ᠲᠡᠷᠢᠭᠦᠨ ᠨᠢᠭᠤᠷ>ᠴᠠᠭ ᠲᠦᠷᠦ>ᠠᠵᠤ ᠠᠬᠤᠢ

2026-11-18 11:53:32

ᠵᠣᠬᠢᠶᠠᠭ᠍ᠴᠢ᠄ ᠪᠤᠶᠠᠠᠡᠨᠡᠷᠢᠯ ᠣᠩᠱᠢᠭ᠍ᠰᠠᠨ ᠣᠳᠠᠭ᠎ᠠ᠄ 3

ᠤᠢᠷ᠎ᠠ᠎ᠳᠤ᠂ ᠳᠤᠮᠳᠠ ᠥᠨᠳᠥᠷ ᠳᠤᠯᠠᠭᠠᠨ᠎ᠤ ᠭᠠᠵᠠᠷ ᠤ᠋ᠨ ᠢᠯᠴᠢ ᠵᠢᠨ ᠡᠬᠢ ᠪᠠᠶᠠᠯᠢᠭ᠋ ᠢ᠋ ᠨᠡᠭᠡᠭᠡᠨ ᠬᠥᠭᠵᠢᠭᠦᠯᠬᠦ ᠮᠡᠷᠭᠡᠵᠢᠯ ᠬᠢᠭᠡᠳ ᠠᠵᠤ ᠦᠢᠯᠡᠰᠵᠢᠭᠦᠯᠬᠦ ᠠᠷᠭ᠎ᠠ ᠵᠠᠮ ᠢ᠋ ᠰᠤᠳᠤᠯᠤᠨ ᠶᠠᠷᠢᠯᠴᠠᠬᠤ ᠪᠡᠷ ᠭᠣᠣᠯ ᠰᠡᠳᠦᠪ ᠪᠣᠯᠭᠠᠭᠰᠠᠨ ᠳᠤᠮᠳᠠᠳᠤ ᠤᠯᠤᠰ ᠤ᠋ᠨ ᠢᠨᠵᠧᠨᠧᠷᠢᠩ ᠤ᠋ᠨ ᠬᠦᠷᠢᠶᠡᠯᠡᠩ ᠤ᠋ᠨ ᠢᠨᠵᠧᠨᠧᠷᠢᠩ ᠤ᠋ᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠡᠷᠳᠡᠮ ᠰᠢᠨᠵᠢᠯᠡᠭᠡᠨ ᠤ᠋ ᠰᠤᠳᠤᠯᠤᠨ ᠶᠠᠷᠢᠯᠴᠠᠬᠤ ᠬᠤᠷᠠᠯ ᠣᠷᠳᠣᠰ ᠬᠣᠲᠠ ᠳ᠋ᠤ ᠬᠤᠷᠠᠯᠳᠤᠪᠠ᠃

ᠬᠤᠷᠠᠯ ᠢ᠋ ᠳᠤᠮᠳᠠᠳᠤ ᠤᠯᠤᠰ ᠤ᠋ᠨ ᠢᠨᠵᠧᠨᠧᠷᠢᠩ ᠤ᠋ᠨ ᠬᠦᠷᠢᠶᠡᠯᠡᠩ ᠤ᠋ᠨ ᠡᠨᠧᠷᠭᠢ ᠬᠢᠭᠡᠳ ᠠᠭᠤᠷᠬᠠᠢ ᠵᠢᠨ ᠦᠢᠯᠡᠰ ᠤ᠋ᠨ ᠢᠨᠵᠧᠨᠧᠷᠢᠩ ᠤ᠋ᠨ ᠤᠬᠠᠭᠠᠨ ᠤ᠋ ᠬᠡᠯᠲᠡᠰ ᠭᠣᠣᠯᠯᠠᠨ ᠡᠷᠬᠢᠯᠡᠵᠦ᠂ ᠤᠯᠤᠰ ᠤ᠋ᠨ ᠳᠣᠲᠣᠭᠠᠳᠤ ᠵᠢᠨ ᠳᠤᠮᠳᠠ ᠥᠨᠳᠥᠷ ᠳᠤᠯᠠᠭᠠᠨ᠎ᠤ ᠭᠠᠵᠠᠷ ᠤ᠋ᠨ ᠢᠯᠴᠢ ᠵᠢᠨ ᠪᠦᠬᠦ ᠬᠡᠯᠬᠢᠶᠡᠨ᠎ᠤ ᠮᠡᠷᠭᠡᠵᠢᠯ ᠤ᠋ᠨ ᠰᠢᠨ᠎ᠡ ᠵᠢ ᠡᠭᠦᠳᠬᠦ ᠪᠠ ᠠᠵᠤ ᠦᠢᠯᠡᠰᠵᠢᠭᠦᠯᠦᠨ ᠪᠣᠳᠠᠲᠠᠢᠵᠢᠭᠤᠯᠬᠤ ᠵᠢ ᠰᠤᠳᠤᠯᠤᠨ ᠶᠠᠷᠢᠭᠰᠠᠨ ᠳᠡᠭᠡᠳᠦ ᠲᠡᠰ ᠤ᠋ᠨ ᠡᠷᠳᠡᠮ ᠰᠢᠨᠵᠢᠯᠡᠭᠡᠨ ᠤ᠋ ᠰᠤᠳᠤᠯᠤᠨ ᠶᠠᠷᠢᠯᠴᠠᠬᠤ ᠠᠵᠢᠯᠯᠠᠭ᠎ᠠ ᠪᠣᠯᠵᠡᠢ᠃ ᠬᠤᠷᠠᠯ ᠳ᠋ᠤ 11 ᠠᠺᠠᠳᠧᠮᠢᠴᠢ ᠣᠷᠣᠯᠴᠠᠵᠤ᠂ ᠣᠷᠣᠨ ᠤ᠋ ᠳᠣᠲᠣᠨ᠎ᠠ ᠭᠠᠳᠠᠨᠠᠬᠢ ᠶᠡᠬᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠬᠦᠷᠢᠶᠡᠯᠡᠩ ᠭᠠᠵᠠᠷ᠂ ᠡᠨᠧᠷᠭᠢ ᠵᠢᠨ ᠠᠵᠤ ᠠᠬᠤᠢᠯᠠᠯ᠂ ᠭᠠᠵᠠᠷ ᠰᠢᠨᠵᠢᠯᠡᠭᠡᠨ ᠤ᠋ ᠬᠠᠢᠨ ᠰᠢᠨᠵᠢᠯᠡᠬᠦ ᠨᠢᠭᠡᠴᠢ ᠵᠢᠴᠢ ᠤᠯᠤᠰ ᠤ᠋ᠨ ᠥᠮᠴᠢᠯᠡᠯᠳᠤ ᠬᠥᠷᠥᠩᠭᠡ ᠵᠢᠨ ᠲᠠᠪᠴᠠᠩ ᠵᠡᠷᠭᠡ ᠪᠠᠢᠭᠤᠯᠭ᠎ᠠ ᠨᠢᠭᠡᠴᠢ ᠶ᠋ᠢᠨ 250 ᠭᠠᠷᠤᠢ ᠲᠥᠯᠥᠭᠡᠯᠡᠭᠴᠢ ᠤᠷᠤᠯᠴᠠᠨ᠂ ᠥᠪᠥᠷ ᠮᠣᠩᠭᠣᠯ ᠤ᠋ᠨ ᠡᠬᠢ ᠪᠠᠶᠠᠯᠢᠭ᠋ ᠤ᠋ᠨ ᠳᠠᠪᠠᠭᠤᠯᠢᠭ᠋ ᠲᠠᠢ ᠤᠶᠠᠯᠳᠤᠭᠤᠯᠵᠤ᠂ ᠭᠠᠵᠠᠷ ᠤ᠋ᠨ ᠢᠯᠴᠢ ᠵᠢᠨ ᠡᠬᠢ ᠪᠠᠶᠠᠯᠢᠭ᠋ ᠢ᠋ ᠥᠨᠳᠥᠷ ᠪᠦᠲᠦᠮᠵᠢᠲᠡᠢ ᠨᠡᠭᠡᠭᠡᠨ ᠬᠥᠭᠵᠢᠭᠦᠯᠬᠦ ᠪᠠ ᠠᠵᠤ ᠦᠢᠯᠡᠰ ᠤ᠋ᠨ ᠴᠢᠨᠠᠷ ᠰᠠᠢᠲᠠᠢ ᠬᠥᠭᠵᠢᠯᠲᠡ ᠵᠢᠨ ᠰᠢᠨ᠎ᠡ ᠰᠡᠳᠬᠢᠮᠵᠢ ᠵᠢ ᠬᠠᠮᠲᠤ ᠪᠠᠷ ᠵᠥᠪᠳᠡᠯᠴᠡᠪᠡ᠃

ᠬᠤᠷᠠᠯ ᠳ᠋ᠤ ᠣᠷᠣᠯᠴᠠᠭᠰᠠᠨ ᠲᠤᠰᠬᠠᠢ ᠮᠡᠷᠭᠡᠵᠢᠯᠲᠡᠳ ᠭᠠᠵᠠᠷ ᠤ᠋ᠨ ᠢᠯᠴᠢ ᠵᠢ ᠬᠠᠢᠨ ᠰᠢᠨᠵᠢᠯᠡᠵᠦ ᠨᠡᠭᠡᠭᠡᠨ ᠬᠥᠭᠵᠢᠭᠦᠯᠬᠦ᠂ ᠣᠯᠠᠨ ᠵᠦᠢᠯ ᠤ᠋ᠨ ᠡᠨᠧᠷᠭᠢ ᠵᠢᠨ ᠬᠠᠷᠢᠯᠴᠠᠨ ᠨᠥᠬᠥᠪᠦᠷᠢᠯᠡᠬᠦ ᠵᠠᠭᠪᠤᠷ᠂ ᠠᠵᠤ ᠦᠢᠯᠡᠰ ᠤ᠋ᠨ ᠬᠥᠭᠵᠢᠯᠲᠡ ᠵᠢᠨ ᠰᠢᠨ᠎ᠡ ᠠᠷᠭ᠎ᠠ ᠵᠠᠮ ᠵᠡᠷᠭᠡ ᠭᠣᠣᠯ ᠰᠡᠳᠦᠪ ᠤ᠋ᠨ ᠲᠣᠭᠣᠷᠢᠨ ᠳ᠋ᠤ ᠮᠡᠷᠭᠡᠵᠢᠯ ᠤ᠋ᠨ ᠰᠣᠯᠢᠯᠴᠠᠭ᠎ᠠ ᠵᠢ ᠭᠦᠨᠵᠡᠭᠡᠢᠷᠡᠬᠦᠯᠦᠨ᠂ ᠣᠢᠷ᠎ᠠ ᠵᠢᠨ ᠵᠢᠯ ᠤ᠋ᠨ ᠭᠠᠵᠠᠷ ᠤ᠋ᠨ ᠢᠯᠴᠢ ᠵᠢᠨ ᠬᠦᠷᠢᠶ᠎ᠡ ᠴᠠᠷᠠᠭᠠᠨ ᠳ᠋ᠡᠬᠢ ᠬᠣᠰᠢᠭᠤᠷᠠᠭᠰᠠᠨ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠦᠷ᠎ᠡ ᠪᠦᠲᠦᠭᠡᠯ ᠬᠢᠭᠡᠳ ᠤᠯᠤᠰ ᠤ᠋ᠨ ᠳᠣᠲᠣᠭᠠᠳᠤ ᠵᠢᠨ ᠪᠣᠯᠪᠠᠰᠤᠷᠠᠩᠭᠤᠢ ᠠᠵᠤ ᠦᠢᠯᠡᠰ ᠤ᠋ᠨ ᠦᠢᠯᠡᠳᠦᠯᠭᠡ ᠵᠢᠨ ᠬᠡᠷᠡᠭ ᠤ᠋ᠨ ᠵᠢᠱ᠌ᠢᠶ᠎ᠡ ᠵᠢ ᠬᠤᠪᠢᠶᠠᠯᠴᠠᠵᠤ᠂ ᠠᠵᠢᠯ ᠲᠥᠷᠥᠯ ᠤ᠋ᠨ ᠣᠳᠣᠬᠠᠨ ᠤ᠋ ᠬᠥᠭᠵᠢᠯᠲᠡ ᠵᠢᠨ ᠠᠵᠠ ᠲᠣᠬᠢᠶᠠᠯ ᠬᠢᠭᠡᠳ ᠪᠣᠳᠠᠲᠠᠢ ᠮᠡᠷᠭᠡᠵᠢᠯ ᠤ᠋ᠨ ᠪᠣᠭᠣᠮᠢ ᠵᠢ ᠰᠢᠰᠲᠧᠮ ᠲᠠᠢ ᠰᠤᠳᠤᠯᠤᠨ ᠶᠠᠷᠢᠯᠴᠠᠪᠠ᠃

ᠰᠤᠳᠤᠯᠤᠨ ᠶᠠᠷᠢᠯᠴᠠᠬᠤ ᠬᠤᠭᠤᠴᠠᠭᠠᠨ ᠳ᠋ᠤ᠂ ᠬᠤᠷᠠᠯ ᠳ᠋ᠤ ᠣᠷᠣᠯᠴᠠᠭᠰᠠᠨ ᠲᠤᠰᠬᠠᠢ ᠮᠡᠷᠭᠡᠵᠢᠯᠲᠡᠳ ᠪᠥᠬᠥ ᠤᠯᠤᠰ ᠤ᠋ᠨ ᠭᠠᠵᠠᠷ ᠤ᠋ᠨ ᠢᠯᠴᠢ ᠵᠢᠨ ᠠᠵᠤ ᠦᠢᠯᠡᠰ ᠤ᠋ᠨ ᠬᠥᠭᠵᠢᠯᠲᠡ ᠵᠢᠨ ᠶᠡᠬᠡ ᠲᠠᠯ᠎ᠠ ᠳ᠋ᠤ ᠰᠠᠭᠤᠷᠢᠯᠠᠨ᠂ ᠣᠷᠳᠣᠰ ᠤ᠋ᠨ ᠡᠬᠢ ᠪᠠᠶᠠᠯᠢᠭ᠋ ᠤ᠋ᠨ ᠳᠠᠪᠠᠭᠤᠯᠢᠭ᠋ ᠪᠠ ᠰᠢᠨ᠎ᠡ ᠡᠨᠧᠷᠭᠢ ᠵᠢᠨ ᠠᠵᠤ ᠦᠢᠯᠡᠰ ᠤ᠋ᠨ ᠰᠠᠭᠤᠷᠢ ᠲᠠᠢ ᠤᠶᠠᠯᠳᠤᠭᠤᠯᠵᠤ᠂ ᠳᠤᠮᠳᠠ ᠥᠨᠳᠥᠷ ᠳᠤᠯᠠᠭᠠᠨ᠎ᠤ ᠭᠠᠵᠠᠷ ᠤ᠋ᠨ ᠢᠯᠴᠢ ᠵᠢᠨ ᠪᠥᠬᠥ ᠬᠡᠯᠬᠢᠶᠡᠨ ᠤ᠋ ᠮᠡᠷᠭᠡᠵᠢᠯ ᠤ᠋ᠨ ᠰᠢᠨ᠎ᠡ ᠵᠢ ᠡᠭᠦᠳᠬᠦ᠂ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠦᠷ᠎ᠡ ᠪᠦᠲᠦᠭᠡᠯ ᠢ᠋ ᠲᠤᠬᠠᠢ ᠵᠢᠨ ᠭᠠᠵᠠᠷ ᠲᠤᠨᠢ ᠤᠯᠠᠷᠢᠭᠤᠯᠬᠤ᠂ ᠠᠵᠤ ᠦᠢᠯᠡᠰᠵᠢᠭᠦᠯᠬᠦ ᠲᠥᠷᠥᠯ ᠵᠦᠢᠯ ᠢ᠋ ᠨᠠᠢᠳᠠᠪᠤᠷᠢᠵᠢᠭᠤᠯᠬᠤ᠂ ᠢᠵᠢ ᠪᠦᠷᠢᠳᠦᠭᠦᠯᠬᠦ ᠲᠥᠷᠥ ᠵᠢᠨ ᠪᠣᠳᠣᠯᠭ᠎ᠠ ᠵᠢᠨ ᠰᠢᠰᠲᠧᠮ ᠢ᠋ ᠲᠡᠭᠦᠯᠳᠡᠷᠵᠢᠭᠦᠯᠬᠦ ᠵᠡᠷᠭᠡ ᠵᠠᠩᠭᠢᠯᠠᠭ᠎ᠠ ᠵᠢᠨ ᠠᠰᠠᠭᠤᠳᠠᠯ ᠳ᠋ᠤ ᠴᠢᠭᠯᠡᠭᠦᠯᠦᠨ᠂ ᠰᠢᠰᠲᠧᠮᠲᠦ ᠴᠢᠨᠠᠷᠲᠠᠢ ᠰᠤᠳᠤᠯᠤᠨ ᠶᠠᠷᠢᠯᠴᠠᠵᠤ᠂ ᠣᠲᠤᠬᠠᠨ᠎ᠤ ᠠᠵᠤ ᠦᠢᠯᠡᠰ ᠤ᠋ᠨ ᠬᠥᠭᠵᠢᠯᠲᠡ᠎ᠳᠤ ᠣᠷᠣᠰᠢᠵᠤ ᠪᠠᠢᠭ᠎ᠠ ᠲᠦᠭᠵᠢᠷᠡᠯ ᠢ᠋ ᠪᠥᠬᠥ ᠲᠠᠯ᠎ᠠ ᠪᠠᠷ ᠡᠮᠬᠢᠯᠡᠨ᠂ ᠠᠵᠢᠯ ᠲᠥᠷᠥᠯ ᠤ᠋ᠨ ᠬᠠᠮᠵᠢᠯᠴᠠᠨ ᠬᠥᠭᠵᠢᠬᠦ ᠬᠠᠮᠲᠤ ᠵᠢᠨ ᠲᠠᠨᠢᠯᠲᠠ ᠵᠢ ᠥᠷᠭᠡᠨ ᠶ᠋ᠢᠡᠷ ᠨᠢᠭ᠍ᠲᠠᠷᠠᠭᠤᠯᠵᠤ᠂ ᠨᠢᠭᠡ ᠪᠦᠯᠦᠭ ᠢᠨᠵᠧᠨᠧᠷᠢᠩ ᠤ᠋ᠨ ᠶᠠᠪᠤᠭᠳᠠᠭᠤᠰᠢᠲᠠᠢ ᠪᠦᠭᠡᠳ ᠣᠷᠣᠨ ᠪᠦᠰᠡ ᠵᠢᠨ ᠪᠣᠳᠠᠲᠠᠢ ᠳ᠋ᠤ ᠨᠡᠢᠴᠡᠭᠰᠡᠨ ᠬᠥᠭᠵᠢᠯᠲᠡ ᠵᠢᠨ ᠰᠠᠨᠠᠭᠤᠯᠭ᠎ᠠ ᠵᠢ ᠠᠩᠬ᠎ᠠ ᠠᠯᠬᠤᠮ ᠭᠠᠷᠭᠠᠭᠰᠠᠨ ᠪᠠᠢᠨ᠎ᠠ᠃

ᠳᠤᠮᠳᠠᠳᠤ ᠤᠯᠤᠰ ᠤ᠋ᠨ ᠡᠨᠧᠷᠭᠢ ᠵᠢᠨ ᠪᠦᠲᠦᠭᠡᠨ ᠪᠠᠢᠭᠤᠯᠤᠯᠲᠠ ᠵᠢᠨ ᠪᠦᠯᠦᠭᠯᠡᠯ ᠤ᠋ᠨ ᠬᠢᠵᠠᠭᠠᠷᠲᠤ ᠺᠣᠮᠫᠠᠨᠢ ᠵᠢᠨ ᠢᠨᠵᠧᠨᠧᠷᠢᠩ ᠤ᠋ᠨ ᠰᠤᠳᠤᠯᠭᠠᠨ ᠤ᠋ ᠬᠦᠷᠢᠶᠡᠯᠡᠩ ᠤ᠋ᠨ ᠳᠡᠳ᠋ ᠳᠠᠷᠤᠭ᠎ᠠ ᠴᠧᠨ ᠶᠦᠩ ᠠᠨ᠄ 《ᠥᠪᠥᠷ ᠮᠣᠩᠭᠣᠯ ᠪᠣᠯ ᠤᠯᠤᠰ ᠤ᠋ᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ ᠵᠢᠨ ᠡᠬᠢ ᠪᠠᠶᠠᠯᠢᠭ᠋ ᠤ᠋ᠨ ᠰᠠᠭᠤᠷᠢᠨ ᠪᠠᠢᠵᠤ᠂ ᠣᠷᠳᠣᠰ ᠪᠣᠯ ᠭᠦᠨ ᠭᠠᠵᠠᠷ ᠤ᠋ᠨ ᠢᠯᠴᠢ ᠵᠢᠨ ᠰᠤᠳᠤᠯᠭᠠᠨ ᠤ᠋ ᠪᠠᠢᠭᠠᠯᠢ ᠵᠢᠨ ᠲᠤᠷᠰᠢᠯᠲᠠ ᠵᠢᠨ ᠲᠠᠯᠠᠪᠤᠷ ᠪᠣᠯᠣᠨ᠎ᠠ᠂ ᠲᠤᠰ ᠤᠳᠠᠭ᠎ᠠ ᠎ᠶᠢᠨ ᠬᠤᠷᠠᠯ ᠳᠡᠭᠡᠷ᠎ᠡ ᠥᠨᠳᠥᠷ ᠳᠤᠯᠠᠭᠠᠨ᠎ᠤ ᠭᠠᠵᠠᠷ ᠤ᠋ᠨ ᠢᠯᠴᠢ ᠪᠡᠷ ᠴᠠᠬᠢᠯᠭᠠᠨ ᠭᠠᠷᠭᠠᠬᠤ ᠵᠢ ᠠᠵᠤ ᠦᠢᠯᠡᠰᠵᠢᠭᠦᠯᠬᠦ ᠳᠤᠮᠳᠠ ᠤᠷᠤᠰᠢᠵᠦ ᠪᠠᠢᠭ᠎ᠠ ᠬᠦᠴᠢᠷ ᠠᠰᠠᠭᠤᠳᠠᠯ ᠪᠠ ᠲᠦᠷᠦ ᠵᠢᠨ ᠪᠣᠳᠣᠯᠭ᠎ᠠ ᠵᠢᠨ ᠪᠣᠭᠣᠮᠢ ᠵᠢ ᠠᠩᠬᠠᠷᠴᠤ᠂ ᠵᠠᠰᠠᠭ ᠤ᠋ᠨ ᠣᠷᠳᠣᠨ ᠠᠵᠤ ᠠᠬᠤᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠪᠠᠢᠭᠤᠯᠤᠮᠵᠢ ᠵᠡᠷᠭᠡ ᠪᠠᠢᠭᠤᠯᠭ᠎ᠠ ᠨᠢᠭᠡᠴᠢ ᠵᠢᠨ ᠬᠠᠮᠵᠢᠯᠴᠠᠨ ᠠᠵᠢᠯᠯᠠᠬᠤ ᠲᠠᠪᠴᠠᠩ ᠢ᠋ ᠪᠠᠢᠭᠤᠯᠤᠨ᠂ ᠭᠠᠵᠠᠷ ᠣᠷᠣᠨ ᠤ᠋ ᠪᠠᠢᠳᠠᠯ ᠳ᠋ᠠᠭᠠᠨ ᠲᠣᠬᠢᠷᠠᠭᠤᠯᠤᠨ᠂ ᠭᠠᠵᠠᠷ ᠤ᠋ᠨ ᠢᠯᠴᠢ ᠪᠡᠷ ᠴᠠᠬᠢᠯᠭᠠᠨ ᠭᠠᠷᠭᠠᠬᠤ ᠡᠬᠢ ᠪᠠᠶᠠᠯᠢᠭ᠋ ᠢ᠋ ᠨᠡᠭᠡᠭᠡᠨ ᠠᠰᠢᠭ᠍ᠯᠠᠬᠤ ᠮᠡᠷᠭᠡᠵᠢᠯ ᠢ᠋ ᠰᠤᠳᠤᠯᠵᠤ᠂ ᠤᠯᠤᠰ ᠤ᠋ᠨ ᠳᠣᠲᠣᠭᠠᠳᠤ ᠵᠢᠨ ᠭᠠᠵᠠᠷ ᠤ᠋ᠨ ᠢᠯᠴᠢ ᠵᠢᠨ ᠡᠬᠢ ᠪᠠᠶᠠᠯᠢᠭ᠋ ᠢ᠋ ᠨᠡᠭᠡᠭᠡᠨ ᠠᠰᠢᠭ᠍ᠯᠠᠬᠤ ᠪᠠ ᠤᠯᠠᠨ ᠲᠠᠯ᠎ᠠ ᠵᠢᠨ ᠬᠡᠷᠡᠭᠯᠡᠭᠡᠨ ᠳ᠋ᠦ ᠵᠢᠱ᠌ᠢᠶ᠎ᠡ ᠦᠵᠡᠭᠦᠯᠬᠦ ᠲᠥᠰᠥᠯ ᠬᠠᠩᠭᠠᠬᠤ ᠨᠢ ᠯᠠᠪᠲᠠᠢ》 ᠭᠡᠵᠦ ᠢᠯᠡᠷᠬᠡᠢᠯᠡᠭᠰᠡᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面