ᠲᠡᠷᠢᠭᠦᠨ ᠨᠢᠭᠤᠷ>ᠴᠠᠭ ᠲᠦᠷᠦ>ᠴᠠᠭ᠎ᠤᠨ ᠰᠢᠭᠦᠮᠵᠢ

2026-10-17 14:04:17

ᠵᠣᠬᠢᠶᠠᠭ᠍ᠴᠢ᠄ ᠥᠪᠥᠷ ᠮᠣᠩᠭᠣᠯ᠎ᠤᠨ ᠡᠳᠦᠷ᠎ᠤᠨ​ ᠰᠣᠨᠢᠨ᠎ᠤ ᠰᠢᠭᠦᠮᠵᠢᠯᠡᠭᠴᠢ ᠣᠩᠱᠢᠭ᠍ᠰᠠᠨ ᠣᠳᠠᠭ᠎ᠠ᠄ 3

ᠥᠪᠥᠷ ᠮᠣᠩᠭᠣᠯ᠎ᠤᠨ ᠬᠥᠭᠵᠢᠯᠲᠡ᠎ᠶᠢᠨ ᠠᠬᠢᠴᠠ ᠳᠠᠬᠢᠨᠲᠠ ᠬᠥᠰᠢᠶ᠎ᠡ ᠳᠡᠮᠳᠡᠭ᠎ᠤᠨ ᠠᠴᠢ ᠬᠣᠯᠪᠣᠭᠳᠠᠯ᠎ᠲᠠᠶ ᠶᠡᠬᠡ ᠶᠠᠪᠤᠳᠠᠯ᠎ᠢ ᠤᠭᠲᠤᠨ ᠠᠪᠴᠢᠷᠠᠪᠠ᠄ 10 ᠰᠠᠷ᠎ᠠ᠎ᠶᠢᠨ 16᠎ᠤ᠋ ᠡᠳᠦᠷ᠂ ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠣᠯ᠎ᠤᠨ ᠤᠯᠠᠭᠠᠨᠴᠠᠪ᠎ᠬᠤᠳᠠ᠎ᠳᠤ ᠰᠢᠨᠵᠢᠯᠡᠨ ᠪᠠᠶ᠋ᠢᠴᠠᠭᠠᠵᠤ᠂ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ᠌ ᠭᠦᠨᠵᠡᠭᠡᠶ᠋ᠢᠷᠡᠨ᠂ ᠴᠢᠬᠤᠯᠠ ᠵᠢᠭᠠᠪᠤᠷᠢ ᠥᠭᠴᠦ᠍᠂ ᠶᠡᠷᠦᠩᠬᠡᠶ ᠱᠦᠵᠢ ᠪᠣᠯᠤᠨ ᠨᠠᠮ᠎ᠤᠨ ᠲᠥᠪ ᠬᠤᠷᠢᠶ᠎ᠠ ᠵᠢᠨ ᠥᠪᠥᠷ ᠮᠣᠩᠭᠣᠯ ᠤ᠋ᠨ ᠲᠤᠬᠠᠢ ᠭᠦᠨ ᠵᠤᠵᠠᠭᠠᠨ ᠬᠠᠶ᠋ᠢᠷ᠎ᠠ ᠬᠠᠯᠠᠮᠵᠢ ᠪᠣᠯᠤᠨ ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ᠎ᠶᠢ ᠭᠦᠢᠴᠡᠳ ᠢᠯᠡᠷᠡᠭᠦᠯᠵᠦ᠍᠂ ᠪᠢᠳᠡᠨ᠎ᠳᠦ ᠮᠠᠰᠢ ᠶᠡᠬᠡ ᠵᠣᠷᠢᠭᠵᠢᠭᠤᠯᠤᠯ  ᠪᠣᠯᠪᠠ᠃

ᠰᠢᠨᠵᠢᠯᠡᠨ ᠪᠠᠶ᠋ᠢᠴᠠᠭᠠᠬᠤ ᠬᠤᠭᠤᠴᠠᠭᠠᠨ᠎ᠳᠤ ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠣᠯ᠎ᠤᠨ ᠠᠵᠢᠯ᠎ᠤᠨ ᠣᠯᠤᠭᠰᠠᠨ ᠰᠢᠨ᠎ᠡ ᠦᠷ᠎ᠡ ᠪᠦᠲᠦᠮᠵᠢ᠎ᠶᠢ ᠭᠦᠢᠴᠡᠳ ᠨᠤᠲᠠᠯᠠᠵᠤ᠂ ᠥᠪᠥᠷ ᠮᠣᠩᠭᠣᠯ᠎ᠤᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ ᠪᠠ ᠪᠣᠬᠢᠷᠲᠤᠯ ᠥᠬᠡᠶ ᠪᠤᠳᠤᠯᠲᠠ ᠵᠢᠨ ᠬᠦᠴᠦᠨ᠎ᠤ ᠬᠥᠭᠵᠢᠯᠲᠡ᠎ᠶᠢᠨ ᠪᠠᠶ᠋ᠢᠳᠠᠯ᠎ᠢ ᠭᠤᠤᠯᠳᠠᠯᠭ᠎ᠠ᠎ᠲᠠᠶ ᠪᠠᠶ᠋ᠢᠴᠠᠭᠠᠨ ᠦᠵᠡᠵᠦ᠍᠂ ᠪᠣᠬᠢᠷᠲᠤᠯ ᠥᠬᠡᠶ ᠬᠥᠭᠵᠢᠯᠲᠡ ᠪᠣᠯ ᠴᠢᠨᠠᠷ ᠰᠠᠶ᠋ᠢᠲᠠᠶ ᠬᠥᠭᠵᠢᠯᠲᠡ᠎ᠶᠢᠨ ᠪᠠᠶ᠋ᠢᠪᠠᠰᠤ ᠵᠣᠬᠢᠬᠤ ᠤᠳᠬ᠎ᠠ ᠠᠭᠤᠯᠭ᠎ᠠ ᠮᠥᠨ᠂ ᠴᠢᠨᠠᠷ ᠰᠠᠶ᠋ᠢᠲᠠᠶ ᠬᠥᠭᠵᠢᠯᠲᠡ ᠪᠠ ᠥᠨᠳᠥᠷ ᠲᠦᠪᠰᠢᠨ ᠪᠥᠬᠥᠶ ᠬᠠᠮᠠᠭᠠᠯᠠᠯᠲᠠ᠎ᠶᠢ ᠨᠢᠭᠡᠳᠦᠯᠲᠡᠶ ᠲᠥᠯᠥᠪᠵᠢᠭᠦᠯᠵᠦ᠍᠂ ᠠᠮᠢ ᠠᠬᠤᠶ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠬᠦᠯᠬᠦ ᠵᠠᠮ᠎ᠢᠶᠠᠷ ᠡᠷᠡᠰ ᠭᠤᠶ᠋ᠢᠪᠢᠰᠢ ᠥᠬᠡᠶ ᠵᠠᠮᠨᠠᠬᠤ ᠬᠡᠷᠡᠭᠲᠡᠶ ᠭᠡᠵᠦ᠍ ᠴᠢᠬᠤᠯᠠᠴᠢᠯᠠᠪᠠ᠃ ᠶᠡᠷᠦᠩᠬᠡᠢ ᠱᠦᠵᠢ᠎ᠶᠢᠨ ᠴᠢᠬᠤᠯᠠ ᠵᠢᠭᠠᠪᠤᠷᠢ ᠨᠢ ᠥᠨᠳᠥᠷ᠎ᠲᠦ᠍ ᠵᠣᠭᠰᠣᠨ ᠠᠯᠤᠰ᠎ᠢ ᠪᠠᠷᠠᠯᠠᠵᠥ᠍᠂ ᠬᠠᠷᠠᠭ᠎ᠠ ᠥᠷᠭᠡᠨ᠂ ᠦᠵᠡᠯ ᠰᠠᠨᠠᠭ᠎ᠠ ᠭᠦᠨ ᠭᠦᠨᠵᠡᠭᠡᠢ᠂ ᠠᠭᠤᠯᠤᠭᠳᠠᠬᠤᠨ ᠡᠯᠪᠡᠭ ᠪᠠᠶᠠᠯᠢᠭ ᠪᠠᠶ᠋ᠢᠵᠤ᠂ ᠱᠠᠭᠠᠷᠳᠠᠯᠭ᠎ᠠ ᠳᠤᠷᠠᠳᠤᠭᠰᠠᠨ ᠪᠥᠭᠡᠳ ᠪᠠᠰᠠ ᠠᠷᠭ᠎ᠠ ᠵᠢᠭᠠᠨ ᠦᠭᠴᠦ᠂ ᠥᠪᠥᠷ ᠮᠣᠩᠭᠣᠯ᠎ᠤᠨ ᠠᠵᠢᠯ᠎ᠢ ᠰᠠᠶ᠋ᠢᠲᠤᠷ ᠬᠢᠬᠦ᠌᠎ᠳᠦ ᠪᠦᠬᠦ᠌ ᠲᠠᠯ᠎ᠠ᠎ᠶᠢᠨ ᠴᠢᠨᠠᠷᠲᠠᠢ᠂ ᠦᠨᠳᠦᠰᠦᠨ ᠴᠢᠨᠠᠷᠲᠠᠢ᠂ ᠪᠠᠶ᠋ᠢᠯᠳᠤᠬᠤ ᠪᠤᠳᠤᠯᠭ᠎ᠠ᠎ᠶᠢᠨ ᠴᠢᠨᠠᠷᠲᠠᠢ ᠵᠢᠯᠣᠭᠣᠳᠬᠤ ᠠᠴᠢ ᠬᠣᠯᠪᠣᠭᠳᠠᠯ᠎ᠲᠠᠶ ᠶᠤᠮ᠃ ᠪᠢᠳᠡ ᠬᠦᠰᠡᠯ ᠨᠠᠶ᠋ᠢᠳᠠᠯᠭ᠎ᠠ᠎ᠶᠢ ᠪᠠᠲᠤ᠌ ᠴᠡᠭᠡᠵᠢᠯᠡᠵᠦ᠍᠂ ᠠᠴᠢ ᠡᠨᠡᠷᠢᠯ᠎ᠳᠦ ᠲᠠᠯᠠᠷᠬᠠᠨ ᠡᠷᠡᠮᠡᠬᠡᠶ᠋ᠢᠯᠡᠨ ᠤᠷᠤᠭᠰᠢᠯᠠᠵᠤ ᠂  ᠶᠡᠷᠦᠩᠬᠡᠶ ᠱᠦᠵᠢ ᠰᠢ ᠵᠢᠨ ᠫᠢᠩ᠎ᠦᠨ ᠵᠢᠭᠠᠭᠰᠠᠨ ᠴᠢᠭᠯᠡᠯ᠎ᠢᠶᠡᠷ ᠡᠷᠡᠰ ᠭᠤᠶ᠋ᠢᠪᠢᠰᠢ ᠥᠬᠡᠶ ᠡᠷᠡᠮᠡᠬᠡᠶ᠋ᠢᠯᠡᠨ ᠤᠷᠤᠭᠰᠢᠯᠠᠵᠤ᠂ ᠥᠪᠥᠷ ᠮᠣᠩᠭᠣᠯ᠎ᠤᠨ ᠡᠯ᠎ᠡ ᠵᠦᠢᠯ᠎ᠦᠨ ᠠᠵᠢᠯ ᠦᠢᠯᠡᠰ᠎ᠦᠨ ᠲᠠᠰᠤᠷᠠᠯᠲᠠ ᠥᠬᠡᠶ ᠨᠠᠩ ᠶᠡᠬᠡ ᠰᠢᠨ᠎ᠡ ᠦᠷ᠎ᠡ ᠪᠦᠲᠦᠮᠵᠢ ᠤᠯᠬᠤ᠎ᠶᠢ ᠠᠬᠢᠭᠤᠯᠬᠤ ᠬᠡᠷᠡᠭᠲᠡᠶ᠃

ᠡᠨᠡ  ᠪᠣᠯ  ᠴᠠᠭ  ᠢᠮᠠᠭᠲᠠ  ᠰᠠᠨᠠᠭᠠᠯᠵᠠᠵᠤ  ᠪᠠᠢᠭ᠎ᠠ ᠳᠣᠲᠣᠨᠣ  ᠬᠠᠯᠠᠮᠵᠢᠯᠠᠯ  ᠮᠦᠨ ᠃  ᠨᠠᠮ  ᠎ᠤᠨ  ᠠᠷᠪᠠᠨ  ᠨᠠᠢ᠍ᠮᠠᠳᠤᠭᠠᠷ   ᠶᠡᠬᠡ  ᠬᠤᠷᠠᠯ  ᠎ᠡᠴᠡ  ᠨᠠᠭᠠᠰᠢ ᠂   ᠶᠡᠷᠦᠩᠬᠡᠢ    ᠱᠦᠵᠢ   ᠰᠢ ᠵᠢᠨ ᠫᠢᠩ 4 ᠤᠳᠠᠭ᠎ᠠ ᠥᠪᠥᠷ ᠮᠣᠩᠭᠣᠯ᠎ᠳᠤ ᠰᠢᠨᠵᠢᠯᠡᠨ ᠪᠠᠶ᠋ᠢᠴᠠᠭᠠᠵᠤ᠂ 5 ᠤᠳᠠᠭ᠎ᠠ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠵᠤ᠂ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ ᠥᠭᠴᠦ᠍᠂ ᠥᠪᠥᠷ ᠮᠣᠩᠭᠣᠯ᠎ᠤᠨ ᠬᠥᠭᠵᠢᠯᠲᠡ᠎ᠶᠢᠨ ᠠᠤᠭ᠎ᠠ ᠵᠢᠷᠤᠭ ᠲᠥᠰᠦᠪ᠎ᠢ ᠵᠢᠷᠤᠭᠯᠠᠵᠤ᠂ ᠵᠠᠮ ᠵᠢᠭᠠᠵᠤ ᠠᠶᠠᠯᠠᠯ᠎ᠢ ᠵᠢᠯᠤᠭᠤᠳᠴᠤ ᠥᠭᠪᠡ᠃ ᠥᠩᠭᠡᠷᠡᠭᠰᠡᠨ ᠵᠠᠮ᠎ᠢᠶᠠᠨ ᠡᠷᠭᠢᠴᠡᠭᠦᠯᠬᠦᠶ᠎ᠡ᠂ ᠥᠪᠥᠷ ᠮᠣᠩᠭᠣᠯ᠎ᠤᠨ ᠣᠯᠤᠭᠰᠠᠨ ᠠᠮᠵᠢᠯᠲᠠ ᠪᠥᠬᠥᠨ᠂ ᠪᠡᠶᠡᠯᠡᠭᠦᠯᠦᠭᠰᠡᠨ ᠳᠠᠪᠠᠯᠲᠠ ᠪᠥᠬᠥᠨ᠂ ᠢᠯᠠᠭᠰᠠᠨ ᠥᠷᠢᠰᠥᠯᠳᠦᠭᠡᠨ ᠪᠥᠬᠥᠨ ᠨᠢ ᠴᠥᠮ ᠶᠡᠷᠦᠩᠬᠡᠢ ᠱᠦᠵᠢ ᠰᠢ ᠵᠢᠨ ᠫᠢᠩ᠎ᠦᠨ ᠬᠠᠯᠠᠮᠵᠢᠯᠠᠯ ᠳᠡᠮᠵᠢᠯᠭᠡ᠂ ᠵᠢᠯᠤᠭᠤᠳᠤᠯᠭ᠎ᠠ ᠳᠣᠣᠷ᠎ᠠ ᠣᠯᠤᠭᠰᠠᠨ ᠶᠤᠮ᠃ ᠪᠢᠳᠡ ᠤᠯᠤᠰ ᠲᠦᠷᠦ᠎ᠶᠢᠨ ᠵᠣᠭᠰᠣᠴᠠ᠎ᠪᠠᠨ ᠦᠨᠡᠨ ᠬᠦ᠌ ᠳᠡᠭᠡᠭᠰᠢᠯᠡᠭᠦᠯᠵᠦ᠍᠂ ᠶᠡᠷᠦᠩᠬᠡᠢ ᠱᠦᠵᠢ᠎ᠶᠢᠨ ᠡᠨᠡ ᠤᠳᠠᠭ᠎ᠠ᠎ᠶᠢᠨ ᠥᠪᠥᠷ ᠮᠣᠩᠭᠣᠯ᠎ᠳᠤ ᠰᠢᠨᠵᠢᠯᠡᠨ ᠪᠠᠶ᠋ᠢᠴᠠᠭᠠᠭᠰᠠᠨ ᠴᠢᠬᠤᠯᠠ ᠶᠡᠬᠡ ᠠᠴᠢ ᠬᠣᠯᠪᠣᠭᠳᠠᠯ᠎ᠢ ᠭᠦᠢᠴᠡᠳ ᠲᠠᠨᠢᠵᠤ᠂ ᠤᠬᠠᠮᠰᠠᠷ᠎ᠡᠴᠡ᠎ᠪᠠᠨ ᠶᠡᠷᠦᠩᠬᠡᠢ ᠱᠦᠵᠢ᠎ᠶᠢᠨ ᠬᠦᠰᠡᠯ ᠨᠠᠶ᠋ᠢᠳᠠᠯᠭ᠎ᠠ᠎ᠶᠢ ᠤᠷᠤᠭᠰᠢᠯᠠᠯᠲᠠ᠎ᠶᠢᠨ ᠵᠢᠯᠤᠭᠤᠳᠤᠯᠭ᠎ᠠ ᠪᠣᠯᠭᠠᠵᠤ᠂ ᠶᠡᠷᠦᠩᠬᠡᠢ ᠱᠦᠵᠢ᠎ᠶᠢᠨ ᠭᠦᠨ ᠵᠤᠵᠠᠭᠠᠨ ᠬᠠᠶ᠋ᠢᠷ᠎ᠠ ᠬᠠᠯᠠᠮᠵᠢ᠎ᠶᠢ ᠡᠷᠡᠯᠬᠡᠭᠯᠡᠨ ᠲᠡᠮᠡᠴᠡᠬᠦ᠌ ᠬᠥᠳᠡᠯᠭᠡᠬᠦ᠌ ᠬᠦᠴᠦᠨ ᠪᠣᠯᠭᠠᠵᠤ᠂ ᠴᠤᠴᠠᠯᠲᠠ ᠦᠭᠡᠢ ᠤᠷᠤᠭᠰᠢᠯᠠᠵᠤ᠂ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠶ᠋ᠢᠨ ᠪᠢᠴᠢᠭᠯᠡᠬᠦ ᠬᠡᠷᠡᠭᠳᠠᠢ᠃

ᠡᠨᠡ ᠪᠣᠯ ᠪᠠᠲᠤ ᠴᠢᠩᠭ᠎ᠠ ᠬᠦᠴᠦᠨ ᠪᠦᠬᠦᠢ ᠰᠢᠨᠵᠢᠯᠡᠬᠦ ᠤᠬᠠᠭᠠᠨᠴᠢ ᠵᠢᠯᠣᠭᠣᠳᠤᠯᠭ᠎ᠠ ᠮᠥᠨ᠃ ᠥᠪᠥᠷ ᠮᠣᠩᠭᠣᠯ᠎ᠤᠨ ᠠᠮᠢ ᠠᠬᠤᠢ᠎ᠶᠢᠨ ᠪᠠᠢᠷᠢ ᠰᠠᠭᠤᠷᠢ ᠣᠨᠴᠠᠭᠠᠶ᠂ ᠠᠮᠢ ᠠᠬᠤᠢ᠎ᠶᠢᠨ ᠪᠦᠲᠦᠭᠡᠨ ᠪᠠᠢᠭᠤᠯᠤᠯᠲᠠ ᠪᠠ ᠣᠷᠴᠢᠨ ᠲᠣᠭᠣᠷᠢᠨ᠎ᠤ ᠬᠠᠮᠠᠭᠠᠯᠠᠯᠲᠠ ᠨᠢ ᠪᠥᠬᠥ ᠤᠯᠤᠰ᠎ᠤᠨ ᠠᠮᠢ ᠠᠬᠤᠢ᠎ᠶᠢᠨ ᠠᠮᠤᠷ ᠲᠦᠪᠰᠢᠨ᠎ᠲᠠᠢ ᠬᠣᠯᠪᠣᠭᠳᠠᠵᠤ᠂ ᠪᠢᠳᠡᠨ᠎ᠦ ᠡᠷᠬᠡᠪᠰᠢ ᠢᠮᠠᠭᠲᠠ ᠪᠠᠲᠤ ᠡᠭᠦᠷᠭᠡᠯᠡᠬᠦ 《ᠤᠯᠤᠰ᠎ᠤᠨ ᠶᠡᠬᠡ ᠶᠠᠪᠤᠳᠠᠯ》 ᠪᠣᠯᠣᠨ᠎ᠠ᠃ ᠪᠣᠬᠢᠷᠲᠤᠯ ᠦᠭᠡᠢ ᠪᠤᠳᠤᠯᠳᠠ᠎ᠶᠢᠨ ᠬᠦᠴᠦᠨ᠎ᠢ᠋ ᠬᠥᠭᠵᠢᠭᠦᠯᠬᠦ ᠪᠣᠯ ᠥᠪᠥᠷ ᠮᠣᠩᠭᠣᠯ᠎ᠤᠨ ᠳᠠᠪᠠᠭᠤᠯᠢᠭ᠋᠎ᠲᠠᠭᠠᠨ ᠰᠠᠭᠤᠷᠢᠯᠠᠵᠤ᠂ ᠠᠵᠠ ᠲᠣᠬᠢᠶᠠᠯ᠎ᠢ ᠠᠮᠵᠢᠨ ᠰᠢᠨ᠎ᠡ  ᠴᠢᠨᠠᠷ ᠎ᠤᠨ  ᠦᠢᠯᠡᠳᠪᠦᠷᠢᠯᠡᠯ ᠎ᠦᠨ  ᠬᠦᠴᠦᠨ ᠎ᠢ   ᠪᠣᠢᠵᠢᠭᠤᠯᠤᠨ   ᠬᠥᠭᠵᠢᠭᠦᠯᠬᠦ   ᠴᠢᠬᠤᠯᠠ   ᠭᠠᠷᠳᠠᠴᠠ   ᠪᠣᠯᠣᠨ᠎ᠠ ᠃  ᠶᠡᠷᠦᠩᠬᠡᠢ   ᠱᠦᠵᠢ   ᠰᠢ ᠵᠢᠨ ᠫᠢᠩ᠎ᠤᠨ ᠡᠨᠡ ᠤᠳᠠᠭᠠᠨ᠎ᠤ ᠰᠢᠨᠵᠢᠯᠡᠨ ᠪᠠᠢᠴᠠᠭᠠᠯᠳᠠ ᠨᠢ ᠪᠢᠳᠡᠨ᠎ᠦ ᠨᠤᠮᠢᠨ ᠨᠣᠭᠣᠭᠠᠨ ᠲᠠᠪᠢᠰᠬᠡᠷ ᠥᠩᠭᠡ᠎ᠶᠢ ᠬᠠᠯᠠᠮᠵᠢᠯᠠᠵᠤ ᠪᠠᠢᠭ᠎ᠠ ᠶᠠᠪᠤᠳᠠᠯ ᠪᠤᠯᠬᠤ ᠮᠥᠷᠲᠡᠭᠡᠨ ᠪᠠᠰᠠ ᠪᠢᠳᠡᠨ᠎ᠦ ᠬᠥᠭᠵᠢᠯᠲᠡ᠎ᠶᠢᠨ ᠴᠢᠨᠠᠷ ᠴᠢᠨᠰᠠᠭ᠎ᠠ᠎ᠶᠢ ᠠᠩᠬᠠᠷᠴᠤ᠂ ᠨᠠᠮ᠎ᠤᠨ ᠲᠥᠪ ᠬᠣᠷᠢᠶ᠎ᠠ ᠡᠴᠡ ᠥᠨᠳᠥᠷ ᠲᠦᠪᠰᠢᠨ ᠪᠦᠬᠦᠢ ᠬᠠᠮᠠᠭᠠᠯᠠᠯᠲᠠ ᠪᠠ ᠴᠢᠨᠠᠷ ᠰᠠᠢᠲᠠᠢ ᠬᠥᠭᠵᠢᠯᠲᠡ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠪᠠᠢᠬᠤ᠎ᠶᠢ ᠳᠣᠪᠣᠶ᠋ᠢᠮ᠎ᠠ ᠬᠠᠷᠠᠭᠤᠯᠵᠦ᠂ ᠪᠢᠳᠡᠨ᠎ᠤ ᠪᠠᠢᠯᠳᠤᠬᠤ ᠪᠣᠳᠣᠯᠭ᠎ᠠ᠎ᠶᠢᠨ ᠲᠣᠭᠲᠠᠯ ᠬᠦᠴᠦᠨ᠎ᠢᠶᠡᠨ ᠪᠠᠲᠤᠯᠠᠬᠤ᠂ ᠬᠥᠭᠵᠢᠯᠲᠡ᠎ᠶᠢᠨ ᠢᠲᠡᠭᠡᠯ ᠵᠣᠷᠢᠭ ᠵᠢᠡᠨ ᠪᠠᠲᠤᠳᠬᠠᠬᠤ᠎ᠵᠢ ᠵᠤᠷᠢᠭᠵᠢᠭᠤᠯᠵᠦ᠂ ᠨᠡᠩ ᠠᠦᠭ᠎ᠠ ᠶᠡᠬᠡ ᠰᠥᠰᠥ ᠵᠣᠷᠢᠭ᠋᠎ᠢᠶᠠᠷ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠶᠢ ᠠᠬᠢᠭᠤᠯᠵᠦ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠥᠬᠥ ᠬᠦᠴᠦᠨ᠎ᠢᠶᠡᠷ᠎ᠢᠶᠡᠨ ᠪᠡᠬᠢᠵᠢᠭᠦᠯᠵᠦ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠬᠥᠭᠵᠢᠯᠲᠡ᠎ᠶᠢᠨ ᠰᠢᠨ᠎ᠡ ᠬᠥᠳᠡᠯᠭᠡᠬᠦ ᠡᠨᠧᠷᠭᠢ ᠰᠢᠨ᠎ᠡ ᠳᠠᠪᠠᠭᠤᠯᠢᠭ᠋᠎ᠢ ᠪᠤᠢ ᠪᠣᠯᠭᠠᠠ᠂ ᠥᠪᠥᠷ ᠮᠣᠩᠭᠣᠯ᠎ᠤᠨ ᠣᠨᠴᠠᠯᠢᠭ᠍ᠲᠤ ᠳᠠᠪᠠᠭᠤᠯᠢᠭ᠋᠎ᠢ ᠬᠠᠷᠠᠭᠤᠯᠤᠭᠰᠠᠨ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ ᠢ᠋ ᠲᠦᠷᠭᠡᠳᠬᠡᠨ ᠪᠠᠢᠭᠤᠯᠵᠦ᠂ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ᠎ᠪᠡᠷ ᠤᠳᠤᠷᠢᠳᠤᠮᠵᠢ ᠪᠣᠯᠭᠠᠭᠰᠠᠨ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠵᠠᠮ᠎ᠢᠶᠡᠷ ᠡᠷᠡᠰ ᠭᠤᠢᠪᠢᠰᠢ ᠦᠬᠡᠢ ᠵᠠᠮᠨᠠᠬᠤ ᠵᠢ ᠵᠤᠷᠢᠬᠵᠢᠭᠤᠯᠬᠤ ᠨᠢ ᠯᠠᠪᠳᠠᠢ᠃

ᠶᠡᠷᠦᠩᠬᠡᠢ ᠱᠦᠵᠢ᠎ᠶᠢᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠰᠠᠢᠲᠤᠷ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠣᠯ ᠣᠳᠣᠬᠠᠨ᠎ᠤ ᠣᠷᠣᠨ ᠳᠠᠶᠠᠭᠠᠷ᠎ᠤᠨ ᠲᠡᠷᠢᠭᠦᠨ ᠴᠢᠬᠤᠯᠠ ᠶᠠᠪᠤᠳᠠᠯ ᠪᠠ ᠲᠡᠷᠢᠭᠦᠨ ᠴᠢᠬᠤᠯᠠ ᠤᠯᠤᠰ ᠲᠥᠷᠥ᠎ᠶᠢᠨ ᠡᠭᠦᠷᠭᠡ ᠪᠣᠯᠣᠨ᠎ᠠ᠃ ᠣᠷᠣᠨ ᠳᠠᠶᠠᠭᠠᠷ᠎ᠢᠶᠠᠨ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ᠎ᠶᠢ ᠦᠳᠲᠡᠷ ᠲᠦᠷᠭᠡᠨ ᠭᠠᠷᠭᠠᠵᠤ᠂ ᠶᠡᠷᠦᠩᠬᠡᠢ ᠱᠦᠵᠢ᠎ᠶᠢᠨ ᠥᠪᠥᠷ ᠮᠣᠩᠭᠣᠯ ᠤ᠋ᠨ ᠲᠤᠬᠠᠢ ᠬᠠᠢᠷ᠎ᠠ ᠬᠠᠯᠠᠮᠵᠢ᠎ᠶᠢ ᠭᠦᠨᠵᠡᠭᠡᠢ ᠣᠢᠯᠠᠭᠠᠵᠤ᠂ ᠶᠡᠷᠦᠩᠬᠡᠢ ᠱᠦᠵᠢ᠎ᠶᠢᠨ ᠴᠢᠬᠤᠯᠠ ᠵᠢᠭᠠᠪᠤᠷᠢ᠎ᠳᠤ ᠠᠭᠤᠯᠤᠭᠳᠠᠵᠤ ᠪᠠᠢᠭ᠎ᠠ ᠪᠠᠶᠠᠯᠢᠭ᠋ ᠠᠭᠤᠯᠤᠭᠳᠠᠬᠤᠨ᠂ ᠭᠤᠤᠯ ᠶᠤᠰᠤ ᠤᠴᠢᠷ ᠢ᠋ ᠭᠦᠨᠵᠡᠭᠡᠢ ᠣᠢᠯᠠᠭᠠᠵᠤ᠂ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠪᠠᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠲᠠᠢ ᠦᠨᠡᠨ ᠬᠦ᠌ ᠨᠢᠭᠡᠳᠬᠡᠵᠦ᠂ ᠨᠠᠩ ᠴᠣᠭ ᠪᠠᠳᠠᠷᠠᠩᠭᠤᠢ ᠣᠶᠤᠨ ᠰᠠᠨᠠᠭᠠᠨ᠎ᠤ ᠳᠦᠷᠰᠦ ᠪᠠᠢᠳᠠᠯ᠂ ᠨᠠᠩ ᠬᠦᠴᠦᠲᠡᠢ ᠰᠡᠳᠬᠢᠮᠵᠢ ᠠᠷᠭ᠎ᠠ ᠬᠡᠮᠵᠢᠶ᠎ᠡ᠎ᠪᠡᠷ ᠶᠡᠷᠦᠩᠬᠡᠢ ᠱᠦᠵᠢ᠎ᠶᠢᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠪᠣᠳᠠᠲᠠᠢ᠎ᠳᠤ ᠨᠠᠢᠳᠠᠪᠤᠷᠢᠵᠢᠭᠤᠯᠬᠤ᠂ ᠪᠣᠳᠠᠲᠤ ᠦᠷ᠎ᠡ ᠪᠦᠲᠦᠮᠵᠢ ᠣᠯᠬᠤ᠎ᠶᠢ ᠪᠥᠬᠥ ᠬᠦᠴᠦᠨ᠎ᠢᠶᠡᠷ᠎ᠢᠶᠡᠨ ᠠᠬᠢᠭᠤᠯᠵᠤ᠂ ᠶᠡᠷᠦᠩᠬᠡᠢ ᠱᠦᠵᠢ᠎ᠶᠢᠨ ᠴᠢᠩ ᠰᠡᠳᠬᠢᠯ᠎ᠤᠨ ᠬᠦᠰᠡᠯ ᠨᠠᠶ᠋ᠢᠳᠠᠯᠭ᠎ᠠ ᠪᠠ ᠭᠦᠨ ᠵᠤᠵᠠᠭᠠᠨ ᠬᠠᠢᠷ᠎ᠠ ᠰᠡᠳᠬᠢᠯᠬᠡ᠎ᠶᠢ ᠶᠠᠭᠠᠬᠢᠭ᠍ᠰᠠᠨ ᠴᠤ᠌ ᠬᠥᠰᠡᠷᠳᠡᠭᠦᠯᠵᠦ ᠪᠤᠯᠬᠤ ᠦᠭᠡᠢ᠃

ᠶᠡᠷᠦᠩᠬᠡᠢ ᠱᠦᠵᠢ ᠥᠪᠥᠷ ᠮᠣᠩᠭᠣᠯ᠎ᠳᠤ  ᠰᠢᠨᠵᠢᠯᠡᠨ ᠪᠠᠢᠴᠠᠭᠠᠭᠰᠠᠨ ᠨᠢ ᠪᠢᠳᠡᠨ᠎ᠳᠦ ᠮᠠᠰᠢ ᠬᠠᠯᠠᠭᠤᠨ ᠲᠤᠳᠤᠨᠤ ᠰᠠᠨᠠᠭᠳᠠᠵᠤ ᠪᠤᠢ; ᠶᠡᠷᠦᠩᠬᠡᠢ ᠱᠦᠵᠢ᠎ᠶᠢᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠨᠢ ᠪᠢᠳᠡᠨ᠎ᠦ ᠲᠡᠮᠡᠴᠡᠯ᠎ᠦᠨ ᠵᠣᠷᠢᠭ᠋᠎ᠢ ᠬᠥᠪᠴᠢᠯᠡᠵᠦ ᠪᠤᠢ᠃ ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ᠂ ᠠᠴᠢ ᠡᠨᠡᠷᠢᠯ᠎ᠳᠦ ᠲᠠᠯᠠᠷᠬᠠᠨ ᠡᠷᠡᠮᠡᠭᠡᠢᠯᠡᠨ ᠤᠷᠤᠭᠰᠢᠯᠠᠵᠤ᠂ ᠶᠡᠷᠦᠩᠬᠡᠢ ᠱᠦᠵᠢ᠎ᠶᠢᠨ ᠵᠢᠭᠠᠭᠰᠠᠨ ᠴᠢᠭᠯᠡᠯ᠎ᠢᠶᠡᠷ᠂ ᠨᠢᠭᠡ ᠵᠢᠷᠤᠭ ᠲᠥᠰᠥᠪ᠎ᠢ ᠡᠴᠦᠰ ᠲᠦ᠍ᠨᠢ ᠲᠤᠯᠲᠠᠯ᠎ᠠ ᠵᠢᠷᠤᠭᠯᠠᠵᠤ᠂ ᠤᠷᠳᠤ ᠬᠤᠭᠤᠴᠠᠭ᠎ᠠ ᠪᠡᠷ ᠴᠢᠷᠮᠠᠢᠨ ᠠᠳᠬᠤᠪᠠᠯ ᠪᠢᠳᠠ ᠯᠠᠪᠲᠠᠢ ᠡᠬᠡ ᠤᠯᠤᠰ᠎ᠤᠨ ᠤᠮᠠᠷᠠᠲᠤ ᠵᠢᠨ ᠦᠵᠡᠮᠵᠢ᠎ᠶᠢᠨ ᠣᠷᠣᠨ᠎ᠢᠶᠠᠨ ᠨᠡᠩ ᠦᠵᠡᠰᠬᠦᠯᠡᠩᠲᠦ ᠰᠠᠢᠬᠠᠨ ᠪᠣᠯᠭᠠᠨ ᠪᠦᠲᠦᠭᠡᠨ ᠪᠠᠢᠭᠤᠯᠵᠤ᠂ ᠶᠡᠷᠦᠩᠬᠡᠢ ᠱᠦᠵᠢ᠂ ᠨᠠᠮ᠎ᠤᠨ ᠲᠥᠪ ᠬᠣᠷᠢᠶ᠎ᠠ᠎ᠳᠤ ᠬᠠᠨᠤᠮᠵᠢᠲᠠᠢ ᠬᠠᠷᠢᠭᠤᠯᠲᠠ᠎ᠶᠢᠨ ᠬᠠᠭᠤᠳᠠᠰᠤ ᠲᠤᠰᠢᠶᠠᠵᠤ ᠴᠢᠳᠠᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面