ᠲᠡᠷᠢᠭᠦᠨ ᠨᠢᠭᠤᠷ>ᠴᠠᠭ ᠲᠦᠷᠦ>ᠠᠵᠤ ᠠᠬᠤᠢ

2026-11-17 17:52:27

ᠵᠣᠬᠢᠶᠠᠭ᠍ᠴᠢ᠄ ᠭᠦᠸᠧ ᠰᠢᠤᠢ ᠯᠸᠢ ᠣᠩᠱᠢᠭ᠍ᠰᠠᠨ ᠣᠳᠠᠭ᠎ᠠ᠄ 3


ᠵᠢᠯ ᠤ᠋ᠨ ᠡᠬᠢᠨ ᠡᠴᠡ ᠨᠠᠭᠠᠰᠢ᠂ ᠱᠠᠨᠳᠦ᠋ᠩ ᠮᠤᠵᠢ᠎ᠶᠢᠨ ᠶᠠᠨᠲ᠋ᠠᠢ ᠭᠠᠷᠠᠮ ᠠᠶᠠᠯᠠᠯ ᠤ᠋ᠨ ᠱᠤᠭᠤᠮ᠎ᠢᠶᠠᠷ ᠪᠠᠷᠠᠭᠠᠨ᠎ᠤ ᠢᠷᠡᠯᠳᠡ᠎ᠶᠢ ᠲᠥᠪᠯᠡᠷᠡᠭᠦᠯᠵᠦ᠍᠂ ᠪᠠᠷᠠᠭᠠᠨ᠎ᠤ ᠢᠷᠡᠯᠳᠡ᠎ᠪᠡᠷ ᠠᠶᠠᠯᠠᠯ᠎ᠤᠨ ᠱᠤᠭᠤᠮ᠎ᠢ ᠠᠬᠢᠭᠤᠯᠵᠤ᠂ ᠢᠨᠵᠧᠨᠧᠷᠢᠩ᠎ᠦᠨ ᠮᠠᠰᠢᠨ ᠲᠡᠷᠭᠡ᠂ ᠪᠠᠷᠢᠯᠭ᠎ᠠ᠎ᠶᠢᠨ ᠮᠠᠰᠢᠨ ᠮᠧᠬᠠᠨᠢᠭ᠂ ᠰᠠᠯᠬᠢᠨ ᠬᠦᠴᠦᠨ᠎ᠦ ᠴᠠᠬᠢᠯᠭᠠᠨ᠎ᠤ ᠲᠥᠬᠥᠭᠡᠷᠦᠮᠵᠢ᠂ ᠪᠠᠷᠢᠯᠭ᠎ᠠ᠎ᠶᠢᠨ ᠮᠠᠲ᠋ᠧᠷᠢᠶᠠᠯ ᠵᠡᠷᠭᠡ ᠪᠦᠬᠦ᠌ ᠲᠦᠷᠦᠯ᠎ᠦᠨ ᠶᠡᠬᠡ ᠪᠠᠷᠠᠭᠠᠨ᠎ᠤ ᠲᠤᠰᠬᠠᠶ᠋ᠢᠵᠢᠭᠰᠠᠨ ᠭᠠᠳᠠᠭᠠᠳᠤ ᠳ᠋ᠤ ᠭᠠᠷᠭᠠᠬᠤ ᠪᠠᠲᠤᠯᠠᠭ᠎ᠠ᠎ᠶᠢᠨ ᠰᠢᠰᠲ᠋ᠧᠮ᠎ᠢ ᠪᠠᠶ᠋ᠢᠭᠤᠯᠵᠤ᠂ ᠤᠯᠠᠨ ᠤᠯᠤᠰ᠎ᠤᠨ ᠵᠢᠰᠢᠶᠠᠨ᠎ᠤ ᠬᠥᠯᠭᠡ ᠣᠩᠭᠣᠴᠠ᠎ᠶᠢᠨ ᠠᠶᠠᠯᠠᠯ᠎ᠤᠨ ᠱᠤᠭᠤᠮ᠎ᠢ ᠪᠠᠶ᠋ᠢᠭᠤᠯᠪᠡ᠃ ᠵᠢᠷᠤᠭ ᠪᠤᠯ ᠤᠢᠷ᠎ᠠ᠎ᠵᠢᠨ ᠡᠳᠦᠷ᠂ ᠲᠠᠨᠽᠠᠨᠢᠶ᠎ᠠ᠎ᠳᠤ ᠬᠦᠷᠬᠦ᠌ ᠴᠢᠨᠵᠸᠦ᠍ ᠨᠡᠷᠡᠮᠵᠢᠲᠦ᠍ ᠪᠠᠷᠠᠭᠠᠨ᠎ᠤ ᠬᠦᠯᠭᠡ ᠣᠩᠭᠣᠴᠠ ᠳᠦᠭᠦᠷᠡᠩ ᠪᠠᠷᠠᠭ᠎ᠠ ᠠᠴᠢᠵᠤ ᠶᠠᠨᠲ᠋ᠠᠢ ᠭᠠᠷᠠᠮ ᠡᠴᠡ ᠭᠠᠷᠴᠤ ᠪᠠᠶ᠋ᠢᠭ᠎ᠠ ᠨᠢ᠃ 

           ᠰᠢᠨᠬᠤᠸᠠ ᠬᠣᠷᠢᠶ᠎ᠠ ᠵᠢᠨ ᠰᠤᠷᠪᠤᠯᠵᠢᠯᠠᠭᠴᠢ ᠭᠦᠸᠧ ᠰᠢᠤᠢ ᠯᠸᠢ ᠰᠡᠭᠦᠳᠡᠷᠯᠡᠪᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面