ᠲᠡᠷᠢᠭᠦᠨ ᠨᠢᠭᠤᠷ>ᠴᠠᠭ ᠲᠦᠷᠦ>ᠵᠢᠷᠤᠭᠲᠤ ᠮᠡᠳᠡᠭᠡ

2026-11-04 11:44:26

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

11 ᠰᠠᠷ᠎ᠠ᠎ᠶᠢᠨ 2᠎ᠤᠨ ᠡᠳᠦᠷ ᠦᠢᠯᠡᠳᠪᠦᠷᠢ ᠬᠤᠳᠠᠯᠳᠤᠭᠠᠨ᠎ᠤ ᠪᠠᠩᠬᠢ᠂ ᠭᠤᠸᠠᠡᠭ ᠳᠠ ᠪᠠᠩᠬᠢ ᠦᠨᠡᠲᠦ ᠲᠡᠮᠦᠷᠯᠢᠭ᠎ᠦᠨ ᠵᠠᠬ᠎ᠠ ᠳᠡᠯᠭᠡᠭᠦᠷ᠎ᠦᠨ ᠠᠶᠤᠯ ᠲᠦᠭᠰᠢᠭᠦᠷᠢ᠎ᠶᠢᠨ ᠲᠤᠬᠠᠢ ᠰᠠᠨᠠᠭᠤᠯᠤᠮᠵᠢ ᠨᠡᠢᠲᠡᠯᠡᠪᠡ᠃



ᠬᠣᠶᠠᠷ ᠪᠠᠩᠬᠢ ᠢᠯᠡᠷᠬᠡᠢᠯᠡᠭᠰᠡᠨ ᠨᠢ᠂ ᠣᠢᠷ᠎ᠠ ᠶ᠋ᠢᠨ ᠬᠤᠭᠤᠴᠠᠭᠠᠨ᠎ᠳᠤ ᠤᠯᠤᠰ᠎ᠤᠨ ᠳᠣᠲᠣᠭᠠᠳᠤ ᠭᠠᠳᠠᠭᠠᠳᠤ ᠶ᠋ᠢᠨ ᠦᠨᠡᠲᠦ ᠲᠡᠮᠦᠷᠯᠢᠭ᠎ᠦᠨ ᠦᠨ᠎ᠡ ᠬᠠᠩᠰᠢ ᠶ᠋ᠢᠨ ᠬᠡᠯᠪᠡᠯᠵᠡᠯ ᠰᠢᠷᠦᠭᠦᠰᠴᠦ᠂ ᠵᠠᠬ᠎ᠠ ᠳᠡᠯᠭᠡᠭᠦᠷ᠎ᠦᠨ ᠠᠶᠤᠯ ᠲᠦᠭᠰᠢᠭᠦᠷᠢ ᠳᠡᠭᠡᠭᠰᠢᠯᠡᠵᠦ ᠪᠠᠢᠨ᠎ᠠ᠃ ᠦᠢᠯᠡᠳᠪᠦᠷᠢ ᠬᠤᠳᠠᠯᠳᠤᠭᠠᠨ᠎ᠤ ᠪᠠᠩᠬᠢ ᠠ᠋ᠴᠠ ᠪᠡᠯᠡ ᠣᠷᠣᠭᠤᠯᠤᠭ᠍ᠴᠢᠳ᠎ᠲᠤ 《ᠲᠠᠷᠠᠬᠠᠢ ᠪᠤᠲᠠᠷᠬᠠᠢ ᠪᠡᠯᠡ ᠣᠷᠣᠭᠤᠯᠵᠤ᠂ ᠣᠷᠳᠣ᠌ ᠬᠤᠭᠤᠴᠠᠭ᠎ᠠ᠎ᠪᠠᠷ ᠲᠣᠬᠢᠷᠠᠭᠤᠯᠬᠤ》ᠣᠢᠯᠠᠭᠠᠭᠳᠠᠬᠤᠨ ᠢ᠋ ᠪᠠᠷᠢᠮᠲᠠᠯᠠᠨ᠂ ᠣᠯᠠᠨ ᠡᠰᠢᠴᠢᠯᠡᠭᠰᠡᠨ ᠪᠠᠢᠷᠢᠰᠢᠭᠤᠯᠤᠯᠲᠠ᠎ᠪᠠᠷ ᠳᠠᠮᠵᠢᠭᠤᠯᠤᠨ ᠣᠬᠣᠷ ᠬᠤᠭᠤᠴᠠᠭᠠᠨ᠎ᠤ ᠬᠡᠯᠪᠡᠯᠵᠡᠯ᠎ᠦᠨ ᠲᠦᠭᠰᠢᠭᠦᠷᠢ᠎ᠶᠢ ᠦᠨᠭᠭᠡᠷᠡᠭᠡᠬᠦ ᠬᠡᠷᠡᠭᠲᠡᠢ ᠭᠡᠵᠦ ᠰᠠᠨᠠᠭᠤᠯᠪᠠ᠃ ᠭᠤᠸᠠᠡᠭ ᠳᠠ ᠪᠠᠩᠬᠢ ᠪᠡᠯᠡ ᠣᠷᠣᠭᠤᠯᠤᠭ᠍ᠴᠢᠳ᠎ᠲᠤ ᠬᠥᠮᠥᠷᠭᠡ᠎ᠳᠦ ᠪᠠᠢᠭ᠎ᠠ ᠪᠠᠢᠳᠠᠯ ᠪᠠ ᠪᠠᠲᠤᠯᠠᠭ᠎ᠠ᠎ᠶᠢᠨ ᠮᠥᠩᠭᠥ᠎ᠶᠢᠨ ᠦᠯᠡᠳᠡᠪᠦᠷᠢ ᠳᠤᠭ᠎ᠠ ᠵᠢᠨ ᠬᠤᠪᠢᠷᠠᠯᠲᠠ᠎ᠶᠢᠨ ᠪᠠᠢᠳᠠᠯ᠎ᠢ ᠴᠠᠭ ᠲᠤᠬᠠᠢ ᠳ᠋ᠤᠨᠢ ᠠᠩᠬᠠᠷᠴᠤ᠂ ᠣᠶᠤᠨᠴᠢ᠎ᠪᠠᠷ ᠪᠡᠯᠡ ᠣᠷᠣᠭᠤᠯᠬᠤ᠎ᠶᠢ ᠰᠠᠨᠠᠭᠤᠯᠵᠤ ᠪᠠᠢᠨ᠎ᠠ᠃

ᠢᠷᠡᠯᠲᠡ᠄ ᠲᠥᠪ ᠲᠧᠯᠸᠢᠰ᠎ᠦᠨ ᠡᠳ᠋᠎ᠦᠨ ᠵᠠᠰᠠᠭ ᠠᠵᠤ ᠠᠬᠤᠢ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面