2026-11-10 09:33:55
ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠤᠯᠤᠰ ᠤ᠋ᠨ ᠦᠮᠴᠢᠯᠡᠯᠳᠦ ᠡᠳ᠋ ᠬᠦᠷᠦᠩᠭᠡ ᠶ᠋ᠢᠨ ᠬᠢᠨᠠᠯᠳᠠ ᠬᠠᠮᠢᠶᠠᠷᠤᠯᠳᠠ ᠶ᠋ᠢᠨ ᠵᠦᠪᠯᠡᠯ ᠡᠴᠡ ᠤᠢᠯᠠᠭᠠᠭᠰᠠᠨ ᠶ᠋ᠢᠡᠷ᠂ ᠡᠨᠡ ᠵᠢᠯ ᠤ᠋ᠨ ᠲᠦᠷᠦᠬᠦᠤ ᠭᠤᠷᠪᠠᠨ ᠤᠯᠠᠷᠢᠯ ᠳ᠋ᠤ ᠦᠪᠦᠷ ᠮᠤᠩᠭᠤᠯ ᠤ᠋ᠨ ᠦᠮᠴᠢᠯᠡᠯ ᠤ᠋ᠨ ᠡᠷᠬᠡ ᠶ᠋ᠢᠨ ᠠᠷᠠᠯᠵᠢᠶᠠᠨ ᠤ᠋ ᠲᠦᠪ ᠪᠦᠬᠦ ᠤᠷᠤᠨ ᠤ᠋ ᠡᠯ᠎ᠠ ᠱᠠᠳᠤᠨ ᠤ᠋ ᠡᠯ᠎ᠠ ᠲᠦᠷᠦᠯ ᠤ᠋ᠨ ᠵᠠᠰᠠᠭ ᠵᠠᠬᠢᠷᠭᠠᠨ ᠠᠵᠢᠯ ᠦᠢᠯᠡᠰ ᠤ᠋ᠨ ᠨᠢᠭᠡᠴᠢ ᠶ᠋ᠢᠨ 737 ᠬᠤᠪᠢ ᠤᠯᠤᠰ ᠤ᠋ᠨ ᠦᠮᠴᠢᠯᠡᠯᠳᠦ ᠡᠳ᠋ ᠬᠦᠷᠦᠩᠭᠡ ᠶ᠋ᠢ ᠠᠮᠢᠯᠠᠭᠤᠯᠵᠤ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 16.51% ᠪᠡᠷ ᠨᠡᠮᠡᠭᠳᠡᠪᠡ; ᠭᠡᠷ᠎ᠠ ᠳᠤᠬᠢᠷᠠᠯᠴᠠᠭᠰᠠᠨ ᠶᠡᠷᠤᠩᠬᠡᠢ ᠪᠡᠯᠡ ᠮᠦᠩᠬᠦ ᠨᠢ 18.61 ᠳ᠋ᠦᠩᠰᠢᠭᠤᠷ ᠲᠦᠭᠦᠷᠢᠭ ᠲᠤ᠌ ᠬᠦᠷᠴᠤ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 20.71% ᠪᠡᠷ ᠨᠡᠮᠡᠭᠳᠡᠵᠤ᠂ ᠦᠷᠳᠡᠭ ᠨᠡᠮᠡᠭᠳᠡᠯ ᠤ᠋ᠨ ᠬᠡᠮᠵᠢᠶ᠎ᠠ ᠨᠢ 3105 ᠲᠦᠮᠡᠨ ᠲᠦᠭᠦᠷᠢᠭ ᠲᠤ᠌ ᠬᠦᠷᠴᠤ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 22.31% ᠪᠡᠷ ᠨᠡᠮᠡᠭᠳᠡᠪᠡ᠃
ᠤᠢᠯᠠᠭᠠᠭᠰᠠᠨ ᠶ᠋ᠢᠡᠷ᠂ ᠲᠦᠷᠦᠬᠦᠤ ᠭᠤᠷᠪᠠᠨ ᠤᠯᠠᠷᠢᠯ ᠳ᠋ᠤ ᠠᠮᠢᠯᠠᠭᠤᠯᠤᠭᠰᠠᠨ 737 ᠬᠤᠪᠢ ᠤᠯᠤᠰ ᠤ᠋ᠨ ᠦᠮᠴᠢᠯᠡᠯᠳᠦ ᠡᠳ᠋ ᠬᠦᠷᠦᠩᠭᠡ ᠳ᠋ᠤ ᠳᠦᠷᠢᠶᠡᠰᠦᠯᠡᠬᠦ ᠡᠳ᠋ ᠬᠦᠷᠦᠩᠭᠡ᠂ ᠬᠡᠷᠡᠭᠯᠡᠭᠡᠨ ᠡᠴᠡ ᠭᠠᠷᠭᠠᠭᠰᠠᠨ ᠡᠳ᠋ ᠬᠦᠷᠦᠩᠭᠡ᠂ ᠮᠠᠰᠢᠨ ᠲᠡᠷᠭᠡ ᠵᠡᠷᠭᠡ ᠲᠦᠷᠦᠯ ᠤ᠋ᠨ ᠡᠳ᠋ ᠬᠦᠷᠦᠩᠭᠡ ᠪᠠᠢᠬᠤ ᠪᠦᠭᠡᠳ ᠵᠠᠰᠠᠭ ᠵᠠᠬᠢᠷᠭᠠᠨ ᠠᠵᠢᠯ ᠦᠢᠯᠡᠰ ᠤ᠋ᠨ ᠨᠢᠭᠡᠴᠢ ᠶ᠋ᠢᠨ ᠬᠠᠷᠢᠶ᠎ᠠ ᠭᠠᠵᠠᠷ ᠲᠠᠷᠢᠶ᠎ᠠ᠂ ᠤᠢ ᠰᠢᠭᠤᠢ ᠶ᠋ᠢᠨ ᠡᠵᠡᠩᠨᠡᠯᠳᠡ ᠶ᠋ᠢᠨ ᠡᠷᠬᠡ ᠵᠡᠷᠭᠡ ᠡᠷᠬᠡ ᠠᠰᠢᠭ ᠤ᠋ᠨ ᠲᠦᠷᠦᠯ ᠤ᠋ᠨ ᠡᠳ᠋ ᠬᠦᠷᠦᠩᠭᠡ ᠴᠦ᠍ ᠪᠤᠢ᠃ ᠡᠭᠦᠨ ᠳ᠋ᠤ ᠠᠷᠤᠨ ᠬᠤᠰᠢᠭᠤ᠂ ᠵᠠᠯᠠᠨ ᠠᠢᠯ ᠬᠤᠳᠠ᠂ ᠰᠢᠨ᠎ᠠ ᠪᠠᠷᠭᠤ ᠵᠡᠭᠦᠨ ᠬᠤᠰᠢᠭᠤ ᠵᠡᠷᠭᠡ ᠭᠠᠵᠠᠷ ᠤ᠋ᠨ ᠤᠯᠠᠨ ᠬᠤᠪᠢ ᠲᠦᠮᠡᠨ ᠮᠤ᠌ ᠶ᠋ᠢᠨ ᠬᠡᠪᠴᠢᠶ᠎ᠠ ᠪᠦᠬᠦᠢ ᠭᠠᠵᠠᠷ ᠲᠠᠷᠢᠶ᠎ᠠ ᠪᠠ ᠤᠢ ᠰᠢᠭᠤᠢ ᠶ᠋ᠢᠨ ᠡᠵᠡᠩᠨᠡᠯᠳᠡ ᠶ᠋ᠢᠨ ᠡᠷᠬᠡ ᠶ᠋ᠢᠨ ᠲᠦᠷᠦᠯ ᠵᠦᠢᠯ ᠢ᠋ ᠤᠷᠤᠭᠰᠢᠳᠠᠢ ᠠᠮᠢᠯᠠᠭᠤᠯᠵᠤ᠂ 6 ᠲᠦᠷᠦᠯ ᠵᠦᠢᠯ ᠤ᠋ᠨ ᠭᠡᠷ᠎ᠠ ᠳᠤᠭᠳᠠᠭᠰᠠᠨ ᠶᠡᠷᠤᠩᠬᠡᠢ ᠪᠡᠯᠡ ᠮᠦᠩᠬᠦ ᠨᠢ 10.29 ᠳ᠋ᠦᠩᠰᠢᠭᠤᠷ ᠲᠦᠭᠦᠷᠢᠭ ᠲᠤ᠌ ᠬᠦᠷᠴᠤ᠂ ᠵᠠᠰᠠᠭ ᠵᠠᠬᠢᠷᠭᠠᠨ ᠠᠵᠢᠯ ᠦᠢᠯᠡᠰ ᠤ᠋ᠨ ᠨᠢᠭᠡᠴᠢ ᠶ᠋ᠢᠨ ᠡᠳ᠋ ᠬᠦᠷᠦᠩᠭᠡ ᠶ᠋ᠢ ᠦᠨᠳᠦᠷ ᠪᠦᠲᠦᠮᠵᠢᠳᠠᠢ ᠡᠮᠬᠢ ᠵᠢᠷᠦᠮ ᠲᠠᠢ ᠠᠮᠢᠯᠠᠭᠤᠯᠪᠠ᠃ ᠲᠤᠷᠠᠳᠤᠭᠤᠰᠢᠳᠠᠢ ᠨᠢ ᠂ ᠦᠪᠡᠷᠳᠡᠭᠡᠨ ᠵᠠᠰᠠᠬᠤ ᠤᠷᠤᠨ ᠤ᠋ ᠵᠠᠬ᠎ᠠ ᠳᠡᠯᠭᠡᠭᠦᠷ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠶ᠋ᠢᠨ ᠶᠡᠷᠦᠩᠬᠡᠢᠯᠡᠭᠰᠡᠨ ᠪᠠᠳᠤᠯᠠᠭ᠎ᠠ ᠶ᠋ᠢᠨ ᠲᠦᠪ ᠤ᠋ᠨ 1 ᠢᠵᠢ ᠴᠠᠢᠶᠢᠤ ᠬᠦᠳᠡᠯᠭᠡᠭᠦᠷᠳᠦ ᠴᠠᠬᠢᠯᠭᠠᠨ ᠭᠠᠷᠭᠠᠬᠤ ᠮᠠᠰᠢᠨ ᠢ᠋ ᠰᠢᠯᠵᠢᠭᠦᠯᠦᠨ ᠦᠭᠬᠦ ᠲᠦᠷᠦᠯ ᠵᠦᠢᠯ ᠨᠢ ᠦᠪᠦᠷ ᠮᠤᠩᠭᠤᠯ ᠵᠢᠴᠢ ᠬᠤᠨᠠᠨ᠂ ᠱᠠᠨᠳ᠋ᠦ᠋ᠩ ᠵᠡᠷᠭᠡ ᠭᠠᠵᠠᠷ ᠤ᠋ᠨ 27 ᠪᠡᠯᠡ ᠤᠷᠤᠭᠤᠯᠤᠭᠴᠢ ᠶ᠋ᠢᠨ ᠠᠩᠬᠠᠷᠤᠯ ᠢ᠋ ᠳᠠᠳᠠᠵᠤ᠂ ᠡᠴᠤᠰ ᠲᠡᠭᠡᠨ 1083.97% ᠶ᠋ᠢᠨ ᠦᠨ᠎ᠠ ᠦᠰᠦᠯᠳᠡ ᠪᠡᠷ ᠭᠡᠷ᠎ᠠ ᠳᠤᠬᠢᠷᠠᠯᠴᠠᠭᠰᠠᠨ; ᠤᠯᠠᠭᠠᠨᠴᠠᠪ ᠬᠤᠳᠠ ᠶ᠋ᠢᠨ ᠪᠠᠢᠭᠠᠯᠢ ᠶ᠋ᠢᠨ ᠡᠬᠢ ᠪᠠᠶᠠᠯᠢᠭ ᠤ᠋ᠨ ᠲᠤᠪᠴᠢᠶ᠎ᠠ ᠭᠡᠷ᠎ᠠ ᠪᠡᠨ ᠭᠦᠢᠴᠡᠳᠭᠡᠬᠦ ᠪᠠᠳᠤᠯᠠᠭ᠎ᠠ ᠶ᠋ᠢᠨ ᠮᠦᠩᠬᠦ ᠶ᠋ᠢᠨ ᠳᠤᠭᠳᠠᠴᠠ ᠶ᠋ᠢ ᠰᠢᠨ᠎ᠠ ᠶ᠋ᠢ ᠡᠭᠦᠳᠬᠦ ᠴᠢᠨᠠᠷᠳᠠᠢ ᠪᠡᠷ ᠪᠠᠢᠭᠤᠯᠤᠨ᠂ ᠬᠡᠷᠡᠭᠯᠡᠭᠡᠨ ᠡᠴᠡ ᠭᠠᠷᠭᠠᠭᠰᠠᠨ ᠮᠠᠰᠢᠨ ᠲᠡᠷᠭᠡ ᠪᠡᠨ ᠪᠦᠬᠦᠨ ᠢ᠋ ᠰᠢᠢᠳᠪᠤᠷᠢᠯᠡᠭᠰᠡᠨ ᠵᠡᠷᠭᠡ ᠦᠯᠢᠭᠡᠷ ᠳᠠᠭᠤᠷᠢᠶᠠᠯ ᠤ᠋ᠨ ᠴᠢᠨᠠᠷᠳᠠᠢ ᠲᠦᠷᠦᠯ ᠵᠦᠢᠯ ᠢᠯᠡᠷᠡᠭᠰᠡᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃