ᠲᠡᠷᠢᠭᠦᠨ ᠨᠢᠭᠤᠷ>ᠴᠠᠭ ᠲᠦᠷᠦ>ᠠᠵᠤ ᠠᠬᠤᠢ

2026-11-09 08:47:52

ᠵᠣᠬᠢᠶᠠᠭ᠍ᠴᠢ᠄ ​ᠳᠡᠯᠭᠡᠷᠬᠦᠦ ᠣᠩᠱᠢᠭ᠍ᠰᠠᠨ ᠣᠳᠠᠭ᠎ᠠ᠄ 3

— ᠦᠪᠦᠷ ᠮᠤᠩᠭᠤᠯ᠎ᠤᠨ ᠠᠷᠪᠠᠨ ᠶᠡᠬᠡ ᠠᠵᠦ ᠦᠢᠯᠡᠰ᠎ᠤᠨ ᠪᠦᠯᠦᠭᠵᠢᠯ᠎ᠤᠨ ᠬᠦᠭᠵᠢᠯᠳᠡ᠎ᠶᠢᠨ ᠲᠤᠬᠠᠢ  ᠰᠢᠷᠢᠰ ᠮᠡᠳᠡᠭᠡᠯᠡᠯ (ᠲᠦᠷᠪᠡ)


ᠥᠪᠥᠷ ᠮᠣᠩᠭᠣᠯ ᠰᠢᠨ᠎ᠡ ᠬᠡᠯᠪᠡᠷᠢ᠎ᠶᠢᠨ ᠬᠢᠮᠢ᠎ᠶᠢᠨ ᠠᠵᠤ ᠦᠢᠯᠡᠳᠪᠦᠷᠢ᠎ᠶᠢᠨ ᠠᠵᠤ ᠦᠢᠯᠡᠰ᠎ᠦᠨ ᠪᠦᠯᠦᠭᠵᠢᠯ᠎ᠢ ᠬᠦᠴᠦᠯᠡᠨ ᠪᠤᠵᠠᠭᠠᠶ᠋ᠢᠷᠠᠭᠤᠯᠵᠤ᠂ ᠨᠢᠭᠡᠨᠲᠡ ᠲᠥᠷᠥᠯ ᠵᠦᠢᠯ ᠨᠡᠯᠢᠶᠡᠳ ᠪᠦᠷᠢᠨ᠂ ᠠᠵᠤ ᠦᠢᠯᠡᠰ᠎ᠦᠨ ᠬᠡᠯᠬᠢᠶ᠎ᠡ ᠨᠡᠯᠢᠶᠡᠳ ᠣᠷᠳᠣ ᠣᠲᠣ ᠦᠶ᠎ᠡ᠎ᠶᠢᠨ ᠬᠢᠮᠢ᠎ᠶᠢᠨ ᠠᠵᠤ ᠦᠢᠯᠡᠳᠪᠦᠷᠢ᠎ᠶᠢᠨ ᠪᠦᠯᠦᠭᠵᠢᠯ᠎ᠢ ᠪᠠᠶ᠋ᠢᠭᠤᠯᠵᠦ᠂ ᠰᠢᠨ᠎ᠡ ᠬᠡᠯᠪᠡᠷᠢ᠎ᠶᠢᠨ ᠠᠵᠤ ᠦᠢᠯᠡᠳᠪᠦᠷᠢᠵᠢᠯᠲᠡ᠎ᠶᠢᠨ ᠰᠢᠨ᠎ᠡ ᠳᠡᠭᠲᠡᠷ᠎ᠲᠦ᠍ ᠭᠠᠷᠬᠤ᠎ᠶᠢ ᠬᠦᠴᠦᠯᠡᠨ ᠠᠬᠢᠭᠤᠯᠵᠤ ᠪᠤᠢ᠃

ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠷᠦᠩᠬᠡᠶ ᠬᠡᠮᠵᠢᠶ᠎ᠡ ᠦᠷᠭᠦᠯᠵᠢᠯᠡᠨ ᠪᠤᠵᠠᠭᠠᠶ᠋ᠢᠷᠠᠵᠤ᠂ ᠠᠵᠤ ᠦᠢᠯᠡᠳᠪᠦᠷᠢ᠎ᠶᠢᠨ ᠠᠵᠤ ᠠᠬᠤᠶ᠎ᠶᠢᠨ ᠴᠢᠨᠠᠷ ᠰᠠᠶ᠋ᠢᠲᠠᠶ ᠬᠥᠭᠵᠢᠯᠲᠡ ᠢᠳᠡᠪᠬᠢᠲᠡᠶ ᠠᠬᠢᠴᠠ᠎ᠲᠠᠶ ᠪᠣᠯᠵᠠᠢ᠃ 2024 ᠣᠨ᠎ᠳᠤ ᠥᠪᠥᠷ ᠮᠣᠩᠭᠣᠯ᠎ᠤᠨ ᠪᠥᠬᠥ᠌ ᠠᠵᠤ ᠦᠢᠯᠡᠳᠪᠦᠷᠢ᠎ᠶᠢᠨ ᠨᠡᠮᠡᠭᠳᠡᠯ ᠥᠷᠲᠡᠭ ᠲᠦᠮᠡᠨ ᠳ᠋ᠦᠩᠰᠢᠭᠤᠷ ᠲᠥᠭᠥᠷᠢᠭ᠎ᠦᠨ ᠶᠡᠬᠡ ᠪᠣᠭᠣᠮᠲᠠ᠎ᠶᠢ ᠳᠠᠪᠠᠵᠤ᠂ ᠵᠢᠯ ᠳᠤᠮᠳᠠᠴᠢ᠎ᠪᠠᠷ 9.3% ᠪᠠᠷ ᠨᠡᠮᠡᠭᠳᠡᠵᠦ᠂ GDP ᠎ᠶ᠋ᠢᠨ 38% ᠎ᠶ᠋ᠢ ᠡᠵᠡᠯᠡᠵᠦ᠍᠂ ᠶᠡᠷᠦᠩᠬᠡᠶ ᠬᠡᠮᠵᠢᠶ᠎ᠡ᠎ᠨᠢ ᠪᠥᠬᠥ᠌ ᠤᠯᠤᠰ᠎ᠤᠨ 14 ᠳ᠋ᠤᠭᠡᠷ᠎ᠲᠦ᠍ ᠣᠷᠣᠵᠤ᠂ ᠪᠥᠬᠥ᠌ ᠤᠯᠤᠰ ᠲᠦ᠍ ᠳᠤᠮᠳᠠ᠎ᠠᠴᠠ ᠳᠡᠭᠡᠭᠦᠷ ᠵᠢᠭᠰᠠᠭᠠᠬᠳᠠᠵᠦ᠂ ᠪᠥᠬᠥ᠌ ᠣᠷᠣᠨ᠎ᠤ 90 ᠭᠠᠷᠤᠶ ᠵᠦᠢᠯ᠎ᠦᠨ ᠠᠵᠤ ᠦᠢᠯᠡᠳᠪᠦᠷᠢ᠎ᠶᠢᠨ ᠦᠢᠯᠡᠳᠬᠦᠨ᠎ᠦ ᠦᠢᠯᠡᠳᠪᠦᠷᠢᠯᠡᠬᠦ᠌ ᠴᠢᠳᠠᠪᠤᠷᠢ᠎ᠶᠢᠨ ᠬᠡᠪᠴᠢᠶ᠎ᠡ ᠨᠢ ᠪᠥᠬᠥ᠌ ᠤᠯᠤᠰ᠎ᠲᠤ᠌ ᠲᠡᠷᠢᠭᠦᠯᠡᠵᠠᠢ᠃ ᠡᠨᠡ ᠵᠢᠯ᠎ᠤᠨ ᠲᠦᠷᠦᠭᠦᠦ ᠭᠤᠷᠪᠠᠨ ᠤᠯᠠᠷᠢᠯ᠎ᠳᠤ ᠦᠪᠦᠷ ᠮᠤᠩᠭᠤᠯ᠎ᠤᠨ ᠬᠡᠪᠴᠢᠶᠡᠵᠢᠯ᠎ᠡᠴᠡ ᠳᠡᠭᠡᠭᠰᠢᠬᠢ ᠠᠵᠤ ᠦᠢᠯᠡᠳᠪᠦᠷᠢ᠎ᠶᠢᠨ ᠨᠡᠮᠡᠭᠳᠡᠯ ᠥᠷᠲᠡᠭ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠡᠴᠡ 7.2%᠎ᠢ᠋ᠶ᠋ᠠᠷ ᠨᠡᠮᠡᠭᠳᠡᠵᠠᠢ᠃  ᠣᠳᠣᠬᠠᠨ᠎ᠳᠤ ᠥᠪᠥᠷ ᠮᠣᠩᠭᠣᠯ ᠰᠢᠨ᠎ᠡ ᠬᠡᠯᠪᠡᠷᠢ᠎ᠶᠢᠨ ᠬᠢᠮᠢ᠎ᠶᠢᠨ ᠠᠵᠤ ᠦᠢᠯᠡᠳᠪᠦᠷᠢ᠎ᠶᠢᠨ ᠠᠵᠤ ᠦᠢᠯᠡᠰ᠎ᠦᠨ ᠪᠦᠯᠦᠭᠵᠢᠯ᠎ᠢ ᠴᠣᠭᠴᠠᠯᠠᠬᠤ᠎ᠶᠢᠨ ᠲᠣᠭᠣᠷᠢᠨ᠎ᠳᠤ ᠬᠡᠯᠬᠢᠶ᠎ᠡ᠎ᠶᠢ ᠤᠷᠲᠤᠳᠬᠠᠨ ᠬᠡᠯᠬᠢᠶ᠎ᠡ᠎ᠶᠢ ᠨᠥᠬᠥᠪᠥᠷᠢᠯᠡᠵᠦ᠍ ᠬᠡᠯᠬᠢᠶ᠎ᠡ᠎ᠶᠢ ᠬᠦᠴᠦᠷᠬᠡᠭᠵᠢᠭᠦᠯᠬᠦ᠌᠎ᠶᠢ ᠠᠬᠢᠭᠤᠯᠵᠤ᠂  ᠴᠢᠨᠠᠷ ᠰᠠᠶ᠋ᠢᠲᠠᠶ ᠠᠵᠤ ᠠᠬᠤᠶ᠋ᠢᠯᠠᠯ᠎ᠢ ᠶᠡᠬᠡ᠎ᠪᠡᠷ ᠣᠷᠣᠭᠤᠯᠤᠨ ᠠᠪᠴᠢᠷᠠᠵᠤ ᠨᠤᠲᠤᠭᠰᠢᠭᠤᠯᠵᠤ᠂ ᠰᠢᠯᠢᠳᠡᠭ ᠲᠥᠷᠥᠯ ᠵᠦᠢᠯ᠎ᠢ ᠨᠠᠶ᠋ᠢᠳᠠᠪᠤᠷᠢᠵᠢᠭᠤᠯᠵᠤ᠂ ᠣᠳᠣᠬᠢᠴᠢᠯᠠᠭᠰᠠᠨ ᠠᠵᠤ ᠦᠢᠯᠡᠰ᠎ᠦᠨ ᠰᠢᠰᠲ᠋ᠧᠮ᠎ᠢ ᠪᠠᠶ᠋ᠢᠭᠤᠯᠵᠤ᠂ ᠠᠵᠤ ᠠᠬᠤᠶ᠎ᠶᠢᠨ ᠴᠢᠨᠠᠷ ᠰᠠᠶ᠋ᠢᠲᠠᠶ ᠬᠥᠭᠵᠢᠯᠲᠡ᠎ᠳᠦ ᠪᠠᠲᠤ᠌ ᠪᠠᠬᠢ ᠰᠠᠭᠤᠷᠢ ᠲᠠᠯᠪᠢᠵᠤ᠂ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠵᠦ ᠪᠤᠢ᠃

ᠤᠷᠳᠤᠰ ᠬᠤᠳᠠ᠎ᠶᠢᠨ ᠦᠦᠰᠢᠨ ᠬᠤᠰᠢᠭᠤᠨ᠎ᠳᠤ ᠪᠠᠢᠭ᠎ᠠ ᠶᠡᠷᠦᠩᠬᠡᠶ ᠪᠠᠯᠠ ᠣᠷᠣᠭᠤᠯᠤᠯᠲᠠ᠎ᠨᠢ 1.53 ᠳ᠋ᠦᠩᠰᠢᠭᠤᠷ ᠲᠥᠭᠥᠷᠢᠭ ᠪᠤᠯᠬᠤ ᠥᠪᠥᠷ ᠮᠣᠩᠭᠣᠯ᠎ᠤᠨ ᠪᠦᠦ ᠹᠸᠩ ᠨᠡᠭᠦᠷᠡᠰᠦᠨ᠎ᠳᠤ ᠰᠠᠭᠤᠷᠢᠯᠠᠬᠰᠠᠨ ᠰᠢᠨ᠎ᠡ ᠮᠠᠲ᠋ᠧᠷᠢᠶᠠᠯ᠎ᠤᠨ ᠦᠯᠡᠳᠡᠪᠦᠷᠢ ᠢᠯᠴᠢ᠎ᠪᠡᠷ ᠴᠠᠬᠢᠯᠭᠠᠨ ᠭᠠᠷᠭᠠᠬᠤ ᠲᠥᠷᠥᠯ ᠵᠦᠢᠯ 7 ᠰᠠᠷ᠎ᠠ᠎ᠶᠢᠨ ᠳᠤᠮᠳᠠᠴᠢ ᠪᠡᠷ ᠵᠢᠩᠬᠢᠨᠢ᠎ᠪᠡᠷ ᠠᠰᠢᠭᠯᠠᠯᠲᠠ᠎ᠳᠤ ᠣᠷᠣᠵᠠᠢ᠃ ᠲᠤᠰ ᠲᠥᠷᠥᠯ ᠵᠦᠢᠯ᠎ᠨᠢ ᠵᠢᠯ᠎ᠳᠦ 300 ᠲᠦᠮᠡᠨ ᠲᠣᠨ ᠨᠡᠭᠦᠷᠡᠰᠦ᠎ᠪᠡᠷ ᠠᠯᠺᠧᠨ ᠦᠢᠯᠡᠳᠬᠦ ᠲᠣᠨᠣᠭᠯᠠᠯ᠎ᠤᠨ ᠢᠯᠡᠭᠦᠴᠡ ᠠᠭᠤᠷ᠎ᠤᠨ ᠡᠬᠢ ᠪᠠᠶᠠᠯᠢᠭ᠎ᠲᠤ᠌ ᠲᠦᠰᠢᠭᠯᠡᠨ ᠦᠯᠡᠳᠡᠪᠦᠷᠢ ᠢᠯᠴᠢ᠎ᠶᠢ ᠥᠨᠳᠥᠷ ᠪᠦᠲᠦᠮᠵᠢᠲᠡᠶ᠎ᠪᠡᠷ ᠴᠠᠬᠢᠯᠭᠠᠨ ᠡᠨᠧᠷᠭᠢ ᠪᠣᠯᠭᠠᠨ ᠬᠤᠪᠢᠷᠠᠭᠤᠯᠵᠤ᠂ ᠡᠨᠧᠷᠭᠢ᠎ᠶᠢ ᠱᠠᠲᠤᠯᠢᠭ᠎ᠢᠶᠠᠷ ᠬᠣᠷᠢᠶᠠᠨ ᠠᠪᠬᠤ ᠪᠠ ᠡᠷᠭᠢᠯᠳᠦᠭᠦᠯᠦᠨ ᠠᠰᠢᠭᠯᠠᠬᠤ᠎ᠶᠢ ᠪᠡᠶᠡᠯᠡᠭᠦᠯᠵᠦ᠍᠂ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠎ᠶᠢᠨ ᠠᠵᠢᠯ ᠲᠥᠷᠥᠯ᠎ᠦᠨ ᠡᠨᠧᠷᠭᠢ ᠠᠷᠪᠢᠯᠠᠵᠤ ᠨᠡᠭᠦᠷᠡᠰᠦᠲᠦ᠋ᠷᠥᠭᠴᠢ᠎ᠵᠢ ᠪᠠᠭᠠᠰᠬᠠᠬᠤ᠎ᠳᠤ ᠰᠢᠨ᠎ᠡ ᠠᠷᠭ᠎ᠠ ᠵᠠᠮ᠎ᠢ ᠬᠠᠶ᠋ᠢᠨ ᠰᠦᠪᠡᠭᠴᠢᠯᠡᠵᠦ᠍ ᠭᠠᠷᠭᠠᠵᠠᠢ᠃ ᠣᠷᠳᠣᠰ  ᠨᠡᠭᠦᠷᠡᠰᠦᠨ᠎ᠦ ᠲᠣᠮᠣ ᠬᠣᠲᠠ ᠪᠣᠯᠤᠭᠰᠠᠨ᠎ᠤ ᠬᠤᠪᠢ᠎ᠳᠤ᠂ ᠣᠳᠣᠬᠠᠨ᠎ᠳᠤ ᠨᠡᠭᠦᠷᠡᠰᠦ᠎ᠪᠡᠷ  ᠲᠣᠰᠣ ᠦᠢᠯᠡᠳᠬᠦ᠂ ᠨᠡᠭᠦᠷᠡᠰᠦ᠎ᠪᠡᠷ  ᠬᠡᠶ  ᠦᠢᠯᠡᠳᠬᠦ᠂ ᠨᠡᠭᠦᠷᠡᠰᠦ ᠪᠡᠷ ᠮᠧᠲ᠋ᠢᠯ ᠠᠯᠺᠣᠣᠯ ᠦᠢᠯᠡᠳᠬᠦ ᠪᠠ ᠠᠯᠺᠧᠨ ᠪᠠ ᠨᠡᠭᠦᠷᠡᠰᠦ᠎ᠪᠡᠷ ᠰᠠᠭᠤᠷᠢ ᠪᠤᠯᠭᠠᠬᠰᠠᠨ ᠰᠢᠨ᠎ᠡ ᠮᠠᠲ᠋ᠧᠷᠢᠶᠠᠯ ᠵᠡᠷᠭᠡ ᠣᠯᠠᠨ ᠡᠷᠬᠢᠯᠳᠡᠳᠦ ᠠᠵᠤ ᠦᠢᠯᠡᠰ᠎ᠦᠨ ᠬᠡᠯᠬᠢᠶ᠎ᠡ᠎ᠶᠢ ᠨᠢᠭᠡᠨᠲᠡ ᠪᠠᠶ᠋ᠢᠭᠤᠯᠵᠤ᠂ ᠣᠲᠣ ᠦᠶ᠎ᠡ᠎ᠶᠢᠨ ᠨᠡᠭᠦᠷᠡᠰᠦ ᠬᠢᠮᠢ᠎ᠶᠢᠨ ᠠᠵᠤ ᠦᠢᠯᠡᠳᠪᠦᠷᠢ ᠬᠢᠭᠡᠳ ᠪᠣᠬᠢᠷᠲᠤᠯ ᠥᠬᠡᠶ ᠤᠰᠤᠲᠦ᠋ᠷᠥᠭᠴᠢ ᠵᠢᠴᠢ ᠨᠡᠭᠦᠷᠡᠰᠦᠲᠦ᠋ᠷᠥᠭᠴᠢ ᠶ᠋ᠢ ᠬᠤᠷᠢᠶᠠᠨ ᠴᠤᠭᠯᠠᠭᠤᠯᠵᠤ ᠠᠰᠢᠭᠯᠠᠬᠤ ᠪᠠ ᠪᠢᠲᠡᠭᠦᠮᠵᠢᠯᠡᠨ ᠬᠠᠳᠠᠭᠠᠯᠠᠬᠤ᠎ᠶᠢ ᠤᠶᠠᠯᠳᠤᠭᠤᠯᠤᠨ ᠬᠥᠭᠵᠢᠭᠦᠯᠬᠦ᠌  ᠵᠠᠭᠪᠤᠷ᠎ᠢ ᠬᠠᠶ᠋ᠢᠨ ᠰᠦᠪᠡᠭᠴᠢᠯᠡᠵᠦ᠍᠂ ᠨᠡᠭᠦᠷᠡᠰᠦ᠎ᠪᠡᠷ ᠰᠠᠭᠤᠷᠢ ᠪᠣᠯᠭᠠᠭᠰᠠᠨ ᠣᠨᠴᠠ ᠲᠥᠷᠥᠯ᠎ᠦᠨ ᠲᠦᠯᠡᠰᠢ᠂ ᠨᠡᠭᠦᠷᠡᠰᠦ᠎ᠪᠡᠷ ᠰᠠᠭᠤᠷᠢ ᠪᠣᠯᠭᠠᠭᠰᠠᠨ ᠠᠮᠢᠳᠤ ᠪᠣᠳᠠᠰ᠎ᠤᠨ ᠵᠠᠳᠠᠷᠠᠵᠤ ᠪᠣᠯᠬᠤᠢᠴᠡ ᠮᠠᠲ᠋ᠧᠷᠢᠶᠠᠯ ᠵᠡᠷᠭᠡ ᠮᠡᠷᠭᠡᠵᠢᠯ᠎ᠢ ᠰᠤᠳᠤᠯᠤᠨ ᠨᠡᠭᠡᠭᠡᠬᠦ᠌ ᠪᠠ ᠠᠵᠤ ᠦᠢᠯᠡᠳᠪᠦᠷᠢᠵᠢᠭᠦᠯᠦᠨ ᠬᠡᠷᠡᠭᠯᠡᠬᠦ᠌᠎ᠶᠢ ᠢᠳᠡᠪᠬᠢᠲᠡᠶ  ᠠᠬᠢᠭᠤᠯᠵᠤ  ᠪᠤᠢ᠃

ᠣᠷᠳᠣᠰ᠎ᠤᠨ ᠣᠲᠣ ᠦᠶ᠎ᠡ᠎ᠶᠢᠨ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠎ᠶᠢᠨ ᠠᠵᠤ ᠦᠢᠯᠡᠰ᠎ᠦᠨ ᠬᠥᠭᠵᠢᠯᠲᠡ ᠪᠣᠯ ᠥᠪᠥᠷ ᠮᠣᠩᠭᠣᠯ᠎ᠤᠨ ᠣᠲᠣ ᠦᠶ᠎ᠡ᠎ᠶᠢᠨ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠎ᠶᠢᠨ ᠠᠵᠤ ᠦᠢᠯᠡᠰ᠎ᠦᠨ ᠬᠡᠯᠬᠢᠶ᠎ᠡ᠎ᠶᠢ ᠴᠢᠨᠠᠷ ᠰᠠᠶ᠋ᠢᠲᠠᠶ ᠴᠣᠭᠴᠠᠯᠠᠵᠦ ᠪᠠᠢᠭ᠎ᠠ ᠬᠤᠷᠢᠶᠠᠩᠭᠤᠶ ᠳᠦᠷᠰᠦ ᠪᠣᠯᠤᠨ᠎ᠠ᠃ ᠣᠶ᠋ᠢᠷ᠎ᠠ᠎ᠶᠢᠨ ᠵᠢᠯ᠎ᠡᠴᠨ᠂ ᠥᠪᠥᠷ ᠮᠣᠩᠭᠣᠯ ᠨᠡᠭᠦᠷᠡᠰᠦ᠎ᠶᠢ ᠠᠷᠢᠭᠤᠨ ᠴᠡᠪᠡᠷ ᠥᠨᠳᠥᠷ ᠪᠦᠲᠦᠮᠵᠢᠲᠡᠶ ᠠᠰᠢᠭᠯᠠᠬᠤ᠎ᠶᠢ ᠶᠡᠬᠡ ᠪᠡᠷ ᠠᠬᠢᠭᠤᠯᠵᠤ᠂ ᠣᠲᠣ ᠦᠶ᠎ᠡ᠎ᠶᠢᠨ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠎ᠶᠢᠨ ᠠᠵᠤ ᠦᠢᠯᠡᠰ᠎ᠢ ᠲᠦᠷᠭᠡᠳᠬᠡᠨ ᠬᠥᠭᠵᠢᠭᠦᠯᠵᠦ᠍᠂ ᠨᠢᠭᠡᠨᠲᠡ ᠤᠯᠤᠰ᠎ᠤᠨ ᠳᠣᠲᠣᠭᠠᠳᠤ᠎ᠶᠢᠨ ᠬᠡᠪᠴᠢᠶ᠎ᠡ᠎ᠪᠡᠷ ᠬᠠᠮᠤᠭ᠎ᠤᠨ ᠶᠡᠬᠡ᠂ ᠲᠥᠷᠥᠯ ᠵᠦᠢᠯ᠎ᠢᠶᠡᠷ ᠬᠠᠮᠤᠭ᠎ᠤᠨ ᠪᠦᠷᠢᠨ ᠣᠲᠣ ᠦᠶ᠎ᠡ᠎ᠶᠢᠨ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠎ᠶᠢᠨ ᠠᠵᠤ ᠦᠢᠯᠡᠰ᠎ᠦᠨ ᠪᠦᠯᠦᠭᠵᠢᠯ᠎ᠢ ᠪᠠᠶ᠋ᠢᠭᠤᠯᠵᠤ᠂ ᠤᠯᠤᠰ᠎ᠤᠨ ᠲᠡᠷᠢᠭᠦᠨ᠎ᠦ ᠦᠢᠯᠡᠳᠬᠦ ᠦᠢᠯᠡᠰ᠎ᠦᠨ ᠪᠦᠯᠦᠭᠵᠢᠯ᠎ᠳᠦ ᠠᠮᠵᠢᠯᠲᠠ᠎ᠲᠠᠶ ᠣᠷᠣᠵᠠᠢ᠃

ᠦᠪᠦᠷ ᠮᠤᠩᠭᠤᠯ᠎ᠤᠨ ᠰᠢᠨ᠎ᠠ ᠬᠡᠯᠪᠡᠷᠢ᠎ᠶᠢᠨ ᠬᠢᠮᠢ᠎ᠶᠢᠨ ᠠᠵᠦ ᠦᠢᠯᠡᠳᠪᠦᠷᠢ᠎ᠶᠢᠨ ᠠᠵᠦ ᠦᠢᠯᠡᠰ ᠤᠯᠠᠨ ᠵᠢᠯ᠎ᠤᠨ ᠬᠦᠭᠵᠢᠯᠳᠡ ᠪᠡᠷ ᠳᠠᠮᠵᠢᠨ᠂  ᠨᠡᠯᠢᠶᠠᠳ ᠰᠠᠢᠨ ᠠᠵᠦ ᠦᠢᠯᠡᠰ᠎ᠤᠨ ᠰᠠᠭᠤᠷᠢ ᠲᠠᠢ ᠪᠤᠯᠵᠠᠢ᠃  ᠦᠪᠦᠷ ᠮᠤᠩᠭᠤᠯ ᠨᠢᠬᠡᠨᠳᠡ ᠤᠯᠤᠰ᠎ᠤᠨ ᠲᠤᠳᠤᠭᠠᠳᠤ᠎ᠶᠢᠨ ᠴᠢᠬᠤᠯᠠ ᠶᠡᠬᠡ ᠬᠢᠮᠢ᠎ᠶᠢᠨ ᠠᠵᠦ ᠦᠢᠯᠡᠳᠪᠦᠷᠢ᠎ᠶᠢᠨ ᠦᠢᠯᠡᠳᠬᠦᠨ᠎ᠤ ᠦᠢᠯᠡᠳᠪᠦᠷᠢᠯᠡᠯ᠎ᠤᠨ ᠬᠠᠩᠭᠠᠯᠭ᠎ᠠ᠎ᠶᠢᠨ ᠭᠠᠵᠠᠷ ᠪᠤᠯᠵᠦ᠂ ᠡᠾᠯᠦᠷ ᠱᠦᠯᠳᠦ᠎ᠶᠢᠨ ᠬᠢᠮᠢ᠎ᠶᠢᠨ ᠠᠵᠦ ᠦᠢᠯᠡᠳᠪᠦᠷᠢ᠂ ᠨᠠᠬᠦᠷᠠᠰᠦ ᠬᠡᠤᠷᠰᠢᠬᠦᠯᠬᠦ ᠬᠢᠮᠢ᠎ᠶᠢᠨ ᠠᠵᠦ ᠦᠢᠯᠡᠳᠪᠦᠷᠢ᠂ ᠹᠯᠤᠷ᠎ᠤᠨ ᠬᠢᠮᠢ᠎ᠶᠢᠨ ᠠᠵᠦ ᠦᠢᠯᠡᠳᠪᠦᠷᠢ ᠵᠢᠴᠢ ᠲᠤᠤᠷᠠᠳᠤ ᠲᠦᠪᠰᠢᠨ᠎ᠤ ᠬᠢᠮᠢ᠎ᠶᠢᠨ ᠠᠵᠦ ᠦᠢᠯᠡᠳᠪᠦᠷᠢ᠎ᠶᠢᠨ ᠰᠢᠨ᠎ᠠ ᠮᠠᠲᠧᠷᠢᠶᠠᠯ ᠪᠡ ᠨᠠᠷᠢᠯᠢᠭ ᠬᠢᠮᠢ᠎ᠶᠢᠨ ᠠᠵᠦ ᠦᠢᠯᠡᠳᠪᠦᠷᠢ᠎ᠵᠢ ᠨᠢᠭᠡ  ᠴᠤᠬᠴᠠᠵᠢᠭᠤᠯᠤᠬᠰᠠᠨ ᠤᠨᠴᠠᠯᠢᠬᠳᠤ  ᠠᠵᠦ  ᠦᠢᠯᠡᠰ᠎ᠤᠨ ᠪᠦᠯᠦᠭᠵᠢᠯ᠎ᠢ  ᠪᠤᠢ  ᠪᠤᠯᠭᠠᠵᠠᠢ᠃

ᠬᠦᠬᠡᠬᠤᠳᠡ ᠪᠤᠳᠠᠳᠤ ᠪᠠᠢᠳᠠᠯ᠎ᠳᠠᠭᠠᠨ ᠰᠠᠭᠤᠷᠢᠯᠠᠨ᠂ ᠪᠤᠬᠢᠷᠳᠤᠯ ᠦᠬᠡᠢ ᠦᠢᠯᠡᠳᠪᠦᠷᠢ᠎ᠵᠢ ᠡᠬᠦᠳᠤᠨ ᠪᠠᠢᠭᠤᠯᠬᠤ ᠬᠠᠷᠠᠯᠳᠡ᠎ᠶᠢᠨ ᠲᠤᠭᠤᠷᠢᠨ᠎ᠳᠤ ᠲᠦᠷᠦ᠎ᠶᠢᠨ ᠪᠤᠳᠤᠯᠭ᠎ᠠ᠂ ᠮᠡᠷᠭᠡᠵᠢᠯ ᠵᠡᠷᠬᠡ ᠤᠯᠠᠨ ᠲᠠᠯ᠎ᠠ ᠪᠡᠷ ᠬᠦᠴᠦᠯᠡᠵᠦ᠂ ᠤᠯᠠᠨ ᠠᠷᠭ᠎ᠠ ᠬᠡᠮᠵᠢᠶ᠎ᠠ᠎ᠵᠢ ᠵᠡᠷᠬᠡ ᠪᠡᠷ ᠬᠡᠷᠡᠭᠯᠡᠨ ᠠᠵᠦ ᠦᠢᠯᠡᠳᠪᠦᠷᠢ᠎ᠶᠢᠨ ᠪᠤᠬᠢᠷᠳᠤᠯ ᠦᠬᠡᠢ ᠳᠡᠢᠰᠢ ᠬᠡᠯᠪᠡᠷᠢ ᠪᠠᠨ ᠬᠤᠪᠢᠷᠠᠭᠤᠯᠬᠤ᠎ᠵᠢ ᠠᠬᠢᠭᠤᠯᠵᠦ ᠪᠠᠢᠨ᠎ᠠ᠃ ᠡᠨᠡ ᠵᠢᠯ᠎ᠤᠨ 2 ᠰᠠᠷ᠎ᠠ᠎ᠳᠤ᠂ ᠠᠵᠦ ᠦᠢᠯᠡᠳᠪᠦᠷᠢ ᠪᠠ ᠮᠡᠳᠡᠬᠡ ᠵᠠᠩᠬᠢᠵᠢᠯᠳᠡ᠎ᠶᠢᠨ ᠶᠠᠮᠤᠨ ᠡᠴᠡ 2025 ᠣᠨ᠎ᠤ ᠤᠯᠤᠰ᠎ᠤᠨ ᠲᠠᠰ᠎ᠤᠨ ᠪᠣᠬᠢᠷᠲᠤᠯ ᠥᠬᠡᠶ ᠦᠢᠯᠡᠳᠪᠦᠷᠢ᠂ ᠪᠤᠬᠢᠷᠳᠤᠯ ᠦᠬᠡᠢ ᠠᠵᠦ ᠦᠢᠯᠡᠳᠪᠦᠷᠢ᠎ᠶᠢᠨ ᠬᠦᠷᠢᠶᠠᠯᠠᠩ  ᠲᠤᠭᠤᠷᠢᠭ ᠎ᠤᠨ  ᠨᠠᠷᠡᠰ᠎ᠢ ᠨᠡᠢᠳᠡᠯᠡᠵᠦ᠂ ᠬᠦᠬᠡᠬᠤᠳᠡ᠎ᠶᠢᠨ 4 ᠪᠤᠬᠢᠷᠳᠤᠯ ᠦᠬᠡᠢ ᠦᠢᠯᠡᠳᠪᠦᠷᠢ ᠨᠢ  ᠤᠯᠤᠰ᠎ᠤᠨ ᠲᠠᠰ᠎ᠤᠨ ᠪᠣᠬᠢᠷᠲᠤᠯ ᠥᠬᠡᠶ ᠦᠢᠯᠡᠳᠪᠦᠷᠢ᠎ᠪᠡᠷ ᠦᠨᠡᠯᠡᠭᠳᠡᠵᠦ᠍᠂ 1 ᠪᠤᠬᠢᠷᠳᠤᠯ ᠦᠬᠡᠢ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ ᠨᠢ ᠤᠯᠤᠰ᠎ᠤᠨ ᠲᠠᠰ᠎ᠤᠨ ᠪᠣᠬᠢᠷᠲᠤᠯ ᠥᠬᠡᠶ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠎ᠢᠶᠠᠷ ᠦᠨᠡᠯᠡᠭᠳᠡᠵᠦ᠂ ᠬᠦᠬᠡᠬᠤᠳᠡ ᠠᠵᠦ ᠦᠢᠯᠡᠰ᠎ᠤᠨ ᠪᠦᠲᠦᠴᠡ᠎ᠵᠢ ᠰᠢᠯᠢᠳᠡᠭᠵᠢᠬᠦᠯᠬᠦ᠂ ᠪᠤᠬᠢᠷᠳᠤᠯ ᠦᠬᠡᠢ ᠦᠢᠯᠡᠳᠬᠡᠯ᠎ᠤᠨ ᠰᠢᠰᠲᠸᠮ᠎ᠢ ᠪᠠᠢᠭᠤᠯᠬᠤ ᠲᠠᠯ᠎ᠠ ᠪᠡᠷ ᠱᠠᠲᠤᠴᠢ  ᠴᠢᠨᠠᠷᠳᠠᠢ  ᠠᠮᠵᠢᠯᠳᠡ ᠤᠯᠤᠬᠰᠠᠨ᠎ᠢ  ᠬᠠᠷᠠᠭᠤᠯᠵᠦ  ᠪᠤᠢ᠃

ᠥᠪᠥᠷ ᠮᠣᠩᠭᠣᠯ ᠣᠨᠴᠠᠯᠢᠭᠳᠤ ᠳᠠᠪᠠᠭᠤᠯᠢᠭᠳᠤ ᠣᠲᠣ ᠦᠶ᠎ᠡ᠎ᠶᠢᠨ ᠠᠵᠤ ᠦᠢᠯᠡᠰ᠎ᠦᠨ ᠰᠢᠰᠲ᠋ᠧᠮ᠎ᠢ ᠲᠦᠷᠭᠡᠳᠬᠡᠨ ᠪᠠᠶ᠋ᠢᠭᠤᠯᠬᠤ ᠬᠠᠷᠠᠯᠲᠠ᠎ᠲᠠᠶ ᠨᠢᠭᠲᠠ ᠤᠶᠠᠯᠳᠤᠭᠤᠯᠤᠨ᠂ ᠪᠣᠬᠢᠷᠲᠤᠯ ᠥᠬᠡᠶ ᠦᠢᠯᠡᠳᠭᠡᠯ᠎ᠤᠨ ᠰᠢᠰᠲ᠋ᠧᠮ᠎ᠦᠨ ᠪᠠᠶ᠋ᠢᠭᠤᠯᠤᠯᠲᠠ᠎ᠶᠢ ᠦᠢᠯᠡᠳᠬᠦ ᠦᠢᠯᠡᠰ᠎ᠦᠨ ᠴᠢᠨᠠᠷ ᠰᠠᠶ᠋ᠢᠲᠠᠶ ᠬᠥᠭᠵᠢᠯᠲᠡ᠎ᠶᠢ ᠠᠬᠢᠭᠤᠯᠬᠤ ᠵᠠᠩᠭᠢᠯᠠᠭ᠎ᠠ᠎ᠶᠢᠨ ᠭᠠᠷᠳᠠᠴᠠ ᠪᠣᠯᠭᠠᠵᠤ᠂ ᠰᠢᠰᠲ᠋ᠧᠮ᠎ᠲᠡᠶ ᠲᠥᠯᠥᠪᠵᠢᠭᠦᠯᠵᠦ᠍᠂ ᠨᠠᠷᠢᠯᠢᠭ ᠣᠨᠣᠴᠠᠲᠠᠶ᠎ᠪᠠᠷ ᠠᠷᠭ᠎ᠠ ᠪᠣᠳᠣᠯᠭ᠎ᠠ ᠬᠡᠷᠡᠭᠵᠢᠭᠦᠯᠦᠨ᠂ ᠦᠢᠯᠡᠳᠬᠦ ᠦᠢᠯᠡᠰ᠎ᠦᠨ ᠪᠣᠬᠢᠷᠲᠤᠯ ᠥᠬᠡᠶ ᠲᠠᠢᠰᠢ ᠬᠡᠯᠪᠡᠷᠢ᠎ᠪᠡᠨ ᠬᠤᠪᠢᠷᠠᠭᠤᠯᠤᠨ ᠬᠦᠭᠵᠢᠬᠦ᠎ᠶᠢ ᠦᠷᠭᠦᠯᠵᠢᠯᠡᠨ ᠠᠬᠢᠭᠤᠯᠵᠦ ᠪᠤᠢ᠃ ᠡᠬᠦᠨ᠎ᠤ ᠬᠠᠮᠳᠤ ᠪᠣᠯᠣᠳ ᠲᠡᠮᠦᠷ᠂ ᠬᠢᠮᠢ᠎ᠶᠢᠨ ᠠᠵᠤ ᠦᠢᠯᠡᠳᠪᠦᠷᠢ᠂ ᠲᠡᠮᠦᠷᠯᠢᠭ ᠪᠣᠯᠪᠠᠰᠤᠷᠠᠭᠤᠯᠬᠤ ᠵᠡᠷᠭᠡ ᠭᠤᠤᠯᠳᠠᠯᠭ᠎ᠠ᠎ᠲᠠᠶ ᠠᠵᠢᠯ ᠲᠥᠷᠥᠯ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠠᠵᠤ ᠠᠬᠤᠶ᠋ᠢᠯᠠᠯ᠎ᠢ ᠵᠢᠯᠣᠭᠣᠳᠤᠨ ᠡᠨᠧᠷᠭᠢ ᠠᠷᠪᠢᠯᠠᠵᠤ ᠨᠡᠭᠦᠷᠡᠰᠦᠲᠦ᠋ᠷᠥᠭᠴᠢ᠎ᠶᠢ ᠪᠠᠭᠠᠰᠬᠠᠬᠤ᠂ ᠮᠡᠷᠭᠡᠵᠢᠯ᠎ᠦᠨ ᠥᠭᠡᠷᠡᠴᠢᠯᠡᠯᠲᠡ ᠬᠢᠬᠦ᠌ ᠪᠠ ᠤᠷ᠎ᠠ ᠮᠡᠷᠭᠡᠰᠢᠯ᠎ᠢ ᠲᠠᠰ ᠳᠡᠪᠰᠢᠭᠦᠯᠵᠦ᠍᠂ ᠬᠦᠷᠢᠶᠡᠯᠡᠩ ᠲᠣᠭᠣᠷᠢᠭ᠎ᠤᠨ ᠪᠣᠬᠢᠷᠲᠤᠯ ᠥᠬᠡᠶ ᠬᠥᠭᠵᠢᠯᠲᠡ᠎ᠶᠢᠨ ᠰᠠᠭᠤᠷᠢ ᠲᠦᠬᠦᠭᠡᠷᠦᠮᠵᠢ᠎ᠶᠢᠨ ᠪᠥᠲᠥᠭᠡᠨ ᠪᠠᠶ᠋ᠢᠭᠤᠯᠤᠯᠲᠠ᠎ᠶᠢ ᠴᠢᠩᠭᠠᠳᠬᠠᠵᠤ᠂ ᠦᠢᠯᠡᠳᠬᠦ ᠦᠢᠯᠡᠰ᠎ᠦᠨ ᠪᠣᠬᠢᠷᠲᠤᠯ ᠥᠬᠡᠶ ᠬᠥᠭᠵᠢᠯᠲᠡ᠎ᠶᠢᠨ ᠬᠢᠷᠢ ᠲᠦᠪᠰᠢᠨ᠎ᠢ ᠪᠥᠬᠥ᠌ ᠲᠠᠯ᠎ᠠ᠎ᠪᠠᠷ ᠳᠡᠭᠡᠭᠰᠢᠯᠡᠭᠦᠯᠵᠦ ᠪᠠᠢᠨ᠎ᠠ᠃

ᠣᠳᠣᠬᠠᠨ ᠪᠣᠯᠲᠠᠯ᠎ᠠ ᠦᠪᠦᠷ ᠮᠤᠩᠭᠤᠯ ᠤᠯᠤᠰ᠎ᠤᠨ ᠲᠠᠰ᠎ᠤᠨ ᠪᠣᠬᠢᠷᠲᠤᠯ ᠥᠬᠡᠶ  ᠦᠢᠯᠡᠳᠪᠦᠷᠢ᠎ᠶᠢ 170 ᠪᠠᠢᠭᠤᠯᠵᠦ᠂ ᠪᠣᠬᠢᠷᠲᠤᠯ ᠥᠬᠡᠶ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠎ᠢ 20 ᠪᠠᠶ᠋ᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠬᠢᠷᠲᠤᠯ ᠥᠬᠡᠶ ᠦᠢᠯᠡᠳᠪᠦᠷᠢ᠎ᠶᠢ 510 ᠪᠠᠶ᠋ᠢᠭᠤᠯᠵᠤ᠂ ᠪᠣᠬᠢᠷᠲᠤᠯ ᠥᠬᠡᠶ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠎ᠢ 32 ᠪᠠᠶ᠋ᠢᠭᠤᠯᠵᠤ᠂ ᠪᠣᠬᠢᠷᠲᠤᠯ ᠥᠬᠡᠶ ᠦᠢᠯᠡᠳᠪᠦᠷᠢ᠎ᠶᠢᠨ ᠦᠢᠯᠡᠳᠬᠦᠨ᠎ᠦ ᠥᠷᠲᠡᠭ᠎ᠦᠨ ᠬᠡᠪᠴᠢᠶᠡᠵᠢᠯ᠎ᠡᠴᠡ ᠳᠡᠭᠡᠭᠰᠢᠬᠢ ᠦᠢᠯᠡᠳᠬᠦ ᠦᠢᠯᠡᠰ᠎ᠦᠨ ᠦᠢᠯᠡᠳᠬᠦᠨ᠎ᠦ ᠥᠷᠲᠡᠭ᠎ᠲᠦ᠍ ᠡᠵᠡᠯᠡᠬᠦ᠌ ᠬᠤᠪᠢ᠎ᠶᠢᠨ ᠵᠢᠩ᠎ᠨᠢ 28% ᠎ᠳ᠋ᠤ ᠬᠦᠷᠴᠦ᠍᠂ ᠪᠣᠬᠢᠷᠲᠤᠯ ᠥᠬᠡᠶ ᠦᠢᠯᠡᠳᠬᠡᠯ᠎ᠤᠨ ᠵᠢᠱ᠌ᠢᠶ᠎ᠡ ᠦᠵᠡᠭᠦᠯᠦᠨ ᠳᠠᠶ᠋ᠢᠴᠢᠯᠠᠬᠤ ᠦᠢᠯᠡᠳᠦᠯ᠎ᠢ ᠦᠷᠭᠦᠯᠵᠢᠯᠡᠨ ᠪᠠᠳᠠᠷᠠᠭᠤᠯᠵᠤ᠂ ᠠᠵᠤ ᠦᠢᠯᠡᠰ᠎ᠦᠨ ᠬᠡᠯᠬᠢᠶ᠎ᠡ᠎ᠶᠢᠨ ᠬᠠᠩᠭᠠᠯᠭ᠎ᠠ᠎ᠶᠢᠨ ᠬᠡᠯᠬᠢᠶ᠎ᠡ᠎ᠶᠢᠨ ᠪᠣᠬᠢᠷᠲᠤᠯ ᠥᠬᠡᠶ ᠬᠠᠮᠵᠢᠯᠴᠠᠬᠤ ᠴᠢᠳᠠᠪᠤᠷᠢ᠎ᠶᠢ ᠲᠠᠰᠤᠷᠠᠯᠲᠠ ᠥᠬᠡᠶ ᠴᠢᠩᠭᠠᠷᠠᠭᠤᠯᠵᠤ᠂ ᠦᠪᠦᠷ ᠮᠤᠩᠭᠤᠯ᠎ᠤᠨ ᠦᠢᠯᠡᠳᠬᠦ ᠦᠢᠯᠡᠰ᠎ᠦᠨ ᠴᠢᠨᠠᠷ ᠰᠠᠶ᠋ᠢᠲᠠᠶ ᠬᠥᠭᠵᠢᠯᠲᠡ᠎ᠳᠦ ᠪᠣᠬᠢᠷᠲᠤᠯ ᠥᠬᠡᠶ ᠬᠥᠳᠡᠯᠭᠡᠬᠦ᠌ ᠡᠨᠧᠷᠭᠢ ᠨᠡᠮᠡᠷᠢᠯᠡᠵᠠᠢ᠃

ᠡᠨᠡ ᠵᠢᠯ᠎ᠤᠨ 2 ᠰᠠᠷ᠎ᠠ᠎ᠳᠤ᠂ ᠦᠬᠠᠢ ᠬᠤᠳᠠ᠎ᠶᠢᠨ ᠤᠯᠤᠰ᠎ᠤᠨ ᠲᠠᠰ᠎ᠤᠨ ᠳᠤᠮᠳᠡ ᠪᠠᠭ᠎ᠠ ᠠᠵᠦ ᠠᠬᠤᠢᠯᠠᠯ᠎ᠤᠨ ᠲᠤᠭᠠᠴᠢᠯᠠᠯᠳᠡ ᠲᠠᠢᠰᠢ ᠬᠡᠯᠪᠡᠷᠢ ᠪᠠᠨ ᠬᠤᠪᠢᠷᠠᠭᠤᠯᠬᠤ ᠬᠤᠳᠠ᠎ᠶᠢᠨ ᠲᠤᠷᠰᠢᠯᠳᠡ᠎ᠶᠢᠨ ᠴᠡᠭ᠎ᠤᠨ ᠠᠵᠢᠯ᠎ᠢ ᠡᠬᠢᠯᠡᠬᠦᠯᠬᠦ ᠬᠤᠷᠠᠯ ᠵᠢᠴᠢ ᠦᠪᠡᠷᠳᠡᠬᠡᠨ ᠵᠠᠰᠠᠬᠤ ᠤᠷᠤᠨ᠎ᠤ ᠦᠢᠯᠡᠳᠬᠦ ᠦᠢᠯᠡᠰ᠎ᠤᠨ ᠲᠤᠭᠠᠴᠢᠯᠠᠯᠳᠡ ᠳᠠᠢᠰᠢ ᠬᠡᠯᠪᠡᠷᠢ ᠪᠠᠨ ᠬᠤᠪᠢᠷᠠᠭᠤᠯᠬᠤ ᠲᠤᠷᠰᠢᠯᠳᠡ᠎ᠶᠢᠨ ᠬᠤᠳᠠ᠎ᠶᠢᠨ ᠠᠵᠢᠯ᠎ᠤᠨ ᠬᠤᠷᠠᠯ ᠶᠠᠪᠤᠬᠳᠠᠵᠦ᠂ ᠮᠠᠨ᠎ᠤ ᠤᠷᠤᠨ᠎ᠤ ᠲᠤᠭᠠᠴᠢᠯᠠᠯᠳᠡ ᠲᠠᠢᠰᠢ ᠬᠡᠯᠪᠡᠷᠢ ᠪᠠᠨ ᠬᠤᠪᠢᠷᠠᠭᠤᠯᠬᠤ ᠠᠵᠢᠯ ᠪᠦᠬᠦ ᠲᠠᠯ᠎ᠠ ᠪᠡᠷ ᠬᠡᠷᠡᠭᠵᠢᠬᠦᠯᠤᠯᠳᠡ᠎ᠶᠢᠨ ᠱᠠᠲᠤᠨ᠎ᠳᠤ ᠤᠷᠤᠵᠠᠢ᠃ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠦᠢᠯᠡᠳᠬᠦ ᠦᠢᠯᠡᠰ᠎ᠤᠨ ᠲᠤᠭᠠᠴᠢᠯᠠᠯᠳᠡ ᠲᠠᠢᠰᠢ ᠬᠡᠯᠪᠡᠷᠢ ᠪᠡᠨ ᠬᠤᠪᠢᠷᠠᠭᠤᠯᠬᠤ ᠲᠤᠷᠰᠢᠯᠳᠡ᠎ᠶᠢᠨ ᠴᠡᠭ᠎ᠤᠨ ᠬᠤᠳᠠ᠎ᠶᠢᠨ ᠪᠦᠲᠦᠭᠡᠨ ᠪᠠᠢᠭᠤᠯᠤᠯᠳᠡ᠎ᠶᠢᠨ ᠬᠤᠭᠤᠴᠠᠭᠠᠨ᠎ᠳᠤ᠂ ᠦᠬᠠᠢ ᠬᠤᠳᠡ 6 ᠲᠤᠭᠠᠴᠢᠯᠠᠯᠳᠡ ᠳᠠᠢᠰᠢ ᠬᠡᠯᠪᠡᠷᠢ ᠪᠠᠨ ᠬᠤᠪᠢᠷᠠᠭᠤᠯᠬᠤ ᠬᠡᠪ ᠲᠠᠭᠤᠷᠢᠶᠠᠯ ᠦᠵᠡᠬᠦᠯᠬᠦ ᠠᠵᠦ ᠠᠬᠤᠢᠯᠠᠯ᠂ 7 ᠨᠡᠢᠳᠡᠯᠢᠭ ᠬᠡᠷᠡᠭᠯᠡᠭᠡᠨ᠎ᠤ ᠠᠬᠤᠢ ᠦᠵᠡᠭᠳᠡᠯ᠎ᠢ ᠪᠤᠢ ᠪᠤᠯᠭᠠᠵᠦ᠂ 27 ᠠᠵᠦ ᠠᠬᠤᠢᠯᠡᠯ᠎ᠢ ᠲᠤᠭᠠᠴᠢᠯᠠᠯᠳᠡ ᠤᠶᠤᠨᠴᠢᠯᠠᠯᠳᠡ᠎ᠵᠢ ᠠᠭᠤᠰᠤᠯᠴᠠᠭᠤᠯᠤᠨ ᠲᠤᠭᠤᠰᠢᠯᠠᠭᠤᠯᠬᠤ ᠪᠠᠷᠢᠮᠵᠢᠶ᠎ᠠ᠎ᠳᠤ ᠬᠦᠷᠭᠡᠵᠦ᠂ 130 ᠭᠠᠷᠤᠢ ᠠᠵᠦ ᠠᠬᠤᠢᠯᠡᠯ᠎ᠤᠨ ᠲᠤᠭᠠᠴᠢᠯᠠᠬᠰᠠᠨ ᠬᠢᠷᠢ ᠲᠦᠪᠰᠢᠨ᠎ᠢ L2 ᠲᠠᠰ ᠡᠴᠡ ᠲᠡᠭᠡᠭᠰᠢ᠎ᠳᠤ ᠬᠦᠷᠭᠡᠨ᠎ᠠ᠃

ᠦᠪᠦᠷ ᠮᠤᠩᠭᠤᠯ ᠦᠢᠯᠡᠳᠬᠦ ᠦᠢᠯᠡᠰ᠎ᠤᠨ ᠲᠤᠭᠠᠴᠢᠯᠠᠯᠳᠡ ᠲᠠᠢᠰᠢ ᠬᠡᠯᠪᠡᠷᠢ ᠪᠡᠨ ᠬᠤᠪᠢᠷᠠᠭᠤᠯᠬᠤ᠎ᠵᠢ ᠳᠡᠭᠡᠳᠦ ᠬᠡᠮᠵᠢᠶ᠎ᠠ ᠪᠡᠷ ᠴᠢᠬᠤᠯᠠᠴᠢᠯᠠᠵᠦ ᠂ ᠤᠷᠢᠳ ᠬᠤᠵᠢᠳ ᠦᠢᠯᠡᠳᠬᠦ ᠦᠢᠯᠡᠰ᠎ᠤᠨ ᠤᠶᠤᠨᠴᠢᠯᠠᠬᠰᠠᠨ ᠬᠦᠭᠵᠢᠯᠳᠡ᠎ᠵᠢ ᠠᠬᠢᠭᠤᠯᠬᠤ᠎ᠶᠢᠨ ᠬᠡᠷᠡᠭᠵᠢᠬᠦᠯᠬᠦ ᠲᠦᠰᠦᠯ ᠪᠤᠯᠤᠨ ᠠᠵᠦ ᠦᠢᠯᠡᠳᠪᠦᠷᠢ᠎ᠶᠢᠨ ᠲᠤᠭᠠᠴᠢᠯᠠᠯᠳᠡ ᠳᠠᠢᠰᠢ ᠬᠡᠯᠪᠡᠷᠢ ᠪᠠᠨ ᠬᠤᠪᠢᠷᠠᠭᠤᠯᠬᠤ ᠠᠵᠢᠯᠯᠠᠭᠠᠨ᠎ᠤ ᠲᠦᠰᠦᠯ ᠵᠡᠷᠬᠡ ᠠᠯᠢ ᠤᠯᠠᠨ ᠲᠦᠷᠦ᠎ᠶᠢᠨ ᠪᠤᠳᠤᠯᠭ᠎ᠠ ᠠᠷᠭ᠎ᠠ ᠬᠡᠮᠵᠢᠶ᠎ᠠ᠎ᠵᠢ ᠨᠡᠢᠳᠡᠯᠡᠵᠦ᠂ ᠲᠤᠮᠤ ᠳ᠋ᠠᠢᠲ᠋ᠠ᠂ ᠠᠵᠦ ᠦᠢᠯᠡᠳᠪᠦᠷᠢ᠎ᠶᠢᠨ ᠢᠨᠲ᠋ᠸᠷ ᠰᠦᠯᠵᠢᠶ᠎ᠠ᠂ ᠵᠤᠬᠢᠶᠠᠮᠡᠯ ᠤᠶᠤᠨ ᠴᠢᠳᠠᠪᠤᠷᠢ ᠵᠡᠷᠬᠡ ᠰᠢᠨ᠎ᠠ ᠦᠶ᠎ᠠ᠎ᠶᠢᠨ ᠮᠡᠳᠡᠬᠡ ᠵᠠᠩᠬᠢ᠎ᠶᠢᠨ ᠮᠡᠷᠭᠡᠵᠢᠯ ᠬᠢᠬᠡᠳ ᠪᠤᠳᠠᠳᠤ ᠴᠤᠬᠴᠡ᠎ᠶᠢᠨ ᠠᠵᠦ ᠠᠬᠤᠢ᠎ᠶᠢᠨ ᠬᠦᠨᠵᠡᠬᠡᠢ ᠠᠭᠤᠰᠤᠯᠴᠠᠯ᠎ᠢ ᠢᠳᠡᠪᠬᠢᠳᠡᠢ ᠠᠬᠢᠭᠤᠯᠵᠦ᠂ ᠠᠵᠦ ᠦᠢᠯᠡᠳᠪᠦᠷᠢ᠎ᠶᠢᠨ ᠬᠦᠷᠢᠶ᠎ᠠ ᠴᠠᠷᠠᠭ᠎ᠠ᠎ᠶᠢᠨ ᠳᠡᠭᠡᠳᠦ ᠲᠡᠰᠵᠢᠯᠳᠡ᠂ ᠤᠶᠤᠨᠴᠢᠯᠠᠯᠳᠡ᠂ ᠪᠤᠬᠢᠷᠳᠤᠯ ᠦᠬᠡᠢ ᠲᠠᠢᠰᠢ ᠤᠷᠤᠬᠰᠢᠯᠠᠬᠤ᠎ᠳᠤ ᠬᠦᠴᠦᠨ ᠨᠡᠮᠡᠷᠢᠯᠡᠪᠡ᠃ ᠡᠨᠡ ᠵᠢᠯ᠎ᠤᠨ 6 ᠰᠠᠷ᠎ᠠ᠎ᠳᠤ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2026 ᠣᠨ᠎ᠤ ᠳᠡᠭᠡᠷ᠎ᠡ ᠬᠠᠭᠠᠰ ᠵᠢᠯ᠎ᠦᠨ ᠰᠢᠨ᠎ᠡ᠎ᠶᠢ ᠡᠭᠦᠳᠬᠦ᠌ ᠬᠡᠯᠪᠡᠷᠢ᠎ᠶᠢᠨ ᠳᠤᠮᠳᠠ ᠪᠠᠭ᠎ᠠ ᠠᠵᠤ ᠠᠬᠤᠶ᠋ᠢᠯᠠᠯ᠎ᠢ ᠮᠠᠭᠠᠳᠯᠠᠨ ᠲᠣᠭᠲᠠᠭᠠᠬᠤ ᠨᠡᠷᠡᠰ᠎ᠢ ᠨᠡᠶ᠋ᠢᠲᠡᠯᠡᠵᠦ᠍᠂ ᠪᠥᠬᠥ᠌ ᠣᠷᠣᠨ᠎ᠤ ᠨᠡᠶ᠋ᠢᠲᠡ 215 ᠠᠵᠤ ᠠᠬᠤᠶ᠋ᠢᠯᠠᠯ᠎ᠢ ᠰᠢᠨ᠎ᠡ᠎ᠶᠢ ᠡᠭᠦᠳᠬᠦ᠌ ᠬᠡᠯᠪᠡᠷᠢ᠎ᠶᠢᠨ ᠳᠤᠮᠳᠠ ᠪᠠᠭ᠎ᠠ ᠠᠵᠤ ᠠᠬᠤᠶ᠋ᠢᠯᠠᠯ᠎ᠢᠶᠠᠷ ᠮᠠᠭᠠᠳᠯᠠᠨ ᠲᠣᠭᠲᠠᠭᠠᠵᠤ᠂ ᠥᠪᠥᠷ ᠮᠣᠩᠭᠣᠯ᠎ᠤᠨ ᠰᠢᠨ᠎ᠡ᠎ᠶᠢ ᠡᠭᠦᠳᠬᠦ᠌ ᠬᠡᠯᠪᠡᠷᠢ᠎ᠶᠢᠨ ᠳᠤᠮᠳᠠ ᠪᠠᠭ᠎ᠠ ᠠᠵᠤ ᠠᠬᠤᠶ᠋ᠢᠯᠠᠯ ᠨᠡᠢᠳᠡ 1837 ᠪᠣᠯᠵᠠᠢ᠃  ᠡᠨᠡ ᠨᠢ ᠥᠪᠥᠷ ᠮᠣᠩᠭᠣᠯ᠎ᠤᠨ ᠴᠢᠨᠠᠷ ᠰᠠᠶ᠋ᠢᠲᠠᠶ ᠳᠤᠮᠳᠠ ᠪᠠᠭ᠎ᠠ ᠠᠵᠤ ᠠᠬᠤᠶ᠋ᠢᠯᠠᠯ᠎ᠤᠨ ᠰᠢᠨ᠎ᠡ᠎ᠶᠢ ᠡᠭᠦᠳᠬᠦ᠌ ᠱᠠᠲᠤᠯᠵᠢᠨ ᠡᠩᠨᠡᠭᠡ᠎ᠶᠢ ᠤᠯᠠᠮ ᠴᠢᠨᠠᠭᠰᠢᠳᠠ ᠪᠤᠵᠠᠭᠠᠶ᠋ᠢᠷᠠᠭᠤᠯᠵᠤ ᠂ ᠰᠢᠨ᠎ᠡ ᠴᠢᠨᠠᠷ ᠰᠠᠶ᠋ᠢᠲᠠᠶ ᠦᠢᠯᠡᠳᠪᠦᠷᠢᠯᠡᠯ᠎ᠦᠨ ᠬᠦᠴᠦᠨ᠎ᠢ ᠬᠦᠭᠵᠢᠬᠦᠯᠬᠦ᠂ ᠠᠵᠤ ᠦᠢᠯᠡᠳᠪᠦᠷᠢ᠎ᠶᠢᠨ ᠴᠢᠨᠠᠷ ᠰᠠᠶ᠋ᠢᠲᠠᠶ ᠬᠥᠭᠵᠢᠯᠲᠡ᠎ᠶᠢ ᠠᠬᠢᠭᠤᠯᠬᠤ᠎ᠳᠤ ᠬᠦᠴᠦᠷᠬᠡᠭ ᠶᠡᠬᠡ ᠬᠥᠳᠡᠯᠭᠡᠬᠴᠢ ᠬᠦᠴᠦᠨ ᠨᠡᠮᠡᠷᠢᠯᠠᠵᠠᠢ᠃

ᠡᠨᠡ ᠵᠢᠯ  ᠥᠪᠦᠷ ᠮᠤᠩᠭᠤᠯ ᠦᠢᠯᠡᠳᠬᠦ ᠦᠢᠯᠡᠰ᠎ᠤᠨ ᠭᠤᠤᠯᠳᠠᠯᠭ᠎ᠠ ᠲᠠᠢ ᠠᠵᠦ ᠦᠢᠯᠡᠰ᠎ᠤᠨ ᠪᠦᠯᠦᠭᠵᠢᠯ ᠪᠠ ᠠᠵᠦ ᠦᠢᠯᠡᠰ᠎ᠤᠨ ᠬᠡᠯᠬᠢᠶ᠎ᠠ᠎ᠵᠢ ᠪᠦᠬᠦ ᠲᠠᠯ᠎ᠠ ᠪᠡᠷ ᠰᠢᠯᠢᠳᠡᠭᠵᠢᠬᠦᠯᠦᠨ ᠴᠤᠬᠴᠠᠯᠠᠵᠦ᠂ 《ᠦᠢᠯᠡᠳᠬᠦ ᠦᠢᠯᠡᠰ᠎ᠤᠨ ᠦᠢᠯᠡᠳᠬᠦᠨ᠎ᠤ ᠦᠷᠳᠡᠭ ᠨᠢ ᠲᠦᠮᠡᠨ ᠳ᠋ᠦᠩᠰᠢᠭᠤᠷ ᠲᠦᠬᠦᠷᠢᠭ ᠤ᠋ᠨ ᠪᠦᠯᠦᠭᠵᠢᠯ᠎ᠤᠨ ᠪᠦᠲᠦᠭᠡᠨ ᠪᠠᠢᠭᠤᠯᠤᠯᠳᠡ᠎ᠶᠢᠨ ᠢᠡᠵᠧᠨᠧᠷᠢᠩ》 ᠢ᠋ ᠬᠡᠷᠡᠭᠵᠢᠬᠦᠯᠵᠦ᠂ ᠰᠢᠨ᠎ᠠ ᠬᠡᠯᠪᠡᠷᠢ᠎ᠶᠢᠨ ᠬᠢᠮᠢ᠎ᠶᠢᠨ ᠠᠵᠦ ᠦᠢᠯᠡᠳᠪᠦᠷᠢ᠎ᠶᠢᠨ ᠲᠦᠮᠡᠨ ᠳ᠋ᠦᠩᠰᠢᠭᠤᠷ ᠲᠠᠰ᠎ᠤᠨ ᠪᠦᠯᠦᠭᠵᠢᠯ᠎ᠢ ᠬᠦᠴᠦᠯᠡᠨ ᠴᠤᠬᠴᠠᠯᠠᠵᠦ ᠪᠠᠢᠨ᠎ᠠ᠃ ᠰᠢᠨ᠎ᠠ ᠬᠡᠯᠪᠡᠷᠢ᠎ᠶᠢᠨ ᠬᠢᠮᠢ᠎ᠶᠢᠨ ᠠᠵᠦ ᠦᠢᠯᠡᠳᠪᠦᠷᠢ᠎ᠶᠢᠨ ᠠᠵᠦ ᠦᠢᠯᠡᠰ᠎ᠤᠨ ᠪᠦᠯᠦᠭᠵᠢᠯ᠎ᠢ ᠶᠡᠬᠡ ᠪᠡᠷ ᠬᠦᠭᠵᠢᠬᠦᠯᠵᠦ᠂ ᠤᠳᠤ ᠦᠶ᠎ᠠ᠎ᠶᠢᠨ ᠨᠡᠬᠦᠷᠡᠰᠦ ᠬᠢᠮᠢ᠎ᠶᠢᠨ ᠠᠵᠦ ᠦᠢᠯᠡᠳᠪᠦᠷᠢ ᠪᠠ ᠨᠠᠷᠢᠯᠢᠭ ᠬᠢᠮᠢ᠎ᠶᠢᠨ ᠠᠵᠦ ᠦᠢᠯᠡᠳᠪᠦᠷᠢ᠎ᠵᠢ ᠭᠤᠤᠯᠳᠠᠯᠭ᠎ᠠ ᠲᠠᠢ ᠬᠦᠭᠵᠢᠬᠦᠯᠵᠦ᠂ ᠰᠢᠨ᠎ᠠ ᠬᠡᠯᠪᠡᠷᠢ᠎ᠶᠢᠨ ᠬᠢᠮᠢ᠎ᠶᠢᠨ ᠠᠵᠦ ᠦᠢᠯᠡᠳᠪᠦᠷᠢ᠎ᠶᠢᠨ ᠬᠦᠭᠵᠢᠯᠳᠡ᠎ᠶᠢᠨ ᠰᠢᠨ᠎ᠠ ᠬᠠᠭᠤᠳᠠᠰᠤ᠎ᠵᠢ ᠪᠢᠴᠢᠭᠯᠡᠵᠦ ᠪᠤᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面