ᠲᠡᠷᠢᠭᠦᠨ ᠨᠢᠭᠤᠷ>ᠴᠠᠭ ᠲᠦᠷᠦ>ᠠᠵᠤ ᠠᠬᠤᠢ

2026-11-19 15:26:15

ᠵᠣᠬᠢᠶᠠᠭ᠍ᠴᠢ᠄ ᠳᠡᠯᠭᠡᠷᠬᠦᠦ ᠣᠩᠱᠢᠭ᠍ᠰᠠᠨ ᠣᠳᠠᠭ᠎ᠠ᠄ 3

ᠤᠢᠷ᠎ᠠ᠎ᠶᠢᠨ ᠡᠳᠦᠷ᠂ᠥᠪᠥᠷ ᠮᠣᠩᠭᠣᠯ ᠎ᠤᠨ ᠦᠪᠡᠷᠳᠡᠬᠡᠨ ᠵᠠᠰᠠᠬᠤ ᠤᠷᠤᠨ᠎ᠤ ᠰᠢᠥᠳᠠᠨ᠎ᠤ ᠬᠠᠮᠢᠶᠠᠷᠤᠯᠳᠡ᠎ᠶᠢᠨ ᠲᠣᠪᠴᠢᠶ᠎ᠠ ᠬᠢᠭᠡᠳ ᠥᠪᠡᠷᠲᠡᠭᠡᠨ ᠵᠠᠰᠠᠬᠤ ᠣᠷᠣᠨ᠎ᠤ ᠰᠢᠤᠳᠠᠨ᠎ᠤ ᠬᠤᠪᠢᠶᠠᠷᠢ ᠺᠣᠮᠫᠠᠨᠢ 2026 ᠣᠨ᠎ᠤ ᠭᠤᠷᠪᠠᠳᠤᠭᠠᠷ ᠤᠯᠠᠷᠢᠯ᠎ᠤᠨ ᠰᠢᠤᠳᠠᠨ᠎ᠤ ᠶᠠᠪᠤᠳᠠᠯ᠎ᠤᠨ ᠨᠡᠢᠳᠡᠮ᠎ᠤᠨ ᠦᠢᠯᠡᠴᠢᠯᠡᠬᠡ᠎ᠶᠢᠨ ᠵᠠᠰᠠᠭ᠎ᠤᠨ ᠤᠷᠳᠤᠨ ᠠᠵᠤ ᠠᠬᠤᠶ᠋ᠢᠯᠠᠯ᠎ᠤᠨ ᠬᠠᠮᠲᠤᠷᠠᠭᠰᠠᠨ ᠬᠤᠷᠠᠯ ᠬᠤᠷᠠᠯᠳᠤᠭᠤᠯᠵᠤ᠂2026 ᠣᠨ᠎ᠤ ᠲᠦᠷᠦᠭᠦᠦ ᠭᠤᠷᠪᠠᠨ ᠤᠯᠠᠷᠢᠯ᠎ᠤᠨ ᠠᠵᠢᠯ᠎ᠤᠨ ᠦᠷ᠎ᠡ ᠪᠦᠲᠦᠮᠵᠢ ᠪᠠᠨ ᠳ᠋ᠦᠩᠨᠡᠵᠦ᠍᠂ ᠬᠥᠭᠵᠢᠯᠲᠡ᠎ᠶᠢᠨ ᠪᠠᠶ᠋ᠢᠳᠠᠯ ᠎ᠢ ᠰᠤᠳᠤᠯᠤᠨ ᠮᠠᠭᠠᠳᠯᠠᠵᠤ᠂ ᠳᠥᠷᠪᠡᠳᠦᠭᠡᠷ ᠤᠯᠠᠷᠢᠯ᠎ᠤᠨ ᠭᠤᠤᠯᠳᠠᠯᠭ᠎ᠠ᠎ᠲᠠᠶ ᠡᠭᠦᠷᠭᠡ ᠵᠢ ᠪᠠᠶ᠋ᠢᠷᠢᠯᠠᠭᠤᠯᠵᠠᠢ᠃

ᠬᠤᠷᠠᠯ᠎ᠡᠴᠡ ᠳᠥᠷᠪᠡᠳᠦᠭᠡᠷ ᠤᠯᠠᠷᠢᠯ ᠎ᠤᠨ 6 ᠭᠣᠣᠯᠳᠠᠯᠭ᠎ᠠ᠎ᠲᠠᠶ ᠪᠣᠭᠣᠮᠲᠠ ᠰᠢᠪᠲᠤᠯᠬᠤ ᠡᠭᠦᠷᠭᠡ᠎ᠶᠢ ᠲᠣᠳᠣᠷᠬᠠᠶ᠋ᠢᠯᠠᠵᠤ᠂ ᠦᠢᠯᠡᠴᠢᠯᠡᠭᠡᠨ ᠎ᠦ ᠶᠠᠰᠤ ᠴᠢᠨᠠᠷ᠎ᠢ ᠳᠡᠭᠡᠭᠰᠢᠯᠡᠭᠦᠯᠬᠦ᠌᠂ᠲᠣᠭᠲᠡᠴᠡ᠎ᠶᠢ ᠲᠡᠭᠦᠯᠳᠡᠷᠵᠢᠭᠦᠯᠬᠦ᠌᠂ᠡᠭᠦᠷᠭᠡ ᠎ᠶᠢᠨ ᠰᠡᠭᠦᠯ ᠬᠤᠷᠢᠶᠠᠬᠤ ᠠᠵᠢᠯ᠎ᠳᠤ ᠬᠦᠴᠦᠯᠡᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠠᠢ᠃ ᠨᠢᠭᠡ᠎ᠳᠦ᠂ ᠬᠢᠯᠢ ᠬᠢᠵᠠᠭᠠᠷ᠎ᠤᠨ ᠭᠠᠴᠡᠭ᠎ᠠ ᠲᠣᠰᠬᠣᠨ᠎ᠳᠤ ᠰᠢᠤᠳᠠᠨ ᠨᠡᠪᠲᠡᠷᠡᠭᠦᠯᠬᠦ᠌ ᠦᠷ᠎ᠡ ᠪᠦᠲᠦᠮᠵᠢ᠎ᠶᠢ ᠪᠡᠬᠢᠵᠢᠭᠦᠯᠦᠨ ᠳᠡᠭᠡᠭᠰᠢᠯᠡᠭᠦᠯᠦᠨ᠎ᠡ᠃ ᠪᠠᠶᠠᠨᠨᠠᠭᠤᠷ ᠬᠣᠲᠠ᠎ᠶᠢᠨ ᠤᠷᠠᠳ᠎ᠤᠨ ᠬᠣᠶ᠋ᠢᠲᠤ᠌ ᠬᠣᠰᠢᠭᠤᠨ᠎ᠤ 12 ᠬᠢᠯᠢ᠎ᠶᠢᠨ ᠲᠣᠰᠬᠣᠨ᠎ᠤ ᠭᠤᠪᠢᠭᠤᠯᠤᠨ ᠬᠦᠷᠭᠡᠬᠦ ᠳᠠᠪᠲᠠᠮᠵᠢ᠎ᠶᠢ ᠭᠠᠷᠠᠭ ᠪᠦᠷᠢ 1 ᠤᠳᠠᠭ᠎ᠠ ᠪᠠᠶ᠋ᠢᠭᠰᠠᠨ᠎ᠡᠴᠡ ᠭᠠᠷᠠᠭ ᠪᠦᠷᠢ 3 ᠤᠳᠠᠭ᠎ᠠ ᠪᠣᠯᠭᠠᠨ ᠳᠡᠭᠡᠭᠰᠢᠯᠡᠭᠦᠯᠵᠦ᠍᠂ ᠪᠥᠬᠥ᠌ ᠣᠷᠣᠨ᠎ᠤ ᠬᠢᠯᠢ᠎ᠶᠢᠨ ᠲᠣᠰᠬᠣᠨ᠎ᠤ ᠭᠠᠷᠠᠭ᠎ᠤᠨ ᠬᠦᠷᠭᠡᠯᠲᠡ᠎ᠶᠢ 3 ᠤᠳᠠᠭ᠎ᠠ ᠵᠢᠴᠢ ᠲᠡᠬᠦᠨ ᠡᠴᠡ ᠳᠡᠭᠡᠭᠰᠢ ᠪᠠᠢᠬᠤ᠎ᠵᠢ 100%᠎ᠳᠤ ᠬᠦᠷᠭᠡᠵᠦ᠍᠂ ᠰᠠᠭᠤᠷᠢ ᠲᠥᠬᠥᠭᠡᠷᠦᠮᠵᠢ᠎ᠶᠢ ᠦᠷᠭᠦᠯᠵᠢᠯᠡᠨ ᠲᠡᠭᠦᠯᠳᠡᠷᠵᠢᠭᠦᠯᠵᠦ᠍᠂ ᠰᠢᠤᠳᠠᠨ᠎ᠤ ᠵᠠᠮ᠎ᠢ ᠰᠢᠯᠢᠳᠡᠭᠵᠢᠭᠦᠯᠦᠨ ᠤᠷᠲᠤᠳᠬᠠᠵᠤ᠂ ᠪᠠᠷᠢᠮᠵᠢᠶ᠎ᠠ᠎ᠶᠢ ᠳᠡᠭᠡᠭᠰᠢᠯᠡᠭᠦᠯᠵᠦ ᠦᠷ᠎ᠡ ᠪᠦᠲᠦᠭᠡᠯ ᠎ᠢᠶᠡᠨ ᠪᠡᠬᠢᠵᠢᠭᠦᠯᠤᠨ᠎ᠠ᠃ ᠬᠣᠶᠠᠷ᠎ᠲᠤ᠌᠂ ᠭᠣᠣᠯ ᠰᠡᠳᠦᠪᠲᠦ᠍ ᠰᠢᠦᠳᠠᠨ ᠎ᠤ ᠬᠠᠮᠢᠶᠠᠷᠤᠯᠳᠡ᠎ᠶᠢᠨ ᠲᠣᠪᠴᠢᠶ᠎ᠠ᠎ᠶᠢᠨ ᠪᠠᠶ᠋ᠢᠭᠤᠯᠤᠯᠲᠠ᠎ᠶᠢ ᠲᠦᠷᠭᠡᠳᠬᠡᠨ᠎ᠡ᠃ ᠣᠳᠣᠬᠠᠨ᠎ᠤ ᠲᠤᠯᠭᠠᠷᠠᠵᠤ ᠪᠠᠢᠭ᠎ᠠ ᠬᠦᠴᠢᠷᠳᠡᠯ᠎ᠢ ᠢᠯᠠᠨ ᠳᠠᠪᠠᠵᠤ᠂ ᠪᠦᠲᠦᠭᠡᠨ ᠪᠠᠶ᠋ᠢᠭᠤᠯᠤᠯᠲᠠ᠎ᠶᠢᠨ ᠠᠬᠢᠴᠠ᠎ᠶᠢ ᠬᠦᠴᠦᠯᠡᠨ ᠠᠬᠢᠭᠤᠯᠵᠤ᠂2026 ᠣᠨ᠎ᠤ ᠡᠴᠦᠰ᠎ᠡᠴᠡ ᠡᠮᠦᠨ᠎ᠡ 4A ᠳᠡᠰ᠎ᠡᠴᠡ ᠳᠡᠭᠡᠭᠰᠢᠬᠢ ᠦᠵᠡᠮᠵᠢ᠎ᠶᠢᠨ ᠣᠷᠣᠨ᠎ᠤ ᠪᠦᠷᠬᠦᠴᠡ᠎ᠶᠢᠨ ᠨᠣᠷᠮ᠎ᠠ᠎ᠶᠢᠨ 65% ᠎ᠶ᠋ᠢᠨ ᠬᠠᠷᠠᠯᠲᠠ᠎ᠶᠢ ᠬᠤᠭᠤᠴᠠᠭ᠎ᠠ ᠶᠣᠰᠣᠭᠠᠷ ᠪᠡᠶᠡᠯᠡᠭᠦᠯᠬᠦ᠌᠎ᠶᠢ ᠦᠨᠡᠨ ᠬᠦ᠌ ᠪᠠᠲᠤᠯᠠᠨ᠎ᠠ᠃ ᠭᠤᠷᠪᠠ᠎ᠳᠤ᠂ᠠᠶᠠᠨᠴᠢᠳ ᠪᠠ ᠪᠠᠷᠠᠭ᠎ᠠ ᠰᠢᠦᠳᠠᠨ᠎ᠤ ᠠᠭᠤᠰᠤᠯᠴᠠᠨ ᠬᠥᠭᠵᠢᠬᠦ᠌᠎ᠶᠢ ᠭᠦᠨᠵᠡᠭᠡᠶ᠋ᠢᠷᠡᠭᠦᠯᠦᠨ᠎ᠡ᠃ᠵᠠᠮ ᠬᠠᠷᠢᠯᠴᠠᠭᠠᠨ᠎ᠤ ᠰᠠᠯᠠᠭ᠎ᠠ ᠮᠥᠴᠢᠷ᠎ᠲᠡᠶ ᠰᠠᠨᠠᠭᠠᠴᠢᠯᠠᠭ᠎ᠠ ᠎ᠡᠴᠡ ᠎ᠪᠠᠨ ᠵᠣᠯᠭᠠᠯᠳᠤᠵᠤ᠂ ᠤᠯᠤᠰ᠎ᠤᠨ ᠠᠶᠠᠨᠴᠢᠳ ᠪᠠ ᠪᠠᠷᠠᠭ᠎ᠠ᠎ᠰᠢᠤᠳᠠᠨ᠎ᠢ ᠠᠭᠤᠰᠤᠯᠴᠠᠭᠤᠯᠤᠨ ᠬᠥᠭᠵᠢᠭᠦᠯᠬᠦ᠌ ᠭᠤᠷᠪᠠᠨ ᠵᠢᠯ᠎ᠦᠨ ᠶᠠᠰᠤ ᠴᠢᠨᠠᠷ ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ᠌ ᠲᠥᠰᠦᠯ᠎ᠢ ᠨᠠᠶ᠋ᠢᠳᠠᠪᠤᠷᠢᠵᠢᠭᠤᠯᠵᠤ᠂ ᠲᠥᠷᠥ᠎ᠶᠢᠨ ᠪᠣᠳᠣᠯᠭ᠎ᠠ᠎ᠶᠢᠨ ᠠᠰᠢᠭ ᠲᠤᠰᠠ᠎ᠶᠢ ᠬᠦᠷᠲᠡᠭᠡᠵᠦ᠍᠂ ᠬᠥᠳᠡᠭᠡ ᠲᠣᠰᠬᠣᠨ᠎ᠤ ᠭᠤᠪᠢᠭᠤᠯᠤᠨ ᠬᠦᠷᠭᠡᠬᠦ᠌ ᠲᠤᠤᠷ ᠰᠦᠯᠵᠢᠶ᠎ᠡ᠎ᠶᠢ ᠲᠡᠭᠦᠯᠳᠡᠷᠵᠢᠭᠦᠯᠤᠨ᠎ᠠ᠃ᠳᠥᠷᠪᠡ᠎ᠳᠦ᠂ ᠠᠵᠢᠯ᠎ᠤᠨ ᠲᠣᠭᠲᠡᠴᠡ᠎ᠶᠢ ᠲᠡᠭᠦᠯᠳᠡᠷᠵᠢᠭᠦᠯᠦᠨ᠎ᠡ᠃ ᠲᠡᠷᠢᠭᠦᠨ᠎ᠦ ᠭᠠᠵᠠᠷ ᠣᠷᠣᠨ᠎ᠤ 《ᠬᠣᠶᠠᠷ ᠨᠠᠷᠢᠨ ᠲᠠᠩᠰᠠ 》 ᠶ᠋ᠢᠨ ᠲᠤᠷᠰᠢᠯᠭ᠎ᠠ᠎ᠪᠠᠷ ᠲᠣᠯᠢ ᠪᠣᠯᠭᠠᠵᠤ᠂ ᠠᠵᠤ ᠠᠬᠤᠶ᠋ᠢᠯᠠᠯ᠎ᠤᠨ ᠥᠪᠡᠰᠦᠪᠡᠨ ᠪᠠᠶ᠋ᠢᠴᠠᠭᠠᠬᠤ ᠨᠠᠷᠢᠨ  ᠲᠠᠩᠰᠠ ᠬᠢᠭᠡᠳ ᠬᠢᠨᠠᠯᠲᠠ ᠲᠠᠯᠪᠢᠵᠤ ᠪᠠᠶ᠋ᠢᠴᠠᠭᠠᠬᠤ ᠨᠠᠷᠢᠨ ᠳᠠᠩᠰᠠ᠎ᠶᠢ ᠪᠠᠶ᠋ᠢᠭᠤᠯᠤᠨ᠂ ᠥᠪᠡᠰᠦᠪᠡᠨ ᠪᠠᠶ᠋ᠢᠴᠠᠭᠠᠬᠤ ᠲᠣᠭᠲᠠᠮᠠᠯ ᠳᠠᠪᠲᠠᠮᠵᠢ ᠤᠳᠠᠭ᠎ᠠ᠂ ᠣᠷᠣ ᠮᠥᠷ ᠦᠯᠡᠳᠡᠭᠡᠵᠦ᠍ ᠳᠠᠩᠰᠠ ᠡᠪᠬᠡᠮᠡᠯ᠎ᠳᠦ ᠬᠠᠳᠠᠭᠠᠯᠠᠬᠤ᠎ᠶᠢ ᠲᠣᠳᠣᠷᠬᠠᠶ᠋ᠢᠯᠠᠵᠤ᠂ ᠡᠳᠦᠷ ᠲᠤᠲᠤᠮ᠎ᠤᠨ ᠠᠵᠢᠯ᠎ᠤᠨ ᠲᠣᠭᠲᠡᠴᠡ᠎ᠶᠢᠨ ᠳᠤᠲᠠᠭᠤᠳᠠᠯ ᠎ᠢ ᠨᠥᠬᠥᠪᠥᠷᠢᠯᠡᠨ᠎ᠡ᠃ ᠲᠠᠪᠤ ᠎ᠳᠤ᠂ ᠲᠦᠷᠭᠡᠨ ᠬᠦᠷᠭᠡᠯᠲᠡ᠎ᠶᠢ ᠲᠣᠰᠬᠣᠨ᠎ᠳᠤ ᠣᠷᠣᠭᠤᠯᠬᠤ ᠰᠢᠤᠳᠠᠨ᠎ᠤ ᠦᠨᠳᠦᠰᠦᠨ ᠵᠦᠢᠯᠡᠰ ᠎ᠢ ᠪᠠᠲᠤᠯᠠᠬᠤ ᠠᠵᠢᠯ᠎ᠢ ᠪᠤᠭᠤᠮᠳᠡ ᠰᠢᠪᠲᠤᠯᠤᠨ᠎ᠠ᠃ ᠬᠠᠮᠲᠤᠷᠠᠯᠴᠠᠵᠤ ᠰᠦᠢᠳᠬᠡᠯ ᠥᠷᠢᠲᠦᠬᠦ᠌ ᠠᠰᠠᠭᠤᠳᠠᠯ ᠎ᠢ ᠲᠣᠬᠢᠲᠠᠶ ᠰᠢᠢᠳᠪᠦᠷᠢᠯᠡᠵᠦ᠍᠂ ᠣᠷᠳᠣ ᠬᠤᠭᠤᠴᠠᠭᠠᠨ ᠎ᠤ ᠪᠦᠲᠦᠮᠵᠢᠲᠡᠶ ᠬᠠᠮᠲᠤᠷᠠᠯᠴᠠᠭᠠᠨ᠎ᠤ ᠲᠣᠭᠲᠡᠴᠡ᠎ᠶᠢ ᠪᠠᠶ᠋ᠢᠭᠤᠯᠵᠤ ᠰᠢᠤᠳᠠᠨ ᠪᠠ ᠲᠦᠷᠭᠡᠨ ᠬᠦᠷᠭᠡᠯᠳᠡ᠎ᠶᠢᠨ ᠬᠠᠮᠲᠤᠷᠠᠯᠴᠠᠭ᠎ᠠ᠎ᠶᠢᠨ ᠦᠷᠭᠦᠯᠵᠢᠯᠡᠨ ᠲᠣᠭᠲᠠᠭᠤᠨ ᠪᠠᠶ᠋ᠢᠬᠤ ᠎ᠶᠢ ᠪᠠᠲᠤᠯᠠᠵᠤ᠂ ᠲᠤᠷᠰᠢᠯᠭ᠎ᠠ᠎ᠪᠠᠨ ᠳ᠋ᠦᠩᠨᠡᠵᠦ᠍᠂ ᠢᠷᠡᠬᠦ᠌ ᠵᠢᠯ᠎ᠦᠨ ᠪᠥᠬᠥ᠌ ᠣᠷᠣᠨ ᠪᠦᠰᠡ᠎ᠳᠦ ᠳᠡᠯᠭᠡᠷᠡᠭᠦᠯᠬᠦ᠌ ᠎ᠶᠢ ᠤᠷᠢᠳᠴᠢᠯᠠᠨ ᠲᠥᠯᠥᠪᠵᠢᠭᠦᠯᠵᠦ᠍᠂ ᠦᠨᠳᠦᠰᠦᠨ ᠵᠦᠢᠯᠡᠰ᠎ᠢ ᠪᠠᠲᠤᠯᠠᠬᠤ ᠪᠦᠷᠬᠦᠴᠡ ᠎ᠶᠢ 100% ᠰᠢᠬᠠᠮ ᠪᠣᠯᠭᠠᠬᠤ᠎ᠪᠠᠷ ᠴᠢᠷᠮᠠᠶ᠋ᠢᠨ᠎ᠠ᠃ ᠵᠢᠷᠭᠤᠭ᠎ᠠ᠎ᠳᠤ᠂ ᠰᠢᠥᠳᠠᠨ᠎ᠤ ᠠᠵᠢᠯ ᠲᠥᠷᠥᠯ ᠎ᠦᠨ ᠠᠮᠤᠷ ᠲᠦᠪᠰᠢᠨ ᠪᠠ ᠨᠡᠶ᠋ᠢᠭᠡᠮ᠎ᠦᠨ ᠲᠣᠭᠲᠠᠭᠤᠨ᠎ᠤ ᠰᠡᠷᠭᠡᠶ᠋ᠢᠯᠡᠯᠲᠡ᠎ᠶᠢᠨ ᠱᠤᠭᠤᠮ ᠎ᠢ ᠪᠡᠬᠢᠵᠢᠭᠦᠯᠦᠨ᠎ᠡ ᠭᠡᠵᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面