ᠲᠡᠷᠢᠭᠦᠨ ᠨᠢᠭᠤᠷ>ᠴᠠᠭ ᠲᠦᠷᠦ>ᠠᠵᠤ ᠠᠬᠤᠢ

2026-11-12 11:52:53

ᠵᠣᠬᠢᠶᠠᠭ᠍ᠴᠢ᠄ ᠦᠨᠢᠷ ᠣᠩᠱᠢᠭ᠍ᠰᠠᠨ ᠣᠳᠠᠭ᠎ᠠ᠄ 3

ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠩᠬᠢᠮ ᠡᠴᠡ ᠤᠢᠯᠠᠭᠠᠭᠰᠠᠨ ᠢ᠋ᠢᠡᠷ᠂ ᠮᠠᠨ ᠤ᠋ ᠤᠷᠤᠨ ᠵᠢᠯ ᠤ᠋ᠨ ᠡᠬᠢᠨ ᠡᠴᠡ 9 ᠰᠠᠷ᠎ᠠ ᠢ᠋ᠢᠨ ᠰᠡᠭᠦᠯᠴᠢ ᠪᠣᠯᠲᠠᠯ᠎ᠠ ᠨᠡᠢᠳᠡ 2667 ᠺᠢᠯᠣᠮᠧᠲ᠋ᠷ ᠤᠷᠳᠤ ᠡᠯᠡᠰᠦ ᠢ᠋ᠢ ᠳᠤᠭᠤᠯᠤᠭᠰᠠᠨ ᠵᠠᠰᠠᠮᠠᠯ ᠵᠠᠮ ᠢ᠋ ᠰᠢᠨ᠎ᠠ ᠪᠡᠷ ᠪᠠᠷᠢᠯᠭ᠎ᠠ ᠡᠬᠢᠯᠡᠭᠦᠯᠵᠦ᠍᠂ ᠣᠨ ᠤ᠋ ᠬᠠᠷᠠᠯᠲᠠ ᠪᠡᠨ ᠤᠷᠢᠳᠴᠢᠯᠠᠨ ᠪᠡᠶᠡᠯᠡᠭᠦᠯᠦᠭᠰᠡᠨ ᠪᠠᠢᠨ᠎ᠠ᠃

ᠣᠶ᠋ᠢᠷ᠎ᠠ ᠳ᠋ᠤ ᠰᠢᠯᠢ ᠢ᠋ᠢᠨ ᠭᠤᠤᠯ ᠠᠶ᠋ᠢᠮᠠᠭ ᠤ᠋ᠨ ᠰᠥᠨᠢᠳ ᠵᠡᠭᠦᠨ ᠬᠣᠰᠢᠭᠤᠨ ᠤ᠋ ᠬᠢᠯᠢ ᠳᠤᠲᠤᠷᠠᠭᠢ 2 ᠵᠤᠷᠪᠤᠰ ᠡᠯᠡᠰᠦ ᠢ᠋ᠢ ᠳᠤᠭᠤᠯᠤᠭᠰᠠᠨ ᠵᠠᠰᠠᠮᠠᠯ ᠵᠠᠮ ᠤ᠋ᠨ ᠪᠠᠷᠢᠯᠭ᠎ᠠ ᠢ᠋ᠢ ᠪᠦᠬᠦᠨ ᠢ᠋ ᠳᠠᠭᠤᠰᠬᠠᠵᠤ᠂ ᠡᠯᠡᠰᠦᠷᠬᠡᠭ ᠭᠠᠵᠠᠷ ᠤ᠋ᠨ ᠵᠠᠮ ᠬᠠᠷᠢᠯᠴᠠᠭᠠᠨ ᠤ᠋ ᠴᠢᠳᠠᠪᠤᠷᠢ ᠪᠣᠯᠤᠨ ᠣᠷᠣᠨ ᠪᠦᠰᠡ ᠢ᠋ᠢᠨ ᠠᠮᠢ ᠠᠬᠤᠶ ᠢ᠋ᠢᠨ ᠵᠠᠰᠠᠯᠲᠠ ᠢ᠋ᠢᠨ ᠲᠦᠪᠰᠢᠨ ᠢ᠋ ᠪᠦᠲᠦᠮᠵᠢᠲᠡᠶ ᠳᠡᠭᠡᠭᠰᠢᠯᠡᠭᠦᠯᠪᠡ᠃ ᠡᠭᠦᠨ ᠤ᠋ ᠬᠠᠮᠲᠤ᠌ ᠲᠦᠩᠯᠢᠶᠣᠤ ᠬᠣᠲᠠ ᠢ᠋ᠢᠨ ᠬᠣᠷᠴᠢᠨ ᠵᠡᠭᠦᠨ ᠭᠠᠷᠤᠨ ᠬᠣᠶ᠋ᠢᠲᠤ᠌ ᠬᠣᠰᠢᠭᠤᠨ ᠤ᠋ ᠭᠤᠭᠤᠳᠳᠠᠢ ᠡᠴᠡ ᠳᠠᠷᠬᠠᠨ ᠬᠥᠷᠬᠥ᠌ ᠡᠯᠡᠰᠤ ᠵᠢ ᠲᠤᠭᠤᠯᠤᠭᠰᠠᠨ ᠵᠠᠰᠠᠮᠠᠯ ᠵᠠᠮ ᠢ᠋ ᠤᠷᠤᠭᠰᠢᠲᠠᠶ ᠨᠡᠪᠲᠡᠷᠡᠭᠦᠯᠵᠦ᠍᠂ ᠲᠤᠬᠠᠶ ᠢ᠋ᠢᠨ ᠭᠠᠵᠠᠷ ᠤ᠋ᠨ ᠰᠤᠮᠤ ᠰᠢᠶᠠᠩ ᠪᠠᠯᠭᠠᠰᠤᠨ ᠳ᠋ᠤ ᠭᠤᠷᠪᠠᠳᠤᠭᠠᠷ ᠳᠡᠰ ᠡᠴᠡ ᠳᠡᠭᠡᠭᠰᠢᠬᠢ ᠵᠠᠰᠠᠮᠠᠯ ᠵᠠᠮ ᠢ᠋ ᠨᠡᠢᠳᠡᠮ ᠪᠥᠷᠬᠥᠭᠦᠯᠬᠦ᠌ ᠢ᠋ᠢ ᠪᠡᠶᠡᠯᠡᠭᠦᠯᠪᠠ᠃

ᠮᠠᠨ ᠤ᠋ ᠤᠷᠤᠨ ᠡᠯᠡᠰᠦ ᠢ᠋ᠢ ᠳᠤᠭᠤᠯᠤᠭᠰᠠᠨ ᠵᠠᠰᠠᠮᠠᠯ ᠵᠠᠮ ᠤ᠋ᠨ ᠪᠥᠲᠥᠭᠡᠨ ᠪᠠᠶ᠋ᠢᠭᠤᠯᠤᠯᠲᠠ ᠢ᠋ᠢ ᠪᠦᠲᠦᠮᠵᠢᠲᠡᠢ ᠠᠬᠢᠭᠤᠯᠵᠤ᠂ ᠵᠠᠮ ᠤ᠋ᠨ ᠲᠤᠤᠷ ᠤ᠋ᠨ ᠪᠥᠲᠥᠭᠡᠨ ᠪᠠᠶ᠋ᠢᠭᠤᠯᠤᠯᠲᠠ ᠬᠢᠭᠡᠳ ᠡᠯᠡᠰᠤ ᠢ᠋ᠢ ᠵᠠᠰᠠᠬᠤ ᠠᠵᠢᠯ ᠢ᠋ ᠭᠦᠨᠵᠡᠭᠡᠶ ᠠᠭᠤᠰᠤᠯᠴᠠᠭᠤᠯᠤᠨ᠂ 《ᠵᠠᠮ ᠤᠷᠤᠭᠰᠢᠯᠠᠵᠤ ᠡᠯᠡᠰᠦ ᠤᠬᠤᠷᠢᠬᠤ》 ᠵᠠᠰᠠᠯᠲᠠ ᠢ᠋ᠢᠨ ᠰᠢᠨ᠎ᠡ ᠵᠠᠮ ᠢ᠋ᠢᠡᠷ ᠵᠠᠮᠨᠠᠭᠰᠠᠨ ᠪᠠᠢᠨ᠎ᠠ᠃ 2024 ᠣᠨ ᠤ᠋ 7 ᠰᠠᠷ᠎ᠠ ᠳ᠋ᠤ ᠥᠪᠥᠷ ᠮᠣᠩᠭᠣᠯ ᠲᠤᠰᠬᠠᠶ ᠬᠥᠭᠵᠢᠯᠲᠡ ᠢ᠋ᠢᠨ ᠲᠥᠯᠥᠪᠵᠢᠭᠦᠯᠭᠡ ᠨᠡᠶ᠋ᠢᠲᠡᠯᠡᠵᠦ᠍᠂ 5 ᠠᠶ᠋ᠢᠮᠠᠭ ᠬᠣᠲᠠ ᠢ᠋ᠢᠨ 39 ᠬᠣᠰᠢᠭᠤ ᠰᠢᠶᠠᠨ ᠲᠣᠭᠣᠷᠢᠭ ᠲᠤ᠌ ᠠᠩᠬᠠᠷᠤᠯ ᠢ᠋ᠢᠡᠨ ᠲᠥᠪᠯᠡᠷᠡᠭᠦᠯᠦᠨ ᠡᠯᠡᠰᠦ ᠢ᠋ᠢ ᠲᠤᠭᠤᠯᠤᠭᠰᠠᠨ ᠵᠠᠰᠠᠮᠠᠯ ᠵᠠᠮ ᠤ᠋ᠨ ᠶᠠᠰᠤ ᠴᠢᠨᠠᠷ ᠢ᠋ ᠳᠡᠭᠡᠭᠰᠢᠯᠡᠭᠦᠯᠦᠨ ᠲᠠᠰ ᠳᠡᠪᠰᠢᠭᠦᠯᠬᠦ᠌ ᠢ᠋ᠢ ᠠᠬᠢᠭᠤᠯᠪᠠ; 2025 ᠣᠨ ᠳ᠋ᠤ ᠲᠤᠷᠰᠢᠯᠲᠠ ᠢ᠋ᠢᠨ ᠴᠡᠭ ᠤ᠋ᠨ ᠲᠤᠷᠰᠢᠯᠭ᠎ᠠ ᠢ᠋ᠢᠨ ᠰᠠᠭᠤᠷᠢᠨ ᠳᠡᠭᠡᠷ᠎ᠡ 《ᠵᠠᠰᠠᠮᠠᠯ ᠵᠠᠮ ᠢ᠋ᠢᠡᠷ ᠡᠯᠡᠰᠦ ᠢ᠋ᠢ ᠵᠠᠰᠠᠬᠤ》 ᠲᠤᠷᠰᠢᠯᠭ᠎ᠠ ᠢ᠋ᠢ ᠪᠥᠬᠥ᠌ ᠲᠠᠯ᠎ᠠ ᠪᠠᠷ ᠳᠡᠯᠭᠡᠷᠡᠭᠦᠯᠵᠦ᠍᠂ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠠᠲᠤᠨ ᠭᠤᠤᠯ ᠤ᠋ᠨ 〈ᠶᠡᠬᠡ ᠲᠤᠬᠤᠢ〉 ᠢ᠋ᠢᠨ ᠪᠣᠭᠣᠮᠲᠠ ᠰᠢᠪᠲᠤᠯᠬᠤ ᠳᠠᠢᠯᠠᠯᠳᠤᠭᠠᠨ ᠤ᠋ ᠣᠷᠣᠨ᠂ ᠡᠾᠸᠰᠢ ᠢ᠋ᠢᠨ ᠬᠣᠩᠭᠢᠯ — ᠲᠠᠺᠯᠢᠮᠠᠺᠠᠨ ᠡᠯᠡᠰᠦᠨ ᠴᠥᠯ ᠤ᠋ᠨ ᠬᠥᠪᠡᠭᠡ ᠳᠠᠭᠠᠤ ᠢ᠋ᠢᠨ ᠬᠤᠷᠢᠭᠯᠠᠯᠲᠠ ᠢ᠋ᠢᠨ ᠳᠠᠢᠯᠠᠯᠳᠤᠭᠠᠨ ᠤ᠋ ᠣᠷᠣᠨ ᠤ᠋ 〈ᠵᠠᠰᠠᠮᠠᠯ ᠵᠠᠮ ᠢ᠋ᠢᠡᠷ ᠡᠯᠡᠰᠦ ᠢ᠋ᠢ ᠵᠠᠰᠠᠬᠤ〉 ᠬᠡᠷᠡᠭᠵᠢᠭᠦᠯᠬᠦ᠌ ᠲᠥᠰᠦᠯ (2025 — 2030 ᠣᠨ)》 ᠢ᠋ ᠨᠡᠢᠲᠡᠯᠡᠵᠤ᠂ ᠬᠥᠳᠡᠭᠡ ᠲᠣᠰᠬᠣᠨ ᠤ᠋ ᠵᠠᠰᠠᠮᠠᠯ ᠵᠠᠮ ᠤ᠋ᠨ ᠲᠤᠤᠷ ᠢ᠋ ᠬᠣᠯᠪᠣᠯᠳᠤᠭᠤᠯᠬᠤ᠂ ᠰᠢᠰᠲ᠋ᠧᠮᠵᠢᠭᠦᠯᠦᠨ ᠠᠷᠠᠴᠢᠯᠠᠨ ᠬᠠᠮᠠᠭᠠᠯᠠᠵᠤ ᠳᠡᠰ ᠳᠡᠪᠰᠢᠭᠦᠯᠬᠦ᠂ ᠠᠮᠢ ᠠᠬᠤᠶ ᠢ᠋ᠢ ᠵᠠᠰᠠᠬᠤ 3 ᠶᠡᠬᠡ ᠢᠨᠵᠧᠨᠧᠷᠢᠩ ᠢ᠋ ᠬᠡᠷᠡᠭᠵᠢᠭᠦᠯᠪᠠ᠃

ᠪᠦᠷᠢᠳᠬᠡᠯ ᠢ᠋ ᠦᠨᠳᠦᠰᠦᠯᠡᠪᠡᠯ᠂ 2024 ᠣᠨ ᠡᠴᠡ ᠨᠠᠭᠠᠰᠢ ᠥᠪᠥᠷ ᠮᠣᠩᠭᠣᠯ ᠨᠡᠶ᠋ᠢᠲᠡ 4468 ᠺᠢᠯᠣᠮᠧᠲ᠋ᠷ ᠤᠷᠳᠤ ᠡᠯᠡᠰᠦ ᠢ᠋ᠢ ᠳᠤᠭᠤᠯᠤᠭᠰᠠᠨ ᠵᠠᠰᠠᠮᠠᠯ ᠵᠠᠮ ᠢ᠋ ᠪᠠᠷᠢᠯᠭ᠎ᠠ ᠡᠬᠢᠯᠡᠭᠦᠯᠵᠠᠢ᠃ ᠡᠭᠦᠨ ᠳ᠋ᠤ ᠬᠣᠷᠴᠢᠨ ᠤ᠋ ᠡᠯᠡᠰᠦᠷᠬᠡᠭ ᠭᠠᠵᠠᠷ᠂ ᠬᠤᠯᠠᠨ ᠰᠢᠷᠭ᠎ᠠ ᠲᠠᠭ᠎ᠠ ᠢ᠋ᠢᠨ ᠡᠯᠡᠰᠦᠷᠬᠡᠭ ᠭᠠᠵᠠᠷ ᠤ᠋ᠨ ᠰᠥᠨᠥᠭᠡᠯᠲᠡ ᠢ᠋ᠢᠨ ᠳᠠᠶ᠋ᠢᠯᠠᠯᠳᠤᠭᠠᠨ ᠤ᠋ ᠤᠷᠤᠨ ᠳ᠋ᠤ 3827 ᠺᠢᠯᠣᠮᠧᠲ᠋ᠷ᠂ ᠬᠠᠲᠤᠨ ᠭᠤᠤᠯ ᠤ᠋ᠨ 《ᠶᠡᠬᠡ ᠲᠤᠬᠤᠢ》 ᠢ᠋ᠢᠨ ᠪᠣᠭᠣᠮᠲᠠ ᠰᠢᠪᠲᠤᠯᠬᠤ ᠳᠠᠢᠯᠠᠯᠳᠤᠭᠠᠨ ᠤ᠋ ᠣᠷᠣᠨ ᠳ᠋ᠤ 641 ᠺᠢᠯᠣᠮᠧᠲ᠋ᠷ ᠤᠷᠳᠤ ᠡᠯᠡᠰᠦ ᠢ᠋ᠢ ᠳᠤᠭᠤᠯᠤᠭᠰᠠᠨ ᠵᠠᠰᠠᠮᠠᠯ ᠵᠠᠮ ᠢ᠋ ᠪᠠᠷᠢᠯᠭ᠎ᠠ ᠡᠬᠢᠯᠡᠬᠦᠯᠵᠤ᠂ 787.45 ᠲᠦᠮᠡᠨ ᠮᠥ᠍ ᠢ᠋ᠢᠨ ᠡᠯᠡᠰᠦᠷᠬᠡᠭᠵᠢᠯ ᠢ᠋ ᠰᠡᠷᠭᠡᠢᠯᠡᠨ ᠡᠯᠡᠰᠦ ᠢ᠋ᠢ ᠵᠠᠰᠠᠬᠤ ᠢ᠋ᠢ ᠲᠠᠢᠴᠢᠯᠠᠭᠰᠠᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面