2026-10-09 09:40:26
ᠠᠯᠲᠠᠨ ᠨᠠᠮᠤᠷ᠎ᠤᠨ ᠠᠷᠪᠠᠨ ᠰᠠᠷ᠎ᠠ᠎ᠳᠤ᠂ ᠠᠭᠤᠯᠠ ᠤᠰᠤᠨ ᠦᠵᠡᠰᠬᠦᠯᠡᠩᠲᠤ ᠰᠠᠢᠬᠠᠨ᠃
《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶᠢᠨ ᠵᠢᠯ᠎ᠦᠨ ᠤᠯᠤᠰ᠎ᠤᠨ ᠪᠠᠶᠠᠷ᠎ᠤᠨ ᠠᠮᠠᠷᠠᠯᠲᠠ᠎ᠶᠢᠨ ᠬᠤᠭᠤᠴᠠᠭᠠᠨ᠎ᠳᠤ᠂ ᠲᠠᠪᠤᠨ ᠣᠳᠣᠲᠤ ᠤᠯᠠᠭᠠᠨ ᠲᠤᠭ ᠵᠡᠭᠡᠯᠢ ᠭᠤᠳᠤᠮᠵᠢ ᠲᠦᠬᠦᠷᠳᠡᠯ᠎ᠡ ᠨᠠᠮᠢᠷᠠᠨ᠎ᠠ᠃ ᠬᠤᠪᠢᠰᠬᠠᠯ᠎ᠤᠨ ᠦᠵᠡᠮᠵᠢ᠎ᠶᠢᠨ ᠣᠷᠣᠨ᠎ᠢᠶᠠᠷ ᠵᠢᠭᠤᠯᠴᠢᠯᠠᠭᠰᠠᠳ ᠨᠠᠭᠠᠰᠢ ᠴᠠᠭᠠᠰᠢ ᠰᠦᠯᠵᠢᠯᠳᠦᠨ᠂ ᠵᠡᠭᠡᠯᠢ ᠭᠤᠳᠤᠮᠵᠢ ᠵᠢᠨ ᠦᠨᠴᠦᠭ ᠪᠤᠯᠤᠩ ᠪᠦᠷᠢᠳᠦ ᠬᠦᠷ ᠬᠦᠭᠵᠢᠶᠡᠨ᠎ᠢᠶᠡᠷ ᠪᠢᠯᠬᠠᠨ᠎ᠠ; ᠬᠡᠷᠡᠭᠯᠡᠭᠡ ᠵᠢᠨ ᠰᠢᠨ᠎ᠡ ᠦᠵᠡᠭᠳᠡᠯ ᠪᠠᠢᠳᠠᠯ᠂ ᠰᠢᠨ᠎ᠡ ᠡᠵᠡᠩᠨᠡᠯᠲᠡ᠎ᠶᠢᠨ ᠬᠡᠯᠪᠡᠷᠢ ᠲᠠᠰᠤᠷᠠᠯᠳᠠ ᠦᠬᠡᠢ ᠢᠯᠡᠷᠡᠭᠰᠡᠨ᠎ᠡᠴᠡ ᠠᠪᠤᠭᠠᠳ ᠥᠨᠳᠥᠷ ᠪᠦᠲᠦᠮᠵᠢᠲᠡᠶ ᠳᠥᠭᠥᠮ ᠲᠦᠷᠬᠡᠨ ᠶᠠᠪᠤᠬᠤ ᠰᠠᠭᠤᠬᠤ ᠵᠢᠨ ᠪᠠᠶᠡᠴᠢᠯᠠᠨ ᠤᠢᠯᠠᠭᠠᠯᠲᠠ ᠪᠠᠶᠠᠯᠢᠬᠵᠢᠬᠰᠠᠨ ᠬᠦᠷᠲᠡᠯ᠎ᠡ ᠁ ᠠᠮᠠᠷᠠᠯᠲᠠ᠎ᠶᠢᠨ ᠡᠳᠦᠷ᠎ᠦᠨ ᠠᠵᠢᠯᠯᠠᠭ᠎ᠠ ᠤᠯᠠᠨ ᠬᠡᠯᠪᠡᠷᠢ ᠪᠡᠷ ᠶᠠᠪᠤᠬᠳᠠᠵᠤ᠂ ᠬᠡᠷᠡᠭᠯᠡᠭᠡ ᠵᠢᠨ ᠵᠠᠬ᠎ᠠ ᠳᠡᠯᠭᠡᠭᠦᠷ᠎ᠦᠨ ᠬᠠᠩᠭᠠᠯᠭ᠎ᠠ ᠬᠡᠷᠡᠭᠴᠡᠭᠡ ᠵᠡᠷᠭᠡ᠎ᠪᠡᠷ ᠬᠥᠭᠵᠢᠶᠠᠨ ᠲᠠᠢ ᠪᠤᠯᠵᠤ᠂ ᠠᠷᠠᠳ ᠤᠯᠠᠨ᠂ ᠠᠵᠤ ᠠᠬᠤᠢ᠂ ᠵᠠᠬ᠎ᠠ ᠳᠡᠯᠭᠡᠭᠦᠷ ᠠᠮᠢᠵᠢᠷᠠᠯ᠎ᠤᠨ ᠬᠦᠴᠦᠨ᠎ᠢᠶᠡᠷ ᠪᠢᠯᠬᠠᠯᠡ᠃
ᠳᠤᠮᠳᠠᠳᠤ᠎ᠶᠢᠨ ᠡᠬᠡ ᠭᠠᠵᠠᠷ᠎ᠲᠤ ᠬᠠᠮᠲᠤ᠎ᠪᠠᠷ ᠪᠠᠶᠠᠷᠯᠠᠯᠳᠤᠨ ᠨᠡᠷᠬᠢᠯᠳᠤᠬᠤ ᠬᠠᠯᠠᠭᠤᠨ ᠳᠤᠯᠠᠭᠠᠨ ᠦᠵᠡᠮᠵᠢ ᠵᠢᠷᠤᠭ ᠪᠣᠯᠣᠨ ᠨᠠᠭᠠᠰᠢ ᠴᠠᠭᠠᠰᠢ ᠶᠠᠪᠤᠬᠤ ᠬᠦᠭᠵᠢᠶᠠᠨᠳᠤ ᠪᠠᠢᠳᠠᠯ ᠨᠢ ᠳᠤᠮᠳᠠᠳᠤ ᠤᠯᠤᠰ᠎ᠤᠨ ᠠᠵᠤ ᠠᠬᠤᠢ᠎ᠶᠢᠨ ᠬᠦᠴᠦᠷᠬᠡᠭ ᠶᠡᠬᠡ ᠤᠶᠠᠨ ᠬᠠᠳᠠᠨ ᠴᠢᠨᠠᠷ ᠪᠣᠯᠣᠨ ᠠᠮᠢᠵᠢᠷᠠᠯ᠎ᠤᠨ ᠬᠦᠴᠦᠨ᠎ᠢ ᠲᠤᠰᠬᠠᠵᠤ᠂ ᠠᠷᠠᠳ ᠤᠯᠠᠨ᠎ᠤ ᠵᠢᠷᠭᠠᠯᠲᠦ ᠲᠥᠷᠥᠭᠳᠡᠯ ᠡᠳᠦᠷ ᠢᠷᠡᠬᠦᠶ᠎ᠡ ᠨᠡᠮᠡᠭᠳᠡᠵᠦ ᠪᠠᠢᠬᠤ᠎ᠶᠢ ᠬᠠᠷᠠᠭᠤᠯᠤᠨ᠎ᠠ᠃
ᠬᠤᠪᠢᠰᠬᠠᠯᠲᠦ ᠵᠢᠭᠤᠯᠴᠢᠯᠠᠯ᠎ᠤᠨ ᠠᠮᠠᠷᠠᠯᠲᠠ᠎ᠶᠢᠨ ᠡᠳᠦᠷ᠄ ᠤᠯᠤᠰ ᠭᠡᠷ᠎ᠦᠨ ᠬᠠᠢᠷ᠎ᠠ ᠰᠡᠳᠬᠢᠯᠭᠡ ᠬᠥᠮᠥᠰ᠎ᠦᠨ ᠰᠡᠳᠬᠢᠯ᠎ᠢ ᠳᠣᠭᠳᠣᠯᠤᠭᠤᠯᠤᠨ᠎ᠠ
《ᠤᠯᠤᠰ᠎ᠤᠨ ᠲᠤᠭ ᠲᠠᠭᠠᠨ — ᠶᠣᠰᠣᠯᠠᠶ᠎ᠠ!》
10 ᠰᠠᠷ᠎ᠠ᠎ᠶᠢᠨ 1᠎ᠤ᠋ ᠥᠷᠯᠥᠭᠡ᠂ ᠨᠡᠢᠰᠯᠡᠯ ᠪᠡᠭᠡᠵᠢᠩ᠎ᠳᠦ 《ᠵᠢᠷᠤᠮ᠎ᠤᠨ ᠴᠡᠷᠢᠭ᠎ᠦᠨ ᠤᠷᠤᠭᠰᠢᠯᠠᠯᠲᠠ᠎ᠶᠢᠨ ᠳᠠᠭᠤᠤ》 ᠲᠢᠶᠠᠨ ᠠᠨ ᠮᠸᠨ ᠠᠭᠤᠳᠠᠮ ᠲᠠᠯᠠᠪᠠᠢ᠎ᠳᠤ ᠴᠤᠤᠷᠢᠶᠠᠲᠤᠵᠤ᠂ ᠪᠦᠬᠦ ᠤᠯᠤᠰ᠎ᠤᠨ ᠡᠯ᠎ᠡ ᠭᠠᠵᠠᠷ᠎ᠡᠴᠡ ᠬᠦᠷᠦᠯᠴᠡᠨ ᠢᠷᠡᠭᠰᠡᠨ ᠬᠥᠮᠥᠰ ᠴᠡᠭᠡᠵᠢ ᠲᠡᠨᠢᠢᠨ ᠲᠥᠪ ᠵᠣᠭᠰᠣᠵᠤ᠂ ᠲᠠᠪᠤᠨ ᠣᠳᠣᠲᠤ ᠤᠯᠠᠭᠠᠨ ᠲᠤᠭ ᠤᠷᠭᠤᠬᠤ ᠨᠠᠷᠠ ᠲᠡᠢ ᠴᠤᠬᠵᠢᠡᠷ ᠮᠠᠨᠳᠤᠬᠤ᠎ᠶᠢ ᠬᠠᠮᠲᠤ᠎ᠪᠠᠷ ᠭᠡᠷᠡᠴᠢᠯᠡᠪᠡ᠃
ᠤᠯᠤᠰ᠎ᠤᠨ ᠲᠤᠭ᠎ᠢ ᠮᠠᠨᠳᠤᠭᠤᠯᠬᠤ ᠶᠤᠰᠤᠯᠠᠯ ᠲᠠᠭᠤᠰᠬᠤ ᠪᠡᠷ ᠠᠯᠠᠭ᠎ᠠ ᠲᠡᠰᠢᠯᠲᠡ᠎ᠶᠢᠨ ᠲᠠᠭᠤᠨ᠂ ᠤᠤᠬᠠᠢᠯᠠᠨ ᠬᠠᠰᠬᠢᠷᠬᠤ ᠲᠠᠭᠤᠨ ᠳᠠᠯᠠᠢ᠎ᠶᠢᠨ ᠲᠦᠯᠬᠢᠯᠲᠡ ᠮᠡᠲᠦ ᠨᠦᠷᠬᠢᠯᠡᠨ ᠴᠤᠤᠷᠢᠶᠠᠲᠤᠨ᠎ᠠ᠃ ᠡᡁᠸᠪᠸᠢ ᠵᠢᠨ ᠯᠠᠩᠹᠠᠩ᠎ᠡᠴᠡ ᠢᠷᠡᠭᠰᠡᠨ ᠵᠠᠩ ᠽᠢ ᠸᠠᠩ ᠡᠨᠡ ᠵᠢᠯ ᠨᠢᠭᠡᠨᠲᠡ 22 ᠳ᠋ᠤᠭᠠᠷ ᠤᠳᠠᠭ᠎ᠠ ᠤᠯᠤᠰ᠎ᠤᠨ ᠲᠤᠭ ᠮᠠᠨᠳᠤᠭᠤᠯᠬᠤ᠎ᠶᠢ ᠦᠵᠡᠬᠦ᠎ᠪᠡᠷ ᠢᠷᠡᠭᠰᠡᠨ ᠪᠠᠢᠵᠠᠢ᠂ ᠲᠡᠷᠡ 《ᠤᠳᠠᠭ᠎ᠠ ᠪᠣᠯᠭᠠᠨ ᠪᠦᠷ ᠠᠳᠠᠯᠢ ᠪᠤᠰᠤ ᠲᠦᠷᠦᠭᠳᠡᠯ ᠰᠡᠳᠬᠢᠭᠳᠡᠯ ᠲᠠᠢ》 ᠭᠡᠵᠦ ᠰᠡᠳᠬᠢᠯ ᠬᠥᠳᠡᠯ᠎ᠤᠨ ᠬᠡᠯᠡᠪᠡ᠃
ᠲᠦᠪ ᠶᠡᠬᠡᠮᠰᠦᠭ ᠶᠣᠰᠣᠯᠠᠯ᠂ ᠦᠨᠡᠨ ᠰᠡᠳᠬᠢᠯ᠎ᠤᠨ ᠦᠴᠢᠯ ᠨᠢ ᠤᠯᠤᠰ ᠭᠡᠷ᠎ᠦᠨ ᠭᠦᠨ ᠵᠤᠵᠠᠭᠠᠨ ᠬᠠᠢᠷ᠎ᠠ ᠰᠡᠳᠬᠢᠯᠭᠡ᠎ᠶᠢ ᠰᠡᠢᠯᠦᠨ ᠦᠯᠡᠳᠡᠬᠡᠨ᠎ᠡ᠃
ᠡᠨᠡ ᠵᠢᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 105 ᠵᠢᠯ᠎ᠦᠨ ᠤᠢ᠂ ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠍ᠢᠨ ᠢᠯᠠᠯᠲᠠ ᠣᠯᠣᠭᠰᠠᠨ 90 ᠵᠢᠯ᠎ᠦᠨ ᠤᠢ ᠪᠣᠯᠣᠨ᠎ᠠ᠃ ᠡᠨᠡ ᠨᠢ ᠡᠨᠡ ᠵᠢᠯ᠎ᠦᠨ ᠤᠯᠤᠰ᠎ᠤᠨ ᠪᠠᠶᠠᠷ᠎ᠤᠨ ᠠᠮᠠᠷᠠᠯᠲᠠ᠎ᠶᠢᠨ ᠬᠤᠭᠤᠴᠠᠭᠠᠨ᠎ᠳᠤ ᠣᠨᠴᠠᠭᠠᠶ ᠤᠳᠬ᠎ᠠ ᠠᠭᠤᠯᠭᠠᠨᠠᠮᠠᠷᠢᠯᠠᠵᠠᠢ᠃
ᠦᠷᠡᠭᠳᠡᠭᠰᠡᠨ ᠪᠠᠭᠠᠲᠤᠷ ᠹᠠᠩ ᡁᠢ ᠮᠢᠨᠦ ᠴᠢᠨᠳᠠᠷ᠎ᠤᠨ ᠲᠤᠬᠠᠢ ᠬᠢᠨᠠᠨ ᠲᠣᠭᠲᠠᠭᠠᠯᠲᠠ᠎ᠶᠢᠨ ᠪᠢᠴᠢᠭ᠂ ᠤᠷᠳᠤ ᠵᠠᠮ᠎ᠤᠨ ᠠᠶᠠᠨ ᠲᠠᠢ᠍ᠢᠨ᠎ᠳᠦ ᠬᠡᠷᠡᠭᠯᠡᠭᠰᠡᠨ ᠬᠦᠮᠦᠨ᠎ᠤ ᠬᠦᠴᠤ ᠪᠡᠷ ᠠᠵᠢᠯᠯᠠᠭᠤᠯᠬᠤ ᠴᠠᠬᠢᠯᠭᠠᠨ ᠭᠠᠷᠭᠠᠬᠤ ᠮᠠᠰᠢᠨ ᠁ ᠳᠤᠮᠳᠠᠳᠤ ᠤᠯᠤᠰ᠎ᠤᠨ ᠠᠷᠠᠳ᠎ᠤᠨ ᠬᠤᠪᠢᠰᠬᠠᠯᠲᠤ ᠴᠡᠷᠢᠭ᠎ᠦᠨ ᠶᠠᠪᠤᠳᠠᠯ᠎ᠤᠨ ᠮᠦᠽᠧᠢ᠎ᠳᠦ᠂ 《ᠠᠭᠤᠤ ᠶᠡᠬᠡ ᠠᠶᠠᠨ ᠲᠠᠢ᠍ᠢᠨ — ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠍ᠢᠨ ᠢᠯᠠᠯᠲᠠ ᠣᠯᠣᠭᠰᠠᠨ 90 ᠵᠢᠯ᠎ᠦᠨ ᠤᠢ᠎ᠶᠢ ᠳᠤᠷᠠᠰᠬᠠᠬᠤ ᠭᠣᠣᠯ ᠰᠡᠳᠦᠪᠲᠦ ᠦᠵᠡᠰᠬᠦᠯᠡᠩ》 ᠬᠦᠮᠦᠰ᠎ᠤᠨ ᠰᠤᠨᠢᠷᠬᠠᠯ᠎ᠢ ᠶᠡᠬᠡᠳᠡ ᠲᠠᠲᠠᠪᠠ᠃
ᠪᠦᠷᠢᠳᠬᠡᠯ᠎ᠡᠴᠡ ᠦᠵᠡᠪᠡᠯ᠂ 10 ᠰᠠᠷ᠎ᠠ᠎ᠶᠢᠨ 1᠎ᠡᠴᠡ 6᠎ᠤ᠋ ᠡᠳᠦᠷ ᠪᠣᠯᠲᠠᠯ᠎ᠠ ᠨᠢᠭᠡᠨᠲᠡ 19 ᠲᠦᠮᠡᠨ ᠬᠥᠮᠥᠨ ᠤᠳᠠᠭ᠎ᠠ ᠦᠵᠡᠰᠬᠦᠯᠡᠩ᠎ᠢ ᠲᠣᠭᠣᠷᠢᠨ ᠦᠵᠡᠪᠡ᠃ ᠡᠩᠭᠡᠷ ᠲᠡᠭᠡᠨ ᠤᠯᠠᠭᠠᠨ ᠪᠦᠴᠡ ᠵᠡᠭᠦᠭᠰᠡᠨ ᠪᠠᠭᠠᠴᠤᠳ᠎ᠡᠴᠡ ᠠᠪᠤᠭᠠᠳ ᠥᠲᠡᠯᠦᠭᠡ ᠨᠠᠰᠤᠲᠠᠳ ᠬᠦᠷᠲᠡᠯ᠎ᠡ᠂ ᠮᠠᠰᠢ ᠤᠯᠠᠨ ᠲᠤᠭᠤᠷᠢᠨ ᠦᠵᠡᠭᠴᠢᠳ ᠦᠵᠡᠰᠬᠦᠯᠡᠩ᠎ᠢ ᠰᠤᠨᠢᠷᠬᠠᠨ ᠤᠷᠳᠤ ᠵᠠᠮ᠎ᠤᠨ ᠠᠶᠠᠨ ᠲᠠᠢ᠍ᠢᠨ᠎ᠦ ᠵᠠᠮ᠎ᠢᠶᠠᠷ ᠳᠠᠬᠢᠨ 《ᠠᠶᠠᠯᠠᠵᠤ》᠂ ᠤᠷᠳᠤ ᠵᠠᠮ᠎ᠤᠨ ᠠᠶᠠᠨ ᠲᠠᠢ᠍ᠢᠨ᠎ᠦ ᠠᠭᠤᠤ ᠶᠡᠬᠡ ᠵᠣᠷᠢᠭ᠋ ᠰᠠᠨᠠᠭ᠎ᠠ᠎ᠶᠢ ᠮᠡᠳᠡᠷᠡᠨ ᠣᠢᠯᠠᠭᠠᠭᠰᠠᠨ ᠪᠠᠢᠨ᠎ᠠ᠃
ᠪᠡᠭᠡᠵᠢᠩ᠎ᠦᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠦᠨ ᠲᠤᠷᠰᠢᠯᠲᠠ᠎ᠶᠢᠨ ᠪᠠᠭ᠎ᠠ ᠰᠤᠷᠭᠠᠭᠤᠯᠢ᠎ᠶᠢᠨ ᠰᠤᠷᠤᠭ᠍ᠴᠢ ᠵᠤᠤ ᠢᠦᠢ ᠪᠥᠸᠧ ᠭᠡᠷ᠎ᠦᠨ ᠬᠥᠮᠥᠰ᠎ᠲᠠᠢ᠎ᠪᠡᠨ ᠦᠵᠡᠰᠬᠦᠯᠡᠩ᠎ᠢ ᠲᠤᠭᠤᠷᠢᠨ ᠰᠤᠨᠢᠷᠬᠠᠪᠠ᠃ 《ᠥᠩᠭᠡᠷᠡᠭᠰᠡᠨ᠎ᠳᠦ ᠨᠣᠮ ᠪᠢᠴᠢᠭ ᠳᠡᠭᠡᠷ᠎ᠡ ᠡᠴᠡ ᠤᠷᠳᠤ ᠵᠠᠮ᠎ᠤᠨ ᠠᠶᠠᠨ ᠲᠠᠢ᠍ᠢᠨᠤ ᠲᠤᠬᠠᠢ ᠰᠤᠷᠤᠯᠴᠠᠵᠤ᠂ ᠲᠡᠦᠬᠡ᠎ᠶᠢᠨ ᠬᠡᠷᠡᠭ ᠶᠠᠪᠤᠳᠠᠯ᠎ᠤᠳ᠎ᠢ ᠴᠡᠭᠡᠵᠢᠯᠡᠵᠦ ᠪᠠᠢᠪᠠ; ᠤᠳᠤ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠡᠮᠦᠨ᠎ᠡ ᠵᠣᠭᠰᠣᠭᠠᠳ᠂ 〈ᠬᠤᠪᠢᠰᠬᠠᠯ᠎ᠤᠨ ᠬᠦᠰᠡᠯᠡᠩ ᠶᠠᠭᠤᠨ ᠡᠴᠡ ᠴᠦ᠍ ᠡᠷᠬᠢᠮ ᠳᠡᠭᠡᠳᠦ〉 ᠭᠡᠳᠡᠭ ᠨᠢ ᠤᠷᠢᠶ᠎ᠠ ᠪᠢᠰᠢ᠂ ᠬᠠᠷᠢᠨ ᠲᠣᠭ᠎ᠠ ᠲᠣᠮᠰᠢ ᠦᠭᠡᠢ ᠤᠯᠠᠨ ᠠᠬᠠᠮᠠᠳ ᠦᠶ᠎ᠡ᠎ᠶᠢᠨ ᠬᠢᠨ᠎ᠦ ᠠᠮᠢ ᠨᠠᠰᠤ᠎ᠪᠠᠷ᠎ᠢᠶᠠᠨ ᠦᠢᠯᠡᠳᠦᠯᠭᠡᠵᠢᠭᠦᠯᠦᠭᠰᠡᠨ ᠢᠲᠡᠭᠡᠯ ᠪᠢᠰᠢᠷᠡᠯ ᠪᠣᠯᠬᠤ᠎ᠶᠢ ᠴᠢᠩ ᠰᠡᠳᠬᠢᠯ ᠡᠴᠡ ᠪᠡᠨ ᠤᠢᠯᠠᠭᠠᠨ ᠮᠡᠳᠡᠷᠡᠵᠦ ᠪᠠᠢᠨ᠎ᠠ》 ᠭᠡᠵᠦ ᠵᠤᠤ ᠢᠦᠢ ᠪᠥᠸᠧ ᠬᠡᠯᠡᠪᠡ᠃
ᠦᠵᠡᠰᠬᠦᠯᠡᠩ ᠵᠢᠡᠷ ᠰᠡᠳᠬᠢᠯ ᠰᠠᠨᠠᠭ᠎ᠠ ᠪᠠᠨ ᠤᠮᠳᠠᠯᠠᠵᠤ᠂ ᠰᠣᠶᠣᠯ᠎ᠢᠶᠠᠷ ᠬᠥᠮᠥᠨ᠎ᠢ ᠬᠥᠮᠥᠵᠢᠭᠦᠯᠦᠨ᠎ᠡ᠃ ᠬᠤᠪᠢᠰᠬᠠᠯ᠎ᠤᠨ ᠪᠠᠭᠤᠷᠢ᠎ᠳᠤ ᠬᠦᠷᠴᠤ᠂ ᠬᠤᠪᠢᠰᠬᠠᠯ᠎ᠤᠨ ᠦᠵᠡᠰᠬᠦᠯᠡᠩ᠎ᠢ ᠰᠣᠨᠢᠷᠬᠠᠵᠤ᠂ ᠡᠯ᠎ᠡ ᠭᠠᠵᠠᠷ᠎ᠤᠨ ᠬᠤᠪᠢᠰᠬᠠᠯ᠎ᠤᠨ ᠵᠢᠭᠤᠯᠴᠢᠯᠠᠯ᠎ᠤᠨ ᠬᠠᠯᠠᠮᠰᠢᠯ ᠦᠷᠭᠦᠯᠵᠢᠯᠡᠵᠦ᠂ ᠤᠯᠠᠯᠵᠠᠨ ᠪᠠᠳᠠᠷᠠᠬᠤ ᠳᠤᠮᠳᠠᠳᠤ᠎ᠵᠢᠨ ᠤᠯᠠᠭᠠᠨ ᠥᠩᠭᠡ ᠨᠢ ᠡᠨᠡ ᠬᠦ᠌ ᠠᠮᠠᠷᠠᠯᠲᠠ᠎ᠶᠢᠨ ᠬᠤᠭᠤᠴᠠᠭᠠᠨ᠎ᠤ ᠬᠠᠮᠤᠭ᠎ᠤᠨ ᠢᠯᠡ ᠲᠣᠳᠣ᠌ ᠳᠡᠪᠢᠰᠭᠡᠷ ᠥᠩᠭᠡ ᠪᠣᠯᠪᠠ᠃
ᠱᠠᠨᠰᠢ᠎ᠳᠤ᠂ ᠬᠥᠮᠥᠰ ᠶᠠᠨ ᠠᠨ᠎ᠤ ᠪᠦᠦ ᠲᠠ ᠱᠠᠨ ᠠᠭᠤᠯᠨ ᠵᠢᠨ ᠬᠣᠷᠮᠣᠢ᠎ᠳᠤ ᠴᠤᠭᠯᠠᠷᠠᠵᠤ᠂ 《ᠪᠢ ᠪᠣᠯᠣᠨ ᠮᠢᠨᠤ ᠡᠬᠡ ᠤᠯᠤᠰ》 ᠭᠡᠬᠦ ᠳᠠᠭᠤᠤ᠎ᠶᠢ ᠬᠠᠩᠭᠢᠨᠠᠭᠤᠯᠪᠠ; ᠭᠤᠸᠠᠨᠭᠰᠢᠳᠤ᠂ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠍ᠢᠨ᠎ᠦ ᠰᠢᠶᠠᠩᠵᠢᠶᠠᠩ ᠮᠥᠷᠡᠨ᠎ᠦ ᠳᠠᠢᠯᠠᠯᠳᠤᠭᠠᠨ᠎ᠤ ᠳᠤᠷᠠᠰᠬᠠᠯ᠎ᠤᠨ ᠬᠦᠷᠢᠶᠡᠯᠡᠩ᠎ᠦᠨ ᠳᠤᠷᠠᠰᠬᠠᠯ᠎ᠤᠨ ᠲᠠᠯᠠᠪᠠᠢ᠎ᠳᠤ᠂ ᠬᠥᠮᠥᠰ ᠦᠷᠡᠭᠳᠡᠭᠰᠡᠨ ᠪᠠᠭᠠᠲᠤᠷᠴᠤᠳ᠎ᠲᠤ ᠰᠣᠷᠭᠣᠭ ᠴᠡᠴᠡᠭ ᠬᠦᠷᠭᠡᠪᠡ; ᠠᠨᠾᠦ᠋ᠢ ᠮᠤᠵᠢ᠎ᠳᠤ᠂ ᠵᠢᠭᠤᠯᠴᠢᠯᠠᠭᠰᠠᠳ ᠬᠤᠪᠢᠰᠬᠠᠯ᠎ᠤᠨ ᠬᠠᠭᠤᠴᠢᠨ ᠣᠷᠣᠨ ᠪᠤᠯᠬᠤ᠎ᠶᠢᠨ ᠵᠠᠢ ᠰᠢᠶᠠᠨ᠎ᠳᠤ ᠢᠷᠡᠵᠦ᠂ ᠲᠤᠬᠠᠢ᠎ᠶᠢᠨ ᠵᠢᠯ᠎ᠦᠨ ᠤᠯᠠᠭᠠᠨ ᠴᠡᠷᠢᠭ᠎ᠦᠨ ᠲᠣᠭᠣᠷᠢᠨ ᠪᠠᠢᠯᠳᠤᠵᠤ ᠪᠠᠢᠭᠰᠠᠨ ᠤᠯᠠ ᠮᠥᠷ᠎ᠢ ᠳᠠᠭᠠᠵᠤ ᠳᠠᠢ᠍ᠢᠨ᠎ᠦ ᠭᠠᠯ ᠳᠦᠷᠡᠯᠵᠡᠭᠰᠡᠨ ᠣᠨ ᠰᠠᠷ᠎ᠠ᠎ᠶᠢ ᠰᠠᠨᠠᠭᠠᠯᠵᠠᠪᠠ ᠁
ᠬᠤᠪᠢᠰᠬᠠᠯ᠎ᠤᠨ ᠠᠶᠠᠯᠠᠯ ᠪᠣᠯᠣᠨ ᠤᠯᠤᠰ᠎ᠢᠶᠠᠨ ᠬᠠᠢᠷᠠᠯᠠᠬᠤ ᠰᠡᠳᠬᠢᠯᠭᠡ ᠨᠢ ᠠᠮᠠᠷᠠᠯᠲᠠ᠎ᠶᠢᠨ ᠡᠳᠦᠷ᠎ᠲᠦ ᠭᠦᠨ ᠵᠤᠵᠠᠭᠠᠨ ᠤᠶᠤᠨ ᠰᠠᠨᠠᠭᠠᠨ᠎ᠤ ᠬᠦᠴᠦᠨ ᠴᠢᠳᠠᠯ᠎ᠢ ᠨᠡᠮᠡᠷᠢᠯᠡᠵᠡᠢ᠃
ᠠᠮᠢᠵᠢᠷᠠᠯ᠎ᠤᠨ ᠬᠦᠴᠦᠨ᠎ᠳᠤ ᠠᠮᠠᠷᠠᠯᠲᠠ᠎ᠶᠢᠨ ᠡᠳᠦᠷ᠄ ᠬᠡᠷᠡᠭᠯᠡᠭᠡ ᠵᠢᠨ ᠵᠠᠬ᠎ᠠ ᠳᠡᠯᠭᠡᠭᠦᠷ ᠤᠨᠴᠡ ᠵᠢᠨ ᠬᠦᠭᠵᠢᠶᠡᠨ ᠲᠡᠢ
ᠪᠦᠷᠦᠢ ᠲᠠᠰᠤᠷᠠᠬᠤ ᠦᠶ᠎ᠡ ᠪᠡᠷ᠂ ᠴᠦᠩᠴᠢᠩ᠎ᠦᠨ ᠵᠢᠯᠣᠭᠣᠴᠢ ᠦᠭᠡᠢ ᠨᠢᠰᠬᠡᠯ᠎ᠦᠨ ᠳ᠋ᠸᠩ᠎ᠤᠨ ᠦᠵᠡᠬᠦᠯᠬᠡ ᠵᠢᠨ ᠤᠯᠤᠰ᠎ᠤᠨ ᠪᠠᠶᠠᠷ᠎ᠤᠨ ᠦᠵᠡᠭᠦᠯᠭᠡ᠎ᠶᠢᠨ ᠠᠬᠤᠢ ᠲᠠᠯᠠᠪᠠᠶ᠎ᠳᠤ᠂ 5000 ᠵᠢᠯᠣᠭᠣᠴᠢ ᠦᠭᠡᠢ ᠨᠢᠰᠬᠡᠯ ᠦᠨᠳᠦᠷ ᠲᠤ᠌ ᠳᠡᠭᠦᠯᠢᠨ ᠨᠢᠰᠴᠦ᠂ ᠪᠦᠬᠦᠢᠯᠡ ᠰᠥᠨᠢ᠎ᠶᠢᠨ ᠣᠭᠲᠠᠷᠭᠤᠢ᠎ᠶᠢ ᠭᠡᠷᠡᠯᠲᠦᠭᠦᠯᠪᠡ᠃
《ᠮᠠᠨ᠎ᠤ ᠪᠤᠶ ᠪᠦᠬᠦᠢ ᠲᠤᠰᠬᠠᠢ ᠥᠷᠥᠭᠡ ᠵᠢ ᠬᠡᠳᠦᠨ ᠡᠳᠦᠷ᠎ᠦᠨ ᠡᠮᠦᠨ᠎ᠡ ᠲᠠᠷᠤᠢ ᠨᠢᠬᠡᠨᠳᠡ ᠵᠠᠬᠢᠶᠠᠯᠠᠴᠢᠬᠠᠭᠰᠠᠨ》᠃ ᠨᠢᠭᠡᠨ ᠬᠠᠯᠠᠭᠤᠨ ᠲᠣᠭᠣᠭ᠎ᠠ ᠵᠢᠨ ᠳᠡᠯᠭᠡᠭᠦᠷ᠎ᠦᠨ ᠳᠠᠭᠠᠭᠠᠮᠠᠯ᠂ ᠦᠵᠡᠭᠦᠯᠭᠡ᠎ᠶᠢᠨ ᠤᠢᠷ᠎ᠠ ᠬᠠᠪᠢ ᠵᠢᠨ 《ᠲᠤᠭᠯᠠᠯᠲᠠ ᠰᠤᠨᠢᠷᠬᠠᠬᠤ ᠬᠠᠮᠤᠭ᠎ᠤᠨ ᠰᠠᠢᠨ ᠭᠠᠵᠠᠷ》 ᠲᠦ᠍᠂ ᠤᠯᠠᠨᠭᠬᠢ ᠬᠣᠭᠣᠯᠠᠨ ᠭᠡᠷ ᠴᠥᠮ ᠵᠠᠬᠢᠶᠠᠯᠠᠭ᠎ᠠ ᠲᠦᠬᠦᠷᠡᠩ ᠭᠡᠵᠤ ᠲᠠᠨᠢᠯᠴᠠᠭᠤᠯᠪᠠ᠃
ᠠᠮᠠᠷᠠᠯᠲᠠ᠎ᠶᠢᠨ ᠡᠳᠦᠷ᠎ᠦᠨ ᠠᠵᠤ ᠠᠬᠤᠢ ᠪᠣᠯ ᠤᠯᠤᠰ᠎ᠤᠨ ᠳᠣᠲᠣᠭᠠᠳᠤ᠎ᠶᠢᠨ ᠶᠡᠬᠡ ᠡᠷᠭᠢᠯᠲᠡ᠎ᠶᠢᠨ ᠠᠮᠢᠵᠢᠷᠠᠯ᠎ᠤᠨ ᠬᠦᠴᠦᠨ᠎ᠢ ᠠᠵᠢᠭ᠍ᠯᠠᠬᠤ ᠴᠢᠬᠤᠯᠠ ᠴᠣᠩᠬᠣᠪᠴᠢ ᠮᠥᠨ᠃ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠬᠤᠳᠠᠯᠳᠤᠭᠠᠨ᠎ᠤ ᠶᠠᠪᠤᠳᠠᠯ᠎ᠤᠨ ᠲᠤᠮᠤ ᠳ᠋ᠠᠢᠲ᠋ᠠ᠎ᠳᠤ ᠬᠠᠷᠠᠭᠤᠯᠤᠭᠰᠠᠨ᠎ᠢᠶᠡᠷ᠂ ᠤᠯᠤᠰ᠎ᠤᠨ ᠪᠠᠶᠠᠷ᠎ᠤᠨ ᠠᠮᠠᠷᠠᠯᠲᠠ ᠵᠢᠨ ᠡᠮᠦᠨ᠎ᠡ ᠭᠤᠷᠪᠠᠨ ᠡᠳᠦᠷ᠎ᠲᠦ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠭᠣᠣᠯᠳᠠᠯᠭ᠎ᠠ᠎ᠲᠠᠢ ᠬᠢᠨᠠᠨ ᠬᠡᠮᠵᠢᠭᠰᠡᠨ 78 ᠶᠠᠪᠠᠭᠠᠨ ᠵᠡᠭᠡᠯᠢ (ᠬᠤᠳᠠᠯᠳᠤᠭᠠᠨ᠎ᠤ ᠲᠣᠭᠣᠷᠢᠭ᠋) ᠪᠡᠷ ᠠᠶᠠᠯᠠᠭᠰᠠᠨ ᠵᠢᠭᠤᠯᠴᠢᠯᠠᠭᠰᠠᠳ᠎ᠤᠨ ᠲᠣᠭ᠎ᠠ᠂ ᠡᠵᠡᠩᠨᠡᠯᠲᠡ᠎ᠶᠢᠨ ᠬᠡᠮᠵᠢᠶ᠎ᠡ ᠨᠢ ᠠᠳᠠᠯᠢ ᠬᠤᠭᠤᠴᠠᠭᠠᠨ᠎ᠤ ᠬᠢ᠎ᠡᠴᠡ ᠲᠣᠰ ᠲᠣᠰ 3.4%᠂ 5.3% ᠪᠡᠷ ᠨᠡᠮᠡᠭᠳᠡᠭᠰᠡᠨ ᠪᠠᠢᠨ᠎ᠠ᠃
ᠴᠡᠴᠡᠭᠯᠡᠨ ᠬᠥᠭᠵᠢᠭᠰᠡᠨ ᠵᠠᠬ᠎ᠠ ᠳᠡᠯᠭᠡᠭᠦᠷ᠂ ᠬᠦᠭᠵᠢᠶᠠᠨᠳᠤ ᠬᠡᠷᠡᠭᠯᠡᠭᠡ ᠨᠢ ᠤᠯᠤᠰ᠎ᠤᠨ ᠳᠣᠲᠣᠭᠠᠳᠤ᠎ᠶᠢᠨ ᠲᠣᠮᠣ᠌ ᠵᠠᠬ᠎ᠠ ᠳᠡᠯᠭᠡᠭᠦᠷ᠎ᠦᠨ ᠥᠷᠨᠢᠭᠦᠨ ᠬᠥᠭᠵᠢᠯᠲᠡ᠎ᠶᠢᠨ ᠳᠣᠲᠣᠭᠠᠳᠤ ᠬᠥᠳᠡᠯᠭᠡᠬᠦ ᠬᠦᠴᠦᠨ᠎ᠢ ᠢᠯᠡᠷᠡᠭᠦᠯᠵᠦ᠂ ᠳᠤᠮᠳᠠᠳᠤ ᠤᠯᠤᠰ᠎ᠤᠨ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢᠨ ᠠᠮᠢᠳᠤᠯᠢᠭ᠋ ᠬᠤᠷᠢᠶᠠᠩᠭᠤᠢ ᠳᠦᠷᠰᠦ ᠪᠣᠯᠤᠭᠰᠠᠨ ᠪᠠᠢᠨ᠎ᠠ᠃
ᠲᠢᠶᠠᠨᠵᠢᠨ᠎ᠤ ᠡᠷᠲᠡᠨ᠎ᠦ ᠰᠣᠶᠣᠯ᠎ᠤᠨ ᠵᠡᠭᠡᠯᠢ᠎ᠶᠢᠨ ᠶᠠᠩ ᠯᠢᠦ ᠴᠢᠩ ᠵᠢᠷᠤᠭ᠎ᠤᠨ ᠳᠡᠯᠭᠡᠭᠦᠷ᠎ᠲᠦ᠂ ᠵᠢᠭᠤᠯᠴᠢᠯᠠᠭᠰᠠᠳ ᠥᠪᠡᠷ᠎ᠦᠨ ᠭᠠᠷ᠎ᠢᠶᠠᠷ᠎ᠢᠶᠠᠨ ᠴᠠᠭᠠᠨ ᠰᠠᠷ᠎ᠠ᠎ᠶᠢᠨ ᠵᠢᠷᠤᠭ ᠳᠠᠷᠤᠮᠠᠯᠯᠠᠨ᠂ ᠲᠤᠷᠰᠢᠨ ᠰᠡᠢᠯᠤᠨᠡ; ᠴᠧᠩᠳᠦ᠋᠎ᠶᠢᠨ ᠦ᠋ ᠾᠧᠦ ᠰᠧ ᠰᠦᠮ᠎ᠡ᠎ᠳᠦ᠂ ᠲᠤᠭᠯᠠᠯᠲᠠ ᠰᠣᠨᠢᠷᠬᠠᠵᠤ᠂ ᠰᠧᠴᠦᠸᠠᠨ ᠵᠦᠴᠦᠭᠡᠰᠣᠨᠣᠰᠤᠨᠠ ᠁
《ᠰᠠᠭᠤᠭᠠᠯᠢ ᠠᠷᠠᠳ᠎ᠤᠨ ᠬᠡᠷᠡᠭᠯᠡᠭᠡ ᠵᠢᠨ ᠬᠡᠷᠡᠭᠴᠡᠭᠡ᠎ᠶᠢᠨ ᠲᠠᠰ ᠳᠡᠪᠰᠢᠬᠦ᠎ᠶᠢ ᠳᠠᠭᠠᠯᠳᠤᠨ ᠰᠣᠶᠣᠯ ᠪᠠ ᠵᠢᠭᠤᠯᠴᠢᠯᠠᠯ ᠨᠢ ᠢᠳᠡᠭ ᠢᠳᠡᠭ᠎ᠢᠶᠡᠷ ᠠᠭᠤᠰᠤᠯᠴᠠᠵᠤ᠂ ᠰᠣᠶᠣᠯ ᠢᠷᠭᠡᠨᠰᠢᠯ᠎ᠦᠨ ᠡᠬᠢ ᠪᠠᠶᠠᠯᠢᠭ᠋ ᠨᠢ ᠬᠡᠷᠡᠭᠯᠡᠭᠡ᠎ᠶᠢ ᠬᠥᠭᠵᠢᠭᠡᠬᠦ᠂ ᠠᠵᠤ ᠠᠬᠤᠢ᠎ᠳᠤ ᠡᠨᠧᠷᠭᠢ ᠣᠯᠭᠣᠬᠤ ᠵᠠᠩᠭᠢᠯᠠᠭ᠎ᠠ᠎ᠶᠢᠨ ᠬᠦᠴᠦᠨ ᠵᠦᠢᠯ ᠪᠣᠯᠵᠠᠢ》᠃ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠤᠯᠤᠰ᠎ᠤᠨ ᠮᠡᠳᠡᠭᠡ ᠵᠠᠩᠭᠢ᠎ᠶᠢᠨ ᠲᠥᠪ᠎ᠦᠨ ᠬᠣᠷᠸ᠎ᠠ ᠠᠵᠤ ᠠᠬᠤᠢ᠎ᠶᠢᠨ ᠰᠤᠳᠤᠯᠭᠠᠨ᠎ᠤ ᠲᠠᠰᠤᠭ᠎ᠤᠨ ᠳᠡᠳ᠋ ᠡᠷᠬᠢᠯᠡᠭᠴᠢ ᠽᠧᠦ ᠶᠦᠨ ᠬᠠᠨ᠂ ᠬᠠᠩᠭᠠᠯᠭ᠎ᠠ᠎ᠶᠢᠨ ᠲᠠᠯ᠎ᠠ ᠨᠢ ᠬᠡᠷᠡᠭᠯᠡᠭᠡ ᠵᠢᠨ ᠦᠵᠡᠭᠳᠡᠯ ᠪᠠᠢᠳᠠᠯ᠎ᠤᠨ ᠲᠠᠯ᠎ᠠ᠎ᠪᠠᠷ ᠲᠠᠰᠤᠷᠠᠯᠲᠠ ᠦᠭᠡᠢ ᠰᠢᠨ᠎ᠡ᠎ᠶᠢ ᠡᠭᠦᠳᠴᠦ᠂ ᠬᠡᠷᠡᠭᠯᠡᠭᠡ ᠵᠢᠨ ᠪᠡᠶᠡᠴᠢ ᠣᠢᠯᠠᠭᠠᠯᠲᠠ᠎ᠵᠢ ᠲᠠᠰ ᠳᠡᠪᠰᠢᠭᠦᠯᠵᠦ᠂ ᠠᠵᠤ ᠠᠬᠤᠢ᠎ᠶᠢᠨ ᠬᠥᠭᠵᠢᠯᠲᠡ ᠨᠢ ᠨᠠᠩ 《ᠬᠥᠮᠥᠨ》 ᠤ᠋ ᠬᠡᠷᠡᠭᠴᠡᠭᠡ᠎ᠪᠡᠷ ᠤᠳᠤᠷᠢᠳᠤᠮᠵᠢ ᠪᠣᠯᠭᠠᠬᠤ᠎ᠶᠢ ᠢᠯᠡᠷᠡᠭᠦᠯᠵᠡᠢ ᠬᠡᠪᠡ᠃
ᠡᠨᠡ ᠵᠢᠯ᠎ᠤᠨ ᠤᠯᠤᠰ᠎ᠤᠨ ᠪᠠᠶᠠᠷ᠎ᠤᠨ ᠠᠮᠠᠷᠠᠯᠲᠠ᠎ᠶᠢᠨ ᠬᠤᠭᠤᠴᠠᠭᠠᠨ᠎ᠳᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠶᠢᠨ ᠦᠷ᠎ᠡ ᠪᠦᠲᠦᠭᠡᠯ ᠨᠢ ᠰᠣᠶᠣᠯ ᠵᠢᠭᠤᠯᠴᠢᠯᠠᠯ᠎ᠤᠨ ᠬᠦᠷᠢᠶᠡᠨ᠎ᠳᠦ ᠰᠢᠨ᠎ᠡ᠎ᠶᠢ ᠡᠭᠦᠳᠦᠨ ᠬᠡᠷᠡᠭᠯᠡᠬᠦ᠎ᠶᠢ ᠲᠦᠷᠭᠡᠳᠬᠡᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠨᠢ ᠬᠡᠷᠡᠭᠯᠡᠭᠡ ᠵᠢᠨ ᠪᠠᠶᠠᠴᠢᠯᠠᠨ ᠣᠢᠯᠠᠭᠠᠯᠲᠠ᠎ᠶᠢ ᠪᠠᠶᠠᠯᠢᠭ᠍ᠵᠢᠭᠤᠯᠵᠤ᠂ ᠨᠡᠩ ᠴᠤ᠌ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠡᠰ ᠳᠡᠪᠰᠢᠬᠦ᠎ᠶᠢ ᠲᠠᠢ᠍ᠢᠴᠢᠯᠠᠪᠠ᠃
ᠱᠠᠨᠰᠢ᠎ᠶᠢᠨ ᠰᠢ ᠠᠨ᠎ᠳᠤ ᠪᠠᠢᠷᠢᠯᠠᠭ᠎ᠠ ᠪᠣᠳᠠᠲᠤ ᠦᠵᠡᠭᠳᠡᠯ᠎ᠳᠤ (XR) ᠺᠢᠨᠣ᠋᠎ᠶᠢᠨ ᠣᠷᠳᠣᠨ᠎ᠳᠤ᠂ ᠦᠵᠡᠭᠴᠢᠳ ᠳᠤᠰᠬᠠᠢ ᠲᠥᠬᠦᠭᠡᠷᠦᠮᠵᠢ ᠵᠡᠭᠦᠵᠦ᠂ 《ᠪᠡᠶ᠎ᠠ ᠪᠡᠷ᠎ᠢᠶᠡᠨ ᠲᠤᠬᠠᠢ ᠵᠢᠨ ᠦᠵᠡᠭᠳᠡᠯ ᠲᠠᠯᠠᠪᠠᠢ ᠳ᠋ᠤ ᠪᠠᠢᠬᠤ》 ᠺᠢᠨᠤ᠋ ᠵᠢᠨ ᠦᠵᠡᠭᠳᠡᠯ᠎ᠢ ᠪᠡᠶᠡᠴᠢᠯᠡᠨ ᠣᠢᠯᠠᠭᠠᠪᠠ᠃
《ᠠᠩᠬ᠎ᠠ ᠤᠳᠠᠭ᠎ᠠ ᠡᠨᠡ ᠬᠦ᠌ ᠰᠣᠨᠢᠷᠬᠠᠬᠤ ᠬᠡᠯᠪᠡᠷᠢ᠎ᠪᠡᠷ ᠺᠢᠨᠤ᠋ ᠦᠵᠡᠵᠦ ᠪᠠᠢᠨ᠎ᠠ᠂ XR ᠵᠢᠷᠤᠭ ᠳᠦᠷᠰᠦ ᠪᠣᠯᠣᠨ ᠲᠠᠭᠤ ᠵᠢᠨ ᠦᠷ᠎ᠡ ᠪᠦᠳᠦᠮᠵᠢ ᠨᠢ ᠮᠠᠰᠢ ᠭᠠᠢᠬᠠᠯᠳᠠᠢ》 ᠭᠡᠵᠦ ᠵᠢᠭᠤᠯᠴᠢᠯᠠᠭ᠍ᠴᠢ ᠫᠠᠨ ᠠᠪᠤᠭᠠᠢ ᠬᠡᠯᠡᠪᠡ᠃
ᠴᠥᠭᠡᠨ ᠪᠤᠰᠤ ᠦᠵᠡᠮᠵᠢ᠎ᠶᠢᠨ ᠣᠷᠣᠨ ᠨᠢ ᠵᠣᠬᠢᠶᠠᠮᠠᠯ ᠣᠶᠤᠨ ᠴᠢᠳᠠᠪᠤᠷᠢ (AI) ᠵᠢᠨ ᠮᠡᠷᠭᠡᠵᠢᠯ᠎ᠢ ᠬᠡᠷᠡᠭᠯᠡᠨ ᠵᠢᠭᠤᠯᠴᠢᠯᠠᠭᠰᠠᠳ᠎ᠲᠤ ᠨᠠᠷᠢᠯᠢᠭ᠋ ᠣᠨᠣᠪᠴᠢᠲᠠᠶ ᠯᠠᠪᠯᠠᠯᠲᠠ ᠬᠠᠨᠭᠭᠠᠵᠦ᠂ ᠮᠠᠰᠢ ᠣᠯᠠᠨ ᠬᠡᠷᠡᠭᠯᠡᠭᠴᠢᠳ AI ᠪᠡᠷ ᠦᠪᠡᠷ᠎ᠤᠨ ᠵᠢᠭᠤᠯᠴᠢᠯᠠᠬᠤ ᠳᠦᠰᠦᠯ᠎ᠢᠶᠡᠨ ᠲᠤᠬᠳᠠᠭᠠᠵᠤ᠂ ᠲᠣᠭᠠᠴᠢᠯᠠᠭᠰᠠᠨ ᠮᠡᠷᠭᠡᠵᠢᠯ᠂ ᠵᠣᠬᠢᠶᠠᠮᠠᠯ ᠣᠶᠤᠨ ᠴᠢᠳᠠᠪᠤᠷᠢ ᠵᠡᠷᠬᠡ ᠨᠢ ᠬᠡᠷᠡᠭᠯᠡᠭᠡ ᠵᠢᠨ ᠠᠵᠤ ᠦᠢᠯᠡᠰ᠎ᠦᠨ ᠬᠡᠯᠬᠢᠶ᠎ᠡ᠎ᠶᠢᠨ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠬᠦ᠎ᠶᠢ ᠠᠬᠢᠭᠤᠯᠪᠠ᠃
ᠠᠮᠠᠷᠠᠯᠲᠠ᠎ᠶᠢᠨ ᠡᠳᠦᠷ᠎ᠦᠨ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ᠎ᠢ ᠪᠡᠶᠠᠯᠢᠭᠵᠢᠭᠤᠯᠤᠭᠰᠠᠨ ᠪᠠᠰᠠ ᠨᠢᠬᠡᠨ ᠦᠵᠡᠭᠳᠡᠯ ᠨᠢ ᠥᠨᠳᠥᠷ ᠲᠦᠪᠰᠢᠨ ᠪᠦᠬᠦᠢ ᠨᠡᠭᠡᠭᠡᠯᠲᠡ ᠬᠢᠭᠰᠡᠨ᠎ᠡᠴᠡ ᠪᠣᠯᠤᠭᠰᠠᠨ 《ᠳᠤᠮᠳᠠᠳᠤ ᠤᠯᠤᠰᠲᠡᠬᠢ ᠵᠢᠭᠤᠯᠴᠢᠯᠡᠯ》᠂ 《ᠳᠤᠮᠳᠠᠳᠤ ᠤᠯᠤᠰ᠎ᠲᠠᠬᠢ ᠬᠡᠷᠡᠭᠯᠡᠬᠡ》 ᠪᠤᠯᠤᠨ᠎ᠠ᠃
ᠱᠧᠨᠵᠧᠨ᠎ᠦ ᠬᠤᠸᠠ ᠴᠢᠶᠠᠩ ᠤᠮᠠᠷᠠᠲᠤ᠎ᠵᠢᠨ ᠬᠤᠳᠠᠯᠳᠤᠭᠠᠨ᠎ᠤ ᠲᠣᠭᠣᠷᠢᠭ᠋᠎ᠲᠤ᠂ ᠡᠯ᠎ᠡ ᠲᠦᠷᠦᠯ᠎ᠦᠨ ᠰᠢᠨ᠎ᠡ ᠬᠡᠯᠪᠡᠷᠢ᠎ᠶᠢᠨ ᠮᠠᠰᠢᠨ ᠬᠥᠮᠥᠨ᠂ AI ᠣᠷᠴᠢᠭᠤᠯᠬᠤ ᠮᠠᠰᠢᠨ ᠵᠡᠷᠭᠡ ᠪᠦᠲᠦᠭᠡᠭᠳᠡᠬᠦᠨ ᠨᠢ ᠭᠠᠳᠠᠭᠠᠳᠤ᠎ᠶᠢᠨ ᠵᠢᠭᠤᠯᠴᠢᠯᠠᠭᠰᠠᠳ᠎ᠤᠨ ᠬᠤᠳᠠᠯᠳᠤᠨ ᠠᠪᠬᠤ ᠬᠠᠯᠠᠮᠰᠢᠯ ᠪᠤᠯᠵᠠᠢ᠃ 《ᠭᠠᠳᠠᠭᠠᠳᠤ᠎ᠶᠢᠨ ᠵᠢᠭᠤᠯᠴᠢᠯᠠᠭᠰᠠᠳ᠎ᠤᠨ ᠲᠣᠭ᠎ᠠ ᠢᠯᠡᠳᠲᠡ ᠨᠡᠮᠡᠭᠳᠡᠭᠰᠡᠨ ᠪᠦᠬᠡᠳ ᠣᠯᠠᠩᠬᠢ ᠨᠢ ᠪᠦᠷ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠦᠲᠦᠭᠡᠭᠳᠡᠬᠦᠨ᠎ᠢ ᠰᠣᠩᠭᠣᠵᠤ᠂ ᠮᠠᠰᠢ ᠤᠯᠠᠨ ᠬᠥᠮᠥᠨ ᠭᠠᠷ ᠬᠣᠭᠣᠰᠤᠨ ᠢᠷᠡᠭᠡᠳ ᠭᠠᠨᠵᠤᠭ᠎ᠠ ᠳᠦᠭᠦᠷᠡᠩ ᠪᠤᠴᠠᠵᠦ ᠪᠤᠢ》 ᠭᠡᠵᠦ ᠲᠤᠬᠠᠢ᠎ᠶᠢᠨ ᠭᠠᠵᠠᠷ᠎ᠤᠨ ᠨᠢᠭᠡᠨ ᠬᠤᠳᠠᠯᠳᠤᠭᠠᠴᠢᠨ ᠬᠡᠯᠡᠪᠡ᠃
China Travel (ᠳᠤᠮᠳᠠᠳᠤ ᠤᠯᠤᠰᠲᠡᠬᠢ ᠵᠢᠭᠤᠯᠴᠢᠯᠠᠯ) ᠡᠴᠡ 《China Haul》 (ᠳᠤᠮᠳᠠᠳᠤ ᠤᠯᠤᠰ ᠲᠡᠬᠢ ᠬᠡᠷᠡᠭᠯᠡᠬᠡ) ᠬᠦᠷᠲᠡᠯ᠎ᠡ ᠳᠤᠮᠳᠠᠳᠤ ᠤᠯᠤᠰ᠎ᠤᠨ ᠪᠠᠷᠠᠭ᠎ᠠ ᠨᠢ ᠪᠦᠬᠦ ᠪᠥᠮᠪᠥᠷᠴᠡᠭ᠎ᠦᠨ ᠭᠡᠷᠡᠭᠯᠡᠭᠴᠢᠳ᠎ᠤᠨ ᠠᠩᠬᠠᠷᠤᠯ᠎ᠢ ᠲᠠᠳᠠᠬᠰᠠᠨ ᠪᠥᠭᠡᠳ ᠨᠡᠩ ᠴᠤ᠌ ᠬᠢᠯᠢ᠎ᠡᠴᠡ ᠭᠠᠷᠬᠤ᠎ᠳᠤ ᠭᠠᠢᠯᠢ ᠵᠢ ᠪᠤᠴᠠᠭᠠᠬᠤ᠂ ᠦᠯᠦ ᠸᠢᠰᠠᠯᠠᠬᠤ ᠵᠡᠷᠭᠡ ᠠᠯᠢ ᠣᠯᠠᠨ ᠲᠥᠷᠥ᠎ᠶᠢᠨ ᠪᠣᠳᠣᠯᠭ᠎ᠠ᠎ᠵᠢ ᠬᠡᠷᠡᠭᠵᠢᠬᠦᠯᠦᠭᠰᠡᠨ ᠲᠣᠮᠣ᠌ ᠤᠯᠤᠰ᠎ᠤᠨ ᠨᠡᠬᠡᠬᠡᠯᠳᠡ ᠬᠢᠭᠰᠡᠨ ᠪᠠᠢᠳᠠᠯ᠎ᠢ ᠳᠤᠰᠬᠠᠵᠡᠢ᠃
《ᠤᠯᠤᠰ᠎ᠤᠨ ᠪᠠᠶᠠᠷ᠎ᠤᠨ ᠠᠮᠠᠷᠠᠯᠲᠠ᠎ᠶᠢᠨ ᠬᠤᠭᠤᠴᠠᠭᠠᠨ᠎ᠳᠤ᠂ ᠬᠦᠮᠦᠰ᠎ᠤᠨ ᠶᠠᠪᠤᠵᠦ ᠰᠠᠭᠤᠬᠤ᠂ ᠪᠠᠷᠠᠭᠠᠨ᠎ᠤ ᠭᠦᠢᠯᠭᠡᠭᠡ ᠭᠦᠢᠴᠡᠳ ᠬᠥᠭᠵᠢᠶᠠᠨ ᠲᠠᠢ ᠪᠠᠢᠵᠤ᠂ ᠬᠢᠯᠢ᠎ᠪᠡᠷ ᠣᠷᠣᠵᠤ ᠢᠷᠡᠬᠦ ᠬᠦᠮᠦᠰ᠎ᠤᠨ ᠵᠢᠭᠤᠯᠴᠢᠯᠡᠯ᠎ᠤᠨ ᠵᠠᠬ᠎ᠠ ᠳᠡᠯᠭᠡᠭᠦᠷ᠎ᠦᠨ ᠬᠠᠯᠠᠮᠰᠢᠯ ᠳᠡᠭᠡᠭᠰᠢᠯᠡᠵᠦ᠂ ᠤᠯᠤᠰ᠎ᠤᠨ ᠳᠣᠲᠣᠭᠠᠳᠤ᠎ᠶᠢᠨ ᠲᠣᠮᠣ᠌ ᠵᠠᠬ᠎ᠠ ᠳᠡᠯᠭᠡᠭᠦᠷ᠎ᠦᠨ ᠲᠠᠯᠳᠠ ᠬᠦᠴᠦᠨ ᠪᠣᠯᠣᠨ ᠤᠶᠠᠨ ᠬᠠᠳᠠᠨ ᠴᠢᠨᠠᠷ᠎ᠢ ᠳᠠᠬᠢᠨᠲᠠ ᠭᠡᠷᠡᠴᠢᠯᠡᠭᠰᠡᠨ ᠪᠥᠭᠡᠳ ᠳᠡᠯᠡᠬᠡᠢ᠎ᠶᠢᠨ ᠠᠵᠤ ᠠᠬᠤᠢ᠎ᠶᠢᠨ ᠨᠡᠮᠡᠭᠳᠡᠯ᠎ᠢ ᠠᠬᠢᠭᠤᠯᠪᠡ》 ᠭᠡᠵᠦ ᠽᠸᠦ᠍ ᠶᠦᠨ ᠬᠠᠨ ᠬᠡᠯᠡᠪᠡ᠃
ᠰᠠᠭᠠᠳ ᠦᠭᠡᠢ ᠲᠤᠭᠤᠷᠢᠨ ᠵᠢᠭᠤᠯᠴᠢᠯᠠᠬᠤ ᠠᠮᠠᠷᠠᠯᠲᠠ᠎ᠶᠢᠨ ᠡᠳᠦᠷ᠄ ᠰᠠᠢᠨ ᠰᠠᠢᠬᠠᠨ᠎ᠢ ᠵᠤᠷᠢᠨ 《ᠬᠦᠰᠡᠯᠡᠨᠭᠤᠨ ᠤᠷᠤᠨ》 ᠵᠦᠭ ᠲᠡᠮᠡᠦᠯᠦᠨ᠎ᠡ
ᠪᠠᠭ᠎ᠠ ᠬᠢᠩᠭᠠᠨ ᠳᠠᠪᠠᠭ᠎ᠠ ᠵᠢᠨ ᠨᠠᠮᠤᠷ᠎ᠤᠨ ᠦᠵᠡᠮᠵᠢ ᠵᠢ ᠦᠵᠡᠭᠰᠡᠨ ᠪᠦᠬᠦᠨ ᠰᠤᠬᠳᠤᠭᠤᠷᠠᠨᠠ᠃ 10 ᠰᠠᠷ᠎ᠠ᠎ᠶᠢᠨ 2᠎ᠤ᠋ᠨ ᠡᠳᠦᠷ᠂ ᠬᠠᠷᠪᠢᠨᠬᠤᠳᠠ ᠵᠢᠨ ᠸᠠᠩ ᠯᠧᠢ᠎ᠶᠢᠨ ᠬᠡᠷ ᠪᠦᠯᠢ ᠪᠡᠷ᠎ᠢᠶᠡᠨ ᠲᠦᠷᠭᠡᠨ᠎ᠦ ᠭᠠᠯᠲᠤ ᠲᠡᠷᠭᠡᠨ᠎ᠳᠦ ᠰᠠᠭᠤᠵᠤ ᠢ ᠴᠦᠨ᠎ᠳᠦ ᠨᠠᠮᠤᠷ᠎ᠤᠨ ᠦᠵᠡᠮᠵᠢ ᠰᠤᠨᠢᠷᠬᠠᠬᠤ ᠪᠡᠷ ᠬᠦᠷᠪᠡ᠃
ᠭᠠᠯᠲᠤ ᠲᠡᠷᠭᠡ ᠨᠢᠰᠬᠦ ᠮᠡᠲᠦ ᠳᠠᠪᠬᠢᠵᠤ᠂ ᠥᠩᠭᠡᠷᠡᠭᠰᠡᠨ᠎ᠦ 7 ᠴᠠᠭ ᠵᠠᠮᠨᠠᠳᠠᠭ ᠵᠠᠮ᠎ᠢ ᠡᠳᠦᠬᠡ ᠨᠢᠬᠡᠯᠬᠡᠨ ᠴᠠᠭ ᠭᠠᠷᠤᠢ ᠵᠠᠷᠤᠴᠠᠭᠤᠯᠪᠠᠯ ᠵᠤᠷᠢᠬᠰᠠᠨ ᠭᠠᠵᠠᠷ ᠲᠠᠭᠠᠨ ᠢᠷᠡᠴᠢᠭᠡᠨ᠎ᠡ᠃ 《ᠥᠩᠭᠡᠷᠡᠭᠰᠡᠨ᠎ᠳᠦ ᠴᠠᠭ᠎ᠢᠶᠠᠨ ᠪᠦᠷ ᠵᠠᠮ ᠳᠡᠭᠡᠷ᠎ᠡ ᠪᠡᠷᠡᠵᠦ ᠪᠠᠢᠬᠰᠠᠨ᠂ ᠤᠳᠤ ᠨᠡᠩ ᠤᠯᠠᠨ ᠵᠢᠭᠤᠯᠴᠢᠯᠠᠨ ᠨᠠᠭᠠᠳᠬᠤ ᠴᠠᠭ᠎ᠲᠠᠢ ᠪᠤᠯᠵᠤ ᠦᠨᠡᠭᠡᠷ ᠳᠦᠭᠦᠮ ᠪᠣᠯᠪᠠ》 ᠭᠡᠵᠦ ᠸᠠᠩ ᠯᠧᠢ ᠬᠡᠯᠡᠨ᠎ᠡ᠃
ᠤᠯᠤᠰ᠎ᠤᠨ ᠪᠠᠶᠠᠷ᠎ᠡᠴᠡ ᠡᠮᠦᠨᠡᠬᠡᠨ᠂ ᠵᠢᠨᠭ ᠭᠠᠩ ᠲᠦᠷᠭᠡᠨ᠎ᠦ ᠲᠡᠮᠦᠷ ᠵᠠᠮ᠎ᠤᠨ ᠰᠢᠶᠦ᠋ᠩ ᠠᠨᠡᠴᠡ ᠱᠠᠩᠴᠢᠤ ᠬᠦᠷᠬᠦ ᠬᠡᠰᠡᠭ᠂ ᠰᠢ ᠢᠦᠢ ᠲᠦᠷᠭᠡᠨ᠎ᠦ ᠲᠡᠮᠦᠷ ᠵᠠᠮ᠎ᠤᠨ ᠰᠢ ᠠᠨᠡᠴᠡ ᠠᠨᠺᠠᠩ ᠬᠦᠷᠬᠦ ᠬᠡᠰᠡᠭ᠂ ᠢᠴᠠᠩ ᠡᠴᠡ ᠰᠢᠩᠱᠠᠨ ᠬᠦᠷᠬᠦ ᠲᠦᠷᠭᠡᠨ᠎ᠦ ᠲᠡᠮᠦᠷ ᠵᠠᠮ᠂ ᠬᠠᠷᠪᠢᠨ᠎ᠡᠴᠡ ᠢ ᠴᠦ᠋ᠨ ᠬᠦᠷᠬᠦ ᠲᠦᠷᠭᠡᠨ᠎ᠦ ᠲᠡᠮᠦᠷ ᠵᠠᠮ ᠨᠡᠪᠲᠡᠷᠡᠵᠦ᠂ ᠨᠡᠩ ᠤᠯᠠᠨ ᠵᠢᠭᠤᠯᠴᠢᠯᠠᠯ᠎ᠤᠨ ᠵᠣᠷᠢᠯᠳᠠᠳᠤ ᠭᠠᠵᠠᠷ᠎ᠢ ᠬᠣᠯᠪᠣᠵᠤ᠂ ᠠᠮᠠᠷᠠᠯᠲᠠ᠎ᠶᠢᠨ ᠡᠳᠦᠷ᠎ᠦᠨ ᠶᠠᠪᠤᠵᠤ ᠰᠠᠭᠤᠬᠤ᠎ᠳᠤ ᠲᠦᠬᠦᠮ ᠦᠵᠡᠭᠦᠯᠪᠡ᠃
ᠵᠠᠮ ᠬᠠᠷᠢᠯᠴᠠᠭ᠎ᠠ ᠲᠡᠭᠡᠭᠡᠪᠦᠷᠢ᠎ᠶᠢᠨ ᠶᠠᠮᠤᠨ᠎ᠤ 10 ᠰᠠᠷ᠎ᠠ᠎ᠶᠢᠨ 7᠎ᠤ᠋ ᠡᠳᠦᠷ᠎ᠦᠨ ᠨᠡᠢᠲᠡᠯᠡᠭᠰᠡᠨ ᠲᠣᠭ᠎ᠠ ᠪᠠᠷᠢᠮᠲᠠ᠎ᠳᠤ ᠬᠠᠷᠠᠭᠤᠯᠤᠭᠰᠠᠨ᠎ᠢᠶᠡᠷ᠂ ᠤᠯᠤᠰ᠎ᠤᠨ ᠪᠠᠶᠠᠷ᠎ᠤᠨ ᠠᠮᠠᠷᠠᠯᠲᠠ᠎ᠶᠢᠨ ᠬᠤᠭᠤᠴᠠᠭᠠᠨ᠎ᠳᠤ ᠪᠥᠬᠥ ᠨᠡᠢᠭᠡᠮ᠎ᠦᠨ ᠣᠷᠣᠨ ᠪᠦᠰᠡ ᠠᠯᠤᠰᠯᠠᠨ ᠵᠤᠷᠴᠢᠬᠰᠠᠨ ᠬᠥᠮᠥᠨ᠎ᠦ ᠲᠣᠭ᠎ᠠ ᠵᠢᠱ᠌ᠢᠯᠲᠡ᠎ᠪᠡᠷ 21.44 ᠳ᠋ᠦᠩᠰᠢᠭᠤᠷ ᠬᠥᠮᠥᠨ ᠤᠳᠠᠭ᠎ᠠ᠎ᠳᠤ ᠬᠦᠷᠦᠨ᠎ᠠ᠃
《ᠬᠠᠮᠢᠭ᠎ᠠ ᠣᠴᠢᠬᠤ ᠪᠤᠢ》 ᠲᠠᠪᠴᠠᠩ᠎ᠤᠨ ᠲᠣᠭ᠎ᠠ ᠪᠠᠷᠢᠮᠲᠠ᠎ᠳᠤ ᠬᠠᠷᠠᠭᠤᠯᠤᠭᠰᠠᠨ᠎ᠢᠶᠠᠷ᠂ ᠤᠯᠤᠰ᠎ᠤᠨ ᠪᠠᠶᠠᠷ᠎ᠤᠨ ᠠᠮᠠᠷᠠᠯᠲᠠ᠎ᠶᠢᠨ ᠬᠤᠭᠤᠴᠠᠭᠠᠨ᠎ᠤ 2000 ᠺᠢᠯᠤᠮᠸᠲᠷ ᠡᠴᠡ ᠳᠡᠭᠡᠭᠰᠢᠬᠢ ᠠᠶᠠᠯᠠᠯ᠎ᠤᠨ ᠱᠤᠭᠤᠮ᠎ᠤᠨ ᠵᠠᠬᠢᠶᠠᠯᠠᠭ᠎ᠠ᠎ᠶᠢᠨ ᠬᠡᠮᠵᠢᠶ᠎ᠡ ᠠᠳᠠᠯᠢ ᠬᠤᠭᠤᠴᠠᠭᠠᠨ᠎ᠤ ᠬᠢ᠎ᠡᠴᠡ ᠠᠷᠪᠠᠨ᠎ᠤ ᠲᠦᠷᠪᠡᠨ ᠬᠤᠪᠢ᠎ᠪᠡᠷ ᠨᠡᠮᠡᠭᠳᠡᠵᠤ᠂ ᠰᠢᠶᠠᠨ᠎ᠤ ᠬᠡᠪᠴᠢᠶᠡᠨ ᠳ᠋ᠡᠬᠢ ᠵᠤᠷᠢᠯᠳᠠᠳᠤ ᠭᠠᠵᠠᠷ᠂ ᠤᠯᠠᠮᠵᠢᠯᠠᠯᠲᠤ ᠪᠤᠰᠤ ᠵᠢᠭᠤᠯᠴᠢᠯᠡᠯ᠎ᠤᠨ ᠵᠣᠷᠢᠯᠳᠠᠳᠤ ᠭᠠᠵᠠᠷ ᠨᠢ ᠨᠡᠩ ᠤᠯᠠᠨ ᠵᠢᠭᠤᠯᠴᠢᠯᠠᠭᠰᠠᠳ᠎ᠢ ᠲᠠᠲᠠᠪᠠ᠃
ᠡᠭᠦᠨ᠎ᠦ ᠬᠠᠮᠲᠤ᠂ ᠡᠯ᠎ᠡ ᠭᠠᠵᠠᠷ᠎ᠤᠨ ᠬᠢᠨ ᠡᠯ᠎ᠡ ᠵᠦᠢᠯ᠎ᠦᠨ ᠪᠣᠳᠠᠲᠠᠢ᠎ᠶᠢ ᠡᠷᠬᠢᠮᠯᠡᠭᠰᠡᠨ ᠠᠷᠭ᠎ᠠ ᠬᠡᠮᠵᠢᠶ᠎ᠡ ᠵᠢ ᠨᠡᠢᠳᠡᠯᠡᠵᠤ᠂ ᠬᠥᠮᠥᠰ᠎ᠦᠨ ᠶᠠᠪᠤᠵᠤ ᠰᠠᠭᠤᠬᠤ᠎ᠳᠤ ᠨᠠᠩ ᠳᠦᠬᠦᠮ ᠦᠵᠡᠬᠦᠯᠪᠠ᠃
10 ᠰᠠᠷ᠎ᠠ᠎ᠶᠢᠨ 4 ᠤ᠋ ᠡᠳᠦᠷ᠂ ᠬᠤᠪᠧᠢ ᠵᠢᠨ ᠵᠢᠭᠤᠯᠴᠢᠯᠠᠭᠴᠢ ᠯᠢ ᠠᠪᠤᠭᠠᠢ ᠭᠡᠷ᠎ᠢᠶᠡᠷ᠎ᠢᠶᠡᠨ ᠮᠠᠰᠢᠨ ᠵᠢᠯᠤᠭᠣᠳᠴᠤ ᠵᠠᠩ ᠵᠢᠶᠠ ᠵᠢᠶᠸ ᠳ᠋ᠤ᠌ ᠬᠦᠷᠪᠡ᠃ ᠦᠢᠯᠡᠴᠢᠯᠡᠭᠡᠨ᠎ᠦ ᠲᠣᠭᠣᠷᠢᠭ᠋᠎ᠲᠤ ᠣᠷᠣᠬᠤ᠎ᠡᠴᠡ ᠡᠮᠦᠨ᠎ᠡ ᠲᠡᠷᠡ ᠵᠠᠮ ᠳᠠᠭᠠᠤ ᠳᠡᠯᠭᠡᠴᠡ᠎ᠪᠡᠷ ᠴᠠᠬᠢᠯᠭᠠᠨ ᠴᠡᠨᠡᠭᠯᠡᠬᠦ ᠪᠠᠭᠠᠨ᠎ᠠ᠎ᠶᠢᠨ ᠴᠠᠬᠢᠯᠭᠠᠨ᠎ᠤ ᠬᠡᠮᠵᠢᠶ᠎ᠠ ᠵᠢ ᠪᠠᠢᠴᠠᠭᠠᠨ᠂ 《ᠡᠳᠡᠭᠡᠷ ᠪᠠᠢᠳᠠᠯ᠎ᠢ ᠤᠷᠢᠳᠴᠢᠯᠠᠨ ᠤᠢᠯᠠᠭᠠᠪᠠᠯ ᠳᠣᠲᠣᠷ᠎ᠠ᠎ᠪᠠᠨ ᠲᠣᠭ᠎ᠠ᠎ᠲᠠᠢ ᠪᠤᠯᠴᠢᠬᠠᠨ᠎ᠠ》 ᠬᠡᠪᠡ᠃
ᠤᠯᠤᠰ᠎ᠤᠨ ᠪᠠᠶᠠᠷ᠎ᠤᠨ ᠠᠮᠠᠷᠠᠯᠲᠠ᠎ᠶᠢᠨ ᠬᠤᠭᠤᠴᠠᠭᠠᠨ᠎ᠳᠤ᠂ ᠡᠯ᠎ᠡ ᠳᠡᠭᠡᠳᠦ ᠬᠤᠷᠳᠤᠴᠠᠲᠤ ᠦᠢᠯᠡᠴᠢᠯᠡᠭᠡᠨ᠎ᠦ ᠲᠣᠭᠣᠷᠢᠭ᠋ ᠴᠠᠬᠢᠯᠭᠠᠨ ᠴᠡᠨᠡᠭᠯᠡᠬᠦ ᠲᠥᠬᠦᠭᠡᠷᠦᠮᠵᠢ᠎ᠪᠡᠨ ᠤᠷᠢᠳᠴᠢᠯᠠᠨ ᠨᠡᠮᠡᠭᠳᠡᠭᠦᠯᠵᠦ᠂ ᠰᠢᠯᠵᠢᠮᠡᠯ ᠴᠠᠬᠢᠯᠭᠠᠨ ᠴᠡᠨᠡᠭᠯᠡᠬᠦ ᠬᠦᠴᠦᠨ᠎ᠢ ᠲᠣᠬᠢᠷᠠᠭᠤᠯᠵᠤ᠂ ᠬᠦᠮᠦᠰ᠎ᠤᠨ ᠨᠢᠬᠡ ᠯᠡ ᠲᠡᠭᠡᠷ᠎ᠡ ᠲᠥᠪᠯᠡᠷᠡᠵᠤ ᠭᠠᠳᠠᠭ᠍ᠰᠢ ᠭᠠᠷᠬᠤ᠎ᠡᠴᠡ ᠪᠣᠯᠤᠭᠰᠠᠨ ᠡᠨᠧᠷᠭᠢ ᠨᠥᠬᠥᠪᠦᠷᠢᠯᠡᠬᠦ ᠬᠡᠷᠡᠭᠴᠡᠭᠡ᠎ᠶᠢ ᠠᠷᠭᠠᠴᠠᠭᠠᠨ᠂ ᠵᠠᠮ ᠬᠠᠷᠢᠯᠴᠠᠭᠠᠨ᠎ᠤ ᠲᠣᠣᠷ᠎ᠤᠨ ᠬᠢᠨᠠᠨ ᠬᠡᠮᠵᠢᠬᠦ ᠰᠢᠰᠲᠧᠮ ᠡᠴᠡ ᠴᠠᠭ ᠲᠤᠬᠠᠢ ᠳ᠋ᠤᠨᠢ ᠲᠣᠬᠢᠷᠠᠭᠤᠯᠵᠤ᠂ ᠬᠡᠰᠡᠭ ᠬᠤᠪᠢᠶᠠᠨ ᠵᠢᠯᠤᠭᠣᠳᠴᠤ᠂ ᠳᠡᠷᠬᠡ ᠤᠯᠠᠨ ᠪᠠᠢᠳᠠᠯ ᠳᠣᠣᠷ᠎ᠠ ᠰᠢᠯᠤᠭᠤᠳᠬᠠᠨ ᠨᠡᠪᠲᠡᠷᠡᠬᠦᠯᠬᠦ᠂ ᠡᠮᠬᠢ ᠵᠢᠷᠤᠮ᠎ᠲᠠᠢ ᠪᠠᠢᠬᠤ᠎ᠶᠢ ᠪᠠᠲᠤᠯᠠᠪᠠ᠃
ᠣᠳᠣ ᠬᠦᠮᠦᠰ ᠠᠮᠠᠷᠠᠯᠲᠠ᠎ᠶᠢᠨ ᠬᠤᠭᠤᠴᠠᠭᠠᠨ᠎ᠳᠤ ᠵᠢᠭᠤᠯᠴᠢᠯᠠᠬᠤ ᠳ᠋ᠠᠭᠠᠨ ᠠᠶᠠᠨ ᠵᠠᠮ᠎ᠳᠠᠬᠢ ᠤᠯᠤᠯᠳᠠ ᠲᠥᠷᠥᠭᠳᠡᠯ᠎ᠢᠶᠡᠨ ᠨᠠᠩ ᠢᠯᠡᠭᠦᠦ ᠠᠩᠬᠠᠷᠳᠠᠭ ᠪᠤᠯᠵᠠᠢ᠃ ᠬᠤᠨᠠᠨ᠎ᠤ ᠢᠶᠠᠩᠤᠨ ᠮᠢᠩ ᠤᠯᠤᠰ ᠴᠢᠩ ᠤᠯᠤᠰ᠎ᠤᠨ ᠦᠶ᠎ᠠ ᠵᠢᠨ ᠬᠡᠪ ᠨᠠᠮᠪᠠ ᠪᠦᠬᠦᠢ ᠡᠷᠲᠡᠨ᠎ᠦ ᠭᠤᠳᠤᠮᠵᠢᠨ᠎ᠳᠤ᠂ ᠤᠯᠠᠮᠵᠢᠯᠠᠯᠲᠤ ᠤᠳᠬ᠎ᠠ ᠤᠷᠠᠯᠢᠭ᠋᠎ᠤᠨ ᠦᠵᠡᠭᠦᠯᠭᠡ᠎ᠶᠢᠨ ᠲᠣᠭᠯᠠᠯᠲᠠ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠭᠠᠷ ᠤᠷᠠᠯᠠᠯ᠎ᠢ ᠪᠡᠶᠡᠴᠢᠯᠡᠨ ᠣᠢᠯᠠᠭᠠᠬᠤ ᠵᠡᠷᠭᠡ ᠲᠣᠭᠯᠠᠯᠲᠠ ᠡᠭᠡᠯᠵᠢᠯᠡᠨ ᠶᠠᠪᠤᠭᠳᠠᠵᠦ᠂ ᠵᠢᠭᠤᠯᠴᠢᠯᠠᠭᠰᠠᠳ ᠡᠷᠲᠡᠨ ᠡᠳᠦᠭᠡ᠎ᠶᠢ ᠠᠭᠤᠰᠤᠯᠴᠠᠭᠤᠯᠤᠭᠰᠠᠨ ᠭᠤᠸ᠎ᠠ ᠰᠠᠢᠬᠠᠨ᠎ᠢ ᠰᠣᠨᠢᠷᠬᠠᠵᠦ᠂ ᠬᠠᠢᠺᠧᠦ᠎ᠶᠢᠨ ᠬᠠᠢ ᠳᠠ ᠡᠮᠦᠨ᠎ᠡ ᠡᠭᠦᠳᠡᠨ᠎ᠦ ᠰᠥᠨᠢ᠎ᠶᠢᠨ ᠵᠠᠬ᠎ᠠ᠎ᠳᠤ᠂ ᠳ᠋ᠧᠩ᠎ᠦᠨ ᠭᠡᠷᠡᠯ ᠳᠤᠸᠠᠯᠠᠵᠤ᠂ ᠬᠥᠮᠥᠨ᠎ᠦ ᠳᠠᠯᠠᠢ ᠪᠤᠯᠵᠦ᠂ ᠵᠢᠭᠤᠯᠴᠢᠯᠠᠭᠰᠠᠳ᠎ᠤᠨ ᠢᠨᠢᠶᠡᠯᠴᠡᠵᠦ ᠬᠦᠬᠡᠷᠦᠯᠳᠦᠬᠦ ᠳᠠᠭᠤᠨ ᠦᠷᠬᠦᠯᠵᠢᠯᠡᠨ᠎ᠠ᠃
ᠠᠭᠤᠯᠠ ᠤᠰᠤ᠎ᠪᠡᠷ ᠵᠢᠭᠤᠯᠴᠢᠯᠠᠬᠤ ᠵᠢᠭᠤᠯᠴᠢᠯᠠᠭᠰᠠᠳ ᠤᠯᠠᠰᠢᠷᠡᠵᠦ᠂ ᠬᠤᠳᠠ ᠬᠥᠳᠡᠭᠡ᠎ᠶᠢᠨ ᠶᠠᠪᠤᠯᠴᠠᠭ᠎ᠠ ᠨᠡᠮᠡᠭᠳᠡᠨ᠂ ᠳᠤᠮᠳᠠᠳᠤ᠎ᠶᠢᠨ ᠡᠬᠡ ᠭᠠᠵᠠᠷ ᠠᠮᠢᠵᠢᠷᠠᠯ᠎ᠤᠨ ᠬᠦᠴᠦᠨ᠎ᠢᠶᠡᠷ ᠪᠢᠯᠬᠠᠨ᠎ᠠ᠃
(ᠰᠢᠨᠬᠤᠸᠠ ᠬᠣᠷᠢᠶ᠎ᠡ ᠵᠢᠨ ᠪᠡᠭᠡᠵᠢᠩ᠎ᠦᠨ 10 ᠰᠠᠷ᠎ᠠ᠎ᠶᠢᠨ 7᠎ᠤ᠋ ᠴᠠᠬᠢᠯᠭᠠᠨ ᠮᠡᠳᠡᠭᠡ ᠡᠴᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃