2026-11-16 11:41:22
— 《 ᠰᠢᠨᠵᠢᠯᠡᠬᠦ ᠤᠬᠠᠭᠠᠨ ᠲᠧᠭᠨᠢᠭ ᠮᠡᠷᠬᠡᠵᠢᠯ᠎ᠤᠨ ᠪᠤᠭᠤᠮᠳᠠ ᠰᠢᠪᠳᠤᠯᠤᠯᠳᠠ ᠶᠡᠬᠡ ᠳᠡᠬᠡᠳᠤ ᠰᠤᠷᠭᠠᠭᠤᠯᠢ ᠬᠦᠴᠦᠨ ᠨᠡᠮᠡᠷᠢᠯᠡᠨᠡᠮ 》 ᠰᠢᠷᠢᠰ ᠮᠡᠳᠡᠭᠡᠯᠡᠯ (ᠬᠤᠶᠠᠷ)
ᠡᠨᠡ ᠵᠢᠯ᠎ᠤᠨ 9 ᠰᠠᠷ᠎ᠠ ᠳ᠋ᠤ᠂ ᠦᠪᠦᠷ ᠮᠤᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ᠎ᠤᠨ ᠶᠡᠬᠡ ᠰᠤᠷᠭᠠᠭᠤᠯᠢ ᠪᠠᠢᠭᠤᠯᠤᠭᠳᠠᠭᠰᠠᠨ ᠲᠠᠯᠠᠨ ᠵᠢᠯ ᠦᠨ ᠣᠶ ᠶᠢᠨ ᠴᠢᠨᠠᠷ ᠰᠠᠢᠲᠠᠢ ᠬᠥᠭᠵᠢᠯᠲᠡ ᠶᠢᠨ ᠶᠡᠬᠡ ᠬᠤᠷᠠᠯ ᠲᠡᠭᠡᠷ᠎ᠡ ᠰᠤᠷᠭᠠᠭᠤᠯᠢ ᠨᠢ 《ᠬᠣᠪᠣᠷ ᠰᠢᠷᠣᠢ》 ᠵᠢᠨ ᠰᠢᠨ᠎ᠡ᠎ᠶᠢ ᠡᠭᠦᠳᠦᠭᠰᠡᠨ ᠦᠷ᠎ᠡ ᠪᠦᠲᠦᠭᠡᠯ ᠵᠢᠡᠨ ᠲᠦᠪᠯᠡᠷᠡᠬᠦᠯᠦᠨ ᠳᠡᠯᠬᠡᠨ ᠦᠵᠡᠬᠦᠯᠵᠦ ᠣᠯᠠᠨ᠎ᠤ ᠠᠩᠬᠠᠷᠤᠯ᠎ᠢ ᠲᠠᠲᠠᠪᠠ᠄ ᠵᠢᠩᠬᠢᠨᠢ ᠠᠩᠭᠢ᠎ᠶᠢᠨ ᠰᠣᠷᠣᠭ᠍ᠴᠢ᠎ᠶᠢᠨ ᠪᠦᠯᠬᠦᠮ ᠣᠯᠠᠨ ᠤᠯᠤᠰ᠎ᠤᠨ ᠣᠶᠤᠲᠠᠳ᠎ᠤᠨ ᠰᠢᠨ᠎ᠡ᠎ᠶᠢ ᠡᠭᠦᠳᠬᠦ ᠤᠷᠤᠯᠳᠤᠭᠠᠨ᠎ᠤ ᠠᠯᠲᠠᠨ ᠮᠧᠳᠠᠯ᠎ᠢ ᠭᠥᠷᠳᠡᠵᠦ᠂ ᠬᠣᠪᠣᠷ ᠰᠢᠷᠣᠢ ᠲᠡᠮᠦᠷᠯᠢᠭ ᠪᠣᠯᠪᠠᠰᠤᠷᠠᠭᠤᠯᠬᠤ ᠪᠠ ᠰᠢᠨ᠎ᠡ ᠮᠠᠲᠧᠷᠢᠶᠠᠯ᠎ᠤᠨ ᠪᠠᠭ᠍ᠰᠢ᠎ᠶᠢᠨ ᠪᠦᠯᠬᠦᠮ ᠳᠥᠷᠪᠡᠳᠦᠭᠡᠷ ᠪᠦᠯᠦᠭ᠎ᠦᠨ 《ᠪᠥᠬᠥ ᠤᠯᠤᠰ ᠤᠨ ᠶᠡᠬᠡ ᠳᠡᠭᠡᠳᠦ ᠰᠤᠷᠭᠠᠭᠤᠯᠢ᠎ᠶᠢᠨ ᠬᠤᠸᠠᠩ ᠳᠠ ᠨᠢᠶᠠᠨ ᠮᠠᠶᠢᠭ᠋ ᠤᠨ ᠪᠠᠭ᠍ᠰᠢ᠎ᠶᠢᠨ ᠪᠦᠯᠬᠦᠮ》 ᠳ᠋ᠤ ᠰᠣᠩᠭᠣᠭᠳᠠᠵᠤ᠂ ᠠᠺᠠᠳᠧᠮᠢᠴᠢ ᠵᠢ ᠥᠪᠥᠷ ᠮᠣᠩᠭᠣᠯ᠎ᠤᠨ ᠳᠡᠭᠡᠳᠦ ᠵᠡᠷᠭᠡ ᠶᠢᠨ ᠰᠤᠳᠤᠯᠭᠠᠨ ᠤ ᠬᠦᠷᠢᠶᠡᠯᠡᠩ᠎ᠦᠨ ᠬᠣᠪᠣᠷ ᠰᠢᠷᠣᠢ᠎ᠶᠢᠨ ᠰᠤᠳᠤᠯᠭᠠᠨ᠎ᠤ ᠬᠦᠷᠢᠶᠡᠯᠡᠩ᠎ᠦᠨ ᠳᠠᠷᠤᠭ᠎ᠠ᠎ᠪᠠᠷ ᠤᠷᠢᠪᠠ ᠁

ᠦᠪᠦᠷ ᠮᠤᠩᠭᠤᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ᠎ᠤᠨ ᠶᠡᠬᠡ ᠰᠤᠷᠭᠠᠭᠤᠯᠢ ᠨᠢ ᠪᠤᠭᠤᠳᠤ ᠵᠢᠨ ᠪᠠᠶᠠᠠᠠᠤᠪᠤᠭ᠎ᠠ ᠵᠢᠨ ᠬᠤᠪᠤᠷ ᠰᠢᠷᠤᠢ ᠵᠢᠨ ᠡᠬᠢ ᠪᠠᠶᠠᠯᠢᠭ ᠲᠤ᠌ ᠰᠠᠭᠤᠷᠢᠯᠠᠵᠤ᠂ ᠦᠪᠡᠷᠳᠡᠬᠡᠨ ᠵᠠᠰᠠᠬᠤ ᠤᠷᠤᠨ᠎ᠤ ᠪᠦᠬᠦ ᠤᠯᠤᠰ᠎ᠤᠨ ᠬᠠᠮᠤᠭ᠎ᠤᠨ ᠲᠤᠮᠤ ᠬᠤᠪᠤᠷ ᠰᠢᠷᠤᠢ ᠵᠢᠨ ᠰᠢᠨ᠎ᠡ ᠮᠠᠲᠧᠷᠢᠶᠠᠯ᠎ᠤᠨ ᠰᠠᠭᠤᠷᠢᠨ᠂ ᠪᠦᠬᠦ ᠳᠡᠯᠡᠬᠡᠢ ᠵᠢᠨ ᠳᠡᠷᠢᠬᠦᠨ᠎ᠤ ᠬᠤᠪᠤᠷ ᠰᠢᠷᠤᠢ ᠵᠢᠨ ᠬᠡᠷᠡᠭᠯᠡᠬᠡᠨ᠎ᠤ ᠰᠠᠭᠤᠷᠢᠨ ᠢ᠋ ᠪᠦᠳᠦᠬᠡᠨ ᠪᠠᠢᠭᠤᠯᠬᠤ ᠪᠠᠢᠯᠳᠤᠬᠤ ᠪᠤᠳᠤᠯᠭ᠎ᠠ ᠵᠢᠨ ᠬᠠᠷᠠᠯᠳᠠ ᠵᠢᠨ ᠳᠤᠭᠤᠷᠢᠨ ᠳ᠋ᠤ᠂ ᠰᠤᠷᠭᠠᠭᠤᠯᠢ ᠵᠢᠨ ᠬᠤᠪᠤᠷ ᠰᠢᠷᠤᠢ ᠵᠢᠨ ᠰᠤᠳᠤᠯᠭᠠᠨ᠎ᠤ ᠪᠦᠯᠬᠦᠮ᠎ᠤᠨ ᠬᠢᠨ ᠦᠢᠯᠡᠳᠪᠦᠷᠢᠯᠡᠯ᠂ ᠵᠢᠭᠠᠨ ᠰᠤᠷᠭᠠᠯᠳᠠ᠂ ᠰᠤᠳᠤᠯᠭᠠᠨ ᠢ᠋ ᠬᠠᠮᠵᠢᠯᠴᠠᠭᠤᠯᠤᠨ ᠰᠢᠨ᠎ᠡ ᠵᠢ ᠡᠬᠦᠳᠬᠦ ᠵᠢ ᠦᠷᠬᠦᠯᠵᠢᠯᠡᠨ ᠬᠦᠨᠵᠡᠬᠡᠢᠷᠡᠬᠦᠯᠵᠦ᠂ ᠠᠵᠤ ᠦᠢᠯᠡᠰ᠎ᠤᠨ ᠬᠦᠴᠢᠷ ᠠᠰᠠᠭᠤᠳᠠᠯ᠎ᠢ ᠰᠢᠢᠳᠪᠦᠷᠢᠯᠡᠵᠦ᠂ ᠤᠷᠤᠨ ᠨᠤᠳᠤᠭ᠎ᠤᠨ ᠴᠢᠳᠠᠪᠤᠷᠢᠳᠠᠨ᠎ᠢ ᠬᠦᠮᠦᠵᠢᠬᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ᠎ᠤᠨ ᠰᠢᠨ᠎ᠡ ᠵᠢ ᠡᠬᠦᠳᠬᠦ ᠪᠡᠷ ᠪᠤᠭᠤᠳᠤ ᠵᠢᠨ ᠬᠤᠪᠤᠷ ᠰᠢᠷᠤᠢ ᠵᠢᠨ ᠠᠵᠤ ᠦᠢᠯᠡᠰ᠎ᠤᠨ ᠬᠡᠯᠪᠡᠷᠢ ᠪᠡᠨ ᠬᠤᠪᠢᠷᠠᠭᠤᠯᠤᠨ ᠳᠡᠰ ᠳᠡᠪᠰᠢᠬᠦ ᠳ᠋ᠤ ᠬᠦᠴᠦᠨ ᠨᠡᠮᠡᠷᠢᠯᠡᠵᠦ᠂ ᠤᠷᠤᠨ ᠨᠤᠳᠤᠭ᠎ᠤᠨ ᠠᠵᠤ ᠠᠬᠤᠢ ᠨᠡᠢᠬᠡᠮ᠎ᠤᠨ ᠬᠦᠭᠵᠢᠯᠳᠡ ᠳ᠋ᠤ ᠦᠢᠯᠡᠴᠢᠯᠡᠵᠦ ᠪᠠᠢᠭ᠎ᠠ ᠶᠤᠮ᠃
ᠰᠤᠷᠭᠠᠭᠤᠯᠢ᠎ᠶᠢᠨ ᠬᠣᠪᠣᠷ ᠰᠢᠷᠣᠢ᠎ᠶᠢᠨ ᠠᠵᠤ ᠦᠢᠯᠡᠰ᠎ᠦᠨ ᠳᠡᠭᠡᠳᠦ ᠰᠤᠷᠭᠠᠭᠤᠯᠢ᠎ᠳᠤ ᠣᠷᠣᠬᠤ ᠳᠤ᠂ 《ᠬᠣᠪᠣᠷ ᠰᠢᠷᠤᠢ ᠦᠩᠬᠡᠳᠤ ᠳᠡᠮᠦᠷᠯᠢᠭ ᠱᠠᠭᠠᠵᠠᠩ》 ᠤ᠋ᠨ ᠲᠦᠷᠦᠯ ᠵᠦᠢᠯ᠎ᠦᠨ ᠪᠦᠯᠬᠦᠮ᠎ᠤᠨ ᠪᠠᠭ᠍ᠰᠢ ᠰᠤᠷᠤᠭ᠍ᠴᠢᠳ ᠲᠣᠭᠣᠷᠢᠨ ᠰᠠᠭᠤᠯᠴᠠᠵᠤ᠂ ᠲᠤᠷᠰᠢᠯᠲᠠ᠎ᠶᠢᠨ ᠲᠠᠰᠤᠭ᠎ᠤᠨ ᠰᠢᠨ᠎ᠡ ᠮᠡᠷᠭᠡᠵᠢᠯ᠎ᠢ ᠬᠡᠷᠬᠢᠨ ᠠᠵᠤ ᠦᠢᠯᠡᠰ᠎ᠦᠨ ᠦᠢᠯᠡᠳᠪᠦᠷᠢᠯᠡᠯ᠎ᠦᠨ ᠱᠤᠭᠤᠮ᠎ᠲᠠᠢ ᠨᠡᠩ ᠲᠦᠷᠭᠡᠨ ᠵᠣᠯᠭᠠᠭᠤᠯᠬᠤ ᠲᠤᠬᠠᠢ ᠶᠠᠷᠢᠯᠴᠠᠵᠤ ᠪᠠᠢᠯ᠎ᠠ᠃ ᠡᠨᠡ ᠬᠦ᠌ 5 ᠳᠡᠭᠡᠳᠦ ᠰᠤᠷᠭᠠᠭᠤᠯᠢ᠎ᠶᠢᠨ 7 ᠲᠤᠰᠬᠠᠢ ᠮᠡᠷᠭᠡᠵᠢᠯ᠎ᠦᠨ 12 ᠵᠢᠩᠬᠢᠨᠢ ᠠᠩᠭᠢ᠎ᠶᠢᠨ ᠰᠣᠷᠣᠭ᠍ᠴᠢ᠎ᠪᠠᠷ ᠪᠦᠷᠢᠯᠳᠦᠭᠰᠡᠨ ᠪᠦᠯᠬᠦᠮ ᠨᠢ ᠪᠠᠮᠪᠠᠢ ᠪᠦᠳᠦᠴᠡᠳᠤ ᠬᠢᠲᠤᠭ᠎ᠠ᠎ᠶᠢᠨ ᠴᠠᠭᠠᠷᠢᠭ᠋᠎ᠤᠨ 《ᠬᠠᠲᠠᠭᠤ ᠮᠥᠷᠲᠡᠭᠡᠨ ᠤᠶᠠᠨ ᠪᠠᠢᠬᠤ》ᠠᠵᠢᠯ ᠲᠥᠷᠥᠯ᠎ᠦᠨ ᠡᠪᠡᠷᠰᠢᠶᠡᠯ᠎ᠳ᠋ᠤ ᠬᠠᠨᠳᠤᠵᠤ᠂ ᠬᠣᠪᠣᠷ ᠰᠢᠷᠣᠢ᠎ᠶᠢᠨ ᠡᠯᠧᠮᠧᠨ᠋ᠲ᠎ᠢᠶᠡᠷ ᠮᠠᠲᠧᠷᠢᠶᠠᠯ᠎ᠤᠨ ᠨᠢᠭ᠍ᠲᠠᠴᠠ᠎ᠶᠢ ᠶᠡᠬᠡᠪᠡᠷ ᠳᠡᠭᠡᠭᠰᠢᠯᠡᠭᠦᠯᠦᠨ᠂ ᠭᠠᠳᠠᠭᠠᠳᠤ᠎ᠶᠢᠨ ᠣᠷᠳᠣ᠌ ᠬᠤᠭᠤᠴᠠᠭᠠᠨ᠎ᠤ ᠮᠡᠷᠭᠡᠵᠢᠯ᠎ᠦᠨ ᠭᠠᠭᠴᠠᠭᠠᠷ ᠡᠵᠡᠮᠰᠢᠯ᠎ᠢ ᠡᠪᠳᠡᠵᠦ᠂ ᠣᠯᠠᠨ ᠤᠯᠤᠰ᠎ᠤᠨ ᠣᠶᠤᠲᠠᠳ᠎ᠤᠨ ᠰᠢᠨ᠎ᠡ᠎ᠶᠢ ᠡᠭᠦᠳᠬᠦ ᠤᠷᠤᠯᠳᠤᠭᠠᠨ᠎ᠤ ᠠᠯᠲᠠᠨ ᠮᠧᠳᠠᠯ᠎ᠢ ᠭᠠᠷᠳᠠᠭᠰᠠᠨ ᠪᠠᠢᠨ᠎ᠠ᠃ ᠣᠳᠣᠬᠠᠨ᠎ᠳᠤ ᠡᠨᠡ ᠬᠦ᠌ ᠮᠡᠷᠭᠡᠵᠢᠯ ᠢ᠋ ᠨᠢᠭᠡᠨᠲᠡ ᠲᠠᠩᠺ᠎ᠤᠨ ᠭᠢᠨᠵᠢ᠎ᠶᠢᠨ ᠬᠠᠪᠲᠠᠰᠤ᠂ ᠬᠡᠮᠬᠡᠯᠦᠭᠦᠷ ᠮᠠᠰᠢᠨ᠎ᠤ ᠠᠯᠤᠬ᠎ᠠ ᠵᠡᠷᠭᠡ ᠵᠢᠷᠭᠤᠭᠠᠨ ᠲᠥᠷᠥᠯ᠎ᠦᠨ ᠦᠢᠯᠡᠳᠬᠦᠨ᠎ᠢ ᠦᠢᠯᠡᠳᠪᠦᠷᠢᠯᠡᠬᠦ ᠳ᠋ᠤ ᠬᠡᠷᠡᠭᠯᠡᠵᠦ᠂ ᠰᠢᠨᠵᠢᠶᠠᠩ᠂ ᠾᠧᠨᠠᠨ ᠵᠡᠷᠭᠡ ᠣᠯᠠᠨ ᠮᠤᠵᠢ ᠣᠷᠣᠨ᠎ᠳᠤ ᠬᠡᠪᠴᠢᠶᠡᠵᠢᠭᠦᠯᠦᠨ ᠪᠣᠳᠠᠲᠠᠢᠵᠢᠭᠤᠯᠤᠨ ᠬᠡᠷᠡᠭᠯᠡᠬᠦ᠎ᠶᠢ ᠪᠡᠶᠡᠯᠡᠭᠦᠯᠵᠡᠢ᠃
《ᠬᠣᠪᠣᠷ ᠰᠢᠷᠣᠢ᠎ᠶᠢᠨ ᠡᠯᠧᠮᠧᠨ᠋ᠲᠢ᠋ ᠠᠰᠢᠭᠯᠠᠵᠤ ᠦᠢᠯᠡᠳᠦᠭᠰᠡᠨ ᠴᠥᠮ᠎ᠡ᠎ᠶᠢᠨ ᠪᠦᠲᠦᠴᠡ ᠲᠠᠢ ᠦᠢᠯᠡᠳᠬᠦᠨ ᠤ᠋ ᠮᠠᠲᠧᠷᠢᠶᠠᠯ ᠨᠢ ᠠᠮᠠᠷᠬᠠᠨ ᠬᠠᠭᠠᠷᠠᠬᠤ ᠦᠭᠡᠢ ᠮᠦᠷᠳᠡᠬᠡᠨ ᠡᠯᠡᠭᠳᠡᠵᠦ ᠪᠠᠷᠠᠭᠳᠠᠬᠤ ᠳ᠋ᠤ ᠳᠠᠭᠠᠭᠠᠮᠠᠭᠠᠢ ᠴᠢᠨᠠᠷ ᠨᠢ 2.2 ᠳᠠᠬᠢᠨ ᠨᠡᠮᠡᠭᠳᠡᠵᠦ᠂ ᠬᠢᠲᠤᠭᠠᠨ ᠤ᠋ ᠴᠠᠭᠠᠷᠢᠭ᠋᠎ᠤᠨ ᠲᠤᠷᠰᠢᠨ ᠬᠡᠷᠡᠭᠯᠡᠬᠦ ᠴᠠᠭ ᠢ᠋ 3 ᠳᠠᠬᠢᠨ ᠠ᠋ᠴᠠ ᠳᠡᠭᠡᠭᠰᠢ ᠳᠠᠪᠠᠭᠤᠯᠵᠤ᠂ ᠭᠠᠳᠠᠭᠠᠳᠤ᠎ᠶᠢᠨ ᠮᠡᠷᠭᠡᠵᠢᠯ᠎ᠦᠨ ᠪᠣᠭᠣᠮᠢ᠎ᠶᠢ ᠡᠪᠳᠡᠵᠦ᠂ ᠥᠪᠡᠷ᠎ᠦᠨ ᠥᠷᠲᠡᠭ ᠨᠢ ᠤᠤᠯ᠎ᠤᠨ᠎ᠢᠶᠡᠨ ᠳᠥᠷᠪᠡᠨ᠎ᠦ ᠨᠢᠭᠡ ᠬᠤᠪᠢ ᠪᠡᠷ ᠪᠠᠭᠤᠷᠠᠭᠰᠠᠨ ᠪᠠᠢᠨ᠎ᠠ》ᠬᠡᠵᠦ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠶᠡᠬᠡ ᠰᠤᠷᠭᠠᠭᠤᠯᠢ᠎ᠶᠢᠨ ᠬᠣᠪᠣᠷ ᠰᠢᠷᠣᠢ᠎ᠶᠢᠨ ᠠᠵᠤ ᠦᠢᠯᠡᠰ᠎ᠦᠨ ᠳᠡᠭᠡᠳᠦ ᠰᠤᠷᠭᠠᠭᠤᠯᠢ᠎ᠶᠢᠨ ᠰᠣᠷᠣᠭ᠍ᠴᠢ ᠵᠠᠩ ᠴᠢᠶᠠᠨ ᠴᠢᠶᠠᠨ ᠳᠠᠨᠢᠯᠴᠠᠭᠤᠯᠵᠤ ᠪᠠᠢᠯ᠎ᠠ᠃
ᠲᠤᠷᠰᠢᠯᠲᠠ᠎ᠶᠢᠨ ᠲᠠᠰᠤᠭ᠎ᠡᠴᠡ ᠦᠢᠯᠡᠳᠪᠦᠷᠢᠯᠡᠯ᠎ᠦᠨ ᠱᠤᠭᠤᠮ ᠬᠦᠷᠲᠡᠯ᠎ᠡ᠂ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠶᠡᠬᠡ ᠰᠤᠷᠭᠠᠭᠤᠯᠢ ᠦᠷᠭᠦᠯᠵᠢᠯᠡᠨ ᠰᠢᠨᠵᠢᠯᠡᠭᠡᠨ᠎ᠦ ᠰᠠᠯᠠᠭ᠎ᠠ᠎ᠶᠢᠨ ᠪᠡᠬᠢᠯᠡᠯᠲᠡ᠎ᠶᠢ ᠡᠪᠳᠡᠵᠦ᠂ ᠰᠢᠨᠵᠢᠯᠡᠬᠦ ᠤᠬᠠᠭᠠᠨ ᠤ᠋ ᠮᠡᠷᠭᠡᠵᠢᠯ᠎ᠦᠨ ᠰᠢᠨ᠎ᠡ᠎ᠶᠢ ᠡᠭᠦᠳᠬᠦ ᠦᠢᠯᠡᠰ᠎ᠢ᠋《ᠴᠠᠭᠠᠰᠤᠨ ᠳᠡᠭᠡᠷ᠎ᠡ》᠎ᠡᠴᠡ《ᠪᠤᠳᠠᠳᠠᠢ》᠎ᠳ᠋ᠤ ᠨᠠᠢᠳᠠᠪᠤᠷᠢᠵᠢᠭᠤᠯᠬᠤ ᠬᠦᠷᠳᠡᠯᠡᠬᠢ ᠬᠠᠮᠤᠭ ᠰᠡᠭᠦᠯᠴᠢ᠎ᠶᠢᠨ ᠨᠢᠭᠡ ᠺᠢᠯᠤᠮᠧᠲᠷ᠎ᠢ ᠨᠡᠪᠲᠡᠷᠡᠭᠦᠯᠵᠡᠢ᠃ ᠰᠤᠷᠭᠠᠭᠤᠯᠢ ᠨᠢ ᠤᠷᠢᠳ ᠬᠣᠵᠢᠳ《ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠭᠠᠯ ᠪᠠᠮᠪᠠᠷ ᠨᠢᠯᠬ᠎ᠠ ᠴᠢᠬᠢ᠎ᠶᠢᠨ ᠲᠥᠯᠥᠪᠯᠡᠭᠡ 》 ᠶ᠋ᠢ ᠬᠡᠷᠡᠭᠵᠢᠭᠦᠯᠵᠦ᠂ ᠰᠢᠨ᠎ᠡ᠎ᠶᠢ ᠡᠭᠦᠳᠴᠦ ᠦᠢᠯᠡᠰ ᠪᠤᠰᠬᠠᠬᠤ ᠳᠡᠭᠡᠳᠦ ᠰᠤᠷᠭᠠᠭᠤᠯᠢ ᠪᠠᠢᠭᠤᠯᠵᠤ᠂ ᠠᠵᠢᠯ ᠲᠥᠷᠥᠯ᠎ᠦᠨ ᠠᠵᠤ ᠠᠬᠤᠢᠯᠠᠯ᠎ᠲᠠᠢ ᠬᠣᠯᠪᠤᠭᠠᠯᠠᠨ ᠰᠢᠨ᠎ᠡ᠎ᠶᠢ ᠡᠭᠦᠳᠬᠦ ᠬᠠᠮᠵᠢᠯᠴᠠᠭᠠᠨ᠎ᠤ ᠲᠠᠪᠴᠠᠩ᠎ᠢ ᠪᠠᠢᠭᠤᠯᠵᠤ᠂ 2025 ᠣᠨ᠎ᠳᠤ᠂ ᠰᠤᠷᠭᠠᠭᠤᠯᠢ᠎ᠶᠢᠨ ᠲᠠᠰ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠷᠥᠯ ᠵᠦᠢᠯ᠎ᠢ 312 ᠵᠦᠪᠰᠢᠶᠡᠷᠡᠵᠦ᠂ ᠪᠥᠬᠥ ᠵᠢᠯ᠎ᠳᠦ ᠤᠯᠤᠰ᠎ᠤᠨ ᠲᠠᠰ᠎ᠤᠨ ᠣᠶᠤᠲᠠᠳ᠎ᠤᠨ ᠰᠢᠨ᠎ᠡ᠎ᠶᠢ ᠡᠭᠦᠳᠴᠦ ᠦᠢᠯᠡᠰ ᠪᠤᠰᠬᠠᠬᠤ ᠪᠣᠯᠪᠠᠰᠤᠷᠠᠯ᠎ᠤᠨ ᠲᠥᠯᠥᠪᠯᠡᠭᠡ᠎ᠶᠢᠨ ᠲᠥᠷᠥᠯ ᠵᠦᠢᠯ ᠢ 15 ᠵᠦᠪᠰᠢᠶᠡᠷᠡᠬᠦᠯᠵᠦ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠥᠷᠥᠯ ᠵᠦᠢᠯ ᠢ 45 ᠵᠥᠪᠰᠢᠶᠡᠷᠡᠬᠦᠯᠦᠨ᠂ ᠤᠯᠠᠮ᠎ᠠᠴᠠ ᠤᠯᠠᠮ ᠣᠯᠠᠨ ᠰᠣᠷᠣᠭ᠍ᠴᠢ ᠰᠤᠳᠤᠯᠭᠠᠨ᠎ᠤ ᠰᠡᠳᠦᠪ ᠠᠪᠴᠤ ᠠᠵᠤ ᠠᠬᠤᠢᠯᠠᠯ᠎ᠤᠨ ᠦᠢᠯᠡᠳᠪᠦᠷᠢ᠎ᠶᠢᠨ ᠲᠠᠰᠤᠭ᠎ᠲᠤ ᠤᠴᠢᠪᠠ᠃ ᠮᠠᠲᠧᠷᠢᠶᠠᠯ᠎ᠤᠨ ᠰᠢᠨᠵᠢᠯᠡᠬᠦ ᠤᠬᠠᠭᠠᠨ ᠬᠢᠭᠡᠳ ᠢᠨᠵᠧᠨᠧᠷᠢᠩ᠎ᠦᠨ ᠳᠡᠭᠡᠳᠦ ᠰᠤᠷᠭᠠᠭᠤᠯᠢ᠎ᠶᠢᠨ ᠳ᠋ᠣᠺᠲ᠋ᠣᠷᠠᠨᠲ ᠹᠠᠨ ᠸᠸᠨ ᠪᠥᠸᠧ᠎ᠶᠢᠨ ᠣᠷᠣᠯᠴᠠᠭᠰᠠᠨ《ᠬᠣᠪᠣᠷ ᠰᠢᠷᠣᠢ᠎ᠪᠡᠷ ᠳᠤᠬᠢᠷᠠᠭᠤᠯᠤᠨ ᠡᠵᠡᠮᠳᠡᠭᠰᠡᠨ ᠥᠪᠡᠷ᠎ᠦᠨ ᠥᠷᠲᠡᠭᠳᠣᠣᠷᠠ ᠤᠶᠠᠨᠯᠢᠭ ᠪᠣᠯᠣᠳ》᠎ᠤ᠋ᠨ ᠲᠥᠷᠥᠯ ᠵᠦᠢᠯ᠎ᠢ ᠣᠲᠣ᠌ ᠨᠢᠭᠡᠨᠲᠡ ᠭᠤᠸᠠᠩᠳ᠋ᠦᠢ᠍ᠩᠦᠨ ᠨᠢᠭᠡᠨ ᠠᠵᠤ ᠠᠬᠤᠢᠯᠠᠯ᠎ᠳᠤ ᠦᠢᠯᠡᠳᠪᠦᠷᠢᠯᠡᠨ ᠬᠡᠷᠡᠭᠯᠡᠵᠦ ᠪᠠᠢᠭ᠎ᠠ ᠶᠤᠮ᠃《ᠡᠨᠡ ᠬᠦ᠌ ᠲᠦᠷᠦᠯ ᠵᠦᠢᠯ ᠨᠢ ᠲᠣᠨ ᠪᠦᠷᠢ᠎ᠶᠢᠨ ᠪᠣᠯᠣᠳ᠎ᠤᠨ ᠥᠪᠡᠷ᠎ᠦᠨ ᠥᠷᠲᠡᠭ ᠢ᠋ ᠥᠩᠭᠡᠷᠡᠭᠰᠡᠨ᠎ᠦ ᠬᠢ᠎ᠡᠴᠡ ᠪᠠᠷᠤᠭ 500 ᠲᠥᠭᠥᠷᠢᠭ ᠪᠠᠭᠤᠷᠠᠭᠤᠯᠵᠤ᠂ 2 ᠳ᠋ᠦᠩᠰᠢᠭᠤᠷ ᠭᠠᠷᠤᠢ ᠲᠥᠭᠥᠷᠢᠭ᠎ᠦᠨ ᠠᠵᠤ ᠠᠬᠤᠢ᠎ᠶᠢᠨ ᠦᠷ᠎ᠡ ᠠᠰᠢᠭ᠋ ᠢ ᠠᠪᠴᠢᠷᠠᠭᠰᠠᠨ ᠪᠠᠢᠨ᠎ᠠ 》 ᠬᠡᠵᠦ ᠳ᠋ᠣᠺᠲ᠋ᠣᠷᠠᠨᠲ ᠹᠠᠨ ᠸᠸᠨ ᠪᠥᠸᠧ ᠶᠠᠷᠢᠨ᠎ᠠ᠃
ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ ᠡᠭᠦᠳᠦᠯᠲᠡ᠎ᠶᠢᠨ ᠠᠯᠢ ᠤᠯᠠᠨ ᠦᠷ᠎ᠡ ᠪᠦᠲᠦᠭᠡᠯ᠎ᠨᠢ ᠤᠮᠠᠷᠠᠲᠤ ᠬᠢᠯᠢ᠎ᠳᠦ ᠬᠡᠳᠦᠨ ᠠᠷᠪᠠᠨ ᠵᠢᠯ ᠵᠢᠡᠷ ᠦᠨᠳᠦᠰᠦᠯᠡᠭᠰᠡᠨ ᠨᠢ ᠬᠣᠪᠣᠷ ᠰᠢᠷᠣᠢ᠎ᠶᠢᠨ ᠬᠦᠷᠢᠶᠡᠨ ᠳ᠋ᠤ ᠬᠦᠨᠵᠡᠬᠡᠢ ᠰᠤᠳᠤᠯᠤᠯᠳᠠ ᠬᠢᠭᠰᠡᠨ ᠪᠠᠭ᠍ᠰᠢ᠎ᠶᠢᠨ ᠡᠩᠨᠡᠭᠡ ᠵᠢᠨ ᠤᠶᠤᠨ ᠤᠬᠠᠭᠠᠨ ᠬᠦᠴᠦ ᠬᠦᠳᠡᠯᠮᠦᠷᠢ ᠡᠴᠡ ᠰᠠᠯᠵᠤ ᠴᠢᠳᠠᠬᠤ ᠦᠬᠡᠢ᠃ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠶᠡᠬᠡ ᠰᠤᠷᠭᠠᠭᠤᠯᠢ᠎ᠶᠢᠨ ᠬᠣᠪᠣᠷ ᠰᠢᠷᠣᠢ ᠲᠡᠮᠦᠷᠯᠢᠭ ᠪᠣᠯᠪᠠᠰᠤᠷᠠᠭᠤᠯᠬᠤ ᠪᠠ ᠰᠢᠨ᠎ᠡ ᠮᠠᠲᠧᠷᠢᠶᠠᠯ᠎ᠤᠨ ᠪᠠᠭ᠍ᠰᠢ᠎ᠶᠢᠨ ᠪᠦᠯᠬᠦᠮ᠎ᠨᠢ 2025 ᠤᠨ ᠳ᠋ᠤ ᠤᠯᠤᠰ᠎ᠤᠨ ᠲᠦᠷᠪᠡᠳᠦᠬᠡᠷ ᠪᠦᠯᠦᠭ᠎ᠤᠨ 《ᠪᠥᠬᠥ ᠤᠯᠤᠰ᠎ᠤᠨ ᠶᠡᠬᠡ ᠳᠡᠭᠡᠳᠦ ᠰᠤᠷᠭᠠᠭᠤᠯᠢ᠎ᠶᠢᠨ ᠬᠤᠸᠠᠩ ᠳᠠ ᠨᠢᠶᠠᠨ ᠮᠠᠶᠢᠭ᠋᠎ᠤᠨ ᠪᠠᠭ᠍ᠰᠢ᠎ᠶᠢᠨ ᠪᠦᠯᠬᠦᠮ》᠎ᠳ᠋ᠤ ᠠᠮᠵᠢᠯᠲᠠ᠎ᠲᠠᠢ ᠰᠣᠩᠭᠣᠭᠳᠠᠵᠠᠢ᠃ ᠪᠦᠯᠬᠦᠮ᠎ᠤᠨ ᠬᠠᠷᠢᠭᠤᠴᠠᠯᠭᠠᠲᠠᠨ ᠵᠤᠤ ᠯᠢ ᠫᠢᠩ ᠫᠷᠤᠹᠧᠰᠰᠤᠷ 49 ᠬᠥᠮᠥᠨ᠎ᠦ ᠪᠦᠯᠬᠦᠮ ᠢ ᠳᠠᠭᠠᠭᠤᠯᠤᠨ ᠤᠯᠤᠰ᠎ᠤᠨ ᠭᠣᠣᠯᠳᠠᠯᠭ᠎ᠠ᠎ᠲᠠᠢ ᠬᠣᠪᠣᠷ ᠰᠢᠷᠣᠢ᠎ᠶᠢᠨ ᠬᠡᠷᠡᠭᠯᠡᠭᠡᠨ᠎ᠦ ᠰᠤᠳᠤᠯᠭᠠᠨ᠎ᠤ ᠲᠦᠷᠦᠯ ᠵᠦᠢᠯ᠎ᠦᠨ ᠪᠣᠭᠣᠮᠲᠠ ᠰᠢᠪᠲᠤᠯᠤᠯᠳᠠ ᠭᠠᠷᠭᠠᠬᠤ ᠪᠡᠷ ᠪᠦᠬᠦ ᠬᠦᠴᠦᠨ᠎ᠢᠶᠡᠷ᠎ᠢᠶᠡᠨ ᠬᠦᠴᠦᠯᠡᠨ ᠴᠢᠷᠮᠠᠢᠵᠠᠭᠠᠨ᠎ᠠ᠃ ᠳᠡᠳᠡ ᠪᠤᠭᠤᠳᠤ ᠵᠢᠨ ᠪᠠᠶᠠᠠᠠᠤᠪᠤᠭ᠎ᠠ ᠵᠢᠨ ᠬᠤᠪᠤᠷ ᠰᠢᠷᠤᠢ ᠵᠢᠨ ᠡᠬᠢ ᠪᠠᠶᠠᠯᠢᠭ ᠢ᠋ ᠪᠤᠬᠢᠷᠳᠤᠯ ᠦᠬᠡᠢ ᠰᠢᠯᠢᠨ ᠰᠤᠩᠭᠤᠬᠤ᠂ ᠬᠤᠪᠤᠷ ᠰᠢᠷᠤᠢ ᠵᠢ ᠦᠨᠳᠦᠷ ᠪᠦᠳᠦᠮᠵᠢ ᠳᠠᠢ ᠰᠢᠯᠢᠨ ᠰᠤᠩᠭᠤᠬᠤ ᠮᠡᠷᠬᠡᠵᠢᠯ᠂ ᠬᠤᠪᠤᠷ ᠰᠢᠷᠤᠢ᠎ᠳᠤ ᠪᠤᠯᠤᠳ᠂ ᠬᠤᠪᠤᠷ ᠰᠢᠷᠤᠢ᠎ᠳᠤ ᠱᠠᠭᠠᠵᠠᠩ᠂ ᠤᠰᠤᠳᠦ᠋ᠷᠦᠭᠴᠢ ᠬᠠᠳᠠᠭᠠᠯᠠᠬᠤ ᠰᠢᠨ᠎ᠡ ᠮᠠᠲᠧᠷᠢᠶᠠᠯᠵᠡᠷᠬᠡ ᠳᠠᠯ᠎ᠠ ᠪᠡᠷ ᠭᠤᠤᠯᠳᠠᠯᠭ᠎ᠠ ᠳᠠᠢ ᠰᠤᠳᠤᠯᠭᠠᠨ ᠦᠷᠨᠢᠬᠦᠯᠵᠦ᠂ ᠤᠯᠤᠰ᠎ᠤᠨ ᠭᠣᠣᠯᠳᠠᠯᠭ᠎ᠠ᠎ᠲᠠᠢ ᠰᠤᠳᠤᠯᠤᠨ ᠨᠡᠭᠡᠭᠡᠬᠦ ᠲᠥᠯᠥᠪᠯᠡᠭᠡ ᠵᠡᠷᠭᠡ ᠡᠯ᠎ᠡ ᠲᠦᠷᠦᠯ᠎ᠦᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠲᠦᠷᠦᠯ ᠵᠦᠢᠯ᠎ᠢ ᠤᠷᠢᠳ ᠬᠣᠵᠢᠳ 142 ᠲᠠᠭᠠᠭᠠᠴᠢᠯᠠᠵᠤ᠂ 32 ᠲᠦᠷᠦᠯᠵᠦᠢᠯᠦᠨ ᠦᠷ᠎ᠡ ᠪᠦᠲᠦᠭᠡᠯ᠎ᠢ ᠣᠨᠳᠣᠣᠰᠢᠭᠤᠯᠬᠤ᠎ᠶᠢ ᠪᠡᠶᠡᠯᠡᠭᠦᠯᠵᠦ᠂ ᠬᠣᠯᠪᠣᠭᠳᠠᠯ ᠪᠦᠬᠦᠢ ᠣᠨᠳᠣᠣᠰᠢᠭᠤᠯᠤᠭᠰᠠᠨ ᠦᠷ᠎ᠡ ᠪᠦᠲᠦᠭᠡᠯ ᠨᠢ ᠨᠡᠢ᠍ᠢᠲᠡ 20 ᠳ᠋ᠦᠩᠰᠢᠭᠤᠷ ᠲᠥᠭᠥᠷᠢᠭ᠎ᠦᠨ ᠦᠢᠯᠡᠳᠬᠦᠨ᠎ᠦ ᠦᠷᠳᠡᠭ᠎ᠢ ᠡᠭᠦᠳᠴᠡᠢ᠃ ᠪᠦᠯᠬᠦᠮ ᠨᠢ ᠪᠠᠰᠠ ᠮᠠᠨ᠎ᠤ ᠤᠯᠤᠰ ᠳᠡᠬᠢ ᠨᠡᠯᠢᠶᠡᠳ ᠪᠦᠷᠢᠨ ᠪᠦᠳᠦᠨ ᠬᠤᠪᠤᠷ ᠰᠢᠷᠤᠢ ᠵᠢᠨ ᠬᠦᠷᠢᠶᠡᠨ ᠳ᠋ᠡᠬᠢ ᠵᠢᠩᠬᠢᠨᠢ ᠠᠩᠬᠢ᠂ ᠠᠰᠫᠢᠷᠠᠨᠲ᠂ ᠳ᠋ᠤᠺᠲ᠋ᠤᠷᠠᠠᠲ᠎ᠤᠨ ᠪᠦᠬᠦ ᠬᠡᠯᠬᠢᠶᠡᠨ᠎ᠤ ᠴᠢᠳᠠᠪᠤᠷᠢᠳᠠᠨ ᠬᠦᠮᠦᠵᠢᠬᠦᠯᠬᠦ ᠰᠢᠰᠲᠧᠮ᠎ᠢ ᠪᠠᠢᠭᠤᠯᠵᠤ᠂ ᠪᠦᠯᠬᠦᠮ ᠨᠡᠶ᠋ᠢᠲᠡ᠎ᠶᠢᠨ ᠬᠥᠮᠥᠵᠢᠭᠦᠯᠦᠭᠰᠡᠨ ᠲᠡᠭᠦᠰᠦᠭᠰᠡᠨ ᠰᠤᠷᠤᠭ᠍ᠴᠢᠳ᠎ᠤᠨ 80% ᠨᠢ ᠡᠬᠡ ᠤᠯᠤᠰ᠎ᠤᠨ ᠤᠮᠠᠷᠠᠲᠤ ᠬᠢᠯᠢ᠎ᠳᠦ ᠦᠯᠡᠳᠡᠵᠦ᠂ ᠬᠣᠪᠣᠷ ᠰᠢᠷᠣᠢ᠂ ᠲᠡᠮᠦᠷᠯᠢᠭ ᠪᠣᠯᠪᠠᠰᠤᠷᠠᠭᠤᠯᠬᠤ ᠬᠠᠮᠢᠶ᠎ᠠ ᠪᠦᠬᠦᠢ ᠠᠵᠢᠯ ᠲᠦᠷᠦᠯ᠎ᠦᠨ ᠨᠢᠭᠡᠳᠦᠭᠡᠷ ᠹᠷᠣᠨᠲ᠎ᠲᠤ ᠭᠠᠪᠰᠢᠭᠠᠢᠯᠠᠵᠤ ᠪᠠᠢᠳᠠᠭ᠃ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠶᠡᠬᠡ ᠰᠤᠷᠭᠠᠭᠤᠯᠢ᠎ᠶᠢᠨ ᠬᠣᠪᠣᠷ ᠰᠢᠷᠣᠢ ᠲᠡᠮᠦᠷᠯᠢᠭ ᠪᠣᠯᠪᠠᠰᠤᠷᠠᠭᠤᠯᠬᠤ ᠪᠠ ᠰᠢᠨ᠎ᠡ ᠮᠠᠲᠧᠷᠢᠶᠠᠯ᠎ᠤᠨ ᠪᠠᠭ᠍ᠰᠢ᠎ᠶᠢᠨ ᠪᠦᠯᠬᠦᠮ᠎ᠦᠨ ᠬᠠᠷᠢᠭᠤᠴᠠᠯᠭᠠᠲᠠᠨ ᠵᠤᠤ ᠯᠢ ᠫᠢᠩ᠄ 《ᠤᠯᠤᠰ᠎ᠤᠨ ᠬᠡᠷᠡᠭᠴᠡᠭᠡᠱᠠᠭᠠᠷᠳᠠᠯᠭᠠ ᠳ᠋ᠤ ᠬᠠᠨᠳᠤᠵᠤ ᠬᠠᠷᠠᠯᠳᠠ ᠪᠠᠨ ᠲᠣᠭᠲᠠᠭᠠᠵᠤ᠂ ᠠᠵᠤ ᠦᠢᠯᠡᠰ᠎ᠦᠨ ᠬᠤᠪᠢᠰᠤᠯᠲᠠ᠎ᠳᠤ ᠱᠠᠭᠠᠷᠳᠠᠭᠳᠠᠬᠤ ᠴᠢᠳᠠᠪᠤᠷᠢᠲᠠᠨ᠎ᠤ ᠲᠣᠭᠣᠷᠢᠨ᠎ᠳᠤ ᠵᠢᠭᠠᠨ ᠰᠤᠷᠭᠠᠯᠲᠠᠪᠠ ᠰᠢᠨᠵᠢᠯᠡᠬᠦ ᠤᠬᠠᠭᠠᠨ᠎ᠤ ᠰᠤᠳᠤᠯᠭᠠᠨ᠎ᠢᠶᠡᠨ ᠦᠷᠬᠦᠯᠵᠢᠯᠡᠨ ᠭᠦᠨᠵᠡᠭᠡᠢᠷᠡᠭᠦᠯᠦᠨ᠎ᠡ》 ᠬᠡᠵᠦ ᠶᠠᠷᠢᠵᠤ ᠪᠠᠢᠯ᠎ᠠ᠃
ᠥᠪᠡᠷᠲᠡᠭᠡᠨ ᠵᠠᠰᠠᠬᠤ ᠣᠷᠣᠨ᠂ ᠪᠤᠭᠤᠲᠤ ᠬᠣᠲᠠ᠎ᠶᠢᠨ ᠭᠣᠣᠯᠯᠠᠬᠤ ᠠᠵᠤ ᠦᠢᠯᠡᠰ᠎ᠲᠠᠢ ᠳᠡᠭᠡᠳᠦ ᠬᠡᠮᠵᠢᠶ᠎ᠡ᠎ᠪᠡᠷ ᠵᠤᠯᠭᠠᠯᠴᠠᠭᠰᠠᠨ ᠶᠡᠬᠡ ᠳᠡᠭᠡᠳᠦ ᠰᠤᠷᠭᠠᠭᠤᠯᠢ ᠪᠣᠯᠤᠭᠰᠠᠨ᠎ᠤ ᠬᠤᠪᠢ᠎ᠳᠤ᠂ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠶᠡᠬᠡ ᠰᠤᠷᠭᠠᠭᠤᠯᠢ ᠨᠢ ᠣᠯᠠᠨ ᠵᠢᠯ᠎ᠦᠨ ᠲᠤᠷᠰᠢ《ᠪᠣᠯᠣᠳ ᠲᠡᠮᠦᠷ᠎ᠤ᠋ᠨ ᠦᠢᠯᠡᠰ ᠲᠤ᠌ ᠦᠨᠳᠦᠰᠦᠯᠡᠨ ᠬᠦᠭᠵᠢᠬᠦ᠂ ᠬᠣᠪᠣᠷ ᠰᠢᠷᠤᠢ ᠵᠢᠨ ᠦᠢᠯᠡᠰ ᠲᠤ᠌ ᠦᠨᠳᠦᠰᠦᠯᠡᠨ ᠮᠠᠨᠳᠤᠬᠤ》 ᠬᠥᠭᠵᠢᠯᠲᠡ᠎ᠶᠢᠨ ᠵᠠᠮ᠎ᠢ ᠢᠮᠠᠭᠲᠠ ᠪᠠᠷᠢᠮᠲᠠᠯᠠᠭᠰᠠᠭᠠᠷ ᠢᠷᠡᠭᠰᠡᠨ ᠶᠤᠮ᠃ ᠣᠢᠷ᠎ᠠ᠎ᠶᠢᠨ ᠵᠢᠯ᠎ᠡᠴᠡ᠂ ᠰᠤᠷᠭᠠᠭᠤᠯᠢ᠎ᠶᠢᠨ ᠬᠢᠨ《ᠬᠣᠪᠣᠷ ᠰᠢᠷᠣᠢ ᠶᠢᠨ ᠬᠣᠶᠠᠷ ᠰᠠᠭᠤᠷᠢᠨ》᠎ᠤ᠋ ᠪᠦᠲᠦᠭᠡᠨ ᠪᠠᠢᠭᠤᠯᠤᠯᠲᠠ᠎ᠳᠤ ᠦᠢᠯᠡᠴᠢᠯᠡᠬᠦ᠎ᠪᠡᠷ ᠭᠣᠣᠯᠳᠠᠭᠤᠯᠵᠤ᠂ ᠬᠣᠪᠣᠷ ᠰᠢᠷᠣᠢ᠎ᠶᠢᠨ ᠠᠵᠤ ᠦᠢᠯᠡᠰ᠎ᠦᠨ ᠦᠢᠯᠡᠳᠪᠦᠷᠢᠯᠡᠯ ᠵᠢᠭᠠᠨ ᠰᠤᠷᠭᠠᠯᠳᠠ ᠵᠢᠨ ᠬᠣᠯᠪᠣᠭᠠᠲᠤ ᠴᠣᠭᠴᠠ᠎ᠶᠢ ᠲᠦᠷᠦᠭᠦᠯᠡᠨ ᠪᠠᠢᠭᠤᠯᠵᠤ᠂ ᠤᠷᠢᠳ ᠬᠣᠵᠢᠳ ᠴᠠᠬᠢᠭᠤᠷ᠎ᠤᠨ ᠦᠢᠯᠡᠰ᠎ᠦᠨ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠪ᠂ ᠰᠢᠨ᠎ᠡ ᠬᠡᠯᠪᠡᠷᠢ᠎ᠶᠢᠨ ᠡᠨᠧᠷᠭᠢ ᠬᠠᠳᠠᠭᠠᠯᠠᠬᠤ ᠰᠤᠳᠤᠯᠭᠠᠨ ᠤ ᠲᠥᠪ ᠢ ᠪᠠᠢᠭᠤᠯᠵᠤ᠂《ᠬᠣᠪᠣᠷ ᠰᠢᠷᠣᠢ + ᠲᠡᠮᠦᠷᠯᠢᠭ ᠪᠣᠯᠪᠠᠰᠤᠷᠠᠭᠤᠯᠬᠤ》ᠣᠨᠴᠠᠯᠢᠭ᠍ᠲᠤ ᠰᠢᠨᠵᠢᠯᠡᠭᠡᠨ᠎ᠦ ᠲᠦᠷᠦᠯ᠎ᠢ ᠪᠦᠬᠦ ᠬᠦᠴᠦᠨ᠎ᠢᠶᠡᠷ᠎ᠢᠶᠡᠨ ᠡᠭᠦᠳᠴᠦ᠂ ᠪᠦᠬᠦ ᠤᠯᠤᠰ᠎ᠤᠨ ᠡᠯ᠎ᠡ ᠭᠠᠵᠠᠷ᠎ᠠᠴᠠ ᠢᠷᠡᠭᠰᠡᠨ ᠰᠢᠯᠢᠳᠡᠭ ᠵᠠᠯᠠᠭᠤ ᠴᠢᠳᠠᠪᠤᠷᠢᠲᠠᠨ ᠢ᠋ ᠤᠮᠠᠷᠠᠲᠤ ᠬᠢᠯᠢ᠎ᠳᠦ ᠦᠨᠳᠦᠰᠦᠯᠡᠬᠦᠯᠪᠡ᠃ ᠪᠡᠭᠡᠵᠢᠩ᠎ᠦᠨ ᠪᠠᠢᠭᠠᠯᠢ ᠲᠧᠭᠨᠢᠭ᠎ᠦᠨ ᠤᠬᠠᠭᠠᠨ᠎ᠤ ᠶᠡᠬᠡ ᠰᠤᠷᠭᠠᠭᠤᠯᠢ᠎ᠶᠢᠨ ᠳ᠋ᠣᠺᠲ᠋ᠣᠷ ᠬᠤ᠌ ᡁᠢ ᠢᠦᠢ᠂ ᠪᠡᠭᠡᠵᠢᠩ᠎ᠦᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠶᠡᠬᠡ ᠰᠤᠷᠭᠠᠭᠤᠯᠢ᠎ᠶᠢᠨ ᠳ᠋ᠣᠺᠲ᠋ᠣᠷ ᠷᠧᠨ ᠯᠧᠢ ᠤᠷᠢᠳ ᠬᠣᠵᠢᠳ ᠳᠤᠰ ᠰᠤᠷᠭᠠᠭᠤᠯᠢ᠎ᠳᠤ ᠢᠷᠡᠵᠦ ᠪᠠᠭᠰᠢᠯᠠᠵᠤ᠂ ᠰᠢᠨᠵᠢᠯᠡᠬᠦ ᠤᠬᠠᠭᠠᠨ᠎ᠤ ᠰᠤᠳᠤᠯᠭᠠᠨ ᠪᠠ ᠵᠢᠭᠠᠨ ᠰᠤᠷᠭᠠᠯᠲᠠ᠎ᠶᠢᠨ ᠠᠵᠢᠯ᠎ᠤᠨ ᠪᠠᠢᠷᠢ ᠳᠡᠭᠡᠷ᠎ᠡ ᠬᠦᠨᠳᠦ ᠡᠭᠦᠷᠭᠡ ᠵᠢ ᠭᠦᠢᠴᠡᠳᠭᠡᠵᠦ ᠪᠠᠢᠭ᠎ᠠ ᠶᠤᠮ᠃ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠶᠡᠬᠡ ᠰᠤᠷᠭᠠᠭᠤᠯᠢ᠎ᠶᠢᠨ ᠬᠣᠪᠣᠷ ᠰᠢᠷᠣᠢ᠎ᠶᠢᠨ ᠠᠵᠤ ᠦᠢᠯᠡᠰ᠎ᠦᠨ ᠳᠡᠭᠡᠳᠦ ᠰᠤᠷᠭᠠᠭᠤᠯᠢ᠎ᠶᠢᠨ ᠵᠠᠬᠢᠷᠤᠯ ᠫᠧᠩ ᠵᠢᠶᠦ᠋ᠨ᠄ 《ᠬᠣᠢᠰᠢᠳᠠ ᠬᠣᠪᠣᠷ ᠰᠢᠷᠣᠢ᠎ᠶᠢᠨ ᠠᠵᠤ ᠦᠢᠯᠡᠰ᠎ᠦᠨ ᠳᠡᠭᠡᠳᠦ ᠰᠤᠷᠭᠠᠭᠤᠯᠢ ᠴᠢᠳᠠᠪᠤᠷᠢᠲᠠᠨ ᠬᠥᠮᠥᠵᠢᠭᠦᠯᠬᠦᠳ᠋ᠡᠬᠡᠨ ᠬᠣᠪᠣᠷ ᠰᠢᠷᠣᠢ ᠲᠡᠮᠦᠷᠯᠢᠭ ᠪᠣᠯᠪᠠᠰᠤᠷᠠᠭᠤᠯᠬᠤ ᠴᠢᠭᠯᠡᠯ᠎ᠢ ᠬᠤᠪᠢᠷᠠᠭᠤᠯᠬᠤ ᠦᠭᠡᠢ᠂ ᠨᠠᠩ ᠴᠤ᠌ ᠬᠣᠪᠣᠷ ᠰᠢᠷᠣᠢ᠎ᠶᠢᠨ ᠮᠠᠲᠧᠷᠢᠶᠠᠯ᠎ᠤᠨ ᠲᠠᠯ᠎ᠠ᠎ᠶᠢᠨ ᠴᠢᠳᠠᠪᠤᠷᠢᠲᠠᠨ᠎ᠢ ᠬᠥᠮᠥᠵᠢᠭᠦᠯᠬᠦ᠎ᠶᠢ ᠴᠢᠩᠭᠠᠳᠬᠠᠵᠤ᠂ ᠥᠪᠥᠷ ᠮᠣᠩᠭᠣᠯ᠎ᠤᠨ〈ᠬᠣᠪᠣᠷ ᠰᠢᠷᠣᠢ᠎ᠶᠢᠨ ᠬᠣᠶᠠᠷ ᠰᠠᠭᠤᠷᠢᠨ〉 ᠤ᠋ ᠪᠦᠳᠦᠬᠡᠨ ᠪᠠᠢᠭᠤᠯᠤᠯᠳᠠ ᠳ᠋ᠤ ᠬᠦᠴᠦᠨ ᠨᠡᠮᠡᠷᠢᠯᠡᠨ᠎ᠡ》 ᠬᠡᠵᠦ ᠶᠠᠷᠢᠵᠤ ᠪᠠᠢᠯ᠎ᠠ᠃
ᠬᠣᠪᠣᠷ ᠰᠢᠷᠣᠢ᠎ᠶᠢ ᠨᠡᠭᠡᠭᠡᠨ ᠮᠠᠯᠲᠠᠬᠤ᠂ ᠬᠦᠳᠡᠷ ᠰᠢᠯᠢᠬᠦ᠂ ᠲᠡᠮᠦᠷᠯᠢᠭ ᠪᠣᠯᠪᠠᠰᠤᠷᠠᠭᠤᠯᠬᠤ ᠵᠡᠷᠭᠡ ᠵᠠᠩᠭᠢᠯᠠᠭ᠎ᠠ᠎ᠶᠢᠨ ᠭᠣᠣᠯᠯᠠᠬᠤ ᠮᠡᠷᠭᠡᠵᠢᠯ᠎ᠦᠨ ᠲᠣᠭᠣᠷᠢᠨ᠎ᠳᠤ᠂ ᠤᠯᠤᠰ᠎ᠤᠨ ᠪᠠᠢᠯᠳᠤᠬᠤ ᠪᠣᠳᠣᠯᠭ᠎ᠠ᠎ᠳᠤ ᠦᠢᠯᠡᠴᠢᠯᠡᠭᠰᠡᠨ ᠣᠯᠠᠨ ᠵᠦᠢᠯ᠎ᠦᠨ ᠴᠢᠬᠤᠯᠠ ᠶᠡᠬᠡ ᠦᠷ᠎ᠡ ᠪᠦᠲᠦᠭᠡᠯ ᠭᠠᠷᠭᠠᠪᠠ᠃ ᠣᠢᠷ᠎ᠠ᠎ᠶᠢᠨ ᠲᠠᠪᠤᠨ ᠵᠢᠯ᠎ᠳᠦ᠂ ᠰᠤᠷᠭᠠᠭᠤᠯᠢ ᠨᠢ ᠤᠯᠤᠰ᠎ᠤᠨ ᠲᠠᠰ᠎ᠤᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠲᠥᠷᠥᠯ ᠵᠦᠢᠯ᠎ᠢ ᠨᠡᠶ᠋ᠢᠲᠡ 182 ᠵᠥᠪᠰᠢᠶᠡᠷᠡᠬᠦᠯᠵᠦ᠂ ᠮᠤᠵᠢ ᠶᠠᠮᠤᠨ᠎ᠤ ᠲᠠᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠱᠠᠩᠨᠠᠯ᠎ᠢ 64 ᠭᠥᠷᠳᠡᠪᠡ ; 2026 ᠣᠨ᠎ᠤ ᠤᠯᠤᠰ᠎ᠤᠨ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠰᠠᠭᠤᠷᠢ ᠮᠥᠩᠭᠥ᠎ᠶᠢᠨ ᠲᠥᠷᠥᠯ ᠵᠦᠢᠯ᠎ᠦᠨ ᠰᠡᠳᠦᠪ ᠲᠣᠭᠲᠠᠭᠠᠭᠰᠠᠨ ᠲᠣᠭ᠎ᠠ ᠬᠡᠮᠵᠢᠶ᠎ᠡ ᠲᠡᠦᠬᠡᠲᠦ ᠴᠢᠨᠠᠷᠲᠠᠢ ᠰᠢᠪᠲᠤᠯᠤᠯᠲᠠ᠎ᠶᠢ ᠪᠡᠶᠡᠯᠡᠭᠦᠯᠵᠦ᠂ ᠭᠠᠭᠴᠠ ᠲᠥᠷᠥᠯᠵᠦᠢᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠦᠨ ᠤᠨᠳᠤᠤᠰᠢᠭᠤᠯᠤᠯᠳᠠ ᠵᠢᠨ ᠵᠣᠭᠣᠰ᠎ᠤᠨ ᠲᠣᠭ᠎ᠠ 2000 ᠲᠦᠮᠡᠨ ᠲᠥᠭᠥᠷᠢᠭ᠎ᠲᠦ ᠬᠥᠷᠪᠡ᠃ ᠠᠯᠢ ᠤᠯᠠᠨ ᠰᠢᠨ᠎ᠡ ᠰᠢᠪᠲᠤᠯᠤᠯᠲᠠ ᠨᠢ ᠦᠪᠦᠷ ᠮᠤᠩᠭᠤᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ᠎ᠤᠨ ᠶᠡᠬᠡ ᠰᠤᠷᠭᠠᠭᠤᠯᠢ᠎ᠶᠢᠨ 《ᠥᠭᠦᠯᠡᠯ ᠢᠶᠡᠨ ᠡᠬᠡ ᠤᠯᠤᠰ᠎ᠤᠨ ᠡᠬᠡ ᠭᠠᠵᠠᠷ ᠳᠡᠭᠡᠷ᠎ᠡ ᠪᠢᠴᠢᠭᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠵᠢᠡᠨ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠪᠡᠶᠡᠯᠡᠭᠦᠯᠬᠦ ᠠᠭᠤᠤ ᠶᠡᠬᠡ ᠦᠢᠯᠡᠰ᠎ᠲᠦ ᠵᠤᠷᠢᠭᠤᠯᠬᠤ》ᠡᠭᠦᠷᠭᠡ ᠬᠠᠷᠢᠭᠤᠴᠠᠯᠭ᠎ᠠ᠎ᠶᠢ ᠠᠮᠢᠳᠤᠯᠢᠭ᠋᠎ᠢᠶᠠᠷ ᠲᠠᠢᠯᠪᠤᠷᠢᠯᠠᠵᠤ ᠪᠠᠢᠭ᠎ᠠ ᠶᠤᠮ᠃
《ᠬᠣᠪᠣᠷ ᠰᠢᠷᠣᠢ᠎ᠶᠢᠨ ᠡᠬᠢ ᠪᠠᠶᠠᠯᠢᠭ᠋᠎ᠢ ᠠᠭᠤᠳᠠᠯᠵᠤ ᠪᠠᠢᠭᠰᠠᠨ》᠎ᠡᠴᠡ《ᠬᠣᠪᠣᠷ ᠰᠢᠷᠣᠢ᠎ᠶᠢᠨ ᠦᠷᠳᠡᠭ᠎ᠢ ᠭᠦᠢᠴᠡᠳ ᠠᠰᠢᠭᠯᠠᠬᠤ》 ᠬᠦᠷᠲᠡᠯ᠎ᠡ᠂ ᠦᠪᠦᠷ ᠮᠤᠩᠭᠤᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ᠎ᠤᠨ ᠶᠡᠬᠡ ᠰᠤᠷᠭᠠᠭᠤᠯᠢ ᠨᠢ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ᠎ᠤᠨ ᠰᠢᠨ᠎ᠡ ᠡᠬᠦᠳᠦᠯᠳᠡ ᠪᠡᠷ ᠤᠷᠤᠨ ᠪᠦᠰᠡ ᠵᠢᠨ ᠠᠵᠤ ᠦᠢᠯᠡᠰ ᠲᠤ᠌ ᠬᠦᠴᠦᠨ ᠤᠯᠭᠤᠵᠤ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ᠎ᠤᠨ ᠰᠢᠨ᠎ᠡ ᠰᠢᠪᠳᠤᠯᠤᠯᠳᠠ ᠪᠡᠷ ᠰᠤᠳᠤᠯᠭᠠᠨ᠎ᠤ ᠦᠷ᠎ᠠ ᠪᠦᠳᠦᠬᠡᠯ ᠵᠢᠡᠨ ᠦᠨᠡᠨ ᠬᠦ᠌ ᠪᠣᠳᠠᠲᠠᠢ ᠳ᠋ᠤ ᠨᠠᠢᠳᠠᠪᠤᠷᠢᠵᠢᠭᠤᠯᠤᠨ᠂ ᠦᠢᠯᠡᠳᠬᠦᠨ ᠪᠣᠯᠭᠠᠨ ᠤᠨᠳᠤᠤᠰᠢᠭᠤᠯᠵᠤ ᠵᠠᠬ᠎ᠠ ᠳᠡᠯᠬᠡᠬᠦᠷ ᠲᠤ᠌ ᠭᠠᠷᠭᠠᠨ᠂ ᠤᠷᠤᠨ ᠨᠤᠳᠤᠭ᠎ᠤᠨ ᠴᠢᠨᠠᠷ ᠰᠠᠢᠳᠠᠢ ᠬᠦᠭᠵᠢᠯᠳᠡ ᠳ᠋ᠤ ᠤᠶᠤᠨ ᠤᠬᠠᠭᠠᠨ ᠪᠠ ᠬᠦᠴᠦᠨ ᠴᠢᠳᠠᠯ ᠵᠢᠡᠨ ᠨᠡᠮᠡᠷᠢᠯᠡᠨ᠎ᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃