2026-11-17 10:30:22
ᠠᠯᠠᠱᠠ ᠶ᠋ᠢᠨ ᠳᠡᠭᠡᠳᠦ ᠰᠢᠨ᠎ᠡ ᠮᠡᠷᠭᠡᠵᠢᠯ ᠤ᠋ᠨ ᠲᠤᠭᠤᠷᠢᠭ ᠤ᠋ᠨ ᠤᠯᠠᠭᠠᠨᠪᠦᠬ᠎ᠠ ᠶ᠋ᠢᠨ ᠡᠯᠡᠰᠦᠨ ᠴᠦᠯ ᠤ᠋ᠨ ᠦᠷᠦᠴᠡᠨ ᠳ᠋ᠤ ᠪᠠᠢᠷᠢᠯᠠᠭ᠎ᠠ ᠷᠠᠰᠢᠶᠠᠨ (ᠠᠯᠠᠱᠠ ᠶ᠋ᠢᠨ ᠭᠡᠷᠡᠯᠴᠢ ᠴᠡᠨᠡᠭ ᠪᠤᠯᠤᠨ ᠰᠠᠯᠬᠢᠨ ᠬᠦᠴᠦᠨ ᠤ᠋ ᠴᠠᠬᠢᠯᠭᠠᠨ ᠢ᠋ ᠦᠬᠠᠢ ᠳ᠋ᠤ ᠬᠦᠷᠭᠡᠬᠦ) ᠤ᠋ 500 ᠺᠢᠯᠤᠸᠤᠯᠲ ᠤ᠋ᠨ ᠴᠠᠬᠢᠯᠭᠠᠨ ᠬᠦᠷᠭᠡᠬᠦ᠌ ᠬᠦᠴᠦᠳᠡᠯ ᠬᠤᠪᠢᠰᠬᠠᠬᠤ ᠢᠨᠵᠧᠨᠧᠷᠢᠩ ᠲᠦᠷᠦᠭᠦᠬᠡᠨ ᠵᠢᠩᠬᠢᠨᠢ ᠪᠡᠷ ᠠᠰᠢᠭᠯᠠᠯᠲᠠ ᠳ᠋ᠤ ᠣᠷᠤᠵᠤ᠂ ᠠᠯᠠᠱᠠ ᠶ᠋ᠢᠨ ᠪᠤᠬᠢᠷᠲᠤᠯ ᠦᠭᠡᠢ ᠴᠠᠬᠢᠯᠭᠠᠨ ᠢ᠋ ᠡᠨᠡᠬᠦ᠌ 《ᠴᠠᠬᠢᠯᠭᠠᠨ ᠬᠦᠴᠦᠨ ᠤ᠋ ᠲᠦᠷᠭᠡᠨ ᠤ᠋ ᠵᠠᠮ》 ᠢ᠋ᠶ᠋ᠡᠷ ᠳᠠᠮᠵᠢᠭᠤᠯᠤᠨ ᠦᠬᠠᠢ ᠶ᠋ᠢᠨ ᠠᠵᠤ ᠦᠢᠯᠡᠳᠪᠦᠷᠢ ᠶ᠋ᠢᠨ ᠴᠠᠬᠢᠯᠭᠠᠨ ᠬᠡᠷᠡᠭᠯᠡᠭᠡᠨ ᠤ᠋ ᠦᠨᠳᠦᠷ ᠳᠠᠭᠠᠭᠠᠴᠠ ᠶ᠋ᠢᠨ ᠲᠥᠪ ᠲᠦ᠍ ᠰᠢᠭᠤᠳ ᠬᠦᠷᠭᠡᠬᠦ᠌ ᠪᠣᠯᠪᠠ ᠃
ᠲᠤᠰ ᠢᠨᠵᠧᠨᠧᠷᠢᠩ ᠪᠣᠯ ᠥᠪᠦᠷ ᠮᠣᠩᠭᠤᠯ ᠤ᠋ᠨ ᠠᠩᠬᠠᠳᠠᠭᠴᠢ ᠠᠶ᠋ᠢᠮᠠᠭ ᠬᠤᠳᠠ ᠠᠯᠤᠰᠯᠠᠨ ᠬᠠᠮᠲᠤᠷᠠᠵᠤ ᠲᠣᠤᠷ ᠲᠦ᠍ ᠵᠠᠯᠭᠠᠨ ᠰᠢᠨ᠎ᠡ ᠡᠨ᠋ᠸᠷᠬᠢ ᠵᠢ ᠰᠢᠩᠭᠡᠭᠡᠨ ᠠᠰᠢᠬᠯᠠᠬᠤ ᠲᠦᠷᠦᠯ ᠵᠦᠢᠯ ᠤ᠋ᠨ ᠭᠤᠤᠯ ᠵᠠᠩᠭᠢᠯᠠᠭ᠎ᠠ ᠪᠠᠢᠵᠤ᠂ ᠮᠥᠨ ᠴᠦ᠍ ᠠᠯᠠᠱᠠ ᠦᠬᠠᠢ ᠶ᠋ᠢᠨ ᠬᠠᠮᠵᠢᠯᠴᠠᠨ ᠬᠥᠭᠵᠢᠬᠦ ᠵᠢ ᠭᠦᠨᠵᠡᠭᠡᠶ᠋ᠢᠷᠡᠭᠦᠯᠬᠦ᠂ ᠪᠣᠬᠢᠷᠲᠤᠯ᠎ᠦᠭᠡᠢ ᠰᠢᠨ᠎ᠡ ᠴᠢᠨᠠᠷ ᠤ᠋ᠨ ᠦᠢᠯᠡᠳᠪᠦᠷᠢᠯᠡᠯ ᠤ᠋ᠨ ᠬᠦᠴᠦᠨ ᠢ᠋ ᠪᠣᠶ᠋ᠢᠵᠢᠭᠤᠯᠬᠤ ᠪᠡᠯᠭᠡ ᠲᠡᠮᠳᠡᠭ ᠤ᠋ᠨ ᠴᠢᠨᠠᠷᠲᠠᠢ ᠢᠨᠵᠧᠨᠧᠷᠢᠩ ᠪᠣᠯᠤᠨ᠎ᠠ᠃ ᠢᠨᠵᠧᠨᠧᠷᠢᠩ ᠤ᠋ᠨ ᠶᠡᠷᠦᠩᠬᠡᠢ ᠪᠡᠯᠡ ᠣᠷᠤᠭᠤᠯᠤᠯᠲᠠ ᠨᠢ 6.65 ᠳ᠋ᠦᠩᠰᠢᠭᠤᠷ ᠰᠢᠬᠠᠮ ᠲᠥᠭᠦᠷᠢᠭ ᠲᠦ᠍ ᠬᠦᠷᠴᠦ᠂ 2 ᠵᠤᠷᠪᠤᠰ 500 ᠺᠢᠯᠤᠸᠤᠯᠲ ᠤ᠋ᠨ ᠴᠠᠬᠢᠯᠭᠠᠨ ᠬᠦᠷᠭᠡᠬᠦ ᠱᠤᠭᠤᠮ᠂ 8 ᠵᠤᠷᠪᠤᠰ 220 ᠺᠢᠯᠤᠸᠤᠯᠲ ᠤ᠋ᠨ ᠴᠠᠬᠢᠯᠭᠠᠨ ᠬᠦᠷᠭᠡᠬᠦ ᠱᠤᠭᠤᠮ ᠢ᠋ ᠪᠠᠶ᠋ᠢᠭᠤᠯᠵᠤ᠂ 4 ᠰᠠᠭᠤᠷᠢ 1200MVAᠭᠤᠤᠯ ᠬᠦᠴᠦᠳᠡᠯ ᠬᠤᠪᠢᠰᠬᠠᠭᠤᠷ ᠢ᠋ ᠰᠢᠨ᠎ᠡ ᠪᠡᠷ ᠪᠠᠶ᠋ᠢᠭᠤᠯᠪᠠ᠃ 2 ᠵᠤᠷᠪᠤᠰ 500 ᠺᠢᠯᠤᠸᠤᠯᠲ ᠤ᠋ᠨ ᠴᠠᠬᠢᠯᠭᠠᠨ ᠱᠤᠭᠤᠮ ᠨᠢ ᠭᠣᠪᠢ ᠶ᠋ᠢᠨ ᠰᠢᠷ᠎ᠠ ᠡᠯᠡᠰᠦ ᠵᠢ ᠲᠤᠭᠤᠯᠤᠨ᠂ ᠦᠬᠠᠢ ᠬᠤᠲᠠ ᠶ᠋ᠢᠨ ᠤᠳᠠ ᠶ᠋ᠢᠨ ᠲᠤᠬᠤᠢ ᠲᠣᠭᠤᠷᠢᠭ ᠤ᠋ᠨ ᠵᠢᠨ ᠬ᠍ᠦ 500 ᠺᠢᠯᠤᠸᠤᠯᠲ ᠤ᠋ᠨ ᠬᠦᠴᠦᠳᠡᠯ ᠬᠤᠪᠢᠰᠬᠠᠬᠤ ᠥᠷᠲᠡᠭᠡ ᠳ᠋ᠤ ᠵᠠᠯᠭᠠᠵᠤ᠂ ᠣᠷᠤᠨ ᠪᠦᠰᠡ ᠶ᠋ᠢᠨ ᠴᠠᠬᠢᠯᠭᠠᠨ ᠬᠦᠴᠦᠨ ᠤ᠋ ᠭᠤᠤᠯ ᠲᠣᠤᠷ ᠤ᠋ᠨ ᠪᠦᠷᠢᠯᠳᠦᠴᠡ ᠵᠢ ᠴᠢᠨᠠᠭᠰᠢᠳᠠ ᠲᠡᠭᠦᠯᠳᠡᠷᠵᠢᠭᠦᠯᠵᠦ᠍᠂ ᠠᠯᠠᠱᠠ ᠠᠶ᠋ᠢᠮᠠᠭ ᠤ᠋ᠨ ᠶᠡᠭᠡ ᠬᠡᠪᠴᠢᠶᠡᠨ ᠤ᠋ ᠰᠠᠯᠬᠢᠨ ᠬᠦᠴᠦᠨ ᠪᠠ ᠭᠡᠷᠡᠯᠴᠢ ᠴᠡᠨᠡᠭ ᠤ᠋ᠨ ᠴᠠᠬᠢᠯᠭᠠᠨ ᠬᠦᠴᠦᠨ ᠢ᠋ ᠭᠠᠳᠠᠭᠰᠢ ᠬᠦᠷᠭᠡᠬᠦ ᠳ᠋ᠤ ᠵᠠᠩᠭᠢᠯᠠᠭ᠎ᠠ ᠶ᠋ᠢᠨ ᠲᠤᠯᠭᠠᠭᠤᠷᠢᠯᠠᠯ ᠢ᠋ ᠪᠠᠲᠤ᠌ ᠴᠣᠭᠴᠠᠯᠠᠬᠤ ᠪᠣᠯᠤᠨ᠎ᠠ᠃
ᠷᠠᠰᠢᠶᠠᠨ 500 ᠺᠢᠯᠤᠸᠤᠯᠲ ᠤ᠋ᠨ ᠴᠠᠬᠢᠯᠭᠠᠨ ᠬᠦᠷᠭᠡᠬᠦ᠌ ᠬᠦᠴᠦᠳᠡᠯ ᠬᠤᠪᠢᠰᠬᠠᠬᠤ ᠢᠨᠵᠧᠨᠧᠷᠢᠩ ᠢ᠋ ᠤᠷᠤᠭᠰᠢᠲᠠᠢ ᠪᠡᠷ ᠠᠰᠢᠭᠯᠠᠯᠲᠠ ᠳ᠋ᠤ ᠣᠷᠤᠭᠤᠯᠤᠬᠰᠠᠨ ᠨᠢ ᠠᠯᠠᠱᠠ ᠠᠶ᠋ᠢᠮᠠᠭ ᠪᠠ ᠦᠬᠠᠢ ᠬᠤᠳᠠ ᠶ᠋ᠢᠨ ᠠᠢᠮᠠᠭ ᠬᠤᠲᠠ ᠠᠯᠤᠰᠯᠠᠭᠰᠠᠨ ᠪᠣᠬᠢᠷᠲᠤᠯ᠎ᠦᠭᠡᠢ ᠴᠠᠬᠢᠯᠭᠠᠨ ᠤ᠋ ᠬᠤᠩᠭᠢᠯ ᠤ᠋ᠨ ᠵᠠᠩᠭᠢᠯᠠᠭ᠎ᠠ ᠶ᠋ᠢᠨ ᠴᠠᠬᠢᠯᠭᠠᠨ ᠲᠣᠤᠷ ᠤ᠋ᠨ ᠪᠦᠷᠢᠯᠳᠦᠴᠡ ᠶ᠋ᠢᠨ ᠭᠤᠭᠴᠤᠭ᠎ᠠ ᠵᠢ ᠨᠥᠬᠦᠪᠦᠷᠢᠯᠡᠵᠦ᠍᠂ ᠬᠤᠶᠠᠷ ᠭᠠᠵᠠᠷ ᠤ᠋ᠨ ᠴᠠᠬᠢᠯᠭᠠᠨ ᠲᠣᠤᠷ ᠤ᠋ᠨ ᠬᠠᠷᠢᠯᠴᠠᠨ ᠨᠥᠬᠦᠪᠦᠷᠢᠯᠡᠵᠦ᠍ ᠲᠤᠬᠢᠷᠠᠭᠤᠯᠬᠤ ᠴᠢᠳᠠᠪᠤᠷᠢ ᠵᠢ ᠢᠯᠡᠳᠲᠡ ᠳᠡᠭᠡᠭᠰᠢᠯᠡᠭᠦᠯᠵᠦ᠍᠂ ᠢᠵᠢ ᠪᠦᠷᠢᠳᠦᠭᠦᠯᠦᠨ ᠪᠦᠲᠦᠭᠡᠨ ᠪᠠᠢᠭᠤᠯᠵᠤ ᠪᠠᠢᠭ᠎ᠠ 200 ᠲᠦᠮᠡᠨ ᠺᠢᠯᠤᠸᠠᠲ ᠤ᠋ᠨ 《ᠠᠯᠠᠱᠠ ᠶ᠋ᠢᠨ ᠭᠡᠷᠡᠯᠴᠢ ᠴᠡᠨᠡᠭ ᠪᠤᠯᠤᠨ ᠰᠠᠯᠬᠢᠨ ᠬᠦᠴᠦᠨ ᠤ᠋ ᠴᠠᠬᠢᠯᠭᠠᠨ ᠢ᠋ ᠦᠬᠠᠢ ᠳ᠋ᠤ ᠬᠦᠷᠭᠡᠬᠦ》 ᠣᠷᠤᠨ ᠪᠦᠰᠡ ᠶ᠋ᠢᠨ ᠬᠠᠷᠢᠯᠴᠠᠨ ᠲᠤᠰᠠᠯᠠᠬᠤ ᠰᠢᠨ᠎ᠡ ᠡᠨᠧᠷᠭᠢ ᠶ᠋ᠢᠨ ᠲᠦᠷᠦᠯ ᠵᠦᠢᠯ ᠤ᠋ᠨ ᠴᠠᠬᠢᠯᠭᠠᠨ ᠢ᠋ ᠲᠣᠭᠲᠠᠭᠤᠨ ᠢ᠋ᠶ᠋ᠡᠷ ᠭᠠᠳᠠᠬᠰᠢ ᠬᠦᠷᠭᠡᠬᠦ ᠳ᠋ᠤ ᠪᠠᠲᠤ᠌ ᠴᠢᠩᠭ᠎ᠠ ᠴᠠᠬᠢᠯᠭᠠᠨ ᠲᠣᠤᠷ ᠤ᠋ᠨ ᠪᠦᠷᠢᠯᠳᠦᠴᠡ ᠶ᠋ᠢᠨ ᠲᠤᠯᠭᠠᠭᠤᠷᠢᠯᠠᠯ ᠢ᠋ ᠴᠤᠬᠴᠠᠯᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃