ᠲᠡᠷᠢᠭᠦᠨ ᠨᠢᠭᠤᠷ>ᠴᠠᠭ ᠲᠦᠷᠦ>ᠠᠵᠤ ᠠᠬᠤᠢ

2026-11-19 15:29:51

ᠵᠣᠬᠢᠶᠠᠭ᠍ᠴᠢ᠄ ᠤᠷᠠᠨ᠎ᠠ ᠣᠩᠱᠢᠭ᠍ᠰᠠᠨ ᠣᠳᠠᠭ᠎ᠠ᠄ 3

ᠡᠨᠡ ᠵᠢᠯ᠎ᠤᠨ 9 ᠰᠠᠷ᠎ᠠ ᠶ᠋ᠢᠨ ᠰᠡᠭᠦᠯᠴᠢ ᠪᠣᠯᠲᠠᠯ᠎ᠠ᠂ ᠥᠪᠦᠷ ᠮᠣᠩᠭᠤᠯ ᠤ᠋ᠨ ᠡᠯ᠎ᠡ ᠱᠠᠲᠤᠨ ᠤ᠋ ᠬᠡᠷᠡᠭᠯᠡᠭᠴᠢᠳ ᠤ᠋ᠨ ᠨᠡᠢᠭᠡᠮᠯᠢᠭ ᠤ᠋ᠨ ᠬᠢᠨ ᠬᠡᠷᠡᠭᠯᠡᠭᠴᠢᠳ  ᠤ᠋ᠨ ᠵᠠᠭᠠᠯᠳᠤᠯᠭ᠎ᠠ ᠵᠢ ᠨᠡᠢᠲᠡ 2155 ᠬᠤᠪᠢ ᠭᠥᠯᠢᠶᠡᠨ ᠠᠪᠴᠤ᠌ ᠰᠢ᠌ᠳᠪᠦᠷᠢᠯᠡᠵᠦ᠍᠂ ᠠᠵᠤ ᠠᠬᠤᠢ ᠎ᠵᠢᠨ ᠬᠤᠬᠢᠷᠠᠯ ᠎ᠢ ᠨᠠᠢᠳᠠ 43.78 ᠲᠦᠮᠡᠨ ᠲᠥᠭᠦᠷᠢᠭ ᠡᠭᠡᠭᠦᠯᠦᠨ ᠠᠪᠴᠢᠷᠠᠨ ᠦᠭᠴᠤ᠂ ᠭᠡᠷᠡᠭᠯᠡᠭᠴᠢᠳ᠎ᠤᠨ ᠬᠠᠤᠯᠢ ᠶᠣᠰᠤᠨ ᠤ᠋ ᠬᠡᠷᠡᠭᠯᠡᠭᠡᠨ᠎ᠦ ᠡᠷᠬᠡ ᠠᠰᠢᠭ ᠢ᠋ ᠦᠨᠡᠨ᠎ᠬᠦ᠌ ᠬᠠᠮᠠᠭᠠᠯᠠᠪᠠ᠃

ᠡᠨᠡ ᠵᠢᠯ᠎ᠤᠨ ᠡᠬᠢᠨ ᠡᠴᠡ ᠨᠠᠭᠠᠰᠢ᠂ ᠥᠪᠦᠷ ᠮᠣᠩᠭᠤᠯ ᠬᠡᠷᠡᠭᠯᠡᠭᠡᠨ ᠤ᠋ ᠣᠷᠴᠢᠨ ᠲᠣᠭᠤᠷᠢᠨ ᠢ᠋ ᠦᠷᠭᠦᠯᠵᠢᠯᠡᠨ ᠰᠢᠯᠢᠳᠡᠭᠵᠢᠭᠦᠯᠵᠦ᠍᠂ ᠬᠡᠷᠡᠭᠯᠡᠭᠴᠢᠳ ᠤ᠋ᠨ ᠡᠷᠬᠡ ᠠᠰᠢᠭ ᠢ᠋ ᠬᠠᠮᠠᠭᠠᠯᠠᠬᠤ ᠡᠯ᠎ᠡ ᠵᠦᠢᠯ ᠤ᠋ᠨ ᠠᠵᠢᠯ ᠢ᠋ ᠥᠨᠳᠦᠷ ᠪᠠᠷᠢᠮᠵᠢᠶ᠎ᠠ ᠪᠡᠷ ᠠᠬᠢᠭᠤᠯᠤᠨ᠂ ᠥᠪᠡᠷᠲᠡᠭᠡᠨ ᠵᠠᠰᠠᠬᠤ ᠣᠷᠤᠨ᠂ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ ) ᠭᠤᠷᠪᠠᠨ ᠱᠠᠲᠤᠨ ᠤ᠋ ᠬᠡᠷᠡᠭᠯᠡᠭᠴᠢᠳ ᠤ᠋ᠨ ᠨᠡᠶ᠋ᠢᠭᠡᠮᠯᠢᠭ ᠤ᠋ᠨ ᠵᠣᠬᠢᠶᠠᠨ ᠪᠠᠶ᠋ᠢᠭᠤᠯᠤᠯᠲᠠ ᠵᠢ ᠪᠦᠬᠦᠨ ᠢ᠋ ᠬᠠᠮᠤᠷᠬᠤ ᠵᠢ ᠪᠡᠶᠡᠯᠡᠭᠦᠯᠵᠦ᠍᠂ ᠳᠡᠭᠡᠳᠦ ᠳᠣᠣᠷᠠᠳᠤ ᠱᠠᠲᠤ ᠪᠡᠷ ᠢ᠋ᠶ᠋ᠡᠨ ᠨᠡᠪᠲᠡᠷᠡᠯᠴᠡᠭᠰᠡᠨ᠂ ᠬᠠᠮᠵᠢᠯᠴᠠᠭᠰᠠᠨ ᠥᠨᠳᠦᠷ ᠪᠦᠲᠦᠮᠵᠢᠲᠡᠢ ᠦᠨᠳᠦᠰᠦᠨ ᠱᠠᠲᠤᠨ ᠤ᠋ ᠬᠡᠷᠡᠭᠯᠡᠭᠡᠨ ᠤ᠋ ᠡᠷᠬᠡ ᠠᠰᠢᠭ  ᠢ᠋ ᠬᠠᠮᠠᠭᠠᠯᠠᠬᠤ ᠲᠣᠣᠷ  ᠢ᠋ ᠰᠦᠯᠵᠢᠪᠠ᠃ ᠭᠤᠷᠪᠠᠨ ᠱᠠᠲᠤᠨ  ᠤ᠋ ᠡᠷᠬᠡ ᠵᠢ ᠬᠠᠮᠠᠭᠠᠯᠠᠬᠤ ᠰᠢᠰᠲᠸᠮ ᠢ᠋ ᠲᠡᠭᠦᠯᠳᠡᠷᠵᠢᠭᠦᠯᠬᠦ ᠳ᠋ᠤ ᠲᠦᠰᠢᠭᠯᠡᠨ᠂ ᠥᠪᠦᠷ ᠮᠣᠩᠭᠤᠯ  ᠤ᠋ᠨ ᠡᠯ᠎ᠡ ᠱᠠᠲᠤᠨ ᠤ᠋ ᠬᠡᠷᠡᠭᠯᠡᠭᠴᠢᠳ ᠤ᠋ᠨ ᠨᠡᠶ᠋ᠢᠭᠡᠮᠯᠢᠭ ᠤ᠋ᠨ ᠬᠢᠨ ᠬᠡᠷᠡᠭᠯᠡᠭᠡᠨ ᠤ᠋ ᠵᠠᠭᠤᠷᠠᠯᠳᠤᠭᠠᠨ  ᠢ᠋ ᠡᠶᠡᠳᠡᠭᠦᠯᠬᠦ᠌ ᠠᠵᠢᠯ ᠢ᠋ ᠪᠠᠶ᠋ᠢᠩᠭᠤ ᠥᠷᠨᠢᠭᠦᠯᠵᠦ᠍᠂ ᠡᠯ᠎ᠡ ᠲᠥᠷᠦᠯ ᠤ᠋ᠨ ᠬᠡᠷᠡᠭᠯᠡᠭᠡᠨ ᠤ᠋ ᠵᠠᠭᠤᠷᠠᠯᠳᠤᠭᠠᠨ  ᠢ᠋ ᠲᠤᠬᠠᠢ ᠶ᠋ᠢᠨ ᠭᠠᠵᠠᠷ ᠲᠤᠨᠢ ᠰᠢᠢᠳᠪᠦᠷᠢᠯᠡᠨ᠂ ᠬᠡᠷᠡᠭᠯᠡᠭᠡᠨ ᠤ᠋ ᠵᠠᠭᠤᠷᠠᠯᠳᠤᠭᠠᠨ ᠢ᠋ ᠦᠨᠳᠦᠰᠦᠨ ᠱᠠᠲᠤᠨ  ᠳ᠋ᠤ ᠰᠢᠢᠳᠪᠦᠷᠢᠯᠡᠬᠦ ᠵᠢ ᠠᠬᠢᠭᠤᠯᠪᠠ᠃

ᠣᠳᠤᠬᠠᠨ ᠳ᠋ᠤ᠂ ᠥᠪᠡᠷᠲᠡᠭᠡᠨ ᠵᠠᠰᠠᠬᠤ ᠣᠷᠤᠨ ᠵᠢᠴᠢ ᠡᠯ᠎ᠡ ᠠᠶ᠋ᠢᠮᠠᠭ ᠬᠤᠲᠠ ᠶ᠋ᠢᠨ ᠬᠡᠷᠡᠭᠯᠡᠭᠴᠢᠳ ᠤ᠋ᠨ ᠨᠡᠢᠭᠡᠮᠯᠢᠭ ᠲᠦ᠍ ᠢᠯᠡᠴᠢᠯᠡᠨ ᠵᠠᠭᠠᠯᠳᠤᠬᠤ ᠵᠢᠴᠢ ᠠᠰᠠᠭᠤᠨ ᠯᠠᠪᠯᠠᠬᠤ ᠠᠷᠭ᠎ᠠ ᠵᠠᠮ ᠢ᠋ ᠨᠢᠭᠡᠨᠲᠡ ᠪᠥᠬᠦ᠌ ᠲᠠᠯ᠎ᠠ  ᠪᠡᠷ ᠨᠡᠪᠳᠡᠷᠡᠬᠦᠯᠵᠤ᠂ ᠬᠡᠷᠡᠭᠯᠡᠭᠴᠢᠳ 《ᠪᠥᠬᠦ᠌ ᠤᠯᠤᠰ  ᠤ᠋ᠨ ᠬᠡᠷᠡᠭᠯᠡᠭᠴᠢᠳ  ᠤ᠋ᠨ ᠨᠡᠶ᠋ᠢᠭᠡᠮᠯᠢᠭ ᠤ᠋ᠨ ᠣᠶᠤᠨᠴᠢ 315 ᠲᠠᠪᠴᠠᠩ》 ᠢ᠋ᠶ᠋ᠡᠷ ᠳᠠᠮᠵᠢᠭᠤᠯᠤᠨ ᠬᠦᠰᠡᠯ ᠱᠠᠭᠠᠷᠳᠠᠯᠭ᠎ᠠ  ᠪᠠᠨ ᠲᠠᠪᠰᠢᠬᠦᠯᠵᠤ ᠪᠣᠯᠤᠨ᠎ᠠ᠂ ᠡᠬᠦᠨ᠎ᠤ ᠬᠠᠮᠳᠤ ᠬᠠᠷᠢᠶ᠎ᠠ ᠭᠠᠵᠠᠷ ᠤ᠋ᠨ ᠬᠡᠷᠡᠭᠯᠡᠭᠴᠢᠳ ᠤ᠋ᠨ ᠨᠡᠶ᠋ᠢᠭᠡᠮᠯᠢᠭ ᠤ᠋ᠨ ᠴᠣᠩᠬᠤᠪᠴᠢ ᠳ᠋ᠤ ᠬᠦᠷᠴᠦ᠍ ᠢᠯᠡᠴᠢᠯᠡᠨ ᠵᠠᠭᠠᠯᠳᠤᠬᠤ ᠪᠤᠶᠤ ᠠᠰᠠᠭᠤᠨ ᠯᠠᠪᠯᠠᠵᠤ ᠪᠣᠯᠤᠨ᠎ᠠ᠃

ᠳᠠᠷᠠᠭᠠᠴᠢ ᠪᠠᠷ᠂ ᠥᠪᠦᠷ ᠮᠣᠩᠭᠤᠯ  ᠤ᠋ᠨ ᠡᠯ᠎ᠡ ᠱᠠᠲᠤᠨ ᠤ᠋ ᠬᠡᠷᠡᠭᠯᠡᠭᠴᠢᠳ ᠤ᠋ᠨ ᠨᠡᠶ᠋ᠢᠭᠡᠮᠯᠢᠭ ᠤ᠋ᠨ ᠬᠢᠨ ᠦᠷᠬᠦᠯᠵᠢᠯᠡᠨ ᠬᠠᠤᠯᠢ  ᠪᠡᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠳ᠋ᠠᠭᠠᠨ ᠰᠠᠭᠤᠷᠢᠯᠠᠵᠤ᠂ ᠬᠡᠷᠡᠭᠯᠡᠭᠡᠨ ᠤ᠋ ᠵᠠᠭᠤᠷᠠᠯᠳᠤᠭᠠᠨ ᠢ᠋ ᠡᠶᠡᠳᠡᠭᠦᠯᠬᠦ᠂ ᠬᠡᠷᠡᠭᠯᠡᠭᠡᠨ  ᠤ᠋ ᠲᠦᠭᠰᠢᠭᠦᠷᠢ ᠵᠢ ᠰᠡᠷᠡᠮᠵᠢᠯᠡᠭᠦᠯᠬᠦ᠂ ᠵᠠᠬ᠎ᠠ ᠳᠡᠯᠭᠡᠭᠦᠷ ᠤ᠋ᠨ ᠨᠡᠶ᠋ᠢᠭᠡᠮ ᠤ᠋ᠨ ᠬᠢᠨᠠᠯᠲᠠ ᠲᠠᠯᠪᠢᠬᠤ ᠵᠡᠷᠭᠡ ᠭᠤᠤᠯᠳᠠᠯᠭ᠎ᠠ ᠲᠠᠢ ᠠᠵᠢᠯ ᠢ᠋ ᠴᠢᠡᠭᠭ᠎ᠠ ᠠᠳᠭᠤᠵᠤ᠂ ᠪᠥᠬᠦ᠌ ᠣᠷᠤᠨ ᠪᠦᠰᠡ ᠶ᠋ᠢᠨ ᠬᠡᠷᠡᠭᠯᠡᠭᠡᠨ ᠤ᠋ ᠡᠷᠬᠡ ᠠᠰᠢᠭ ᠢ᠋ ᠬᠠᠮᠠᠭᠠᠯᠠᠬᠤ ᠲᠣᠣᠷ ᠢ᠋ ᠪᠠᠲᠤ᠌ ᠰᠦᠯᠵᠢᠵᠤ᠂ ᠠᠮᠤᠷ ᠲᠦᠪᠰᠢᠨ ᠰᠠᠨᠠᠭ᠎ᠠ ᠠᠮᠤᠷ ᠬᠡᠷᠡᠭᠯᠡᠭᠡᠨ ᠤ᠋ ᠣᠷᠴᠢᠨ ᠨᠥᠬᠦᠴᠡᠯ ᠢ᠋ ᠪᠥᠬᠦ᠌ ᠬᠦᠴᠦᠨ ᠢ᠋ᠶ᠋ᠡᠷ ᠢ᠋ᠶ᠋ᠡᠨ ᠪᠣᠢ ᠪᠣᠯᠭᠠᠵᠤ᠂ ᠵᠠᠬ᠎ᠠ ᠳᠡᠯᠭᠡᠭᠦᠷ ᠤ᠋ᠨ ᠬᠡᠷᠡᠭᠯᠡᠭᠡᠨ ᠤ᠋ ᠠᠮᠢᠵᠢᠷᠠᠯ ᠤ᠋ᠨ ᠬᠦᠴᠦᠨ ᠢ᠋ ᠲᠠᠰᠤᠷᠠᠯᠲᠠ ᠦᠭᠡᠢ ᠬᠥᠭᠵᠢᠭᠡᠬᠦ ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面