2026-11-06 11:57:17
ᠥᠪᠦᠷ ᠮᠣᠩᠭᠤᠯ ᠤ᠋ᠨ ᠴᠠᠬᠢᠯᠭᠠᠨ ᠬᠦᠴᠦᠨ ᠤ᠋ ᠪᠦᠯᠦᠭᠯᠡᠯ ᠨᠠᠮᠤᠷ ᠤ᠋ᠨ ᠤᠯᠠᠷᠢᠯ ᠤ᠋ᠨ ᠪᠠᠷᠢᠯᠭ᠎ᠠ ᠶ᠋ᠢᠨ ᠠᠵᠢᠯ ᠤ᠋ᠨ ᠬᠤᠭᠤᠴᠠᠭ᠎ᠠ ᠵᠢ ᠠᠮᠵᠢᠵᠤ᠂ ᠴᠠᠬᠢᠯᠭᠠᠨ ᠲᠣᠤᠷ ᠤ᠋ᠨ ᠰᠠᠭᠤᠷᠢ ᠲᠦᠬᠦᠭᠡᠷᠦᠮᠵᠢ ᠶ᠋ᠢᠨ ᠪᠦᠲᠦᠭᠡᠨ ᠪᠠᠶ᠋ᠢᠭᠤᠯᠤᠯᠲᠠ ᠶ᠋ᠢᠨ ᠲᠥᠷᠦᠯ ᠵᠦᠢᠯ ᠤ᠋ᠨ ᠠᠵᠢᠯ ᠢ᠋ ᠪᠦᠬᠦ᠌ ᠲᠠᠯ᠎ᠠ ᠪᠡᠷ ᠲᠦᠷᠭᠡᠳᠬᠡᠵᠦ᠍᠂ ᠣᠳᠤᠬᠠᠨ ᠳ᠋ᠤ ᠪᠦᠲᠦᠭᠡᠨ ᠪᠠᠶ᠋ᠢᠭᠤᠯᠵᠤ ᠪᠠᠶ᠋ᠢᠭ᠎ᠠ ᠲᠦᠷᠦᠯ ᠵᠦᠢᠯ 495 ᠵᠦᠢᠯ ᠪᠠᠢᠵᠤ᠂ ᠨᠦᠬᠡᠴᠡ ᠡᠨᠧᠷᠭᠢ ᠶ᠋ᠢᠨ ᠴᠠᠬᠢᠯᠭᠠᠨ ᠲᠤᠤᠷ ᠲᠦ᠍ ᠵᠠᠯᠭᠠᠬᠤ᠂ 《ᠡᠯᠡᠰᠦᠨ ᠴᠦᠯ ᠭᠤᠪᠢ ᠨᠤᠲᠤᠭ ᠴᠦᠯᠯᠡᠷᠬᠡᠭ ᠭᠠᠵᠠᠷ》 ᠤ᠋ᠨ ᠲᠣᠮᠣ ᠬᠡᠯᠪᠡᠷᠢ ᠶ᠋ᠢᠨ ᠰᠠᠯᠬᠢᠨ ᠬᠦᠴᠦᠨᠦ ᠴᠠᠬᠢᠯᠭᠠᠨ ᠬᠡᠷᠡᠯᠴᠢ ᠴᠡᠨᠡᠭ ᠤ᠋ᠨ ᠰᠠᠭᠤᠷᠢᠨ ᠤ᠋ ᠴᠠᠬᠢᠯᠭᠠᠨ ᠢ᠋ ᠭᠠᠳᠠᠭᠰᠢ ᠬᠦᠷᠭᠡᠬᠦ᠂ ᠮᠠᠯᠵᠢᠬᠤ ᠣᠷᠤᠨ ᠳ᠋ᠤ ᠲᠤᠤᠷ ᠤ᠋ᠨ ᠴᠠᠬᠢᠯᠭᠠᠨ ᠨᠡᠪᠲᠡᠷᠡᠭᠦᠯᠬᠦ᠌ ᠵᠡᠷᠭᠡ ᠭᠤᠤᠯᠳᠠᠯᠭ᠎ᠠ ᠲᠠᠢ ᠢᠨᠵᠧᠨᠧᠷᠢᠩ ᠤ᠋ᠨ ᠪᠦᠲᠦᠭᠡᠨ ᠪᠠᠶ᠋ᠢᠭᠤᠯᠤᠯᠲᠠ ᠵᠢ ᠦᠷᠭᠦᠯᠵᠢᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠤᠨ ᠤ᠋ ᠡᠨᠧᠷᠭᠢ ᠶ᠋ᠢᠨ ᠪᠣᠬᠢᠷᠲᠤᠯ ᠦᠭᠡᠢ ᠲᠡᠢᠰᠢ ᠬᠡᠯᠪᠡᠷᠢ ᠵᠢ ᠬᠤᠪᠢᠷᠠᠭᠤᠯᠬᠤ ᠳ᠋ᠤ ᠴᠠᠬᠢᠯᠭᠠᠨ ᠲᠣᠤᠷ ᠤ᠋ᠨ ᠲᠤᠯᠭᠠᠭᠤᠷᠢᠯᠠᠯ ᠢ᠋ ᠪᠠᠲᠤ᠌ ᠴᠣᠭᠴᠠᠯᠠᠵᠤ ᠪᠠᠶ᠋ᠢᠨ᠎ᠠ᠃
ᠤᠢᠷ᠎ᠠ ᠳ᠋ᠤ᠂ ᠪᠠᠶᠠᠨᠨᠠᠭᠤᠷ ᠤ᠋ᠨ ᠤᠷᠠᠳ ᠤ᠋ᠨ ᠳᠤᠮᠳᠠᠳᠤ ᠬᠤᠰᠢᠭᠤᠨ ᠤ᠋ 300 ᠮᠸᠭᠠ ᠸᠠᠲ /1200 ᠮᠸᠭᠠ ᠸᠠᠲ ᠴᠠᠭ᠂ ᠳᠡᠯ ᠠᠭᠤᠯᠠ ᠶ᠋ᠢᠨ 400 ᠮᠸᠭᠠ ᠸᠠᠲ /1600 ᠮᠸᠭᠠ ᠸᠠᠲ ᠴᠠᠭ ᠤ᠋ᠨ ᠬᠤᠶᠠᠷ ᠲᠦᠷᠦᠯ ᠤ᠋ᠨ ᠨᠦᠬᠡᠴᠡ ᠡᠨᠧᠷᠭᠢ ᠶ᠋ᠢᠨ ᠴᠠᠬᠢᠯᠭᠠᠨ ᠦᠷᠲᠡᠭᠡ ᠶ᠋ᠢᠨ ᠢᠵᠢ ᠪᠦᠷᠢᠳᠦᠭᠦᠯᠬᠦ ᠴᠠᠬᠢᠯᠭᠠᠨ ᠲᠤᠤᠷ ᠲᠦ᠍ ᠵᠠᠯᠭᠠᠬᠤ ᠢᠨᠵᠧᠨᠧᠷᠢᠩ ᠤ᠋ᠨ ᠠᠵᠢᠯ ᠢ᠋ ᠡᠬᠢᠯᠡᠭᠦᠯᠪᠡ᠃
ᠤᠨᠴᠠ ᠦᠨᠳᠦᠷ ᠬᠦᠴᠦᠳᠡᠯᠲᠦ᠍ ᠴᠠᠬᠢᠯᠭᠠᠨ ᠵᠠᠮ ᠤ᠋ᠨ ᠪᠦᠳᠦᠭᠡᠨ ᠪᠠᠶ᠋ᠢᠭᠤᠯᠤᠯᠳᠠ ᠲᠤᠮᠳᠠ᠂ ᠲᠠᠯᠠᠳ — ᠦᠪᠦᠷ ᠮᠤᠩᠭᠤᠯ ᠤ᠋ᠨ ᠪᠠᠷᠠᠭᠤᠨ ᠬᠡᠰᠡᠭ ᠤ᠋ᠨ 1000 ᠺᠢᠯᠤᠸᠤᠯᠲ ᠤ᠋ᠨ ᠬᠤᠪᠢᠰᠤᠮᠠᠯ ᠬᠦᠶᠦᠳᠡᠯᠲᠦ ᠴᠠᠬᠢᠯᠭᠠᠨ ᠬᠦᠷᠭᠡᠬᠦ ᠬᠦᠴᠦᠳᠡᠯ ᠦᠭᠡᠷᠡᠴᠢᠯᠡᠬᠦ ᠢᠨᠵᠸᠨ᠋ᠸᠷᠢᠩ ᠤ᠋ᠨ ᠦᠪᠦᠷ ᠮᠤᠩᠭᠤᠯ ᠤ᠋ᠨ ᠴᠠᠬᠢᠯᠭᠠᠨ ᠬᠦᠴᠦᠨ ᠤ᠋ ᠪᠦᠯᠦᠭᠯᠡᠯ ᠤ᠋ᠨ ᠪᠦᠳᠦᠭᠡᠨ ᠪᠠᠶ᠋ᠢᠭᠤᠯᠤᠯᠲᠠ ᠬᠠᠮᠢᠶᠠᠷᠤᠯᠳᠠ ᠶ᠋ᠢᠨ ᠭᠡᠰᠡᠭ ᠤ᠋ᠨ ᠪᠠᠷᠢᠯᠭ᠎ᠠ ᠶ᠋ᠢᠨ ᠠᠵᠢᠯ ᠢ᠋ ᠲᠦᠷᠭᠡᠳᠭᠡᠨ ᠠᠬᠢᠭᠤᠯᠵᠤ᠂ ᠡᠨᠡ ᠵᠢᠯ ᠶᠡᠬᠡᠨᠭᠬᠢ ᠰᠠᠭᠤᠷᠢ ᠵᠢᠨ ᠬᠡᠪ ᠴᠢᠳᠭᠤᠬᠤ ᠠᠵᠢᠯ ᠢ᠋ ᠪᠡᠶᠡᠯᠡᠭᠦᠯᠬᠦ ᠪᠡᠷ ᠲᠥᠯᠦᠪᠯᠡᠵᠦ᠍ ᠪᠣᠢ᠃ 500 ᠺᠢᠯᠤᠸᠤᠯᠲ ᠤ᠋ᠨ ᠭᠤᠤᠯ ᠲᠣᠤᠷ ᠤ᠋ᠨ ᠪᠦᠷᠢᠯᠳᠦᠴᠡ ᠶ᠋ᠢᠨ ᠪᠦᠲᠦᠭᠡᠨ ᠪᠠᠶ᠋ᠢᠭᠤᠯᠤᠯᠲᠠ ᠵᠢ ᠦᠷᠭᠦᠯᠵᠢᠯᠡᠨ ᠲᠦᠷᠭᠡᠳᠬᠡᠵᠦ᠍᠂ ᠴᠤᠸᠠᠨ ᠵᠠᠩ᠂ ᠲᠤᠭ᠂ ᠷᠠᠰᠢᠶᠠᠨ ᠤ᠋ 3 ᠰᠠᠭᠤᠷᠢ 500 ᠺᠢᠯᠤᠸᠤᠯᠲ ᠤ᠋ᠨ ᠬᠤᠪᠢᠰᠬᠠᠭᠤᠷ ᠤ᠋ᠨ ᠦᠷᠲᠡᠭᠡ ᠵᠢ 10 ᠰᠠᠷ᠎ᠠ ᠶ᠋ᠢᠨ ᠰᠡᠭᠦᠯᠴᠢ ᠪᠡᠷ ᠵᠠᠯᠭᠠᠭ᠎ᠠ ᠪᠡᠷ ᠠᠰᠢᠭᠯᠠᠯᠲᠠ ᠳ᠋ᠤ ᠣᠷᠤᠭᠤᠯᠬᠤ ᠪᠤᠯᠤᠨ᠎ᠠ᠃
ᠭᠤᠤᠯ ᠲᠤᠤᠷ ᠤ᠋ᠨ ᠪᠦᠷᠢᠯᠳᠦᠴᠡ ᠡᠴᠡ ᠭᠠᠳᠠᠨ᠎ᠠ᠂ ᠴᠠᠬᠢᠯᠭᠠᠨ ᠲᠦᠭᠡᠭᠡᠬᠦ ᠲᠤᠤᠷ ᠢ᠋ ᠳᠡᠰ ᠳᠡᠪᠰᠢᠭᠦᠯᠦᠨ ᠥᠭᠡᠷᠡᠴᠢᠯᠡᠬᠦ ᠵᠢ ᠵᠡᠷᠭᠡ ᠪᠡᠷ ᠠᠬᠢᠭᠤᠯᠵᠤ ᠪᠤᠢ᠃ ᠥᠪᠦᠷ ᠮᠣᠩᠭᠤᠯ ᠤ᠋ᠨ ᠴᠠᠬᠢᠯᠭᠠᠨ ᠬᠦᠴᠦᠨ ᠤ᠋ ᠪᠦᠯᠦᠭᠯᠡᠯ ᠤ᠋ᠨ ᠬᠢᠨ 997 ᠮᠠᠯᠵᠢᠬᠤ ᠡᠷᠦᠬᠡ ᠳ᠋ᠤ ᠴᠠᠬᠢᠯᠭᠠᠨ ᠲᠣᠤᠷ ᠤ᠋ᠨ ᠴᠠᠬᠢᠯᠭᠠᠨ ᠨᠡᠪᠲᠡᠷᠡᠭᠦᠯᠬᠦ ᠡᠭᠦᠷᠭᠡ ᠵᠢ ᠲᠦᠷᠭᠡᠳᠭᠡᠨ ᠠᠬᠢᠭᠤᠯᠵᠤ᠂ ᠬᠤᠰᠢᠭᠤ ᠰᠢᠶᠠᠨ ᠤ᠋ ᠬᠤᠪᠢᠶᠠᠷᠢ ᠺᠣᠮᠫᠠᠨᠢ ᠮᠠᠯᠵᠢᠬᠤ ᠣᠷᠤᠨ ᠤ᠋ ᠪᠠᠷᠢᠯᠭ᠎ᠠ ᠶ᠋ᠢᠨ ᠴᠡᠭ ᠲᠠᠷᠠᠬᠠᠢ ᠪᠤᠲᠠᠷᠬᠠᠢ᠂ ᠨᠥᠬᠦᠴᠡᠯ ᠬᠠᠲᠠᠭᠤᠵᠢᠯᠲᠠᠢ ᠵᠡᠷᠭᠡ ᠪᠣᠳᠠᠲᠤ᠌ ᠪᠠᠶ᠋ᠢᠳᠠᠯ ᠳ᠋ᠤ ᠴᠢᠭᠯᠡᠭᠦᠯᠦᠨ᠂ ᠵᠠᠮ ᠱᠤᠭᠤᠮ ᠢ᠋ ᠪᠦᠲᠦᠭᠡᠨ ᠪᠠᠢᠭᠤᠯᠬᠤ᠂ ᠲᠥᠬᠦᠭᠡᠷᠦᠮᠵᠢ ᠤᠭᠰᠠᠷᠠᠬᠤ᠂ ᠲᠣᠤᠷ ᠲᠦ᠍ ᠵᠠᠯᠭᠠᠬᠤ ᠵᠢ ᠲᠤᠷᠰᠢᠨ ᠲᠣᠬᠢᠷᠠᠭᠤᠯᠬᠤ ᠵᠡᠷᠭᠡ ᠠᠵᠢᠯ ᠢ᠋ ᠡᠮᠬᠢ ᠵᠢᠷᠤᠮ ᠲᠠᠢ ᠪᠠᠷ ᠥᠷᠨᠢᠭᠦᠯᠵᠦ᠍᠂ ᠲᠣᠣᠷ ᠲᠦ᠍ ᠵᠠᠯᠭᠠᠬᠤ 《ᠡᠴᠦᠰ ᠤ᠋ᠨ ᠨᠢᠭᠡ ᠮᠧᠲᠷ》 ᠢ᠋ ᠡᠷᠦᠬᠡ ᠳᠠᠷᠠᠭᠠᠯᠠᠨ ᠨᠡᠪᠲᠡᠷᠡᠭᠦᠯᠵᠦ ᠪᠤᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃