2026-11-05 11:28:27
ᠲᠦᠷᠦᠭᠦᠬᠡᠨ 2026 ᠮᠠᠯᠤᠷ ᠥᠲᠡᠭᠡ ᠵᠦᠭᠯᠡᠭᠦᠷ ᠳᠤᠮᠳᠠᠳᠤ ᠤᠯᠤᠰ᠎ᠤᠨ ᠴᠢᠨᠠᠷ ᠰᠠᠢᠲᠠᠢ ᠲᠠᠷᠢᠶᠠᠯᠠᠩ᠎ᠤᠨ ᠪᠦᠲᠦᠭᠡᠭᠳᠡᠬᠦᠨ᠎ᠦ 10 ᠰᠠᠷ᠎ᠠ ᠵᠢᠨ ᠨᠡᠷᠡᠰ᠎ᠦᠨ ᠵᠢᠭ᠍ᠰᠠᠭᠠᠯᠲᠠ᠎ᠶᠢ ᠨᠡᠢᠲᠡᠯᠡᠵᠦ᠂ ᠥᠪᠥᠷ ᠮᠣᠩᠭᠣᠯ᠎ᠤᠨ ᠰᠥᠨᠢᠳ ᠲᠠᠷᠢᠶᠠᠯᠠᠩ ᠮᠠᠯ ᠠᠵᠤ ᠠᠬᠤᠢ᠎ᠶᠢᠨ ᠬᠥᠭᠵᠢᠯᠲᠡ᠎ᠶᠢᠨ ᠬᠢᠵᠠᠭᠠᠷᠲᠤ ᠺᠣᠮᠫᠠᠨᠢ᠎ᠶᠢᠨ ᠪᠣᠢᠵᠢᠭᠤᠯᠤᠨ ᠮᠡᠳᠡᠬᠦᠯᠦᠭᠰᠡᠨ ᠰᠥᠨᠢᠳ᠎ᠦᠨ ᠮᠠᠯᠤᠷ ᠥᠲᠡᠭᠡ ᠬᠣᠨᠢ ᠠᠮᠵᠢᠯᠲᠠ ᠲᠠᠢ ᠪᠠᠷ ᠰᠣᠩᠭᠣᠭᠳᠠᠪᠠ᠃ ᠲᠠᠷᠢᠶᠠᠯᠠᠩ᠎ᠤᠨ ᠪᠦᠲᠦᠭᠡᠭᠳᠡᠬᠦᠨ᠎ᠦ 《ᠮᠢᠴᠢᠯᠢᠨ》 ᠭᠡᠬᠦ ᠰᠠᠢᠬᠠᠨ ᠠᠯᠳᠠᠷᠲᠠᠢ ᠮᠠᠯᠤᠷ ᠦᠳᠡᠭᠡ ᠵᠦᠭᠯᠡᠬᠦᠷ ᠤ᠋ᠨ ᠨᠡᠷᠡᠰ᠎ᠤᠨ ᠵᠢᠭᠰᠠᠭᠠᠯᠳᠠ ᠳ᠋ᠤ ᠳᠤᠳᠤᠷᠠᠭᠰᠠᠨ ᠨᠢ ᠰᠥᠨᠢᠳ ᠪᠠᠷᠠᠭᠤᠨ ᠬᠣᠰᠢᠭᠤᠨ᠎ᠤ ᠣᠨᠴᠠᠯᠢᠭ᠍ᠲᠤ ᠮᠠᠯ᠎ᠤᠨ ᠠᠰᠢᠭ᠋ ᠰᠢᠮ᠎ᠡ᠎ᠶᠢᠨ ᠲᠦᠷᠦᠯ ᠲᠡᠮᠳᠡᠭ ᠳᠡᠭᠡᠳᠦ ᠲᠡᠰ᠎ᠤᠨ ᠵᠠᠬ᠎ᠠ ᠳᠡᠯᠭᠡᠭᠦᠷ᠎ᠲᠦ ᠣᠷᠣᠵᠤ᠂ ᠪᠦᠬᠦ ᠤᠯᠤᠰ᠎ᠤᠨ ᠨᠥᠯᠥᠭᠡᠯᠡᠬᠦ ᠬᠦᠴᠦᠨ᠎ᠢ ᠥᠷᠭᠡᠳᠬᠡᠬᠦ᠎ᠳᠦ ᠴᠤ᠋ ᠰᠢᠨ᠎ᠡ ᠤᠬᠢ ᠰᠢᠯᠢᠳᠡᠭ ᠲᠠᠪᠴᠠᠩ᠎ᠢ ᠪᠠᠢᠭᠤᠯᠵᠤ ᠥᠭᠴᠡᠢ᠃

ᠡᠨᠡᠬᠦ ᠢᠷᠠᠭᠤ ᠠᠯᠳᠠᠷ ᠨᠢ ᠴᠡᠭ ᠲᠣᠭᠲᠠᠭᠠᠨ ᠤᠨᠢᠨ ᠲᠡᠭᠡᠷ᠎ᠡ ᠨᠢ ᠬᠠᠪᠰᠤᠷᠤᠨ ᠲᠡᠳᠬᠦᠭᠰᠡᠨ᠎ᠠᠴᠠ ᠰᠠᠯᠵᠤ ᠴᠢᠳᠠᠰᠢ ᠦᠭᠡᠢ ᠶᠤᠮ᠃ ᠣᠷᠳᠣ᠌ ᠬᠤᠭᠤᠴᠠᠭᠠᠨ᠎ᠤ ᠲᠤᠷᠰᠢ᠂ ᠳᠤᠮᠳᠠᠳᠤ ᠤᠯᠤᠰ᠎ᠤᠨ ᠠᠭᠠᠷ᠎ᠤᠨ ᠠᠶᠠᠯᠠᠯ᠎ᠤᠨ ᠪᠦᠯᠦᠭᠯᠡᠯ ᠤ᠋ᠨ ᠬᠢᠨ ᠰᠥᠨᠢᠳ ᠪᠠᠷᠠᠭᠤᠨ ᠬᠣᠰᠢᠭᠤᠨ ᠳ᠋ᠤ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ᠎ᠢ ᠭᠦᠨᠵᠡᠭᠡᠢ ᠦᠷᠨᠢᠭᠦᠯᠵᠦ᠂ ᠰᠥᠨᠢᠳ ᠪᠠᠷᠠᠭᠤᠨ ᠬᠣᠰᠢᠭᠤᠨ᠎ᠤ ᠴᠢᠨᠠᠷ ᠰᠠᠢᠲᠠᠢ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠳᠡᠭᠡᠳᠦ ᠲᠠᠰ᠎ᠤᠨ ᠳᠡᠯᠭᠡᠨ ᠦᠵᠡᠭᠦᠯᠭᠡ᠂ ᠤᠬᠠᠭᠤᠯᠤᠨ ᠳᠡᠯᠭᠡᠷᠡᠭᠦᠯᠬᠦ ᠠᠷᠭ᠎ᠠ ᠵᠠᠮ᠎ᠢ ᠢᠳᠡᠪᠬᠢᠲᠡᠢ ᠦᠷᠭᠡᠳᠭᠡᠭᠰᠡᠭᠡᠷ ᠢᠷᠡᠵᠡᠶ ; ᠰᠢᠶᠠᠨ ᠵᠧᠩ ᠳᠡ ᠪᠦᠯᠦᠭᠯᠡᠯ᠎ᠦᠨ ᠬᠢᠨ ᠲᠠᠪᠴᠠᠩ᠎ᠤᠨ ᠳᠠᠪᠠᠭᠤᠯᠢᠭ᠋᠎ᠢᠶᠠᠨ ᠭᠦᠢᠴᠡᠳ ᠪᠠᠳᠠᠷᠠᠭᠤᠯᠵᠤ᠂ ᠪᠠᠷᠢᠮᠵᠢᠶᠠᠵᠢᠭ᠍ᠰᠠᠨ᠂ ᠡᠷᠬᠡ ᠰᠦᠷᠲᠦ ᠴᠢᠨᠠᠷᠲᠠᠢ ᠲᠠᠷᠢᠶᠠᠯᠠᠩ᠎ᠤᠨ ᠪᠦᠲᠦᠭᠡᠭᠳᠡᠬᠦᠨ᠎ᠦ ᠦᠨᠡᠯᠡᠯᠲᠡ᠎ᠶᠢᠨ ᠰᠢᠰᠲ᠋ᠸᠮ᠎ᠢ ᠳᠠᠯ᠎ᠠ ᠨᠤᠳᠤᠭ᠎ᠲᠦ ᠣᠷᠣᠭᠤᠯᠪᠠ᠃ ᠬᠠᠪᠰᠤᠷᠤᠨ ᠲᠡᠳᠬᠦᠬᠦ ᠬᠣᠶᠠᠷ ᠨᠢᠭᠡᠴᠢ᠎ᠶᠢᠨ ᠬᠠᠪᠰᠤᠷᠤᠯᠭ᠎ᠠ᠎ᠪᠠᠷ᠂ ᠰᠥᠨᠢᠳ᠎ᠦᠨ ᠴᠢᠨᠠᠷ ᠰᠠᠢᠲᠠᠢ ᠬᠣᠨᠢᠨ ᠮᠢᠬ᠎ᠠ ᠭᠠᠵᠠᠷ ᠣᠷᠣᠨ᠎ᠤ ᠬᠢᠵᠠᠭᠠᠷᠯᠠᠯ᠎ᠠᠴᠠ ᠳᠠᠪᠠᠵᠤ᠂ ᠪᠥᠬᠥ ᠤᠯᠤᠰ᠎ᠤᠨ ᠴᠢᠨᠠᠷ ᠰᠠᠢᠲᠠᠢ ᠲᠠᠷᠢᠶᠠᠯᠠᠩ᠎ᠤᠨ ᠪᠦᠲᠦᠭᠡᠭᠳᠡᠬᠦᠨ᠎ᠦ ᠡᠷᠬᠡ ᠰᠦᠷᠲᠦ ᠨᠡᠷᠡᠰ᠎ᠦᠨ ᠵᠢᠭ᠍ᠰᠠᠭᠠᠯᠲᠠ᠎ᠳᠤ ᠲᠤᠳᠤᠷᠠᠵᠤ᠂ ᠠᠵᠢᠯ ᠲᠥᠷᠥᠯ᠎ᠦᠨ ᠳᠡᠭᠡᠳᠦ ᠬᠡᠮᠵᠢᠶᠡᠨ᠎ᠦ ᠠᠩᠬᠠᠷᠤᠯ ᠪᠠ ᠵᠥᠪᠰᠢᠶᠡᠷᠡᠯ᠎ᠢ ᠣᠯᠣᠭᠰᠠᠨ ᠪᠠᠢᠨ᠎ᠠ᠃

ᠰᠥᠨᠢᠳ ᠬᠣᠨᠢ ᠪᠣᠯ ᠰᠥᠨᠢᠳ᠎ᠦᠨ ᠲᠠᠯ᠎ᠠ ᠨᠤᠲᠤᠭ᠎ᠲᠤ ᠯᠠ ᠪᠠᠢᠳᠠᠭ ᠰᠢᠯᠢᠳᠡᠭ ᠰᠠᠢᠨ ᠡᠭᠦᠯᠳᠡᠷ ᠮᠥᠨ᠂ ᠪᠠᠢᠭᠠᠯᠢᠯᠢᠭ᠋ ᠪᠣᠬᠢᠷᠲᠤᠯ ᠦᠭᠡᠢ ᠲᠠᠯ᠎ᠠ ᠨᠤᠲᠤᠭ᠎ᠤᠨ ᠪᠡᠯᠴᠢᠭᠡᠷ᠎ᠲᠦ ᠲᠦᠰᠢᠭᠯᠡᠨ ᠠᠶᠠᠨᠳᠠᠭᠠᠨ ᠲᠡᠵᠢᠭᠡᠨ ᠠᠷᠠᠴᠢᠯᠠᠵᠤ᠂ ᠮᠢᠬ᠎ᠠ ᠨᠢ ᠰᠤᠷᠭᠤᠭ ᠵᠥᠭᠡᠯᠡᠨ᠂ ᠦᠨᠦᠷ ᠠᠮᠲᠠ ᠨᠢ ᠥᠪᠡᠷᠮᠢᠴᠡ ᠪᠠᠢᠵᠤ᠂ ᠰᠥᠨᠢᠳ ᠪᠠᠷᠠᠭᠤᠨ ᠬᠣᠰᠢᠭᠤᠨ᠎ᠤ ᠲᠥᠯᠥᠭᠡᠯᠡᠬᠦ ᠴᠢᠨᠠᠷᠲᠠᠢ ᠣᠨᠴᠠᠯᠢᠭ᠍ᠲᠤ ᠪᠣᠬᠢᠷᠲᠤᠯ ᠦᠭᠡᠢ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ ᠮᠥᠨ᠃ ᠲᠣᠰ ᠤᠳᠠᠭ᠎ᠠ ᠮᠠᠯᠤᠷ ᠥᠲᠡᠭᠡ ᠵᠦᠭᠯᠡᠬᠦᠷ᠎ᠤᠨ ᠨᠡᠷᠡᠰ᠎ᠦᠨ ᠵᠢᠭ᠍ᠰᠠᠭᠠᠯᠲᠠ᠎ᠳᠤ ᠠᠮᠵᠢᠯᠲᠠ᠎ᠲᠠᠢ ᠣᠷᠣᠭᠰᠠᠨ ᠨᠢ ᠰᠥᠨᠢᠳ ᠬᠣᠨᠢᠨ᠎ᠤ ᠴᠢᠨᠠᠷ ᠴᠢᠨᠰᠠᠭ᠎ᠠ᠎ᠶᠢᠨ ᠲᠤᠬᠠᠢ ᠡᠷᠬᠡ ᠰᠦᠷᠲᠦ ᠭᠡᠷᠡᠴᠢᠯᠡᠯ ᠪᠣᠯᠬᠤ᠎ᠪᠠᠷ ᠪᠠᠷᠠᠬᠤ ᠦᠭᠡᠢ᠂ ᠨᠠᠩ ᠴᠤ᠌ ᠰᠥᠨᠢᠳ ᠪᠠᠷᠠᠭᠤᠨ ᠬᠣᠰᠢᠭᠤᠨ᠎ᠤ ᠮᠠᠯ ᠠᠵᠤ ᠠᠬᠤᠢ᠎ᠶᠢᠨ ᠠᠵᠤ ᠦᠢᠯᠡᠰ᠎ᠦᠨ ᠲᠦᠷᠦᠯ ᠲᠡᠮᠳᠡᠭᠴᠢᠯᠡᠯᠲᠡ᠂ ᠳᠡᠭᠡᠳᠦ ᠲᠠᠰ᠎ᠤᠨ ᠬᠥᠭᠵᠢᠯᠲᠡ᠎ᠶᠢᠨ ᠴᠢᠬᠤᠯᠠ ᠠᠵᠠ ᠲᠣᠬᠢᠶᠠᠯ ᠪᠣᠯᠵᠤ᠂ ᠪᠥᠬᠥ ᠤᠯᠤᠰ᠎ᠤᠨ ᠨᠠᠩ ᠣᠯᠠᠨ ᠬᠡᠷᠡᠭᠯᠡᠭᠴᠢᠳ᠎ᠲᠦ ᠰᠥᠨᠢᠳ᠎ᠦᠨ ᠲᠠᠯ᠎ᠠ ᠨᠤᠲᠤᠭ᠎ᠢ ᠲᠠᠨᠢᠭᠤᠯᠵᠤ᠂ ᠰᠥᠨᠢᠳ᠎ᠦᠨ ᠴᠢᠨᠠᠷ ᠰᠠᠢᠲᠠᠢ ᠮᠠᠯ᠎ᠤᠨ ᠠᠰᠢᠭ᠋ ᠰᠢᠮ᠎ᠡ᠎ᠶᠢ ᠮᠡᠳᠡᠷᠡᠭᠦᠯᠵᠦ᠂ ᠪᠣᠷᠤᠯᠠᠭᠤᠯᠭ᠎ᠠ᠎ᠶᠢᠨ ᠵᠠᠮ᠎ᠢ ᠤᠯᠠᠮ ᠨᠢᠭᠡ ᠠᠯᠬᠤᠮ ᠥᠷᠭᠡᠳᠬᠡᠬᠦ ᠨᠢ ᠳᠠᠮᠵᠢᠭ ᠦᠭᠡᠢ ᠶᠤᠮ᠃


ᠢᠷᠡᠯᠲᠡ᠄ ᠰᠢᠯᠢ᠎ᠶᠢᠨ ᠭᠣᠣᠯ ᠠᠢᠮᠠᠭ᠎ᠤᠨ ᠬᠠᠮ ᠵᠠᠭᠤᠴᠢᠯᠠᠭᠤᠷ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃