ᠲᠡᠷᠢᠭᠦᠨ ᠨᠢᠭᠤᠷ>ᠴᠠᠭ ᠲᠦᠷᠦ>ᠠᠵᠤ ᠠᠬᠤᠢ

2026-06-29 09:30:56

ᠵᠣᠬᠢᠶᠠᠭ᠍ᠴᠢ᠄ ᠡᠷᠳᠡᠨᠢᠬᠤᠸᠠᠷ ᠣᠩᠱᠢᠭ᠍ᠰᠠᠨ ᠣᠳᠠᠭ᠎ᠠ᠄ 3

ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠢ᠋ ᠪᠠᠢᠴᠠᠭᠠᠬᠤ ᠲᠦᠪ ᠤᠢᠷ᠎ᠠ ᠳ᠋ᠤ ᠺᠤᠳ᠋ ᠦᠯᠦ ᠬᠡᠷᠡᠭᠰᠡᠬᠦ ᠲᠤᠭᠠᠴᠢᠯᠠᠭᠰᠠᠨ ᠳᠠᠪᠴᠠᠩ ᠳ᠋ᠠᠭᠠᠨ ᠲᠦᠰᠢᠭᠯᠡᠨ᠂ ᠡᠮ ᠤ᠋ᠨ ᠵᠦᠢᠯᠡᠰ ᠤ᠋ᠨ ᠲᠤᠬᠠᠢᠯᠠᠭᠰᠠᠨ ᠠᠵᠢᠯ ᠳ᠋ᠤ ᠤᠷᠤᠯᠴᠠᠬᠤ ᠶ᠋ᠢ ᠴᠠᠭᠠᠵᠠᠯᠠᠬᠤ ᠬᠦᠮᠦᠰ ᠤ᠋ᠨ ᠨᠡᠷ᠎ᠠ ᠶ᠋ᠢ ᠤᠶᠤᠨᠴᠢ ᠪᠡᠷ ᠬᠠᠢᠬᠤ ᠦᠢᠯᠡᠴᠢᠯᠡᠭᠡ ᠶ᠋ᠢ ᠰᠢᠨ᠎ᠠ ᠵᠢ ᠡᠭᠦᠳᠤᠨ ᠭᠠᠷᠭᠠᠪᠠ᠃

ᠲᠤᠰ ᠦᠢᠯᠡᠴᠢᠯᠡᠭᠡ ᠶ᠋ᠢ ᠨᠡᠪᠳᠡᠷᠡᠭᠦᠯᠬᠦ ᠶ᠋ᠢᠨ ᠲᠦᠯᠦᠭᠡ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠢ᠋ ᠪᠠᠢᠴᠠᠭᠠᠬᠤ ᠲᠦᠪ ᠡᠴᠡ ᠪᠦᠬᠦ ᠤᠯᠤᠰ ᠤ᠋ᠨ ᠡᠯ᠎ᠠ ᠮᠤᠵᠢ ᠬᠤᠳᠠ ᠶ᠋ᠢᠨ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠰᠠᠯᠠᠭ᠎ᠠ ᠮᠦᠴᠢᠷ ᠤ᠋ᠨ ᠨᠡᠢᠳᠡᠯᠡᠭᠰᠡᠨ ᠡᠮ ᠤ᠋ᠨ ᠵᠦᠢᠯᠡᠰ ᠤ᠋ᠨ ᠲᠤᠬᠠᠢᠯᠠᠭᠰᠠᠨ ᠠᠵᠢᠯ ᠳ᠋ᠤ ᠤᠷᠤᠯᠴᠠᠬᠤ ᠶ᠋ᠢ ᠴᠠᠭᠠᠵᠠᠯᠠᠬᠤ ᠬᠦᠮᠦᠰ ᠤ᠋ᠨ ᠲᠤᠬᠠᠢ ᠵᠡᠷᠯᠠᠯ ᠵᠢᠴᠢ ᠢᠳᠡᠭᠡᠮᠵᠢ ᠠᠯᠳᠠᠭᠠᠳ ᠵᠠᠯᠬᠠᠭᠠᠯ ᠬᠦᠷᠳᠡᠭᠰᠡᠨ ᠬᠦᠮᠦᠰ ᠤ᠋ᠨ ᠮᠡᠳᠡᠭᠡ ᠵᠠᠩᠬᠢ ᠶ᠋ᠢ ᠰᠢᠰᠲᠧᠮ ᠲᠠᠢ ᠡᠮᠬᠢᠯᠡᠨ ᠴᠤᠭᠯᠠᠭᠤᠯᠵᠤ᠂ ᠪᠠᠷᠢᠮᠵᠢᠶᠠᠵᠢᠭᠰᠠᠨ᠂ ᠮᠦᠷᠳᠡᠵᠦ ᠪᠤᠯᠬᠤ᠂ ᠨᠠᠷᠢᠯᠢᠭ ᠤᠨᠤᠴᠠᠳᠠᠢ ᠡᠮ ᠤ᠋ᠨ ᠵᠦᠢᠯᠡᠰ ᠤ᠋ᠨ ᠲᠤᠬᠠᠢᠯᠠᠭᠰᠠᠨ ᠠᠵᠢᠯ ᠳ᠋ᠤ ᠤᠷᠤᠯᠴᠠᠬᠤ ᠶ᠋ᠢ ᠴᠠᠭᠠᠵᠠᠯᠠᠬᠤ ᠬᠦᠮᠦᠰ ᠤ᠋ᠨ ᠲᠤᠰᠬᠠᠢ ᠳ᠋ᠠᠢᠲ᠋ᠠ ᠬᠦᠮᠦᠷᠭᠡ ᠶ᠋ᠢ ᠪᠠᠢᠭᠤᠯᠵᠠᠢ᠃ ᠤᠳᠤᠬᠠᠨ ᠪᠤᠯᠳᠠᠯ᠎ᠠ ᠡᠮ ᠤ᠋ᠨ ᠵᠦᠢᠯᠡᠰ ᠤ᠋ᠨ ᠲᠤᠬᠠᠢᠯᠠᠭᠰᠠᠨ ᠠᠵᠢᠯ ᠳ᠋ᠤ ᠤᠷᠤᠯᠴᠠᠬᠤ ᠶ᠋ᠢ ᠴᠠᠭᠠᠵᠠᠯᠠᠬᠤ 360 ᠬᠦᠮᠦᠨ ᠤ᠋ ᠮᠡᠳᠡᠭᠡ ᠵᠠᠩᠬᠢ ᠶ᠋ᠢ ᠨᠢᠭᠡᠨᠳᠡ ᠬᠦᠮᠦᠷᠭᠡ ᠳ᠋ᠤ ᠤᠷᠤᠭᠤᠯᠤᠨ ᠳᠠᠩᠰᠠᠯᠠᠪᠠ᠃ ᠬᠢᠨᠠᠯᠳᠠ ᠬᠠᠮᠢᠶᠠᠷᠤᠯᠳᠠ ᠶ᠋ᠢᠨ ᠠᠵᠢᠯᠳᠠᠨ 《ᠪᠠᠢᠴᠠᠭᠠᠬᠤ ᠠᠵᠢᠯ ᠤ᠋ᠨ ᠲᠤᠰᠠᠯᠠᠭᠴᠢ》 ᠲᠤᠭᠠᠴᠢᠯᠠᠭᠰᠠᠨ ᠦᠢᠯᠡᠴᠢᠯᠡᠭᠡ ᠶ᠋ᠢᠨ ᠴᠤᠩᠬᠤᠪᠴᠢ ᠪᠡᠷ ᠲᠤᠬᠠᠢᠯᠠᠭᠰᠠᠨ ᠠᠵᠢᠯ ᠡᠷᠬᠢᠯᠡᠵᠦ ᠪᠠᠢᠭ᠎ᠠ ᠬᠦᠮᠦᠰ ᠤ᠋ᠨ ᠨᠡᠷ᠎ᠠ ᠪᠤᠯᠤᠨ ᠪᠡᠶ᠎ᠠ ᠶ᠋ᠢᠨ ᠦᠨᠡᠮᠯᠡᠯ ᠤ᠋ᠨ ᠳ᠋ᠤᠭᠠᠷ ᠢ᠋ ᠪᠢᠴᠢᠵᠦ ᠤᠷᠤᠭᠤᠯᠪᠠᠯ ᠲᠡᠷᠡ ᠳᠠᠷᠤᠢ ᠳ᠋ᠤᠨᠢ ᠲᠤᠬᠠᠢ ᠶ᠋ᠢᠨ ᠬᠦᠮᠦᠨ ᠳ᠋ᠤ ᠡᠮ ᠤ᠋ᠨ ᠵᠦᠢᠯᠡᠰ ᠤ᠋ᠨ ᠲᠤᠬᠠᠢᠯᠠᠭᠰᠠᠨ ᠠᠵᠢᠯ ᠳ᠋ᠤ ᠤᠷᠤᠯᠴᠠᠬᠤ ᠶ᠋ᠢ ᠴᠠᠭᠠᠵᠠᠯᠠᠬᠤ ᠪᠠᠢᠳᠠᠯ ᠤᠷᠤᠰᠢᠬᠤ ᠡᠰᠡᠬᠦ ᠶ᠋ᠢ ᠪᠠᠢᠴᠠᠭᠠᠨ ᠮᠡᠳᠡᠵᠦ ᠪᠤᠯᠤᠨ᠎ᠠ᠃

ᠮᠠᠨ ᠤ᠋ ᠤᠯᠤᠰ ᠡᠮ ᠤ᠋ᠨ ᠵᠦᠢᠯᠡᠰ ᠤ᠋ᠨ ᠲᠤᠬᠠᠢᠯᠠᠭᠰᠠᠨ ᠠᠵᠢᠯ ᠳ᠋ᠤ ᠤᠷᠤᠯᠴᠠᠬᠤ ᠶ᠋ᠢ ᠴᠠᠭᠠᠵᠠᠯᠠᠬᠤ ᠬᠦᠮᠦᠰ ᠲᠤ᠌ 《ᠨᠢᠭᠡ ᠯᠡ ᠤᠳᠠᠭ᠎ᠠ ᠢᠳᠡᠭᠡᠮᠵᠢ ᠠᠯᠳᠠᠪᠠᠯ ᠭᠠᠵᠠᠷ ᠪᠤᠯᠭᠠᠨ ᠳ᠋ᠤ ᠬᠢᠵᠠᠭᠠᠷᠯᠠᠯ ᠬᠦᠷᠳᠡᠬᠦ᠂ ᠨᠢᠭᠡ ᠮᠤᠵᠢ ᠳ᠋ᠤ ᠲᠤᠬᠠᠢᠯᠠᠭᠰᠠᠨ ᠠᠵᠢᠯ ᠳ᠋ᠤ ᠤᠷᠤᠯᠴᠠᠬᠤ ᠶ᠋ᠢ ᠴᠠᠭᠠᠵᠠᠯᠠᠪᠠᠯ ᠪᠦᠬᠦ ᠤᠯᠤᠰ ᠲᠤ᠌ ᠨᠡᠢᠳᠡᠮ ᠴᠠᠭᠠᠵᠠᠯᠠᠬᠤ》 ᠶ᠋ᠢ ᠬᠡᠷᠡᠭᠵᠢᠭᠦᠯᠵᠦ ᠪᠠᠢᠬᠤ ᠪᠤᠯᠬᠤᠷ ᠲᠤᠰ ᠦᠢᠯᠡᠴᠢᠯᠡᠭᠡ ᠨᠢ ᠤᠯᠠᠮᠵᠢᠯᠠᠯᠳᠦ ᠬᠢᠨᠠᠯᠳᠠ ᠬᠠᠮᠢᠶᠠᠷᠤᠯᠳᠠ ᠶ᠋ᠢᠨ ᠳᠤᠳᠠᠭᠤᠳᠠᠯ ᠢ᠋ ᠪᠦᠲᠦᠮᠵᠢᠳᠠᠢ ᠨᠦᠬᠦᠪᠤᠷᠢᠯᠡᠵᠦ᠂ ᠮᠡᠳᠡᠭᠡ ᠵᠠᠩᠬᠢ ᠶ᠋ᠢᠨ ᠳᠦᠭᠵᠢᠷᠡᠯ ᠢ᠋ ᠠᠷᠢᠯᠭᠠᠨ᠂ ᠬᠡᠷᠡᠭ ᠤ᠋ᠨ ᠳᠠᠷᠠᠭ᠎ᠠ ᠰᠠᠨᠠᠭᠠᠴᠢᠯᠠᠭᠠᠳᠦ ᠪᠤᠰᠤ ᠪᠡᠷ ᠰᠢᠢᠳᠪᠤᠷᠢᠯᠡᠬᠦ ᠡᠴᠡ ᠬᠡᠷᠡᠭ ᠤ᠋ᠨ ᠡᠮᠦᠨ᠎ᠠ ᠤᠷᠢᠳᠴᠢᠯᠡᠨ ᠰᠡᠷᠭᠡᠢᠯᠡᠬᠦ ᠪᠤᠯᠭᠠᠨ ᠬᠤᠪᠢᠷᠠᠭᠤᠯᠬᠤ ᠶ᠋ᠢ ᠠᠬᠢᠭᠤᠯᠵᠤ᠂ ᠡᠮ ᠤ᠋ᠨ ᠵᠦᠢᠯᠡᠰ ᠤ᠋ᠨ ᠠᠮᠦᠷ ᠲᠦᠪᠰᠢᠨ ᠤ᠋ ᠬᠤᠷᠢᠭ᠎ᠠ ᠱᠤᠭᠤᠮ ᠢ᠋ ᠤᠯᠠᠮ ᠨᠢᠭᠡ ᠠᠯᠬᠤᠮ ᠪᠡᠬᠢᠵᠢᠭᠦᠯᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面