2026-11-16 11:44:36
11 ᠰᠠᠷ᠎ᠠ᠎ᠶᠢᠨ 11᠎ᠤ᠋ ᠡᠳᠦᠷ᠂ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠢᠩᠬᠢᠮ ᠬᠥᠬᠡᠬᠣᠲᠠ᠎ᠳᠤ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠠᠵᠤ ᠦᠢᠯᠡᠰ᠎ᠦᠨ ᠬᠡᠯᠬᠢᠶ᠎ᠡ᠎ᠶᠢᠨ ᠰᠢᠨ᠎ᠡ᠎ᠶᠢ ᠡᠭᠦᠳᠬᠦ ᠬᠣᠯᠪᠣᠭᠠᠲᠤ ᠴᠣᠭᠴᠠ᠎ᠶᠢᠨ ᠪᠠᠢᠭᠤᠯᠤᠯᠲᠠ᠎ᠶᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠵᠤ᠂ ᠰᠢᠨ᠎ᠡ᠎ᠶᠢ ᠡᠭᠦᠳᠬᠦ ᠬᠣᠯᠪᠣᠭᠠᠲᠤ ᠴᠣᠭᠴᠠ᠎ᠶᠢᠨ ᠪᠦᠲᠦᠭᠡᠨ ᠪᠠᠢᠭᠤᠯᠤᠯᠲᠠ᠎ᠶᠢᠨ ᠲᠤᠷᠰᠢᠯᠭ᠎ᠠ᠎ᠶᠢ ᠡᠮᠬᠢᠯᠡᠨ ᠳ᠋ᠦᠩᠨᠡᠵᠦ᠂ ᠣᠷᠣᠰᠢᠵᠤ ᠪᠠᠢᠭ᠎ᠠ ᠠᠰᠠᠭᠤᠳᠠᠯ᠎ᠳᠤ ᠵᠠᠳᠠᠯᠤᠯᠲᠠ ᠬᠢᠵᠦ᠂ ᠲᠠᠷᠠᠭᠠᠴᠢ᠎ᠶᠢᠨ ᠱᠠᠲᠤᠨ᠎ᠤ ᠭᠣᠣᠯᠳᠠᠯᠭ᠎ᠠ᠎ᠲᠠᠢ ᠠᠵᠢᠯᠶ᠋ᠢᠡᠨ ᠲᠣᠬᠢᠷᠠᠭᠤᠯᠤᠨ ᠪᠠᠢᠷᠢᠯᠠᠭᠤᠯᠪᠠ ᠃
ᠬᠤᠷᠠᠯ᠎ᠠᠴᠠ ᠤᠢᠯᠠᠭᠠᠭᠰᠠᠨ ᠵᠢᠡᠷ᠂ ᠰᠢᠨ᠎ᠡ᠎ᠶᠢ ᠡᠭᠦᠳᠬᠦ ᠬᠣᠯᠪᠣᠭᠠᠲᠤ ᠴᠣᠭᠴᠠ ᠨᠢ ᠵᠠᠰᠠᠭ᠎ᠤᠨ ᠣᠷᠳᠣᠨ᠎ᠠᠴᠠ ᠬᠥᠲᠥᠯᠥᠨ ᠳᠠᠭᠠᠭᠤᠯᠤᠭᠰᠠᠨ᠂ ᠠᠵᠤ ᠠᠬᠤᠢᠯᠠᠯ᠎ᠢᠶᠠᠷ ᠭᠣᠣᠯᠯᠠᠭᠤᠯᠤᠭᠰᠠᠨ᠂ ᠠᠵᠤ ᠠᠬᠤᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠎ᠶᠢ ᠭᠦᠨᠵᠡᠭᠡᠢ ᠠᠭᠤᠰᠤᠯᠴᠠᠭᠤᠯᠤᠭᠰᠠᠨ ᠬᠠᠮᠵᠢᠯᠴᠠᠨ ᠰᠢᠨ᠎ᠡ᠎ᠶᠢ ᠡᠭᠦᠳᠬᠦ ᠬᠠᠮᠲᠤ᠎ᠶᠢᠨ ᠴᠣᠭᠴᠠ ᠪᠣᠯᠤᠭᠰᠠᠨ᠎ᠤ ᠬᠤᠪᠢ᠎ᠳᠤ ᠠᠵᠤ ᠦᠢᠯᠡᠰ᠎ᠦᠨ ᠬᠡᠯᠬᠢᠶ᠎ᠡ ᠪᠣᠯᠣᠨ ᠰᠢᠨ᠎ᠡ᠎ᠶᠢ ᠡᠭᠦᠳᠬᠦ ᠬᠡᠯᠬᠢᠶ᠎ᠡ᠎ᠶᠢ ᠭᠦᠨᠵᠡᠭᠡᠢ ᠠᠭᠤᠰᠤᠯᠴᠠᠭᠤᠯᠬᠤ᠎ᠶᠢ ᠠᠬᠢᠭᠤᠯᠬᠤ ᠪᠦᠲᠦᠮᠵᠢᠲᠡᠢ ᠵᠣᠬᠢᠶᠠᠨ ᠪᠠᠢᠭᠤᠯᠤᠯᠲᠠ᠎ᠶᠢᠨ ᠵᠠᠭᠪᠤᠷ ᠪᠣᠯᠣᠨ᠎ᠠ᠃ ᠣᠢᠷ᠎ᠠ᠎ᠶᠢᠨ ᠵᠢᠯ᠎ᠡᠴᠡ ᠨᠠᠭᠠᠰᠢ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠢᠩᠬᠢᠮ ᠮᠢᠬᠠᠨ᠎ᠤ ᠬᠣᠨᠢ᠂ ᠲᠥᠮᠥᠰᠥ᠂ ᠬᠥᠩᠭᠡᠨᠴᠠᠭᠠᠨ᠎ᠤ ᠰᠠᠭᠤᠷᠢ ᠰᠢᠨ᠎ᠡ ᠮᠠᠲᠧᠷᠢᠶᠠᠯ ᠵᠡᠷᠭᠡ ᠥᠪᠡᠷᠲᠡᠭᠡᠨ ᠵᠠᠰᠠᠬᠤ ᠣᠷᠣᠨ᠎ᠤ ᠣᠨᠴᠠᠯᠢᠭ᠍ᠲᠤ ᠳᠠᠪᠠᠭᠤᠯᠢᠭ᠋ ᠬᠦᠷᠢᠶᠡᠨ᠎ᠳᠦ ᠰᠢᠨ᠎ᠡ᠎ᠶᠢ ᠡᠭᠦᠳᠬᠦ 9 ᠬᠣᠯᠪᠣᠭᠠᠲᠤ ᠴᠣᠭᠴᠠ᠎ᠶᠢ ᠪᠠᠢᠷᠢᠰᠢᠭᠤᠯᠤᠨ ᠪᠠᠢᠭᠤᠯᠵᠤ᠂ 9 ᠨᠡᠷᠡᠰ ᠲᠡᠷᠢᠬᠦᠨ ᠲᠤᠰᠬᠠᠢ ᠮᠡᠷᠭᠡᠵᠢᠯᠲᠡᠨ᠎ᠢᠶᠡᠷ ᠲᠦᠷᠦᠭᠦᠯᠡᠭᠦᠯᠦᠭᠰᠡᠨ᠂ 90 ᠨᠡᠷᠡᠰ ᠠᠵᠢᠯ᠎ᠤᠨ ᠪᠠᠢᠷᠢ᠎ᠶᠢᠨ ᠲᠤᠰᠬᠠᠢ ᠮᠡᠷᠭᠡᠵᠢᠯᠲᠡᠨ᠎ᠢᠶᠡᠷ ᠲᠤᠯᠭᠠᠭᠤᠷᠢᠯᠠᠭᠤᠯᠤᠭᠰᠠᠨ᠂ 90 ᠭᠠᠷᠤᠢ ᠣᠷᠣᠨ᠎ᠤ ᠳᠣᠲᠣᠷᠠᠬᠢ ᠠᠵᠤ ᠦᠢᠯᠡᠰ᠎ᠦᠨ ᠬᠡᠯᠬᠢᠶᠡᠨ᠎ᠦ ᠠᠵᠤ ᠠᠬᠤᠢᠯᠠᠯ᠂ 30 ᠭᠠᠷᠤᠢ ᠣᠷᠣᠨ᠎ᠤ ᠲᠤᠳᠤᠨ᠎ᠠ ᠭᠠᠳᠠᠨᠠᠬᠢ ᠶᠡᠭᠡ ᠳᠡᠭᠡᠳᠦ ᠰᠤᠷᠭᠠᠭᠤᠯᠢ ᠬᠣᠯᠪᠤᠭᠠᠯᠠᠨ ᠬᠥᠳᠡᠯᠦᠯᠴᠡᠭᠰᠡᠨ ᠬᠠᠮᠵᠢᠯᠴᠠᠨ ᠰᠢᠨ᠎ᠡ᠎ᠶᠢ ᠡᠭᠦᠳᠬᠦ ᠰᠢᠰᠲᠧᠮ᠎ᠢ ᠪᠣᠶ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠳᠠᠪᠠᠭᠤᠯᠢᠭ᠋ ᠣᠨᠴᠠᠯᠢᠭ᠍ᠲᠤ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠳᠦ ᠰᠢᠰᠲᠧᠮᠵᠢᠭᠰᠡᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠤᠯᠭᠠᠭᠤᠷᠢᠯᠠᠯ ᠬᠠᠩᠭᠠᠵᠤ ᠪᠤᠢ᠃
ᠬᠤᠷᠠᠯ᠎ᠠᠴᠠ᠂ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠠᠵᠤ ᠦᠢᠯᠡᠰ᠎ᠦᠨ ᠬᠡᠯᠬᠢᠶ᠎ᠡ᠎ᠶᠢᠨ ᠰᠢᠨ᠎ᠡ᠎ᠶᠢ ᠡᠭᠦᠳᠬᠦ ᠬᠣᠯᠪᠣᠭᠠᠲᠤ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠬᠤ ᠪᠣᠯ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠵᠢᠯ᠎ᠤᠨ ᠱᠠᠭᠠᠷᠳᠠᠯᠭ᠎ᠠ᠎ᠶᠢ ᠳᠤᠭᠤᠰᠢᠯᠠᠭᠤᠯᠤᠨ ᠨᠠᠢᠳᠠᠪᠤᠷᠢᠵᠢᠭᠤᠯᠬᠤ ᠪᠣᠳᠠᠲᠠᠢ ᠠᠵᠢᠯᠯᠠᠭ᠎ᠠ ᠪᠣᠯᠬᠤ᠎ᠪᠠᠷ ᠪᠠᠷᠠᠬᠤ ᠦᠭᠡᠢ᠂ ᠪᠠᠰᠠ ᠴᠤ᠌ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢ ᠭᠦᠨᠵᠡᠭᠡᠢ ᠠᠭᠤᠰᠤᠯᠴᠠᠭᠤᠯᠬᠤ ᠪᠦᠲᠦᠮᠵᠢᠲᠡᠢ ᠠᠷᠭ᠎ᠠ ᠵᠠᠮ ᠪᠣᠯᠣᠨ᠎ᠠ ᠭᠡᠵᠦ ᠴᠢᠬᠤᠯᠠᠴᠢᠯᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃