ᠲᠡᠷᠢᠭᠦᠨ ᠨᠢᠭᠤᠷ>ᠴᠠᠭ ᠲᠦᠷᠦ>ᠬᠠᠯᠠᠮᠰᠢᠯ ᠠᠰᠠᠭᠤᠳᠠᠯ

2026-09-21 11:12:10

ᠵᠣᠬᠢᠶᠠᠭ᠍ᠴᠢ᠄ ᠯᠢ ᡁᠢ ᠬᠤᠤ ᠯᠢ ᠣᠤ ᠴᠢᠦ ᠣᠩᠱᠢᠭ᠍ᠰᠠᠨ ᠣᠳᠠᠭ᠎ᠠ᠄ 3

︱ 2026 ᠳᠠᠯᠠᠢ ᠲᠠᠩᠭᠢᠰ ᠎ᠤᠨ ᠬᠠᠮᠲᠤᠷᠠᠯᠴᠠᠭ᠎ᠠ ᠬᠥᠭᠵᠢᠯᠲᠡ ᠎ᠶᠢᠨ ᠶᠠᠷᠢᠶᠠᠨ ᠎ᠤ ᠲᠠᠪᠴᠠᠩ ᠎ᠤᠨ ᠠᠵᠢᠭ᠍ᠯᠠᠯᠲᠠ


ᠲᠦᠷᠦᠭᠦᠬᠡᠨ᠂ ᠱᠠᠨᠳᠦ᠋ᠩ ᠮᠤᠵᠢ᠎ᠶᠢᠨ ᠠᠷᠠᠳ᠎ᠤᠨ ᠵᠠᠰᠠᠭ᠎ᠤᠨ ᠣᠷᠳᠣᠨ ᠪᠣᠯᠣᠨ ᠪᠠᠢᠭᠠᠯᠢ᠎ᠶᠢᠨ ᠡᠬᠢ ᠪᠠᠶᠠᠯᠢᠭ᠋᠎ᠤᠨ ᠶᠠᠮᠤᠨ᠎ᠡᠴᠡ ᠭᠣᠣᠯᠯᠠᠨ ᠡᠷᠭᠢᠯᠡᠭᠰᠡᠨ 2026 ᠲᠡᠯᠡᠶ ᠲᠠᠩᠭᠢᠰ᠎ᠤᠨ ᠬᠠᠮᠲᠤᠷᠠᠯᠴᠠᠭ᠎ᠠ ᠬᠥᠭᠵᠢᠯᠲᠡ᠎ᠶᠢᠨ ᠶᠠᠷᠢᠶᠠᠨ᠎ᠤ ᠲᠠᠪᠴᠠᠩ ᠱᠠᠨᠳᠦ᠋ᠩ᠎ᠦᠨ ᠴᠢᠩᠳᠣᠣ᠎ᠳᠤ ᠶᠠᠪᠤᠭᠳᠠᠪᠠ᠃ ᠰᠤᠷᠪᠤᠯᠵᠢᠯᠠᠭ᠍ᠴᠢ ᠶᠠᠷᠢᠶᠠᠨ᠎ᠤ ᠲᠠᠪᠴᠠᠩ᠎ᠡᠴᠡ ᠣᠢᠯᠠᠭᠠᠭᠰᠠᠨ ᠵᠢᠡᠷ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠡᠷ ᠬᠦᠴᠦᠨ ᠤᠯᠭᠤᠬᠤ ᠪᠠᠢᠳᠠᠯ᠎ᠤᠨ ᠳᠣᠣᠷ᠎ᠠ᠂ ᠲᠠᠯᠠᠢ ᠲᠠᠩᠭᠢᠰ᠎ᠤᠨ ᠰᠢᠨ᠎ᠡ ᠠᠵᠤ ᠦᠢᠯᠡᠰ᠂ ᠰᠢᠨ᠎ᠡ ᠤᠷᠤᠯᠳᠤᠭᠠᠨ᠎ᠤ ᠵᠠᠮ᠂ ᠰᠢᠨ᠎ᠡ ᠠᠬᠤᠢ ᠦᠵᠡᠭᠳᠡᠯ ᠦᠷᠭᠦᠯᠵᠢᠯᠡᠨ ᠢᠯᠡᠷᠡᠵᠦ᠂ ᠲᠠᠯᠠᠢ ᠲᠠᠩᠭᠢᠰ᠎ᠤᠨ ᠠᠵᠤ ᠠᠬᠤᠢ ᠨᠢᠭᠡᠨᠲᠡ ᠪᠦᠬᠦ ᠪᠥᠮᠪᠥᠷᠴᠡᠭ᠎ᠦᠨ ᠠᠵᠤ ᠠᠬᠤᠢ᠎ᠶᠢᠨ ᠨᠡᠮᠡᠭᠳᠡᠯ᠎ᠢ ᠳᠠᠢᠴᠢᠯᠠᠬᠤ ᠴᠢᠬᠤᠯᠠ ᠬᠥᠳᠡᠯᠭᠡᠭᠦᠷ ᠪᠣᠯᠤᠭᠰᠠᠨ ᠪᠠᠢᠨ᠎ᠠ᠃

ᠶᠠᠷᠢᠶᠠᠨ᠎ᠤ ᠲᠠᠪᠴᠠᠩ ᠳᠡᠭᠡᠷ᠎ᠡ ᠨᠡᠢᠲᠡᠯᠡᠭᠰᠡᠨ《ᠳᠤᠮᠳᠠᠳᠤ ᠤᠯᠤᠰ᠎ᠤᠨ ᠲᠠᠯᠠᠢ ᠲᠠᠩᠭᠢᠰ᠎ᠤᠨ ᠬᠥᠭᠵᠢᠯᠲᠡ᠎ᠶᠢᠨ ᠵᠢᠭᠠᠯᠲᠠ ᠲᠣᠭ᠎ᠠ᠎ᠶᠢᠨ ᠮᠡᠳᠡᠭᠦᠯᠦᠯᠲᠡ 2026》 ᠡᠴᠡ ᠦᠵᠡᠪᠡᠯ᠂ 2025 ᠣᠨ᠎ᠤ ᠳᠤᠮᠳᠠᠳᠤ ᠤᠯᠤᠰ᠎ᠤᠨ ᠲᠠᠯᠠᠢ ᠲᠠᠩᠭᠢᠰ᠎ᠤᠨ ᠬᠥᠭᠵᠢᠯᠲᠡ᠎ᠶᠢᠨ ᠵᠢᠭᠠᠯᠲᠠ ᠲᠣᠭ᠎ᠠ 132.3 ᠪᠠᠢᠵᠤ᠂ ᠳᠡᠭᠡᠷ᠎ᠡ ᠵᠢᠯ᠎ᠦᠨ ᠬᠢ᠎ᠡᠴᠡ 2.5% ᠪᠡᠷ ᠨᠡᠮᠡᠭᠳᠡᠪᠡ᠃ ᠲᠣᠭᠠᠨ᠎ᠤ ᠨᠡᠮᠡᠭᠳᠡᠯ᠎ᠦᠨ ᠠᠷᠤ᠎ᠳᠤ᠂ ᠮᠠᠨ᠎ᠤ ᠤᠯᠤᠰ᠎ᠤᠨ ᠳᠠᠯᠠᠢ ᠲᠠᠩᠭᠢᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠴᠢᠳᠠᠪᠤᠷᠢ ᠲᠠᠰᠤᠷᠠᠯᠲᠠ ᠦᠭᠡᠢ ᠴᠢᠩᠭᠠᠷᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠨᠳᠤᠤᠰᠢᠭᠤᠯᠤᠨ ᠬᠡᠷᠡᠭᠯᠡᠬᠦ᠎ᠶᠢ ᠲᠦᠷᠭᠡᠳᠬᠡᠭᠰᠡᠨ ᠵᠢᠴᠢ ᠳᠠᠯᠠᠢ ᠲᠠᠩᠭᠢᠰ᠎ᠤᠨ ᠨᠡᠭᠡᠭᠡᠯᠲᠡ ᠬᠠᠮᠲᠤᠷᠠᠯᠴᠠᠭ᠎ᠠ ᠦᠷᠭᠦᠯᠵᠢᠯᠡᠨ ᠭᠦᠨᠵᠡᠭᠡᠢᠷᠡᠭᠰᠡᠨ ᠪᠠᠢᠨ᠎ᠠ᠃

ᠰᠢᠨ᠎ᠡ᠎ᠶᠢ ᠡᠭᠦᠳᠬᠦ ᠪᠡᠷ ᠬᠥᠳᠡᠯᠭᠡᠭᠦᠷ ᠪᠤᠯᠭᠠᠵᠤ ᠄ ᠵᠠᠩᠭᠢᠯᠠᠭ᠎ᠠ᠎ᠢ᠋ᠢᠨ ᠮᠡᠷᠭᠡᠵᠢᠯ᠎ᠢ ᠰᠢᠪᠲᠤᠯᠵᠤ ᠠᠵᠤ ᠦᠢᠯᠡᠰ᠎ᠤᠨ ᠤᠷᠤᠨ ᠵᠠᠢ ᠵᠢ ᠲᠡᠯᠡᠪᠡ

ᠣᠢᠷ᠎ᠠ᠎ᠶᠢᠨ ᠵᠢᠯ᠎ᠳᠦ᠂ ᠭᠦᠨ ᠲᠠᠯᠠᠢ ᠵᠢ ᠨᠡᠭᠡᠭᠡᠨ ᠬᠥᠭᠵᠢᠭᠦᠯᠬᠦ ᠪᠠ ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠲᠦ ᠬᠠᠨᠳᠤᠭᠤᠯᠤᠭᠰᠠᠨ ᠨᠢᠭᠡ ᠪᠦᠯᠦᠭ ᠵᠠᠩᠭᠢᠯᠠᠭ᠎ᠠ᠎ᠶᠢᠨ ᠮᠡᠷᠭᠡᠵᠢᠯ ᠲᠣᠨᠤᠭ ᠲᠦᠬᠦᠭᠡᠷᠦᠮᠵᠢ ᠰᠢᠨ᠎ᠡ ᠠᠬᠢᠴᠠ᠎ᠲᠠᠢ ᠪᠣᠯᠵᠤ᠂ ᠮᠠᠨ᠎ᠤ ᠤᠯᠤᠰ᠎ᠤᠨ ᠲᠠᠯᠠᠢ ᠲᠠᠩᠭᠢᠰ᠎ᠤᠨ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠴᠢᠬᠤᠯᠠ ᠲᠤᠯᠭᠠᠭᠤᠷᠢᠯᠠᠯ ᠪᠣᠯᠤᠭᠰᠠᠨ ᠪᠠᠢᠨ᠎ᠠ᠃

ᠪᠠᠢᠭᠠᠯᠢ᠎ᠶᠢᠨ ᠡᠬᠢ ᠪᠠᠶᠠᠯᠢᠭ᠋᠎ᠤᠨ ᠶᠠᠮᠤᠨ᠎ᠤ ᠳᠡᠳ᠋ ᠰᠠᠢᠳ᠂ ᠤᠯᠤᠰ᠎ᠤᠨ ᠳᠠᠯᠠᠶ ᠲᠠᠩᠭᠢᠰ᠎ᠤᠨ ᠲᠣᠪᠴᠢᠶ᠎ᠡ ᠵᠢᠨ ᠳᠠᠷᠤᠭ᠎ᠠ ᠰᠦᠨ ᠱᠦ᠍ ᠰᠢᠶᠠᠨ ᠶᠠᠷᠢᠶᠠᠨ᠎ᠤ ᠲᠠᠪᠴᠠᠩ ᠳᠡᠭᠡᠷ᠎ᠡ᠂ ᠮᠠᠨ᠎ᠤ ᠤᠯᠤᠰ᠎ᠤᠨ ᠤᠯᠤᠰ ᠎ᠤᠨ ᠲᠤᠷᠰᠢᠯᠲᠠ᠎ᠶᠢᠨ ᠲᠠᠰᠤᠭ᠎ᠢᠶᠠᠷ ᠤᠳᠤᠷᠢᠳᠤᠮᠵᠢ ᠪᠣᠯᠭᠠᠭᠰᠠᠨ ᠲᠠᠯᠠᠢ ᠲᠠᠩᠭᠢᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠲᠠᠪᠴᠠᠩ᠎ᠤᠨ ᠰᠢᠰᠲᠧᠮ ᠤᠯᠠᠮ ᠨᠢᠭᠡ ᠠᠯᠬᠤᠮ ᠪᠦᠷᠢᠨᠰᠢᠵᠦ᠂ 《ᠫᠠᠨ ᠭᠦ》᠂ 《ᠯᠠᠩ ᠶᠠ》2.0 ᠵᠡᠷᠭᠡ ᠲᠠᠯᠠᠢ ᠲᠠᠩᠭᠢᠰ᠎ᠤᠨ ᠣᠶᠤᠨᠴᠢ ᠤᠷᠢᠳᠴᠢᠯᠠᠨ ᠮᠡᠳᠡᠭᠡᠯᠡᠬᠦ ᠲᠣᠮᠣ᠌ ᠵᠠᠭᠪᠤᠷ᠎ᠢ ᠵᠠᠯᠭᠠᠭ᠎ᠠ ᠪᠡᠷ ᠨᠡᠢᠲᠡᠯᠡᠵᠦ᠂ 《ᠬᠦᠰᠡᠯ ᠵᠡᠭᠦᠳᠦ》 ᠨᠡᠷᠡᠮᠵᠢᠲᠦ ᠲᠠᠯᠠᠢ᠎ᠶᠢᠨ ᠥᠷᠥᠮᠳᠡᠨ ᠬᠠᠢᠬᠤ ᠣᠩᠭᠣᠴᠠ᠂ ᠲᠦᠮᠡᠨ ᠮᠧᠲᠷ ᠎ᠦᠨ ᠲᠡᠰ᠎ᠤᠨ ᠬᠥᠮᠥᠨ ᠰᠠᠭᠤᠯᠭᠠᠭᠰᠠᠨ ᠱᠤᠩᠪᠠᠯᠲᠠ᠎ᠶᠢᠨ ᠪᠠᠭᠠᠵᠢ 《ᠲᠡᠮᠡᠴᠡᠭᠴᠢ》 ᠨᠡᠷᠡᠮᠵᠢᠲᠦ ᠵᠡᠷᠭᠡ ᠨᠢᠭᠡ ᠪᠦᠯᠦᠭ ᠶᠡᠬᠡ ᠤᠯᠤᠰ᠎ᠤᠨ ᠰᠤᠳᠤᠨ ᠲᠤᠨᠤᠭᠯᠠᠯ᠎ᠢ ᠪᠠᠢᠭᠤᠯᠤᠨ ᠠᠰᠢᠭ᠍ᠯᠠᠯᠲᠠ᠎ᠳᠤ ᠣᠷᠣᠭᠤᠯᠪᠠ ᠭᠡᠵᠤ ᠲᠠᠨᠢᠯᠴᠠᠭᠤᠯᠵᠠᠢ᠃

ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢᠨ ᠲᠤᠰᠤᠯᠳᠠ ᠨᠢ ᠠᠵᠤ ᠦᠢᠯᠡᠰ᠎ᠲᠦ ᠪᠤᠢ᠃

ᠮᠠᠨ᠎ᠤ ᠤᠯᠤᠰ᠎ᠤᠨ ᠲᠠᠯᠠᠢ ᠲᠠᠩᠭᠢᠰ᠎ᠤᠨ ᠠᠵᠤ ᠦᠢᠯᠡᠰ ᠲᠠᠰᠤᠷᠠᠯᠳᠡ ᠦᠭᠡᠢ ᠭᠦᠨ ᠲᠠᠯᠠᠢ ᠲᠡᠢᠰᠢ ᠥᠷᠭᠡᠵᠢᠬᠦ᠂ ᠪᠣᠬᠢᠷᠲᠤᠯ ᠦᠭᠡᠢ ᠪᠤᠯᠭᠠᠬᠤ᠂ ᠣᠶᠤᠨᠴᠢᠯᠠᠯᠲᠠ ᠲᠡᠢᠰᠢ ᠲᠡᠰ ᠳᠡᠪᠰᠢᠬᠦ᠎ᠶᠢ ᠳᠠᠭᠠᠯᠳᠤᠨ᠂ ᠭᠣᠣᠯᠯᠠᠭ᠍ᠴᠢ ᠮᠡᠷᠭᠡᠵᠢᠯ᠂ ᠲᠤᠨᠤᠭ ᠲᠥᠬᠦᠭᠡᠷᠦᠮᠵᠢ᠎ᠶᠢᠨ ᠮᠠᠲᠧᠷᠢᠶᠠᠯ ᠪᠣᠯᠣᠨ ᠬᠡᠷᠡᠭᠯᠡᠭᠡᠨ᠎ᠦ ᠠᠬᠤᠢ ᠦᠵᠡᠭᠳᠡᠯ᠎ᠢ ᠬᠡᠷᠬᠢᠨ ᠨᠡᠩ ᠰᠠᠢᠲᠤᠷ ᠬᠠᠮᠵᠢᠯᠴᠠᠭᠤᠯᠬᠤ ᠨᠢ ᠬᠤᠷᠠᠯ᠎ᠳᠤ ᠣᠷᠣᠯᠴᠠᠭᠰᠠᠨ ᠵᠣᠴᠢᠳ᠎ᠤᠨ ᠠᠩᠬᠠᠷᠤᠯ᠎ᠤᠨ ᠭᠣᠣᠯᠳᠠᠯᠭ᠎ᠠ ᠪᠣᠯᠪᠠ᠃

ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ᠎ᠦᠨ ᠠᠺᠠᠳᠧᠮᠢᠴᠢ᠂ ᠳᠤᠮᠳᠠᠳᠤ ᠤᠯᠤᠰ᠎ᠤᠨ ᠲᠡᠯᠡᠶ ᠲᠠᠩᠭᠢᠰ᠎ᠤᠨ ᠶᠡᠬᠡ ᠰᠤᠷᠭᠠᠭᠤᠯᠢ᠎ᠶᠢᠨ ᠫᠷᠤᠹᠸᠰᠰᠤᠷ ᠪᠦᠦ ᠵᠧᠨ ᠮᠢᠨ᠂ ᠭᠦᠨ ᠲᠡᠯᠠᠢ ᠵᠢᠨ ᠲᠡᠵᠢᠭᠡᠨ ᠦᠷᠡᠵᠢᠭᠦᠯᠬᠦ ᠨᠢ 《ᠵᠢᠭᠠᠰᠤ᠎ᠪᠠᠷ ᠦᠨᠳᠦᠰᠦ ᠪᠣᠯᠭᠠᠬᠤ》ᠶ᠋ᠢ ᠨᠠᠩ ᠢᠯᠡᠭᠦᠦ ᠴᠢᠬᠤᠯᠠᠴᠢᠯᠠᠵᠤ᠂ ᠵᠢᠭᠠᠰᠤᠨ᠎ᠤ ᠲᠥᠷᠥᠯ᠎ᠦᠨ ᠤᠰᠤᠨ᠎ᠤ ᠳᠤᠯᠠᠭᠠᠨ᠂ ᠣᠷᠴᠢᠨ ᠲᠣᠭᠣᠷᠢᠨ ᠵᠡᠷᠭᠡ ᠨᠥᠬᠥᠴᠡᠯ᠎ᠦᠨ ᠱᠠᠭᠠᠷᠳᠠᠯᠭ᠎ᠠ᠎ᠶᠢᠨ ᠲᠣᠭᠣᠷᠢᠨ᠎ᠳᠤ ᠰᠠᠢᠨ ᠡᠭᠦᠯᠳᠡᠷ᠂ ᠰᠠᠢᠨ ᠠᠷᠭ᠎ᠠ ᠪᠣᠯᠣᠨ ᠲᠣᠨᠣᠭ ᠲᠥᠬᠦᠭᠡᠷᠦᠮᠵᠢ᠎ᠶᠢ ᠨᠠᠩ ᠰᠠᠢᠲᠤᠷ ᠢᠵᠢ ᠪᠦᠷᠢᠳᠦᠭᠦᠯᠬᠦ ᠬᠡᠷᠡᠭᠲᠡᠢ ᠭᠡᠵᠤ ᠳᠤᠷᠠᠳᠪᠠ᠃ ᠲᠡᠷᠡ᠂ ᠪᠦᠯᠬᠦᠮ ᠨᠡᠶ᠋ᠢᠲᠡ᠎ᠶᠢᠨ ᠭᠠᠷᠭᠠᠭᠰᠠᠨ《ᠳᠠᠯᠠᠢ ᠲᠠᠨᠭᠬᠢᠰ᠎ᠤᠨ ᠤᠶᠤᠨᠴᠢ ᠲᠡᠵᠢᠭᠡᠨ ᠦᠷᠡᠵᠢᠭᠦᠯᠦᠯᠲᠡ》ᠵᠢᠨ ᠲᠣᠮᠣ᠌ ᠵᠠᠭᠪᠤᠷ ᠨᠢ ᠭᠧᠨ᠎ᠦ ᠤᠰᠤᠨ᠎ᠤ ᠠᠮᠢᠳᠤ ᠪᠣᠳᠠᠰ᠎ᠤᠨ ᠥᠰᠦᠯᠲᠡ᠂ ᠦᠷᠡᠵᠢᠯ᠂ ᠰᠣᠯᠢᠯᠴᠠᠭ᠎ᠠ ᠵᠡᠷᠭᠡ᠎ᠳᠦ ᠦᠵᠡᠭᠦᠯᠬᠦ ᠨᠥᠯᠥᠭᠡ᠎ᠶᠢ ᠬᠠᠪᠰᠤᠷᠤᠨ ᠵᠠᠳᠠᠯᠵᠤ᠂ ᠡᠭᠦᠯᠳᠡᠷ ᠪᠣᠢᠵᠢᠭᠤᠯᠬᠤ ᠵᠠᠳᠠᠯᠤᠯᠲᠠ᠎ᠶᠢᠨ ᠦᠷ᠎ᠡ ᠪᠦᠲᠦᠮᠵᠢ᠎ᠶᠢ ᠳᠡᠭᠡᠭᠰᠢᠯᠡᠭᠦᠯᠵᠦ ᠴᠢᠳᠠᠨ᠎ᠠ ᠭᠡᠵᠦ ᠲᠠᠨᠢᠯᠴᠠᠭᠤᠯᠪᠠ᠃

ᠵᠠᠩᠭᠢᠯᠠᠭ᠎ᠠ᠎ᠶᠢᠨ ᠮᠠᠲᠧᠷᠢᠶᠠᠯ᠎ᠢ ᠪᠡᠶ᠎ᠡ᠎ᠪᠡᠨ ᠳᠠᠭᠠᠭᠠᠵᠤ ᠰᠤᠳᠤᠯᠤᠨ ᠨᠡᠭᠡᠭᠡᠬᠦ ᠨᠢ ᠴᠦ᠍ ᠲᠠᠯᠠᠢ ᠲᠠᠩᠭᠢᠰ᠎ᠤᠨ ᠠᠵᠤ ᠦᠢᠯᠡᠰ᠎ᠦᠨ ᠣᠷᠣᠨ ᠵᠠᠢ᠎ᠶᠢ ᠲᠡᠯᠡᠵᠤ ᠪᠠᠢᠨ᠎ᠠ᠃ ᠸᠸ ᠳ᠋ᠦᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠤᠪᠢᠴᠠᠭᠠᠲᠦ ᠬᠢᠵᠠᠭᠠᠷᠲᠤ ᠺᠣᠮᠫᠠᠨᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠦᠷᠦᠯ ᠲᠡᠮᠳᠡᠭ᠎ᠦᠨ ᠵᠠᠬ᠎ᠠ ᠳᠡᠯᠭᠡᠭᠦᠷ᠎ᠦᠨ ᠬᠡᠯᠲᠡᠰ᠎ᠦᠨ ᠳᠠᠷᠤᠭ᠎ᠠ ᠯᠥᠸᠧ ᠶᠦᠩ᠂ ᠠᠵᠤ ᠠᠬᠤᠢᠯᠠᠯ᠎ᠤᠨ ᠪᠡᠶ᠎ᠡ᠎ᠪᠡᠨ ᠳᠠᠭᠠᠭᠠᠵᠤ ᠰᠤᠳᠤᠯᠤᠨ ᠦᠢᠯᠡᠳᠦᠭᠰᠡᠨ ᠳᠠᠯᠠᠢ᠎ᠶᠢᠨ ᠤᠰᠤ᠎ᠶᠢ ᠴᠡᠩᠭᠡᠭᠵᠢᠭᠦᠯᠬᠦ ᠪᠦᠷᠬᠦᠪᠴᠢ᠎ᠶᠢ ᠨᠢᠭᠡᠨᠲᠡ ᠳᠠᠯᠠᠢ᠎ᠶᠢᠨ ᠠᠷᠠᠯ᠎ᠤᠨ ᠤᠰᠤ ᠬᠠᠩᠭᠠᠬᠤ᠂ ᠬᠤᠲᠠ᠎ᠶᠢᠨ ᠶᠠᠪᠤᠳᠠᠯ ᠪᠣᠯᠣᠨ ᠠᠵᠤ ᠦᠢᠯᠡᠳᠪᠦᠷᠢ᠎ᠶᠢᠨ ᠤᠰᠤ᠎ᠶᠢ ᠰᠢᠢᠳᠪᠦᠷᠢᠯᠡᠬᠦ ᠵᠡᠷᠭᠡ ᠠᠬᠤᠢ ᠦᠵᠡᠭᠳᠡᠯ᠎ᠳᠦ ᠬᠡᠷᠡᠭᠯᠡᠵᠦ᠂ ᠴᠢᠩᠳᠣᠣ᠎ᠶᠢᠨ ᠪᠠᠢ ᠹᠠ ᠳᠠᠯᠠᠢ᠎ᠶᠢᠨ ᠤᠰᠤ᠎ᠶᠢ ᠴᠡᠩᠭᠡᠭᠵᠢᠭᠦᠯᠬᠦ ᠲᠦᠷᠦᠯ ᠵᠦᠢᠯ᠎ᠳᠦ ᠭᠠᠳᠠᠭᠠᠳᠤ᠎ᠡᠴᠡ ᠣᠷᠣᠭᠤᠯᠤᠭᠰᠠᠨ ᠦᠢᠯᠡᠳᠬᠦᠨ᠎ᠲᠠᠢ ᠵᠡᠷᠭᠡ ᠪᠡᠷ ᠠᠵᠢᠯᠯᠠᠭᠤᠯᠬᠤ ᠵᠢᠨ ᠬᠠᠮᠲᠤ ᠲᠢᠶᠠᠨᠵᠢᠨ᠎ᠤ ᠡᠳᠦᠷ ᠎ᠲᠦ 3 ᠲᠦᠮᠡᠨ ᠲᠣᠨ ᠦᠢᠯᠡᠳᠪᠦᠷᠢᠯᠡᠳᠡᠭ ᠪᠦᠬᠦᠨ᠎ᠢ ᠤᠯᠤᠰ᠎ᠲᠠᠭᠠᠨ ᠦᠢᠯᠡᠳᠪᠦᠷᠢᠯᠡᠭᠰᠡᠨ ᠳᠠᠯᠠᠢ᠎ᠶᠢᠨ ᠤᠰᠤ᠎ᠶᠢ ᠴᠡᠩᠭᠡᠭᠵᠢᠭᠦᠯᠬᠦ ᠵᠢᠱ᠌ᠢᠶ᠎ᠡ ᠦᠵᠡᠭᠦᠯᠬᠦ ᠲᠦᠷᠦᠯ ᠵᠦᠢᠯ᠎ᠳᠦ ᠬᠡᠷᠡᠭᠯᠡᠪᠠ ᠭᠡᠵᠤ ᠲᠠᠨᠢᠯᠴᠠᠭᠤᠯᠵᠠᠢ᠃

ᠠᠬᠤᠢ ᠦᠵᠡᠭᠳᠡᠯ ᠵᠢᠡᠷ ᠬᠦᠲᠦᠯᠦᠨ ᠲᠠᠢᠴᠢᠯᠠᠵᠤ᠄ ᠰᠢᠯᠭᠠᠨ ᠨᠤᠳᠠᠯᠠᠬᠤ ᠬᠡᠯᠬᠢᠶ᠎ᠡ᠎ᠶᠢ ᠨᠡᠪᠲᠡᠷᠡᠭᠦᠯᠵᠤ ᠦᠷ᠎ᠡ ᠪᠦᠲᠦᠭᠡᠯ᠎ᠦᠨ ᠤᠨᠳᠤᠤᠰᠢᠭᠤᠯᠤᠯᠳᠠ᠎ᠶᠢ ᠲᠦᠷᠭᠡᠳᠬᠡᠪᠡ

ᠲᠠᠯᠠᠢ ᠲᠠᠩᠭᠢᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠦᠨ ᠤᠨᠳᠤᠤᠰᠢᠭᠤᠯᠤᠯᠳᠠ᠎ᠶᠢ ᠤᠯᠠᠮ ᠨᠢᠭᠡ ᠠᠯᠬᠤᠮ ᠠᠬᠢᠭᠤᠯᠬᠤ᠎ᠶᠢᠨ ᠲᠥᠯᠥᠭᠡ᠂ ᠮᠠᠨ᠎ᠤ ᠤᠯᠤᠰ ᠤᠳᠤ ᠶᠠᠭ ᠲᠠᠯᠠᠢ ᠳᠡᠭᠡᠷᠡᠬᠢ ᠲᠤᠷᠰᠢᠯᠲᠠ᠂ ᠪᠠᠷᠢᠮᠵᠢᠶ᠎ᠠ᠎ᠶᠢᠨ ᠵᠢᠷᠤᠮᠵᠢᠯ᠂ ᠠᠵᠤ ᠦᠢᠯᠡᠰ᠎ᠦᠨ ᠬᠡᠷᠡᠭᠯᠡᠭᠡ ᠪᠠ ᠮᠥᠩᠭᠥᠨ ᠭᠦᠢᠯᠭᠡᠭᠡᠨ᠎ᠦ ᠳᠡᠮᠵᠢᠯᠭᠡ ᠵᠡᠷᠭᠡ ᠢᠵᠢ ᠪᠦᠷᠢᠳᠦᠭᠦᠯᠬᠦ ᠰᠢᠰᠲᠧᠮ᠎ᠦᠨ ᠪᠠᠢᠭᠤᠯᠤᠯᠲᠠ᠎ᠶᠢ ᠴᠢᠩᠭᠠᠳᠬᠠᠵᠤ ᠪᠠᠢᠨ᠎ᠠ᠃

ᠲᠠᠯᠠᠢ ᠲᠠᠩᠭᠢᠰ᠎ᠤᠨ ᠲᠤᠨᠤᠭ ᠲᠥᠬᠦᠭᠡᠷᠦᠮᠵᠢ ᠲᠤᠷᠰᠢᠯᠲᠠ᠎ᠶᠢᠨ ᠲᠠᠰᠤᠭ᠎ᠡᠴᠡ ᠭᠠᠷᠴᠤ᠂ ᠵᠠᠬ᠎ᠠ ᠳᠡᠯᠭᠡᠭᠦᠷ᠎ᠲᠦ ᠣᠷᠣᠬᠤ᠎ᠳᠤ ᠦᠨᠡᠨ ᠪᠣᠳᠠᠲᠠᠢ ᠲᠠᠯᠠᠢ᠎ᠶᠢᠨ ᠪᠠᠢᠳᠠᠯ᠎ᠳᠠᠬᠢ ᠰᠢᠯᠭᠠᠨ ᠨᠤᠳᠠᠯᠠᠬᠤ ᠪᠣᠭᠣᠮᠲᠠ᠎ᠶᠢ ᠳᠠᠪᠠᠬᠤ ᠴᠢᠬᠤᠯᠠᠲᠠᠢ᠃ ᠰᠦᠨ ᠱᠥ᠍ ᠰᠢᠶᠠᠨ᠂ ᠮᠠᠨ᠎ᠤ ᠤᠯᠤᠰ᠎ᠤᠨ 4 ᠤᠯᠤᠰ᠎ᠤᠨ ᠲᠠᠯᠠᠢ ᠲᠠᠩᠭᠢᠰ᠎ᠤᠨ ᠶᠡᠷᠦᠩᠬᠡᠢᠯᠡᠭᠰᠡᠨ ᠲᠤᠷᠰᠢᠯᠲᠠ᠎ᠶᠢᠨ ᠲᠠᠯᠠᠪᠠᠢ᠎ᠶᠢᠨ ᠪᠦᠲᠦᠭᠡᠨ ᠪᠠᠢᠭᠤᠯᠤᠯᠲᠠ ᠲᠦᠷᠭᠡᠨ ᠠᠬᠢᠵᠤ᠂ ᠲᠠᠯᠠᠢ ᠲᠠᠩᠭᠢᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ ᠎ᠦᠨ ᠤᠨᠳᠤᠤᠰᠢᠭᠤᠯᠤᠯᠳᠠ᠎ᠳᠤ ᠴᠢᠬᠤᠯᠠ ᠲᠤᠯᠭᠠᠭᠤᠷᠢᠯᠠᠯ ᠬᠠᠩᠭᠠᠵᠦ ᠪᠠᠢᠨ᠎ᠠ ᠭᠡᠵᠤ ᠲᠠᠨᠢᠯᠴᠠᠭᠤᠯᠪᠠ᠃

ᠤᠯᠤᠰ᠎ᠤᠨ ᠳᠠᠯᠠᠢ ᠲᠠᠩᠭᠢᠰ᠎ᠤᠨ ᠶᠡᠷᠦᠩᠬᠡᠢᠯᠡᠭᠰᠡᠨ ᠲᠤᠷᠰᠢᠯᠲᠠ᠎ᠶᠢᠨ ᠲᠠᠯᠠᠪᠠᠢ (ᠸᠧᠢ ᠬᠠᠢ) ᠳ᠋ᠤ᠌᠂ ᠶᠡᠬᠡ ᠳᠡᠭᠡᠳᠦ ᠰᠤᠷᠭᠠᠭᠤᠯᠢ᠎ᠶᠢᠨ ᠪᠠᠭ᠍ᠰᠢ ᠰᠤᠷᠤᠬ᠍ᠴᠢᠳ᠎ᠤᠨ ᠪᠦᠯᠭᠦᠮ᠎ᠦᠨ ᠡᠭᠦᠰᠬᠡᠨ ᠪᠠᠢᠭᠤᠯᠤᠭᠰᠠᠨ ᡁᠢ ᠵᠧᠨ ᠳᠠᠯᠠᠢ ᠲᠠᠩᠭᠢᠰ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ(ᠸᠧᠢ ᠬᠠᠢ) ᠤ᠋ᠨ ᠬᠢᠵᠠᠭᠠᠷᠲᠤ ᠺᠤᠮᠫᠠᠨᠢ ᠳᠠᠯᠠᠢ᠎ᠶᠢᠨ ᠦᠨᠡᠨ ᠪᠣᠳᠠᠲᠤ ᠪᠠᠢᠳᠠᠯ᠎ᠳᠤ ᠲᠦᠰᠢᠭᠯᠡᠨ ᠤᠰᠤᠨ ᠳᠣᠣᠷᠠᠬᠢ ᠤᠬᠢᠶᠠᠵᠤ ᠴᠡᠪᠡᠷᠯᠡᠬᠦ ᠮᠠᠰᠢᠨ ᠬᠥᠮᠥᠨ᠎ᠢ ᠳᠠᠭᠢᠨ ᠳᠠᠪᠲᠠᠨ ᠰᠢᠯᠭᠠᠨ ᠪᠠᠢᠴᠠᠭᠠᠵᠤ᠂ ᠦᠢᠯᠡᠳᠬᠦᠨ᠎ᠢ ᠮᠠᠯᠠᠺᠠ ᠬᠣᠭᠣᠯᠠᠢ᠎ᠳᠤ ᠬᠤᠳᠠᠯᠳᠤᠭᠠᠴᠢᠯᠠᠭᠰᠠᠨ ᠠᠵᠢᠯᠯᠠᠭ᠎ᠠ ᠥᠷᠨᠢᠭᠦᠯᠵᠡᠢ᠃ ᠺᠤᠮᠫᠠᠨᠢ᠎ᠶᠢᠨ ᠶᠡᠷᠦᠩᠬᠡᠢ ᠳᠠᠭᠠᠭᠠᠮᠠᠯ ᠬᠠᠨ ᠵᠢᠨ ᠯᠢᠶᠠᠩ᠂ ᠪᠠᠷᠤᠭ 360 ᠮᠧᠲᠷ ᠤᠷᠳᠤ ᠣᠩᠭᠣᠴᠠ ᠰᠠᠯ᠎ᠢ ᠴᠡᠪᠡᠷᠯᠡᠬᠦ᠎ᠪᠡᠷ ᠵᠢᠱ᠌ᠢᠶᠡᠯᠡᠪᠡᠯ᠂ ᠥᠩᠭᠡᠷᠡᠭᠰᠡᠨ᠎ᠳᠦ ᠲᠤᠬᠠᠢ᠎ᠶᠢᠨ ᠭᠠᠵᠠᠷ᠎ᠤᠨ ᠭᠢᠨ 36 ᠬᠥᠮᠥᠨ ᠤᠳᠠᠭ᠎ᠠ ᠬᠡᠷᠡᠭᠰᠡᠵᠦ᠂ ᠪᠠᠷᠤᠭ 3 ᠡᠳᠦᠷ᠎ᠦᠨ ᠴᠠᠭ᠎ᠢ ᠵᠠᠷᠤᠴᠠᠭᠤᠯᠤᠨ᠎ᠠ᠂ ᠤᠳᠤ ᠠᠵᠤ ᠠᠬᠤᠢᠯᠠᠯ᠎ᠤᠨ ᠪᠡᠶ᠎ᠡ᠎ᠪᠡᠨ ᠳᠠᠭᠠᠭᠠᠵᠤ ᠰᠤᠳᠤᠯᠤᠨ ᠦᠢᠯᠡᠳᠦᠭᠰᠡᠨ ᠮᠠᠰᠢᠨ ᠬᠥᠮᠥᠨ᠎ᠢ ᠠᠵᠢᠯᠯᠠᠭᠤᠯᠬᠤ ᠳ᠋ᠦ ᠵᠥᠪᠭᠡᠨ 3 ᠬᠥᠮᠥᠨ ᠤᠳᠠᠭ᠎ᠠ ᠬᠡᠷᠡᠭᠰᠡᠵᠦ᠂ ᠵᠥᠪᠭᠡᠨ 1 ᠡᠳᠦᠷ᠎ᠦᠨ ᠴᠠᠭ᠎ᠢ ᠵᠠᠷᠤᠴᠠᠭᠤᠯᠤᠨ᠎ᠠ ᠭᠡᠵᠦ ᠲᠠᠨᠢᠯᠴᠠᠭᠤᠯᠪᠠ᠃

ᠲᠤᠷᠰᠢᠯᠲᠠ ᠎ᠶᠢᠨ ᠠᠬᠤᠢ ᠦᠵᠡᠭᠳᠡᠯ ᠎ᠢ ᠬᠠᠩᠭᠠᠬᠤ᠎ᠡᠴᠡ ᠲᠤᠷᠰᠢᠯᠲᠠ᠎ᠶᠢᠨ ᠶᠠᠪᠤᠴᠠ᠎ᠶᠢ ᠵᠢᠷᠤᠮᠵᠢᠭᠤᠯᠬᠤ ᠭᠦᠷᠲᠡᠯ᠎ᠡ᠂ ᠮᠠᠨ᠎ᠤ ᠤᠯᠤᠰ᠎ᠤᠨ ᠲᠠᠯᠠᠢ ᠲᠠᠩᠭᠢᠰ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠦᠭᠰᠡᠨ ᠦᠷ᠎ᠡ ᠪᠦᠲᠦᠭᠡᠯ᠎ᠦᠨ ᠤᠨᠳᠤᠤᠰᠢᠭᠤᠯᠤᠯᠳᠠ᠎ᠳᠠᠬᠢ ᠲᠤᠯᠭᠠᠭᠤᠷᠢᠯᠠᠬᠤ ᠰᠢᠰᠲᠧᠮ ᠶᠠᠭ ᠲᠠᠰᠤᠷᠠᠯᠳᠠ ᠦᠭᠡᠢ ᠲᠡᠭᠦᠯᠳᠡᠷᠵᠢᠵᠦ ᠪᠠᠢᠨ᠎ᠠ᠃

ᠶᠠᠷᠢᠶᠠᠨ᠎ᠤ ᠲᠠᠪᠴᠠᠩ ᠳᠡᠭᠡᠷ᠎ᠡ ᠨᠡᠢᠲᠡᠯᠡᠭᠰᠡᠨ《ᠤᠯᠤᠰ᠎ᠤᠨ ᠲᠡᠯᠡᠶ ᠲᠠᠩᠭᠢᠰ᠎ᠤᠨ ᠶᠡᠷᠦᠩᠬᠡᠢᠯᠡᠭᠰᠡᠨ ᠲᠤᠷᠰᠢᠯᠲᠠ᠎ᠶᠢᠨ ᠲᠠᠯᠠᠪᠠᠶ (ᠸᠸᠢ ᠬᠠᠢ)ᠵᠢᠨ ᠲᠡᠯᠡᠶ ᠳᠡᠭᠡᠷᠡᠬᠢ ᠲᠤᠷᠰᠢᠯᠲᠠ ᠎ᠶᠢᠨ ᠶᠠᠪᠤᠴᠠ》 ᠨᠢ ᠲᠡᠯᠡᠶ ᠳᠡᠭᠡᠷᠡᠬᠢ ᠲᠤᠷᠰᠢᠯᠲᠠ᠎ᠶᠢᠨ ᠲᠠᠰ ᠳᠠᠷᠠᠭᠠᠯᠠᠯ᠎ᠤᠨ ᠵᠢᠷᠤᠮᠵᠢᠯ᠎ᠢ ᠤᠯᠠᠮ ᠨᠢᠭᠡ ᠠᠯᠬᠤᠮ ᠲᠣᠳᠣᠷᠬᠠᠢᠯᠠᠭᠰᠠᠨ ᠪᠠᠢᠨ᠎ᠠ᠃ ᠤᠯᠤᠰ᠎ᠤᠨ ᠳᠠᠯᠠᠢ ᠲᠠᠩᠭᠢᠰ᠎ᠤᠨ ᠮᠡᠷᠭᠡᠵᠢᠯ᠎ᠦᠨ ᠲᠥᠪ ᠎ᠦᠨ ᠲᠤᠷᠰᠢᠯᠲᠠ᠎ᠶᠢᠨ ᠲᠠᠯᠠᠪᠠᠢ᠎ᠶᠢᠨ ᠬᠠᠮᠢᠶᠠᠷᠤᠯᠲᠠ᠎ᠶᠢᠨ ᠲᠥᠪ᠎ᠦᠨ ᠡᠷᠭᠢᠯᠡᠭᠴᠢ ᠯᠢ ᠶᠦᠩ ᠵᠢᠶᠦ᠋ᠨ᠂ ᠶᠠᠪᠤᠴᠠ ᠨᠢ ᠲᠤᠷᠰᠢᠯᠲᠠ ᠬᠢᠬᠦ ᠭᠤᠶᠤᠴᠢᠯᠠᠯ᠂ ᠲᠤᠷᠰᠢᠯᠲᠠ᠎ᠶᠢᠨ ᠪᠡᠯᠡᠳᠬᠡᠯ᠂ ᠲᠤᠬᠠᠢ᠎ᠶᠢᠨ ᠲᠠᠯᠠᠪᠠᠢ᠎ᠶᠢᠨ ᠰᠤᠷᠢᠯᠳᠠ᠂ ᠲᠤᠷᠰᠢᠯᠲᠠ᠎ᠶᠢᠨ ᠵᠠᠳᠠᠯᠤᠯᠲᠠ ᠪᠠ ᠲᠤᠷᠰᠢᠯᠲᠠ᠎ᠶᠢ ᠳᠠᠩᠰᠠᠯᠠᠬᠤ ᠲᠠᠪᠤᠨ ᠱᠠᠲᠤ᠂ 19 ᠵᠠᠩᠭᠢᠯᠠᠭ᠎ᠠ᠎ᠶᠢᠨ ᠴᠡᠭ᠎ᠢᠶᠡᠷ ᠪᠦᠷᠢᠯᠳᠦᠵᠦ᠂ ᠲᠤᠷᠰᠢᠯᠲᠠ᠎ᠶᠢᠨ ᠰᠢᠨᠵᠢᠯᠡᠬᠦ ᠤᠬᠠᠭᠠᠨᠴᠢ ᠴᠢᠨᠠᠷ᠂ ᠳᠦᠷᠢᠮᠵᠢᠯᠲᠦ ᠴᠢᠨᠠᠷ᠎ᠢ ᠳᠡᠭᠡᠭᠰᠢᠯᠡᠭᠦᠯᠵᠦ᠂ ᠦᠷ᠎ᠡ ᠳ᠋ᠦᠩ᠎ᠦᠨ ᠪᠤᠰᠤᠳᠴᠢ ᠭᠣᠣᠯᠴᠢ ᠪᠠᠢᠬᠤ᠎ᠶᠢ ᠪᠠᠲᠤᠯᠠᠬᠤ᠎ᠶᠢᠨ ᠲᠥᠯᠥᠭᠡ ᠶᠤᠮ ᠭᠡᠵᠦ ᠲᠠᠨᠢᠯᠴᠠᠭᠤᠯᠤᠯ᠎ᠠ᠃

ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠵᠠᠬ᠎ᠠ ᠳᠡᠯᠭᠡᠭᠦᠷ᠎ᠲᠦ ᠭᠠᠷᠭᠠᠬᠤ᠎ᠳᠤ ᠪᠠᠰᠠ ᠪᠡᠯᠡ ᠮᠥᠩᠭᠥ ᠴᠤᠭᠯᠠᠭᠤᠯᠬᠤ ᠬᠦᠴᠢᠷ ᠠᠰᠠᠭᠤᠳᠠᠯ᠎ᠢ ᠰᠢᠢᠳᠪᠦᠷᠢᠯᠡᠬᠦ ᠴᠢᠬᠤᠯᠠᠲᠠᠢ ᠪᠠᠢᠨ᠎ᠠ᠃ ᠠᠽᠢᠶ᠎ᠠ ᠲᠢᠪ᠎ᠦᠨ ᠰᠠᠭᠤᠷᠢ ᠲᠥᠬᠦᠭᠡᠷᠦᠮᠵᠢ᠎ᠶᠢᠨ ᠪᠡᠯᠡ ᠣᠷᠣᠭᠤᠯᠤᠯᠲᠠ᠎ᠶᠢᠨ ᠪᠠᠩᠬᠢ᠎ᠶᠢᠨ ᠳᠡᠳ᠋ ᠳᠠᠷᠤᠭ᠎ᠠ ᠫᠠᠨ ᠠᠨ ᠵᠢᠶᠧ᠂ ᠠᠽᠢᠶ᠎ᠠ ᠲᠢᠪ᠎ᠦᠨ ᠰᠠᠭᠤᠷᠢ ᠲᠥᠬᠦᠭᠡᠷᠦᠮᠵᠢ᠎ᠶᠢᠨ ᠪᠡᠯᠡ ᠣᠷᠣᠭᠤᠯᠤᠯᠲᠠ᠎ᠶᠢᠨ ᠪᠠᠩᠬᠢ ᠳᠤᠷᠠᠲᠠᠶ᠎ᠠ ᠱᠠᠨᠳᠦ᠋ᠩ᠎ᠦᠨ ᠲᠠᠯᠠᠢ᠎ᠶᠢᠨ ᠡᠷᠭᠢ᠎ᠶᠢᠨ ᠪᠦᠰᠡ᠎ᠶᠢᠨ ᠤᠶᠠᠨ ᠬᠠᠳᠠᠨ ᠴᠢᠨᠠᠷ᠂ ᠤᠰᠤᠨ᠎ᠤ ᠠᠮᠢ ᠠᠬᠤᠢ᠎ᠶᠢᠨ ᠵᠠᠰᠠᠯᠲᠠ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠰᠡᠷᠭᠦᠭᠡᠬᠦ᠂ ᠬᠥᠬᠡ ᠨᠡᠭᠦᠷᠡᠰᠦᠲᠥ᠋ᠷᠥᠭᠴᠢ᠂ ᠪᠠᠢᠭᠠᠯᠢ᠎ᠶᠢᠨ ᠠᠰᠢᠭ᠋ ᠭᠦᠷᠳᠡᠭᠦ ᠭᠡᠯᠪᠡᠷᠢ᠎ᠶᠢᠨ ᠰᠠᠭᠤᠷᠢ ᠲᠥᠬᠦᠭᠡᠷᠦᠮᠵᠢ ᠪᠣᠯᠣᠨ ᠪᠠᠭ᠎ᠠ ᠨᠡᠭᠦᠷᠡᠰᠦᠲᠥ᠋ᠷᠥᠭᠴᠢᠲᠦ ᠲᠠᠯᠠᠢ ᠲᠠᠩᠭᠢᠰ᠎ᠤᠨ ᠠᠵᠤ ᠦᠢᠯᠡᠰ ᠵᠡᠷᠭᠡ ᠬᠦᠷᠢᠶᠡᠨ᠎ᠳᠦ ᠦᠢᠯᠡᠳᠦᠯᠭᠡ ᠥᠷᠨᠢᠭᠦᠯᠬᠦ᠎ᠶᠢ ᠲᠡᠮᠵᠢᠨ᠎ᠠ ᠭᠡᠵᠦ ᠢᠯᠡᠳᠭᠡᠪᠡ᠃

ᠨᠡᠭᠡᠭᠡᠯᠲᠡ ᠬᠢᠵᠤ ᠬᠠᠮᠲᠤᠷᠠᠯᠴᠠᠵᠤ᠄ ᠣᠯᠠᠨ ᠡᠰᠢᠲᠦ ᠬᠡᠷᠡᠭᠴᠡᠭᠡ᠎ᠳᠦ ᠬᠠᠷᠢᠭᠤ ᠥᠭᠴᠦ ᠳᠠᠯᠠᠢ ᠲᠠᠩᠬᠢᠰ ᠎ᠤᠨ ᠠᠵᠠ ᠲᠣᠭᠢᠶᠠᠯ᠎ᠢ ᠬᠠᠮᠲᠤ᠎ᠪᠠᠷ ᠡᠳ᠋ᠯᠡᠪᠡ

ᠰᠤᠷᠪᠤᠯᠵᠢᠯᠠᠬ᠍ᠴᠢ ᠶᠠᠷᠢᠶᠠᠨ᠎ᠤ ᠲᠠᠪᠴᠠᠩ᠎ᠠᠴᠠ ᠣᠢᠯᠠᠭᠠᠭᠰᠠᠨ ᠵᠢᠡᠷ᠂ ᠲᠠᠯᠠᠢ ᠲᠠᠩᠭᠢᠰ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠪᠣᠳᠠᠲᠤ ᠬᠦᠴᠦᠨ ᠪᠣᠯᠣᠨ ᠠᠵᠤ ᠦᠢᠯᠡᠰ᠎ᠦᠨ ᠴᠢᠳᠠᠪᠤᠷᠢ᠎ᠶᠢᠨ ᠲᠠᠰᠤᠷᠠᠯᠳᠡ ᠦᠭᠡᠢ ᠨᠡᠮᠡᠭᠳᠡᠬᠦ᠎ᠶᠢ ᠳᠠᠭᠠᠯᠳᠤᠨ᠂ ᠮᠠᠨ᠎ᠤ ᠤᠯᠤᠰ ᠨᠡᠩ ᠨᠡᠭᠡᠭᠡᠯᠲᠡᠲᠡᠢ ᠳᠦᠷᠰᠦ ᠪᠠᠢᠳᠠᠯ ᠎ᠢᠶᠠᠷ ᠪᠦᠭᠦ ᠪᠥᠮᠪᠥᠷᠴᠡᠭ᠎ᠦᠨ ᠲᠠᠯᠠᠢ ᠲᠠᠩᠭᠢᠰ᠎ᠤᠨ ᠵᠠᠰᠠᠯᠲᠠ᠎ᠳᠤ ᠣᠷᠣᠯᠴᠠᠵᠤ᠂ ᠲᠠᠯᠠᠢ ᠲᠠᠩᠭᠢᠰ᠎ᠤᠨ ᠬᠠᠮᠲᠤᠷᠠᠯᠴᠠᠭ᠎ᠠ᠎ᠶᠢᠨ ᠣᠢᠯᠠᠭᠠᠭᠳᠠᠬᠤᠨ ᠰᠣᠯᠢᠯᠴᠠᠭ᠎ᠠ ᠡᠴᠡ ᠲᠦᠷᠦᠯ ᠵᠦᠢᠯ᠎ᠢ ᠵᠣᠯᠭᠠᠭᠤᠯᠬᠤ ᠪᠠ ᠦᠷ᠎ᠡ ᠪᠦᠲᠦᠭᠡᠯ᠎ᠢ ᠬᠠᠮᠲᠤ ᠪᠠᠷ ᠡᠳ᠋ᠯᠡᠬᠦ ᠲᠡᠢᠰᠢ ᠬᠥᠭᠵᠢᠬᠦ᠎ᠶᠢ ᠠᠬᠢᠭᠤᠯᠵᠤ ᠪᠠᠢᠨ᠎ᠠ᠃

ᠰᠦᠨ ᠱᠦ᠍ ᠰᠢᠶᠠᠨ᠂ ᠮᠠᠨ᠎ᠤ ᠤᠯᠤᠰ ᠨᠢᠭᠡᠨᠲᠡ 50 ᠭᠠᠷᠤᠢ ᠤᠯᠤᠰ ᠪᠣᠯᠣᠨ ᠤᠯᠠᠨ ᠤᠯᠤᠰ᠎ᠤᠨ ᠵᠣᠬᠢᠶᠠᠨ ᠪᠠᠢᠭᠤᠯᠤᠯᠲᠠ᠎ᠲᠠᠢ ᠬᠠᠮᠲᠤᠷᠠᠯᠴᠠᠭᠠᠨ᠎ᠤ ᠵᠥᠪᠯᠡᠯᠴᠡᠭᠡᠷ ᠲᠣᠭᠲᠠᠵᠤ᠂ 30 ᠭᠠᠷᠤᠢ ᠬᠤᠶᠠᠷ ᠳᠠᠯ᠎ᠠ ᠤᠯᠠᠨ ᠲᠠᠯ᠎ᠠ᠎ᠶᠢᠨ ᠬᠠᠮᠲᠤᠷᠠᠯᠴᠠᠭᠠᠨ᠎ᠤ ᠲᠥᠪ ᠪᠣᠯᠣᠨ ᠬᠠᠮᠲᠤᠷᠠᠭᠰᠠᠨ ᠲᠤᠷᠰᠢᠯᠲᠠ᠎ᠶᠢᠨ ᠲᠠᠰᠤᠭ᠎ᠢ ᠪᠠᠢᠭᠤᠯᠵᠤ᠂ 100 ᠭᠠᠷᠤᠢ 《ᠵᠢᠵᠢᠭ ᠠᠲᠠᠯ᠎ᠠ ᠭᠤᠢᠳᠠ》ᠲᠦᠷᠦᠯ ᠵᠦᠢᠯ᠎ᠢ ᠬᠡᠷᠡᠭᠵᠢᠭᠦᠯᠵᠦ᠂ ᠳᠠᠯᠠᠢ ᠳᠡᠭᠡᠷᠡᠬᠢ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠶᠢ ᠢᠳᠡᠪᠬᠢᠲᠡᠢ ᠠᠬᠢᠭᠤᠯᠪᠠ᠃

ᠠᠳᠠᠯᠢ ᠪᠤᠰᠤ ᠤᠯᠤᠰ᠎ᠤᠨ ᠬᠥᠭᠵᠢᠯᠲᠡ᠎ᠶᠢᠨ ᠬᠡᠷᠡᠭᠴᠡᠭᠡ ᠱᠠᠭᠠᠷᠳᠠᠯᠭ᠎ᠠ ᠨᠢ ᠬᠠᠮᠲᠤᠷᠠᠯᠴᠠᠭ᠎ᠠ᠎ᠳᠤ ᠰᠢᠨ᠎ᠡ ᠣᠷᠣᠨ ᠵᠠᠢ ᠨᠡᠭᠡᠭᠡᠵᠦ ᠥᠭᠴᠡᠢ᠃ ᠮᠠᠯᠠᠢᠰᠢᠶ᠎ᠠ᠎ᠶᠢᠨ ᠤᠯᠤᠰ᠎ᠤᠨ ᠬᠤᠷᠠᠯ᠎ᠤᠨ ᠳᠡᠭᠡᠳᠦ ᠵᠥᠪᠯᠡᠯ᠎ᠦᠨ ᠳᠡᠳ᠋ ᠳᠠᠷᠤᠭ᠎ᠠ ᠨᠦᠷ·ᠵᠢᠶᠠᠽᠯᠠᠨ᠂ ᠡᠨᠡ ᠵᠢᠯ᠂ ᠱᠠᠨᠳᠦ᠋ᠩ᠎ᠦᠨ ᠶᠤᠸᠠᠨ ᠶᠠᠩ ᠲᠠᠯᠠᠢ᠎ᠶᠢᠨ ᠲᠡᠭᠡᠭᠡᠪᠦᠷᠢ᠎ᠶᠢᠨ ᠪᠦᠯᠦᠭᠯᠡᠯ᠎ᠦᠨ ᠬᠤᠪᠢᠴᠠᠭᠠᠳᠤ ᠬᠢᠵᠠᠭᠠᠷᠲᠤ ᠺᠤᠮᠫᠠᠨᠢ ᠵᠡᠭᠦᠨ ᠡᠮᠦᠨᠡᠲᠦ ᠠᠽᠢᠶ᠎ᠠ᠎ᠶᠢᠨ ᠠᠶᠠᠯᠠᠯ᠎ᠤᠨ ᠱᠤᠭᠤᠮ᠎ᠢ ᠤᠯᠠᠮ ᠨᠢᠭᠡ ᠠᠯᠬᠤᠮ ᠥᠷᠭᠡᠳᠬᠡᠵᠦ᠂ 2 ᠣᠩᠭᠣᠴᠠ ᠰᠠᠯ ᠣᠷᠣᠭᠤᠯᠤᠨ ᠳᠤᠮᠳᠠᠳᠤ ᠤᠯᠤᠰ᠎ᠤᠨ ᠴᠢᠩᠳᠣᠣ ᠭᠠᠷᠠᠮ ᠪᠣᠯᠣᠨ ᠮᠠᠯᠠᠢᠰᠢᠶ᠎ᠠ᠎ᠶᠢᠨ ᠺᠧᠯᠠᠩ ᠭᠠᠷᠠᠮ᠎ᠢ ᠬᠣᠯᠪᠣᠪᠠ᠃ ᠨᠡᠩ ᠳᠥᠭᠦᠮ ᠳᠥᠲᠡ ᠳᠠᠯᠠᠢ ᠳᠡᠭᠡᠷᠡᠬᠢ ᠵᠠᠮ ᠨᠢ ᠬᠣᠶᠠᠷ ᠭᠠᠵᠠᠷ᠎ᠤᠨ ᠠᠵᠤ ᠠᠬᠤᠢ ᠠᠷᠠᠯᠵᠢᠶᠠᠨ᠎ᠤ ᠶᠠᠪᠤᠯᠴᠠᠭ᠎ᠠ᠎ᠶᠢ ᠭᠦᠨᠵᠡᠭᠡᠢᠷᠡᠭᠦᠯᠬᠦ ᠰᠢᠨ᠎ᠡ ᠬᠣᠯᠪᠣᠭᠠᠰᠤ ᠪᠣᠯᠤᠬᠰᠠᠨ ᠪᠠᠢᠨ᠎ᠠ ᠭᠡᠵᠦ ᠲᠠᠨᠢᠯᠴᠠᠭᠤᠯᠵᠠᠢ᠃

ᠢᠨᠳᠤᠨᠧᠰᠢᠶ᠎ᠠ᠎ᠶᠢᠨ ᠳᠣᠣᠷᠠᠳᠤ ᠵᠥᠪᠯᠡᠯᠭᠡᠨ᠎ᠦ ᠳᠥᠷᠪᠡᠳᠦᠭᠡᠷ ᠵᠥᠪᠯᠡᠯ᠎ᠦᠨ ᠭᠡᠰᠢᠭᠦᠨ᠂ ᠤᠰᠤᠨ ᠭᠠᠷᠤᠯᠲᠠ᠎ᠶᠢᠨ ᠲᠡᠵᠢᠭᠡᠨ ᠦᠷᠡᠵᠢᠭᠦᠯᠬᠦ ᠨᠡᠢᠭᠡᠮᠯᠢᠭ᠎ᠦᠨ ᠳᠠᠷᠤᠭ᠎ᠠ ᠯᠦᠸᠧᠺᠧᠮᠢᠩ·ᠳ᠋ᠠᠬᠦ᠋ᠯᠢ᠂ ᠢᠨᠳᠤᠨᠧᠰᠢᠶ᠎ᠠ᠎ᠶᠢᠨ ᠳᠠᠯᠠᠢ ᠲᠠᠩᠭᠢᠰ᠎ᠤᠨ ᠮᠠᠯᠵᠢᠯ᠎ᠤᠨ ᠲᠠᠯᠠᠪᠠᠢ᠎ᠶᠢᠨ ᠴᠥᠭᠡᠨ ᠪᠤᠰᠤ ᠳᠦᠷᠦᠯ ᠵᠦᠢᠯ ᠲᠤᠷᠰᠢᠯᠲᠠ᠎ᠶᠢᠨ ᠱᠠᠲᠤᠨ᠎ᠳᠤ ᠣᠷᠣᠰᠢᠵᠤ ᠪᠠᠢᠨ᠎ᠠ ᠭᠡᠵᠦ ᠢᠯᠡᠳᠭᠡᠪᠡ᠃ ᠲᠡᠷᠡ᠂ ᠢᠨᠳᠤᠨᠧᠰᠢᠶ᠎ᠠ᠎ᠶᠢᠨ ᠭᠢᠨ ᠳᠤᠮᠳᠠᠳᠤ ᠤᠯᠤᠰ ᠎ᠲᠠᠢ ᠬᠠᠮᠲᠤᠷᠠᠨ ᠰᠤᠳᠤᠯᠤᠨ ᠨᠡᠭᠡᠭᠡᠬᠦ ᠲᠥᠪ ᠪᠠᠢᠭᠤᠯᠵᠤ᠂ ᠵᠢᠱ᠌ᠢᠶ᠎ᠡ ᠦᠵᠡᠭᠦᠯᠭᠦ ᠲᠦᠷᠦᠯ ᠵᠦᠢᠯ ᠪᠣᠯᠣᠨ ᠬᠠᠮᠲᠤ᠎ᠶᠢᠨ ᠪᠡᠯᠡ ᠣᠷᠣᠭᠤᠯᠤᠯᠲᠠ᠎ᠶᠢ ᠥᠷᠨᠢᠭᠦᠯᠵᠦ᠂ ᠤᠰᠤᠨ ᠭᠠᠷᠤᠯᠲᠠ᠎ᠶᠢᠨ ᠲᠡᠵᠢᠭᠡᠨ ᠦᠷᠡᠵᠢᠭᠦᠯᠬᠦ ᠠᠵᠤ ᠦᠢᠯᠡᠰ᠎ᠦᠨ ᠬᠥᠭᠵᠢᠯᠲᠡ᠎ᠶᠢ ᠠᠬᠢᠭᠤᠯᠵᠤ᠂ ᠢᠳᠡᠭᠡᠨ᠎ᠦ ᠬᠠᠩᠭᠠᠯᠭ᠎ᠠ᠂ ᠠᠮᠢ ᠠᠬᠤᠢ᠎ᠶᠢᠨ ᠰᠡᠷᠭᠦᠭᠡᠯᠲᠡ ᠪᠣᠯᠣᠨ ᠲᠠᠯᠠᠢ ᠳᠠᠭᠠᠤ᠎ᠶᠢᠨ ᠰᠠᠭᠤᠭᠠᠯᠢ ᠠᠷᠠᠳ᠎ᠤᠨ ᠠᠵᠤ ᠠᠮᠢᠳᠤᠷᠠᠯ᠎ᠳᠤ ᠨᠡᠩ ᠰᠠᠢᠨ ᠦᠢᠯᠡᠴᠢᠯᠡᠬᠦ᠎ᠶᠢ ᠰᠠᠨᠠᠭᠤᠯᠪᠠ᠃

ᠮᠠᠨ᠎ᠤ ᠤᠯᠤᠰ᠎ᠤᠨ ᠠᠬᠢᠭᠤᠯᠵᠤ ᠪᠠᠢᠭ᠎ᠠ ᠲᠠᠯᠠᠢ ᠲᠠᠩᠭᠢᠰ᠎ᠤᠨ ᠬᠠᠮᠲᠤᠷᠠᠯᠴᠠᠭ᠎ᠠ ᠨᠢ ᠠᠮᠢ ᠠᠬᠤᠢ᠎ᠶᠢᠨ ᠬᠠᠮᠠᠭᠠᠯᠠᠯᠲᠠ ᠪᠣᠯᠣᠨ ᠲᠠᠯᠠᠢ ᠳᠠᠭᠠᠤ᠎ᠶᠢᠨ ᠨᠡᠢᠭᠡᠮ ᠲᠣᠭᠣᠷᠢᠭ᠋᠎ᠤᠨ ᠠᠵᠠ ᠵᠢᠷᠭᠠᠯ ᠭᠦᠷᠲᠡᠯ᠎ᠡ ᠦᠷᠭᠦᠯᠵᠢᠯᠡᠪᠡ᠃ ᠶᠠᠷᠢᠶᠠᠨ ᠎ᠤ ᠲᠠᠪᠴᠠᠩ᠎ᠤᠨ ᠡᠭᠦᠰᠬᠡᠭᠰᠡᠨ《ᠳᠠᠯᠠᠶ ᠲᠠᠩᠭᠢᠰ᠎ᠤᠨ ᠠᠷᠪᠠᠨ ᠵᠢᠯ》ᠳᠠᠯᠠᠶ ᠲᠠᠩᠭᠢᠰ ᠎ᠤᠨ ᠨᠡᠶ᠋ᠢᠲᠡ᠎ᠶᠢᠨ ᠠᠰᠠᠷᠠᠮᠵᠢ᠎ᠶᠢᠨ ᠠᠵᠢᠯᠯᠠᠭ᠎ᠠ᠎ᠶᠢᠨ ᠪᠦᠭᠦ ᠪᠦᠮᠪᠦᠷᠴᠡᠭ᠎ᠤᠨ ᠰᠠᠨᠠᠭᠠᠴᠢᠯᠠᠭ᠎ᠠ᠎ᠳᠦ᠂ ᠳᠠᠯᠠᠢ ᠲᠠᠩᠭᠢᠰ᠎ᠤᠨ ᠤᠷᠢᠳᠴᠢᠯᠠᠭᠰᠠᠨ ᠮᠡᠳᠡᠭᠡ᠂ ᠭᠠᠮᠰᠢᠭ᠋᠎ᠢ ᠰᠡᠷᠭᠡᠢᠯᠡᠵᠦ ᠭᠠᠮᠰᠢᠭ᠋᠎ᠢ ᠪᠠᠭᠠᠰᠬᠠᠬᠤ ᠵᠡᠷᠭᠡ ᠤᠯᠠᠨ ᠨᠡᠶ᠋ᠢᠲᠡ᠎ᠶᠢᠨ ᠦᠢᠯᠡᠳᠭᠦᠨ ᠪᠣᠯᠣᠨ ᠵᠠᠰᠠᠯᠲᠠ᠎ᠶᠢᠨ ᠪᠠᠭᠠᠵᠢ᠎ᠶᠢ ᠪᠦᠭᠦ ᠪᠥᠮᠪᠥᠷᠴᠡᠭ᠎ᠲᠦ ᠬᠠᠨᠳᠤᠭᠤᠯᠤᠨ ᠨᠡᠭᠡᠭᠡᠯᠲᠡ᠎ᠲᠠᠢ ᠬᠠᠮᠲᠤ ᠪᠠᠷ ᠡᠳ᠋ᠯᠡᠬᠦ᠎ᠶᠢ ᠠᠬᠢᠭᠤᠯᠵᠤ᠂ ᠨᠡᠶ᠋ᠢᠲᠡ᠎ᠶᠢᠨ ᠠᠰᠠᠷᠠᠮᠵᠢ᠎ᠶᠢᠨ ᠵᠣᠬᠢᠶᠠᠨ ᠪᠠᠢᠭᠤᠯᠤᠯᠲᠠ ᠪᠣᠯᠣᠨ ᠰᠠᠢᠨ ᠳᠤᠷᠠᠴᠤᠳ᠎ᠤᠨ ᠠᠮᠢ ᠠᠬᠤᠢ᠎ᠶᠢᠨ ᠬᠢᠨᠠᠨ ᠬᠡᠮᠵᠢᠯᠲᠡ᠂ ᠵᠠᠰᠠᠨ ᠰᠡᠷᠭᠦᠭᠡᠵᠦ ᠲᠣᠭᠣᠷᠢᠨ ᠬᠠᠮᠠᠭᠠᠯᠠᠬᠤ ᠪᠠ ᠨᠡᠢᠭᠡᠮ ᠲᠣᠭᠣᠷᠢᠭ᠋᠎ᠤᠨ ᠰᠤᠷᠭᠠᠨ ᠬᠥᠮᠦᠵᠢᠯ ᠎ᠳᠦ ᠣᠷᠤᠯᠴᠠᠬᠤ᠎ᠶᠢ ᠳᠡᠮᠵᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ ᠎ᠶᠢ ᠡᠭᠦᠳᠦᠭᠰᠡᠨ ᠠᠰᠢᠭ᠋ ᠲᠤᠰᠠ ᠎ᠶᠢ ᠳᠠᠯᠠᠢ ᠳᠠᠭᠠᠤ ᠨᠡᠢᠭᠡᠮ ᠲᠣᠭᠣᠷᠢᠭ᠋᠎ᠲᠤ ᠬᠦᠷᠲᠡᠭᠡᠬᠦ᠎ᠶᠢ ᠠᠬᠢᠭᠤᠯᠵᠤ᠂ ᠬᠥᠬᠡ ᠥᠩᠭᠡᠲᠦ ᠨᠡᠮᠡᠭᠳᠡᠯ᠎ᠢᠶᠡᠷ ᠬᠥᠮᠥᠨ ᠲᠥᠷᠥᠯᠬᠢᠲᠡᠨ᠎ᠳᠦ ᠨᠡᠩ ᠤᠯᠠᠨ ᠠᠵᠠ ᠵᠢᠷᠭᠠᠯ ᠦᠢᠯᠡᠳᠬᠦ᠎ᠶᠢ ᠰᠠᠨᠠᠭᠠᠴᠢᠯᠠᠬᠰᠠᠨ ᠪᠠᠢᠨ᠎ᠠ᠃


(ᠰᠢᠨᠬᠤᠸᠠ ᠬᠣᠷᠢᠶ᠎ᠡ ᠵᠢᠨ ᠴᠢᠩᠳᠣᠣ᠎ᠶᠢᠨ 9 ᠰᠠᠷ᠎ᠠ᠎ᠶᠢᠨ 19᠎ᠤ᠋ ᠴᠠᠬᠢᠯᠭᠠᠨ ᠮᠡᠳᠡᠭᠡ)


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面