠬᠦ᠌᠎ᠨᠢ ᠳᠤᠮᠳᠠᠳᠤ ᠤᠯᠤᠰ᠎ᠤᠨ ᠡᠲᠡᠭᠡᠷ ᠠᠰᠠᠭᠤᠳᠠᠯ᠎ᠢ ᠰᠢᠢᠳᠪᠦᠷᠢᠯᠡᠬᠦ᠌ ᠵᠢᠨ ᠬᠠᠷᠢᠭᠤᠯᠲᠠ ᠪᠣᠯᠵᠠᠶ ᠭᠡᠵᠦ ᠦᠵᠡᠪᠡ᠃
《ᠳᠤᠮᠳᠠᠳᠤ ᠤᠯᠤᠰ ᠶᠠᠭ ᠥᠪᠡᠷ᠎ᠦᠨ ᠥᠪᠡᠷᠮᠢᠴᠡ ᠬᠡᠪ ᠵᠠᠭᠪᠤᠷ᠎ᠢᠶᠠᠨ ᠪᠠᠶ᠋ᠢᠭᠤᠯᠵᠤ ᠪᠠᠶ᠋ᠢᠨ᠎ᠠ》᠃ ᠢᠰᠫᠠᠨᠢ᠎ᠶᠢᠨ ESADE ᠬᠤᠳᠠᠯᠳᠤᠭᠠᠨ᠎ᠤ ᠳᠡᠭᠡᠳᠦ ᠰᠤᠷᠭᠠᠭᠤᠯᠢ᠎ᠶᠢᠨ 《ᠳᠤᠮᠳᠠᠳᠤ ᠤᠯᠤᠰ᠎ᠯᠤᠭ᠎ᠠ ᠶᠠᠷᠢᠯᠴᠠᠭ᠎ᠠ ᠬᠢᠬᠦ᠌》 ᠲᠦᠷᠦᠯ ᠵᠦᠢᠯ᠎ᠦᠨ ᠡᠷᠬᠢᠯᠡᠭᠴᠢ ᠰᠣ᠌ ᠤᠦ ᠬᠦ᠋᠂ ᠳᠤᠮᠳᠠᠳᠤ᠎ᠶᠢᠨ ᠪᠣᠯᠪᠠᠰᠤᠨ ᠪᠣᠯ ᠲᠡᠦᠬᠡ᠎ᠶᠢᠨ ᠬᠤᠪᠢᠷᠠᠯᠲᠠ᠂ ᠭᠠᠳᠠᠭᠠᠳᠤ ᠳᠠᠷᠤᠯᠲᠠ ᠪᠣᠯᠤᠨ ᠣᠳᠣᠬᠢᠴᠢᠯᠠᠯᠲᠠ᠎ᠶᠢᠨ ᠲᠠᠭᠠᠷᠢᠯᠳᠡ᠎ᠶᠢ ᠥᠩᠭᠡᠷᠡᠭᠡᠬᠦ᠌᠎ᠶᠢᠨ ᠬᠠᠮᠲᠤ᠌ ᠲᠤᠰ ᠪᠡᠶ᠎ᠡ᠎ᠶᠢᠨ ᠬᠥᠭᠵᠢᠯᠲᠡ᠎ᠪᠡᠨ ᠠᠬᠢᠭᠤᠯᠵᠤ ᠴᠢᠳᠠᠬᠤ ᠪᠥᠭᠡᠳ ᠳᠣᠲᠣᠭᠠᠳᠤ᠎ᠶᠢᠨ ᠨᠢᠭᠲᠠᠷᠠᠯ᠎ᠤᠨ ᠬᠦᠴᠦᠨ᠎ᠢᠶᠡᠨ ᠪᠠᠲᠤᠯᠠᠵᠤ ᠴᠢᠳᠠᠬᠰᠠᠨ ᠪᠣᠯᠪᠠᠰᠤᠨ ᠮᠥᠨ ᠭᠡᠵᠦ᠍ ᠬᠡᠯᠡᠪᠡ᠃
ᠨᠡᠩ ᠤᠯᠠᠨ ᠡᠷᠳᠡᠮᠲᠡᠳ ᠪᠣᠯᠪᠠᠰᠤᠨ᠎ᠤ ᠤᠯᠠᠮᠵᠢᠯᠠᠯ᠂ ᠣᠳᠣᠬᠢᠴᠢᠯᠠᠯᠲᠠ᠎ᠶᠢᠨ ᠵᠠᠮ᠂ ᠲᠣᠭᠠᠴᠢᠯᠠᠭᠰᠠᠨ ᠰᠣᠶᠣᠯ ᠵᠡᠷᠭᠡ ᠬᠠᠷᠠᠭᠠᠰᠤ ᠡᠴᠡ ᠤᠳᠤ ᠦᠶ᠎ᠡ᠎ᠶᠢᠨ ᠳᠤᠮᠳᠠᠳᠤ ᠤᠯᠤᠰ᠎ᠤᠨ ᠰᠣᠶᠣᠯ᠎ᠤᠨ ᠦᠢᠯᠡᠳᠦᠯᠭᠡ᠎ᠶᠢ ᠠᠵᠢᠭᠯᠠᠨ ᠰᠤᠳᠤᠯᠵᠤ᠂ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭᠠᠨ᠎ᠤ ᠰᠠᠨᠠᠭᠠᠴᠢᠯᠠᠭᠰᠠᠨ ᠰᠣᠶᠣᠯ᠎ᠤᠨ ᠭᠣᠣᠯ ᠴᠣᠭᠴᠠᠲᠤ᠌ ᠴᠢᠨᠠᠷ᠎ᠢ ᠪᠠᠷᠢᠮᠲᠠᠯᠠᠨ ᠬᠥᠮᠦᠨ ᠲᠥᠷᠥᠯᠬᠢᠲᠡᠨ᠎ᠦ ᠪᠣᠯᠪᠠᠰᠤᠨ᠎ᠤ ᠬᠠᠮᠲᠤ᠎ᠪᠠᠷ ᠣᠷᠣᠰᠢᠵᠤ ᠬᠠᠮᠲᠤ᠎ᠪᠠᠷ ᠤᠷᠤᠭᠰᠢᠯᠠᠬᠤ ᠣᠷᠣᠨ ᠵᠠᠢ᠎ᠶᠢ ᠨᠡᠭᠡᠭᠡᠬᠦ᠌᠎ᠶᠢᠨ ᠴᠢᠬᠤᠯᠠ ᠠᠴᠢ ᠬᠣᠯᠪᠣᠭᠳᠠᠯ᠎ᠢ ᠳᠡᠭᠡᠳᠦ ᠬᠡᠮᠵᠢᠶ᠎ᠡ᠎ᠪᠡᠷ ᠦᠨᠡᠯᠡᠵᠦ᠍ ᠪᠠᠶ᠋ᠢᠨ᠎ᠠ᠃
ᠬᠤᠷᠠᠯ᠎ᠳᠤ ᠣᠷᠣᠯᠴᠠᠭᠰᠠᠳ᠂ ᠶᠡᠷᠦᠩᠬᠡᠢ ᠱᠦᠵᠢ ᠰᠢ ᠵᠢᠨ ᠫᠢᠩ 《ᠬᠥᠮᠦᠨ ᠲᠥᠷᠥᠯᠬᠢᠲᠡᠨ᠎ᠦ ᠮᠡᠳᠡᠯᠭᠡ᠎ᠶᠢᠨ ᠨᠡᠶ᠋ᠢᠯᠡᠪᠦᠷᠢ》 ᠲᠤᠮᠳᠠ ᠡᠴᠡ ᠰᠢᠯᠢᠳᠡᠭ ᠦᠵᠡᠯ ᠰᠠᠨᠠᠭ᠎ᠠ ᠰᠣᠶᠣᠯ᠎ᠤᠨ ᠡᠬᠢ ᠪᠠᠶᠠᠯᠢᠭ᠎ᠢ ᠰᠢᠩᠭᠡᠭᠡᠨ ᠠᠪᠴᠤ᠌᠂ ᠪᠦᠬᠦ᠌ ᠪᠥᠮᠪᠥᠷᠴᠡᠭ᠎ᠦᠨ ᠬᠥᠭᠵᠢᠯᠲᠡ᠎ᠶᠢᠨ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠦᠨ ᠠᠮᠤᠷ ᠲᠦᠪᠰᠢᠨ᠎ᠦ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠦᠨ ᠪᠣᠯᠪᠠᠰᠤᠨ᠎ᠤ ᠰᠠᠨᠠᠭᠠᠴᠢᠯᠠᠭ᠎ᠠ ᠪᠣᠯᠤᠨ ᠪᠦᠬᠦ᠌ ᠪᠥᠮᠪᠥᠷᠴᠡᠭ᠎ᠦᠨ ᠵᠠᠰᠠᠯᠲᠠ᠎ᠶᠢᠨ ᠰᠠᠨᠠᠭᠠᠴᠢᠯᠠᠭ᠎ᠠ᠎ᠶᠢ ᠳᠤᠷᠠᠳᠴᠤ᠌᠂ ᠪᠣᠯᠪᠠᠰᠤᠨ᠎ᠤ ᠢᠲᠡᠭᠡᠯ᠎ᠢᠶᠡᠷ ᠰᠠᠨᠠᠭᠠᠴᠢᠯᠠᠭ᠎ᠠ᠎ᠶᠢᠨ ᠦᠨᠳᠦᠰᠦ ᠰᠠᠭᠤᠷᠢ᠎ᠵᠢ ᠪᠡᠬᠢᠵᠢᠭᠦᠯᠵᠦ᠍᠂ ᠨᠡᠭᠡᠭᠡᠯᠲᠡᠲᠡᠢ ᠪᠠᠭᠲᠠᠭᠠᠮᠵᠢᠲᠠᠢ᠎ᠪᠠᠷ ᠪᠣᠯᠪᠠᠰᠤᠨ᠎ᠢᠶᠠᠨ ᠬᠠᠷᠢᠯᠴᠠᠨ ᠲᠤᠯᠢᠳᠠᠬᠤ᠎ᠶᠢ ᠠᠬᠢᠭᠤᠯᠵᠤ᠂ ᠬᠥᠮᠦᠨ ᠲᠥᠷᠥᠯᠬᠢᠲᠡᠨ᠎ᠦ ᠪᠣᠯᠪᠠᠰᠤᠨ᠎ᠤ ᠲᠠᠪᠰᠢᠯᠳᠠ᠎ᠶᠢ ᠠᠬᠢᠭᠤᠯᠬᠤ᠂ ᠬᠠᠮᠲᠤ᠎ᠶᠢᠨ ᠥᠷᠢᠰᠥᠯᠳᠦᠭᠡᠨ᠎ᠢ ᠠᠷᠭᠠᠴᠠᠭᠠᠬᠤ᠎ᠳᠤ ᠪᠠᠶ᠋ᠢᠯᠳᠤᠬᠤ ᠪᠤᠳᠤᠯᠭ᠎ᠠ᠎ᠶᠢᠨ ᠵᠢᠯᠣᠭᠣᠳᠤᠮᠵᠢ ᠬᠠᠩᠭᠠᠵᠤ᠂ ᠳᠤᠮᠳᠠᠳᠤ ᠤᠯᠤᠰ᠎ᠤᠨ ᠤᠶᠤᠨ ᠤᠬᠠᠭᠠᠨ᠎ᠢ ᠡᠷᠭᠦᠵᠦ᠍᠂ ᠲᠤᠮᠤ ᠤᠯᠤᠰ᠎ᠤᠨ ᠡᠭᠦᠷᠭᠡᠯᠡᠯ᠎ᠢ ᠢᠯᠡᠷᠡᠭᠦᠯᠵᠦ᠍᠂ ᠨᠢᠭᠡᠨᠲᠡ ᠪᠦᠬᠦ᠌ ᠪᠥᠮᠪᠥᠷᠴᠡᠭ᠎ᠦᠨ ᠴᠢᠬᠤᠯᠠ ᠤᠯᠠᠨ ᠨᠡᠶ᠋ᠢᠲᠡ᠎ᠶᠢᠨ ᠦᠵᠡᠯ ᠰᠠᠨᠠᠭᠠᠨ᠎ᠤ ᠪᠦᠲᠦᠭᠡᠭᠳᠡᠬᠦᠨ ᠪᠣᠯᠵᠠᠢ ᠭᠡᠵᠦ᠍ ᠢᠯᠡᠳᠬᠡᠪᠡ᠃
ᠰᠣᠶᠣᠯ᠎ᠤᠨ ᠭᠤᠤᠯ ᠴᠣᠭᠴᠠᠲᠤ ᠴᠢᠨᠠᠷ᠎ᠢᠶᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠬᠦᠴᠦᠨ ᠤᠯᠭᠤᠪᠠ
ᠰᠣᠶᠣᠯ ᠪᠣᠯ ᠨᠢᠭᠡ ᠤᠯᠤᠰ᠂ ᠨᠢᠭᠡ ᠦᠨᠳᠦᠰᠦᠲᠡᠨ᠎ᠦ ᠰᠦᠭ ᠰᠦᠨᠡᠰᠦ ᠮᠥᠨ᠃ ᠰᠣᠶᠣᠯ᠎ᠤᠨ ᠭᠤᠤᠯ ᠴᠣᠭᠴᠠᠲᠤ᠌ ᠴᠢᠨᠠᠷ ᠪᠠᠶ᠋ᠢᠪᠠᠯ ᠨᠢᠭᠡ ᠦᠨᠳᠦᠰᠦᠲᠡᠨ ᠰᠠᠶᠢ ᠤᠶᠤᠨ ᠰᠠᠨᠠᠭᠠᠨ᠎ᠤ ᠲᠠᠯ᠎ᠠ᠎ᠪᠠᠷ ᠪᠡᠶ᠎ᠡ᠎ᠪᠡᠨ ᠳᠠᠭᠠᠭᠠᠵᠤ ᠡᠵᠡᠨ ᠮᠡᠳᠡᠬᠦ᠌᠎ᠶᠢ ᠦᠨᠡᠨ ᠬᠦ᠌ ᠪᠡᠶᠡᠯᠡᠭᠦᠯᠵᠦ᠍ ᠴᠢᠳᠠᠨ᠎ᠠ᠃
ᠲᠡᠦᠬᠡ᠎ᠶᠢ ᠡᠷᠭᠢᠴᠡᠭᠦᠯᠬᠦᠶ᠎ᠡ᠂ ᠳᠤᠮᠳᠠᠳᠤ᠎ᠶᠢᠨ ᠪᠣᠯᠪᠠᠰᠤᠨ ᠬᠡᠳᠦᠨ ᠮᠢᠩᠭᠠᠨ ᠵᠢᠯ᠎ᠦᠨ ᠲᠤᠷᠰᠢ ᠲᠠᠰᠤᠷᠠᠰᠢ ᠦᠭᠡᠢ ᠦᠷᠭᠦᠯᠵᠢᠯᠡᠵᠦ᠍᠂ ᠤᠳᠠᠭ᠎ᠠ ᠲᠠᠷᠠᠭᠠᠯᠠᠨ ᠬᠠᠷᠰᠢ ᠰᠠᠭᠠᠳ ᠲᠤ᠌ ᠲᠤᠯᠭᠠᠷᠠᠭᠰᠠᠨ ᠪᠤᠯᠪᠠᠴᠤ ᠤᠲᠠᠲᠠᠯ᠎ᠠ ᠦᠷᠭᠦᠯᠵᠢᠯᠡᠭᠰᠡᠭᠡᠷ ᠢᠷᠡᠭᠰᠡᠨ ᠤ᠋ ᠰᠢᠯᠲᠠᠭᠠᠨ ᠨᠢ ᠳᠤᠮᠳᠠᠳᠤ᠎ᠶᠢᠨ ᠪᠣᠯᠪᠠᠰᠤᠨ᠎ᠳᠤ ᠥᠪᠡᠷ᠎ᠢ᠎ᠪᠡᠨ ᠬᠥᠭᠵᠢᠭᠦᠯᠬᠦ᠌᠂ ᠥᠷᠢᠰᠥᠯᠳᠦᠭᠡᠨ᠎ᠳᠦ ᠬᠠᠷᠢᠭᠤᠯᠲᠠ ᠥᠭᠬᠦ᠌᠂ ᠰᠢᠨ᠎ᠡ ᠪᠠᠶ᠋ᠢᠳᠠᠯ᠎ᠢ ᠨᠡᠭᠡᠭᠡᠬᠦ ᠰᠣᠶᠣᠯ᠎ᠤᠨ ᠭᠣᠣᠯ ᠴᠣᠭᠴᠠᠲᠤ᠌ ᠴᠢᠨᠠᠷᠲᠠᠶ ᠪᠠᠶ᠋ᠢᠳᠠᠭ᠎ᠡᠴᠡ ᠪᠣᠯᠤᠭᠰᠠᠨ ᠶᠤᠮ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠬᠡᠨ ᠪᠠᠶ᠋ᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠵᠤ ᠪᠠᠶ᠋ᠢᠭ᠎ᠠ ᠥᠨᠥᠳᠦᠷ᠂ ᠰᠣᠶᠣᠯ᠎ᠤᠨ ᠭᠣᠣᠯ ᠴᠣᠭᠴᠠᠲᠤ᠌ ᠴᠢᠨᠠᠷ᠎ᠢ ᠪᠡᠬᠢᠵᠢᠭᠦᠯᠬᠦ᠌᠎ᠶᠢᠨ ᠠᠴᠢ ᠬᠣᠯᠪᠣᠭᠳᠠᠯ ᠨᠡᠩ ᠳᠤᠪᠤᠢ᠌ᠮ᠎ᠠ ᠪᠣᠯᠪᠠ᠃ 《ᠪᠢᠳᠡ ᠳᠤᠮᠳᠠᠳᠤ᠎ᠶᠢᠨ ᠪᠣᠯᠪᠠᠰᠤᠨ᠎ᠤ ᠲᠠᠪᠤᠨ ᠮᠢᠩᠭ᠎ᠠ ᠭᠠᠷᠤᠢ ᠵᠢᠯ ᠦᠷᠭᠦᠯᠵᠢᠯᠡᠭᠰᠡᠨ ᠬᠥᠭᠵᠢᠯᠲᠡ᠎ᠶᠢᠨ ᠨᠢᠭᠤᠴᠠ ᠨᠣᠮᠧᠷ᠎ᠢ ᠲᠣᠳᠣᠷᠬᠠᠢ ᠲᠠᠨᠢᠵᠤ᠂ ᠲᠤᠰ ᠤᠯᠤᠰ᠎ᠤᠨ᠎ᠢᠶᠠᠨ ᠤᠯᠤᠰ᠎ᠤᠨ ᠪᠠᠶ᠋ᠢᠳᠠᠯ᠎ᠳᠤ ᠲᠤᠬᠢᠷᠠᠭᠰᠠᠠ ᠣᠳᠣᠬᠢᠴᠢᠯᠠᠯᠲᠠ᠎ᠶᠢᠨ ᠵᠠᠮ᠎ᠢ ᠡᠵᠡᠨ ᠮᠡᠳᠡᠨ ᠰᠣᠩᠭᠣᠵᠤ᠂ ᠭᠠᠳᠠᠭᠠᠳᠤ᠎ᠶᠢᠨ ᠬᠡᠪ ᠵᠠᠭᠪᠤᠷ᠎ᠢ ᠲᠡᠷᠡ ᠬᠡᠪ᠎ᠢᠶᠡᠷ ᠨᠢ ᠨᠡᠭᠦᠯᠭᠡᠨ ᠬᠡᠷᠡᠭᠯᠡᠬᠦ᠌᠎ᠶᠢ ᠲᠡᠪᠴᠢᠵᠦ᠍᠂ ᠰᠣᠶᠣᠯ᠎ᠤᠨ ᠭᠣᠣᠯ ᠴᠣᠭᠴᠠᠲᠤ᠌ ᠴᠢᠨᠠᠷ᠎ᠢ ᠪᠡᠬᠢᠵᠢᠭᠦᠯᠬᠦ᠌᠎ᠳᠦ ᠦᠵᠡᠯ ᠰᠠᠨᠠᠭᠠᠨ᠎ᠤ ᠦᠨᠳᠦᠰᠦ ᠰᠠᠭᠤᠷᠢ᠎ᠶᠢ ᠪᠡᠬᠢᠵᠢᠭᠦᠯᠪᠡ》 ᠭᠡᠵᠦ ᠬᠤᠸᠠᠨᠠᠨ ᠪᠠᠭᠰᠢ᠎ᠶᠢᠨ ᠶᠡᠬᠡ ᠰᠤᠷᠭᠠᠭᠤᠯᠢ᠎ᠶᠢᠨ ᠨᠠᠮ᠎ᠤᠨ ᠬᠤᠷᠢᠶ᠎ᠠ ᠵᠢᠨ ᠱᠦᠵᠢ ᠸᠠᠩ ᠾᠧᠩ ᠶᠢᠨ ᠬᠡᠯᠡᠪᠡ᠃
ᠲᠣᠰ ᠤᠳᠠᠭ᠎ᠠ ᠵᠢᠨ ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠣᠯᠠᠨ ᠲᠤᠰᠬᠠᠶ ᠮᠡᠷᠭᠡᠵᠢᠯᠲᠡᠨ ᠡᠷᠳᠡᠮᠲᠡᠳ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠲᠤᠬᠠᠶ ᠦᠷᠭᠦᠯᠵᠢᠯᠡᠨ ᠭᠦᠨᠵᠡᠭᠡᠶ ᠠᠵᠢᠭᠯᠠᠯᠲᠠ ᠬᠢᠪᠠ᠃ ᠲᠡᠳᠡᠨ᠎ᠦ ᠦᠵᠡᠬᠦ᠌᠎ᠪᠡᠷ᠂ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭᠠᠨ᠎ᠤ ᠵᠢᠯᠤᠭᠤᠳᠤᠯᠭ᠎ᠠ ᠳᠣᠣᠷ᠎ᠠ᠂ ᠳᠤᠮᠳᠠᠳᠤ᠎ᠶᠢᠨ ᠪᠣᠯᠪᠠᠰᠤᠨ ᠨᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠭᠦᠨ ᠵᠤᠵᠠᠭᠠᠨ ᠠᠭᠤᠯᠤᠭᠳᠠᠬᠤᠨ᠎ᠢ ᠨᠡᠮᠡᠷᠢᠯᠡᠪᠡ᠃
ᠰᠣᠶᠣᠯ᠎ᠤᠨ ᠭᠤᠤᠯ ᠴᠣᠭᠴᠠᠲᠤ᠌ ᠴᠢᠨᠠᠷ᠎ᠢ ᠪᠡᠬᠢᠵᠢᠭᠦᠯᠬᠦ᠌ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠳᠡᠯᠡᠬᠡᠶ ᠳ᠋ᠠᠬᠢᠨ᠎ᠢ ᠢᠳᠡᠭᠡᠯ ᠲᠡᠬᠦᠯᠳᠡᠷ ᠬᠦᠷᠢᠶᠡᠯᠡᠬᠦ᠌ ᠵᠢᠨ ᠢᠳᠠ ᠬᠦᠴᠤᠨ ᠮᠥᠨ᠃
ᠳᠤᠮᠳᠠᠳᠤ ᠤᠯᠤᠰ ᠣᠳᠣᠬᠢᠴᠢᠯᠠᠯᠲᠠ ᠲᠡᠢᠰᠢ ᠤᠷᠤᠭᠰᠢᠯᠠᠬᠤ ᠶᠠᠪᠤᠴᠠ᠎ᠳᠠᠭᠠᠨ ᠪᠠᠰᠠ ᠪᠤᠰᠤᠳ ᠤᠯᠤᠰ᠎ᠡᠴᠡ ᠰᠤᠷᠦᠯᠴᠡᠵᠦ᠍᠂ ᠬᠥᠮᠦᠨ ᠲᠥᠷᠥᠯᠬᠢᠲᠡᠨ᠎ᠦ ᠪᠣᠯᠪᠠᠰᠤᠨ᠎ᠤ ᠠᠯᠢᠪᠠ ᠰᠢᠯᠢᠳᠡᠭ ᠦᠷ᠎ᠡ ᠪᠦᠲᠦᠭᠡᠯ᠎ᠢ ᠢᠳᠡᠪᠬᠢᠲᠡᠢ᠎ᠪᠡᠷ ᠯᠠᠪᠯᠠᠯᠲᠠ ᠪᠣᠯᠭᠠᠨ ᠰᠢᠩᠭᠡᠭᠡᠨ ᠠᠪᠤᠭᠰᠠᠨ ᠪᠠᠶ᠋ᠢᠨ᠎ᠠ᠂ ᠭᠡᠪᠡᠴᠦ᠍ ᠲᠡᠷᠡ ᠬᠡᠪ᠎ᠢᠶᠡᠷ ᠨᠢ ᠨᠡᠭᠦᠯᠭᠡᠨ ᠬᠡᠷᠡᠭᠯᠡᠬᠦ᠌ ᠦᠭᠡᠢ᠂ ᠲᠡᠦᠬᠡ᠎ᠶᠢ ᠲᠠᠰᠤᠯᠳᠠᠭᠤᠯᠬᠤ ᠦᠭᠡᠢ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ᠌ ᠰᠣᠶᠣᠯ᠎ᠡᠴᠡ ᠰᠢᠮ᠎ᠡ ᠲᠡᠵᠢᠭᠡᠯ ᠬᠦᠷᠳᠡᠠ᠂ ᠰᠣᠶᠣᠯ᠎ᠤᠨ ᠭᠤᠤᠯ ᠴᠣᠭᠴᠠᠲᠤ᠌ ᠴᠢᠨᠠᠷ᠎ᠢᠶᠠᠨ ᠬᠠᠳᠠᠭᠠᠯᠠᠵᠤ᠂ ᠲᠤᠰ ᠤᠯᠤᠰ᠎ᠤᠨ᠎ᠢᠶᠠᠨ ᠪᠠᠶ᠋ᠢᠳᠠᠯ᠎ᠳᠤ ᠨᠡᠶ᠋ᠢᠴᠡᠭᠰᠡᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠵᠡᠮ᠎ᠢ ᠬᠠᠶ᠋ᠢᠨ ᠰᠦᠪᠡᠭᠴᠢᠯᠡᠵᠦ᠍ ᠭᠠᠷᠭᠠᠪᠠ᠃ ᠳᠡᠯᠡᠬᠡᠢ᠎ᠶᠢᠨ ᠪᠣᠯᠪᠠᠰᠤᠨ᠎ᠤ ᠰᠣᠯᠢᠯᠴᠠᠭ᠎ᠠ ᠲᠣᠯᠢᠳᠠᠯ ᠳᠤᠮᠳᠠ᠂ ᠳᠤᠮᠳᠠᠳᠤ᠎ᠶᠢᠨ ᠪᠣᠯᠪᠠᠰᠤᠨ ᠯᠤᠲᠤ᠌ ᠶᠡᠬᠡ ᠲᠠᠲᠠᠬᠤ ᠬᠦᠴᠦᠨ ᠪᠠ ᠦᠷᠭᠦᠯᠵᠢᠯᠡᠬᠦ᠌ ᠨᠥᠯᠥᠭᠡ᠎ᠪᠡᠨ ᠤᠯᠠᠮ ᠨᠢᠭᠡ ᠠᠯᠬᠤᠮ ᠢᠯᠡᠷᠡᠭᠦᠯᠪᠡ᠃
《ᠲᠥᠪ ᠶᠣᠰᠣ᠎ᠶᠢ ᠪᠠᠷᠢᠮᠲᠠᠯᠠᠬᠤ ᠳᠤᠮᠳᠠ ᠰᠢᠨ᠎ᠡ᠎ᠶᠢ ᠡᠭᠦᠳᠴᠦ᠍᠂ ᠬᠠᠷᠢᠯᠴᠠᠨ ᠲᠤᠯᠢ ᠪᠤᠯᠭᠠᠬᠤ ᠳᠤᠮᠳᠠ ᠪᠡᠶ᠎ᠡ᠎ᠪᠡᠨ ᠳᠠᠭᠠᠭᠠᠵᠤ᠂ ᠥᠪᠡᠷ᠎ᠦᠨ ᠪᠣᠯᠪᠠᠰᠤᠨ᠎ᠢᠶᠠᠨ ᠲᠣᠳᠣᠷᠬᠠᠢ ᠶᠠᠷᠢᠬᠤᠪᠦᠭᠡᠳ ᠪᠠᠰᠠ ᠪᠤᠰᠤᠳ ᠪᠣᠯᠪᠠᠰᠤᠨ᠎ᠢ ᠴᠤ᠌ ᠬᠦᠨᠳᠦᠳᠬᠡᠬᠦ᠌ ᠬᠡᠷᠡᠭᠲᠡᠢ》᠃ ᠳᠤᠮᠳᠠᠳᠤ ᠤᠯᠤᠰ᠎ᠤᠨ ᠵᠠᠭᠤᠴᠢᠯᠠᠭᠤᠷ᠎ᠤᠨ ᠶᠡᠬᠡ ᠰᠤᠷᠭᠠᠭᠤᠯᠢ᠎ᠶᠢᠨ ᠰᠣᠶᠣᠯ᠎ᠤᠨ ᠬᠥᠭᠵᠢᠯᠲᠡ ᠪᠠ ᠳᠠᠮᠵᠢᠭᠤᠯᠭ᠎ᠠ᠎ᠶᠢᠨ ᠰᠤᠳᠤᠯᠭᠠᠨ᠎ᠤ ᠲᠡᠭᠡᠳᠤ ᠰᠤᠷᠭᠠᠭᠤᠯᠢ ᠵᠢᠨ ᠵᠠᠬᠢᠷᠤᠯ ᠰᠢᠶᠦᠩ ᠴᠧᠩ ᠢᠦᠢ᠂ 《ᠳᠤᠮᠳᠠᠳᠤ᠎ᠶᠢᠨ ᠪᠣᠯᠪᠠᠰᠤᠨ ᠪᠡᠶ᠎ᠡ᠎ᠪᠡᠨ ᠳᠠᠭᠠᠭᠠᠵᠤ ᠡᠵᠡᠨ ᠮᠡᠳᠡᠬᠦ᠌ ᠢᠳᠡ ᠬᠦᠴᠦᠨ᠎ᠲᠡᠶ ᠪᠥᠭᠡᠳ ᠪᠠᠰᠠ ᠳᠡᠯᠡᠬᠡᠢ ᠳ᠋ᠠᠬᠢᠨ᠎ᠢ ᠪᠠᠭᠲᠠᠭᠠᠬᠤ ᠭᠡᠬᠦᠳᠡᠭ ᠴᠡᠭᠡᠵᠢ ᠲᠠᠢ ᠶᠤᠮ》 ᠭᠡᠵᠤ ᠬᠡᠯᠡᠪᠡ᠃
ᠵᠶ᠋ᠢ ᠨᠠᠨ ᠶᠡᠬᠡ ᠰᠤᠷᠭᠠᠭᠤᠯᠢ᠎ᠶᠢᠨ ᠨᠠᠮ᠎ᠤᠨ ᠬᠣᠷᠢᠶᠠᠨ᠎ᠤ ᠱᠦᠵᠢ ᠰᠦᠨ ᠢᠦᠢ᠄《ᠪᠦᠬᠦ᠌ ᠪᠥᠮᠪᠥᠷᠴᠡᠭ᠎ᠦᠨ ᠪᠣᠯᠪᠠᠰᠤᠨ᠎ᠤ ᠰᠠᠨᠠᠭᠠᠴᠢᠯᠠᠭ᠎ᠠ ᠨᠢ ᠳᠤᠮᠳᠠᠳᠤ᠎ᠶᠢᠨ ᠪᠣᠯᠪᠠᠰᠤᠨ᠎ᠤ 〈ᠡᠶ᠎ᠡ ᠨᠠᠶ᠋ᠢᠷᠲᠠᠢ ᠠᠳᠠᠯ᠎ᠠ ᠠᠳᠠᠯᠢ ᠪᠤᠰᠤ〉 ᠪᠠᠶ᠋ᠢᠬᠤ ᠭᠦᠨ ᠵᠤᠵᠠᠭᠠᠨ ᠠᠭᠤᠯᠤᠭᠳᠠᠬᠤᠨ᠎ᠳᠤ ᠰᠠᠭᠤᠷᠢᠯᠠᠵᠤ᠂ ᠵᠠᠭᠤᠨ ᠵᠢᠯ᠎ᠳ᠋ᠤ ᠲᠤᠬᠢᠶᠠᠯᠳᠤᠭ᠎ᠠ ᠦᠭᠡᠢ ᠬᠤᠪᠢᠰᠤᠯᠲᠠ᠎ᠶᠢᠨ ᠪᠠᠶ᠋ᠢᠳᠠᠯ ᠳᠣᠣᠷ᠎ᠠ ᠬᠥᠮᠦᠨ ᠲᠥᠷᠥᠯᠬᠢᠲᠡᠨ᠎ᠦ ᠪᠣᠯᠪᠠᠰᠤᠨ ᠬᠠᠮᠢᠭᠠᠰᠢ ᠬᠥᠭᠵᠢᠬᠦ᠌ ᠲᠤᠬᠠᠢ ᠦᠨᠳᠦᠰᠦᠨ ᠠᠰᠠᠭᠤᠯᠲᠠ᠎ᠳᠤ ᠬᠠᠷᠢᠭᠤᠯᠲᠠ ᠥᠭᠴᠦ᠍᠂ ᠳᠤᠮᠳᠠᠳᠤ ᠤᠯᠤᠰ᠎ᠤᠨ ᠬᠡᠬᠦᠳᠡᠭ ᠴᠡᠭᠡᠵᠢᠨ᠎ᠳᠦ ᠳᠡᠯᠡᠬᠡᠢ ᠳ᠋ᠠᠬᠢᠨ᠎ᠢ ᠪᠠᠭᠲᠠᠭᠠᠬᠤ ᠪᠣᠯᠪᠠᠰᠤᠨ᠎ᠤ ᠡᠭᠦᠷᠭᠡᠯᠡᠯ᠎ᠢ ᠢᠯᠡᠷᠡᠭᠦᠯᠦᠭᠰᠡᠨ ᠪᠥᠭᠡᠳ ᠪᠠᠰᠠ ᠪᠦᠬᠦ᠌ ᠪᠥᠮᠪᠥᠷᠴᠡᠭ᠎ᠦᠨ ᠬᠦᠭᠵᠢᠵᠤ ᠪᠠᠢᠭ᠎ᠠ ᠤᠯᠤᠰ ᠤ᠋ᠳ ᠤ᠋ᠨ ᠰᠣᠶᠣᠯ᠎ᠤᠨ ᠨᠡᠷ᠎ᠡ ᠬᠦᠨᠳᠦ᠎ᠶᠢ ᠬᠠᠮᠠᠭᠠᠯᠠᠬᠤ᠂ ᠣᠳᠣᠬᠢᠴᠢᠯᠠᠯᠲᠠ᠎ᠶᠢᠨ ᠵᠠᠮ᠎ᠢ ᠥᠷᠭᠡᠳᠬᠡᠬᠦ᠌᠂ ᠪᠦᠬᠦ᠌ ᠪᠥᠮᠪᠥᠷᠴᠡᠭ᠎ᠦᠨ ᠵᠠᠰᠠᠯᠲᠠ᠎ᠳᠤ ᠣᠷᠣᠯᠴᠠᠬᠤ᠎ᠳᠤ ᠴᠢᠬᠤᠯᠠ ᠦᠵᠡᠯ ᠰᠠᠨᠠᠭᠠᠨ᠎ᠤ ᠡᠬᠢ ᠪᠠᠶᠠᠯᠢᠭ᠎ᠢ ᠬᠠᠩᠭᠠᠵᠠᠢ》 ᠭᠡᠵᠦ᠍ ᠭᠡᠯᠡᠪᠡ᠃
ᠪᠦᠬᠦ᠌ ᠪᠥᠮᠪᠥᠷᠴᠡᠭ᠎ᠦᠨ ᠬᠦᠭᠵᠢᠵᠤ ᠪᠠᠢᠭ᠎ᠠ ᠤᠯᠤᠰ ᠤ᠋ᠳ ᠤ᠋ᠨ ᠬᠥᠭᠵᠢᠯᠲᠡ᠎ᠳᠦ ᠰᠣᠶᠣᠯ᠎ᠤᠨ ᠬᠥᠳᠡᠯᠭᠡᠬᠦ᠌ ᠬᠦᠴᠦᠨ ᠨᠡᠮᠡᠷᠢᠯᠡᠪᠡ
ᠳᠤᠮᠳᠠᠳᠤ ᠤᠯᠤᠰ ᠳᠡᠯᠡᠬᠡᠶ᠎ᠶᠢᠨ ᠳᠣᠷᠣᠨᠠᠳᠠᠬᠢᠨ᠎ᠳᠤ ᠰᠡᠬᠦᠶ᠋ᠢᠨ ᠰᠦᠨᠳᠡᠷᠯᠡᠵᠦ᠍᠂ ᠡᠷᠲᠡᠨ᠎ᠦ ᠪᠣᠯᠪᠠᠰᠤᠨ᠎ᠤ ᠰᠡᠷᠭᠦᠨ ᠮᠠᠨᠳᠤᠯᠲᠠ᠎ᠶᠢᠨ ᠲᠤᠤᠯᠢᠰ᠎ᠢ ᠪᠢᠴᠢᠭᠯᠡᠵᠦ᠍ ᠪᠠᠶ᠋ᠢᠬᠤᠪᠦᠭᠡᠳ ᠨᠠᠩ ᠴᠤ᠌ 《ᠣᠳᠣᠬᠢᠴᠢᠯᠠᠯᠲᠠ ᠪᠣᠯ ᠥᠷᠥᠨᠡᠳᠠᠬᠢᠨᠴᠢᠯᠡᠭᠰᠠᠨ ᠶᠠᠪᠤᠳᠠᠯ ᠮᠥᠨ》 ᠭᠡᠬᠦ᠌ ᠲᠥᠭᠡᠷᠢᠭᠳᠡᠯ᠎ᠢ ᠡᠪᠳᠡᠨ᠂ ᠬᠥᠮᠦᠨ ᠲᠥᠷᠥᠯᠬᠢᠲᠡᠨ᠎ᠦ ᠪᠣᠯᠪᠠᠰᠤᠨ᠎ᠤ ᠥᠨᠢᠷ ᠴᠡᠴᠡᠭ᠎ᠦᠨ ᠬᠦᠷᠢᠶᠡᠯᠡᠩ᠎ᠳᠦ ᠰᠢᠨ᠎ᠡ ᠥᠩᠭᠡ ᠪᠤᠳᠤᠭ ᠨᠡᠮᠡᠷᠢᠯᠡᠵᠦ᠍᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠳᠤ ᠰᠣᠶᠣᠯ᠎ᠤᠨ ᠰᠠᠭᠤᠷᠢ᠎ᠶᠢ ᠪᠠᠲᠤ᠌ ᠴᠣᠭᠴᠠᠯᠠᠵᠤ ᠪᠠᠶ᠋ᠢᠨ᠎ᠠ᠃
《ᠤᠷᠳᠤ ᠤᠳᠠᠭᠠᠨ ᠲᠡᠦᠬᠡᠨ ᠬᠤᠭᠤᠴᠠᠭᠠᠨ᠎ᠳᠤ᠂ ᠥᠷᠥᠨᠡᠳᠠᠬᠢᠨ᠎ᠤ ᠣᠳᠣᠬᠢᠴᠢᠯᠠᠯᠲᠠ ᠨᠢ ᠴᠤᠷ᠎ᠤᠨ ᠭᠠᠭᠴᠠ ᠬᠡᠷᠡᠭᠵᠢᠭᠦᠯᠵᠦ᠍ ᠪᠣᠯᠬᠤᠶ᠋ᠢᠴᠠ ᠠᠷᠭ᠎ᠠ ᠵᠠᠮ ᠮᠦᠨ ᠭᠡᠮᠡᠭᠳᠡᠵᠦ ᠪᠠᠢᠵᠠᠢ᠃ ᠬᠥᠭᠵᠢᠯᠲᠡ ᠨᠢ ᠠᠵᠤ ᠦᠢᠯᠡᠳᠪᠦᠷᠢᠵᠢᠯᠲᠡ᠂ ᠮᠡᠷᠭᠡᠵᠢᠯ᠎ᠦᠨ ᠲᠡᠪᠰᠢᠯᠳᠠ ᠪᠣᠯᠤᠨ ᠪᠠᠶ᠋ᠢᠭᠤᠯᠤᠯ᠎ᠤᠨ ᠬᠡᠯᠪᠡᠷᠢ᠎ᠶᠢᠨ ᠬᠤᠪᠢᠷᠠᠭᠤᠯᠤᠯᠲᠠ᠎ᠶᠢ ᠬᠠᠷᠠᠭᠤᠯᠵᠤ ᠪᠠᠶ᠋ᠢᠬᠤᠪᠦᠭᠡᠳ ᠪᠠᠰᠠ ᠥᠷᠥᠨᠡᠳᠠᠬᠢᠨ᠎ᠤ ᠰᠣᠶᠣᠯ᠂ ᠠᠵᠤ ᠠᠬᠤᠢ ᠪᠣᠯᠤᠨ ᠤᠯᠤᠰ ᠲᠦᠷᠦ᠎ᠶᠢᠨ ᠬᠡᠪ ᠵᠠᠭᠪᠤᠷ᠎ᠢ ᠲᠡᠷᠡ ᠬᠡᠪ᠎ᠢᠶᠡᠷ ᠨᠢ ᠨᠡᠭᠦᠯᠭᠡᠨ ᠬᠡᠷᠡᠭᠯᠡᠭᠰᠡᠨ᠎ᠲᠡᠶ ᠠᠳᠠᠯᠢ ᠪᠡᠷ ᠦᠵᠡᠵᠦ ᠪᠠᠢᠪᠠ᠃ ᠳᠤᠮᠳᠠᠳᠤ ᠤᠯᠤᠰ᠎ᠤᠨ ᠦᠢᠯᠡᠳᠦᠯᠭᠡ ᠡᠨᠡ ᠬᠦ᠌ ᠲᠥᠷᠥᠯᠬᠢ ᠲᠠᠨᠢᠯᠲᠠ᠎ᠳᠤ ᠥᠷᠢᠰᠥᠯᠳᠦᠭᠡᠨ ᠳᠤᠷᠠᠳᠪᠠ》᠃ ᠠᠷᠭᠧᠨ᠋ᠲ᠋ᠢᠨ᠎ᠤ ᠳᠤᠮᠳᠠᠳᠤ ᠤᠯᠤᠰ ᠲᠦ᠍ ᠰᠠᠭᠤᠭ᠎ᠠ ᠤᠤᠯ᠎ᠤᠨ ᠡᠯᠴᠢᠨ ᠰᠠᠢᠳ ᠨᠢᠤ ᠸᠠᠩ ᠳ᠋ᠤᠤ᠂ ᠣᠯᠠᠨ ᠵᠢᠯ᠎ᠦᠨ ᠬᠠᠶ᠋ᠢᠨ ᠰᠥᠪᠡᠭᠴᠢᠯᠡᠯᠲᠡ ᠪᠠ ᠶᠠᠷᠢᠯᠴᠠᠭ᠎ᠠ᠎ᠪᠠᠷ ᠳᠡᠮᠵᠢᠨ᠂ ᠯᠠᠲ᠋ᠢᠨ ᠠᠮᠧᠷᠢᠺᠠ ᠲᠢᠪ ᠴᠦ᠍ ᠬᠥᠭᠵᠢᠯᠲᠡ᠎ᠶᠢᠨ ᠨᠢᠭᠡᠨ ᠨᠡᠶ᠋ᠢᠳᠡᠮ ᠳᠣᠭᠢᠷᠠᠬᠤ ᠵᠠᠮ ᠭᠡᠵᠦ᠍ ᠪᠠᠶ᠋ᠢᠬᠤ ᠥᠬᠡᠶ᠂ ᠤᠯᠤᠰ ᠨᠢᠭᠡᠪᠦᠷᠢ ᠴᠥᠮ ᠡᠷᠬᠡᠪᠰᠢ ᠥᠪᠡᠷ᠎ᠦᠨ ᠬᠥᠭᠵᠢᠯᠲᠡ᠎ᠶᠢᠨ ᠵᠠᠮ᠎ᠢᠶᠠᠨ ᠬᠠᠶ᠋ᠢᠨ ᠰᠦᠪᠡᠭᠴᠢᠯᠡᠬᠦ᠌ ᠬᠡᠷᠡᠭᠲᠡᠶ ᠭᠡᠳᠡᠭ᠎ᠢ ᠲᠠᠨᠢᠵᠤ ᠣᠯᠵᠠᠢ ᠭᠡᠪᠡ᠃
ᠣᠳᠣᠬᠢᠴᠢᠯᠠᠯᠲᠠ᠎ᠶᠢ ᠪᠡᠶᠡᠯᠡᠭᠦᠯᠬᠦ᠌ ᠪᠣᠯ ᠳᠡᠯᠡᠬᠡᠢ᠎ᠶᠢᠨ ᠡᠯ᠎ᠡ ᠤᠯᠤᠰ᠎ᠤᠨ ᠠᠷᠠᠳ ᠲᠦᠮᠡᠨ᠎ᠦ ᠡᠷᠬᠡ ᠪᠠ ᠵᠠᠶ᠋ᠢᠯᠠᠰᠢ ᠦᠭᠡᠢ ᠰᠣᠩᠭᠣᠯᠲᠠ ᠮᠥᠨ᠂ ᠵᠠᠩᠭᠢᠯᠠᠭ᠎ᠠ ᠨᠢ ᠤᠯᠤᠰ᠎ᠤᠨ ᠪᠠᠶ᠋ᠢᠳᠠᠯ᠎ᠳᠤ ᠨᠡᠶ᠋ᠢᠴᠡᠭᠰᠡᠨ᠂ ᠬᠥᠮᠦᠨ ᠲᠥᠷᠥᠯᠬᠢᠲᠡᠨ᠎ᠦ ᠨᠡᠶ᠋ᠢᠭᠡᠮ᠎ᠦᠨ ᠬᠥᠭᠵᠢᠯᠲᠡ᠎ᠶᠢᠨ ᠵᠢᠮ᠎ᠡ ᠶᠣᠰᠣᠨ᠎ᠳᠤ ᠨᠡᠶ᠋ᠢᠴᠡᠭᠰᠡᠨ ᠬᠥᠭᠵᠢᠯᠲᠡ᠎ᠶᠢᠨ ᠵᠠᠮ᠎ᠢ ᠡᠷᠢᠵᠦ᠍ ᠤᠯᠬᠤ᠎ᠳᠤ ᠪᠠᠶ᠋ᠢᠨ᠎ᠠ᠃ ᠪᠣᠯᠪᠠᠰᠤᠨ ᠨᠢᠭᠡᠪᠦᠷᠢ ᠨᠢ ᠴᠥᠮ ᠥᠪᠡᠷ᠎ᠦᠨ ᠣᠷᠣᠰᠢᠨ ᠲᠣᠭᠲᠠᠨᠢᠬᠤ ᠬᠥᠷᠥᠰᠥ᠍ ᠰᠢᠷᠣᠢ᠎ᠳᠠᠭᠠᠨ ᠦᠨᠳᠦᠰᠦᠯᠡᠵᠦ᠍᠂ ᠨᠢᠭᠡ ᠤᠯᠤᠰ᠂ ᠨᠢᠭᠡ ᠦᠨᠳᠦᠰᠦᠲᠡᠨ᠎ᠦ ᠶᠡᠷᠦ᠍ ᠪᠤᠰᠤ᠎ᠶᠢᠨ ᠤᠶᠤᠨ ᠤᠬᠠᠭᠠᠨ ᠪᠠ ᠤᠶᠤᠨ ᠰᠠᠨᠠᠭᠠᠨ᠎ᠤ ᠬᠥᠭᠡᠭᠡᠴᠡᠯᠳᠦᠯ᠎ᠲᠡᠶ ᠪᠠᠶ᠋ᠢᠳᠠᠭ᠃
ᠨᠢᠭᠡ ᠤᠯᠤᠰ ᠣᠳᠣᠬᠢᠴᠢᠯᠠᠯᠲᠠ ᠲᠡᠶ᠋ᠢᠰᠢ ᠤᠷᠤᠭᠰᠢᠯᠠᠬᠤ᠎ᠳᠠᠭᠠᠨ ᠣᠳᠣᠬᠢᠴᠢᠯᠠᠯᠲᠠ᠎ᠶᠢᠨ ᠡᠩ᠎ᠦᠨ ᠵᠢᠮ᠎ᠡ ᠶᠣᠰᠣ᠎ᠶᠢ ᠵᠢᠷᠤᠮᠯᠠᠬᠤ ᠬᠡᠷᠡᠭᠲᠡᠢ ᠮᠥᠷᠲᠡᠭᠡᠨ ᠨᠡᠩ ᠴᠤ᠌ ᠲᠤᠰ ᠤᠯᠤᠰ᠎ᠤᠨ᠎ᠢᠶᠠᠨ ᠤᠯᠤᠰ᠎ᠤᠨ ᠪᠠᠶ᠋ᠢᠳᠠᠯ᠎ᠳᠤ ᠰᠠᠭᠤᠷᠢᠯᠠᠵᠤ᠂ ᠲᠤᠰ ᠤᠯᠤᠰ᠎ᠤᠨ᠎ᠢᠶᠠᠨ ᠣᠨᠴᠠᠯᠢᠭ᠎ᠲᠠᠶ ᠪᠠᠶ᠋ᠢᠬᠤ ᠬᠡᠷᠡᠭᠲᠡᠢ ᠭᠡᠳᠡᠭ᠎ᠢ ᠳᠤᠮᠳᠠᠳᠤ ᠤᠯᠤᠰ᠎ᠤᠨ ᠦᠢᠯᠡᠳᠦᠯᠭᠡ ᠭᠡᠷᠡᠴᠢᠯᠡᠪᠠ᠃ ᠰᠣᠶᠣᠯ᠎ᠤᠨ ᠭᠤᠤᠯ ᠴᠣᠭᠴᠠᠲᠤ᠌ ᠴᠢᠨᠠᠷ᠎ᠢ ᠪᠡᠬᠢᠵᠢᠭᠦᠯᠬᠦ᠌ ᠨᠢ ᠳᠡᠯᠡᠬᠡᠢ᠎ᠶᠢᠨ ᠡᠯ᠎ᠡ ᠤᠯᠤᠰ᠎ᠤᠨ ᠲᠤᠰ ᠪᠡᠶ᠎ᠡ᠎ᠶᠢᠨ ᠰᠣᠶᠣᠯ᠎ᠤᠨ ᠣᠨᠴᠠᠯᠢᠭ ᠪᠠ ᠪᠡᠶ᠎ᠡ ᠬᠡᠮ᠎ᠢᠶᠡᠨ ᠬᠠᠳᠠᠭᠠᠯᠠᠵᠤ᠂ ᠲᠤᠰ ᠪᠡᠶ᠎ᠡ᠎ᠳᠡᠭᠡᠨ ᠲᠤᠬᠢᠷᠠᠭᠰᠠᠨ ᠪᠣᠯᠪᠠᠰᠤᠨ ᠬᠥᠭᠵᠢᠯᠲᠡ᠎ᠶᠢᠨ ᠵᠠᠮ᠎ᠢ ᠡᠷᠢᠯᠬᠢᠯᠡᠬᠦ᠌᠎ᠳᠦ ᠠᠰᠢᠭᠲᠠᠢ ᠶᠤᠮ᠃
ᠬᠤᠷᠠᠯ᠎ᠳᠤ ᠣᠷᠣᠯᠴᠠᠭᠰᠡᠳ ᠤ᠋ᠨ ᠦᠵᠡᠬᠦ᠌᠎ᠪᠡᠷ᠂ ᠡᠨᠡ ᠨᠢ ᠶᠠᠭ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠨᠢ ᠪᠦᠬᠦ᠌ ᠪᠥᠮᠪᠥᠷᠴᠡᠭ᠎ᠦᠨ ᠬᠦᠭᠵᠢᠵᠤ ᠪᠠᠢᠭ᠎ᠠ ᠤᠯᠤᠰ ᠤ᠋ᠳ ᠲᠤ᠌ ᠴᠢᠬᠤᠯᠠ ᠠᠴᠢ ᠬᠣᠯᠪᠣᠭᠳᠠᠯ᠎ᠲᠠᠶ ᠪᠠᠢᠬᠤ ᠵᠢᠨ ᠰᠢᠯᠲᠠᠭᠠᠨ ᠪᠣᠯᠤᠨ᠎ᠠ᠃ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ᠌ ᠰᠣᠶᠣᠯ᠎ᠤᠨ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ᠂ ᠰᠢᠨ᠎ᠡ᠎ᠶᠢ ᠡᠭᠦᠳᠬᠦ᠌ ᠴᠢᠨᠠᠷᠲᠠᠢ ᠬᠥᠭᠵᠢᠯᠲᠡ ᠨᠢ ᠳᠤᠮᠳᠠᠳᠤ᠎ᠶᠢᠨ ᠪᠣᠯᠪᠠᠰᠤᠨ᠎ᠤ ᠲᠥᠪ ᠶᠣᠰᠣ᠎ᠶᠢ ᠪᠡᠷᠢᠮᠳᠠᠯᠠᠵᠤ ᠰᠢᠨ᠎ᠡ᠎ᠶᠢ ᠡᠭᠦᠳᠬᠦ᠌᠎ᠳᠦ ᠤᠷᠤᠭᠰᠢᠯᠠᠯᠲᠠ᠎ᠶᠢᠨ ᠵᠠᠮ᠎ᠢ ᠨᠡᠭᠡᠭᠡᠵᠦ᠍ ᠥᠭᠭᠦᠭᠰᠡᠨᠪᠦᠭᠡᠳ ᠪᠠᠰᠠ ᠳᠡᠯᠡᠬᠡᠢ᠎ᠶᠢᠨ ᠡᠯ᠎ᠡ ᠤᠯᠤᠰ ᠢᠯᠠᠩᠭᠤᠶ᠎ᠠ ᠪᠦᠬᠦ᠌ ᠪᠥᠮᠪᠥᠷᠴᠡᠭ᠎ᠦᠨ ᠬᠦᠭᠵᠢᠵᠤ ᠪᠠᠢᠭ᠎ᠠ ᠤᠯᠤᠰ᠎ᠤᠳ᠎ᠤᠨ ᠰᠣᠶᠣᠯ᠎ᠤᠨ ᠬᠥᠭᠵᠢᠯᠲᠡ᠎ᠶᠢᠨ ᠵᠢᠮ᠎ᠡ ᠶᠣᠰᠣ᠎ᠶᠢ ᠡᠵᠡᠮᠳᠡᠬᠦ᠌᠂ ᠲᠤᠰ ᠭᠠᠵᠠᠷ ᠣᠷᠣᠨ᠎ᠤ ᠪᠣᠯᠪᠠᠰᠤᠨ᠎ᠤ ᠤᠳᠤ ᠦᠶ᠎ᠡ᠎ᠶᠢᠨ ᠰᠢᠨᠡᠴᠢᠯᠡᠯᠲᠡ᠎ᠶᠢ ᠪᠡᠶᠡᠯᠡᠭᠦᠯᠬᠦ᠌᠎ᠳᠦ ᠴᠢᠬᠤᠯᠠ ᠲᠣᠯᠢᠳᠠᠯ ᠬᠠᠩᠭᠠᠭᠰᠠᠨ ᠪᠠᠶ᠋ᠢᠨ᠎ᠠ᠃ ᠰᠣᠶᠣᠯ᠎ᠤᠨ ᠡᠵᠡᠷᠬᠡᠬᠦ᠌ ᠡᠷᠬᠡ᠎ᠶᠢᠨ ᠦᠭᠡ ᠶᠠᠷᠢᠶᠠᠨ᠎ᠤ ᠭᠠᠭᠴᠠᠭᠠᠷ ᠡᠵᠡᠮᠰᠢᠯᠳᠦ ᠬᠠᠨᠳᠤᠵᠤ᠂ ᠳᠤᠮᠳᠠᠳᠤ ᠤᠯᠤᠰ ᠭᠦᠨ ᠤᠬᠠᠭᠠᠨ ᠨᠡᠶ᠋ᠢᠭᠡᠮ᠎ᠦᠨ ᠰᠢᠨᠵᠢᠯᠡᠬᠦ᠌ ᠤᠬᠠᠭᠠᠨ᠎ᠤ ᠪᠡᠶ᠎ᠡ᠎ᠪᠡᠨ ᠳᠠᠭᠠᠭᠠᠭᠰᠠᠨ ᠮᠡᠳᠡᠯᠭᠡ᠎ᠶᠢᠨ ᠰᠢᠰᠲ᠋ᠧᠮ᠎ᠢ ᠲᠦᠷᠭᠡᠨ ᠪᠠᠶ᠋ᠢᠭᠤᠯᠵᠤ᠂ ᠳᠤᠮᠳᠠᠳᠤ ᠤᠯᠤᠰ᠎ᠤᠨ ᠵᠠᠰᠠᠯᠲᠠ᠎ᠳᠤ ᠴᠢᠬᠤᠯᠠ ᠤᠨᠤᠯ᠎ᠤᠨ ᠲᠤᠯᠭᠠᠭᠤᠷᠢᠯᠠᠯ ᠬᠠᠩᠭᠠᠭᠰᠠᠨ ᠪᠥᠭᠡᠳ ᠪᠦᠬᠦ᠌ ᠪᠥᠮᠪᠥᠷᠴᠡᠭ᠎ᠦᠨ ᠵᠠᠰᠠᠯᠲᠠ᠎ᠳᠤ ᠥᠷᠥᠨᠡᠳᠠᠬᠢᠨ᠎ᠤ ᠭᠣᠣᠯ ᠪᠣᠯᠬᠤ ᠦᠵᠡᠯ᠎ᠡᠴᠡ ᠳᠠᠪᠠᠭᠰᠠᠨ ᠬᠠᠷᠠᠭᠠᠰᠤ ᠪᠣᠯᠤᠨ ᠤᠶᠤᠨ ᠤᠬᠠᠭᠠᠨ᠎ᠢ ᠬᠠᠩᠭᠠᠪᠠ᠃
ᠺᠦᠪᠠ᠎ᠶᠢᠨ ᠣᠯᠠᠨ ᠤᠯᠤᠰ᠎ᠤᠨ ᠲᠥᠷᠥ᠎ᠶᠢᠨ ᠪᠣᠳᠣᠯᠭ᠎ᠠ᠎ᠶᠢᠨ ᠰᠤᠳᠤᠯᠭᠠᠨ᠎ᠤ ᠲᠥᠪ᠎ᠦᠨ ᠳᠤᠮᠳᠠᠳᠤ ᠤᠯᠤᠰ᠎ᠤᠨ ᠠᠰᠠᠭᠤᠳᠠᠯ᠎ᠤᠨ ᠲᠤᠰᠬᠠᠶ ᠮᠡᠷᠭᠡᠵᠢᠯᠲᠡᠨ ᠠᠢᠳ᠋ᠸᠬᠤᠸᠠᠳᠤ᠋·ᠯᠸᠢ᠌ᠵᠢᠶᠠᠯᠠᠳᠤ᠋᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠨᠢ ᠺᠦᠪᠠ᠎ᠶᠢᠨ ᠬᠡᠯᠪᠡᠷᠢ᠎ᠶᠢᠨ ᠬᠤᠪᠢᠷᠠᠭᠤᠯᠤᠯᠲᠠ᠎ᠳᠤ ᠭᠦᠨᠵᠡᠭᠡᠶ ᠰᠡᠩᠬᠡᠷᠡᠭᠦᠯᠦᠯ ᠪᠣᠯᠬᠤ ᠶᠤᠮ᠃ ᠨᠢᠭᠡ ᠤᠯᠤᠰ ᠥᠪᠡᠷ᠎ᠦᠨ ᠪᠣᠯᠪᠠᠰᠤᠨ ᠪᠡᠶ᠎ᠡ ᠬᠡᠮ᠎ᠢᠶᠡᠨ ᠪᠠᠲᠤ᠌ ᠰᠠᠬᠢᠬᠤ ᠤᠷᠢᠲᠠᠯ ᠳᠣᠣᠷ᠎ᠠ ᠣᠳᠣᠬᠢᠴᠢᠯᠠᠯᠲᠠ᠎ᠶᠢ ᠪᠡᠶᠡᠯᠡᠭᠦᠯᠵᠦ᠍ ᠴᠢᠳᠠᠨ᠎ᠠ ᠭᠡᠳᠡᠭ᠎ᠢ ᠳᠤᠮᠳᠠᠳᠤ ᠤᠯᠤᠰ᠎ᠤᠨ ᠲᠤᠷᠰᠢᠯᠭ᠎ᠠ ᠬᠠᠷᠠᠭᠤᠯᠵᠤ ᠪᠠᠶ᠋ᠢᠨ᠎ᠠ ᠭᠡᠵᠤ ᠦᠵᠡᠪᠡ᠃
ᠱᠧᠨᠵᠧᠨ ᠪᠤᠯᠤᠩ᠎ᠤᠨ ᠬᠥᠪᠡᠭᠡᠨ᠎ᠳᠡᠬᠢ ᠦᠵᠡᠯ ᠰᠠᠨᠠᠭᠠᠨ᠎ᠤ ᠮᠥᠷᠭᠥᠯᠳᠦᠭᠡᠨ ᠨᠢ ᠳᠤᠮᠳᠠᠳᠤ᠎ᠶᠢᠨ ᠡᠬᠡ ᠭᠠᠵᠠᠷ᠎ᠤᠨ ᠡᠯᠪᠡᠭ ᠪᠠᠶᠠᠯᠢᠭ ᠰᠣᠶᠣᠯ᠎ᠤᠨ ᠦᠢᠯᠡᠳᠦᠯᠭᠡ᠎ᠶᠢ ᠲᠤᠰᠬᠠᠵᠤ᠂ ᠰᠣᠶᠣᠯ᠎ᠤᠨ ᠭᠤᠤᠯ ᠴᠣᠭᠴᠠ᠎ᠶᠢᠨ ᠴᠢᠨᠠᠷᠲᠠᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢ ᠠᠬᠢᠭᠤᠯᠬᠤ ᠠᠯᠬᠤᠭ᠎ᠠ ᠦᠷᠭᠦᠯᠵᠢᠯᠡᠨ ᠲᠦᠷᠭᠡᠳᠪᠡ᠃ 《ᠳᠤᠮᠳᠠᠳᠤ᠎ᠶᠢᠨ ᠡᠬᠡ ᠭᠠᠵᠠᠷ᠎ᠡᠴᠡ ᠤᠷᠭᠤᠵᠤ ᠭᠠᠷᠤᠭᠰᠠᠨ》 ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠨᠢ ᠳᠤᠮᠳᠠᠳᠤ᠎ᠶᠢᠨ ᠪᠣᠯᠪᠠᠰᠤᠨ᠎ᠤ ᠢᠷᠠᠭᠤ ᠠᠯᠳᠠᠷ᠎ᠢ ᠳᠠᠬᠢᠨ ᠮᠠᠨᠳᠤᠭᠤᠯᠵᠤ᠂ ᠳᠡᠯᠡᠬᠡᠶ᠎ᠶᠢᠨ ᠪᠣᠯᠪᠠᠰᠤᠨ᠎ᠤ ᠥᠨᠢᠷ ᠴᠡᠴᠡᠭ᠎ᠦᠨ ᠬᠦᠷᠢᠶᠡᠯᠡᠩ᠎ᠢ ᠤᠯᠠᠮ ᠨᠢᠭᠡ ᠠᠯᠬᠤᠮ ᠴᠡᠴᠡᠭᠯᠡᠭᠦᠯᠬᠦ᠌ ᠨᠢ ᠯᠠᠪᠲᠠᠶ ᠶᠤᠮ᠃
(ᠰᠢᠨᠬᠤᠸᠠ ᠬᠤᠷᠢᠶ᠎ᠠ ᠵᠢᠨ ᠱᠧᠨᠵᠧᠨ᠎ᠦ 9 ᠰᠠᠷ᠎ᠠ᠎ᠶᠢᠨ 7᠎ᠤ᠋ ᠴᠠᠬᠢᠯᠭᠠᠨ ᠮᠡᠳᠡᠭᠡ ᠡᠴᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃