2026-11-10 09:32:24
ᠡᠷᠢᠶᠡᠨ ᠪᠣᠭᠣᠮᠲᠠ᠎ᠶᠢᠨ ᠲᠣᠭ᠎ᠠ ᠪᠠᠷᠢᠮᠲᠠ᠎ᠶᠢᠨ ᠪᠦᠷᠢᠳᠬᠡᠯ᠎ᠢ ᠦᠨᠳᠦᠰᠦᠯᠡᠪᠡᠯ᠂ ᠡᠨᠡ ᠵᠢᠯ᠎ᠦᠨ ᠲᠦᠷᠦᠭᠦᠦ ᠭᠤᠷᠪᠠᠨ ᠤᠯᠠᠷᠢᠯ᠎ᠳᠤ ᠡᠷᠢᠶᠡᠨ ᠬᠣᠲᠠ ᠬᠢᠯᠢ ᠵᠢᠨ ᠪᠣᠭᠣᠮᠲᠠ᠎ᠶᠢᠨ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠦ ᠭᠠᠷᠭᠠᠭᠰᠠᠨ ᠪᠠᠷᠠᠭᠠᠨ᠎ᠤ ᠥᠷᠲᠡᠭ 876.3 ᠳ᠋ᠦᠩᠰᠢᠭᠤᠷ ᠲᠥᠭᠥᠷᠢᠭ᠎ᠲᠦ᠍ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 17.1% ᠪᠠᠷ ᠨᠡᠮᠡᠭᠳᠡᠪᠡ᠃ ᠡᠭᠦᠨ᠎ᠳᠦ ᠭᠠᠳᠠᠭᠠᠳᠤ᠎ᠠᠴᠠ ᠣᠷᠣᠭᠤᠯᠤᠭᠰᠠᠨ ᠪᠠᠷᠠᠭᠠᠨ᠎ᠤ ᠥᠷᠲᠡᠭ 313.8 ᠳ᠋ᠦᠩᠰᠢᠭᠤᠷ ᠲᠥᠭᠥᠷᠢᠭ᠂ ᠭᠠᠳᠠᠭᠠᠳᠤ᠎ᠳᠤ ᠭᠠᠷᠭᠠᠭᠰᠠᠨ ᠪᠠᠷᠠᠭᠠᠨ᠎ᠤ ᠥᠷᠲᠡᠭ 562.5 ᠳ᠋ᠦᠩᠰᠢᠭᠤᠷ ᠲᠥᠭᠥᠷᠢᠭ᠎ᠲᠦ᠍ ᠬᠦᠷᠴᠦ᠍᠂ ᠠᠳᠠᠯᠢ ᠬᠤᠭᠤᠴᠠᠭᠠᠨ᠎ᠤ ᠬᠢ᠎ᠡᠴᠡ ᠲᠣᠰ ᠲᠣᠰ 21.7 % ᠪᠠ 14.6% ᠪᠠᠷ ᠨᠡᠮᠡᠭᠳᠡᠪᠡ᠃ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠦ ᠭᠠᠷᠭᠠᠭᠰᠠᠨ ᠪᠠᠷᠠᠭᠠᠨ᠎ᠤ ᠲᠡᠭᠡᠭᠡᠪᠦᠷᠢ᠎ᠶᠢᠨ ᠬᠡᠮᠵᠢᠶ᠎ᠡ 1694.1 ᠲᠦᠮᠡᠨ ᠲᠣᠨ᠎ᠳᠤ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 14.3% ᠪᠠᠷ ᠨᠡᠮᠡᠭᠳᠡᠵᠦ᠍᠂ ᠭᠠᠳᠠᠭᠠᠳᠤ᠎ᠠᠴᠠ ᠣᠷᠣᠭᠤᠯᠤᠭᠰᠠᠨ ᠪᠠᠷᠠᠭᠠᠨ᠎ᠤ ᠲᠡᠭᠡᠭᠡᠪᠦᠷᠢ᠎ᠶᠢᠨ ᠬᠡᠮᠵᠢᠶ᠎ᠡ 1307.9 ᠲᠦᠮᠡᠨ ᠲᠣᠨ ᠪᠠᠢᠵᠦ᠂ ᠭᠠᠳᠠᠭᠠᠳᠤ᠎ᠳᠤ ᠭᠠᠷᠭᠠᠭᠰᠠᠨ ᠪᠠᠷᠠᠭᠠᠨ᠎ᠤ ᠲᠡᠭᠡᠭᠡᠪᠦᠷᠢ᠎ᠶᠢᠨ ᠬᠡᠮᠵᠢᠶ᠎ᠡ 386.2 ᠲᠦᠮᠡᠨ ᠲᠣᠨ᠎ᠳᠤ ᠬᠥᠷᠪᠡ᠃
ᠡᠷᠢᠶᠡᠨ ᠬᠣᠲᠠ ᠬᠢᠯᠢ ᠵᠢᠨ ᠪᠣᠭᠣᠮᠲᠠ ᠨᠢ ᠣᠷᠣᠰ ᠮᠣᠩᠭᠣᠯ ᠯᠤᠭ᠎ᠠ ᠵᠢᠨ ᠭᠠᠳᠠᠭᠠᠳᠤᠠᠷᠠᠯᠵᠢᠶᠠᠳᠤ ᠬᠤᠯᠪᠤᠭᠳᠠᠵᠦ᠂ ᠳᠣᠲᠣᠭᠠᠳᠤ᠎ᠳᠠᠭᠠᠨ ᠬᠥᠬᠡᠬᠣᠲᠠ ᠪᠤᠭᠤᠲᠤ᠌ ᠢᠷᠭᠠᠶ ᠲᠡᠮᠡᠭᠡᠲᠦ᠎ᠶᠢᠨ ᠠᠵᠤ ᠠᠬᠤᠶ᠎ᠶᠢᠨ ᠲᠣᠭᠣᠷᠢᠭ᠎ᠯᠤᠭ᠎ᠠ ᠬᠣᠯᠪᠣᠯᠳᠤᠵᠤ᠂ ᠮᠣᠩᠭᠣᠯ ᠤᠯᠤᠰ᠎ᠯᠤᠭ᠎ᠠ᠎ᠶᠢᠨ ᠠᠷᠠᠯᠵᠢᠶᠠᠨ᠎ᠤ ᠪᠠᠷᠠᠭ᠎ᠠ ᠲᠡᠭᠡᠭᠡᠪᠦᠷᠢᠯᠡᠬᠦ᠌ ᠴᠢᠳᠠᠮᠵᠢ᠎ᠶᠢ ᠡᠭᠦᠷᠭᠡᠯᠡᠵᠦ᠍᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠲᠠᠸᠠᠷ᠎ᠤᠨ ᠪᠣᠭᠣᠮᠲᠠ᠎ᠪᠠᠷ ᠨᠡᠪᠲᠡᠷᠡᠬᠦ᠌ ᠴᠢᠬᠤᠯᠠ ᠪᠣᠭᠣᠮᠲᠠ ᠪᠣᠯᠤᠨ᠎ᠠ᠃ ᠡᠨᠡ ᠵᠢᠯ᠎ᠦᠨ 4 ᠰᠠᠷ᠎ᠠ᠎ᠳᠤ᠂ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ᠍ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠡᠷᠢᠶᠡᠨ ᠬᠣᠲᠠ ᠲᠣᠭᠣᠷᠢᠭᠪᠠᠶ᠋ᠢᠭᠤᠯᠤᠭᠳᠠᠵᠤ᠂ ᠬᠢᠯᠢ᠎ᠶᠢᠨ ᠪᠣᠭᠣᠮᠲᠠ᠎ᠨᠢ ᠤᠮᠠᠷᠠᠰᠢ ᠨᠡᠭᠡᠭᠡᠯᠲᠡ ᠬᠢᠬᠦ᠌ ᠪᠠᠶ᠋ᠢᠯᠳᠤᠬᠤ ᠪᠣᠳᠣᠯᠭ᠎ᠠ᠎ᠶᠢᠨ ᠠᠵᠠ ᠲᠣᠬᠢᠶᠠᠯ᠎ᠢ ᠵᠠᠪᠳᠤᠨ ᠠᠳᠬᠤᠵᠤ᠂ ᠨᠡᠭᠡᠭᠡᠯᠲᠡ ᠬᠢᠬᠦ᠌ ᠴᠢᠳᠠᠪᠤᠷᠢ ᠲᠠᠰ᠎ᠢ ᠦᠷᠭᠦᠯᠵᠢᠯᠡᠨ ᠳᠡᠭᠡᠭᠰᠢᠯᠡᠭᠦᠯᠵᠦ᠂ 《ᠬᠢᠯᠢ᠎ᠶᠢᠨ ᠭᠠᠳᠠᠭᠠᠳᠤ ᠠᠷᠠᠯᠵᠢᠶᠠᠨ᠎ᠤ ᠵᠠᠬ᠎ᠠ ᠳᠡᠯᠭᠡᠭᠦᠷ + ᠰᠠᠭᠤᠷᠢᠰᠢᠭᠤᠯᠤᠨ ᠡᠳ᠋ᠰᠢᠭᠦᠯᠬᠦ᠌》 ᠬᠥᠭᠵᠢᠯᠲᠡ᠎ᠶᠢᠨ ᠵᠠᠭᠪᠤᠷ᠎ᠢ ᠶᠡᠬᠡᠪᠡᠷ ᠬᠡᠷᠡᠭᠵᠢᠭᠦᠯᠦᠨ᠂ ᠬᠥᠯᠳᠡᠭᠡᠭᠰᠡᠨ ᠠᠳᠤᠭᠤᠨ ᠮᠢᠬ᠎ᠠ᠂ ᠢᠮᠠᠭᠠᠨ ᠨᠣᠤᠯᠤᠭᠤᠷ᠂ ᠢᠮᠠᠭᠠᠨ ᠨᠤᠤᠰᠤ ᠵᠡᠷᠭᠡ ᠣᠨᠴᠠᠯᠢᠭᠲᠤ᠌ ᠲᠠᠸᠠᠷ᠎ᠢ ᠭᠠᠳᠠᠭᠠᠳᠤ᠎ᠠᠴᠠ ᠣᠷᠣᠭᠤᠯᠵᠤ ᠡᠳ᠋ᠰᠢᠭᠦᠯᠬᠦ᠌ ᠬᠡᠪᠴᠢᠶ᠎ᠡ ᠲᠠᠰᠤᠷᠠᠯᠲᠠ ᠥᠬᠡᠶ ᠪᠤᠵᠠᠭᠠᠶ᠋ᠢᠷᠠᠵᠤ᠂ ᠰᠠᠭᠤᠷᠢᠰᠢᠭᠤᠯᠤᠨ ᠡᠳ᠋ᠰᠢᠭᠦᠯᠬᠦ᠌ ᠨᠢ ᠬᠢᠯᠢ᠎ᠶᠢᠨ ᠭᠠᠳᠠᠭᠠᠳᠤ ᠠᠷᠠᠯᠵᠢᠶᠠᠨ᠎ᠤ ᠵᠠᠬ᠎ᠠ ᠳᠡᠯᠭᠡᠭᠦᠷ᠎ᠦᠨ ᠠᠷᠠᠯᠵᠢᠶᠠᠨ᠎ᠤ ᠨᠡᠮᠡᠭᠳᠡᠯ᠎ᠢ ᠳᠠᠶ᠋ᠢᠴᠢᠯᠠᠬᠤ ᠭᠤᠤᠯ ᠬᠥᠳᠡᠯᠭᠡᠭᠦᠷ ᠪᠣᠯᠪᠠ᠃ 9 ᠰᠠᠷ᠎ᠠ᠎ᠶᠢᠨ 30᠎ᠤ ᠡᠳᠦᠷ ᠪᠣᠯᠲᠠᠯ᠎ᠠ᠂ ᠡᠷᠢᠶᠡᠨ ᠬᠣᠲᠠ᠎ᠶᠢᠨ ᠬᠢᠯᠢ᠎ᠶᠢᠨ ᠭᠠᠳᠠᠭᠠᠳᠤ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠠᠷᠠᠯᠵᠢᠶᠠᠨ᠎ᠤ ᠲᠣᠭ᠎ᠠ 7.05 ᠳ᠋ᠦᠩᠰᠢᠭᠤᠷ ᠲᠥᠭᠥᠷᠢᠭ᠎ᠲᠦ᠍ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 54.95% ᠪᠠᠷ ᠨᠡᠮᠡᠭᠳᠡᠪᠡ᠃
ᠡᠷᠢᠶᠡᠨ ᠬᠣᠲᠠ ᠬᠢᠯᠢ ᠵᠢᠨ ᠪᠣᠭᠣᠮᠲᠠ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠨ ᠴᠢᠳᠠᠮᠵᠢ᠎ᠪᠠᠨ ᠨᠡᠮᠡᠭᠳᠡᠭᠦᠯᠵᠦ᠍᠂ ᠤᠶᠤᠨᠲᠤ᠌ ᠪᠣᠭᠣᠮᠲᠠ᠎ᠶᠢᠨ ᠪᠥᠲᠥᠭᠡᠨ ᠪᠠᠶ᠋ᠢᠭᠤᠯᠤᠯᠲᠠ᠎ᠶᠢ ᠲᠦᠷᠭᠡᠳᠬᠡᠨ ᠠᠬᠢᠭᠤᠯᠵᠤ᠂ ᠡᠨᠡ ᠵᠢᠯ᠎ᠦᠨ ᠲᠦᠷᠦᠭᠦᠦ ᠭᠤᠷᠪᠠᠨ ᠤᠯᠠᠷᠢᠯ᠎ᠳᠤ ᠡᠷᠢᠶᠡᠨ ᠪᠣᠭᠣᠮᠲᠠ ᠳᠤᠮᠳᠠᠳᠤ ᠧᠦ᠋ᠷᠣᠫᠠ᠎ᠶᠢᠨ ᠵᠢᠰᠢᠶᠠᠨ᠎ᠤ ᠭᠠᠯᠲᠤ᠌ ᠲᠡᠷᠭᠡ᠎ᠶᠢ ᠨᠡᠶ᠋ᠢᠲᠡ 3048 ᠴᠤᠪᠤᠭ᠎ᠠ ᠬᠢᠨᠠᠨ ᠬᠠᠮᠢᠶᠠᠷᠴᠤ᠌᠂ ᠪᠠᠷᠠᠭᠠᠨ᠎ᠤ ᠲᠡᠭᠡᠭᠡᠪᠦᠷᠢ᠎ᠶᠢᠨ ᠬᠡᠮᠵᠢᠶ᠎ᠡ 327.6 ᠲᠦᠮᠡᠨ ᠲᠣᠨ᠎ᠳᠤ ᠬᠦᠷᠴᠦ᠍᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠡᠴᠡ ᠲᠣᠰ ᠲᠣᠰ 4.8%᠂ 0.74% ᠪᠠᠷ ᠨᠡᠮᠡᠭᠳᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃