ᠲᠡᠷᠢᠭᠦᠨ ᠨᠢᠭᠤᠷ>ᠴᠠᠭ ᠲᠦᠷᠦ>ᠠᠵᠤ ᠠᠬᠤᠢ

2026-11-15 10:37:37

ᠵᠣᠬᠢᠶᠠᠭ᠍ᠴᠢ᠄ ᠤᠷᠠᠨ᠎ᠠ ᠣᠩᠱᠢᠭ᠍ᠰᠠᠨ ᠣᠳᠠᠭ᠎ᠠ᠄ 3

ᠤᠯᠤᠰ ᠤ᠋ᠨ ᠴᠠᠬᠢᠯᠭᠠᠨ ᠲᠤᠤᠷ ᠤ᠋ᠨ ᠥᠪᠦᠷ ᠮᠣᠩᠭᠤᠯ ᠤ᠋ᠨ ᠵᠡᠭᠦᠨ ᠬᠡᠰᠡᠭ ᠤ᠋ᠨ ᠴᠠᠬᠢᠯᠭᠠᠨ ᠬᠦᠴᠦᠨ ᠤ᠋ ᠺᠤᠮᠫᠠᠨᠢ ᠶ᠋ᠢᠨ ᠮᠡᠳᠡᠭᠡ ᠵᠢ ᠦᠨᠳᠦᠰᠦᠯᠡᠪᠡᠯ᠂ ᠨᠢᠭᠡᠨᠲᠡ ᠪᠦᠳᠦᠬᠡᠨ ᠪᠠᠶ᠋ᠢᠭᠤᠯᠵᠤ ᠳᠠᠭᠤᠰᠭᠠᠭᠠᠳ ᠠᠰᠢᠭᠯᠠᠯᠲᠠ ᠳ᠋ᠤ ᠣᠷᠤᠭᠤᠯᠤᠭᠰᠠᠨ 《ᠲᠠᠪᠤᠨ ᠬᠤᠪᠢᠰᠤᠮᠠᠯ ᠬᠦᠶᠦᠳᠡᠯᠳᠦ ᠭᠤᠷᠪᠠᠨ ᠲᠤᠭᠳᠠᠮᠠᠯ ᠬᠦᠶᠦᠳᠡᠯᠳᠦ》 ᠣᠨᠴᠠ ᠥᠨᠳᠦᠷ ᠬᠦᠴᠦᠳᠡᠯᠲᠦ᠍ ᠴᠠᠬᠢᠯᠭᠠᠨ ᠬᠦᠷᠭᠡᠬᠦ᠌ ᠶᠡᠭᠡ ᠨᠡᠪᠲᠡᠷᠡᠯ ᠵᠠᠮ ᠳ᠋ᠤ ᠲᠦᠰᠢᠭᠯᠡᠨ᠂ ᠣᠲᠤᠬᠠᠨ ᠪᠣᠯᠲᠠᠯ᠎ᠠ᠂ ᠥᠪᠦᠷ ᠮᠣᠩᠭᠤᠯ ᠤ᠋ᠨ ᠣᠨᠴᠠ ᠥᠨᠳᠦᠷ ᠬᠦᠴᠦᠳᠡᠯᠲᠦ᠍ ᠴᠠᠬᠢᠯᠭᠠᠨ ᠲᠣᠤᠷ ᠤ᠋ᠨ ᠭᠠᠳᠠᠭᠰᠢ ᠬᠦᠷᠭᠡᠭᠰᠡᠨ ᠨᠡᠶ᠋ᠢᠲᠡ ᠴᠠᠬᠢᠯᠭᠠᠨ ᠤ᠋ ᠶᠡᠷᠦᠨᠭᠬᠡᠢ ᠬᠡᠮᠵᠢᠶ᠎ᠡ 9700 ᠳ᠋ᠦᠩᠰᠢᠭᠤᠷ ᠺᠢᠯᠤᠸᠠᠲ ᠴᠠᠭ ᠢ᠋ ᠳᠠᠪᠠᠵᠤ᠂ ᠣᠷᠤᠨ ᠪᠦᠰᠡ ᠠᠯᠤᠰᠯᠠᠨ ᠴᠠᠬᠢᠯᠭᠠᠨ ᠬᠦᠴᠦᠨ ᠢ᠋ ᠭᠠᠳᠠᠭᠰᠢ ᠬᠦᠷᠭᠡᠭᠰᠡᠨ ᠲᠡᠦᠬᠡ ᠶ᠋ᠢᠨ ᠲᠡᠮᠳᠡᠭᠯᠡᠯ ᠢ᠋ ᠦᠷᠭᠦᠯᠵᠢᠯᠡᠨ ᠰᠢᠨᠡᠳᠬᠡᠪᠡ᠃

ᠥᠪᠦᠷ ᠮᠣᠩᠭᠤᠯ ᠤᠯᠤᠰ ᠤ᠋ᠨ ᠴᠢᠬᠤᠯᠠ ᠡᠨᠧᠷᠭᠢ ᠪᠠ ᠪᠠᠶ᠋ᠢᠯᠳᠤᠬᠤ ᠪᠣᠳᠤᠯᠭ᠎ᠠ ᠶ᠋ᠢᠨ ᠡᠬᠢ ᠪᠠᠶᠠᠯᠢᠭ ᠤ᠋ᠨ ᠰᠠᠭᠤᠷᠢᠨ ᠪᠣᠯᠤᠭᠰᠠᠨ ᠤ᠋ ᠬᠤᠪᠢ ᠳ᠋ᠤ᠂ 《ᠪᠠᠷᠠᠭᠤᠨᠳᠡᠬᠢ ᠴᠠᠬᠢᠯᠭᠠᠨ ᠢ᠋ ᠵᠡᠭᠦᠨᠰᠢ ᠬᠦᠷᠭᠡᠬᠦ》 ᠤᠯᠤᠰ ᠤ᠋ᠨ ᠪᠠᠶ᠋ᠢᠯᠳᠤᠬᠤ ᠪᠣᠳᠤᠯᠭ᠎ᠠ ᠵᠢ ᠭᠦᠨᠵᠡᠭᠡᠢ ᠨᠠᠶ᠋ᠢᠳᠠᠪᠤᠷᠢᠵᠢᠭᠤᠯᠵᠤ᠂ ᠣᠨᠴᠠ ᠥᠨᠳᠦᠷ ᠬᠦᠴᠦᠳᠡᠯᠲᠦ᠍ ᠴᠠᠬᠢᠯᠭᠠᠨ ᠢ᠋ ᠭᠠᠳᠠᠭᠰᠢ ᠬᠦᠷᠭᠡᠬᠦ᠌ ᠭᠤᠤᠯ ᠲᠣᠣᠷ ᠤ᠋ᠨ ᠪᠦᠷᠢᠯᠳᠦᠴᠡ ᠵᠢ ᠡᠷᠴᠢᠮᠳᠠᠢ ᠪᠠᠶ᠋ᠢᠭᠤᠯᠵᠤ᠂ ᠦᠪᠦᠷ ᠮᠤᠨᠭᠭᠤᠯ ᠤ᠋ᠨ ᠨᠡᠬᠦᠷᠡᠰᠦᠨ ᠴᠠᠬᠢᠯᠭᠠᠨ ᠪᠠ ᠰᠠᠯᠬᠢᠨ ᠬᠦᠴᠦᠨ ᠤ᠋ ᠴᠠᠬᠢᠯᠭᠠᠨ᠂ ᠭᠡᠷᠡᠯᠴᠢ ᠴᠡᠨᠡᠭ ᠵᠡᠷᠭᠡ ᠪᠤᠬᠢᠷᠲᠤᠯ ᠦᠭᠡᠢ ᠴᠠᠬᠢᠯᠭᠠᠨ ᠬᠦᠴᠦᠨ ᠢ᠋ ᠤᠮᠠᠷᠠᠲᠤ᠌ ᠣᠷᠤᠨ  ᠵᠡᠷᠭᠡ ᠭᠠᠵᠠᠷ ᠲᠦ᠍ ᠲᠠᠰᠤᠷᠠᠯᠲᠠ᠎ᠦᠭᠡᠢ ᠬᠦᠷᠭᠡᠵᠦ᠍᠂ ᠡᠬᠢ ᠪᠠᠶᠠᠯᠢᠭ ᠤ᠋ᠨ ᠳᠠᠪᠠᠭᠤᠯᠢᠭ ᠢ᠋ ᠠᠵᠤ ᠠᠬᠤᠢ ᠶ᠋ᠢᠨ ᠳᠠᠪᠠᠭᠤᠯᠢᠭ᠂ ᠬᠥᠭᠵᠢᠯᠲᠡ ᠶ᠋ᠢᠨ ᠳᠠᠪᠠᠭᠤᠯᠢᠭ ᠪᠣᠯᠭᠠᠨ ᠬᠤᠪᠢᠷᠠᠭᠤᠯᠪᠠ᠃

ᠣᠳᠤᠬᠠᠨ ᠳ᠋ᠤ᠂ ᠥᠪᠦᠷ ᠮᠣᠩᠭᠤᠯ ᠤ᠋ᠨ ᠣᠨᠴᠠ ᠥᠨᠳᠦᠷ ᠬᠦᠴᠦᠳᠡᠯᠲᠦ᠍ ᠴᠠᠬᠢᠯᠭᠠᠨ ᠢ᠋ ᠭᠠᠳᠠᠭᠰᠢ ᠬᠦᠷᠭᠡᠬᠦ᠌ ᠶᠡᠷᠦᠩᠬᠡᠢᠯᠡᠭᠰᠡᠨ ᠴᠢᠳᠠᠪᠤᠷᠢ 4870 ᠲᠦᠮᠡᠨ ᠺᠢᠯᠤᠸᠠᠲ ᠲᠦ᠍ ᠬᠦᠷᠴᠦ᠍᠂ ᠣᠨᠴᠠ ᠥᠨᠳᠦᠷ ᠬᠦᠴᠦᠳᠡᠯᠲᠦ᠍ ᠴᠠᠬᠢᠯᠭᠠᠨ ᠲᠤᠤᠷ ᠢ᠋ ᠠᠵᠢᠯᠯᠠᠭᠤᠯᠵᠤ ᠬᠠᠮᠠᠭᠠᠯᠠᠬᠤ ᠬᠡᠪᠴᠢᠶ᠎ᠡ ᠨᠢ ᠪᠥᠬᠦ᠌ ᠤᠯᠤᠰ ᠤ᠋ᠨ ᠮᠤᠵᠢ (ᠣᠷᠤᠨ) ᠶ᠋ᠢᠨ ᠡᠮᠦᠨ᠎ᠡ ᠡᠩᠨᠡᠭᠡᠨ ᠳ᠋ᠤ ᠲᠤᠳᠤᠷᠠᠵᠤ᠂ ᠭᠠᠳᠠᠭᠰᠢ ᠬᠦᠷᠭᠡᠭᠰᠡᠨ ᠴᠠᠬᠢᠯᠭᠠᠨ ᠤ᠋ ᠬᠡᠮᠵᠢᠶ᠎ᠡ ᠣᠯᠠᠨ ᠵᠢᠯ ᠳᠠᠷᠠᠭᠠᠯᠠᠨ ᠪᠥᠬᠦ᠌ ᠤᠯᠤᠰ ᠤ᠋ᠨ ᠲᠦᠷᠦᠬᠦᠨ᠎ᠤ ᠡᠨᠭᠨᠡᠭᠡᠨ ᠳ᠋ᠤ ᠲᠣᠭᠲᠠᠭᠤᠨ ᠢ᠋ᠶ᠋ᠡᠷ ᠵᠢᠬᠰᠠᠵᠤ᠂ ᠣᠯᠠᠨ ᠵᠢᠯ ᠳᠠᠷᠠᠭᠠᠯᠠᠨ ᠲᠣᠭᠲᠠᠭᠤᠨ ᠢ᠋ᠶ᠋ᠡᠷ ᠨᠡᠮᠡᠭᠳᠡᠬᠦ ᠵᠢ ᠪᠡᠶᠡᠯᠡᠭᠦᠯᠪᠡ᠃ ᠲᠥᠰᠦᠭᠡᠯᠡᠨ ᠪᠤᠳᠤᠭᠰᠠᠨ ᠢ᠋ᠶ᠋ᠡᠷ᠂ 9700 ᠳ᠋ᠦᠩᠰᠢᠭᠤᠷ ᠺᠢᠯᠤᠸᠠᠲ ᠴᠠᠭ ᠤ᠋ᠨ ᠭᠠᠳᠠᠭᠰᠢ ᠬᠦᠷᠭᠡᠬᠦ᠌ ᠴᠠᠬᠢᠯᠭᠠᠨ ᠎ᠤ ᠬᠡᠮᠵᠢᠶ᠎ᠡ ᠪᠠᠷᠤᠭ 3.2 ᠳ᠋ᠦᠩᠰᠢᠭᠤᠷ ᠡᠷᠦᠬᠡ ᠶ᠋ᠢᠨ ᠨᠢᠭᠡ ᠵᠢᠯ ᠤ᠋ᠨ ᠠᠮᠢᠳᠤᠷᠠᠯ ᠳ᠋ᠤ ᠬᠡᠷᠡᠭᠯᠡᠬᠦ᠌ ᠴᠠᠬᠢᠯᠭᠠᠨ ᠤ᠋ ᠬᠡᠷᠡᠭᠴᠡᠭᠡ ᠱᠠᠭᠠᠷᠳᠠᠯᠭ᠎ᠠ ᠵᠢ ᠬᠠᠩᠭᠠᠬᠤ ᠪᠤᠯᠤᠨ᠎ᠠ᠃ ᠶᠡᠭᠡ ᠬᠡᠮᠵᠢᠶᠡᠨ ᠤ᠋ ᠰᠠᠯᠬᠢᠨ ᠬᠦᠴᠦᠨ ᠤ᠋ ᠴᠠᠬᠢᠯᠭᠠᠨ᠂ ᠭᠡᠷᠡᠯᠴᠢ ᠴᠡᠨᠡᠭ ᠤ᠋ᠨ ᠰᠢᠨ᠎ᠡ ᠡᠨᠧᠷᠭᠢ ᠵᠢ ᠣᠨᠴᠠ ᠥᠨᠳᠦᠷ ᠬᠦᠴᠦᠳᠡᠯᠲᠦ᠍ ᠴᠠᠬᠢᠯᠭᠠᠨ ᠲᠤᠤᠷ ᠲᠦ᠍ ᠵᠠᠯᠭᠠᠨ ᠣᠷᠤᠭᠤᠯᠬᠤ ᠵᠢ ᠳᠠᠭᠠᠯᠳᠤᠨ᠂ ᠨᠡᠶ᠋ᠢᠲᠡ 3 ᠳ᠋ᠦᠩᠰᠢᠭᠤᠷ ᠲᠣᠨ ᠪᠠᠷᠢᠮᠵᠢᠶᠠᠲᠤ᠌ ᠨᠡᠭᠦᠷᠡᠰᠦ ᠵᠢ ᠠᠷᠪᠢᠯᠠᠵᠤ᠂ ᠨᠡᠭᠦᠷᠡᠰᠦᠲᠦᠢ᠍ᠷᠦᠭᠴᠢ ᠶ᠋ᠢᠨ ᠳᠠᠪᠬᠤᠷ ᠢᠰᠦᠯ ᠤ᠋ᠨ ᠭᠠᠳᠠᠭᠰᠢᠯᠠᠭᠤᠯᠤᠯᠲᠠ ᠵᠢ 8 ᠳ᠋ᠦᠩᠰᠢᠭᠤᠷ ᠲᠣᠨ ᠡᠴᠡ ᠳᠡᠭᠡᠭᠰᠢ ᠪᠠᠭᠠᠰᠬᠠᠵᠤ᠂ ᠬᠠᠩᠭᠠᠯᠭ᠎ᠠ ᠵᠢ ᠪᠠᠲᠤᠯᠠᠬᠤ ᠦᠷ᠎ᠡ ᠠᠰᠢᠭ᠂ ᠠᠵᠤ ᠠᠬᠤᠢ ᠶ᠋ᠢᠨ ᠦᠷ᠎ᠡ ᠠᠰᠢᠭ᠂ ᠠᠮᠢ ᠠᠬᠤᠢ ᠶ᠋ᠢᠨ ᠦᠷ᠎ᠡ ᠠᠰᠢᠭ᠎ᠢ ᠵᠡᠷᠭᠡ ᠪᠡᠷ ᠨᠡᠮᠡᠭᠳᠡᠭᠦᠯᠬᠦ ᠵᠢ ᠪᠡᠶᠡᠯᠡᠭᠦᠯᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面