2026-11-17 10:21:58
ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠩᠬᠢᠮ ᠡᠴᠡ ᠤᠢᠯᠠᠭᠠᠭᠰᠠᠨ ᠢ᠋ᠢᠡᠷ᠂ ᠲᠦᠷᠦᠭᠦᠤ 9 ᠰᠠᠷ᠎ᠠ ᠳ᠋ᠤ ᠦᠪᠦᠷ ᠮᠤᠡᠭᠭᠤᠯ ᠤ᠋ᠨ ᠶᠡᠷᠦᠩᠬᠡᠶ᠋ᠢᠯᠡᠭᠰᠡᠨ ᠵᠠᠮ ᠬᠠᠷᠢᠯᠴᠠᠭᠠᠨ ᠤ᠋ ᠪᠠᠯᠠ ᠣᠷᠣᠭᠤᠯᠤᠯᠲᠠ 358.4 ᠳ᠋ᠦᠩᠰᠢᠭᠤᠷ ᠲᠥᠭᠥᠷᠢᠭ ᠲᠤ᠌ ᠬᠦᠷᠴᠤ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 1.7% ᠪᠠᠷ ᠨᠡᠮᠡᠭᠳᠡᠵᠦ᠍᠂ ᠣᠨ ᠤ᠋ ᠬᠠᠷᠠᠯᠲᠠᠲᠤ ᠡᠭᠦᠷᠭᠡ ᠢ᠋ᠢᠨ ᠵᠢᠡᠨ 71.8% ᠢ᠋ᠢ ᠪᠡᠶᠡᠯᠡᠭᠦᠯᠪᠡ᠃ ᠡᠭᠦᠨ ᠳ᠋ᠤ ᠵᠠᠰᠠᠮᠠᠯ ᠵᠠᠮ ᠤ᠋ᠨ ᠪᠠᠯᠠ ᠣᠷᠣᠭᠤᠯᠤᠯᠲᠠ 216.9 ᠳ᠋ᠦᠩᠰᠢᠭᠤᠷ ᠲᠥᠭᠥᠷᠢᠭ ᠲᠤ᠌ ᠬᠦᠷᠴᠦ᠍᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 16.3% ᠪᠠᠷ ᠨᠡᠮᠡᠭᠳᠡᠪᠡ; ᠲᠡᠮᠦᠷ ᠵᠠᠮ ᠤ᠋ᠨ ᠪᠠᠯᠠ ᠣᠷᠣᠭᠤᠯᠤᠯᠲᠠ 137.7 ᠳ᠋ᠦᠩᠰᠢᠭᠤᠷ ᠲᠥᠭᠥᠷᠢᠭ ᠲᠤ᠌ ᠬᠦᠷᠴᠦ᠍᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 4.5% ᠪᠠᠷ ᠨᠡᠮᠡᠭᠳᠡᠵᠤ᠂ ᠠᠷᠠᠳ ᠤ᠋ᠨ ᠠᠭᠠᠷ ᠤ᠋ᠨ ᠲᠡᠭᠡᠭᠡᠪᠦᠷᠢ ᠢ᠋ᠢᠨ ᠪᠡᠯᠡ ᠣᠷᠣᠭᠤᠯᠤᠯᠲᠠ 3.8 ᠳ᠋ᠦᠩᠰᠢᠭᠤᠷ ᠲᠥᠭᠥᠷᠢᠭ ᠲᠤ᠌ ᠬᠦᠷᠴᠠᠢ᠃
ᠡᠨᠡ ᠵᠢᠯ ᠡᠴᠡ ᠨᠠᠭᠠᠰᠢ᠂ ᠮᠠᠨ ᠤ᠋ ᠤᠷᠤᠨ ᠶᠡᠷᠦᠩᠬᠡᠶ᠋ᠢᠯᠡᠭᠰᠡᠨ ᠵᠠᠮ ᠬᠠᠷᠢᠯᠴᠠᠭᠠᠨ ᠤ᠋ ᠭᠣᠣᠯᠳᠠᠯᠭ᠎ᠠ ᠲᠠᠢ ᠲᠥᠷᠥᠯ ᠵᠦᠢᠯ ᠤ᠋ᠨ ᠪᠦᠲᠦᠭᠡᠨ ᠪᠠᠶ᠋ᠢᠭᠤᠯᠤᠯᠲᠠ ᠢ᠋ᠢ ᠲᠦᠷᠭᠡᠳᠬᠡᠨ ᠠᠬᠢᠭᠤᠯᠵᠤ᠂ ᠵᠠᠰᠠᠮᠠᠯ ᠵᠠᠮ᠂ ᠲᠡᠮᠦᠷ ᠵᠠᠮ᠂ ᠠᠷᠠᠳ ᠤ᠋ᠨ ᠠᠭᠠᠷ ᠤ᠋ᠨ ᠲᠡᠭᠡᠭᠡᠪᠦᠷᠢ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠤ᠋ᠨ ᠪᠥᠲᠥᠭᠡᠨ ᠪᠠᠶ᠋ᠢᠭᠤᠯᠤᠯᠲᠠ ᠢ᠋ᠢ ᠨᠢᠭᠡᠳᠦᠯᠲᠡᠶ ᠲᠥᠯᠥᠪᠵᠢᠭᠦᠯᠤᠨ᠂ ᠤᠯᠤᠰ ᠤ᠋ᠨ ᠪᠠ ᠥᠪᠡᠷᠲᠡᠭᠡᠨ ᠵᠠᠰᠠᠬᠤ ᠣᠷᠣᠨ ᠤ᠋ ᠲᠥᠷᠥ ᠢ᠋ᠢᠨ ᠪᠣᠳᠣᠯᠭ᠎ᠠ ᠢ᠋ᠢᠨ ᠴᠤᠩᠬᠤᠪᠴᠢ ᠬᠤᠭᠤᠴᠠᠭ᠎ᠠ ᠢ᠋ᠢ ᠠᠮᠵᠢᠨ᠂ ᠲᠥᠪ ᠤ᠋ᠨ ᠲᠡᠷᠭᠡ ᠬᠤᠳᠠᠯᠳᠤᠨ ᠠᠪᠬᠤ ᠭᠠᠶ᠋ᠢᠯᠢ ᠢ᠋ᠢᠨ ᠪᠠᠯᠠ ᠮᠥᠩᠭᠥ ᠢ᠋ᠢ 93.6 ᠳ᠋ᠦᠩᠰᠢᠭᠤᠷ ᠲᠥᠭᠥᠷᠢᠭ ᠨᠠᠶ᠋ᠢᠳᠠᠪᠤᠷᠢᠵᠢᠭᠤᠯᠪᠠ᠃ ᠲᠥᠷᠥᠯ ᠵᠦᠢᠯ ᠤ᠋ᠨ ᠡᠮᠦᠨᠡᠬᠢ ᠬᠤᠭᠤᠴᠠᠭᠠᠨ ᠤ᠋ ᠭᠠᠷᠳᠠᠮ ᠭᠦᠢᠴᠡᠳᠬᠡᠬᠦ ᠠᠵᠢᠯ ᠢ᠋ ᠲᠦᠷᠭᠡᠳᠬᠡᠬᠦ᠌ ᠪᠡᠷ ᠳᠠᠮᠵᠢᠨ ᠪᠠᠷᠢᠯᠭ᠎ᠠ ᠢ᠋ᠢᠨ ᠠᠵᠢᠯ ᠤ᠋ᠨ ᠵᠣᠬᠢᠶᠠᠨ ᠪᠠᠶ᠋ᠢᠭᠤᠯᠤᠯᠲᠠ ᠢ᠋ᠢ ᠰᠢᠯᠢᠳᠡᠭᠵᠢᠭᠦᠯᠵᠦ᠍᠂ ᠪᠥᠲᠥᠭᠡᠨ ᠪᠠᠶ᠋ᠢᠭᠤᠯᠤᠯᠲᠠ ᠢ᠋ᠢᠨ ᠲᠦᠭᠵᠢᠷᠡᠯ ᠪᠠ ᠬᠣᠷᠢᠭ᠎ᠠ ᠴᠡᠭ ᠢ᠋ ᠬᠥᠳᠡᠯᠦᠩᠭᠦᠶ ᠪᠡᠷ ᠡᠮᠬᠢᠯᠡᠨ ᠰᠢᠯᠤᠭᠤᠳᠬᠠᠵᠤ᠂ ᠥᠪᠡᠷᠲᠡᠭᠡᠨ ᠵᠠᠰᠠᠬᠤ ᠣᠷᠣᠨ ᠤ᠋ ᠴᠢᠬᠤᠯᠠ ᠶᠡᠬᠡ ᠲᠥᠷᠥᠯ ᠵᠦᠢᠯ ᠤ᠋ᠨ ᠬᠣᠯᠪᠣᠭᠠᠯᠠᠨ ᠬᠢᠨᠠᠵᠤ ᠬᠣᠯᠪᠣᠭᠠᠯᠠᠨ ᠵᠥᠪᠰᠢᠶᠡᠷᠡᠬᠦ᠌ ᠲᠣᠭᠲᠠᠴᠠ ᠳ᠋ᠤ ᠲᠦᠰᠢᠭᠯᠡᠨ ᠬᠦᠴᠢᠷ ᠠᠰᠠᠭᠤᠳᠠᠯ ᠢ᠋ ᠵᠣᠬᠢᠴᠠᠭᠤᠯᠤᠨ ᠰᠢᠢᠳᠪᠦᠷᠢᠯᠡᠵᠤ᠂ ᠲᠥᠷᠥᠯ ᠵᠦᠢᠯ ᠢ᠋ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠢ᠋ᠢ ᠪᠥᠬᠥ᠌ ᠬᠦᠴᠦᠨ ᠢ᠋ᠢᠡᠷ ᠢ᠋ᠢᠡᠨ ᠠᠬᠢᠭᠤᠯᠵᠡᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃