ᠲᠡᠷᠢᠭᠦᠨ ᠨᠢᠭᠤᠷ>ᠴᠠᠭ ᠲᠦᠷᠦ>ᠠᠵᠤ ᠠᠬᠤᠢ

2026-11-16 17:10:47

ᠵᠣᠬᠢᠶᠠᠭ᠍ᠴᠢ᠄ ᠪᠠᠢ ᠰᠡᠴᠡᠨ ᠣᠩᠱᠢᠭ᠍ᠰᠠᠨ ᠣᠳᠠᠭ᠎ᠠ᠄ 3

ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠡᠯᠪᠡᠷᠢ᠎ᠶ᠋ᠢᠨ ᠠᠵᠤ ᠠᠬᠤᠶ᠋ᠢᠯᠠᠯ᠎ᠤᠨ ᠨᠡᠪᠴᠢᠭᠦᠯᠦᠭᠦᠷ᠎ᠦᠨ ᠲᠤᠰᠭᠠᠶ᠋ᠢᠵᠢᠭᠰᠠᠨ ᠡᠵᠡᠩᠨᠡᠯᠲᠡ᠎ᠶ᠋ᠢᠨ ᠴᠢᠳᠠᠪᠤᠷᠢ᠎ᠶ᠋ᠢ ᠦᠷᠭᠦᠯᠵᠢᠯᠡᠨ ᠳᠡᠭᠡᠭᠰᠢᠯᠡᠭᠦᠯᠵᠦ᠍᠂ ᠠᠵᠤ ᠠᠬᠤᠶ᠋ᠢᠯᠠᠯ᠎ᠤᠨ ᠴᠢᠨᠠᠷ ᠰᠠᠶ᠋ᠢᠲᠠᠢ ᠬᠥᠭᠵᠢᠯᠲᠡ᠎ᠳᠤ ᠬᠦᠴᠦᠨ ᠤᠯᠭᠤᠬᠤ᠎ᠶ᠋ᠢᠨ ᠲᠥᠯᠦᠭᠡ᠂ ᠬᠥᠬᠡᠬᠤᠲᠠ᠎ᠶ᠋ᠢᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠲᠣᠪᠴᠢᠶ᠎ᠠ 2026 ᠣᠨ᠎ᠤ ᠬᠥᠬᠡᠬᠤᠲᠠ᠎ᠶ᠋ᠢᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠡᠯᠪᠡᠷᠢ᠎ᠶ᠋ᠢᠨ ᠠᠵᠤ ᠠᠬᠤᠶ᠋ᠢᠯᠠᠯ᠎ᠤᠨ ᠨᠡᠪᠴᠢᠭᠦᠯᠦᠭᠦᠷ᠎ᠤᠨ ᠠᠵᠢᠯ ᠡᠷᠭᠢᠯᠡᠭᠰᠡᠳ᠎ᠦᠨ ᠪᠣᠯᠪᠠᠰᠤᠷᠠᠯ᠎ᠤᠨ ᠠᠩᠭᠢ ᠡᠷᠭᠢᠯᠡᠪᠡ᠃

ᠬᠥᠬᠡᠬᠤᠲᠠ᠎ᠶ᠋ᠢᠨ ᠡᠯ᠎ᠡ ᠱᠠᠲᠤᠨ᠎ᠤ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠡᠯᠪᠡᠷᠢ᠎ᠶ᠋ᠢᠨ ᠠᠵᠤ ᠠᠬᠤᠶ᠋ᠢᠯᠠᠯ᠎ᠤᠨ ᠨᠡᠪᠴᠢᠭᠦᠯᠦᠭᠦᠷ᠂ ᠣᠯᠠᠨ᠎ᠢᠶᠠᠷ᠎ᠢᠶᠠᠨ ᠡᠭᠦᠳᠬᠦ᠌ ᠣᠷᠤᠨ ᠵᠠᠢ ᠵᠢᠴᠢ ᠬᠠᠮᠢᠶ᠎ᠠ ᠪᠥᠬᠦᠢ ᠨᠢᠭᠡᠴᠢ᠎ᠶ᠋ᠢᠨ ᠬᠠᠷᠢᠭᠤᠴᠠᠯᠭᠠᠲᠠᠨ ᠪᠠ ᠲᠤᠬᠠᠶ᠋ᠢᠯᠠᠭᠰᠠᠨ ᠠᠵᠢᠯ᠎ᠤᠨ ᠭᠤᠤᠯᠯᠠᠭᠴᠢ ᠬᠦᠴᠦᠨ ᠵᠡᠷᠭᠡ 80 ᠭᠠᠷᠤᠢ ᠬᠥᠮᠦᠨ ᠲᠣᠰ ᠤᠳᠠᠭᠠᠨ᠎ᠤ ᠪᠣᠯᠪᠠᠰᠤᠷᠠᠯ᠎ᠳᠤ ᠣᠷᠤᠯᠴᠠᠪᠠ᠃  ᠪᠣᠯᠪᠠᠰᠤᠷᠠᠯ ᠨᠢ ᠰᠢᠨ᠎ᠡ᠎ᠶ᠋ᠢ ᠡᠭᠦᠳᠬᠦ ᠠᠮᠢ ᠠᠬᠤᠢ᠎ᠶ᠋ᠢᠨ ᠰᠤᠳᠤᠯᠭᠠᠨ᠎ᠤ ᠨᠡᠷ᠎ᠠ ᠬᠦᠨᠳᠤᠳᠤ ᠲᠤᠰᠭᠠᠢ ᠮᠡᠷᠭᠡᠵᠢᠯᠲᠡᠨ᠎ᠢ ᠤᠷᠢᠵᠤ ᠲᠤᠰᠭᠠᠢ ᠰᠡᠳᠦᠪ᠎ᠢᠶᠠᠷ  ᠬᠢᠴᠢᠶᠡᠯ  ᠤᠷᠤᠭᠤᠯᠵᠠᠢ᠃

ᠣᠶ᠋ᠢᠷ᠎ᠠ᠎ᠶ᠋ᠢᠨ ᠵᠢᠯ᠎ᠤᠨ ᠲᠤᠷᠰᠢ᠂ ᠬᠥᠬᠡᠬᠤᠲᠠ᠎ᠶ᠋ᠢᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠲᠣᠪᠴᠢᠶ᠎ᠠ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠡᠯᠪᠡᠷᠢ᠎ᠶ᠋ᠢᠨ ᠠᠵᠤ ᠠᠬᠤᠶ᠋ᠢᠯᠠᠯ᠎ᠤᠨ ᠨᠡᠪᠴᠢᠭᠦᠯᠦᠭᠦᠷ᠎ᠢ ᠲᠥᠷᠦ᠎ᠶ᠋ᠢᠨ ᠪᠣᠳᠤᠯᠭ᠎ᠠ᠎ᠪᠠᠷ ᠲᠡᠳᠬᠦᠬᠦ᠌ ᠡᠷᠴᠢᠮ᠎ᠢᠶᠠᠨ ᠦᠷᠭᠦᠯᠵᠢᠯᠡᠨ ᠴᠢᠩᠭᠠᠷᠠᠭᠤᠯᠵᠤ᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠡᠯᠪᠡᠷᠢ᠎ᠶ᠋ᠢᠨ ᠠᠵᠤ ᠠᠬᠤᠶ᠋ᠢᠯᠠᠯ᠎ᠤᠨ ᠨᠡᠪᠴᠢᠭᠦᠯᠦᠭᠦᠷ᠎ᠤᠨ ᠦᠢᠯᠡᠴᠢᠯᠡᠭᠡᠨ᠎ᠤ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂  ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠨᠡᠪᠴᠢᠭᠦᠯᠦᠬᠦᠷ᠎ᠤᠨ ᠠᠴᠢᠶᠠᠯᠠᠪᠤᠷᠢ᠎ᠶ᠋ᠢᠨ ᠪᠠᠶ᠋ᠢᠭᠤᠯᠤᠯᠲᠠ᠎ᠶ᠋ᠢ ᠦᠷᠭᠦᠯᠵᠢᠯᠡᠨ ᠴᠢᠩᠭᠠᠳᠭᠠᠵᠤ᠂ ᠰᠢᠨ᠎ᠡ᠎ᠶ᠋ᠢ ᠡᠭᠦᠳᠴᠤ ᠦᠢᠯᠡᠰ ᠪᠤᠰᠬᠠᠬᠤ ᠠᠮᠢᠵᠢᠷᠠᠯ᠎ᠤᠨ ᠬᠦᠴᠦᠨ᠎ᠢ ᠭᠦᠢᠴᠡᠳ ᠪᠠᠳᠠᠷᠠᠭᠤᠯᠪᠠ᠃ ᠣᠳᠤᠬᠠᠨ᠎ᠳᠤ᠂ ᠬᠥᠬᠡᠬᠤᠲᠠ᠎ᠳᠤ ᠤᠯᠤᠰ᠎ᠤᠨ ᠲᠠᠰ᠎ᠤᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠡᠯᠪᠡᠷᠢ᠎ᠶ᠋ᠢᠨ ᠠᠵᠤ ᠠᠬᠤᠶ᠋ᠢᠯᠠᠯ᠎ᠤᠨ ᠨᠡᠪᠴᠢᠭᠦᠯᠦᠭᠦᠷ 3᠂ ᠥᠪᠡᠷᠲᠡᠭᠡᠨ ᠵᠠᠰᠠᠬᠤ ᠣᠷᠤᠨ᠎ᠤ ᠲᠠᠰ᠎ᠦᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠡᠯᠪᠡᠷᠢ᠎ᠶ᠋ᠢᠨ ᠠᠵᠤ ᠠᠬᠤᠶ᠋ᠢᠯᠠᠯ᠎ᠤᠨ ᠨᠡᠪᠴᠢᠭᠦᠯᠦᠭᠦᠷ 15᠂ ᠬᠤᠲᠠ᠎ᠶ᠋ᠢᠨ ᠲᠠᠰ᠎ᠦᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠡᠯᠪᠡᠷᠢ᠎ᠶ᠋ᠢᠨ ᠠᠵᠤ ᠠᠬᠤᠶ᠋ᠢᠯᠠᠯ᠎ᠤᠨ ᠨᠡᠪᠴᠢᠭᠦᠯᠦᠭᠦᠷ 5 ᠪᠣᠢ᠃ 2026 ᠣᠨ᠎ᠳᠤ᠂ ᠬᠥᠬᠡᠬᠤᠲᠠ᠎ᠶ᠋ᠢᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶ᠋ᠢ ᠡᠭᠦᠳᠬᠦ᠌ ᠲᠥᠪ᠎ᠦᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠡᠯᠪᠡᠷᠢ᠎ᠶ᠋ᠢᠨ ᠠᠵᠤ ᠠᠬᠤᠢᠯᠠᠯ᠎ᠤᠨ ᠨᠡᠪᠴᠢᠭᠦᠯᠦᠭᠦᠷ᠎ᠨᠢ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠳᠠ᠎ᠶ᠋ᠢᠨ ᠶᠠᠮᠤᠨ᠎ᠤ ᠪᠠᠷᠢᠮᠵᠢᠶᠠᠵᠢᠭᠰᠠᠨ ᠨᠡᠪᠴᠢᠭᠦᠯᠦᠭᠦᠷ᠎ᠵᠢᠡᠷ ᠰᠣᠩᠭᠤᠭᠳᠠᠵᠤ᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶ᠋ᠢ ᠡᠭᠦᠳᠬᠦ᠌ ᠲᠠᠪᠴᠠᠩ᠎ᠤᠨ ᠪᠠᠢᠭᠤᠯᠤᠯᠳᠠ ᠵᠢᠨ ᠴᠢᠬᠤᠯᠠ ᠰᠢᠪᠲᠤᠯᠤᠯᠲᠠ᠎ᠶ᠋ᠢ  ᠪᠡᠶᠡᠯᠡᠭᠦᠯᠪᠡ᠃

ᠬᠥᠬᠡᠬᠤᠲᠠ᠎ᠶ᠋ᠢᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠲᠣᠪᠴᠢᠶ᠎ᠠ᠎ᠵᠢᠨ ᠬᠢᠨ ᠲᠣᠰ ᠤᠳᠠᠭᠠᠨ᠎ᠤ ᠪᠣᠯᠪᠠᠰᠤᠷᠠᠯ᠎ᠢᠶᠠᠷ ᠠᠵᠠ ᠲᠣᠬᠢᠶᠠᠯ ᠪᠣᠯᠭᠠᠵᠤ᠂ ᠠᠵᠤ ᠠᠬᠤᠶ᠋ᠢᠯᠠᠯ᠎ᠤᠨ ᠪᠥᠬᠦ᠌ ᠠᠮᠢ ᠨᠠᠰᠤᠨ᠎ᠤ ᠦᠶᠡᠯᠡᠯ᠎ᠤᠨ ᠬᠤᠭᠤᠴᠠᠭᠠᠨ᠎ᠤ ᠦᠢᠯᠡᠴᠢᠯᠡᠭᠡ᠎ᠵᠢ ᠴᠢᠩᠭᠠᠳᠬᠠᠨ᠂ ᠮᠡᠷᠭᠡᠵᠢᠯ᠎ᠤᠨ ᠰᠢᠯᠭᠠᠨ ᠪᠠᠲᠤᠯᠠᠯᠲᠠ᠂ ᠪᠠᠯᠠ ᠣᠷᠤᠭᠤᠯᠤᠯᠲᠠ᠎ᠶ᠋ᠢ ᠵᠣᠯᠭᠠᠭᠤᠯᠬᠤ ᠵᠡᠷᠭᠡ ᠲᠤᠰᠭᠠᠶ᠋ᠢᠵᠢᠭᠰᠠᠨ ᠦᠢᠯᠡᠴᠢᠯᠡᠭᠡᠨ᠎ᠤ ᠲᠦᠪᠰᠢᠨ᠎ᠢᠶᠡᠨ ᠤᠯᠠᠮ ᠨᠢᠭᠡ ᠠᠯᠬᠤᠮ ᠳᠡᠭᠡᠭᠰᠢᠯᠡᠭᠦᠯᠵᠦ᠍᠂ ᠨᠡᠪᠴᠢᠭᠦᠯᠦᠭᠦᠷ᠎ᠢ ᠦᠨᠡᠨ᠎ᠬᠦ᠌ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠡᠯᠪᠡᠷᠢ᠎ᠶ᠋ᠢᠨ ᠠᠵᠤ ᠠᠬᠤᠶ᠋ᠢᠯᠠᠯ᠎ᠤᠨ 《ᠦᠰᠦᠨ ᠪᠤᠶ᠋ᠢᠵᠢᠯᠲᠠ᠎ᠶ᠋ᠢᠨ ᠥᠯᠦᠭᠡᠢ》 ᠪᠣᠯᠭᠠᠨ ᠪᠥᠲᠦᠭᠡᠨ ᠪᠠᠶ᠋ᠢᠭᠤᠯᠵᠤ᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠰᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠤᠨ ᠰᠢᠨ᠎ᠡ᠎ᠶ᠋ᠢ ᠡᠭᠦᠳᠬᠦ᠎ᠶ᠋ᠢ ᠭᠦᠨᠵᠡᠭᠡᠢ ᠠᠭᠤᠰᠤᠯᠴᠠᠭᠤᠯᠬᠤ᠎ᠶ᠋ᠢ ᠨᠠᠩ ᠰᠠᠶ᠋ᠢᠲᠤᠷ ᠠᠬᠢᠭᠤᠯᠬᠤ ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面