ᠲᠡᠷᠢᠭᠦᠨ ᠨᠢᠭᠤᠷ>ᠴᠠᠭ ᠲᠦᠷᠦ>ᠠᠵᠤ ᠠᠬᠤᠢ

2026-11-17 12:20:49

ᠵᠣᠬᠢᠶᠠᠭ᠍ᠴᠢ᠄ ᠡᠷᠳᠡᠨᠢᠬᠤᠸᠠᠷ ᠣᠩᠱᠢᠭ᠍ᠰᠠᠨ ᠣᠳᠠᠭ᠎ᠠ᠄ 3

ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠤᠯᠤᠰ ᠤ᠋ᠨ ᠦᠮᠴᠢᠯᠡᠯᠳᠦ ᠡᠳ᠋ ᠬᠦᠷᠦᠩᠭᠡ ᠶ᠋ᠢᠨ ᠬᠢᠨᠠᠯᠳᠠ ᠬᠠᠮᠢᠶᠠᠷᠤᠯᠳᠠ ᠶ᠋ᠢᠨ ᠵᠦᠪᠯᠡᠯ ᠤᠢᠷ᠎ᠠ ᠳ᠋ᠤ ᠬᠢᠨᠠᠨ ᠬᠠᠮᠢᠶᠠᠷᠴᠤ ᠪᠠᠢᠭ᠎ᠠ ᠠᠵᠤ ᠠᠬᠤᠢᠯᠠᠯ ᠤ᠋ᠨ ᠶ᠋ᠢᠡᠨ  2026  ᠤᠨ  ᠤ᠋  ᠲᠦᠷᠦᠭᠦᠦ ᠭᠤᠷᠪᠠᠨ ᠤᠯᠠᠷᠢᠯ ᠤ᠋ᠨ ᠠᠵᠤ ᠠᠬᠤᠢ ᠶ᠋ᠢᠨ ᠡᠷᠬᠢᠯᠳᠡ ᠶ᠋ᠢᠨ ᠪᠠᠢᠳᠠᠯ ᠤ᠋ᠨ ᠵᠠᠳᠠᠯᠤᠯᠳᠠ ᠵᠢᠴᠢ ᠠᠶᠤᠯᠭᠦᠢ ᠦᠢᠯᠡᠳᠪᠤᠷᠢᠯᠡᠯ ᠤ᠋ᠨ ᠠᠵᠢᠯ ᠤ᠋ᠨ ᠬᠤᠷᠠᠯ ᠢ᠋  ᠬᠤᠷᠠᠯᠳᠤᠭᠤᠯᠪᠠ᠃

ᠬᠤᠷᠠᠯ ᠡᠴᠡ ᠤᠢᠯᠠᠭᠠᠭᠰᠠᠨ ᠶ᠋ᠢᠡᠷ᠂ ᠲᠦᠷᠦᠭᠦᠦ ᠭᠤᠷᠪᠠᠨ ᠤᠯᠠᠷᠢᠯ ᠳ᠋ᠤ ᠦᠪᠡᠷᠳᠡᠭᠡᠨ ᠵᠠᠰᠠᠬᠤ ᠤᠷᠤᠨ ᠤ᠋ ᠤᠯᠤᠰ ᠤ᠋ᠨ ᠦᠮᠴᠢᠯᠡᠯᠳᠦ ᠡᠳ᠋ ᠬᠦᠷᠦᠩᠭᠡ ᠶ᠋ᠢᠨ ᠬᠢᠨᠠᠯᠳᠠ ᠬᠠᠮᠢᠶᠠᠷᠤᠯᠳᠠ ᠶ᠋ᠢᠨ ᠵᠦᠪᠯᠡᠯ ᠡᠴᠨ ᠬᠢᠨᠠᠨ ᠬᠠᠮᠢᠶᠠᠷᠴᠤ ᠪᠠᠢᠭ᠎ᠠ ᠤᠯᠤᠰ ᠤ᠋ᠨ ᠦᠮᠴᠢᠯᠡᠯᠳᠦ ᠠᠵᠤ ᠠᠬᠤᠢᠯᠠᠯ ᠤ᠋ᠨ ᠬᠢᠨ ᠬᠦᠴᠢᠷ ᠪᠡᠷᠬᠡᠰᠢᠶᠡᠯ ᠢ᠋ ᠢᠯᠠᠵᠤ᠂ ᠡᠯ᠎ᠠ ᠵᠦᠢᠯ ᠤ᠋ᠨ ᠳᠠᠷᠤᠯᠳᠠ ᠶ᠋ᠢ ᠬᠦᠯᠢᠴᠡᠨ ᠡᠷᠡᠮᠡᠬᠡᠢᠯᠡᠨ ᠤᠷᠤᠭᠰᠢᠯᠠᠵᠤ᠂ ᠬᠦᠭᠵᠢᠯᠳᠡ ᠶ᠋ᠢᠨ ᠶᠠᠰᠤ ᠴᠢᠨᠠᠷ ᠨᠢ ᠳᠤᠭᠳᠠᠭᠤᠨ ᠤ᠋ ᠳᠤᠮᠳᠠ ᠠᠬᠢᠯᠳᠠ ᠲᠠᠢ᠂ ᠲᠠᠰᠤᠷᠠᠯᠳᠠ ᠦᠭᠡᠢ ᠰᠠᠢᠵᠢᠷᠠᠭᠰᠠᠨ ᠪᠠᠢᠳᠠᠯ ᠢᠯᠡᠷᠡᠵᠠᠢ᠃

ᠬᠤᠷᠠᠯ ᠡᠴᠡ᠂ ᠶᠡᠷᠦᠩᠬᠡᠢ ᠱᠦᠵᠢ ᠰᠢ ᠵᠢᠨ ᠫᠢᠩ ᠤ᠋ᠨ ᠤᠯᠠᠭᠠᠨᠴᠠᠪ ᠬᠤᠳᠠ ᠳ᠋ᠤ ᠰᠢᠨᠵᠢᠯᠡᠨ ᠪᠠᠢᠴᠠᠭᠠᠬᠤ ᠦᠶ᠎ᠠ ᠶ᠋ᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶ᠋ᠢᠨ ᠵᠤᠷᠢᠭ ᠰᠠᠨᠠᠭ᠎ᠠ ᠨᠢ ᠪᠦᠬᠦ ᠤᠷᠤᠨ ᠤ᠋ ᠤᠯᠤᠰ ᠤ᠋ᠨ ᠦᠮᠴᠢᠯᠡᠯᠳᠦ  ᠡᠳ᠋ ᠬᠦᠷᠦᠩᠭᠡ ᠤᠯᠤᠰ ᠤ᠋ᠨ ᠦᠮᠴᠢᠯᠡᠯᠳᠦ ᠠᠵᠤ ᠠᠬᠤᠢᠯᠠᠯ ᠤ᠋ᠨ ᠤᠷᠤᠭᠰᠢᠯᠠᠯᠳᠠ ᠶ᠋ᠢᠨ ᠴᠢᠭᠯᠡᠯ ᠢ᠋ ᠤᠯᠠᠮ ᠨᠢᠭᠡ ᠠᠯᠬᠤᠮ ᠲᠤᠳᠤᠷᠬᠠᠢ ᠵᠢᠭᠠᠵᠤ᠂ ᠦᠨᠳᠦᠰᠦᠨ ᠵᠢᠷᠦᠮᠯᠠᠯ ᠬᠠᠩᠭᠠᠨ᠂ ᠬᠦᠴᠦᠷᠬᠡᠭ ᠶᠡᠬᠡ ᠬᠦᠳᠡᠯᠭᠡᠬᠦ ᠡᠨᠧᠷᠬᠢ ᠤᠯᠭᠤᠪᠠ᠃ ᠳᠦᠷᠪᠡᠳᠦᠭᠡᠷ ᠤᠯᠠᠷᠢᠯ ᠳ᠋ᠤ ᠪᠦᠬᠦ ᠤᠷᠤᠨ ᠤ᠋ ᠤᠯᠤᠰ ᠤ᠋ᠨ ᠦᠮᠴᠢᠯᠡᠯᠳᠦ ᠡᠳ᠋ ᠬᠦᠷᠦᠩᠭᠡ ᠤᠯᠤᠰ ᠤ᠋ᠨ ᠦᠮᠴᠢᠯᠡᠯᠳᠦ ᠠᠵᠤ ᠠᠬᠤᠢᠯᠠᠯ ᠤ᠋ᠨ ᠬᠢᠨ ᠤᠨ ᠤ᠋ ᠬᠠᠷᠠᠯᠳᠠ  ᠡᠭᠦᠷᠭᠡ ᠪᠡᠨ  ᠪᠡᠶᠡᠯᠡᠭᠦᠯᠬᠦ ᠪᠡᠷ ᠪᠦᠬᠦ ᠬᠦᠴᠦᠨ ᠶ᠋ᠢᠡᠷ ᠴᠢᠷᠮᠠᠢᠵᠤ᠂ ᠡᠵᠡᠩᠨᠡᠯᠳᠡ ᠶ᠋ᠢᠨ ᠦᠷ᠎ᠠ ᠠᠰᠢᠭ ᠤ᠋ᠨ  ᠠᠰᠠᠭᠤᠳᠠᠯ ᠢ᠋  ᠨᠢᠭᠳᠠ ᠠᠩᠬᠠᠷᠴᠤ᠂ ᠬᠠᠷᠢᠭᠤᠴᠠᠯᠭ᠎ᠠ ᠶ᠋ᠢ ᠪᠤᠳᠠᠳᠠᠢᠵᠢᠭᠤᠯᠵᠤ᠂ ᠲᠦᠷᠦᠯ ᠬᠤᠪᠢᠶᠠᠨ ᠲᠦᠷᠦ ᠶ᠋ᠢᠨ ᠪᠤᠳᠤᠯᠭ᠎ᠠ ᠬᠡᠷᠡᠭᠵᠢᠭᠦᠯᠵᠤ᠂ ᠰᠠᠭᠤᠷᠢ ᠪᠡᠨ ᠪᠠᠳᠤᠳᠬᠠᠬᠤ ᠶ᠋ᠢᠨ ᠬᠠᠮᠳᠤ ᠲᠦᠭᠰᠢᠭᠦᠷᠢ ᠶ᠋ᠢ ᠰᠡᠷᠭᠡᠢᠯᠡᠨ ᠡᠵᠡᠮᠳᠡᠵᠦ᠂ ᠠᠷᠭ᠎ᠠ ᠪᠦᠬᠦᠨ ᠢ᠋ ᠰᠦᠪᠡᠭᠴᠢᠯᠡᠨ ᠨᠡᠮᠡᠭᠳᠡᠯ ᠢ᠋ ᠳᠤᠭᠳᠠᠪᠤᠷᠢᠵᠢᠭᠤᠯᠬᠤ ᠬᠡᠷᠡᠭᠳᠠᠢ; ᠪᠤᠳᠠᠳᠤ ᠪᠠᠢᠳᠠᠯ ᠳ᠋ᠠᠭᠠᠨ ᠰᠠᠭᠤᠷᠢᠯᠠᠨ ᠪᠡᠯᠡ ᠤᠷᠤᠭᠤᠯᠤᠯᠳᠠ ᠶ᠋ᠢ ᠳᠤᠭᠳᠠᠪᠤᠷᠢᠵᠢᠭᠤᠯᠵᠤ᠂ ᠪᠦᠲᠦᠮᠵᠢᠳᠠᠢ ᠪᠡᠯᠡ ᠤᠷᠤᠭᠤᠯᠤᠯᠳᠠ ᠶ᠋ᠢ ᠨᠡᠮᠡᠭᠳᠡᠭᠦᠯᠬᠦ ᠶ᠋ᠢᠨ ᠬᠠᠮᠳᠤ ᠳᠠᠷᠠᠭ᠎ᠠ ᠵᠢᠯ ᠳ᠋ᠤ ᠬᠡᠷᠡᠭᠵᠢᠭᠦᠯᠬᠦ ᠲᠦᠷᠦᠯ ᠵᠦᠢᠯ ᠤ᠋ᠨ ᠪᠡᠯᠡᠳᠭᠡᠯ ᠠᠵᠢᠯ ᠢ᠋ ᠰᠠᠢᠳᠦᠷ ᠬᠢᠬᠦ ᠬᠡᠷᠡᠭᠳᠠᠢ; ᠲᠦᠰᠦᠪ ᠤ᠋ᠨ ᠬᠠᠮᠢᠶᠠᠷᠤᠯᠳᠠ ᠶ᠋ᠢᠨ ᠠᠰᠠᠭᠤᠳᠠᠯ ᠢ᠋ ᠨᠢᠭᠳᠠ ᠠᠩᠬᠠᠷᠴᠤ᠂ 2027  ᠤᠨ ᠤ᠋ ᠲᠦᠰᠦᠪ ᠢ᠋ ᠨᠠᠷᠢᠯᠢᠭ ᠪᠤᠳᠠᠳᠠᠢ ᠲᠤᠭᠤᠷᠪᠢᠨ ᠳᠤᠭᠳᠠᠭᠠᠵᠤ᠂ ᠪᠦᠬᠦ ᠲᠠᠯ᠎ᠠ ᠶ᠋ᠢᠨ ᠲᠦᠰᠤᠪ ᠤ᠋ᠨ ᠬᠠᠮᠢᠶᠠᠷᠤᠯᠳᠠ ᠶ᠋ᠢᠨ ᠶᠠᠰᠤ ᠴᠢᠨᠠᠷ ᠦᠷ᠎ᠠ ᠪᠦᠲᠦᠮᠵᠢ ᠶ᠋ᠢ ᠰᠠᠢᠵᠢᠷᠠᠭᠤᠯᠬᠤ ᠬᠡᠷᠡᠭᠳᠠᠢ᠃ ᠡᠯ᠎ᠠ ᠠᠵᠤ ᠠᠬᠤᠢᠯᠠᠯ ᠤ᠋ᠨ ᠬᠢᠨ ᠠᠶᠤᠯᠭᠦᠢ ᠦᠢᠯᠡᠳᠪᠤᠷᠢᠯᠡᠯ ᠤ᠋ᠨ ᠠᠵᠢᠯ ᠢ᠋ ᠦᠩᠭᠡᠨ ᠲᠠᠯ᠎ᠠ ᠪᠠ ᠦᠨᠳᠦᠰᠦ ᠡᠴᠡ ᠨᠢ ᠵᠡᠷᠭᠡ ᠪᠡᠷ ᠠᠳᠬᠤᠵᠤ᠂ ᠵᠠᠰᠠᠯᠳᠠ ᠶ᠋ᠢᠨ ᠰᠢᠰᠲᠧᠮ ᠶ᠋ᠢᠡᠨ ᠲᠡᠭᠦᠯᠳᠡᠷᠵᠢᠭᠦᠯᠬᠦ  ᠬᠡᠷᠡᠭᠳᠠᠢ ᠭᠡᠵᠦ ᠵᠢᠭᠠᠵᠤ ᠭᠠᠷᠭᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面