ᠲᠡᠷᠢᠭᠦᠨ ᠨᠢᠭᠤᠷ>ᠴᠠᠭ ᠲᠦᠷᠦ>ᠠᠵᠤ ᠠᠬᠤᠢ

2026-11-10 09:35:22

ᠵᠣᠬᠢᠶᠠᠭ᠍ᠴᠢ᠄ ᠤᠷᠠᠨ᠎ᠠ ᠣᠩᠱᠢᠭ᠍ᠰᠠᠨ ᠣᠳᠠᠭ᠎ᠠ᠄ 3

ᠣᠶ᠋ᠢᠷ᠎ᠠ ᠶ᠋ᠢᠨ ᠵᠢᠯ ᠡᠴᠡ  ᠦᠪᠦᠷ ᠮᠤᠨᠭᠭᠤᠯ ᠤ᠋ᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠰᠠᠯᠠᠭ᠎ᠠ ᠮᠦᠴᠢᠷ ᠭᠡᠷᠡᠴᠢᠯᠡᠯ ᠤ᠋ᠨ ᠬᠢᠨᠠᠯᠲᠠ ᠬᠠᠮᠢᠶᠠᠷᠤᠯᠲᠠ ᠵᠢ ᠬᠦᠴᠦᠯᠡᠨ ᠴᠢᠩᠭᠠᠳᠭᠠᠵᠤ᠂ ᠭᠡᠷᠡᠴᠢᠯᠡᠯ ᠢ᠋ᠶ᠋ᠡᠷ ᠠᠵᠤ ᠠᠬᠤᠶ᠋ᠢᠯᠠᠯ ᠤ᠋ᠨ ᠶᠠᠰᠤ  ᠴᠢᠨᠠᠷ ᠢ᠋ ᠳᠡᠭᠡᠭᠰᠢᠯᠡᠭᠦᠯᠬᠦ᠌ ᠪᠠ  ᠲᠦᠷᠦᠯ  ᠲᠡᠮᠲᠡᠭ ᠢ᠋  ᠳᠡᠰ  ᠳᠡᠪᠰᠢᠭᠦᠯᠬᠦ  ᠵᠢ ᠠᠬᠢᠭᠤᠯᠪᠠ᠃

ᠬᠤᠳᠠᠯ ᠬᠠᠭᠤᠷᠮᠠᠭ ᠭᠡᠷᠡᠴᠢᠯᠡᠯ᠂ ᠦᠨᠡᠮᠯᠡᠯ ᠬᠤᠳᠠᠯᠳᠤᠬᠤ ᠪᠠ ᠬᠤᠳᠠᠯᠳᠤᠨ ᠠᠪᠬᠤ ᠵᠡᠷᠭᠡ ᠬᠠᠤᠯᠢ ᠡᠴᠡ ᠵᠥᠷᠢᠴᠡᠭᠰᠡᠨ ᠠᠵᠢᠯᠯᠠᠭ᠎ᠠ ᠵᠢ ᠴᠢᠩᠭ᠎ᠠ ᠪᠠᠶ᠋ᠢᠴᠠᠭᠠᠨ ᠰᠢᠢᠳᠪᠦᠷᠢᠯᠡᠵᠦ᠍᠂ ᠭᠡᠷᠡᠴᠢᠯᠡᠯ ᠤ᠋ᠨ ᠪᠠᠶ᠋ᠢᠭᠤᠯᠤᠮᠵᠢ᠂ ᠦᠨᠡᠮᠯᠡᠯ ᠣᠯᠤᠭᠰᠠᠨ ᠠᠵᠤ ᠠᠬᠤᠶ᠋ᠢᠯᠠᠯ ᠤ᠋ᠨ ᠭᠤᠤᠯ ᠴᠣᠭᠴᠠ ᠶ᠋ᠢᠨ ᠬᠠᠷᠢᠭᠤᠴᠠᠯᠭ᠎ᠠ ᠵᠢ ᠴᠢᠩᠭ᠎ᠠ ᠪᠣᠳᠠᠲᠠᠶ᠋ᠢᠵᠢᠭᠤᠯᠪᠠ᠃ ᠡᠨᠡ ᠵᠢᠯ᠎ᠦᠨ ᠲᠦᠷᠦᠬᠦᠤ 8 ᠰᠠᠷ᠎ᠠ ᠳ᠋ᠤ᠂ ᠬᠢᠷᠢ ᠬᠡᠮ ᠢ᠋ ᠬᠠᠭᠤᠷᠮᠠᠭᠯᠠᠨ ᠵᠣᠬᠢᠶᠠᠬᠤ᠂ ᠬᠤᠳᠠᠯ ᠬᠠᠭᠤᠷᠮᠠᠭ ᠮᠡᠳᠡᠭᠦᠯᠦᠯᠲᠡ ᠭᠠᠷᠭᠠᠬᠤ᠂ ᠠᠯᠪᠠᠳᠠᠯᠭ᠎ᠠ ᠶ᠋ᠢᠨ ᠴᠢᠨᠠᠷᠲᠠᠢ ᠭᠡᠷᠡᠴᠢᠯᠡᠯ ᠬᠢᠯᠭᠡᠭᠰᠡᠨ ᠦᠭᠡᠢ ᠦᠢᠯᠡᠳᠬᠦᠨ ᠪᠤᠷᠤᠯᠠᠭᠤᠯᠬᠤ ᠵᠡᠷᠭᠡ ᠬᠠᠤᠯᠢ ᠲᠣᠭᠲᠠᠭᠠᠯ ᠡᠴᠡ ᠵᠥᠷᠢᠴᠡᠭᠰᠡᠨ 55 ᠬᠡᠷᠡᠭ ᠢ᠋ ᠪᠠᠢᠴᠠᠭᠠᠨ ᠰᠢ᠌ᠳᠪᠦᠷᠢᠯᠡᠪᠡ᠃ 《ᠥᠪᠦᠷ ᠮᠣᠩᠭᠤᠯ ᠨᠡᠷᠡᠮᠵᠢᠲᠦ》 ᠲᠦᠷᠦᠯ ᠲᠡᠮᠲᠡᠭ ᠤ᠋ᠨ《ᠪᠠᠷᠢᠮᠵᠢᠶ᠎ᠠ + ᠭᠡᠷᠡᠴᠢᠯᠡᠯ》 ᠤ᠋ᠨ ᠵᠠᠭᠪᠤᠷ ᠢ᠋ ᠪᠦᠬᠦ᠌ ᠲᠠᠯ᠎ᠠ ᠪᠡᠷ ᠳᠡᠯᠭᠡᠷᠡᠭᠦᠯᠵᠦ᠍᠂ ᠪᠠᠷᠢᠮᠵᠢᠶ᠎ᠠ᠂ ᠭᠡᠷᠡᠴᠢᠯᠡᠯ᠂ ᠠᠵᠤ ᠦᠢᠯᠡᠰ᠂ ᠶᠠᠰᠤ ᠴᠢᠨᠠᠷ ᠤ᠋ᠨ ᠬᠠᠮᠢᠶᠠᠷᠤᠯᠲᠠ ᠡᠵᠡᠮᠳᠡᠯ᠂ ᠶᠡᠷᠦᠩᠬᠡᠶ᠋ᠢᠯᠡᠭᠰᠡᠨ ᠦᠢᠯᠡᠴᠢᠯᠡᠬᠡ ᠵᠡᠷᠭᠡ ᠠᠵᠢᠯ ᠤ᠋ᠨ  ᠰᠢᠰᠲᠧᠮ ᠢ᠋  ᠪᠦᠬᠦ᠌  ᠲᠠᠯ᠎ᠠ ᠪᠡᠷ  ᠪᠠᠶ᠋ᠢᠭᠤᠯᠪᠠ᠃

ᠪᠠᠭ᠎ᠠ ᠵᠢᠵᠢᠭ ᠠᠵᠤ ᠠᠬᠤᠢᠯᠠᠯ ᠤ᠋ᠨ ᠭᠡᠷᠡᠴᠢᠯᠡᠯ ᠢ᠋ᠶ᠋ᠡᠷ ᠶᠠᠰᠤ ᠴᠢᠨᠠᠷ ᠢ᠋ ᠳᠡᠭᠡᠭᠰᠢᠯᠡᠭᠦᠯᠬᠦ᠌ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ᠍᠂ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠢ᠋ ᠡᠳ᠋ᠰᠢᠭᠦᠯᠬᠦ᠂ ᠲᠣᠨᠤᠭ ᠲᠥᠬᠦᠭᠡᠷᠦᠮᠵᠢ ᠦᠢᠯᠡᠳᠬᠦ᠂ ᠬᠥᠩᠭᠡᠨ ᠠᠵᠤ ᠦᠢᠯᠡᠳᠪᠦᠷᠢ ᠵᠡᠷᠭᠡ ᠭᠣᠤᠯᠳᠠᠯᠭ᠎ᠠ ᠲᠠᠢ ᠠᠵᠤ ᠦᠢᠯᠡᠰ᠎ᠦᠨ ᠲᠣᠭᠤᠷᠢᠨ ᠳ᠋ᠤ ᠠᠵᠤ ᠠᠬᠤᠢᠯᠠᠯ ᠤ᠋ᠨ ᠪᠣᠢᠵᠢᠭᠤᠯᠬᠤ ᠬᠥᠮᠦᠷᠭᠡ ᠵᠢ ᠪᠠᠢᠭᠤᠯᠵᠤ᠂ ᠠᠵᠤ ᠠᠬᠤᠢᠯᠠᠯ ᠤ᠋ᠨ ᠰᠢᠰᠲᠧᠮ᠎ᠦᠨ ᠭᠡᠷᠡᠴᠢᠯᠡᠯ ᠢ᠋ ᠰᠠᠢᠲᠤᠷ ᠠᠰᠢᠬᠯᠠᠨ᠂ ᠦᠢᠯᠡᠳᠬᠦᠨ᠂ ᠦᠢᠯᠡᠴᠢᠯᠡᠭᠡᠨ᠎ᠦ ᠶᠠᠰᠤ ᠴᠢᠨᠠᠷ ᠢ᠋ ᠳᠡᠭᠡᠭᠰᠢᠯᠡᠭᠦᠯᠵᠦ᠍᠂ ᠵᠠᠬ᠎ᠠ ᠳᠡᠯᠭᠡᠭᠦᠷ᠎ᠦᠨ ᠥᠷᠢᠰᠦᠯᠳᠦᠬᠦ᠌ ᠬᠦᠴᠦᠨ ᠢ᠋ ᠴᠢᠩᠭᠠᠷᠠᠭᠤᠯᠬᠤ ᠵᠢ ᠬᠦᠲᠦᠯᠦᠨ ᠵᠢᠯᠤᠭᠤᠳᠪᠠ᠃ ᠣᠳᠤᠬᠠᠨ ᠳ᠋ᠤ ᠪᠥᠬᠦ᠌  ᠣᠷᠤᠨ ᠤ᠋ ᠶᠠᠰᠤ ᠴᠢᠨᠠᠷ ᠤ᠋ᠨ ᠬᠠᠮᠢᠶᠠᠷᠤᠯᠲᠠ ᠶ᠋ᠢᠨ ᠰᠢᠰᠲᠧᠮ ᠤ᠋ᠨ ᠬᠦᠴᠦᠨ ᠪᠦᠬᠦᠢ ᠭᠡᠷᠡᠴᠢᠯᠡᠯ ᠤ᠋ᠨ ᠦᠨᠡᠮᠯᠡᠯ ᠤ᠋ᠨ ᠲᠤᠭ᠎ᠠ 8521 ᠳ᠋ᠤ ᠬᠥᠷᠪᠡ᠃

ᠡᠭᠦᠨ᠎ᠦ ᠬᠠᠮᠲᠤ᠌ ᠭᠡᠷᠡᠴᠢᠯᠡᠯ ᠤ᠋ᠨ ᠤᠯᠠᠨ ᠤᠯᠤᠰ ᠤ᠋ᠨ ᠬᠠᠮᠲᠤᠷᠠᠯᠴᠠᠭ᠎ᠠ ᠵᠢ ᠴᠢᠩᠭᠠᠳᠭᠠᠵᠤ᠂ ᠤᠯᠤᠰ ᠤ᠋ᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ ᠶ᠋ᠢᠨ ᠶᠡᠷᠦᠩᠬᠡᠢ ᠲᠣᠪᠴᠢᠶ᠎ᠠ ᠪᠣᠯᠤᠨ ᠮᠣᠩᠭᠤᠯ ᠤᠯᠤᠰ ᠤ᠋ᠨ ᠪᠠᠷᠢᠮᠵᠢᠶ᠎ᠠ ᠬᠡᠮᠵᠢᠯᠲᠡ ᠶ᠋ᠢᠨ ᠲᠣᠪᠴᠢᠶ᠎ᠠ ᠶ᠋ᠢᠨ 《ᠬᠢᠷᠢ ᠲᠡᠩᠴᠡᠭᠰᠡᠨ ᠢ᠋ ᠦᠨᠡᠯᠡᠨ ᠲᠣᠭᠲᠠᠭᠠᠬᠤ ᠬᠦᠷᠢᠶᠡᠨ᠎ᠦ ᠬᠠᠮᠲᠤᠷᠠᠯᠴᠠᠭᠠᠨ ᠤ᠋ ᠣᠢᠯᠠᠭᠠᠯᠴᠠᠭᠠᠨ ᠤ᠋ ᠰᠠᠨᠠᠮᠵᠢ ᠶ᠋ᠢᠨ ᠪᠢᠴᠢᠭ》 ᠲᠦ᠍ ᠭᠠᠷ ᠤ᠋ᠨ ᠦᠰᠦᠭ ᠵᠢᠷᠤᠬᠤ ᠵᠢ ᠠᠬᠢᠭᠤᠯᠪᠠ᠃ ᠮᠠᠨ ᠤ᠋ ᠤᠯᠤᠰ ᠤ᠋ᠨ ᠨᠡᠭᠦᠷᠡᠰᠦ ᠵᠡᠷᠭᠡ ᠬᠦᠷᠢᠶᠡᠨ ᠤ᠋ ᠪᠠᠷᠢᠮᠵᠢᠶ᠎ᠠ ᠵᠢ ᠮᠣᠩᠭᠤᠯ ᠤᠯᠤᠰ ᠲᠦ᠍ ᠤᠨᠳᠤᠤᠰᠢᠭᠤᠯᠤᠨ ᠬᠡᠷᠡᠭᠯᠡᠬᠦ ᠵᠢ ᠢᠳᠡᠪᠬᠢᠲᠡᠢ ᠠᠬᠢᠭᠤᠯᠵᠤ᠂ ᠪᠦᠭᠡᠮ ᠲᠠᠸᠠᠷ ᠢ᠋ ᠭᠠᠳᠠᠭᠠᠳᠤ ᠡᠴᠡ ᠣᠷᠤᠭᠤᠯᠬᠤ ᠠᠵᠤ ᠠᠬᠤᠶ᠋ᠢᠯᠠᠯ ᠳ᠋ᠤ ᠪᠥᠬᠦ᠌ ᠬᠡᠯᠬᠢᠶ᠎ᠡ ᠶ᠋ᠢᠨ ᠰᠢᠯᠭᠠᠨ ᠪᠠᠶ᠋ᠢᠴᠠᠭᠠᠵᠤ ᠬᠢᠨᠠᠨ ᠬᠡᠮᠵᠢᠬᠦ ᠦᠢᠯᠡᠴᠢᠯᠡᠭᠡ ᠬᠠᠩᠭᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面