ᠲᠡᠷᠢᠭᠦᠨ ᠨᠢᠭᠤᠷ>ᠴᠠᠭ ᠲᠦᠷᠦ>ᠠᠵᠤ ᠠᠬᠤᠢ

2026-11-05 11:48:47

ᠵᠣᠬᠢᠶᠠᠭ᠍ᠴᠢ᠄ ᠳᠡᠯᠭᠡᠷᠬᠦᠦ ᠣᠩᠱᠢᠭ᠍ᠰᠠᠨ ᠣᠳᠠᠭ᠎ᠠ᠄ 3

—  ᠦᠪᠦᠷ ᠮᠤᠩᠭᠤᠯ᠎ᠤᠨ ᠠᠷᠪᠠᠨ ᠶᠡᠬᠡ ᠠᠵᠦ ᠦᠢᠯᠡᠰ᠎ᠤᠨ ᠪᠦᠯᠦᠭᠵᠢᠯ᠎ᠤᠨ ᠬᠦᠭᠵᠢᠯᠳᠡ᠎ᠶᠢᠨ ᠲᠤᠬᠠᠢ ᠰᠢᠷᠢᠰ ᠮᠡᠳᠡᠭᠡᠯᠡᠯ (ᠭᠤᠷᠪᠠ)


ᠥᠪᠥᠷ ᠮᠣᠩᠭᠣᠯ ᠤᠯᠤᠰ᠎ᠤᠨ ᠠᠵᠤ ᠦᠢᠯᠡᠰ᠎ᠦᠨ ᠲᠥᠷᠥ᠎ᠶᠢᠨ ᠪᠣᠳᠣᠯᠭ᠎ᠠ᠎ᠶᠢ ᠢᠳᠡᠪᠬᠢᠲᠡᠶ ᠵᠣᠯᠭᠠᠭᠤᠯᠵᠤ᠂ ᠰᠢᠨ᠎ᠡ ᠮᠠᠲ᠋ᠧᠷᠢᠶᠠᠯ᠎ᠤᠨ ᠠᠵᠤ ᠦᠢᠯᠡᠰ᠎ᠢ ᠲᠦᠷᠭᠡᠳᠭᠡᠨ ᠪᠠᠶ᠋ᠢᠷᠢᠰᠢᠭᠤᠯᠵᠤ᠂ ᠪᠤᠭᠤᠲᠤ᠌ ᠬᠣᠲᠠ᠎ᠶᠢᠨ ᠴᠠᠬᠢᠭᠤᠷ᠂ ᠬᠣᠪᠣᠷ ᠰᠢᠷᠣᠶ᠎ᠶᠢᠨ ᠰᠢᠨ᠎ᠡ ᠮᠠᠲ᠋ᠧᠷᠢᠶᠠᠯ ᠵᠢᠴᠢ ᠲᠦᠩᠯᠢᠶᠣᠤ ᠬᠣᠲᠠ᠎ᠶᠢᠨ ᠬᠥᠩᠭᠡᠨᠴᠠᠭᠠᠨ᠎ᠳᠤ ᠰᠠᠭᠤᠷᠢᠯᠠᠬᠰᠠᠨ ᠰᠢᠨ᠎ᠡ ᠮᠠᠲ᠋ᠧᠷᠢᠶᠠᠯ ᠵᠡᠷᠭᠡ᠎ᠪᠡᠷ ᠲᠥᠯᠥᠭᠡᠯᠡᠭᠦᠯᠦᠭᠰᠡᠨ ᠰᠢᠨ᠎ᠡ ᠮᠠᠲ᠋ᠧᠷᠢᠶᠠᠯ᠎ᠤᠨ ᠠᠵᠤ ᠦᠢᠯᠡᠰ᠎ᠦᠨ ᠲᠦᠪᠯᠡᠷᠡᠯ᠎ᠤᠨ ᠣᠷᠣᠨ ᠶᠠᠭ ᠲᠦᠷᠭᠡᠨ ᠬᠥᠭᠵᠢᠵᠦ᠍ ᠪᠠᠶ᠋ᠢᠨ᠎ᠠ᠃

ᠦᠪᠦᠷ ᠮᠤᠩᠭᠤᠯ᠎ᠤᠨ ᠡᠨᠧᠷᠬᠢ᠂ ᠠᠭᠤᠷᠬᠠᠢ᠎ᠶᠢᠨ ᠭᠠᠷᠤᠯᠳᠡ᠎ᠶᠢᠨ ᠡᠬᠢ ᠪᠠᠶᠠᠯᠢᠭ ᠡᠯᠪᠡᠭ ᠳᠡᠯᠪᠡᠭ᠂ ᠨᠡᠯᠢᠶᠡᠳ ᠪᠦᠷᠢᠨ ᠪᠦᠲᠦᠨ ᠠᠵᠦ ᠦᠢᠯᠡᠰ᠎ᠤᠨ ᠰᠢᠰᠲᠧᠮ ᠎ᠢ ᠪᠦᠷᠢᠯᠳᠦᠬᠦᠯᠵᠦ᠂ ᠦᠩᠭᠡᠳᠤ ᠲᠡᠮᠦᠷᠯᠢᠭ᠂ ᠬᠤᠪᠤᠷ ᠰᠢᠷᠤᠢ ᠵᠡᠷᠬᠡ ᠰᠢᠨ᠎ᠠ ᠮᠠᠲᠸᠷᠢᠶᠠᠯ᠎ᠤᠨ ᠬᠦᠷᠢᠶ᠎ᠠ ᠨᠢ ᠨᠡᠯᠢᠶᠠᠳ ᠰᠠᠢᠨ ᠠᠵᠦ ᠦᠢᠯᠡᠰ᠎ᠤᠨ ᠰᠠᠭᠤᠷᠢ ᠲᠠᠢ ᠪᠤᠯᠬᠤᠷ ᠬᠠᠷᠢᠴᠠᠩᠭᠤᠢ ᠲᠠᠪᠠᠭᠤᠯᠢᠭ᠎ᠢᠶᠡᠨ ᠪᠠᠳᠠᠷᠠᠭᠤᠯᠤᠨ᠂ ᠰᠢᠨ᠎ᠠ ᠮᠠᠲᠸᠷᠢᠶᠠᠯ᠎ᠤᠨ ᠠᠵᠦ ᠦᠢᠯᠡᠰ ᠎ᠤᠨ ᠰᠢᠯᠵᠢᠯᠳᠡ ᠎ᠵᠢ ᠵᠤᠯᠭᠠᠭᠤᠯᠬᠤ ᠨᠦᠬᠦᠴᠡᠯ ᠪᠡ ᠤᠷᠤᠨ ᠵᠠᠢ ᠪᠦᠷᠢᠯᠳᠤᠵᠠᠢ᠃ ᠤᠳᠤᠬᠠᠨ ᠪᠤᠯᠳᠠᠯ᠎ᠠ᠂ ᠦᠪᠦᠷ ᠮᠤᠩᠭᠤᠯ᠎ᠤᠨ ᠪᠠᠢᠴᠠᠭᠠᠨ ᠲᠤᠳᠤᠯᠠᠬᠰᠠᠨ ᠡᠬᠢ ᠪᠠᠶᠠᠯᠢᠭ᠎ᠤᠨ ᠬᠠᠳᠠᠭᠠᠯᠠᠬᠳᠠᠴᠠ᠎ᠶᠢᠨ ᠠᠭᠤᠷᠬᠠᠢ᠎ᠶᠢᠨ ᠲᠦᠷᠦᠯ ᠨᠡᠢᠳᠡ152 ᠵᠤᠢᠯ ᠪᠤᠢ᠃ ᠡᠬᠦᠨ᠎ᠳᠤ᠂ ᠨᠡᠭᠦᠷᠡᠰᠦ᠂ ᠬᠤᠪᠤᠷ ᠰᠢᠷᠤᠢ᠂ ᠡᠩ᠎ᠤᠨ ᠬᠠᠢᠯᠤᠭᠤᠷ ᠵᠤᠩᠰᠢ᠂ ᠼᠢᠷᠺᠦᠨ᠂ ᠨᠢᠤᠪᠢ᠂ ᠬᠠᠷ᠎ᠠ ᠲᠤᠭᠤᠯᠭ᠎ᠠ᠂ ᠴᠠᠢᠷ᠂ ᠮᠦᠩᠭᠦ ᠵᠡᠷᠬᠡ 20 ᠵᠤᠢᠯ᠎ᠤᠨ ᠠᠭᠤᠷᠬᠠᠢ ᠎ᠶᠢᠨ ᠲᠦᠷᠦᠯ ᠎ᠤᠨ ᠡᠬᠢ ᠪᠠᠶᠠᠯᠢᠭ᠎ᠤᠨ ᠬᠠᠳᠠᠭᠠᠯᠠᠭᠳᠠᠴᠠ᠎ᠶᠢᠨ ᠬᠡᠮᠵᠢᠶ᠎ᠠ ᠪᠦᠬᠦ ᠤᠯᠤᠰ᠎ᠲᠦ ᠲᠦᠷᠦᠬᠦᠯᠡᠵᠦ᠂ ᠡᠬᠢ ᠪᠠᠶᠠᠯᠢᠭ ᠎ᠤᠨ ᠬᠠᠳᠠᠭᠠᠯᠠᠭᠳᠠᠴᠠ᠎ᠶᠢᠨ ᠬᠡᠮᠵᠢᠶ᠎ᠠ ᠪᠡᠷ ᠪᠦᠬᠦ ᠤᠯᠤᠰ᠎ᠤᠨ ᠲᠦᠷᠦᠬᠦᠦ ᠭᠤᠷᠪᠡ ᠎ᠳᠤ ᠵᠢᠬᠰᠠᠭᠠᠬᠳᠠᠵᠦ ᠪᠠᠢᠭ᠎ᠠ ᠠᠭᠤᠷᠬᠠᠢ᠎ᠶᠢᠨ ᠲᠦᠷᠦᠯ 55 ᠪᠤᠯᠤᠨ ᠨᠡᠮᠡᠭᠳᠡᠵᠡᠢ᠃

8 ᠰᠠᠷ᠎ᠠ᠎ᠶᠢᠨ ᠰᠡᠭᠦᠯᠴᠢ ᠪᠡᠷ᠂ ᠥᠪᠥᠷ ᠮᠣᠩᠭᠣᠯ᠎ᠤᠨ ᠱᠧᠩ ᠴᠢᠤᠸᠠᠨ ᠺᠧ ᠯᠢ ᠶᠤᠸᠠᠨ ᠰᠢᠨ᠎ᠡ ᠮᠠᠲ᠋ᠧᠷᠢᠶᠠᠯ᠎ᠤᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ᠌ ᠺᠣᠮᠫᠠᠨᠢ᠎ᠶᠢᠨ ᠪᠤᠭᠤᠲᠤ᠌ ᠬᠣᠲᠠ᠎ᠶᠢᠨ ᠭᠦᠶᠡᠩ ᠰᠢᠶᠠᠨ᠎ᠳᠤ ᠪᠡᠯᠡ ᠤᠷᠤᠭᠤᠯᠤᠨ ᠪᠦᠲᠦᠭᠡᠨ ᠪᠠᠢᠭᠤᠯᠵᠦ ᠪᠠᠢᠭ᠎ᠠ ᠵᠢᠯ᠎ᠳᠦ 10 ᠲᠦᠮᠡᠨ ᠲᠣᠨ ᠣᠯᠠᠨ ᠡᠰᠢᠲᠦ᠍ ᠬᠣᠪᠣᠷ ᠰᠢᠷᠣᠶ᠎ᠶᠢᠨ ᠬᠠᠶ᠋ᠢᠯᠤᠰᠢ ᠦᠢᠯᠡᠳᠪᠦᠷᠢᠯᠡᠬᠦ᠌ ᠲᠥᠷᠥᠯ ᠵᠦᠢᠯ᠎ᠨᠢ ᠬᠡᠰᠡᠭ ᠬᠤᠪᠢᠶᠠᠨ ᠲᠤᠷᠰᠢᠨ ᠦᠢᠯᠡᠳᠪᠦᠷᠢᠯᠡᠬᠦ᠌ ᠱᠠᠲᠤᠨ᠎ᠳᠤ ᠣᠷᠣᠵᠠᠢ᠃ ᠲᠣᠰ ᠲᠥᠷᠥᠯ ᠵᠦᠢᠯ᠎ᠦᠨ ᠶᠡᠷᠦᠩᠬᠡᠶ ᠪᠠᠯᠠ ᠣᠷᠣᠭᠤᠯᠤᠯᠲᠠ ᠨᠢ 5 ᠳ᠋ᠦᠩᠰᠢᠭᠤᠷ ᠲᠥᠭᠥᠷᠢᠭ ᠪᠠᠢᠵᠦ᠂ ᠭᠤᠤᠯᠳᠠᠭᠤ ᠬᠣᠪᠣᠷ ᠰᠢᠷᠣᠶ᠂ ᠮᠠᠭᠨᠢ᠂ ᠺᠠᠯᠼ᠎ᠤᠨ ᠨᠡᠶ᠋ᠢᠯᠡᠮᠡᠯ ᠥᠩᠭᠡᠲᠦ᠍ ᠲᠡᠮᠦᠷᠯᠢᠭ᠎ᠦᠨ ᠬᠠᠶ᠋ᠢᠯᠤᠰᠢ᠎ᠶᠢᠨ ᠦᠢᠯᠡᠳᠬᠦᠨ᠎ᠢ ᠡᠵᠡᠩᠨᠡᠵᠤ ᠪᠤᠢ᠂ ᠲᠤᠰ ᠲᠦᠷᠦᠯ ᠵᠦᠢᠯ ᠨᠢ ᠡᠨᠡ ᠵᠢᠯ᠎ᠤᠨ 5 ᠰᠠᠷ᠎ᠠ᠎ᠡᠴᠡ ᠡᠬᠢᠯᠡᠨ ᠲᠤᠷᠰᠢᠨ ᠦᠢᠯᠡᠳᠪᠦᠷᠢᠯᠡᠵᠦ᠍᠂ ᠱᠠᠳᠤᠴᠢ ᠴᠢᠨᠠᠷᠲᠠᠢ ᠦᠢᠯᠡᠳᠬᠦᠨ᠎ᠦ ᠦᠷᠳᠡᠭ᠎ᠢ ᠨᠢᠭᠡᠨᠲᠡ 1.71 ᠳ᠋ᠦᠩᠰᠢᠭᠤᠷ ᠲᠥᠭᠥᠷᠢᠭ ᠪᠡᠶᠡᠯᠡᠭᠦᠯᠵᠠᠢ᠃ ᠣᠳᠣᠬᠠᠨ᠎ᠳᠤ ᠲᠦᠷᠦᠯ ᠵᠦᠢᠯ᠎ᠤᠨ ᠬᠡᠰᠡᠭ ᠳᠤᠮᠳᠠ ᠳᠠᠪᠲᠠᠮᠵᠢ᠎ᠶᠢᠨ ᠴᠠᠬᠢᠯᠭᠠᠨ ᠵᠤᠤᠬ᠎ᠠ ᠨᠢᠭᠡᠨᠲᠡ ᠲᠣᠭᠲᠠᠭᠤᠨ᠎ᠢᠶᠠᠷ ᠠᠰᠢᠭᠯᠠᠯᠲᠠ᠎ᠳᠤ ᠣᠷᠣᠵᠤ᠂ ᠪᠦᠬᠦᠶ᠋ᠢᠯᠡ ᠦᠢᠯᠡᠳᠪᠦᠷᠢᠯᠡᠯ᠎ᠦᠨ ᠱᠤᠭᠤᠮ ᠎ᠢ  ᠪᠦᠬᠦ᠌ ᠱᠤᠭᠤᠮ᠎ᠢᠶᠠᠷ ᠠᠰᠢᠭᠯᠠᠯᠲᠠ᠎ᠳᠤ ᠣᠷᠣᠭᠤᠯᠬᠤ᠎ᠪᠠᠷ ᠪᠤᠢ᠃ ᠲᠥᠯᠥᠪᠯᠡᠭᠡ ᠶᠣᠰᠣᠭᠠᠷ᠂ ᠪᠥᠬᠥ᠌ ᠱᠤᠭᠤᠮ᠎ᠢᠶᠠᠷ ᠠᠰᠢᠭᠯᠠᠯᠲᠠ᠎ᠳᠤ ᠣᠷᠣᠭᠤᠯᠤᠭᠰᠠᠨ᠎ᠤ ᠲᠠᠷᠠᠭ᠎ᠠ᠂ ᠵᠢᠯ᠎ᠳᠦ 10 ᠲᠦᠮᠡᠨ ᠲᠣᠨ ᠣᠯᠠᠨ ᠡᠰᠢᠲᠦ᠍ ᠬᠣᠪᠣᠷ ᠰᠢᠷᠣᠶ᠎ᠶᠢᠨ ᠬᠠᠶ᠋ᠢᠯᠤᠰᠢ ᠦᠢᠯᠡᠳᠪᠦᠷᠢᠯᠡᠬᠦ᠌ ᠴᠢᠳᠠᠪᠤᠷᠢ᠎ᠶᠢ ᠪᠦᠷᠢᠯᠳᠦᠭᠦᠯᠵᠦ᠍᠂ ᠵᠢᠯ᠎ᠳᠦ 10 ᠳ᠋ᠦᠩᠰᠢᠭᠤᠷ ᠲᠥᠭᠥᠷᠢᠭ᠎ᠦᠨ ᠠᠵᠤ ᠦᠢᠯᠡᠳᠪᠦᠷᠢ᠎ᠶᠢᠨ ᠦᠢᠯᠡᠳᠬᠦᠨ᠎ᠦ ᠥᠷᠲᠡᠭ᠎ᠢ ᠡᠭᠦᠳᠤᠨ᠎ᠠ᠃

ᠤᠢ᠌ᠷ᠎ᠠ᠎ᠶᠢᠨ ᠵᠢᠯ ᠂ ᠪᠤᠭᠤᠲᠤ᠌ ᠬᠤᠳᠠ᠎ᠶᠢᠨ ᠭᠦᠶᠡᠩ ᠰᠢᠶᠠᠨ ᠪᠠᠶ᠋ᠢᠯᠳᠤᠬᠤ ᠪᠤᠳᠤᠯᠭ᠎ᠠ᠎ᠶᠢᠨ ᠴᠢᠨᠠᠷᠲᠠᠢ ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠢ ᠬᠦᠭᠵᠢᠬᠦᠯᠬᠦ ᠴᠢᠭᠯᠡᠯ ᠲᠣᠭᠲᠠᠭᠠᠵᠤ᠂ ᠠᠵᠤ ᠦᠢᠯᠡᠳᠪᠦᠷᠢ᠎ᠶᠢᠨ ᠪᠦᠲᠦᠴᠡ᠎ᠶᠢ ᠳᠡᠰ ᠳᠡᠪᠰᠢᠭᠦᠯᠬᠦ᠌᠎ᠪᠡᠷ ᠭᠣᠣᠯ ᠱᠤᠭᠤᠮ ᠪᠣᠯᠭᠠᠵᠤ ᠂ ᠡᠬᠢ ᠪᠠᠶᠠᠯᠢᠭ᠎ᠤᠨ ᠬᠡᠯᠪᠡᠷᠢ᠎ᠶᠢᠨ ᠬᠤᠰᠢᠭᠤ ᠰᠢᠶᠠᠨ᠎ᠤ ᠠᠵᠤ ᠦᠢᠯᠡᠰ᠎ᠦᠨ ᠦᠷᠭᠦᠯᠵᠢᠯᠡᠬᠦ᠌ ᠬᠥᠭᠵᠢᠯᠲᠡ᠎ᠶᠢᠨ ᠬᠥᠳᠡᠯᠭᠡᠬᠦ᠌ ᠡᠨᠧᠷᠭᠢ᠎ᠶᠢ ᠦᠷᠭᠦᠯᠵᠢᠯᠡᠨ ᠬᠥᠭᠵᠢᠭᠡᠵᠠᠢ᠃ 2024  ᠣᠨ᠎ᠳᠤ ᠪᠤᠭᠤᠳᠤ᠎ᠶᠢᠨ ᠬᠤᠪᠤᠷ ᠰᠢᠷᠦᠢ᠎ᠶᠢᠨ ᠰᠢᠨ᠎ᠠ ᠮᠠᠲᠧᠷᠢᠶᠠᠯ᠎ᠤᠨ ᠪᠦᠯᠦᠭᠯᠡᠯ ᠪᠦᠬᠦ ᠤᠯᠤᠰ᠎ᠤᠨ ᠲᠡᠷᠢᠬᠦᠨ᠎ᠤ ᠦᠢᠯᠡᠳᠬᠦ ᠦᠢᠯᠡᠰ᠎ᠤᠨ ᠪᠦᠯᠦᠭᠯᠡᠯ᠎ᠳᠤ ᠠᠮᠵᠢᠯᠳᠡ ᠲᠠᠢ ᠰᠤᠩᠭᠤᠬᠳᠠᠵᠦ᠂ ᠪᠤᠭᠤᠳᠤ ᠬᠤᠳᠠ ᠶᠠᠭ 《ᠪᠦᠬᠦ ᠤᠯᠤᠰ᠎ᠤᠨ ᠬᠠᠮᠤᠭ᠎ᠤᠨ ᠲᠤᠮᠤ ᠬᠤᠪᠤᠷ ᠰᠢᠷᠦᠢ᠎ᠶᠢᠨ ᠰᠢᠨ᠎ᠠ ᠮᠠᠲᠧᠷᠢᠶᠠᠯ᠎ᠤᠨ ᠰᠠᠭᠤᠷᠢᠨ》 ᠪᠤᠯᠤᠨ 《ᠪᠦᠬᠦ ᠲᠡᠯᠡᠬᠡᠢ᠎ᠶᠢᠨ ᠲᠡᠷᠢᠬᠦᠨ᠎ᠤ ᠬᠤᠪᠤᠷ ᠰᠢᠷᠦᠢ᠎ᠶᠢᠨ ᠰᠠᠭᠤᠷᠢᠨ》 ᠤ᠋ ᠬᠠᠷᠠᠯᠳᠡ ᠲᠡᠢᠰᠢ ᠲᠤᠮᠤ ᠠᠯᠬᠤᠮ᠎ᠢᠶᠡᠷ ᠤᠷᠤᠭᠰᠢᠯᠡᠵᠦ ᠪᠤᠢ᠃

ᠦᠪᠦᠷ ᠮᠤᠩᠭᠤᠯ ᠬᠤᠪᠤᠷ ᠰᠢᠷᠤᠢ᠎ᠶᠢᠨ ᠮᠠᠲᠧᠷᠢᠶᠠᠯ᠎ᠤᠨ ᠲᠠᠯ᠎ᠠ ᠪᠡᠷ᠂ ᠬᠣᠪᠣᠷ ᠰᠢᠷᠣᠶ᠎ᠪᠠᠷ ᠲᠥᠯᠥᠭᠡᠯᠡᠭᠴᠢ ᠪᠣᠯᠭᠠᠵᠤ᠂ ᠰᠢᠨ᠎ᠡ ᠮᠠᠲ᠋ᠧᠷᠢᠶᠠᠯ᠎ᠤᠨ ᠠᠵᠤ ᠦᠢᠯᠡᠰ᠎ᠢ ᠲᠦᠷᠬᠡᠨ ᠬᠦᠭᠵᠢᠬᠦᠯᠵᠦ ᠪᠤᠢ᠃  ᠨᠢᠭᠡᠨᠳᠡ ᠮᠠᠯᠳᠡᠵᠦ ᠰᠤᠩᠭᠤᠬᠤ᠂ ᠬᠠᠢᠯᠤᠭᠤᠯᠵᠦ ᠰᠠᠯᠭᠠᠬᠤ᠂ ᠴᠢᠳᠠᠮᠵᠢᠳᠤ ᠮᠠᠲ᠋ᠧᠷᠢᠶᠠᠯ᠂ ᠲᠠᠪᠴᠠᠩ᠎ᠤᠨ ᠬᠡᠷᠡᠭᠯᠡᠯᠳᠡ ᠵᠡᠷᠭᠡ ᠨᠡᠯᠢᠶᠠᠳ ᠪᠦᠷᠢᠨ ᠪᠦᠲᠦᠨ ᠬᠤᠪᠤᠷ ᠰᠢᠷᠦᠢ᠎ᠶᠢᠨ ᠪᠦᠬᠦ ᠠᠵᠦ ᠦᠢᠯᠡᠰ᠎ᠤᠨ ᠬᠡᠯᠬᠢᠶ᠎ᠠ᠎ᠶᠢᠨ ᠬᠦᠭᠵᠢᠯᠳᠡ᠎ᠶᠢᠨ ᠪᠠᠢᠷᠢᠰᠢᠯ᠎ᠢ ᠪᠤᠢ ᠪᠤᠯᠭᠠᠪᠠ᠃

ᠡᠯᠪᠡᠭ ᠪᠠᠶᠠᠯᠢᠭ ᠰᠢᠨ᠎ᠡ ᠡᠨᠧᠷᠭᠢ᠎ᠶᠢᠨ ᠳᠠᠪᠠᠭᠤᠯᠢᠭ᠎ᠲᠠᠭᠠᠨ ᠰᠠᠭᠤᠷᠢᠯᠠᠵᠤ᠂ ᠪᠣᠬᠢᠷᠲᠤᠯ ᠥᠬᠡᠶ ᠴᠠᠬᠢᠯᠭᠠᠨ᠎ᠢᠶᠠᠷ ᠣᠷᠣᠯᠠᠭᠤᠯᠬᠤ᠎ᠪᠠᠷ ᠭᠤᠤᠯ ᠪᠣᠯᠭᠠᠨ᠂ ᠠᠵᠤ ᠦᠢᠯᠡᠰ᠎ᠦᠨ ᠪᠦᠯᠦᠭᠵᠢᠯ᠎ᠢᠶᠡᠷ ᠲᠤᠯᠭᠠᠭᠤᠷᠢᠯᠠᠯ ᠪᠣᠯᠭᠠᠵᠤ᠂ ᠮᠡᠷᠭᠡᠵᠢᠯ᠎ᠦᠨ ᠰᠢᠨ᠎ᠡ᠎ᠶᠢ ᠡᠭᠦᠳᠬᠦ᠌᠎ᠪᠡᠷ ᠬᠥᠳᠡᠯᠭᠡᠭᠦᠷ ᠪᠣᠯᠭᠠᠨ᠂ ᠬᠥᠩᠭᠡᠨᠴᠠᠭᠠᠨ᠎ᠤ ᠠᠵᠤ ᠦᠢᠯᠡᠰ᠎ᠦᠨ ᠪᠥᠬᠥ᠌ ᠬᠡᠯᠬᠢᠶ᠎ᠠ᠎ᠶᠢᠨ ᠰᠢᠪᠲᠤᠯᠤᠯᠲᠠ᠎ᠶᠢ ᠪᠡᠶᠡᠯᠡᠭᠦᠯᠵᠦ᠍᠂ ᠦᠪᠦᠷ ᠮᠤᠩᠭᠤᠯ ᠪᠦᠬᠦ ᠬᠡᠯᠬᠢᠶ᠎ᠠ᠎ᠶᠢᠨ ᠦᠢᠯᠡᠳᠬᠦᠨ᠎ᠤ ᠦᠷᠳᠡᠭ ᠨᠢ ᠮᠢᠩᠭᠠᠨ ᠳ᠋ᠦᠩᠰᠢᠭᠤᠷ ᠲᠦᠬᠦᠷᠢᠭ ᠪᠤᠯᠬᠤ ᠬᠥᠩᠭᠡᠨᠴᠠᠭᠠᠨ᠎ᠤ ᠠᠵᠤ ᠦᠢᠯᠡᠰ᠎ᠦᠨ ᠬᠡᠯᠬᠢᠶ᠎ᠡ᠎ᠶᠢ ᠠᠮᠵᠢᠯᠲᠠ᠎ᠲᠠᠶ ᠴᠣᠭᠴᠠᠯᠠᠵᠦ ᠪᠤᠢ᠃

ᠬᠣᠣᠯᠢᠨᠭᠭᠤᠤᠯ ᠬᠣᠲᠠ᠎ᠶᠢᠨ ᠥᠪᠥᠷ ᠮᠣᠩᠭᠣᠯ᠎ᠤᠨ ᠴᠤᠸᠠᠩ ᠶᠤᠸᠠᠨ ᠲᠡᠮᠦᠷᠯᠢᠭ᠎ᠦᠨ ᠬᠢᠵᠠᠭᠠᠷᠲᠤ᠌ ᠺᠣᠮᠫᠠᠨᠢ᠎ᠶᠢᠨ 80 ᠲᠦᠮᠡᠨ ᠲᠣᠨ᠎ᠤ ᠴᠠᠬᠢᠯᠭᠠᠨ ᠵᠠᠳᠠᠯᠤᠯ᠎ᠤᠨ ᠬᠥᠩᠭᠡᠨᠴᠠᠭᠠᠨ᠎ᠤ ᠦᠢᠯᠡᠳᠪᠦᠷᠢ᠎ᠶᠢᠨ ᠲᠠᠰᠤᠭ᠎ᠲᠦ 500 ᠭᠠᠷᠤᠶ ᠴᠠᠬᠢᠯᠭᠠᠨ ᠵᠠᠳᠠᠯᠤᠯ᠎ᠤᠨ ᠣᠩᠭᠣᠴᠠ ᠲᠣᠭᠲᠠᠭᠤᠨ᠎ᠢᠶᠠᠷ ᠠᠵᠢᠯᠯᠠᠵᠤ᠂ ᠰᠢᠩᠭᠡᠨ ᠲᠦᠯᠦᠪᠳᠤ ᠬᠥᠩᠭᠡᠨᠴᠠᠭᠠᠨ᠎ᠢ ᠬᠦᠷᠢᠶᠡᠯᠡᠩ ᠲᠣᠭᠣᠷᠢᠭ᠎ᠤᠨ ᠳᠤᠤᠷᠠᠳᠤ ᠲᠦᠪᠰᠢᠨ᠎ᠤ ᠠᠵᠤ ᠠᠬᠤᠶ᠋ᠢᠯᠠᠯ᠎ᠳᠤ ᠰᠢᠭᠤᠳ ᠬᠦᠷᠭᠡᠵᠦ᠍᠂ ᠪᠥᠬᠥ᠌ ᠶᠠᠪᠤᠴᠠ᠎ᠳᠤ ᠪᠣᠬᠢᠷᠲᠤᠯ ᠥᠬᠡᠶ ᠦᠢᠯᠡᠳᠪᠦᠷᠢᠯᠡᠯ᠎ᠦᠨ ᠪᠢᠲᠡᠭᠦᠦ ᠴᠠᠭᠠᠷᠢᠭ᠎ᠢ ᠪᠡᠶᠡᠯᠡᠭᠦᠯᠵᠠᠢ᠃ ᠣᠳᠣᠬᠠᠨ᠎ᠳᠤ᠂ ᠬᠣᠣᠯᠢᠨᠭᠭᠤᠤᠯ ᠳᠡᠭᠡᠳᠦ ᠰᠢᠨ᠎ᠡ ᠮᠡᠷᠭᠡᠵᠢᠯ᠎ᠦᠨ ᠠᠵᠤ ᠦᠢᠯᠡᠰ᠎ᠦᠨ ᠨᠡᠭᠡᠭᠡᠯᠲᠡ᠎ᠶᠢᠨ ᠣᠷᠣᠨ᠎ᠳᠤ ᠨᠢᠭᠡᠨᠲᠡ ᠠᠵᠤ ᠦᠢᠯᠡᠰ᠎ᠦᠨ ᠳᠡᠭᠡᠳᠦ ᠳᠤᠤᠷᠠᠳᠤ ᠲᠦᠪᠰᠢᠨ᠎ᠤ 52 ᠠᠵᠤ ᠠᠬᠤᠶ᠋ᠢᠯᠠᠯ ᠲᠥᠪᠯᠡᠷᠡᠵᠦ᠍ ᠂ ᠬᠥᠩᠭᠡᠨᠴᠠᠭᠠᠨ ᠴᠠᠭᠠᠰᠤ ᠂ ᠬᠥᠩᠭᠡᠨᠴᠠᠭᠠᠨ᠎ᠢ ᠰᠢᠬᠠᠵᠤ ᠬᠡᠪᠰᠢᠭᠦᠯᠬᠦ᠌ ᠬᠡᠯᠪᠡᠷᠢ᠎ᠶᠢᠨ ᠮᠠᠲ᠋ᠧᠷᠢᠶᠠᠯ ᠂ ᠬᠥᠩᠭᠡᠨᠴᠠᠭᠠᠨ᠎ᠢ ᠳᠠᠷᠤᠵᠤ ᠴᠢᠳᠬᠤᠭᠰᠠᠨ ᠲᠣᠨᠣᠭ ᠵᠡᠷᠭᠡ 120 ᠭᠠᠷᠤᠶ ᠲᠥᠷᠥᠯ ᠵᠦᠢᠯ᠎ᠢ ᠬᠠᠮᠤᠷᠤᠭᠰᠠᠨ ᠪᠦᠷᠢᠨ ᠪᠦᠲᠦᠨ ᠠᠵᠤ ᠦᠢᠯᠡᠰ᠎ᠦᠨ ᠬᠡᠯᠬᠢᠶ᠎ᠡ᠎ᠶᠢ ᠪᠣᠶ ᠪᠣᠯᠭᠠᠵᠠᠢ᠃ ᠲᠦᠭᠦᠬᠡᠶ ᠬᠥᠩᠭᠡᠨᠴᠠᠭᠠᠨ᠎ᠤ ᠵᠢᠯ᠎ᠦᠨ ᠦᠢᠯᠡᠳᠪᠦᠷᠢᠯᠡᠬᠦ᠌ ᠴᠢᠳᠠᠪᠤᠷᠢ ᠨᠢ 270 ᠲᠦᠮᠡᠨ ᠲᠣᠨ᠎ᠢ ᠳᠠᠪᠠᠵᠤ᠂ ᠪᠦᠬᠦ᠌ ᠤᠯᠤᠰ᠎ᠤᠨ ᠦᠢᠯᠡᠳᠪᠦᠷᠢᠯᠡᠬᠦ᠌ ᠴᠢᠳᠠᠪᠤᠷᠢ᠎ᠶᠢᠨ 6.5% ᠶ᠋ᠢ ᠡᠵᠡᠯᠡᠵᠦ᠍᠂ ᠲᠤᠰ ᠭᠠᠵᠠᠷ᠎ᠲᠦ ᠪᠠᠨ ᠬᠤᠪᠢᠷᠠᠭᠤᠯᠬᠤ ᠨᠣᠷᠮ᠎ᠠ ᠨᠢ 94%᠎ᠳᠤ ᠬᠦᠷᠴᠠᠢ᠃

《〈ᠠᠷᠪᠡᠨ ᠲᠠᠪᠤᠳᠤᠭᠠᠷ ᠲᠠᠪᠤᠨ ᠵᠢᠯ〉 ᠤ᠋ᠨ ᠲᠥᠯᠥᠪᠵᠢᠭᠦᠯᠭᠡ᠎ᠶᠢᠨ ᠰᠡᠭᠦᠯᠴᠢ᠎ᠶᠢᠨ ᠬᠤᠭᠤᠴᠠᠭ᠎ᠠ ᠪᠣᠯᠲᠠᠯ᠎ᠠ᠂ ᠬᠣᠣᠯᠢᠨᠭᠭᠤᠤᠯ ᠬᠣᠲᠠ 600 ᠲᠦᠮᠡᠨ ᠲᠣᠨ᠎ᠬᠥᠩᠭᠡᠨᠴᠠᠭᠠᠨ᠎ᠤ ᠢᠰᠦᠯ ᠂ 455ᠲᠦᠮᠡᠨ ᠲᠣᠨ ᠴᠠᠬᠢᠯᠭᠠᠨ ᠵᠠᠳᠠᠯᠤᠯ᠎ᠤᠨ ᠬᠥᠩᠭᠡᠨᠴᠠᠭᠠᠨ᠂ 100 ᠲᠦᠮᠡᠨ ᠲᠣᠨ᠎ᠳᠠᠬᠢᠯᠲᠠ ᠬᠥᠩᠭᠡᠨᠴᠠᠭᠠᠨ᠂ 500 ᠲᠦᠮᠡᠨ ᠲᠣᠨ ᠬᠥᠩᠭᠡᠨᠴᠠᠭᠠᠨ᠎ᠤ ᠡᠴᠦᠰ᠎ᠤᠨ ᠦᠢᠯᠡᠳᠬᠦᠨ ᠎ᠤ ᠨᠠᠷᠢᠯᠢᠭ ᠡᠳ᠋ᠰᠢᠭᠦᠯᠵᠦ ᠦᠢᠯᠡᠳᠪᠦᠷᠢᠯᠡᠬᠦ᠌ ᠴᠢᠳᠠᠪᠤᠷᠢ ᠪᠦᠬᠦᠢ ᠬᠣᠶᠠᠷ ᠪᠦᠬᠦ ᠬᠡᠯᠬᠢᠶ᠎ᠠ᠎ᠶᠢᠨ ᠦᠢᠯᠡᠳᠬᠦᠨ ᠎ᠤ ᠦᠷᠳᠡᠭ ᠨᠢ ᠮᠢᠩᠭᠠᠨ ᠳ᠋ᠦᠩᠰᠢᠭᠤᠷ (ᠲᠠᠰ ) ᠢ᠋ ᠳᠠᠪᠠᠭᠰᠠᠨ ᠪᠣᠬᠢᠷᠲᠤᠯ ᠥᠬᠡᠶ ᠨᠡᠭᠦᠷᠡᠰᠦᠲᠦ᠋ᠷᠥᠭᠴᠢ ᠪᠠᠭ᠎ᠠ ᠭᠠᠳᠠᠭᠰᠢᠯᠠᠭᠤᠯᠬᠤ ᠬᠥᠩᠭᠡᠨᠴᠠᠭᠠᠨ᠎ᠳᠤ ᠰᠠᠭᠤᠷᠢᠯᠠᠬᠰᠠᠨ ᠰᠢᠨ᠎ᠡ ᠮᠠᠲ᠋ᠧᠷᠢᠶᠠᠯ᠎ᠤᠨ ᠠᠵᠤ ᠦᠢᠯᠡᠰ᠎ᠦᠨ ᠰᠠᠭᠤᠷᠢᠨ᠎ᠢ ᠪᠥᠲᠥᠭᠡᠨ ᠪᠠᠶ᠋ᠢᠭᠤᠯᠤᠨ᠎ᠠ》 ᠬᠡᠵᠦ ᠬᠣᠣᠯᠢᠨᠭᠭᠤᠤᠯ ᠬᠣᠲᠠ ᠎ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠲᠣᠪᠴᠢᠶ᠎ᠠ᠎ᠶᠢᠨ ᠬᠠᠷᠢᠭᠤᠴᠠᠯᠭᠠᠳᠠᠨ ᠬᠡᠯᠡᠪᠡ᠃

ᠣᠳᠣᠬᠠᠨ᠎ᠳᠤ᠂ ᠦᠪᠦᠷ ᠮᠤᠩᠭᠤᠯ᠎ᠤᠨ ᠴᠠᠬᠢᠯᠭᠠᠨ ᠵᠠᠳᠠᠯᠤᠯ᠎ᠤᠨ ᠬᠥᠩᠭᠡᠨᠴᠠᠭᠠᠨ᠎ᠤ ᠪᠠᠶ᠋ᠢᠭᠤᠯᠤᠯᠲᠠ᠎ᠶᠢᠨ ᠦᠢᠯᠡᠳᠪᠦᠷᠢᠯᠡᠬᠦ᠌ ᠴᠢᠳᠠᠪᠤᠷᠢ 668 ᠲᠦᠮᠡᠨ ᠲᠣᠨ ᠪᠠᠶ᠋ᠢᠵᠤ᠂ ᠪᠠᠷᠤᠭ ᠪᠦᠬᠦ᠌ ᠤᠯᠤᠰ᠎ᠤᠨ15%᠎ᠶ᠋ᠢ ᠡᠵᠡᠯᠡᠵᠦ᠍᠂ ᠪᠦᠬᠦ᠌ ᠤᠯᠤᠰ᠎ᠲᠤ᠌ ᠬᠣᠶᠠᠳᠤᠭᠠᠷ᠎ᠲᠤ᠌ ᠣᠷᠣᠵᠤ᠂ ᠬᠥᠩᠭᠡᠨᠴᠠᠭᠠᠨ᠎ᠤ ᠰᠡᠭᠦᠯᠴᠢ᠎ᠶᠢᠨ ᠡᠳ᠋ᠰᠢᠭᠦᠯᠦᠭᠰᠡᠨ ᠦᠢᠯᠡᠳᠬᠦᠨ᠎ᠦ ᠨᠡᠮᠡᠯᠲᠡ ᠥᠷᠲᠡᠭ᠎ᠢ 1000 ᠲᠥᠭᠥᠷᠢᠭ ᠪᠠᠶ᠋ᠢᠭᠰᠠᠨ᠎ᠡᠴᠡ  ᠲᠣᠨ ᠪᠦᠷᠢ᠎ᠳᠦ 5000 ᠲᠥᠭᠥᠷᠢᠭ ᠪᠣᠯᠭᠠᠨ ᠳᠡᠭᠡᠭᠰᠢᠯᠡᠭᠦᠯᠵᠠᠢ᠃

ᠬᠥᠬᠡᠬᠣᠲᠠ᠎ᠶᠢᠨ ᠠᠵᠤ ᠠᠬᠤᠶ ᠮᠡᠷᠭᠡᠵᠢᠯ᠎ᠦᠨ ᠨᠡᠭᠡᠭᠡᠯᠲᠡ᠎ᠶᠢᠨ ᠲᠣᠭᠣᠷᠢᠭ᠎ᠤᠨ ᠵᠢᠦᠢ ᠼᠢ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ( ᠥᠪᠥᠷ ᠮᠣᠩᠭᠣᠯ )᠎ᠤ᠋ᠨ ᠦᠢᠯᠡᠳᠪᠦᠷᠢᠯᠡᠯ᠎ᠦᠨ ᠰᠠᠭᠤᠷᠢᠨ᠎ᠳᠤ᠂ ᠲᠤᠰ ᠠᠵᠤ ᠠᠬᠤᠶ᠋ᠢᠯᠠᠯ ᠪᠣᠯᠤᠨ ᠪᠡᠭᠡᠵᠢᠩ᠎ᠦᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠶᠡᠬᠡ ᠰᠤᠷᠭᠠᠭᠤᠯᠢ᠎ᠶᠢᠨ ᠬᠠᠮᠲᠤ᠎ᠪᠠᠷ ᠰᠤᠳᠤᠯᠤᠨ ᠨᠡᠭᠡᠭᠡᠭᠰᠡᠨ 《ᠴᠢᠨᠠᠷ ᠰᠠᠶ᠋ᠢᠲᠠᠶ ᠠᠽᠣᠲ᠋ᠵᠢᠭᠰᠡᠨ ᠬᠥᠩᠭᠡᠨᠴᠠᠭᠠᠨ᠎ᠤ ᠨᠤᠨᠲᠠᠭ᠎ᠢ ᠠᠵᠤ ᠦᠶ᠋ᠯᠡᠰᠵᠢᠭᠦᠯᠬᠦ᠌ ᠪᠠ ᠬᠡᠷᠡᠭᠯᠡᠬᠦ᠌》 ᠮᠡᠷᠭᠡᠵᠢᠯ᠎ᠢ ᠠᠮᠵᠢᠯᠲᠠ᠎ᠲᠠᠶ᠎ᠪᠠᠷ ᠬᠤᠪᠢᠷᠠᠭᠤᠯᠤᠨ ᠠᠰᠢᠭᠯᠠᠯᠲᠠ᠎ᠳᠤ ᠣᠷᠣᠭᠤᠯᠪᠠ᠃

5 ᠰᠠᠷ᠎ᠠ᠎ᠳᠤ ᠂ ᠥᠪᠥᠷ ᠮᠣᠩᠭᠣᠯ᠎ᠤᠨ ᠰᠢᠨ ᠵᠢᠨ ᠱᠠᠨ ᠨᠡᠭᠦᠷᠡᠰᠦᠲᠦ᠋ᠷᠥᠭᠴᠢ᠎ᠶᠢᠨ ᠰᠢᠷᠬᠡᠭᠯᠢᠭ᠎ᠦᠨ ᠬᠢᠵᠠᠭᠠᠷᠲᠤ᠌ ᠺᠣᠮᠫᠠᠨᠢ᠎ᠶᠢᠨ ᠨᠡᠭᠦᠷᠡᠰᠦᠲᠦ᠋ᠷᠥᠭᠴᠢ᠎ᠶᠢᠨ ᠰᠢᠷᠬᠡᠭᠯᠢᠭ᠎ᠦᠨ ᠲᠥᠷᠥᠯ ᠵᠦᠢᠯ᠎ᠦᠨ ᠦᠢᠯᠡᠳᠭᠦᠨ ᠠᠰᠢᠭᠯᠠᠯᠲᠠ᠎ᠳᠤ ᠣᠷᠣᠪᠠ᠃ ᠡᠨᠡ ᠨᠢ ᠮᠠᠨ᠎ᠤ ᠤᠯᠤᠰ᠎ᠤᠨ ᠳ᠋ᠠᠩ ᠱᠤᠭᠤᠮ᠎ᠤᠨ ᠦᠢᠯᠡᠳᠪᠦᠷᠢᠯᠡᠬᠦ᠌ ᠴᠢᠳᠠᠪᠤᠷᠢ᠎ᠪᠠᠷ ᠬᠠᠮᠤᠭ᠎ᠤᠨ ᠶᠡᠬᠡ ᠰᠢᠷᠬᠡᠭᠯᠢᠭ ᠪᠠᠭᠴᠠ᠎ᠶᠢᠨ ᠨᠡᠭᠦᠷᠡᠰᠦᠲᠦ᠋ᠷᠥᠭᠴᠢ᠎ᠶᠢᠨ ᠰᠢᠷᠬᠡᠭᠯᠢᠭ ᠦᠢᠯᠡᠳᠪᠦᠷᠢᠯᠡᠬᠦ᠌ ᠱᠤᠭᠤᠮ ᠪᠠᠶ᠋ᠢᠭᠤᠯᠤᠭᠳᠠᠨ ᠠᠰᠢᠭᠯᠠᠯᠲᠠ᠎ᠳᠤ ᠣᠷᠣᠵᠤ᠂ ᠦᠢᠯᠡᠳᠬᠦᠨ᠎ᠦ ᠴᠢᠳᠠᠪᠬᠢ ᠨᠢ ᠳᠡᠯᠡᠬᠡᠢ᠎ᠶᠢᠨ ᠲᠡᠷᠢᠭᠦᠨ᠎ᠦ ᠲᠦᠪᠰᠢᠨ᠎ᠳᠦ ᠬᠦᠷᠦᠭᠰᠡᠨ᠎ᠢ ᠬᠠᠷᠠᠭᠤᠯᠵᠤ ᠪᠠᠶ᠋ᠢᠨ᠎ᠠ᠃

ᠣᠳᠣᠬᠠᠨ᠎ᠳᠤ᠂ ᠪᠥᠬᠥ᠌ ᠣᠷᠣᠨ ᠨᠢᠭᠡᠨᠲᠡ ᠪᠣᠯᠣᠳ ᠲᠡᠮᠦᠷ᠎ᠦᠨ ᠠᠵᠤ ᠦᠢᠯᠡᠰ᠂ ᠬᠥᠩᠭᠡᠨᠴᠠᠭᠠᠨ᠎ᠤ ᠠᠵᠤ ᠦᠢᠯᠡᠰ᠂ ᠵᠡᠰ᠎ᠦᠨ ᠠᠵᠤ ᠦᠢᠯᠡᠰ᠂ ᠯᠢᠲ᠋ᠢ᠎ᠶᠢᠨ ᠠᠵᠤ ᠦᠢᠯᠡᠰ᠂ ᠨᠡᠭᠦᠷᠡᠰᠦᠲᠦ᠋ᠷᠥᠭᠴᠢ  ᠮᠠᠲ᠋ᠧᠷᠢᠶᠠᠯ᠎ᠤᠨ ᠠᠵᠤ ᠦᠢᠯᠡᠰ  ᠵᠡᠷᠭᠡ ᠴᠢᠨᠠᠷ ᠰᠠᠶ᠋ᠢᠲᠠᠶ ᠬᠥᠭᠵᠢᠯᠲᠡ᠎ᠶᠢ ᠠᠬᠢᠭᠤᠯᠬᠤ ᠲᠥᠷᠥ᠎ᠶᠢᠨ ᠪᠣᠳᠣᠯᠭ᠎ᠠ᠎ᠶᠢᠨ ᠠᠷᠭ᠎ᠠ ᠬᠡᠮᠵᠢᠶ᠎ᠡ᠎ᠶᠢ ᠲᠣᠭᠲᠠᠭᠠᠵᠤ᠂ ᠠᠵᠤ ᠦᠢᠯᠡᠰ᠎ᠦᠨ ᠬᠡᠯᠬᠢᠶ᠎ᠡ᠂ ᠰᠢᠨ᠎ᠡ᠎ᠶᠢ ᠡᠭᠦᠳᠬᠦ᠌ ᠬᠡᠯᠬᠢᠶ᠎ᠡ᠂ ᠠᠮᠢ ᠠᠬᠤᠶ᠎ᠶᠢᠨ ᠬᠡᠯᠬᠢᠶ᠎ᠡ᠎ᠶᠢᠨ ᠠᠭᠤᠰᠤᠯᠴᠠᠨ ᠬᠥᠭᠵᠢᠬᠦ᠌᠎ᠪᠡᠷ ᠠᠷᠭ᠎ᠠ ᠵᠠᠮ ᠪᠣᠯᠭᠠᠵᠤ᠂ ᠣᠷᠣᠨ ᠪᠦᠰᠡ᠎ᠶᠢᠨ ᠬᠣᠭᠣᠷᠣᠨᠳᠣᠬᠢ ᠳᠠᠪᠠᠭᠤᠯᠢᠭ᠎ᠢᠶᠠᠨ ᠬᠠᠷᠢᠯᠴᠠᠨ ᠨᠥᠬᠥᠪᠥᠷᠢᠯᠡᠬᠦ᠌᠂ ᠳᠡᠭᠡᠳᠦ ᠳᠤᠤᠷᠠᠳᠤ ᠬᠡᠯᠬᠢᠶ᠎ᠡ ᠬᠠᠮᠵᠢᠯᠴᠠᠬᠤ ᠠᠵᠤ ᠦᠢᠯᠡᠰ᠎ᠦᠨ ᠪᠠᠶ᠋ᠢᠷᠢᠰᠢᠯ᠎ᠢ ᠪᠠᠶ᠋ᠢᠭᠤᠯᠵᠤ᠂ ᠠᠵᠤ ᠦᠢᠯᠡᠰ᠎ᠦᠨ ᠰᠢᠯᠵᠢᠯᠲᠡ᠎ᠶᠢ ᠡᠮᠬᠢ ᠵᠢᠷᠤᠮ᠎ᠲᠠᠶ᠎ᠪᠠᠷ ᠵᠠᠯᠭᠠᠨ ᠠᠪᠴᠤ᠌᠂ ᠪᠤᠭᠤᠲᠤ᠎ᠶᠢᠨ ᠬᠣᠪᠣᠷ ᠰᠢᠷᠣᠶ᠎ᠶᠢᠨ ᠰᠢᠨ᠎ᠡ ᠮᠠᠲ᠋ᠧᠷᠢᠶᠠᠯ ᠂ ᠣᠷᠳᠣᠰ᠎ᠤᠨ ᠨᠡᠭᠦᠷᠡᠰᠦᠲᠦ᠋ᠷᠥᠭᠴᠢ᠎ᠳᠤ ᠰᠠᠭᠤᠷᠢᠯᠠᠬᠰᠠᠨ ᠰᠢᠨ᠎ᠡ ᠮᠠᠲ᠋ᠧᠷᠢᠶᠠᠯ᠂ ᠬᠥᠬᠡᠬᠣᠲᠠ᠎ᠶᠢᠨ ᠡᠯᠧᠺᠲ᠋ᠷᠣᠨ ᠸᠠᠭᠠᠷ ᠱᠠᠭᠠᠵᠠᠩ᠎ᠤᠨ ᠰᠢᠨ᠎ᠡ ᠮᠠᠲ᠋ᠧᠷᠢᠶᠠᠯ ᠵᠡᠷᠭᠡ ᠤᠨᠴᠠᠯᠢᠬᠳᠤ ᠠᠵᠤ ᠦᠢᠯᠡᠰ ᠎ᠦᠨ ᠲᠥᠪᠯᠡᠷᠡᠯ᠎ᠦᠨ ᠣᠷᠣᠨ ᠨᠢᠭᠡᠨᠲᠡ ᠦᠨᠳᠦᠰᠦᠨ᠎ᠳᠡᠭᠡᠨ ᠪᠦᠷᠢᠯᠳᠦᠵᠡᠶ᠃

ᠥᠪᠥᠷ ᠮᠣᠩᠭᠣᠯ ᠤᠯᠤᠰ᠎ᠤᠨ ᠠᠵᠤ ᠦᠢᠯᠡᠰ ᠎ᠦᠨ ᠱᠠᠲᠤᠯᠢᠭ ᠰᠢᠯᠵᠢᠯᠲᠡ᠎ᠶᠢᠨ ᠠᠵᠠ ᠲᠣᠬᠢᠶᠠᠯ᠎ᠢ ᠴᠢᠩᠭ᠎ᠠ ᠠᠳᠬᠤᠵᠤ᠂ ᠬᠡᠯᠬᠢᠶᠡᠵᠢᠭᠰᠡᠨ ᠮᠠᠶᠢᠭ᠎ᠤᠨ ᠪᠠᠶ᠋ᠢᠷᠢᠰᠢᠭᠤᠯᠤᠯᠲᠠ᠎ᠶᠢ ᠬᠡᠷᠡᠭᠯᠡᠨ᠂ ᠠᠽᠣᠲ᠋ᠵᠢᠭᠰᠠᠨ ᠬᠥᠩᠭᠡᠨᠴᠠᠭᠠᠨ᠂ ᠳᠡᠭᠡᠳᠦ ᠲᠠᠰ᠎ᠤᠨ ᠨᠡᠭᠦᠷᠡᠰᠦᠲᠦ᠋ᠷᠥᠭᠴᠢ᠎ᠶᠢᠨ ᠰᠢᠷᠬᠡᠭᠯᠢᠭ ᠵᠡᠷᠭᠡ ᠵᠠᠩᠭᠢᠯᠠᠭ᠎ᠠ᠎ᠶᠢᠨ ᠰᠢᠨ᠎ᠡ ᠮᠠᠲ᠋ᠧᠷᠢᠶᠠᠯ᠎ᠢ ᠰᠤᠳᠤᠯᠤᠨ ᠨᠡᠭᠡᠭᠡᠬᠦ᠌ ᠪᠠ ᠠᠵᠤ ᠦᠶ᠋ᠯᠡᠰᠵᠢᠭᠦᠯᠬᠦ᠌᠎ᠶᠢ ᠲᠥᠪᠯᠡᠷᠡᠭᠦᠯᠦᠨ ᠬᠦᠭᠵᠢᠬᠦᠯᠦᠨ ᠪᠣᠳᠠᠲᠠᠶ᠋ᠢᠵᠢᠭᠤᠯᠵᠤ᠂ ᠰᠢᠨ᠎ᠡ ᠮᠠᠲ᠋ᠧᠷᠢᠶᠠᠯ᠎ᠤᠨ ᠠᠵᠤ ᠦᠢᠯᠡᠰ᠎ᠦᠨ ᠶᠠᠰᠤ ᠴᠢᠨᠠᠷ᠎ᠢ ᠳᠡᠭᠡᠭᠰᠢᠯᠡᠭᠦᠯᠦᠨ ᠪᠠᠭᠲᠠᠭᠠᠮᠵᠢ᠎ᠶᠢ ᠥᠷᠭᠡᠳᠬᠡᠬᠦ᠌᠎ᠪᠡᠷ ᠤᠯᠠᠮᠵᠢᠯᠠᠯᠲᠤ᠌ ᠡᠨᠧᠷᠭᠢ᠎ᠶᠢᠨ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠰᠢᠬᠦ᠌᠎ᠶᠢ ᠬᠥᠲᠥᠯᠥᠨ ᠳᠠᠭᠠᠭᠤᠯᠵᠠᠢ᠃

《ᠰᠢᠨ᠎ᠡ ᠮᠠᠲ᠋ᠧᠷᠢᠶᠠᠯ᠎ᠤᠨ ᠠᠵᠤ ᠦᠢᠯᠡᠰ ᠪᠣᠯ ᠥᠪᠥᠷ ᠮᠣᠩᠭᠣᠯ᠎ᠤᠨ ᠭᠤᠤᠯᠳᠠᠯᠭ᠎ᠠ᠎ᠲᠠᠶ  ᠬᠦᠭᠵᠢᠬᠦᠯᠬᠦ ᠳᠠᠪᠠᠭᠤᠯᠢᠭ ᠬᠦᠭᠵᠢᠯᠳᠡ᠎ᠶᠢᠨ ᠵᠠᠮ ᠮᠥᠨ᠃ ᠲᠤᠬᠠᠶ᠎ᠶᠢᠨ ᠭᠠᠵᠠᠷ᠎ᠤᠨ ᠬᠣᠪᠣᠷ ᠰᠢᠷᠣᠶ᠂ ᠥᠩᠭᠡᠲᠦ᠍ ᠲᠡᠮᠦᠷᠯᠢᠭ᠂ ᠬᠣᠪᠣᠷ ᠲᠡᠮᠦᠷᠯᠢᠭ᠂ ᠨᠡᠭᠦᠷᠡᠰᠦᠲᠦ᠋ᠷᠥᠭᠴᠢ᠎ᠳᠤ ᠰᠠᠭᠤᠷᠢᠯᠠᠬᠰᠠᠨ ᠮᠠᠲ᠋ᠧᠷᠢᠶᠠᠯ᠂ ᠲᠣᠮᠣ ᠮᠤᠯᠸᠺᠦᠢ᠍ᠯᠲᠤ᠌ ᠮᠠᠲ᠋ᠧᠷᠢᠶᠠᠯ ᠵᠡᠷᠭᠡ ᠲᠠᠪᠤᠨ ᠶᠡᠬᠡ ᠬᠦᠷᠢᠶᠡᠨ᠎ᠳᠦ ᠠᠵᠤ ᠦᠢᠯᠡᠰ᠎ᠦᠨ ᠰᠠᠭᠤᠷᠢ ᠪᠠᠲᠤ᠌ ᠪᠠᠬᠢ ᠪᠠᠶ᠋ᠢᠨ᠎ᠠ᠃ ᠬᠣᠪᠣᠷ ᠰᠢᠷᠣᠶ᠎ᠶᠢᠨ ᠠᠵᠤ ᠦᠢᠯᠡᠰ ᠨᠢ ᠣᠯᠠᠨ ᠤᠯᠤᠰ᠎ᠤᠨ ᠲᠠᠰ᠎ᠤᠨ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠠᠪᠴᠠᠩ᠎ᠲᠠᠶ ᠪᠠᠶ᠋ᠢᠵᠤ᠂ ᠪᠥᠬᠥ᠌ ᠠᠵᠤ ᠦᠢᠯᠡᠰ᠎ᠦᠨ ᠬᠡᠯᠬᠢᠶ᠎ᠡ᠎ᠨᠢ ᠪᠦᠷᠢᠨ ᠲᠡᠭᠦᠯᠳᠡᠷ᠂ ᠴᠢᠳᠠᠮᠵᠢᠲᠤ᠌ ᠮᠠᠲ᠋ᠧᠷᠢᠶᠠᠯ᠎ᠤᠨ ᠦᠢᠯᠡᠳᠪᠦᠷᠢᠯᠡᠬᠦ᠌ ᠴᠢᠳᠠᠪᠤᠷᠢ᠎ᠨᠢ ᠪᠥᠬᠥ᠌ ᠤᠯᠤᠰ᠎ᠲᠤ᠌ ᠲᠦᠷᠦᠬᠦᠯᠡᠵᠦ᠍ ᠪᠠᠶ᠋ᠢᠨ᠎ᠠ; ᠬᠥᠩᠭᠡᠨᠴᠠᠭᠠᠨ᠂ ᠵᠡᠰ ᠂ ᠬᠠᠷ᠎ᠠ ᠲᠤᠭᠤᠯᠭ᠎ᠠ᠂ ᠴᠠᠶ᠋ᠢᠷ ᠵᠡᠷᠭᠡ ᠥᠩᠭᠡᠲᠦ᠍ ᠲᠡᠮᠦᠷᠯᠢᠭ᠎ᠢ ᠮᠠᠯᠲᠠᠵᠤ ᠰᠢᠯᠢᠬᠦ᠌ ᠬᠠᠶ᠋ᠢᠯᠤᠭᠤᠯᠬᠤ ᠪᠣᠯᠪᠠᠰᠤᠷᠠᠭᠤᠯᠬᠤ᠎ᠶᠢ ᠨᠢᠭᠡ ᠴᠣᠭᠴᠠᠵᠢᠭᠤᠯᠤᠭᠰᠠᠨ ᠪᠠᠶ᠋ᠢᠷᠢᠰᠢᠭᠤᠯᠤᠯᠲᠠ᠎ᠵᠢ ᠪᠤᠢ ᠪᠤᠯᠭᠠᠵᠤ ᠪᠠᠢᠨ᠎ᠠ;ᠯ ᠢᠲ᠋ᠢ ᠂ ᠭᠧᠷᠮᠠᠨ ᠂ ᠼᠢᠷᠺᠤᠨ ᠵᠡᠷᠭᠡ ᠬᠣᠪᠣᠷ ᠲᠡᠮᠦᠷᠯᠢᠭ᠎ᠨᠢ ᠭᠦᠨ ᠪᠣᠯᠪᠠᠰᠤᠷᠠᠭᠤᠯᠬᠤ ᠬᠥᠭᠵᠢᠯᠲᠡ᠎ᠶᠢᠨ ᠳᠠᠯᠳᠠ ᠬᠦᠴᠦᠨ᠎ᠶᠡᠭᠡ ᠪᠠᠢᠨ᠎ᠠ; ᠪᠠᠯ ᠴᠢᠯᠠᠭᠤ᠂ ᠨᠡᠭᠦᠷᠡᠰᠦᠲᠦ᠋ᠷᠥᠭᠴᠢ᠎ᠶᠢᠨ ᠰᠢᠷᠬᠡᠭᠯᠢᠭ᠂ ᠬᠢᠮᠡᠯ ᠠᠯᠮᠠᠰ ᠵᠡᠷᠭᠡ ᠨᠡᠭᠦᠷᠡᠰᠦᠲᠦ᠋ᠷᠥᠭᠴᠢ᠎ᠳᠤ ᠰᠠᠭᠤᠷᠢᠯᠠᠬᠰᠠᠨ ᠮᠠᠲ᠋ᠧᠷᠢᠶᠠᠯ᠎ᠤᠨ ᠦᠢᠯᠡᠳᠪᠦᠷᠢᠯᠡᠬᠦ᠌ ᠴᠢᠳᠠᠪᠤᠷᠢ᠎ᠶᠢᠨ ᠬᠡᠪᠴᠢᠶ᠎ᠡ ᠨᠡᠯᠢᠶᠡᠳ ᠶᠡᠬᠡ ᠪᠠᠶ᠋ᠢᠨ᠎ᠠ; ᠹᠯᠣᠷ ᠴᠠᠬᠢᠭᠤᠷ᠎ᠤᠨ ᠬᠢᠮᠢ᠎ᠶᠢᠨ ᠠᠵᠤ ᠦᠢᠯᠡᠳᠪᠦᠷᠢ᠂ ᠪᠠᠭᠤᠷᠠᠨ ᠵᠠᠳᠠᠷᠠᠬᠤ ᠮᠠᠲ᠋ᠧᠷᠢᠶᠠᠯ ᠵᠡᠷᠭᠡ ᠳᠡᠭᠡᠳᠦ ᠮᠣᠯᠧᠺᠦ᠋ᠯᠳᠤ ᠮᠠᠲ᠋ᠧᠷᠢᠶᠠᠯ᠎ᠤᠨ ᠠᠵᠤ ᠦᠢᠯᠡᠰ᠎ᠦᠨ ᠪᠦᠯᠦᠭᠵᠢᠯ ᠲᠣᠭᠲᠠᠭᠤᠨ᠎ᠢᠶᠠᠷ ᠪᠤᠵᠠᠭᠠᠶ᠋ᠢᠷᠠᠵᠦ ᠪᠠᠢᠨ᠎ᠠ᠃  ᠬᠤᠢᠰᠢᠳᠡ ᠥᠪᠥᠷ ᠮᠣᠩᠭᠣᠯ ᠡᠯ᠎ᠡ ᠬᠦᠷᠢᠶᠡᠨ᠎ᠦ ᠳᠡᠭᠡᠳᠦ ᠲᠠᠰ᠎ᠤᠨ ᠮᠠᠲ᠋ᠧᠷᠢᠶᠠᠯ᠂ ᠭᠤᠤᠯ ᠲᠣᠨᠣᠭᠯᠠᠭᠠᠰᠤ ᠵᠡᠷᠬᠡ᠎ᠳᠦ ᠠᠩᠬᠠᠷᠤᠯ᠎ᠢᠶᠠᠨ ᠲᠥᠪᠯᠡᠷᠡᠭᠦᠯᠦᠨ ᠨᠠᠷᠢᠯᠢᠭ ᠣᠨᠣᠴᠠᠲᠠᠶ ᠎ᠪᠠᠷ ᠠᠷᠠᠯᠵᠢᠶᠠᠴᠢᠨ ᠤᠷᠢᠵᠤ᠂ ᠰᠢᠨ᠎ᠡ ᠮᠠᠲ᠋ᠧᠷᠢᠶᠠᠯ ᠎ᠤᠨ ᠠᠵᠤ ᠦᠢᠯᠡᠰ᠎ᠦᠨ ᠥᠷᠲᠡᠭ᠎ᠦᠨ ᠬᠡᠯᠬᠢᠶ᠎ᠡ᠎ᠶᠢᠨ ᠳᠡᠭᠡᠳᠦ ᠲᠠᠰ ᠳᠠᠢᠰᠢ ᠳᠠᠪᠰᠢᠬᠤ᠎ᠶᠢ ᠠᠬᠢᠭᠤᠯᠤᠨ᠎ᠠ》 ᠬᠡᠵᠦ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠬᠢᠵᠢᠯᠳᠠ᠎ᠶᠢᠨ ᠲᠢᠩᠬᠢᠮ᠎ᠦᠨ ᠬᠠᠷᠢᠭᠤᠴᠠᠯᠭᠠᠳᠠᠨ ᠬᠡᠯᠡᠪᠡ᠃

ᠥᠪᠥᠷ ᠮᠣᠩᠭᠣᠯ ᠶᠠᠭ ᠰᠢᠨ᠎ᠡ ᠮᠠᠲᠧᠷᠢᠶᠠᠯ ᠎ᠤᠨ ᠠᠵᠤ ᠦᠢᠯᠡᠰ᠎ᠦᠨ ᠰᠢᠨ᠎ᠡ ᠬᠦᠭᠵᠢᠯᠳᠡ᠎ᠶᠢᠨ ᠵᠠᠮ᠎ᠢ ᠢᠳᠡᠪᠬᠢᠲᠡᠢ ᠪᠠᠶ᠋ᠢᠷᠢᠰᠢᠭᠤᠯᠵᠤ᠂ ᠰᠢᠨ᠎ᠡ ᠮᠠᠲᠧᠷᠢᠶᠠᠯ᠎ᠤᠨ ᠠᠵᠤ ᠦᠢᠯᠡᠰ᠎ᠦᠨ ᠰᠢᠨ᠎ᠡ ᠴᠢᠭᠯᠡᠯ᠎ᠢᠶᠡᠷ ᠬᠥᠭᠵᠢᠬᠦ᠌᠎ᠶᠢ ᠲᠦᠷᠭᠡᠳᠬᠡᠨ ᠠᠬᠢᠭᠤᠯᠵᠤ᠂ ᠠᠵᠤ ᠦᠢᠯᠡᠰ᠎ᠦᠨ ᠰᠢᠯᠵᠢᠯᠲᠡ ᠎ᠶᠢᠨ ᠤᠷᠤᠰᠬᠠᠯ ᠳᠤᠮᠳᠠ ᠡᠷᠡᠯᠬᠡᠭᠯᠡᠨ ᠤᠷᠤᠭᠰᠢᠯᠠᠵᠤ ᠪᠠᠶ᠋ᠢᠨ᠎ᠠ᠃

ᠰᠢᠨ᠎ᠡ ᠠᠶᠠᠨ᠎ᠳᠤ᠂ ᠥᠪᠥᠷ ᠮᠣᠩᠭᠣᠯ ᠡᠬᠢ ᠪᠠᠶᠠᠯᠢᠭ ᠡᠨᠧᠷᠭᠢ᠎ᠶᠢᠨ ᠳᠠᠪᠠᠭᠤᠯᠢᠭ᠂ ᠠᠵᠤ ᠦᠢᠯᠡᠰ᠎ᠦᠨ ᠰᠠᠭᠤᠷᠢ ᠨᠥᠬᠥᠴᠡᠯ᠂ ᠣᠷᠴᠢᠨ ᠲᠣᠭᠣᠷᠢᠨ᠎ᠤ ᠳᠠᠭᠠᠭᠠᠴᠠ᠎ᠶᠢᠨ ᠴᠢᠳᠠᠪᠤᠷᠢ ᠵᠡᠷᠭᠡ᠎ᠳᠦ ᠰᠠᠭᠤᠷᠢᠯᠠᠵᠤ᠂ ᠥᠩᠭᠡᠲᠦ᠍ ᠲᠡᠮᠦᠷᠯᠢᠭ᠂ ᠬᠣᠪᠣᠷ ᠰᠢᠷᠣᠶ ᠵᠡᠷᠭᠡ ᠠᠵᠤ ᠦᠢᠯᠡᠰ᠎ᠦᠨ ᠬᠥᠭᠵᠢᠯᠲᠡ᠎ᠶᠢ ᠨᠢᠭᠡᠳᠦᠯᠲᠡᠶ ᠲᠥᠯᠥᠪᠵᠢᠭᠦᠯᠦᠨ ᠰᠦᠪᠡᠭᠴᠢᠯᠡᠵᠦ᠍᠂ ᠠᠵᠤ ᠦᠢᠯᠡᠰ᠎ᠦᠨ ᠬᠡᠯᠬᠢᠶ᠎ᠡ᠂ ᠰᠢᠨ᠎ᠡ᠎ᠶᠢ ᠡᠭᠦᠳᠬᠦ᠌ ᠬᠡᠯᠬᠢᠶ᠎ᠡ᠂ ᠠᠮᠢ ᠠᠬᠤᠶ᠎ᠶᠢᠨ ᠬᠡᠯᠬᠢᠶ᠎ᠡ᠎ᠶᠢ ᠠᠭᠤᠰᠤᠯᠴᠠᠭᠤᠯᠤᠨ ᠬᠥᠭᠵᠢᠭᠦᠯᠬᠦ᠌᠎ᠪᠡᠷ ᠠᠷᠭ᠎ᠠ ᠵᠠᠮ ᠪᠣᠯᠭᠠᠵᠤ᠂ ᠣᠷᠣᠨ ᠪᠦᠰᠡ᠎ᠶᠢᠨ ᠬᠣᠭᠣᠷᠣᠨᠳᠣᠬᠢ ᠳᠠᠪᠠᠭᠤᠯᠢᠭ᠎ᠢᠶᠠᠨ ᠬᠠᠷᠢᠯᠴᠠᠨ ᠨᠥᠬᠥᠪᠥᠷᠢᠯᠡᠬᠦ᠌᠂  ᠳᠡᠬᠡᠳᠦ ᠲᠤᠤᠷᠠᠳᠤ ᠬᠡᠯᠬᠢᠶ᠎ᠡ᠎ᠶᠢ ᠬᠠᠮᠵᠢᠯᠴᠠᠭᠤᠯᠤᠨ ᠲᠥᠬᠥᠷᠵᠢᠭᠦᠯᠬᠦ᠌᠂ ᠬᠥᠨᠳᠡᠯᠡᠨ᠎ᠢᠶᠡᠷ ᠬᠠᠮᠲᠤ᠌ ᠣᠷᠣᠰᠢᠨ ᠬᠣᠯᠪᠣᠯᠳᠤᠬᠤ ᠠᠵᠤ ᠦᠢᠯᠡᠰ᠎ᠦᠨ ᠪᠠᠶ᠋ᠢᠷᠢᠰᠢᠯ᠎ᠢ ᠪᠠᠶ᠋ᠢᠭᠤᠯᠵᠤ᠂ ᠠᠵᠤ ᠦᠢᠯᠡᠰ᠎ᠦᠨ ᠰᠢᠯᠵᠢᠯᠲᠡ᠎ᠶᠢ ᠡᠮᠬᠢ ᠵᠢᠷᠤᠮ᠎ᠲᠠᠶ ᠵᠣᠯᠭᠠᠭᠤᠯᠵᠤ᠂ ᠰᠢᠨ᠎ᠡ ᠮᠠᠲ᠋ᠧᠷᠢᠶᠠᠯ᠎ᠤᠨ ᠠᠵᠤ ᠦᠢᠯᠡᠰ᠎ᠢ ᠲᠠᠰᠤᠷᠠᠯᠲᠠ ᠥᠬᠡᠶ ᠬᠥᠭᠵᠢᠭᠦᠯᠦᠨ ᠪᠤᠵᠠᠭᠠᠶ᠋ᠢᠷᠠᠭᠤᠯᠵᠤ᠂ ᠰᠢᠨ᠎ᠡ ᠬᠡᠯᠪᠡᠷᠢ᠎ᠶᠢᠨ ᠠᠵᠤ ᠦᠢᠯᠡᠳᠪᠦᠷᠢᠵᠢᠯᠲᠡ ᠪᠣᠯᠤᠨ ᠦᠢᠯᠡᠳᠬᠦ᠌ ᠦᠢᠯᠡᠰ᠎ᠦᠨ ᠬᠦᠴᠦᠷᠬᠡᠭ ᠤᠯᠤᠰ᠎ᠤᠨ ᠪᠥᠲᠥᠭᠡᠨ ᠪᠠᠶ᠋ᠢᠭᠤᠯᠤᠯᠲᠠ᠎ᠶᠢ ᠠᠬᠢᠭᠤᠯᠬᠤ᠎ᠳᠤ ᠨᠠᠩ ᠶᠡᠬᠡ ᠬᠤᠪᠢ ᠨᠡᠮᠡᠷᠢ ᠦᠵᠡᠭᠦᠯᠬᠦ  ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面