ᠲᠡᠷᠢᠭᠦᠨ ᠨᠢᠭᠤᠷ>ᠴᠠᠭ ᠲᠦᠷᠦ>ᠠᠵᠤ ᠠᠬᠤᠢ

2026-11-14 13:38:27

ᠵᠣᠬᠢᠶᠠᠭ᠍ᠴᠢ᠄ ᠦᠨᠢᠷ ᠣᠩᠱᠢᠭ᠍ᠰᠠᠨ ᠣᠳᠠᠭ᠎ᠠ᠄ 3

11 ᠰᠠᠷ᠎ᠠ ᠢ᠋ᠢᠨ 12 ᠤ᠋ᠨ ᠦᠳᠡ ᠢ᠋ᠢᠨ ᠬᠤᠢᠨ᠎ᠠ᠂ ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠰᠤᠨᠢᠨ ᠮᠡᠳᠡᠭᠡᠨ ᠤ᠋ ᠠᠯᠪᠠᠨ ᠭᠡᠷ ᠡᠴᠡ ᠳᠤᠮᠳᠠᠳᠤ ᠤᠯᠤᠰ (ᠦᠪᠦᠷ ᠮᠤᠡᠭᠭᠤᠯ) ᠤ᠋ᠨ ᠴᠢᠯᠦᠭᠡᠲᠤ ᠠᠷᠠᠯᠵᠢᠶᠠᠨ ᠤ᠋ ᠲᠤᠷᠰᠢᠯᠲᠠ ᠢ᠋ᠢᠨ ᠤᠷᠤᠨ ᠤ᠋ ᠲᠤᠬᠠᠢ ᠰᠤᠨᠢᠨ ᠮᠡᠳᠡᠭᠡ ᠨᠠᠢᠲᠡᠯᠡᠬᠦ ᠬᠤᠷᠠᠯ ᠬᠢᠵᠤ᠂ ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠰᠤᠨᠢᠨ ᠮᠡᠳᠡᠭᠡᠨ ᠤ᠋ ᠦᠭᠦᠯᠡᠭᠴᠢ ᠡᠴᠡ ᠦᠪᠦᠷ ᠮᠤᠡᠭᠭᠤᠯ ᠤ᠋ᠨ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠢ᠋ᠢᠨ ᠣᠷᠣᠨ ᠢ᠋ ᠪᠥᠲᠥᠭᠡᠨ ᠪᠠᠶ᠋ᠢᠭᠤᠯᠬᠤ ᠵᠥᠪᠰᠢᠶᠡᠷᠡᠯ ᠣᠯᠤᠭᠰᠠᠨ ᠡᠴᠡ ᠨᠠᠭᠠᠰᠢᠬᠢ ᠭᠤᠤᠯᠳᠠᠯᠭ᠎ᠠ ᠲᠠᠢ ᠠᠵᠢᠯ ᠢ᠋ ᠲᠠᠨᠢᠯᠴᠠᠭᠤᠯᠪᠠ᠃

ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠢ᠋ᠢᠨ ᠣᠷᠣᠨ ᠢ᠋ ᠪᠥᠲᠥᠭᠡᠨ ᠪᠠᠶ᠋ᠢᠭᠤᠯᠬᠤ ᠪᠣᠯ ᠤᠯᠤᠰ ᠤ᠋ᠨ ᠭᠠᠳᠠᠭᠠᠳᠤ ᠨᠡᠭᠡᠭᠡᠯᠲᠡ ᠢ᠋ᠢᠨ ᠪᠠᠶ᠋ᠢᠷᠢᠰᠢᠯ ᠢ᠋ ᠲᠡᠭᠦᠯᠳᠡᠷᠵᠢᠭᠦᠯᠬᠦ᠌᠂ ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠢ᠋ᠢ ᠪᠥᠲᠥᠭᠡᠨ ᠪᠠᠶ᠋ᠢᠭᠤᠯᠬᠤ ᠢ᠋ᠢᠨ ᠵᠠᠩᠭᠢᠯᠠᠭ᠎ᠠ ᠢ᠋ᠢᠨ ᠠᠷᠭ᠎ᠠ ᠬᠡᠮᠵᠢᠶ᠎ᠡ ᠪᠣᠯᠤᠨ᠎ᠠ᠃ ᠦᠪᠡᠷᠲᠡᠭᠡᠨ ᠵᠠᠰᠠᠬᠤ ᠤᠷᠤᠨ ᠡᠴᠡ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠢ᠋ᠢᠨ ᠣᠷᠣᠨ ᠤ᠋ ᠪᠦᠳᠦᠭᠡᠨ ᠪᠠᠶ᠋ᠢᠭᠤᠯᠤᠯᠲᠠ ᠢ᠋ᠢ ᠴᠢᠬᠤᠯᠠ ᠶᠡᠬᠡ ᠤᠯᠤᠰ ᠲᠦᠷᠦ ᠢ᠋ᠢᠨ ᠡᠭᠦᠷᠭᠡ ᠪᠠ ᠨᠡᠭᠡᠭᠡᠯᠲᠡᠲᠦ᠍ ᠬᠥᠭᠵᠢᠯᠲᠡ ᠢ᠋ᠢᠨ ᠲᠡᠷᠢᠭᠦᠨ ᠴᠢᠬᠤᠯᠠ ᠢᠨᠵᠧᠨᠧᠷᠢᠩ ᠪᠤᠯᠭᠠᠵᠤ᠂ 81 ᠵᠦᠢᠯ ᠤ᠋ᠨ ᠥᠭᠡᠷᠡᠴᠢᠯᠡᠯᠲᠡ ᠢ᠋ᠢᠨ ᠲᠤᠷᠰᠢᠯᠲᠠ ᠢ᠋ᠢᠨ ᠡᠭᠦᠷᠭᠡ ᠢ᠋ᠢ ᠦᠪᠤᠷ ᠮᠤᠩᠭᠤᠯ ᠤ᠋ᠨ ᠴᠢᠯᠦᠬᠡᠳᠤ ᠠᠷᠠᠯᠵᠢᠶᠠᠨ ᠤ᠋ ᠲᠤᠷᠰᠢᠯᠳᠠ ᠵᠢᠨ ᠤᠷᠤᠨ ᠤ᠋ ᠭᠤᠷᠪᠠᠨ ᠬᠡᠰᠡᠭ ᠪᠤᠯᠤᠨ ᠬᠤᠯᠪᠤᠭᠳᠠᠯ ᠪᠦᠬᠦᠢ 29 ᠲᠢᠩᠬᠢᠮ ᠲᠣᠪᠴᠢᠢ᠎ᠠ ᠳ᠋ᠤ ᠬᠤᠪᠢᠶᠠᠷᠢᠯᠠᠨ ᠦᠭᠴᠤ᠂ ᠡᠯ᠎ᠡ ᠵᠦᠢᠯ ᠤ᠋ᠨ ᠡᠭᠦᠷᠭᠡ ᠢ᠋ᠢ ᠥᠨᠳᠥᠷ ᠪᠦᠲᠦᠮᠵᠢᠲᠡᠢ ᠪᠡᠷ ᠠᠬᠢᠭᠤᠯᠵᠤ᠂ ᠣᠳᠣᠬᠠᠨ ᠳ᠋ᠤ ᠤᠯᠠᠨ ᠵᠦᠢᠯ ᠤ᠋ᠨ ᠦᠵᠤ ᠲᠦᠯᠦᠪᠯᠡᠭᠡ ᠢ᠋ᠢᠨ ᠲᠦᠰᠦᠯ ᠢ᠋ ᠪᠦᠬᠦᠨ ᠢ᠋ ᠳᠠᠷᠤᠮᠠᠯᠯᠠᠨ ᠲᠠᠷᠬᠠᠭᠠᠵᠤ᠂ ᠴᠢᠯᠦᠬᠡᠳᠤ ᠠᠷᠠᠯᠵᠢᠶᠠᠨ ᠤ᠋ ᠲᠤᠷᠰᠢᠯᠳᠠ ᠵᠢᠨ ᠤᠷᠤᠨ ᠤ᠋ ᠭᠤᠷᠪᠠᠨ ᠬᠡᠰᠡᠭ ᠤ᠋ᠨ ᠵᠠᠭᠠᠭ ᠢ᠋ ᠲᠣᠭᠲᠠᠭᠠᠨ᠂ ᠵᠠᠰᠠᠭ ᠵᠠᠬᠢᠷᠭᠠᠨ ᠤ᠋ ᠬᠢᠨᠠᠨ ᠵᠥᠪᠰᠢᠶᠡᠷᠡᠬᠦ᠌ ᠵᠦᠢᠯᠡᠰ ᠢ᠋ ᠡᠮᠬᠢ ᠵᠢᠷᠤᠮ ᠲᠠᠢ ᠪᠡᠷ ᠳᠣᠷᠣᠭᠰᠢ ᠪᠠᠭᠤᠯᠭᠠᠵᠤ᠂ 《ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠢ᠋ᠢᠨ ᠣᠷᠣᠨ ᠤ᠋ ᠳᠦᠷᠢᠮ》 ᠤ᠋ᠨ ᠬᠠᠤᠯᠢ ᠲᠣᠭᠲᠠᠭᠠᠬᠤ ᠠᠵᠢᠯ ᠢ᠋ ᠡᠬᠢᠯᠡᠭᠦᠯᠵᠤ᠂ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠢ᠋ᠢᠨ ᠣᠷᠣᠨ ᠤ᠋ ᠪᠥᠲᠥᠭᠡᠨ ᠪᠠᠶ᠋ᠢᠭᠤᠯᠤᠯᠲᠠ ᠢ᠋ᠢᠨ 《ᠳᠥᠷᠪᠡᠨ ᠨᠢᠷᠤᠭᠤ ᠨᠠᠶ᠋ᠮᠠᠨ ᠲᠤᠯᠭᠠᠭᠤᠷᠢ》 ᠢ᠋ᠢ ᠪᠠᠶ᠋ᠢᠭᠤᠯᠪᠠ᠃

ᠳᠦᠷᠢᠮ ᠤ᠋ᠨ ᠰᠢᠨ᠎ᠡ ᠢ᠋ᠢ ᠡᠭᠦᠳᠬᠦ᠌ ᠪᠡᠷ ᠭᠣᠣᠯ ᠡᠭᠦᠷᠭᠡ ᠪᠣᠯᠭᠠᠵᠤ᠂ ᠥᠪᠥᠷ ᠮᠣᠩᠭᠣᠯ ᠤ᠋ᠨ ᠣᠨᠴᠠᠯᠢᠭ ᠪᠦᠬᠦᠢ ᠰᠢᠨ᠎ᠡ ᠢ᠋ᠢ ᠡᠭᠦᠳᠦᠭᠰᠡᠨ ᠦᠷ᠎ᠡ ᠪᠦᠲᠦᠭᠡᠯ ᠢ᠋ ᠲᠦᠷᠭᠡᠳᠬᠡᠨ ᠪᠦᠷᠢᠯᠳᠦᠭᠦᠯᠪᠡ᠃ ᠪᠣᠬᠢᠷᠲᠤᠯ ᠥᠬᠡᠶ ᠡᠨᠧᠷᠭᠢ ᠢ᠋ᠢᠨ ᠬᠦᠷᠢᠶᠡᠨ ᠳ᠋ᠤ᠂ ᠪᠥᠬᠥ᠌ ᠤᠯᠤᠰ ᠤ᠋ᠨ ᠠᠩᠬᠠᠳᠠᠭᠴᠢ 《ᠪᠣᠬᠢᠷᠲᠤᠯ ᠥᠬᠡᠶ ᠴᠠᠬᠢᠯᠭᠠᠨ + ᠪᠤᠬᠢᠷᠳᠤᠯ ᠦᠭᠡᠢ ᠦᠨᠡᠮᠯᠡᠯ》 ᠤ᠋ᠨ ᠠᠷᠠᠯᠵᠢᠶ᠎ᠠ ᠢ᠋ᠢ ᠬᠠᠮᠲᠤ ᠳ᠋ᠤᠨᠢ ᠵᠣᠬᠢᠶᠠᠨ ᠪᠠᠶ᠋ᠢᠭᠤᠯᠵᠤ ᠪᠣᠯᠬᠤ ᠤᠷᠤᠨ ᠪᠣᠯᠪᠠ; ᠬᠠᠯᠠᠭᠳᠠᠭᠰᠠᠨ ᠰᠠᠯᠬᠢᠨ ᠬᠦᠴᠦᠨ ᠤ᠋ ᠴᠠᠬᠢᠯᠭᠠᠨ ᠤ᠋ ᠲᠥᠬᠥᠭᠡᠷᠦᠮᠵᠢ ᠢ᠋ᠢ ᠪᠤᠴᠠᠭᠠᠨ ᠠᠰᠢᠭᠯᠠᠬᠤ 2 ᠵᠦᠢᠯ ᠤ᠋ᠨ ᠤᠯᠤᠰ ᠤ᠋ᠨ ᠪᠠᠷᠢᠮᠵᠢᠶ᠎ᠠ ᠢ᠋ᠢ ᠨᠡᠶ᠋ᠢᠲᠡᠯᠡᠵᠦ᠍᠂ ᠤᠯᠤᠰ ᠤ᠋ᠨ ᠳᠣᠲᠣᠭᠠᠳᠤ ᠢ᠋ᠢᠨ ᠰᠢᠨ᠎ᠡ ᠡᠨᠧᠷᠭᠢ ᠢ᠋ᠢᠨ ᠠᠵᠤ ᠦᠢᠯᠡᠰ ᠤ᠋ᠨ ᠣᠷᠴᠢᠯ ᠠᠰᠢᠭᠯᠠᠯᠲᠠ ᠢ᠋ᠢᠨ ᠬᠦᠷᠢᠶᠡᠨ ᠳ᠋ᠡᠬᠢ ᠬᠣᠭᠣᠰᠣᠨ ᠢ᠋ ᠨᠥᠬᠥᠪᠥᠷᠢᠯᠡᠪᠡ᠃ ᠪᠤᠳᠤᠯᠲᠠ ᠢ᠋ᠢᠨ ᠬᠦᠴᠦᠨ ᠤ᠋ ᠠᠵᠤ ᠦᠢᠯᠡᠰ ᠤ᠋ᠨ ᠬᠦᠷᠢᠶᠡᠨ ᠳ᠋ᠤ᠂ ᠪᠥᠬᠥ᠌ ᠤᠯᠤᠰ ᠤ᠋ᠨ ᠠᠩᠬᠠᠳᠠᠭᠴᠢ ᠪᠣᠬᠢᠷᠲᠤᠯ ᠥᠬᠡᠶ ᠪᠤᠳᠤᠯᠲᠠ ᠢ᠋ᠢᠨ ᠬᠦᠴᠦᠨ ᠤ᠋ AI ᠲᠠᠪᠴᠠᠩ ᠵᠡᠷᠬᠡ ᠢ᠋ᠢ ᠨᠠᠶ᠋ᠢᠳᠠᠪᠤᠷᠢᠵᠢᠭᠤᠯᠵᠤ᠂ ᠤᠯᠤᠰ ᠤ᠋ᠨ ᠪᠤᠳᠤᠯᠲᠠ ᠢ᠋ᠢᠨ ᠬᠦᠴᠦᠨ ᠤ᠋ ᠬᠣᠯᠪᠣᠯᠳᠤᠨ ᠨᠡᠪᠲᠡᠷᠡᠯᠴᠡᠭᠰᠡᠨ ᠥᠪᠥᠷ ᠮᠣᠩᠭᠣᠯ ᠤ᠋ᠨ ᠣᠷᠣᠨ ᠪᠦᠰᠡ ᠢ᠋ᠢᠨ ᠬᠦᠢᠰᠤ ᠴᠡᠭ ᠢ᠋ ᠪᠠᠢᠭᠤᠯᠪᠠ᠃ ᠮᠥᠩᠭᠥᠨ ᠬᠦᠢᠯᠭᠡᠭᠡᠨ᠂ ᠰᠦ᠋ ᠢ᠋ᠢᠨ ᠦᠢᠯᠡᠰ᠂ ᠪᠣᠭᠣᠮᠲᠠ ᠪᠡᠷ ᠥᠩᠭᠡᠷᠡᠬᠦᠯᠬᠦ ᠬᠦᠷᠢᠶᠠᠨ ᠳ᠋ᠤ ᠤᠯᠠᠨ ᠲᠠᠯ᠎ᠠ ᠢ᠋ᠢᠨ ᠰᠢᠪᠲᠤᠯᠤᠯᠲᠠ ᠭᠠᠷᠭᠠᠵᠤ᠂ ᠳᠤᠮᠳᠠᠳᠤ ᠮᠤᠡᠭᠭᠤᠯ ᠤ᠋ᠨ ᠨᠡᠭᠦᠳᠡᠯ ᠲᠤᠭᠠᠴᠠᠭ᠎ᠠ ᠢ᠋ᠢᠨ ᠬᠠᠷᠢᠯᠴᠠᠨ ᠨᠡᠪᠲᠡᠷᠡᠯᠴᠡᠬᠦ ᠢ᠋ᠢ ᠪᠠᠶᠠᠯᠠᠭᠦᠯᠵᠤ᠂ ᠪᠣᠭᠣᠮᠲᠠ ᠪᠡᠷ ᠲᠦᠷᠭᠡᠨ ᠥᠩᠭᠡᠷᠡᠬᠦ᠌ ᠰᠢᠰᠲ᠋ᠧᠮ ᠢ᠋ ᠪᠠᠶ᠋ᠢᠭᠤᠯᠤᠨ᠂ ᠪᠤᠭᠤᠮᠲᠠ ᠪᠡᠷ ᠲᠦᠷᠭᠡᠨ ᠦᠡᠭᠭᠡᠷᠡᠬᠦ ᠦᠯᠢᠭᠡᠷ ᠳᠠᠭᠤᠷᠢᠶᠠᠯ ᠢ᠋ ᠪᠤᠢ ᠪᠤᠯᠭᠠᠪᠠ᠃ ᠵᠢᠱ᠌ᠢᠯᠲᠡ ᠪᠡᠷ᠂ ᠥᠪᠥᠷ ᠮᠣᠩᠭᠣᠯ ᠤ᠋ᠨ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠢ᠋ᠢᠨ ᠣᠷᠣᠨ ᠤ᠋ 81 ᠵᠦᠢᠯ ᠤ᠋ᠨ ᠥᠭᠡᠷᠡᠴᠢᠯᠡᠯᠲᠡ ᠢ᠋ᠢᠨ ᠲᠤᠷᠰᠢᠯᠲᠠ ᠢ᠋ᠢᠨ ᠴᠡᠭ ᠤ᠋ᠨ ᠡᠭᠦᠷᠭᠡ ᠢ᠋ᠢᠨ ᠡᠨᠡ ᠵᠢᠯ ᠤ᠋ᠨ ᠬᠡᠷᠡᠭᠵᠢᠭᠦᠯᠬᠦ ᠨᠣᠷᠮ᠎ᠠ 62% ᠢ᠋ ᠳᠠᠪᠠᠬᠤ ᠪᠣᠯᠤᠮᠵᠢ ᠲᠠᠢ ᠪᠠᠶ᠋ᠢᠨ᠎ᠠ᠃

ᠦᠪᠦᠷ ᠮᠤᠡᠭᠭᠤᠯ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠢ᠋ᠢᠨ ᠣᠷᠣᠨ ᠢ᠋ᠢᠡᠷ ᠭᠠᠳᠠᠭᠠᠳᠤ ᠨᠡᠬᠡᠬᠡᠯᠳᠡ ᠢ᠋ᠢ ᠳᠠᠶ᠋ᠢᠴᠢᠯᠠᠬᠤ ᠭᠣᠣᠯᠯᠠᠬᠤ ᠬᠥᠳᠡᠯᠭᠡᠭᠦᠷ ᠪᠣᠯᠭᠠᠵᠤ᠂ ᠣᠷᠣᠨ ᠪᠠᠶ᠋ᠢᠷᠢ ᠢ᠋ᠢᠨ ᠳᠠᠪᠠᠭᠤᠯᠢᠭ ᠢ᠋ ᠨᠡᠬᠡᠬᠡᠯᠳᠡ ᠢ᠋ᠢᠨ ᠳᠠᠪᠠᠭᠤᠯᠢᠭ᠂ ᠬᠥᠭᠵᠢᠯᠲᠡ ᠢ᠋ᠢᠨ ᠳᠠᠪᠠᠭᠤᠯᠢᠭ ᠪᠣᠯᠭᠠᠨ ᠲᠦᠷᠭᠡᠳᠬᠡᠨ ᠬᠤᠪᠢᠷᠠᠭᠤᠯᠬᠤ ᠢ᠋ᠢ ᠬᠦᠴᠦᠯᠡᠨ ᠠᠬᠢᠭᠤᠯᠪᠠ᠃ ᠡᠨᠡ ᠵᠢᠯ ᠤ᠋ᠨ ᠲᠦᠷᠦᠭᠦᠦ 10 ᠰᠠᠷ᠎ᠠ ᠳ᠋ᠤ᠂ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠢ᠋ᠢᠨ ᠣᠷᠣᠨ ᠤ᠋ ᠪᠦᠲᠦᠭᠡᠨ ᠪᠠᠢᠭᠤᠯᠤᠯᠲᠠ ᠢ᠋ᠢᠨ ᠳᠠᠭᠠᠭᠤᠯᠭ᠎ᠠ ᠳᠤᠤᠷ᠎ᠠ ᠮᠠᠨ ᠤ᠋ ᠣᠷᠣᠨ ᠤ᠋ ᠭᠠᠳᠠᠭᠠᠳᠤ ᠠᠷᠠᠯᠵᠢᠶᠠᠨ ᠤ᠋ ᠭᠠᠳᠠᠭᠠᠳᠤ ᠣᠷᠣᠭᠤᠯᠤᠯᠲᠠ ᠭᠠᠷᠭᠠᠯᠲᠠ ᠢ᠋ᠢᠨ ᠶᠡᠷᠦᠩᠬᠡᠶ ᠬᠡᠮᠵᠢᠶ᠎ᠡ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 29.5% ᠪᠡᠷ ᠨᠡᠮᠡᠭᠳᠡᠵᠦ᠍᠂ ᠪᠥᠬᠥ᠌ ᠤᠯᠤᠰ ᠤ᠋ᠨ ᠳᠤᠮᠳᠠᠴᠢ ᠨᠡᠮᠡᠭᠳᠡᠯ ᠤ᠋ᠨ ᠬᠤᠷᠳᠤᠴᠠ ᠡᠴᠡ ᠵᠠᠭᠤᠨ ᠤ᠋ ᠬᠠᠷᠢᠴᠠᠯ ᠢ᠋ᠢᠡᠷ 9.5 ᠬᠤᠪᠢ ᠲᠠᠪᠠᠵᠤ᠂ ᠪᠥᠬᠥ᠌ ᠤᠯᠤᠰ ᠲᠤ᠌ ᠲᠠᠪᠤᠳᠤᠭᠠᠷ ᠲᠤ᠌ ᠵᠢᠭᠰᠠᠪᠠ; ᠬᠠᠭᠤᠷᠠᠶ ᠵᠠᠮ ᠤ᠋ᠨ ᠬᠢᠯᠢ ᠵᠢᠨ ᠪᠣᠭᠣᠮᠲᠠ ᠪᠡᠷ ᠣᠷᠣᠭᠤᠯᠵᠤ ᠭᠠᠷᠭᠠᠭᠰᠠᠨ ᠪᠠᠷᠠᠭᠠᠨ ᠤ᠋ ᠲᠡᠭᠡᠭᠡᠪᠦᠷᠢ ᠢ᠋ᠢᠨ ᠬᠡᠮᠵᠢᠶ᠎ᠡ 1.33 ᠳ᠋ᠦᠩᠰᠢᠭᠤᠷ ᠲᠣᠨ ᠳ᠋ᠤ ᠬᠦᠷᠴᠦ᠍᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 26.1% ᠪᠡᠷ ᠨᠡᠮᠡᠭᠳᠡᠵᠦ᠍᠂ ᠶᠡᠷᠦᠩᠬᠡᠶ ᠬᠡᠮᠵᠢᠶ᠎ᠡ ᠪᠡᠷ ᠪᠥᠬᠥ᠌ ᠤᠯᠤᠰ ᠤ᠋ᠨ ᠲᠦᠷᠦᠭᠦᠨ ᠳ᠋ᠤ ᠣᠷᠣᠪᠠ; ᠥᠪᠥᠷ ᠮᠣᠩᠭᠣᠯ ᠵᠢᠡᠷ ᠥᠩᠭᠡᠷᠡᠭᠰᠡᠨ ᠳᠤᠮᠳᠠᠳᠤ ᠧᠦ᠋ᠷᠣᠫᠠ ᠢ᠋ᠢᠨ ᠵᠢᠰᠢᠶᠠᠨ ᠤ᠋ ᠭᠠᠯᠲᠤ᠌ ᠲᠡᠷᠭᠡ ᠢ᠋ᠢᠨ ᠶᠡᠷᠦᠩᠬᠡᠢ ᠬᠡᠮᠵᠢᠶ᠎ᠡ ᠨᠢ ᠪᠦᠬᠦ᠌ ᠤᠯᠤᠰ ᠲᠤ᠌ ᠲᠦᠷᠦᠭᠦᠯᠡᠵᠤ᠂ ᠪᠦᠬᠦ᠌ ᠤᠯᠤᠰ ᠤ᠋ᠨ ᠳᠤᠮᠳᠠᠳᠤ ᠧᠦ᠋ᠷᠣᠫᠠ ᠢ᠋ᠢᠨ ᠵᠢᠰᠢᠶᠠᠨ ᠤ᠋ ᠲᠡᠷᠬᠡ ᠵᠢᠨ 49.6% ᠵᠢ ᠡᠵᠡᠯᠡᠪᠡ᠃ ᠣᠷᠣᠰ ᠮᠣᠩᠭᠣᠯ ᠯᠤᠭ᠎ᠠ ᠵᠢᠨ ᠭᠠᠳᠠᠭᠠᠳᠤ ᠣᠷᠣᠭᠤᠯᠤᠯᠲᠠ ᠭᠠᠷᠭᠠᠯᠲᠠ ᠢ᠋ᠢᠨ ᠬᠡᠮᠵᠢᠶ᠎ᠠ ᠲᠤᠰ ᠪᠤᠢ᠍ᠷᠢ 72.2% ᠪᠠ 44.9% ᠪᠡᠷ ᠨᠡᠮᠡᠭᠳᠡᠵᠦ᠍᠂《ᠨᠢᠭᠡ ᠪᠦᠰᠡ ᠨᠢᠭᠡ ᠵᠠᠮ》ᠢ᠋ ᠬᠠᠮᠲᠤ ᠪᠡᠷ ᠪᠥᠲᠥᠭᠡᠨ ᠪᠠᠶ᠋ᠢᠭᠤᠯᠬᠤ ᠤᠯᠤᠰ ᠯᠤᠭ᠎ᠠ ᠵᠢᠨ ᠭᠠᠳᠠᠭᠠᠳᠤ ᠣᠷᠣᠭᠤᠯᠤᠯᠲᠠ ᠭᠠᠷᠭᠠᠯᠲᠠ ᠢ᠋ᠢᠨ ᠬᠡᠮᠵᠢᠶ᠎ᠠ ᠴᠦ᠍ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 39.9% ᠪᠡᠷ ᠨᠡᠮᠡᠭᠳᠡᠵᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面