ᠲᠡᠷᠢᠭᠦᠨ ᠨᠢᠭᠤᠷ>ᠴᠠᠭ ᠲᠦᠷᠦ>ᠠᠵᠤ ᠠᠬᠤᠢ

2026-05-27 11:04:26

ᠵᠣᠬᠢᠶᠠᠭ᠍ᠴᠢ᠄ ᠬᠤᠸᠠᠩ ᠲᠤᠤ ᠮᠢᠩ ᠣᠩᠱᠢᠭ᠍ᠰᠠᠨ ᠣᠳᠠᠭ᠎ᠠ᠄ 3

ᠰᠤᠷᠪᠤᠯᠵᠢᠯᠠᠭ᠍ᠴᠢ 25 ᠎ᠤ᠋ ᠡᠳᠦᠷ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠶᠠᠮᠤᠨ᠎ᠡᠴᠡ ᠣᠢᠯᠠᠭᠠᠭ᠍ᠰᠠᠨ᠎ᠢᠶᠠᠷ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠶᠠᠮᠤᠨ ᠣᠢᠷ᠎ᠠ᠎ᠳᠤ 2026 ᠣᠨ᠎ᠤ ᠴᠢᠯᠠᠭᠤᠨ ᠲᠣᠰᠣ ᠪᠠᠢᠭᠠᠯᠢ ᠵᠢᠨ ᠰᠢᠳᠠᠮᠠᠬᠠᠢ ᠬᠡᠶ ᠨᠦᠭᠡᠴᠡᠯᠡᠬᠦ ᠠᠵᠤ ᠠᠬᠤᠢᠯᠠᠯ᠎ᠳ᠋ᠤ ᠶᠠᠮᠤᠨ᠎ᠤ ᠲᠠᠰ᠎ᠤᠨ ᠲᠤᠰᠭᠠᠶ ᠮᠡᠷᠭᠡᠵᠢᠯᠲᠡᠨ᠎ᠤ ᠵᠢᠯᠣᠭᠣᠳᠤᠯᠭ᠎ᠠ ᠬᠠᠩᠭᠠᠬᠤ ᠦᠶ᠋ᠯᠡᠴᠢᠯᠡᠭᠡ᠎ᠶ᠋ᠢ ᠡᠬᠢᠯᠡᠭᠦᠯᠪᠡ᠃ 5 ᠰᠠᠷ᠎ᠠ᠎ᠶ᠋ᠢᠨ ᠡᠴᠦᠰ ᠡᠴᠡ 7 ᠰᠠᠷ᠎ᠠ᠎ᠶ᠋ᠢᠨ ᠡᠬᠢ ᠪᠣᠯᠲᠠᠯ᠎ᠠ᠂ 5 ᠲᠤᠰᠭᠠᠶ ᠮᠡᠷᠭᠡᠵᠢᠯᠲᠡᠨ᠎ᠦ ᠳᠤᠭᠤᠢᠯᠠᠩ᠎ᠤᠨ ᠬᠢᠨ ᠬᠣᠶᠠᠷ ᠪᠦᠯᠦᠭ ᠬᠤᠪᠢᠶᠠᠨ 100 ᠠᠵᠤ ᠠᠬᠤᠢᠯᠠᠯ᠎ᠳᠤ ᠲᠤᠰᠭᠠᠶ ᠮᠡᠷᠭᠡᠵᠢᠯᠲᠡᠨ᠎ᠦ ᠵᠢᠯᠣᠭᠣᠳᠣᠯᠭ᠎ᠠ ᠬᠠᠩᠭᠠᠬᠤ ᠦᠶ᠋ᠯᠡᠴᠢᠯᠡᠭᠡ ᠥᠷᠨᠢᠭᠦᠯᠬᠦ ᠪᠥᠭᠡᠳ 2025 ᠣᠨ᠎ᠳᠦ ᠵᠢᠯᠣᠭᠣᠳᠣᠯᠭ᠎ᠠ ᠵᠢᠨ ᠦᠶ᠋ᠯᠡᠴᠢᠯᠡᠭᠡ᠎ᠬᠠᠨᠭᠭᠠᠭᠰᠠᠨ 30 ᠠᠵᠤ ᠠᠬᠤᠢᠯᠠᠯ᠎ᠢ ᠰᠤᠨᠭᠭᠤᠵᠤ 《ᠡᠷᠭᠢᠵᠦ᠍ ᠬᠠᠷᠠᠬᠤ》 ᠠᠵᠢᠯᠯᠠᠭ᠎ᠠ ᠥᠷᠨᠢᠭᠦᠯᠦᠨ᠎ᠡ᠃

ᠲᠣᠰ ᠤᠳᠠᠭᠠᠨ᠎ᠤ ᠵᠢᠯᠣᠭᠣᠳᠣᠯᠭ᠎ᠠ ᠵᠢᠨ ᠦᠶ᠋ᠯᠡᠴᠢᠯᠡᠭᠡ᠎ᠨᠢ ᠠᠩᠬ᠎ᠠ ᠤᠳᠠᠭ᠎ᠠ ᠪᠤᠰᠤᠳ ᠠᠮᠠᠷᠬᠠᠨ ᠱᠢᠲᠠᠬᠤ ᠪᠠ ᠱᠢᠲᠠᠮᠠᠬᠠᠶ ᠱᠢᠩᠭᠡᠨ ᠪᠡᠶᠡᠲᠦ᠍᠎ᠶ᠋ᠢᠨ ᠠᠵᠤ ᠠᠬᠤᠢᠯᠠᠯ᠎ᠢ ᠵᠢᠯᠣᠭᠣᠳᠣᠯᠭ᠎ᠠ ᠵᠢᠨ ᠦᠶ᠋ᠯᠡᠴᠢᠯᠡᠭᠡ ᠬᠠᠩᠭᠠᠬᠤ ᠬᠡᠪᠴᠢᠶᠡᠨ᠎ᠳᠦ ᠣᠷᠣᠭᠤᠯᠵᠤ᠂ ᠥᠩᠭᠡᠷᠡᠭ᠌ᠰᠡᠨ᠎ᠦ 《ᠠᠵᠢᠯᠯᠠᠭ᠎ᠠ᠎ᠳᠦ ᠤᠷᠤᠯᠴᠠᠬᠤ᠎ᠡᠴᠡ ᠡᠮᠦᠨᠡᠬᠢ ᠪᠣᠯᠪᠠᠰᠤᠷᠠᠯ᠂ ᠲᠤᠬᠠᠶ᠎ᠶ᠋ᠢᠨ ᠲᠠᠯᠠᠪᠠᠶ᠎ᠶ᠋ᠢᠨ ᠵᠢᠯᠣᠭᠣᠳᠣᠯᠭ᠎ᠠ᠂ ᠪᠥᠬᠥ᠌ ᠶᠠᠪᠤᠴᠠ᠎ᠶ᠋ᠢᠨ ᠦᠶ᠋ᠯᠡᠴᠢᠯᠡᠭᠡ》 ᠶ᠋ᠢᠨ ᠲᠤᠷᠱᠢᠯᠭ᠎ᠠ ᠪᠠ ᠠᠷᠭ᠎ᠠ ᠬᠢᠳᠡᠯ᠎ᠢ ᠦᠷᠭᠦᠯᠵᠢᠯᠡᠭᠦᠯᠵᠦ᠍᠂ ᠲᠤᠰᠭᠠᠶ ᠮᠡᠷᠭᠡᠵᠢᠯᠲᠡᠨ᠎ᠦ ᠵᠢᠯᠣᠭᠣᠳᠣᠯᠭ᠎ᠠ ᠬᠠᠩᠭᠠᠬᠤ ᠦᠶ᠋ᠯᠡᠴᠢᠯᠡᠭᠡ ᠵᠢᠨ ᠬᠠᠮᠢᠶᠠᠷᠤᠯᠲᠠ᠎ᠶ᠋ᠢᠨ ᠠᠷᠭ᠎ᠠ᠎ᠶ᠋ᠢ ᠴᠢᠩᠭ᠎ᠠ ᠵᠢᠷᠤᠮᠯᠠᠨ ᠲᠤᠰᠭᠠᠶ ᠮᠡᠷᠭᠡᠵᠢᠯᠲᠡᠨ᠎ᠦ ᠠᠵᠢᠯ᠎ᠤᠨ ᠪᠠᠢᠳᠠᠯ ᠪᠠ ᠦᠶ᠋ᠯᠡᠴᠢᠯᠡᠭᠡᠨ᠎ᠦ ᠶᠠᠰᠤ ᠴᠢᠨᠠᠷ᠎ᠲᠤ ᠬᠡᠮᠵᠢᠶᠡᠴᠢᠯᠡᠭᠰᠡᠨ ᠱᠢᠯᠭᠠᠨ ᠦᠨᠡᠯᠡᠯᠲᠡ ᠬᠢᠨ᠎ᠠ᠃ ᠠᠰᠠᠭᠤᠳᠠᠯ᠎ᠤᠨ ᠬᠡᠮ ᠰᠤᠭᠤᠭ᠎ᠢ ᠲᠤᠬᠠᠶ᠎ᠶ᠋ᠢᠨ ᠲᠠᠯᠠᠪᠤᠷ᠎ᠲᠤ ᠵᠢᠭᠠᠨ ᠵᠢᠯᠣᠭᠣᠳᠴᠤ᠌ ᠰᠢᠭᠰᠢᠨ ᠪᠠᠢᠴᠠᠭᠠᠬᠤ᠎ᠪᠠᠷ ᠳᠠᠮᠵᠢᠨ᠂ ᠠᠵᠤ ᠠᠬᠤᠢᠯᠠᠯ᠎ᠤᠨ ᠠᠶᠤᠯ ᠲᠦᠭ᠌ᠰᠢᠭᠦᠷᠢ᠎ᠶ᠋ᠢ ᠨᠠᠷᠢᠯᠢᠭ ᠣᠨᠣᠴᠠᠲᠠᠶ᠎ᠪᠠᠷ ᠰᠤᠳᠤᠯᠤᠨ ᠮᠠᠭᠠᠳᠯᠠᠵᠤ᠂ ᠡᠯ᠎ᠡ ᠭᠠᠵᠠᠷ᠎ᠤᠨ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠂ ᠲᠥᠪ᠎ᠦᠨ ᠠᠵᠤ ᠠᠬᠤᠢᠯᠠᠯ᠎ᠢ ᠵᠢᠱ᠌ᠢᠶ᠎ᠡ ᠦᠵᠡᠭᠦᠯᠦᠨ ᠳᠠᠢᠴᠢᠯᠠᠵᠤ ᠳᠤᠮᠳᠠ ᠵᠢᠵᠢᠭ ᠬᠡᠪᠴᠢᠶᠡᠨ᠎ᠤ ᠴᠢᠯᠠᠭᠤᠨ ᠲᠣᠰᠣ ᠪᠠᠢᠭᠠᠯᠢ ᠵᠢᠨ ᠰᠢᠳᠠᠮᠠᠬᠠᠢ ᠬᠡᠶ ᠨᠦᠭᠡᠴᠡᠯᠡᠬᠦ ᠠᠵᠤ ᠠᠬᠤᠢᠯᠠᠯ᠎ᠤᠨ ᠠᠮᠤᠷ ᠲᠦᠪᠱᠢᠨ᠎ᠦ ᠠᠶᠤᠯ ᠲᠦᠭ᠌ᠰᠢᠭᠦᠷᠢ᠎ᠶ᠋ᠢ ᠭᠦᠨᠵᠡᠭᠡᠶ ᠦᠨᠡᠯᠡᠨ ᠵᠢᠱ᠌ᠢᠬᠦ᠌ ᠠᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠍᠂ ᠴᠢᠯᠠᠭᠤᠨ ᠲᠣᠰᠣ ᠪᠠᠢᠭᠠᠯᠢ ᠵᠢᠨ ᠰᠢᠳᠠᠮᠠᠬᠠᠢ ᠬᠡᠶ ᠨᠦᠭᠡᠴᠡᠯᠡᠬᠦ ᠬᠦᠷᠢᠶᠡᠨ᠎ᠳᠡᠬᠢ ᠬᠦᠨᠳᠦ ᠶᠡᠬᠡ ᠠᠮᠤᠷ ᠲᠦᠪᠱᠢᠨ᠎ᠦ ᠠᠶᠤᠯ ᠲᠦᠭ᠌ᠰᠢᠭᠦᠷᠢ᠎ᠶ᠋ᠢ ᠦᠷᠭᠦᠯᠵᠢᠯᠡᠨ ᠰᠡᠷᠭᠡᠢᠯᠡᠨ ᠡᠵᠡᠮᠳᠡᠨ᠎ᠡ᠃ ᠡᠭᠦᠨ᠎ᠦ ᠬᠠᠮᠲᠤ᠂ 《ᠬᠠᠤᠯᠢ ᠪᠤᠰᠤ ᠠᠵᠢᠯᠯᠠᠭ᠎ᠠ ᠪᠠ ᠬᠠᠤᠯᠢ᠎ᠪᠤᠰᠤ ᠦᠢᠯᠡᠳᠪᠦᠷᠢᠯᠡᠯ ᠡᠵᠡᠨᠭᠨᠡᠯᠲᠡ ᠵᠢᠨ ᠠᠵᠢᠯᠯᠠᠭ᠎ᠠ ᠳ᠋ᠦ᠍ ᠴᠤᠬᠢᠯᠲᠠ ᠦᠭᠬᠦ》ᠠᠵᠢᠯ᠎ᠤᠨ ᠪᠠᠢᠷᠢᠯᠠᠭᠤᠯᠤᠯᠲᠠ᠎ᠲᠠᠶ ᠤᠶᠠᠯᠳᠤᠭᠤᠯᠤᠨ᠂ ᠠᠶᠤᠯᠲᠠᠶ ᠬᠢᠮᠢ᠎ᠶ᠋ᠢᠨ ᠪᠣᠳᠠᠰ᠎ᠤᠨ ᠠᠮᠤᠷ ᠲᠦᠪᠱᠢᠨ᠎ᠦ ᠬᠠᠤᠯᠢ ᠵᠡᠷᠭᠡ ᠬᠣᠯᠪᠣᠭ᠍ᠳᠠᠯ ᠪᠥᠬᠥᠶ ᠵᠦᠶ᠋ᠯ ᠵᠤᠷᠪᠤᠰ᠎ᠢ ᠤᠬᠠᠭᠤᠯᠤᠨ ᠲᠤᠭᠤᠰᠢᠯᠠᠭᠤᠯᠵᠤ᠂ ᠠᠵᠤ ᠠᠬᠤᠢᠯᠠᠯ᠎ᠤᠨ ᠬᠠᠤᠯᠢ ᠲᠣᠭ᠍ᠲᠠᠭᠠᠯ ᠶᠣᠰᠣᠭᠠᠷ ᠦᠶ᠋ᠯᠡᠳᠪᠦᠷᠢᠯᠡᠯ ᠡᠵᠡᠩᠨᠡᠯᠲᠡ᠎ᠪᠡᠨ ᠵᠣᠬᠢᠶᠠᠨ ᠪᠠᠢᠭᠤᠯᠬᠤ᠎ᠶ᠋ᠢ ᠱᠠᠯᠠᠪᠳᠠᠭᠤᠯᠪᠠ᠃

ᠣᠳᠣᠬᠠᠨ᠎ᠳᠤ᠂ ᠲᠤᠰᠭᠠᠶ ᠮᠡᠷᠭᠡᠵᠢᠯᠲᠡᠨ᠎ᠦ ᠳᠤᠭᠤᠢᠯᠠᠩ ᠨᠢᠭᠡᠨᠲᠡ ᠱᠠᠨᠳᠦ᠋ᠩ᠂ ᠭᠤᠸᠠᠩᠳᠦ᠋ᠩ᠂ ᠴᠦᠩᠴᠢᠩ ᠵᠡᠷᠭᠡ ᠭᠠᠵᠠᠷ᠎ᠲᠤ ᠬᠦᠷᠴᠦ᠍ ᠠᠵᠢᠯ᠎ᠢᠶᠠᠨ ᠥᠷᠨᠢᠭᠦᠯᠪᠡ᠃

(ᠱᠢᠨᠬᠤᠸᠠ ᠬᠤᠷᠢᠶ᠎ᠠ ᠵᠢᠨ ᠪᠡᠭᠡᠵᠢᠩ᠎ᠦᠨ 5 ᠰᠠᠷ᠎ᠠ᠎ᠶ᠋ᠢᠨ 25 ᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面