ᠲᠡᠷᠢᠭᠦᠨ ᠨᠢᠭᠤᠷ>ᠴᠠᠭ ᠲᠦᠷᠦ>ᠠᠵᠤ ᠠᠬᠤᠢ

2026-11-09 10:25:06

ᠵᠣᠬᠢᠶᠠᠭ᠍ᠴᠢ᠄ ᠤᠷᠠᠨ᠎ᠠ ᠣᠩᠱᠢᠭ᠍ᠰᠠᠨ ᠣᠳᠠᠭ᠎ᠠ᠄ 3

ᠲᠦᠷᠦᠬᠦᠭᠡᠨ ᠬᠤᠷᠠᠯᠳᠤᠬᠰᠠᠨ 2026 ᠣᠨ ᠤ᠋ ᠲᠦᠷᠦᠭᠦᠦ ᠭᠤᠷᠪᠠᠨ ᠤᠯᠠᠷᠢᠯ ᠤ᠋ᠨ ᠦᠪᠦᠷ ᠮᠤᠨᠭᠭᠤᠯ ᠤ᠋ᠨ ᠮᠥᠩᠭᠦᠨ ᠭᠦᠢᠯᠭᠡᠭᠡᠨ ᠤ᠋ ᠡᠷᠭᠢᠯᠲᠡ ᠶ᠋ᠢᠨ ᠪᠠᠶ᠋ᠢᠳᠠᠯ ᠵᠢᠴᠢ ᠮᠥᠩᠭᠦᠨ ᠭᠦᠢᠯᠭᠡᠭᠡ ᠪᠡᠷ ᠥᠪᠡᠷᠲᠡᠭᠡᠨ ᠵᠠᠰᠠᠬᠤ ᠣᠷᠤᠨ ᠤ᠋ ᠴᠢᠨᠠᠷ ᠰᠠᠶ᠋ᠢᠲᠠᠢ ᠬᠥᠭᠵᠢᠯᠲᠡ ᠵᠢ ᠳᠡᠮᠵᠢᠭᠰᠡᠨ ᠪᠠᠶ᠋ᠢᠳᠠᠯ ᠤ᠋ᠨ ᠲᠤᠬᠠᠢ ᠰᠣᠨᠢᠨ ᠮᠡᠳᠡᠭᠡ ᠨᠡᠶ᠋ᠢᠲᠡᠯᠡᠬᠦ᠌ ᠬᠤᠷᠠᠯ ᠡᠴᠡ ᠤᠢᠯᠠᠭᠠᠬᠰᠠᠨ ᠢ᠋ᠶ᠋ᠡᠷ᠂ 9 ᠰᠠᠷ᠎ᠠ ᠵᠢᠨ ᠰᠡᠭᠦᠯᠴᠢ ᠪᠤᠯᠲᠠᠯ᠎ᠠ᠂ ᠦᠪᠤᠷ ᠮᠤᠨᠭᠭᠤᠯ ᠤ᠋ᠨ ᠮᠥᠩᠭᠥᠨ ᠭᠦᠶ᠋ᠯᠭᠡᠭᠡᠨ ᠤ᠋ ᠪᠠᠢᠭᠤᠯᠤᠮᠵᠢ ᠶ᠋ᠢᠨ ᠠᠷᠠᠳ ᠤ᠋ᠨ ᠵᠣᠭᠣᠰ ᠤ᠋ᠨ ᠡᠯ᠎ᠠ ᠵᠦᠢᠯ ᠤ᠋ᠨ ᠵᠢᠭᠡᠯᠡᠯᠭᠡ ᠵᠢᠨ ᠦᠯᠡᠳᠡᠪᠦᠷᠢ 34090.7 ᠳ᠋ᠦᠩᠱᠢᠭᠤᠷ ᠲᠥᠭᠥᠷᠢᠭ᠎ᠪᠠᠢᠵᠤ᠂ ᠬᠠᠷᠢᠴᠠᠭᠤᠯᠵᠤ ᠪᠤᠯᠬᠤ ᠪᠠᠷᠢᠮᠵᠢᠶ᠎ᠡ ᠪᠡᠷ ᠵᠢᠯ ᠤ᠋ᠨ ᠡᠬᠢᠨ ᠤ᠋ ᠬᠢ ᠡᠴᠡ 1451.8 ᠳ᠋ᠦᠩᠱᠢᠭᠤᠷ ᠲᠥᠭᠥᠷᠢᠭ ᠨᠡᠮᠡᠭ᠌ᠳᠡᠵᠦ᠍᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 6.2% ᠢ᠋ᠶ᠋ᠡᠷ ᠨᠡᠮᠡᠭ᠌ᠳᠡᠪᠡ; ᠠᠷᠠᠳ ᠤ᠋ᠨ ᠵᠣᠭᠣᠰ ᠤ᠋ᠨ ᠡᠯ᠎ᠠ ᠵᠦᠢᠯ ᠤ᠋ᠨ ᠬᠠᠳᠠᠭᠠᠯᠠᠮᠵᠢ ᠵᠢᠨ ᠦᠯᠡᠳᠡᠪᠦᠷᠢ 44756.8 ᠳ᠋ᠦᠩᠱᠢᠭᠤᠷ ᠲᠥᠭᠥᠷᠢᠭ ᠪᠠᠢᠵᠤ᠂ ᠵᠢᠯ ᠤ᠋ᠨ ᠡᠬᠢᠨ ᠤ᠋ ᠬᠢ ᠡᠴᠡ 3204.1 ᠳ᠋ᠦᠩᠱᠢᠭᠤᠷ ᠲᠥᠭᠥᠷᠢᠭ ᠨᠡᠮᠡᠭ᠌ᠳᠡᠵᠦ᠍᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 8.2% ᠢ᠋ᠶ᠋ᠡᠷ ᠨᠡᠮᠡᠭ᠌ᠳᠡᠪᠡ᠃

ᠡᠨᠡ ᠵᠢᠯ ᠡᠴᠡ ᠳᠤᠮᠳᠠᠳᠤ ᠤᠯᠤᠰ ᠤ᠋ᠨ ᠠᠷᠠᠳ ᠤ᠋ᠨ ᠪᠠᠩᠬᠢ ᠶ᠋ᠢᠨ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠬᠤᠪᠢᠶᠠᠷᠢ ᠪᠠᠩᠬᠢ᠂ ᠤᠯᠤᠰ ᠤ᠋ᠨ ᠭᠠᠳᠠᠭᠠᠳᠤ ᠭᠤᠪᠢᠭᠤᠯᠭ᠎ᠠ ᠶ᠋ᠢᠨ ᠬᠠᠮᠢᠶᠠᠷᠤᠯᠲᠠ ᠶ᠋ᠢᠨ ᠲᠣᠪᠴᠢᠶ᠎ᠠ ᠶ᠋ᠢᠨ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠬᠤᠪᠢᠶᠠᠷᠢ ᠲᠣᠪᠴᠢᠶ᠎ᠠ ᠶ᠋ᠢᠨ ᠬᠢᠨ ᠵᠣᠬᠢᠰᠲᠠᠢ ᠠᠭᠤᠵᠢᠭᠤ ᠲᠠᠯᠪᠢᠬᠤ ᠵᠣᠭᠤᠰᠤᠨ ᠤ᠋ ᠲᠥᠷᠦ ᠶ᠋ᠢᠨ ᠪᠣᠳᠤᠯᠭ᠎ᠠ ᠵᠢ ᠢᠳᠡᠪᠬᠢᠲᠡᠢ ᠨᠠᠶ᠋ᠢᠳᠠᠪᠤᠷᠢᠵᠢᠭᠤᠯᠵᠤ᠂ ᠮᠥᠩᠭᠦᠨ ᠭᠦᠢᠯᠭᠡᠭᠡᠨ ᠤ᠋ 《ᠲᠠᠪᠤᠨ ᠶᠡᠬᠡ ᠶᠠᠪᠤᠳᠠᠯ》 ᠢ᠋ ᠭᠦᠨᠵᠡᠭᠡᠢᠷᠡᠭᠦᠯᠦᠨ ᠪᠣᠳᠠᠲᠠᠶ᠋ᠢᠵᠢᠭᠤᠯᠵᠤ᠂ ᠭᠠᠳᠠᠭᠠᠳᠤ ᠭᠤᠪᠢᠭᠤᠯᠭ᠎ᠠ ᠶ᠋ᠢᠨ ᠲᠥᠷᠦ ᠶ᠋ᠢᠨ ᠪᠣᠳᠤᠯᠭ᠎ᠠ ᠶ᠋ᠢᠨ ᠦᠢᠯᠡᠴᠢᠯᠡᠭᠡ ᠬᠠᠩᠭᠠᠯᠭ᠎ᠠ ᠵᠢ ᠴᠢᠩᠭᠠᠳᠭᠠᠵᠤ᠂ ᠥᠪᠦᠷ ᠮᠣᠩᠭᠤᠯ ᠤ᠋ᠨ ᠠᠵᠤ ᠠᠬᠤᠢ ᠶ᠋ᠢᠨ ᠴᠢᠨᠠᠷ ᠰᠠᠶ᠋ᠢᠲᠠᠢ ᠬᠥᠭᠵᠢᠯᠲᠡ ᠳ᠋ᠤ ᠬᠦᠴᠦᠲᠡᠢ ᠲᠤᠯᠭᠠᠭᠤᠷᠢᠯᠠᠯ ᠬᠠᠩᠭᠠᠪᠠ᠃

ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳ᠋ᠡᠬᠢ ᠢᠲᠡᠭᠡᠮᠵᠢᠲᠦ᠍ ᠵᠢᠭᠡᠯᠡᠯᠭᠡ ᠶ᠋ᠢᠨ ᠳᠡᠮᠵᠢᠯᠭᠡ ᠶ᠋ᠢᠨ ᠡᠷᠴᠢᠮ ᠢ᠋ ᠦᠷᠭᠦᠯᠵᠢᠯᠡᠨ ᠴᠢᠩᠭᠠᠷᠡᠭᠤᠯᠵᠤ᠂ 9 ᠰᠠᠷ᠎ᠠ ᠶ᠋ᠢᠨ ᠰᠡᠭᠦᠯᠴᠢ ᠪᠣᠯᠲᠠᠯ᠎ᠠ ᠪᠥᠬᠦ᠌ ᠣᠷᠤᠨ ᠤ᠋ ᠴᠠᠬᠢᠯᠭᠠᠨ ᠬᠦᠴᠦᠨ ᠢᠯᠴᠢ ᠶ᠋ᠢᠨ ᠬᠦᠴᠦᠨ ᠰᠢᠲᠠᠮᠠᠬᠠᠢ ᠬᠡᠢ ᠵᠢᠴᠢ ᠤᠰᠤᠨ ᠤ᠋ ᠦᠢᠯᠡᠳᠪᠦᠷᠢᠯᠡᠯ ᠪᠠ ᠬᠠᠩᠭᠠᠯᠭ᠎ᠠ ᠶ᠋ᠢᠨ ᠦᠢᠯᠡᠰ᠂ ᠦᠢᠯᠡᠳᠬᠦ᠌ ᠦᠢᠯᠡᠰ᠂ ᠠᠭᠤᠷᠬᠠᠢ ᠮᠠᠯᠲᠠᠬᠤ ᠦᠢᠯᠡᠰ ᠤ᠋ᠨ ᠵᠢᠭᠡᠯᠡᠯᠭᠡ ᠶ᠋ᠢᠨ ᠦᠯᠡᠳᠡᠪᠦᠷᠢ ᠲᠣᠰ ᠲᠣᠰ 5304.7 ᠳ᠋ᠦᠩᠰᠢᠭᠤᠷ ᠲᠥᠭᠦᠷᠢᠭ᠂ 3783.3 ᠳ᠋ᠦᠩᠰᠢᠭᠤᠷ ᠲᠥᠭᠦᠷᠢᠭ ᠪᠠ 1783.2 ᠳ᠋ᠦᠩᠰᠢᠭᠤᠷ ᠲᠥᠭᠦᠷᠢᠭ ᠪᠠᠶ᠋ᠢᠵᠤ᠂ ᠲᠣᠰ ᠲᠣᠰ ᠨᠢᠳᠦᠨᠦᠨ ᠤ᠋ ᠠᠳᠠᠯᠢ ᠬᠤᠭᠤᠴᠠᠭᠠᠨ ᠤ᠋ ᠬᠢ ᠡᠴᠡ 6.3%᠂ 7.4% ᠪᠠ 8.3% ᠪᠡᠷ ᠨᠡᠮᠡᠭᠳᠡᠪᠡ᠃ ᠨᠡᠶ᠋ᠢᠭᠡᠮ ᠤ᠋ᠨ ᠶᠡᠷᠦᠩᠬᠡᠶ᠋ᠢᠯᠡᠭᠰᠡᠨ ᠪᠡᠯᠡ ᠬᠤᠷᠠᠮᠳᠤᠭᠤᠯᠭ᠎ᠠ ᠶ᠋ᠢᠨ ᠥᠪᠡᠷ ᠤ᠋ᠨ ᠥᠷᠲᠡᠭ ᠲᠡᠦᠬᠡ ᠶ᠋ᠢᠨ ᠨᠡᠯᠢᠶᠡᠳ ᠳᠣᠤᠷ᠎ᠠ ᠲᠦᠪᠰᠢᠨ ᠳ᠋ᠤ ᠣᠷᠤᠰᠢᠵᠤ᠂ 9 ᠰᠠᠷ᠎ᠠ ᠳ᠋ᠤ ᠪᠥᠬᠦ᠌ ᠣᠷᠤᠨ ᠤ᠋ ᠰᠢᠨ᠎ᠡ ᠪᠡᠷ ᠲᠠᠷᠬᠠᠭᠠᠬᠰᠠᠨ ᠠᠷᠠᠳ ᠤ᠋ᠨ ᠵᠣᠭᠤᠰ ᠤ᠋ᠨ ᠵᠢᠭᠡᠯᠡᠯᠭᠡ ᠶ᠋ᠢᠨ ᠨᠡᠮᠡᠭᠦᠷᠢ ᠶ᠋ᠢᠨ ᠳᠤᠮᠳᠠᠴᠢ ᠬᠦᠦ ᠶ᠋ᠢᠨ ᠨᠣᠷᠮ᠎ᠠ 3.28% ᠪᠠᠶ᠋ᠢᠵᠤ᠂ ᠨᠢᠳᠦᠨᠦᠨ ᠤ᠋ ᠠᠳᠠᠯᠢ ᠬᠤᠭᠤᠴᠠᠭᠠᠨ ᠤ᠋ ᠬᠢ ᠡᠴᠡ ᠵᠠᠭᠤᠨ ᠤ᠋ ᠬᠠᠷᠢᠴᠠᠯ ᠢ᠋ᠶ᠋ᠡᠷ 0.32 ᠬᠤᠪᠢ ᠪᠠᠭᠤᠷᠠᠪᠠ ; ᠲᠦᠭᠡᠮᠡᠯ ᠬᠠᠷᠠᠭᠠᠯᠵᠠᠯᠲᠤ ᠪᠠᠭ᠎ᠠ ᠵᠢᠵᠢᠭ ᠠᠵᠤ ᠠᠬᠤᠶ᠋ᠢᠯᠠᠯ ᠤ᠋ᠨ ᠵᠢᠭᠡᠯᠡᠯᠭᠡ ᠶ᠋ᠢᠨ ᠨᠡᠮᠡᠬᠦᠷᠢ ᠶ᠋ᠢᠨ ᠳᠤᠮᠳᠠᠴᠢ ᠬᠦᠦ ᠶ᠋ᠢᠨ ᠨᠣᠷᠮ᠎ᠠ 3.51% ᠪᠠᠶ᠋ᠢᠵᠤ᠂ ᠨᠢᠳᠦᠨᠦᠨ ᠤ᠋ ᠠᠳᠠᠯᠢ ᠬᠤᠭᠤᠴᠠᠭᠠᠨ ᠤ᠋ ᠬᠢ ᠡᠴᠡ ᠵᠠᠭᠤᠨ ᠤ᠋ ᠬᠠᠷᠢᠴᠠᠯ ᠢ᠋ᠶ᠋ᠡᠷ 0.34 ᠬᠤᠪᠢ ᠪᠠᠭᠤᠷᠠᠪᠠ᠃

ᠲᠠᠷᠢᠶᠠᠯᠠᠩ ᠢ᠋ ᠳᠡᠮᠵᠢᠬᠦ᠌ ᠪᠠᠭ᠎ᠠ ᠵᠢᠵᠢᠭ ᠠᠵᠤ ᠠᠬᠤᠶ᠋ᠢᠯᠠᠯ ᠢ᠋ ᠳᠡᠮᠵᠢᠬᠦ᠌ ᠳᠠᠬᠢᠨ ᠵᠢᠭᠡᠯᠡᠯᠭᠡ ᠶ᠋ᠢᠨ 《ᠮᠤᠵᠢ ᠬᠤᠲᠠ ᠬᠠᠮᠲᠤᠷᠠᠨ ᠬᠥᠳᠡᠯᠦᠯᠴᠡᠬᠦ᠌》 ᠲᠣᠭᠲᠠᠴᠠ ᠵᠢ ᠦᠷᠭᠦᠯᠵᠢᠯᠡᠨ ᠲᠡᠭᠦᠯᠳᠡᠷᠵᠢᠭᠦᠯᠵᠦ᠍᠂ ᠲᠦᠷᠦᠬᠦᠤ 9 ᠰᠠᠷ᠎ᠠ ᠳ᠋ᠤ ᠲᠠᠷᠢᠶᠠᠯᠠᠩ ᠢ᠋ ᠳᠡᠮᠵᠢᠬᠦ᠌ ᠪᠠᠭ᠎ᠠ ᠵᠢᠵᠢᠭ ᠠᠵᠤ ᠠᠬᠤᠶ᠋ᠢᠯᠠᠯ ᠢ᠋ ᠳᠡᠮᠵᠢᠬᠦ ᠳᠠᠬᠢᠨ ᠵᠢᠭᠡᠯᠡᠯᠭᠡ ᠦᠭᠭᠦ᠂ ᠳᠠᠬᠢᠨ ᠪᠡᠯᠡᠨ ᠵᠤᠭᠤᠰ ᠰᠤᠯᠢᠵᠤ ᠦᠭᠭᠦ ᠬᠡᠮᠵᠢᠶ᠎ᠡ 376.2 ᠳ᠋ᠦᠩᠰᠢᠭᠤᠷ ᠲᠥᠭᠦᠷᠢᠭ ᠲᠦ᠍ ᠬᠦᠷᠴᠦ᠂ ᠡᠭᠦᠨ ᠳ᠋ᠤ ᠠᠷᠠᠳ ᠤ᠋ᠨ ᠡᠵᠡᠩᠨᠡᠯᠲᠡ ᠶ᠋ᠢᠨ ᠠᠵᠤ ᠠᠬᠤᠶ᠋ᠢᠯᠠᠯ ᠤ᠋ᠨ ᠳᠠᠬᠢᠨ ᠵᠢᠭᠡᠯᠡᠯᠭᠡ ᠶ᠋ᠢᠨ ᠬᠡᠮᠵᠢᠶ᠎ᠡ 62 ᠳ᠋ᠦᠩᠰᠢᠭᠤᠷ ᠲᠥᠭᠦᠷᠢᠭ ᠲᠦ᠍ ᠬᠦᠷᠪᠡ᠃ ᠪᠣᠳᠠᠲᠤ᠌ ᠴᠣᠭᠴᠠ ᠶ᠋ᠢᠨ ᠠᠵᠤ ᠠᠬᠤᠢ ᠶ᠋ᠢᠨ ᠭᠤᠤᠯᠳᠠᠯᠭ᠎ᠠ ᠲᠠᠢ ᠬᠦᠷᠢᠶ᠎ᠡ ᠵᠢ ᠳᠡᠮᠵᠢᠬᠦ᠌ ᠲᠠᠯ᠎ᠠ ᠪᠡᠷ 《ᠮᠥᠩᠭᠦᠨ ᠭᠦᠢᠯᠭᠡᠭᠡᠨ ᠢ᠋ᠶ᠋ᠡᠷ ᠪᠣᠳᠠᠲᠤ᠌ ᠴᠣᠭᠴᠠ ᠶ᠋ᠢᠨ ᠠᠵᠤ ᠠᠬᠤᠢ ᠵᠢ ᠳᠡᠮᠵᠢᠬᠦ᠌ ᠠᠷᠪᠠᠨ ᠵᠦᠢᠯ ᠤ᠋ᠨ ᠠᠷᠭ᠎ᠠ ᠬᠡᠮᠵᠢᠶ᠎ᠡ (2026 ᠣᠨ)》 ᠵᠢ ᠪᠣᠳᠠᠲᠠᠢ ᠨᠠᠷᠢᠯᠢᠭ ᠨᠠᠶ᠋ᠢᠳᠠᠪᠤᠷᠢᠵᠢᠭᠤᠯᠬᠤ ᠵᠢ ᠨᠢᠭᠡᠳᠦᠯᠲᠡᠢ ᠲᠥᠯᠦᠪᠵᠢᠭᠦᠯᠦᠨ ᠰᠠᠶ᠋ᠢᠲᠤᠷ ᠠᠳᠭᠤᠵᠤ᠂ 《ᠮᠠᠯ ᠠᠵᠤ ᠠᠬᠤᠢ ᠲᠠᠷᠢᠶᠠᠯᠠᠩ ᠤ᠋ᠨ ᠵᠢᠭᠡᠯᠡᠯᠭᠡ》 ᠶ᠋ᠢᠨ ᠮᠥᠩᠭᠦᠨ ᠭᠦᠢᠯᠭᠡᠭᠡᠨ ᠤ᠋ ᠦᠢᠯᠡᠴᠢᠯᠡᠭᠡ ᠵᠢ ᠦᠷᠭᠦᠯᠵᠢᠯᠡᠨ ᠰᠢᠯᠢᠳᠡᠭᠵᠢᠭᠦᠯᠵᠦ᠂ 9 ᠰᠠᠷ᠎ᠠ ᠶ᠋ᠢᠨ ᠰᠡᠭᠦᠯᠴᠢ ᠪᠣᠯᠲᠠᠯ᠎ᠠ ᠪᠥᠬᠦ᠌ ᠣᠷᠤᠨ ᠤ᠋ 《ᠮᠠᠯ ᠠᠵᠤ ᠠᠬᠤᠢ ᠲᠠᠷᠢᠶᠠᠯᠠᠩ ᠤ᠋ᠨ ᠵᠢᠭᠡᠯᠡᠯᠭᠡ》 ᠶ᠋ᠢᠨ ᠢᠲᠡᠭᠡᠮᠵᠢᠲᠦ ᠵᠢᠭᠡᠯᠡᠯᠭᠡ ᠶ᠋ᠢᠨ ᠵᠣᠭᠤᠰ ᠤ᠋ᠨ ᠲᠤᠭ᠎ᠠ 175.4 ᠳ᠋ᠦᠩᠰᠢᠭᠤᠷ ᠲᠥᠭᠦᠷᠢᠭ ᠲᠦ᠍ ᠬᠦᠷᠴᠡᠢ; ᠡᠨᠧᠷᠭᠢ ᠶ᠋ᠢᠨ ᠬᠦᠷᠢᠶᠡᠨ ᠤ᠋ ᠢᠲᠡᠭᠡᠮᠵᠢᠲᠦ᠍ ᠵᠢᠭᠡᠯᠡᠯᠭᠡ ᠶ᠋ᠢᠨ ᠳᠡᠮᠵᠢᠯᠭᠡ ᠶ᠋ᠢᠨ ᠡᠷᠴᠢᠮ ᠢ᠋ ᠴᠢᠩᠭᠠᠷᠠᠭᠤᠯᠵᠦ᠂ ᠲᠦᠷᠦᠬᠦᠤ 9 ᠰᠠᠷ᠎ᠠ ᠳ᠋ᠤ ᠡᠨᠧᠷᠭᠢ ᠶ᠋ᠢᠨ ᠲᠥᠷᠦᠯ ᠤ᠋ᠨ ᠠᠵᠤ ᠠᠬᠤᠶ᠋ᠢᠯᠠᠯ ᠳ᠋ᠤ 739.6 ᠳ᠋ᠦᠩᠰᠢᠭᠤᠷ ᠲᠥᠭᠦᠷᠢᠭ ᠤ᠋ᠨ ᠢᠲᠡᠭᠡᠮᠵᠢᠲᠦ ᠵᠢᠭᠡᠯᠡᠯᠭᠡ ᠣᠯᠭᠤᠪᠠ; ᠮᠦᠡᠭᠬᠦᠨ ᠬᠦᠢᠯᠬᠡᠬᠡᠡ ᠤ᠋ ᠪᠠᠶ᠋ᠢᠭᠤᠯᠦᠮᠵᠢ ᠶ᠋ᠢᠨ 《ᠬᠤᠪᠤᠷ ᠰᠢᠷᠦᠢ ᠶ᠋ᠢᠨ ᠵᠢᠭᠡᠯᠡᠯᠭᠡ》 ᠵᠡᠷᠭᠡ ᠵᠢᠭᠡᠯᠡᠯᠭᠡ ᠵᠢ ᠰᠢᠨ᠎ᠡ ᠵᠢ ᠡᠬᠦᠳᠦᠨ ᠭᠠᠷᠭᠠᠬᠤ ᠵᠢ ᠬᠦᠳᠦᠯᠦᠨ ᠵᠢᠯᠦᠭᠤᠳᠴᠦ᠍᠂ 《ᠬᠤᠪᠤᠷ ᠰᠢᠷᠦᠢ ᠶ᠋ᠢᠨ ᠰᠢᠨᠵᠢᠯᠡᠬᠦ᠌ ᠣᠬᠠᠭᠠᠨ ᠲᠸᠭᠨᠢᠭ ᠮᠡᠷᠭᠡᠵᠢᠯ ᠤ᠋ᠨ ᠣᠨᠴᠠᠯᠢᠠᠠᠳᠦ ᠰᠠᠯᠪᠤᠷᠢ ᠪᠠᠩᠬᠢ》 ᠵᠢ 9 ᠪᠠᠶ᠋ᠢᠭᠤᠯᠵᠦ᠍᠂ ᠵᠠᠩᠬᠢᠯᠠᠭ᠎ᠠ ᠶ᠋ᠢᠨ ᠭᠤᠭᠴᠤᠭ᠎ᠠ ᠶ᠋ᠢᠨ ᠮᠦᠡᠭᠬᠦᠨ ᠬᠦᠢᠯᠬᠡᠬᠡᠡ ᠤ᠋ ᠳᠡᠮᠵᠢᠯᠬᠡ ᠵᠢ ᠴᠢᠩᠭᠠᠷᠡᠭᠤᠯᠪᠠ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠮᠦᠨᠭᠭᠦᠨ ᠭᠦᠢᠯᠭᠡᠭᠡᠨ ᠤ᠋ ᠲᠠᠯ᠎ᠠ ᠪᠠᠷ 《ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠰᠢᠨ᠎ᠡ ᠵᠢ ᠡᠭᠦᠳᠬᠦ ᠴᠢᠳᠠᠪᠤᠷᠢᠲᠠᠨ ᠤ᠋ ᠵᠢᠭᠡᠯᠡᠯᠭᠡ》 ᠵᠡᠷᠭᠡ 70 ᠭᠠᠷᠤᠢ ᠵᠦᠢᠯ ᠤ᠋ᠨ ᠲᠤᠰᠬᠠᠢ ᠦᠢᠯᠡᠴᠢᠯᠡᠭᠡ ᠵᠢ ᠭᠠᠷᠭᠠᠪᠠ; ᠲᠣᠭᠠᠴᠢᠯᠠᠭᠰᠠᠨ ᠮᠥᠩᠭᠦᠨ ᠭᠦᠢᠯᠭᠡᠭᠡᠨ ᠢ᠋ᠶ᠋ᠡᠷ ᠲᠣᠭᠠᠴᠢᠯᠠᠭᠰᠠᠨ ᠠᠵᠤ ᠠᠬᠤᠢ ᠳ᠋ᠤ ᠡᠨ᠋ᠸᠷᠬᠢ ᠤᠯᠭᠤᠬᠤ ᠵᠢ ᠢᠳᠡᠪᠬᠢᠲᠡᠢ ᠰᠦᠪᠡᠭᠴᠢᠯᠡᠵᠦ᠍᠂ ᠥᠪᠦᠷ ᠮᠣᠩᠭᠤᠯ ᠤ᠋ᠨ ᠠᠩᠬᠠᠨ ᠤ᠋ ᠪᠣᠳᠤᠯᠲᠠ ᠶ᠋ᠢᠨ ᠬᠦᠴᠦᠨ ᠤ᠋ ᠬᠦᠷᠢᠶᠡᠨ ᠳ᠋ᠡᠬᠢ 《ᠳ᠋ᠠᠢᠲ᠋ᠠ ᠶ᠋ᠢᠨ ᠲᠠᠰᠤᠯᠪᠤᠷᠢ ᠶ᠋ᠢᠨ ᠵᠢᠭᠡᠯᠡᠯᠭᠡ》 ᠵᠢ 50 ᠲᠦᠮᠡᠨ ᠲᠥᠭᠦᠷᠢᠭ᠂ ᠰᠢᠨ᠎ᠡ ᠬᠡᠯᠪᠡᠷᠢ ᠶ᠋ᠢᠨ ᠲᠥᠷᠦ ᠶ᠋ᠢᠨ ᠪᠣᠳᠤᠯᠭ᠎ᠠ ᠶ᠋ᠢᠨ ᠴᠢᠨᠠᠷᠲᠠᠢ ᠮᠥᠩᠭᠦᠨ ᠭᠦᠢᠯᠭᠡᠭᠡᠨ ᠤ᠋ ᠦᠢᠯᠡᠴᠢᠯᠡᠭᠡ ᠵᠢ 3.1 ᠳ᠋ᠦᠩᠰᠢᠭᠤᠷ ᠲᠥᠭᠦᠷᠢᠭ ᠨᠠᠶ᠋ᠢᠳᠠᠪᠤᠷᠢᠵᠢᠭᠤᠯᠬᠤ ᠵᠢ ᠠᠬᠢᠭᠤᠯᠪᠠ; ᠪᠣᠬᠢᠷᠲᠤᠯ᠎ᠦᠭᠡᠢ ᠮᠥᠩᠭᠦᠨ ᠭᠦᠢᠯᠭᠡᠭᠡᠨ ᠤ᠋ ᠦᠢᠯᠡᠴᠢᠯᠡᠭᠡ ᠶ᠋ᠢᠨ ᠰᠢᠨ᠎ᠡ ᠵᠢ ᠡᠭᠦᠳᠴᠦ᠂ 《ᠤᠰᠤ ᠠᠷᠪᠢᠯᠠᠬᠤ ᠵᠢᠭᠡᠯᠡᠯᠭᠡ》᠂ 《ᠠᠭᠤᠷ ᠠᠮᠢᠰᠭᠤᠯ ᠤ᠋ᠨ ᠵᠢᠭᠡᠯᠡᠯᠭᠡ》 ᠵᠡᠷᠭᠡ ᠤᠨᠴᠠᠯᠢᠭᠳᠤ ᠪᠣᠬᠢᠷᠲᠤᠯ᠎ᠦᠭᠡᠢ ᠢᠲᠡᠭᠡᠮᠵᠢᠲᠦ᠍ ᠵᠢᠭᠡᠯᠡᠯᠭᠡ ᠶ᠋ᠢᠨ ᠦᠢᠯᠡᠴᠢᠯᠡᠭᠡ ᠵᠢ 50 ᠭᠠᠷᠤᠢ ᠵᠦᠢᠯ ᠭᠠᠷᠭᠠᠪᠠ; 9 ᠰᠠᠷ᠎ᠠ ᠶ᠋ᠢᠨ ᠰᠡᠭᠦᠯᠴᠢ ᠪᠣᠯᠲᠠᠯ᠎ᠠ ᠪᠥᠬᠦ᠌ ᠣᠷᠤᠨ ᠤ᠋ ᠲᠦᠭᠡᠮᠡᠯ ᠬᠠᠷᠠᠭᠠᠯᠵᠠᠯᠲᠤ ᠪᠠᠭ᠎ᠠ ᠵᠢᠵᠢᠭ ᠠᠵᠤ ᠠᠬᠤᠢᠯᠠᠯ ᠤ᠋ᠨ ᠵᠢᠭᠡᠯᠡᠯᠭᠡ ᠶ᠋ᠢᠨ ᠦᠯᠡᠳᠡᠪᠦᠷᠢ 3693 ᠳ᠋ᠦᠩᠰᠢᠭᠤᠷ ᠲᠥᠭᠦᠷᠢᠭ ᠲᠦ᠍ ᠬᠦᠷᠴᠦ᠂ ᠨᠢᠳᠦᠨᠦᠨ ᠤ᠋ ᠠᠳᠠᠯᠢ ᠬᠤᠭᠤᠴᠠᠭᠠᠨ ᠤ᠋ ᠬᠢ ᠡᠴᠡ 10.4% ᠪᠡᠷ ᠨᠡᠮᠡᠭᠳᠡᠪᠡ; ᠦᠢᠯᠡᠴᠢᠯᠡᠭᠡᠨ ᠤ᠋ ᠬᠡᠷᠡᠭᠯᠡᠭᠡ ᠬᠢᠭᠡᠳ ᠨᠠᠰᠤᠵᠢᠯ ᠤ᠋ᠨ ᠳᠠᠬᠢᠨ ᠵᠢᠭᠡᠯᠡᠯᠭᠡ ᠶ᠋ᠢᠨ ᠲᠥᠷᠦ ᠶ᠋ᠢᠨ ᠪᠣᠳᠤᠯᠭ᠎ᠠ ᠵᠢ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠵᠢ ᠠᠬᠢᠭᠤᠯᠵᠤ᠂ 9 ᠰᠠᠷ᠎ᠠ ᠶ᠋ᠢᠨ ᠰᠡᠭᠦᠯᠴᠢ ᠪᠣᠯᠲᠠᠯ᠎ᠠ ᠦᠢᠯᠡᠴᠢᠯᠡᠭᠡᠨ ᠤ᠋ ᠬᠡᠷᠡᠭᠯᠡᠭᠡ ᠬᠢᠭᠡᠳ ᠨᠠᠰᠤᠵᠢᠯ ᠤ᠋ᠨ ᠠᠰᠠᠷᠠᠮᠵᠢ ᠶ᠋ᠢᠨ ᠠᠵᠤ ᠦᠢᠯᠡᠰ ᠤ᠋ᠨ ᠵᠢᠭᠡᠯᠡᠯᠭᠡ ᠵᠢ ᠨᠡᠶ᠋ᠢᠲᠡ 186.6 ᠳ᠋ᠦᠩᠰᠢᠭᠤᠷ ᠲᠥᠭᠦᠷᠢᠭ ᠲᠠᠷᠬᠠᠭᠠᠪᠠ᠃

ᠮᠦᠩᠭᠦᠨ ᠭᠦᠢᠯᠭᠡᠭᠡᠨ ᠤ᠋ ᠡᠬᠢ ᠪᠠᠶᠠᠯᠢᠭ ᠢ᠋ ᠢᠳᠡᠪᠬᠢᠲᠡᠢ ᠪᠡᠷ ᠬᠦᠲᠦᠯᠦᠨ ᠵᠢᠯᠤᠭᠤᠳᠴᠤ᠌ ᠪᠠᠶ᠋ᠢᠭᠠᠳ ᠴᠢᠯᠦᠭᠡᠲᠦ᠍ ᠠᠷᠠᠯᠵᠢᠶᠠᠨ ᠤ᠋ ᠲᠤᠷᠰᠢᠯᠲᠠ ᠶ᠋ᠢᠨ ᠣᠷᠤᠨ ᠲᠡᠶ᠋ᠢᠰᠢ ᠲᠦᠪᠯᠡᠷᠡᠭᠦᠯᠵᠦ᠂ ᠲᠤᠰᠭᠠᠢ ᠠᠵᠢᠯ ᠤ᠋ᠨ ᠲᠥᠰᠦᠯ ᠢ᠋ ᠳᠠᠷᠤᠮᠠᠯᠯᠠᠨ ᠲᠠᠷᠬᠠᠭᠠᠵᠤ᠂ ᠳᠤᠮᠳᠠᠳᠤ ᠮᠣᠩᠭᠤᠯ ᠤ᠋ᠨ ᠬᠢᠯᠢ ᠠᠯᠤᠰᠯᠠᠭᠰᠠᠨ ᠰᠢᠯᠵᠢᠮᠡᠯ ᠲᠣᠭᠠᠴᠠᠭ᠎ᠠ ᠬᠢᠬᠦ ᠲᠤᠬᠠᠢ ᠬᠤᠯᠪᠤᠯᠳᠤᠨ ᠨᠡᠪᠲᠡᠷᠡᠯᠴᠡᠬᠦ᠌ ᠵᠡᠷᠭᠡ 3 ᠵᠦᠢᠯ ᠤ᠋ᠨ ᠭᠤᠤᠯᠳᠠᠯᠭ᠎ᠠ ᠲᠠᠢ ᠠᠵᠢᠯ ᠤ᠋ᠨ ᠶᠠᠰᠤ ᠴᠢᠨᠠᠷ ᠢ᠋ ᠲᠣᠭᠲᠠᠭᠤᠨ ᠢ᠋ᠶ᠋ᠡᠷ ᠳᠡᠭᠡᠭᠰᠢᠯᠡᠭᠦᠯᠵᠦ᠂ 9 ᠰᠠᠷ᠎ᠠ ᠶ᠋ᠢᠨ ᠰᠡᠭᠦᠯᠴᠢ ᠪᠣᠯᠲᠠᠯ᠎ᠠ ᠴᠢᠯᠦᠭᠡᠲᠦ᠍ ᠠᠷᠠᠯᠵᠢᠶᠠᠨ ᠤ᠋ ᠲᠤᠷᠰᠢᠯᠲᠠ ᠶ᠋ᠢᠨ ᠣᠷᠤᠨ ᠤ᠋ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠡᠭᠦᠳᠦᠯᠲᠡ ᠶ᠋ᠢᠨ ᠲᠥᠷᠦᠯ ᠤ᠋ᠨ ᠠᠵᠤ ᠠᠬᠤᠶ᠋ᠢᠯᠠᠯ᠂ ᠡᠳ᠋ᠰᠢᠭᠦᠯᠦᠨ ᠪᠣᠯᠪᠠᠰᠤᠷᠠᠭᠤᠯᠬᠤ ᠠᠷᠠᠯᠵᠢᠶᠠᠨ ᠤ᠋ ᠠᠵᠤ ᠠᠬᠤᠶ᠋ᠢᠯᠠᠯ ᠳ᠋ᠤ 180 ᠳ᠋ᠦᠩᠰᠢᠭᠤᠷ ᠲᠥᠭᠦᠷᠢᠭ ᠤ᠋ᠨ ᠠᠷᠠᠳ ᠤ᠋ᠨ ᠵᠤᠭᠤᠰ ᠤ᠋ᠨ ᠵᠢᠭᠡᠯᠡᠯᠭᠡ ᠥᠭᠴᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面