ᠲᠡᠷᠢᠭᠦᠨ ᠨᠢᠭᠤᠷ>ᠴᠠᠭ ᠲᠦᠷᠦ>ᠠᠵᠤ ᠠᠬᠤᠢ

2026-11-13 11:36:07

ᠵᠣᠬᠢᠶᠠᠭ᠍ᠴᠢ᠄ ᠼᠠᠢ ᠬᠤᠡᠭ ᠣᠩᠱᠢᠭ᠍ᠰᠠᠨ ᠣᠳᠠᠭ᠎ᠠ᠄ 3

ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠰᠤᠨᠢᠨ ᠮᠡᠳᠡᠭᠡᠨ ᠤ᠋ ᠠᠯᠪᠠᠨ ᠭᠡᠷ ᠤ᠋ᠨ ᠬᠤᠷᠡᠯᠳᠤᠭᠤᠯᠤᠬᠰᠠᠨ ᠪᠡᠭᠡᠵᠢᠡᠭ ᠦᠪᠦᠷ ᠮᠤᠡᠭᠭᠤᠯ ᠤ᠋ᠨ ᠬᠠᠮᠵᠢᠯᠴᠠᠭ᠎ᠠ ᠶ᠋ᠢᠨ 30 ᠵᠢᠯ ᠤ᠋ᠨ ᠲᠤᠰᠬᠠᠢ ᠰᠡᠳᠦᠪᠲᠦ ᠰᠤᠨᠢᠨ ᠮᠡᠳᠡᠭᠡ ᠨᠡᠢᠲᠡᠯᠡᠬᠦ ᠬᠤᠷᠠᠯ ᠡᠴᠡ ᠤᠢᠯᠠᠭᠠᠭᠰᠠᠨ ᠶ᠋ᠢᠡᠷ᠂ ᠣᠶ᠋ᠢᠷ᠎ᠠ ᠵᠢᠨ ᠵᠢᠯ ᠳ᠋ᠤ ᠮᠠᠨ ᠤ᠋ ᠤᠷᠤᠨ ᠪᠡᠭᠡᠵᠢᠩ ᠬᠣᠲᠠ᠎ᠯᠤᠭ᠎ᠠ ᠡᠨᠧᠷᠭᠢ ᠵᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶ᠋ᠢᠷᠡᠭᠦᠯᠵᠦ᠍᠂ ᠦᠪᠤᠷ ᠮᠤᠩᠭᠤᠯ ᠤ᠋ᠨ ᠡᠬᠢ ᠪᠠᠶᠠᠯᠢᠭ ᠤ᠋ᠨ ᠳᠠᠪᠠᠭᠤᠯᠢᠭ ᠬᠢᠭᠡᠳ ᠨᠡᠶ᠋ᠢᠰᠯᠡᠯ ᠪᠡᠬᠡᠵᠢᠩ ᠤ᠋ᠨ ᠵᠠᠬ᠎ᠠ ᠳᠡᠯᠭᠡᠭᠦᠷ᠂ ᠮᠡᠷᠭᠡᠵᠢᠯ ᠪᠠ ᠬᠥᠷᠥᠩᠭᠡ ᠵᠢᠨ ᠳᠠᠪᠠᠭᠤᠯᠢᠭ ᠢ᠋ ᠤᠶᠠᠯᠳᠤᠭᠤᠯᠤᠨ ᠠᠬᠢᠭᠤᠯᠵᠤ᠂ ᠡᠯ᠎ᠡ ᠵᠦᠢᠯ ᠤ᠋ᠨ ᠠᠵᠢᠯ ᠳ᠋ᠤ ᠱᠠᠳᠤᠴᠢ ᠴᠢᠨᠠᠷᠲᠠᠶ ᠦᠷ᠎ᠡ ᠪᠦᠲᠦᠮᠵᠢ ᠤᠯᠪᠠ᠃

ᠣᠳᠣᠬᠠᠨ᠎ᠳᠤ  ᠮᠠᠨ ᠤ᠋ ᠤᠷᠤᠨ ᠲᠠᠭ᠎ᠠ ᠵᠢᠨ ᠨᠠᠭᠤᠷ — ᠱᠦᠨ   ᠢ᠂ ᠵᠢᠩ ᠯᠦᠩ — ᠹᠠᠩ ᠱᠠᠨ ᠤ᠋ ᠭᠠᠳᠠᠭᠰᠢ ᠴᠠᠬᠢᠯᠭᠠᠨ ᠬᠦᠷᠭᠡᠬᠦ ᠱᠤᠭᠤᠮ ᠶ᠋ᠢᠡᠷ ᠳᠠᠮᠵᠢᠨ ᠵᠢᠯ ᠪᠦᠷᠢ ᠳᠤᠮᠳᠠᠴᠢ ᠪᠡᠷ ᠪᠡᠭᠡᠵᠢᠡᠭ ᠬᠤᠳᠠ ᠳ᠋ᠦ 150 ᠳ᠋ᠦᠩᠰᠢᠭᠤᠷ ᠭᠷᠠᠳᠦ᠋ᠰ ᠤ᠋ᠨ ᠪᠤᠬᠢᠷᠳᠤᠯ ᠦᠭᠡᠢ ᠴᠠᠬᠢᠯᠭᠠᠨ ᠬᠦᠷᠭᠡᠵᠤ᠂ 500 ᠲᠦᠮᠡᠨ ᠲᠣᠨ ᠨᠡᠭᠦᠷᠡᠰᠦ ᠠᠷᠪᠢᠯᠠᠨ᠂ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ ᠤ᠋ᠨ ᠭᠠᠳᠠᠭᠰᠢᠯᠠᠭᠤᠯᠤᠯᠲᠠ ᠵᠢ 1200 ᠲᠦᠮᠡ ᠰᠢᠬᠠᠮ ᠲᠣᠨ ᠪᠠᠭᠠᠰᠬᠠᠪᠠ᠃ ᠡᠭᠦᠨ ᠡᠴᠡ ᠭᠠᠳᠠᠨ᠎ᠠ᠂ ᠰᠢᠯᠢ ᠶ᠋ᠢᠨ ᠭᠤᠤᠯ ᠠᠢᠮᠠᠭ ᠤ᠋ᠨ ᠱᠠᠡᠭᠳᠤ ᠶ᠋ᠢᠨ ᠰᠢᠨ᠎ᠡ ᠡᠨ᠋ᠸᠷᠬᠢ ᠶ᠋ᠢᠨ ᠭᠠᠳᠠᠭᠰᠢ ᠬᠦᠷᠭᠡᠬᠦ ᠰᠠᠭᠤᠷᠢᠨ ᠤ᠋ 100 ᠲᠦᠮᠡᠨ ᠺᠢᠯᠤᠸᠠᠲ ᠤ᠋ᠨ ᠰᠠᠯᠬᠢᠨ ᠬᠦᠴᠦᠨ ᠶ᠋ᠢᠡᠷ ᠴᠠᠬᠢᠯᠭᠠᠨ ᠭᠠᠷᠭᠠᠬᠤ ᠲᠦᠷᠦᠯ ᠵᠦᠢᠯ ᠨᠢᠭᠡᠨᠲᠡ ᠪᠠᠷᠢᠯᠭ᠎ᠠ ᠡᠬᠢᠯᠡᠵᠦ᠂ ᠤᠷᠳᠤᠰ ᠤ᠋ᠨ ᠦᠪᠦᠷ ᠮᠤᠡᠭᠭᠤᠯ ᠤ᠋ᠨ ᠪᠠᠷᠠᠭᠤᠨ ᠬᠡᠰᠡᠭ ᠤ᠋ᠨ ᠲᠤᠭᠲᠠᠬᠤ ᠰᠢᠶᠠᠨ ᠤ᠋ ᠬᠤᠶᠠᠳᠤᠭᠠᠷ ᠬᠤᠭᠤᠴᠠᠭᠠᠨ ᠤ᠋ 150 ᠲᠦᠮᠡᠨ ᠺᠢᠯᠤᠸᠠᠲ ᠤ᠋ᠨ ᠭᠡᠷᠡᠯᠴᠢ ᠴᠡᠨᠡᠭ ᠶ᠋ᠢᠡᠷ ᠡᠯᠡᠰᠦ ᠵᠢ ᠵᠠᠰᠠᠬᠤ ᠲᠦᠷᠦᠯ ᠵᠦᠢᠯ᠂ ᠤᠯᠠᠭᠠᠨᠴᠠᠪ ᠤ᠋ᠨ ᠵᠢᠡᠭ ᠳᠠ 1500MW 《ᠰᠠᠯᠬᠢᠨ ᠬᠦᠴᠦ ᠭᠡᠷᠡᠯᠴᠢ ᠴᠡᠨᠡᠭ ᠢᠯᠴᠢ ᠶ᠋ᠢᠨ ᠴᠠᠬᠢᠯᠭᠠᠨ ᠪᠠ ᠤᠰᠤᠳᠦ᠋ᠷᠦᠭᠴᠢ ᠬᠠᠳᠠᠭᠠᠯᠠᠬᠤ ᠵᠢ ᠨᠢᠭᠡ ᠴᠤᠭᠴᠠᠵᠢᠭᠤᠯᠬᠤ》 ᠲᠤᠮᠤ ᠬᠡᠯᠪᠡᠷᠢ ᠶ᠋ᠢᠨ ᠰᠠᠯᠬᠢᠨ ᠬᠦᠴᠦᠨ ᠤ᠋ ᠴᠠᠬᠢᠯᠭᠠᠨ ᠭᠡᠷᠡᠯᠴᠢ ᠴᠡᠨᠡᠭ ᠤ᠋ᠨ ᠰᠠᠭᠤᠷᠢᠨ ᠤ᠋ ᠲᠦᠷᠦᠯ ᠵᠦᠢᠯ ᠢ᠋ ᠤᠢᠷ᠎ᠠ ᠳ᠋ᠦ ᠪᠠᠷᠢᠯᠭ᠎ᠠ ᠡᠬᠢᠯᠡᠭᠦᠯᠤᠨ᠂ 2027 ᠤᠨ ᠤ᠋ ᠰᠡᠭᠦᠯᠴᠢ ᠪᠡᠷ ᠠᠰᠢᠭᠯᠠᠯᠲᠠ ᠳ᠋ᠦ ᠤᠷᠤᠭᠤᠯᠵᠤ᠂ ᠲᠤᠬᠠᠢ ᠶ᠋ᠢᠨ ᠦᠶ᠎ᠡ ᠳ᠋ᠦ ᠮᠠᠨ ᠤ᠋ ᠤᠷᠤᠨ ᠤ᠋ ᠵᠢᠯ ᠪᠦᠷᠢ ᠶ᠋ᠢᠨ ᠪᠡᠭᠡᠵᠢᠡᠭ ᠳ᠋ᠦ ᠬᠦᠷᠭᠡᠬᠦ ᠪᠤᠬᠢᠷᠳᠤᠯ ᠦᠭᠡᠢ ᠴᠠᠬᠢᠯᠭᠠᠨ ᠤ᠋ ᠬᠡᠮᠵᠢᠶ᠎ᠡ 240 ᠳ᠋ᠦᠡᠭᠰᠢᠭᠤᠷ ᠭᠷᠠᠳᠦ᠋ᠰ ᠲᠦ᠍ ᠬᠦᠷᠬᠦ ᠪᠤᠯᠤᠨ᠎ᠠ᠃

ᠮᠠᠨ ᠤ᠋ ᠤᠷᠤᠨ ᠪᠡᠭᠡᠵᠢᠡᠭ ᠬᠤᠳᠠ ᠶ᠋ᠢᠨ ᠪᠤᠬᠢᠷᠳᠤᠯ ᠦᠭᠡᠢ ᠡᠨ᠋ᠸᠷᠬᠢ ᠵᠢᠨ ᠬᠡᠷᠡᠭᠴᠡᠭᠡ ᠱᠠᠭᠠᠷᠳᠠᠯᠭ᠎ᠠ ᠳ᠋ᠦ ᠠᠡᠭᠬᠠᠷᠤᠯ ᠶ᠋ᠢᠡᠨ ᠲᠦᠪᠯᠡᠷᠡᠭᠦᠯᠵᠦ᠂ ᠪᠡᠭᠡᠵᠢᠡᠭ ᠤ᠋ᠨ ᠴᠢᠨᠠᠷ ᠰᠠᠢᠲᠠᠢ ᠠᠵᠤ ᠠᠬᠤᠢᠯᠠᠯ ᠤ᠋ᠨ ᠦᠪᠤᠷ ᠮᠤᠩᠭᠤᠯ ᠤ᠋ᠨ ᠰᠢᠨ᠎ᠡ ᠡᠨ᠋ᠸᠷᠬᠢ ᠵᠢ ᠨᠡᠭᠡᠭᠡᠨ ᠬᠦᠭᠵᠢᠭᠦᠯᠬᠦ ᠳ᠋ᠦ ᠤᠷᠤᠯᠴᠠᠬᠤ ᠵᠢ ᠢᠳᠡᠪᠬᠢᠲᠡᠢ ᠳᠡᠮᠵᠢᠵᠤ ᠪᠠᠢᠨ᠎ᠠ᠃ ᠤᠳᠤᠬᠠᠨ ᠳ᠋ᠦ ᠵᠢᠡᠭ ᠨᠸᠡᠭ᠂ ᠵᠢᠡᠭ ᠳ᠋ᠦᠡᠭ ᠹᠠᠡᠭ᠂ ᠵᠢᠡᠭ ᠶᠦ᠋ᠨ ᠲᠦᠡᠭ ᠵᠡᠷᠭᠡ ᠭᠤᠤᠯᠳᠠᠯᠭ᠎ᠠ ᠲᠠᠢ ᠠᠵᠤ ᠠᠬᠤᠢᠯᠠᠯ ᠦᠪᠤᠷ ᠮᠤᠩᠭᠤᠯ ᠳ᠋ᠦ ᠨᠢᠭᠡ ᠪᠦᠯᠦᠭ ᠰᠢᠨ᠎ᠡ ᠡᠨ᠋ᠸᠷᠬᠢ ᠶ᠋ᠢᠨ ᠲᠦᠷᠦᠯ ᠵᠦᠢᠯ ᠢ᠋ ᠪᠠᠢᠷᠢᠰᠢᠭᠤᠯᠤᠨ ᠪᠠᠢᠭᠤᠯᠵᠤ᠂ ᠨᠢᠭᠡᠨᠲᠡ ᠪᠠᠢᠭᠤᠯᠤᠭᠰᠠᠨ ᠬᠡᠪᠴᠢᠶ᠎ᠡ ᠨᠢ ᠨᠡᠶ᠋ᠢᠲᠡ 1000 ᠲᠦᠮᠡᠨ ᠺᠢᠯᠦᠸᠠᠲ ᠢ᠋ ᠳᠠᠪᠠᠨ᠂ ᠪᠠᠢᠭᠤᠯᠵᠤ ᠪᠠᠢᠭ᠎ᠠ ᠪᠠ ᠪᠠᠢᠭᠤᠯᠬᠤ ᠪᠡᠷ ᠪᠠᠢᠭ᠎ᠠ ᠬᠡᠪᠴᠢᠶ᠎ᠡ ᠨᠢ 500 ᠲᠦᠮᠡᠨ ᠺᠢᠯᠦᠸᠠᠲ ᠢ᠋ ᠳᠠᠪᠠᠵᠤ᠂ ᠶᠡᠬᠡ ᠬᠡᠪᠴᠢᠶᠡᠨ ᠤ᠋ ᠪᠤᠬᠢᠷᠳᠤᠯ ᠦᠭᠡᠢ ᠴᠠᠬᠢᠯᠭᠠᠨ ᠢ᠋ ᠪᠡᠭᠡᠵᠢᠡᠭ ᠳ᠋ᠦ ᠬᠦᠷᠭᠡᠬᠦ ᠳ᠋ᠦ ᠪᠠᠳᠤ ᠪᠡᠬᠢ ᠠᠵᠤ ᠦᠢᠯᠡᠰ ᠤ᠋ᠨ ᠰᠠᠭᠤᠷᠢ ᠵᠢ ᠲᠠᠯᠪᠢᠪᠠ᠃

ᠮᠠᠨ ᠤ᠋ ᠤᠷᠤᠨ ᠨᠢᠬᠡᠨᠳᠡ ᠪᠡᠭᠡᠵᠢᠡᠭ ᠬᠤᠲᠠ ᠳ᠋ᠦ ᠴᠠᠬᠢᠯᠭᠠᠨ ᠬᠦᠷᠭᠡᠬᠦ 1000 ᠺᠢᠯᠦᠸᠠᠲ ᠤ᠋ᠨ ᠣᠨᠴᠠ ᠥᠨᠳᠥᠷ ᠬᠦᠴᠦᠳᠡᠯᠲᠦ᠍ ᠴᠠᠬᠢᠯᠭᠠᠨ᠂ 500 ᠺᠢᠯᠦᠸᠠᠲ ᠤ᠋ᠨ 《ᠴᠡᠭ ᠡᠴᠡ ᠲᠣᠣᠷ ᠲᠦ᠍ ᠬᠦᠷᠬᠦ》᠂《ᠲᠣᠣᠷ ᠡᠴᠡ ᠲᠣᠣᠷ ᠲᠦ᠍ ᠬᠦᠷᠬᠦ》ᠭᠠᠳᠠᠭᠰᠢ ᠴᠠᠬᠢᠯᠭᠠᠨ ᠬᠦᠷᠭᠡᠬᠦ᠌ ᠤᠯᠠᠨ ᠵᠤᠷᠪᠤᠰ ᠱᠤᠭᠤᠮ ᠢ᠋ ᠪᠠᠶ᠋ᠢᠭᠤᠯᠵᠤ᠂ ᠪᠦᠲᠦᠴᠡ ᠲᠡᠭᠦᠯᠳᠡᠷ᠂ ᠪᠠᠲᠤᠯᠠᠭ᠎ᠠ ᠲᠠᠢ ᠣᠷᠣᠨ ᠪᠦᠰᠡ ᠠᠯᠤᠰᠯᠠᠨ ᠴᠠᠬᠢᠯᠭᠠᠨ ᠬᠦᠷᠭᠡᠬᠦ᠌ ᠰᠢᠰᠲ᠋ᠧᠮ ᠢ᠋ ᠪᠤᠢ ᠪᠣᠯᠭᠠᠨ᠂ ᠴᠠᠬᠢᠯᠭᠠᠨ ᠬᠦᠷᠭᠡᠬᠦ᠌ ᠶᠡᠷᠦᠩᠬᠡᠢ ᠴᠢᠳᠠᠪᠤᠷᠢ ᠨᠢ 2400 ᠲᠦᠮᠡ ᠰᠢᠬᠠᠮ ᠺᠢᠯᠦᠸᠠᠲ ᠲᠦ᠍ ᠬᠦᠷᠴᠡᠢ᠃ ᠡᠭᠦᠨ᠎ᠦ ᠬᠠᠮᠲᠤ᠌᠂ ᠪᠡᠭᠡᠵᠢᠩ ᠤ᠋ᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠤ᠋ᠨ ᠰᠢᠨ᠎ᠡ ᠵᠢ ᠡᠭᠦᠳᠬᠦ᠌ ᠠᠵᠤ ᠠᠬᠤᠶ᠋ᠢᠯᠠᠯ ᠢ᠋ ᠢᠳᠡᠪᠬᠢᠲᠡᠶ ᠣᠷᠣᠭᠤᠯᠤᠨ ᠰᠢᠨ᠎ᠡ ᠬᠡᠯᠪᠡᠷᠢ ᠵᠢᠨ ᠡᠨᠧᠷᠭᠢ ᠬᠠᠳᠠᠭᠠᠯᠠᠬᠤ ᠲᠥᠷᠥᠯ ᠵᠦᠢᠯ ᠢ᠋ ᠪᠠᠶ᠋ᠢᠷᠢᠰᠢᠭᠤᠯᠵᠤ᠂ ᠪᠣᠬᠢᠷᠲᠤᠯ ᠥᠬᠡᠶ ᠴᠠᠬᠢᠯᠭᠠᠨ ᠢ᠋ ᠲᠣᠭᠲᠠᠭᠤᠨ ᠵᠢᠡᠷ ᠭᠠᠳᠠᠭᠰᠢ ᠬᠦᠷᠭᠡᠬᠦ᠌᠎ᠳᠦ ᠪᠠᠲᠤ᠌ ᠴᠢᠩᠭ᠎ᠠ ᠲᠤᠯᠭᠠᠭᠤᠷᠢᠯᠠᠯ ᠬᠠᠩᠭᠠᠪᠠ᠃

ᠤᠳᠤ ᠮᠠᠨ ᠤ᠋ ᠤᠷᠤᠨ ᠶᠠᠭ ᠪᠦᠬᠦ ᠤᠯᠤᠰ ᠤ᠋ᠨ ᠠᠡᠭᠬᠠᠳᠠᠭᠴᠢ ᠮᠤᠵᠢ ᠤᠷᠤᠨ ᠠᠯᠤᠰᠯᠠᠭᠰᠠᠨ ᠠᠯᠤᠰ ᠵᠠᠢ ᠶ᠋ᠢᠨ ᠤᠰᠤᠳᠦ᠋ᠷᠦᠭᠴᠢ ᠳᠠᠮᠵᠢᠭᠤᠯᠬᠤ ᠬᠤᠭᠤᠯᠠᠢ — ᠳᠤᠮᠳᠠᠳᠤ ᠤᠯᠤᠰ ᠤ᠋ᠨ ᠴᠢᠯᠠᠭᠤᠨ ᠲᠤᠰᠤ ᠬᠢᠮᠢ ᠶ᠋ᠢᠨ ᠠᠵᠤ ᠦᠢᠯᠡᠳᠪᠦᠷᠢ ᠶ᠋ᠢᠨ ᠪᠦᠯᠦᠭᠯᠡᠯ ᠺᠤᠮᠫᠠᠨᠢ ᠶ᠋ᠢᠨ ᠤᠯᠠᠭᠠᠨᠴᠠᠪ ᠡᠴᠡ ᠪᠡᠭᠡᠵᠢᠡᠭ ᠲᠢᠶᠠᠨᠵᠢᠨ ᠾᠸᠪᠸᠢ ᠬᠦᠷᠬᠦ ᠤᠰᠤᠳᠦ᠋ᠷᠦᠭᠴᠢ ᠳᠠᠮᠵᠢᠭᠤᠯᠬᠤ ᠬᠤᠭᠤᠯᠠᠢ ᠶ᠋ᠢᠨ ᠡᠮᠦᠨᠡᠬᠢ ᠬᠤᠭᠤᠴᠠᠭᠠᠨ ᠤ᠋ ᠠᠵᠢᠯ ᠢ᠋ ᠡᠷᠴᠢᠮ ᠲᠠᠢ ᠠᠬᠢᠭᠤᠯᠵᠤ᠂ ᠤᠢᠷ᠎ᠡ ᠶ᠋ᠢᠨ ᠬᠤᠭᠤᠴᠠᠭᠠᠨ ᠳ᠋ᠦ ᠵᠢᠯ ᠪᠦᠷᠢ 10 ᠲᠦᠮᠡᠨ ᠳᠤᠨ ᠤᠰᠤᠳᠦ᠋ᠷᠦᠭᠴᠢ ᠳᠠᠮᠵᠢᠭᠤᠯᠵᠤ᠂ ᠬᠤᠵᠢᠮ ᠵᠢᠯ ᠪᠦᠷᠢ 50 ᠲᠦᠮᠡᠨ ᠳᠤᠨ ᠳᠠᠮᠵᠢᠭᠤᠯᠬᠤ ᠪᠡᠷ ᠲᠦᠯᠦᠪᠯᠡᠵᠦ ᠪᠠᠢᠨ᠎ᠠ᠃ ᠲᠤᠰ ᠲᠦᠷᠦᠯ ᠵᠦᠢᠯ ᠨᠢ ᠠᠰᠢᠭᠯᠠᠯᠲᠠ ᠳ᠋ᠦ ᠤᠷᠤᠭᠰᠠᠨ ᠤ᠋ ᠳᠠᠷᠠᠭ᠎ᠠ ᠦᠪᠤᠷ ᠮᠤᠩᠭᠤᠯ ᠤ᠋ᠨ ᠪᠤᠬᠢᠷᠳᠤᠯ ᠦᠭᠡᠢ ᠤᠰᠤᠳᠦ᠋ᠷᠦᠭᠴᠢ ᠶ᠋ᠢᠨ ᠪᠡᠭᠡᠵᠢᠡᠭ ᠳ᠋ᠦ ᠰᠢᠭᠤᠳ ᠬᠦᠷᠬᠦ ᠵᠠᠮ ᠱᠤᠭᠤᠮ ᠢ᠋ ᠨᠡᠪᠲᠡᠷᠡᠭᠦᠯᠵᠦ᠂ ᠤᠷᠤᠨ ᠪᠦᠰᠡ ᠶ᠋ᠢᠨ ᠤᠰᠤᠳᠦ᠋ᠷᠦᠭᠴᠢ  ᠡᠨ᠋ᠸᠷᠬᠢ ᠶ᠋ᠢᠨ ᠠᠵᠤ ᠦᠢᠯᠡᠰ ᠤ᠋ᠨ ᠬᠠᠮᠵᠢᠯᠴᠠᠨ ᠬᠦᠭᠵᠢᠬᠦ ᠳ᠋ᠦ ᠬᠦᠴᠦᠨ ᠨᠡᠮᠡᠷᠢᠯᠡᠬᠦ ᠪᠤᠯᠤᠨ᠎ᠠ᠃

ᠮᠠᠨ ᠤ᠋ ᠤᠷᠤᠨ ᠭᠤᠤᠯ ᠪᠤᠯᠬᠤ ᠰᠢᠲᠠᠮᠠᠬᠠᠢ ᠬᠡᠢ ᠶ᠋ᠢᠨ ᠠᠢ ᠰᠠᠪᠠ ᠶ᠋ᠢᠨ ᠭᠠᠷᠤᠯᠲᠠ ᠵᠢ ᠲᠤᠭᠲᠠᠪᠤᠷᠢᠵᠢᠭᠤᠯᠤᠨ ᠨᠡᠮᠡᠭᠳᠡᠭᠦᠯᠬᠦ ᠠᠵᠢᠯ ᠢ᠋ ᠦᠷᠬᠦᠯᠵᠢᠯᠡᠨ ᠰᠠᠢᠳᠤᠷ ᠠᠳᠬᠤᠵᠤ᠂ ᠤᠢᠷ᠎ᠡ ᠶ᠋ᠢᠨ ᠭᠤᠷᠪᠠᠨ ᠵᠢᠯ ᠤ᠋ᠨ ᠪᠠᠢᠭᠠᠯᠢ ᠶ᠋ᠢᠨ ᠰᠢᠲᠠᠮᠠᠬᠠᠢ ᠬᠡᠢ ᠶ᠋ᠢᠨ ᠭᠠᠷᠤᠯᠲᠠ 310 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲ᠋ᠷ ᠡᠴᠡ ᠳᠡᠭᠡᠭᠰᠢᠬᠢ ᠦᠨᠳᠦᠷ ᠲᠦᠪᠰᠢᠨ ᠢ᠋ ᠪᠠᠲᠤᠯᠠᠪᠠ᠃ ᠡᠭᠦᠨ ᠳ᠋ᠦ 60% ᠡᠴᠡ ᠳᠡᠭᠡᠭᠰᠢᠬᠢ ᠰᠢᠲᠠᠮᠠᠬᠠᠢ ᠬᠡᠢ ᠵᠢ ᠪᠡᠭᠡᠵᠢᠡᠭ ᠵᠢᠴᠢ ᠡᠷᠬᠢᠨ ᠲᠤᠭᠤᠷᠢᠨ ᠤ᠋ ᠭᠠᠵᠠᠷ ᠤᠷᠤᠨ ᠳ᠋ᠦ ᠰᠢᠭᠤᠳ ᠬᠠᠡᠭᠭᠠᠵᠤ᠂ ᠨᠡᠢᠰᠯᠡᠯ ᠤ᠋ᠨ ᠠᠷᠠᠳ ᠲᠦᠮᠡᠨ ᠤ᠋ ᠡᠳᠦᠷ ᠲᠤᠳᠤᠮ ᠤ᠋ᠨ ᠬᠡᠷᠡᠭᠯᠡᠭᠡᠨ ᠤ᠋ ᠰᠢᠲᠠᠮᠠᠬᠠᠢ ᠬᠡᠢ ᠶ᠋ᠢᠨ ᠠᠮᠤᠷ ᠲᠦᠪᠰᠢᠨ ᠪᠤᠯᠤᠨ ᠤᠷᠤᠨ ᠪᠦᠰᠡ ᠶ᠋ᠢᠨ ᠡᠨ᠋ᠸᠷᠬᠢ ᠶ᠋ᠢᠨ ᠲᠤᠭᠲᠠᠭᠤᠨ ᠡᠷᠬᠢᠯᠳᠡ ᠳ᠋ᠦ ᠦᠪᠦᠷ ᠮᠤᠡᠭᠭᠤᠯ ᠤ᠋ᠨ ᠬᠦᠴᠦᠨ ᠴᠢᠳᠠᠯ ᠶ᠋ᠢᠡᠨ ᠡᠷᠬᠦᠵᠦ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面