ᠲᠡᠷᠢᠭᠦᠨ ᠨᠢᠭᠤᠷ>ᠴᠠᠭ ᠲᠦᠷᠦ>ᠠᠵᠤ ᠠᠬᠤᠢ

2026-11-04 18:28:01

ᠵᠣᠬᠢᠶᠠᠭ᠍ᠴᠢ᠄ ᠭᠤᠤ ᠬᠤᠡᠭ ᠯᠢᠶᠠᠨ ᠣᠩᠱᠢᠭ᠍ᠰᠠᠨ ᠣᠳᠠᠭ᠎ᠠ᠄ 3

ᠲᠦᠷᠤᠬᠦᠤ 9 ᠰᠠᠷ᠎ᠠ᠎ᠳᠤ᠂ ᠬᠥᠬᠡᠬᠣᠲᠠ᠎ᠶᠢᠨ ᠬᠢᠨ ᠳᠤᠮᠳᠠᠳᠤ ᠧᠦ᠋ᠷᠣᠫᠠ (ᠲᠥᠪ ᠠᠽᠢᠶ᠎ᠠ) ᠵᠢᠨ ᠵᠢᠰᠢᠶᠠᠨ᠎ᠤ ᠭᠠᠯᠲᠤ᠌ ᠲᠡᠷᠭᠡ᠎ᠶᠢ ᠨᠡᠢ᠌ᠳᠡ 169 ᠤᠳᠠᠭ᠎ᠠ ᠠᠶᠠᠯᠠᠭᠤᠯᠵᠤ᠂ ᠠᠳᠠᠯᠢ ᠬᠤᠭᠤᠴᠠᠭᠠᠨ᠎ᠤ ᠬᠢ᠎ᠡᠴᠡ 83% ᠪᠡᠷ ᠨᠡᠮᠡᠭᠳᠡᠵᠤ᠂ ᠬᠣᠣᠰ ᠴᠢᠭᠯᠡᠯ᠎ᠢᠶᠡᠷ ᠨᠡᠪᠲᠡᠷᠡᠬᠦ᠌ ᠪᠦᠲᠦᠴᠡ ᠨᠢ ᠦᠷᠭᠦᠯᠵᠢᠯᠡᠨ ᠰᠢᠯᠢᠳᠡᠭᠵᠢᠪᠡ᠃

ᠡᠳ᠋ ᠪᠠᠷᠠᠭᠠᠨ᠎ᠤ ᠥᠨᠳᠥᠷ ᠪᠦᠲᠦᠮᠵᠢᠲᠡᠶ ᠰᠠᠭᠠᠳ ᠥᠬᠡᠶ ᠪᠡᠷ ᠪᠣᠭᠣᠮᠲᠠ᠎ᠪᠠᠷ ᠥᠩᠭᠡᠷᠡᠬᠦ᠌᠎ᠶᠢ ᠪᠠᠲᠤᠯᠠᠬᠤ᠎ᠶᠢᠨ ᠲᠥᠯᠥᠭᠡ᠂ ᠰᠠᠶ᠋ᠢᠬᠠᠨ ᠪᠣᠭᠣᠮᠲᠠ ᠥᠪᠥᠷ ᠮᠣᠩᠭᠣᠯ᠎ᠤᠨ ᠴᠢᠯᠥᠭᠡᠲᠦ᠍ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠤᠮᠠᠷᠠᠰᠢ ᠨᠡᠭᠡᠭᠡᠯᠲᠡ ᠬᠢᠬᠦ᠌ ᠣᠯᠠᠨ ᠤᠯᠤᠰ᠎ᠤᠨ ᠶᠡᠬᠡ ᠵᠠᠮ᠎ᠤᠨ ᠪᠥᠲᠥᠭᠡᠨ ᠪᠠᠶ᠋ᠢᠭᠤᠯᠤᠯᠲᠠ᠎ᠶᠢᠨ ᠡᠭᠦᠷᠭᠡ᠎ᠲᠡᠶ ᠣᠨᠣᠪᠴᠢᠲᠠᠶ ᠪᠠᠷᠢᠮᠵᠢᠶᠠᠯᠠᠨ᠂ ᠬᠠᠷᠢᠶ᠎ᠠ ᠭᠠᠵᠠᠷ᠎ᠤᠨ ᠬᠢᠨᠠᠨ ᠬᠠᠮᠢᠶᠠᠷᠬᠤ ᠡᠭᠦᠷᠭᠡ ᠴᠢᠳᠠᠪᠤᠷᠢ᠎ᠳᠤ ᠰᠠᠭᠤᠷᠢᠯᠠᠵᠤ᠂ ᠵᠢᠰᠢᠶᠠᠨ᠎ᠤ ᠭᠠᠯᠲᠤ᠌ ᠲᠡᠷᠭᠡᠨ᠎ᠦ ᠪᠣᠭᠣᠮᠲᠠ᠎ᠪᠠᠷ ᠥᠩᠭᠡᠷᠡᠬᠦ᠌ ᠦᠢᠯᠡᠴᠢᠯᠡᠭᠡᠨ᠎ᠦ ᠰᠢᠰᠲ᠋ᠧᠮ᠎ᠢ ᠰᠢᠯᠢᠳᠡᠭᠵᠢᠭᠦᠯᠦᠭᠰᠡᠨ ᠪᠠᠢᠨ᠎ᠠ᠃ ᠣᠶᠤᠨᠴᠢ ᠬᠢᠨᠠᠯᠲᠠ ᠬᠠᠮᠢᠶᠠᠷᠤᠯᠲᠠ᠎ᠶᠢᠨ ᠥᠭᠡᠷᠡᠴᠢᠯᠡᠯᠲᠡ᠎ᠶᠢ ᠭᠦᠨᠵᠡᠭᠡᠶ᠋ᠢᠷᠡᠭᠦᠯᠬᠦ᠌ ᠪᠡᠷ ᠳᠠᠮᠵᠢᠭᠤᠯᠤᠨ᠂ ᠲᠡᠮᠦᠷ ᠵᠠᠮ᠎ᠤᠨ ᠲᠦᠷᠭᠡᠨ ᠥᠩᠭᠡᠷᠡᠬᠦ᠌ ᠵᠠᠭᠪᠤᠷ᠎ᠢ ᠪᠥᠬᠥ᠌ ᠲᠠᠯ᠎ᠠ᠎ᠪᠠᠷ ᠳᠡᠯᠭᠡᠷᠡᠭᠦᠯᠵᠦ᠍᠂ ᠨᠡᠶ᠋ᠢᠲᠡ 34 ᠴᠤᠪᠤᠭ᠎ᠠ (ᠴᠥᠮ ᠣᠴᠢᠬᠤ ᠵᠠᠮ᠎ᠤᠨ ᠵᠢᠰᠢᠶᠠᠨ᠎ᠤ ᠭᠠᠯᠳᠤ ᠲᠡᠷᠭᠡ ᠪᠣᠯᠤᠨ᠎ᠠ) ᠶᠠᠪᠤᠭᠤᠯᠵᠤ᠂ ᠪᠠᠷᠠᠭᠠᠨ᠎ᠤ ᠥᠷᠲᠡᠭ᠎ᠨᠢ 6.5 ᠳ᠋ᠦᠩᠰᠢᠭᠤᠷ ᠲᠥᠭᠥᠷᠢᠭ᠂ ᠪᠠᠷᠠᠭᠠᠨ᠎ᠤ ᠲᠡᠭᠡᠭᠡᠪᠦᠷᠢ᠎ᠶᠢᠨ ᠬᠡᠮᠵᠢᠶ᠎ᠡ᠎ᠨᠢ 24820 ᠲᠣᠨ᠎ᠳᠤ ᠬᠦᠷᠴᠠᠢ; ᠪᠣᠭᠣᠮᠲᠠ᠎ᠶᠢᠨ ᠣᠶᠤᠨᠴᠢᠯᠠᠭᠰᠠᠨ ᠠᠴᠢᠶᠠᠯᠠᠪᠤᠷᠢ ᠵᠢᠨ ᠬᠠᠭᠤᠳᠠᠰᠤ ᠵᠢᠨ ᠰᠢᠰᠲ᠋ᠧᠮ᠎ᠳᠦ ᠲᠦᠰᠢᠭᠯᠡᠨ᠂ ᠠᠵᠤ ᠠᠬᠤᠢᠯᠠᠯ᠎ᠤᠨ ᠴᠠᠭᠠᠰᠤ ᠬᠡᠷᠡᠭᠯᠡᠬᠦ᠌ ᠥᠬᠡᠶ᠎ᠪᠡᠷ ᠭᠤᠶᠤᠴᠢᠯᠠᠨ ᠮᠡᠳᠡᠭᠦᠯᠬᠦ᠌᠂ ᠠᠦ᠋ᠲ᠋ᠣ᠋ ᠪᠡᠷ ᠬᠠᠷᠭᠤᠭᠤᠯᠤᠨ ᠰᠢᠯᠭᠠᠬᠤ᠎ᠶᠢ ᠪᠡᠶᠡᠯᠡᠭᠦᠯᠵᠦ᠍᠂ ᠠᠵᠤ ᠠᠬᠤᠢᠯᠠᠯ᠎ᠤᠨ ᠬᠢᠯᠢ ᠠᠯᠤᠰᠯᠠᠨ ᠪᠣᠭᠣᠮᠲᠠ᠎ᠪᠠᠷ ᠥᠩᠭᠡᠷᠡᠬᠦ᠌ ᠴᠠᠭ᠎ᠢ ᠶᠡᠬᠡ᠎ᠪᠡᠷ ᠪᠠᠭᠠᠰᠬᠠᠨ᠂ ᠬᠥᠮᠥᠷᠭᠡᠯᠡᠵᠦ᠍ ᠭᠠᠷᠠᠮ᠎ᠳᠤ ᠰᠠᠭᠠᠲᠠᠭᠠᠬᠤ ᠥᠪᠡᠷ᠎ᠦᠨ ᠥᠷᠲᠡᠭ᠎ᠢ ᠪᠠᠭᠤᠷᠠᠭᠤᠯᠤᠬᠰᠠᠨ ᠪᠠᠢᠨ᠎ᠠ᠃

ᠪᠠᠰᠠ ᠠᠵᠤ ᠠᠬᠤᠢᠯᠠᠯ᠎ᠤᠨ ᠲᠡᠭᠡᠭᠡᠪᠦᠷᠢᠯᠡᠬᠦ᠌ ᠲᠥᠯᠥᠪᠯᠡᠭᠡ᠎ᠶᠢ ᠤᠷᠢᠳᠴᠢᠯᠠᠨ ᠣᠶ᠋ᠢᠯᠠᠭᠠᠵᠤ᠂ ᠪᠣᠭᠣᠮᠲᠠ᠎ᠪᠠᠷ ᠤᠷᠢᠳᠴᠢᠯᠠᠨ ᠪᠤᠯᠵᠤᠵᠤ ᠦᠡᠭᠭᠡᠷᠡᠬᠦ ᠵᠢ ᠪᠠᠳᠤᠯᠠᠵᠤ᠂ ᠲᠤᠰᠬᠠᠶ ᠠᠵᠢᠯᠳᠠᠨ᠎ᠢ  ᠳᠣᠭᠢᠷᠠᠭᠤᠯᠤᠨ ᠠᠵᠤ ᠠᠬᠤᠢᠯᠠᠯ᠎ᠤᠨ ᠪᠣᠭᠣᠮᠲᠠ᠎ᠪᠠᠷ ᠥᠩᠭᠡᠷᠡᠬᠦ᠌ ᠲᠦᠭᠵᠢᠷᠡᠯ ᠪᠠ ᠡᠪᠡᠷᠰᠢᠶᠠᠯ᠎ᠤᠨ ᠠᠰᠠᠭᠤᠳᠠᠯ᠎ᠢ ᠵᠣᠯᠭᠠᠭᠤᠯᠤᠨ ᠰᠢᠶ᠋ᠳᠪᠦᠷᠢᠯᠡᠵᠦ᠍᠂ ᠠᠴᠢᠶᠠᠯᠠᠪᠤᠷᠢ ᠵᠢᠨ ᠬᠠᠭᠤᠳᠠᠰᠤ᠎ᠶᠢ ᠲᠠᠷᠤᠢ ᠬᠢᠨᠠᠨ ᠬᠠᠷᠭᠤᠭᠤᠯᠬᠤ᠂ ᠤᠷᠢᠳ ᠵᠢᠡᠷ ᠶᠠᠪᠤᠭᠤᠯᠬᠤ ᠵᠡᠷᠭᠡ ᠲᠤᠬᠠᠶ᠋ᠢᠯᠠᠭᠰᠠᠨ ᠠᠵᠢᠯ᠎ᠤᠨ ᠬᠡᠷᠡᠭᠴᠡᠭᠡ ᠱᠠᠭᠠᠷᠳᠠᠯᠭ᠎ᠠ᠎ᠶᠢ ᠬᠥᠳᠡᠯᠦᠩᠭᠦᠶ᠎ᠪᠡᠷ ᠪᠠᠲᠤᠯᠠᠵᠤ᠂ 《ᠲᠠᠷᠤᠢ ᠮᠡᠳᠡᠬᠦᠯᠵᠤ ᠲᠠᠷᠤᠢ ᠪᠠᠶ᠋ᠢᠴᠠᠭᠠᠵᠤ ᠲᠠᠷᠤᠢ ᠬᠦᠢᠴᠡᠳᠭᠡᠬᠦ᠌》᠎ᠶ᠋ᠢ ᠪᠠᠶᠠᠯᠠᠬᠦᠯᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面