2026-11-12 11:51:19
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠤᠳᠠᠨ᠎ᠤ ᠬᠠᠮᠢᠶᠠᠷᠤᠯᠲᠠ᠎ᠶᠢᠨ ᠲᠣᠪᠴᠢᠶ᠎ᠠ ᠡᠴᠡ ᠤᠢᠯᠠᠭᠠᠬᠰᠠᠨ᠎ᠢᠶᠡᠷ᠂ ᠬᠣᠲᠠ ᠬᠥᠳᠡᠭᠡ᠎ᠶᠢᠨ ᠭᠤᠪᠢᠭᠤᠯᠤᠨ ᠬᠦᠷᠭᠡᠬᠦ᠌ ᠰᠠᠭᠤᠷᠢ ᠲᠦᠬᠦᠭᠡᠷᠦᠮᠵᠢ᠎ᠶᠢᠨ ᠲᠠᠰᠤᠷᠠᠯᠲᠠ ᠥᠬᠡᠶ ᠲᠡᠭᠦᠯᠳᠡᠷᠵᠢᠬᠦ᠌ ᠪᠠ ᠣᠶᠤᠨᠴᠢᠯᠠᠭᠰᠠᠨ ᠥᠭᠡᠷᠡᠴᠢᠯᠡᠯᠲᠡ ᠦᠷᠭᠦᠯᠵᠢᠯᠡᠨ ᠠᠬᠢᠬᠤ᠎ᠶᠢ ᠳᠠᠭᠠᠯᠳᠤᠨ᠂ ᠦᠪᠦᠷ ᠮᠤᠩᠭᠤᠯ᠎ᠤᠨ ᠰᠢᠤᠳᠠᠨ᠎ᠤ ᠲᠦᠷᠭᠡᠨ ᠬᠦᠷᠭᠡᠯᠳᠡ᠎ᠶᠢᠨ ᠦᠢᠯᠡᠴᠢᠯᠡᠭᠡᠨ᠎ᠦ ᠴᠢᠳᠠᠪᠤᠷᠢ ᠦᠷᠭᠦᠯᠵᠢᠯᠡᠨ ᠳᠡᠭᠡᠭᠰᠢᠯᠡᠵᠠᠢ᠃ ᠣᠳᠣᠬᠠᠨ ᠪᠣᠯᠲᠠᠯ᠎ᠠ᠂ ᠥᠪᠥᠷ ᠮᠣᠩᠭᠣᠯ᠎ᠤᠨ ᠵᠢᠯ᠎ᠦᠨ ᠬᠥᠮᠦᠨ ᠳᠤᠮᠳᠠᠴᠢ᠎ᠶᠢᠨ ᠲᠦᠷᠭᠡᠨ ᠬᠦᠷᠭᠡᠯᠲᠡ᠎ᠶᠢ ᠬᠡᠷᠡᠭᠯᠡᠭᠰᠡᠨ ᠬᠡᠮᠵᠢᠶ᠎ᠡ 130 ᠬᠤᠪᠢ᠎ᠶᠢ ᠳᠠᠪᠠᠵᠤ᠂ ᠭᠤᠪᠢᠭᠤᠯᠤᠨ ᠬᠦᠷᠭᠡᠬᠦ᠌ ᠦᠢᠯᠡᠴᠢᠯᠡᠭᠡ᠎ᠪᠡᠷ ᠠᠷᠠᠳ᠎ᠲᠤ᠌ ᠠᠰᠢᠭ ᠬᠦᠷᠲᠡᠭᠡᠨ ᠲᠠᠷᠢᠶᠠᠴᠢᠳᠲᠤ᠌ ᠲᠤᠰᠠᠯᠠᠬᠤ᠂ ᠳᠣᠲᠣᠭᠠᠳᠤ ᠭᠠᠳᠠᠭᠠᠳᠤ᠎ᠶᠢ ᠬᠣᠯᠪᠣᠬᠤ ᠦᠷ᠎ᠡ ᠪᠦᠲᠦᠮᠵᠢ ᠤᠯᠠᠮ ᠢᠯᠡᠷᠬᠡᠢ ᠪᠤᠯᠵᠠᠢ᠃
ᠣᠳᠣᠬᠠᠨ᠎ᠳᠤ᠂ ᠥᠪᠥᠷ ᠮᠣᠩᠭᠣᠯ ᠠᠶ᠋ᠢᠮᠠᠭ ᠬᠣᠲᠠ᠎ᠶᠢᠨ ᠱᠠᠲᠤᠨ᠎ᠤ ᠭᠤᠪᠢᠭᠤᠯᠤᠨ ᠬᠦᠷᠭᠡᠬᠦ᠌ ᠬᠦᠷᠢᠶᠡᠯᠡᠩ ᠲᠣᠭᠣᠷᠢᠭ 19᠂ ᠬᠣᠰᠢᠭᠤ ᠰᠢᠶᠠᠨ᠎ᠤ ᠱᠠᠲᠤᠨ᠎ᠤ ᠬᠦᠷᠢᠶᠡᠯᠡᠩ ᠲᠣᠭᠣᠷᠢᠭ 48᠂ ᠡᠯ᠎ᠡ ᠲᠥᠷᠥᠯ᠎ᠦᠨ ᠬᠤᠪᠢᠶᠠᠷᠢᠯᠠᠨ ᠰᠠᠯᠭᠠᠵᠤ ᠰᠢᠢᠳᠪᠦᠷᠢᠯᠡᠬᠦ᠌ ᠲᠥᠪ 548 ᠪᠠᠶ᠋ᠢᠭᠤᠯᠵᠤ᠂ ᠠᠦ᠋ᠲ᠋ᠣᠴᠢᠯᠠᠭᠰᠠᠨ ᠬᠤᠪᠢᠶᠠᠷᠢᠯᠠᠨ ᠢᠯᠭᠠᠬᠤ ᠲᠥᠬᠥᠭᠡᠷᠦᠮᠵᠢ 241 ᠢᠵᠢ(ᠵᠤᠷᠪᠤᠰ) ᠲᠣᠬᠢᠷᠠᠭᠤᠯᠵᠤ᠂ ᠲᠦᠷᠭᠡᠨ ᠬᠦᠷᠭᠡᠯᠳᠡ᠎ᠶᠢᠨ ᠵᠦᠢᠯᠡᠰ ᠢ ᠬᠠᠮᠤᠭ᠎ᠤᠨ ᠠᠷᠪᠢᠨ ᠡᠳᠦᠷ ᠦᠨ ᠰᠢᠢᠳᠪᠦᠷᠢᠯᠡᠭᠰᠡᠨ ᠬᠡᠮᠵᠢᠶ᠎ᠡ 1200 ᠲᠦᠮᠡᠨ ᠬᠤᠪᠢ᠎ᠶᠢ ᠳᠠᠪᠠᠵᠠᠢ᠃ ᠲᠦᠷᠭᠡᠨ ᠬᠦᠷᠬᠡᠯᠳᠡ᠎ᠶᠢᠨ ᠠᠵᠢᠯ ᠲᠥᠷᠥᠯ᠎ᠦᠨ ᠣᠶᠤᠨᠴᠢᠯᠠᠯᠳᠡ ᠳᠠᠢᠰᠢ ᠬᠡᠯᠪᠡᠷᠢ᠎ᠪᠡᠨ ᠬᠤᠪᠢᠷᠠᠭᠤᠯᠬᠤ ᠠᠯᠬᠤᠴᠠ ᠲᠦᠷᠭᠡᠰᠴᠦ᠍᠂ AI ᠢᠯᠭᠠᠨ ᠲᠠᠨᠢᠬᠤ᠂ ᠣᠶᠤᠨᠴᠢ᠎ᠪᠠᠷ ᠲᠣᠬᠢᠷᠠᠭᠤᠯᠬᠤ ᠵᠠᠭᠪᠤᠷ᠂ ᠬᠥᠮᠥᠷᠭᠡᠯᠡᠨ ᠬᠠᠳᠠᠭᠠᠯᠠᠵᠤ ᠢᠯᠭᠠᠨ ᠰᠠᠯᠭᠠᠬᠤ ᠮᠠᠰᠢᠨ ᠬᠥᠮᠦᠨ ᠠᠰᠢᠭᠯᠠᠯᠲᠠ᠎ᠳᠤ ᠣᠷᠣᠵᠤ᠂ ᠤᠶᠤᠨᠴᠢ ᠬᠥᠮᠥᠷᠭᠡ᠂ ᠵᠢᠯᠣᠭᠣᠴᠢ ᠥᠬᠡᠶ ᠮᠠᠰᠢᠨ ᠲᠡᠷᠭᠡ᠂ ᠵᠢᠯᠣᠭᠣᠴᠢ ᠥᠬᠡᠶ ᠨᠢᠰᠬᠡᠯ ᠵᠡᠷᠭᠡ ᠵᠢ ᠠᠯᠬᠤᠮ ᠠᠯᠬᠤᠮ᠎ᠢᠶᠠᠷ ᠨᠠᠢᠳᠠᠪᠤᠷᠢᠵᠢᠭᠤᠯᠵᠠᠢ᠃ ᠦᠪᠦᠷ ᠮᠤᠩᠭᠤᠯ 56 ᠲᠦᠮᠡᠨ ᠤᠶᠤᠨᠲᠤ᠌ ᠲᠦᠷᠭᠡᠨ ᠬᠦᠷᠬᠡᠯᠳᠡ᠎ᠶᠢᠨ ᠬᠠᠶ᠋ᠢᠷᠴᠠᠭ᠂ 423 ᠤᠶᠤᠨᠴᠢ ᠥᠷᠲᠡᠭᠡ᠎ᠶᠢ ᠠᠰᠢᠭᠯᠠᠯᠲᠠ᠎ᠳᠤ ᠤᠷᠤᠭᠤᠯᠵᠠᠢ᠃
ᠥᠪᠥᠷ ᠮᠣᠩᠭᠣᠯ ᠤᠨ ᠡᠯ᠎ᠡ ᠠᠶ᠋ᠢᠮᠠᠭ ᠬᠣᠲᠠᠰᠢᠤᠳᠠᠨᠤ ᠦᠨᠳᠦᠰᠦᠨ ᠵᠦᠢᠯᠡᠰ᠎ᠢ ᠳᠠᠭᠠᠭᠠᠨ ᠪᠠᠲᠤᠯᠠᠬᠤ᠎ᠳᠤ ᠲᠦᠰᠢᠭᠯᠡᠨ 《ᠲᠦᠷᠭᠡᠨ ᠬᠦᠷᠬᠡᠯᠳᠡ᠎ᠶᠢ ᠲᠣᠰᠬᠣᠨ᠎ᠳᠤ ᠣᠷᠣᠭᠤᠯᠬᠤ》 ᠶ᠋ᠢ ᠪᠡᠶᠡᠯᠡᠭᠦᠯᠵᠦ᠍᠂ ᠰᠢᠤᠳᠠᠨ᠎ᠤ ᠲᠦᠷᠭᠡᠨ ᠬᠦᠷᠬᠡᠯᠳᠡ᠎ᠶᠢᠨ ᠬᠠᠮᠲᠤᠷᠠᠯᠴᠠᠭ᠎ᠠ᠂ ᠠᠶᠠᠨᠴᠢᠳ ᠪᠠ ᠪᠠᠷᠠᠭ᠎ᠠ᠎ᠶᠢᠨ ᠠᠭᠤᠰᠤᠯᠴᠠᠯ᠂ ᠰᠢᠶᠠᠨ᠎ᠤ ᠰᠢᠭᠤᠳ ᠲᠣᠰᠬᠣᠨ᠎ᠳᠤ ᠬᠦᠷᠬᠡᠬᠦ ᠵᠡᠷᠭᠡ ᠵᠠᠭᠪᠤᠷ᠎ᠢ ᠳᠡᠯᠭᠡᠷᠡᠭᠦᠯᠦᠨ᠂ ᠰᠦᠯᠵᠢᠶᠡᠨ ᠳᠡᠭᠡᠷᠡᠬᠢ ᠪᠠ ᠠᠬᠤᠢ ᠳᠠᠯᠠᠪᠠᠢ᠎ᠶᠢᠨ ᠬᠢᠨᠠᠨ ᠬᠡᠮᠵᠢᠬᠦ ᠲᠣᠭᠲᠠᠴᠠ᠎ᠶᠢ ᠪᠦᠷᠢᠨᠰᠢᠬᠦᠯᠵᠦ᠍ ᠂ ᠲᠣᠰᠬᠣᠨ᠎ᠳᠤ ᠨᠡᠪᠲᠡᠷᠡᠬᠦ᠌ ᠨᠣᠷᠮ᠎ᠠ ᠪᠠ ᠲᠣᠰᠬᠣᠨ᠎ᠤ ᠲᠠᠰ᠎ᠤᠨ ᠥᠷᠲᠡᠭᠡ ᠴᠡᠭ ᠤ᠋ᠨ ᠪᠦᠷᠬᠦᠴᠡ᠎ᠶᠢᠨ ᠨᠣᠷᠮ᠎ᠠ᠎ᠶᠢ ᠳᠡᠭᠡᠭᠰᠢᠯᠡᠭᠦᠯᠵᠠᠢ᠃ ᠴᠥᠭᠡᠨ ᠪᠤᠰᠤ ᠲᠣᠰᠬᠣᠨ᠎ᠤ ᠱᠠᠲᠤᠨ ᠤ ᠥᠷᠲᠡᠭᠡ ᠴᠡᠭ᠎ᠨᠢ ᠬᠡᠯᠪᠡᠷᠢ᠎ᠪᠡᠨ ᠬᠤᠪᠢᠷᠠᠭᠤᠯᠤᠨ 《ᠭᠤᠪᠢᠭᠤᠯᠤᠨ ᠬᠦᠷᠬᠡᠬᠦ᠌ + ᠠᠷᠠᠳ᠎ᠲᠤ᠌ ᠲᠥᠬᠥᠮ ᠦᠵᠡᠭᠦᠯᠬᠦ᠌ + ᠲᠠᠷᠢᠶᠠᠯᠠᠩ᠎ᠢ ᠲᠡᠳᠬᠦᠬᠦ᠌ 》 ᠶᠡᠷᠦᠩᠬᠡᠶ᠋ᠢᠯᠡᠭᠰᠡᠨ ᠦᠢᠯᠡᠴᠢᠯᠡᠭᠡᠨ᠎ᠦ ᠲᠠᠪᠴᠠᠩ ᠪᠣᠯᠵᠣ᠂ ᠮᠠᠯᠵᠢᠬᠤ ᠲᠠᠷᠢᠶᠠᠯᠠᠬᠤ ᠣᠷᠣᠨ ᠤ ᠪᠠᠷᠠᠭᠠᠨ᠎ᠤ ᠬᠦᠢᠯᠭᠡᠭᠡ᠎ᠶᠢᠨ ᠲᠡᠭᠦᠰᠬᠡᠯ ᠴᠡᠭ᠎ᠢ ᠨᠡᠪᠲᠡᠷᠡᠭᠦᠯᠦᠨ᠂ ᠪᠣᠶ᠋ᠢᠳᠠ ᠪᠦᠭᠯᠡᠭᠦᠦ ᠭᠠᠵᠠᠷ ᠣᠷᠣᠨ᠎ᠤ ᠣᠯᠠᠨ ᠲᠦᠮᠡᠨ ᠦ ᠭᠤᠪᠢᠭᠤᠯᠤᠨ ᠬᠦᠷᠬᠡᠬᠦ ᠦᠢᠯᠡᠴᠢᠯᠡᠭᠡ᠎ᠶᠢ ᠠᠳᠠᠯᠢ ᠲᠡᠭᠰᠢ᠎ᠪᠡᠷ ᠭᠥᠷᠳᠡᠬᠦ᠌ ᠶᠢ ᠪᠠᠲᠤᠯᠠᠵᠠᠢ᠃ ᠡᠭᠦᠨ ᠦ ᠬᠠᠮᠲᠤ᠌᠂ ᠥᠪᠥᠷ ᠮᠣᠩᠭᠣᠯ ᠣᠯᠠᠨ ᠤᠯᠤᠰ᠎ᠤᠨ ᠭᠤᠪᠢᠭᠤᠯᠤᠨ ᠬᠦᠷᠭᠡᠬᠦ᠌ ᠲᠤᠬᠠᠶ᠋ᠢᠯᠠᠭᠰᠠᠨ ᠠᠵᠢᠯ ᠢ ᠦᠷᠭᠦᠯᠵᠢᠯᠡᠨ ᠴᠢᠩᠭᠠᠳᠬᠠᠵᠤ᠂ ᠥᠪᠥᠷ ᠮᠣᠩᠭᠣᠯ᠎ᠤᠨ ᠴᠢᠯᠥᠭᠡᠲᠦ᠍ ᠠᠷᠠᠯᠵᠢᠶᠠᠨ᠎ᠤ ᠲᠤᠷᠰᠢᠯᠲᠠ᠎ᠶᠢᠨ ᠣᠷᠣᠨ ᠤ ᠪᠥᠲᠥᠭᠡᠨ ᠪᠠᠶ᠋ᠢᠭᠤᠯᠤᠯᠲᠠ᠎ᠲᠠᠶ ᠭᠦᠨᠵᠡᠭᠡᠶ ᠵᠣᠯᠭᠠᠭᠤᠯᠵᠤ᠂ ᠳᠤᠮᠳᠠᠳᠤ ᠮᠣᠩᠭᠣᠯ ᠣᠷᠣᠰ ᠤᠨ ᠠᠵᠤ ᠠᠬᠤᠶ᠎ᠶᠢᠨ ᠬᠣᠩᠭᠢᠯ᠎ᠳᠤ ᠦᠢᠯᠡᠴᠢᠯᠡᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃