2026-10-18 14:56:40
ᠨᠠᠮᠤᠷ᠎ᠤᠨ ᠤᠯᠠᠷᠢᠯ ᠤ᠋ᠨ ᠬᠢᠬᠢᠷᠢ ᠵᠢᠨ ᠨᠠᠭᠤᠷ ᠲᠤ᠌᠂ ᠨᠤᠮᠢᠨ ᠲᠤᠯᠬᠢᠶᠠᠨ ᠬᠠᠶᠠᠯᠠᠵᠦ᠂ ᠤᠨᠴᠠ ᠵᠢᠨ ᠭᠤᠢᠳᠠ ᠰᠠᠢᠬᠠᠨ ᠬᠠᠷᠠᠭᠳᠠᠨ᠎ᠠ᠃ ᠶᠡᠷᠦᠩᠬᠡᠢ ᠱᠦᠵᠢ ᠰᠢ ᠵᠢᠨ ᠫᠢᠩ ᠬᠢᠬᠢᠷᠢ ᠵᠢᠨ ᠨᠠᠭᠤᠷ᠎ᠤᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠳᠤ ᠰᠢᠨᠵᠢᠯᠡᠨ ᠪᠠᠢᠴᠠᠭᠠᠬᠤ᠎ᠳᠠᠭᠠᠨ᠄ 《ᠨᠤᠭᠤ ᠭᠠᠵᠠᠷ᠎ᠢ ᠬᠠᠮᠠᠭᠠᠯᠠᠬᠤ᠎ᠳᠤ ᠬᠠᠮᠤᠭ ᠤ᠋ᠨ ᠴᠢᠬᠤᠯᠠ ᠨᠢ ᠤᠩᠭᠤᠨ ᠪᠠᠢᠭᠠᠯᠢᠯᠢᠭ ᠠᠮᠢ ᠠᠬᠤᠢ᠎ᠶᠢ ᠪᠠᠳᠤᠯᠠᠬᠤ᠎ᠳᠤ ᠪᠠᠢᠨ᠎ᠠ᠃ ᠪᠠᠢᠭᠠᠯᠢ᠎ᠶᠢ ᠬᠦᠨᠳᠦᠳᠬᠡᠬᠦ᠂ ᠪᠠᠢᠭᠠᠯᠢ᠎ᠲᠠᠢ ᠵᠣᠬᠢᠴᠠᠬᠤ᠂ ᠪᠠᠢᠭᠠᠯᠢ᠎ᠶᠢ ᠬᠠᠮᠠᠭᠠᠯᠠᠬᠤ᠎ᠶᠢ ᠪᠠᠷᠢᠮᠲᠠᠯᠠᠬᠤ ᠬᠡᠷᠡᠭᠲᠡᠢ》᠂《ᠮᠠᠭᠤᠳᠠᠭᠰᠠᠨ ᠨᠤᠭᠤ ᠭᠠᠵᠠᠷ᠎ᠤᠨ ᠠᠮᠢ ᠠᠬᠤᠢ᠎ᠶᠢᠨ ᠰᠢᠰᠲᠧᠮ᠎ᠳᠦ᠂ ᠠᠶᠠᠨᠳᠠᠭᠠᠨ ᠰᠡᠷᠭᠦᠬᠦ᠎ᠪᠡᠷ ᠭᠣᠣᠯ ᠪᠣᠯᠭᠠᠬᠤ᠂ ᠬᠥᠮᠥᠨ᠎ᠦ ᠬᠦᠴᠦ ᠤᠷᠤᠭᠤᠯᠬᠤ᠎ᠪᠡᠷ ᠬᠠᠪᠰᠤᠷᠤᠮᠵᠢ ᠪᠣᠯᠭᠠᠬᠤ ᠵᠢ ᠪᠠᠷᠢᠮᠳᠠᠯᠠᠵᠤ᠂ ᠰᠢᠨᠵᠢᠯᠡᠬᠦ ᠤᠬᠠᠭᠠᠨᠴᠢ ᠵᠦᠢ ᠵᠣᠬᠢᠰᠲᠠᠢ᠎ᠪᠠᠷ ᠰᠡᠷᠭᠦᠭᠡᠬᠦ ᠬᠡᠷᠡᠭᠲᠡᠢ》 ᠭᠡᠵᠤ ᠴᠢᠬᠤᠯᠠᠴᠢᠯᠠᠵᠠᠢ᠃ ᠪᠢᠳᠡ ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠴᠥᠬᠥᠷᠡᠰᠢ ᠦᠭᠡᠢ ᠠᠳᠬᠤᠵᠤ᠂ ᠨᠤᠮᠢᠨ ᠤᠰᠤ ᠬᠥᠬᠡᠮᠳᠦᠭ ᠠᠭᠤᠯᠠ ᠪᠠᠨ ᠰᠠᠢᠲᠤᠷ ᠰᠠᠬᠢᠨ ᠬᠠᠮᠠᠭᠠᠯᠠᠬᠤ ᠬᠡᠷᠡᠭᠲᠡᠢ᠃
ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ ᠤᠨ ᠠᠮᠢ ᠠᠬᠤᠢ ᠣᠷᠴᠢᠨ ᠲᠣᠭᠣᠷᠢᠨ ᠤ ᠬᠠᠮᠠᠭᠠᠯᠠᠯᠲᠠ ᠶᠢ ᠢᠮᠠᠭᠲᠠ ᠰᠡᠳᠬᠢᠯ ᠳᠡᠭᠡᠨ ᠪᠤᠳᠤᠭᠰᠠᠭᠠᠷ ᠢᠷᠡᠵᠠᠢ᠃ 2018 ᠣᠨ᠂ 2019 ᠣᠨ ᠤ ᠪᠦᠬᠦ ᠤᠯᠤᠰ ᠤᠨ ᠬᠣᠶᠠᠷ ᠬᠤᠷᠠᠯ ᠤᠨ ᠬᠤᠭᠤᠴᠠᠭᠠᠨ ᠳᠤ ᠂ ᠶᠡᠷᠦᠩᠬᠡᠢ ᠱᠦᠵᠢ ᠥᠪᠥᠷ ᠮᠣᠩᠭᠣᠯ ᠤᠨ ᠲᠥᠯᠥᠭᠡᠯᠡᠭᠴᠢᠳ ᠦᠨ ᠪᠦᠯᠬᠦᠮ ᠦᠨ ᠬᠢᠨᠠᠨ ᠵᠥᠪᠯᠡᠬᠦ ᠳᠦ ᠣᠷᠣᠯᠴᠠᠬᠤ ᠳᠠᠭᠠᠨ ᠬᠥᠯᠥᠨ ᠨᠠᠭᠤᠷ ᠂ ᠤᠯᠠᠭᠠᠨᠰᠤᠬᠠᠢ ᠂ ᠲᠠᠭ᠎ᠠ᠎ᠶᠢᠨ ᠨᠠᠭᠤᠷ ᠤᠨ ᠠᠮᠢ ᠠᠬᠤᠢ ᠶᠢ ᠶᠡᠷᠦᠩᠬᠡᠢᠯᠡᠨ ᠵᠠᠰᠠᠬᠤ ᠲᠤᠬᠠᠢ ᠴᠦᠮ ᠲᠣᠳᠣᠷᠬᠠᠢ ᠱᠠᠭᠠᠷᠳᠠᠯᠭ᠎ᠠ ᠳᠤᠷᠠᠳᠴᠠᠢ᠃ 2023 ᠣᠨ ᠤ 6 ᠰᠠᠷ᠎ᠠ ᠳᠤ ᠂ ᠶᠡᠷᠦᠩᠬᠡᠢ ᠱᠦᠵᠢ ᠰᠢ ᠵᠢᠨ ᠫᠢᠩ ᠪᠠᠶᠠᠨᠨᠠᠭᠤᠷ ᠲᠤ ᠰᠢᠨᠵᠢᠯᠡᠨ ᠪᠠᠢᠴᠠᠭᠠᠵᠤ᠂ ᠲᠤᠰᠬᠠᠢᠯᠠᠨ ᠤᠯᠠᠭᠠᠨᠰᠤᠬᠠᠢ ᠳ᠋ᠦ᠍ ᠬᠦᠷᠴᠦ᠂ ᠤᠯᠠᠭᠠᠨᠰᠤᠬᠠᠢ ᠵᠢᠨ ᠪᠠᠢᠭᠠᠯᠢ᠎ᠶᠢᠨ ᠳᠦᠷᠰᠦ ᠪᠠᠢᠳᠠᠯ ᠪᠠ ᠡᠷᠬᠢᠨ ᠲᠣᠭᠣᠷᠢᠨ᠎ᠤ ᠠᠮᠢ ᠠᠬᠤᠢ ᠣᠷᠴᠢᠨ ᠲᠣᠭᠣᠷᠢᠨ᠎ᠢ ᠲᠤᠬᠠᠢ᠎ᠶᠢᠨ ᠭᠠᠵᠠᠷ ᠲᠤᠨᠢ ᠪᠠᠢᠴᠠᠭᠠᠨ ᠦᠵᠡᠭᠰᠡᠨ ᠪᠥᠭᠡᠳ ᠡᠨᠡ ᠬᠦ᠌ 《ᠠᠷᠤ ᠭᠠᠵᠠᠷ ᠤ᠋ᠨ ᠬᠡᠷᠡᠯᠳᠦ ᠰᠤᠪᠤᠳ》 ᠢ᠋ ᠰᠠᠢᠲᠤᠷ ᠰᠠᠬᠢᠨ ᠬᠠᠮᠠᠭᠠᠯᠠᠬᠤ ᠬᠡᠷᠡᠭᠲᠡᠢ ᠭᠡᠵᠦ ᠵᠠᠬᠢᠪᠠ᠃ ᠤᠯᠠᠭᠠᠨᠰᠤᠬᠠᠢ ᠡᠴᠡ ᠬᠢᠬᠢᠷᠢ ᠵᠢᠨ ᠨᠠᠭᠤᠷ ᠬᠦᠷᠲᠡᠯ᠎ᠡ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠤᠨ ᠠᠮᠢ ᠠᠬᠤᠢ᠎ᠶᠢ ᠢᠮᠠᠭᠳᠠ ᠬᠠᠯᠠᠮᠵᠢᠯᠠᠭᠰᠠᠭᠠᠷ ᠢᠷᠡᠵᠠᠢ᠃ ᠡᠲᠡᠭᠡᠷ ᠵᠢᠯᠦᠳᠲᠦ᠍᠂ ᠥᠪᠥᠷ ᠮᠣᠩᠭᠣᠯ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠶ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠠᠲᠤ᠌ ᠴᠣᠭᠴᠠᠯᠠᠬᠤ ᠡᠨᠡ ᠬᠦ᠌ 《ᠤᠯᠤᠰ᠎ᠤᠨ ᠶᠡᠬᠡ ᠶᠠᠪᠤᠳᠠᠯ》 ᠢ᠋ ᠢᠮᠠᠭᠲᠠ ᠪᠠᠲᠤ᠌ ᠴᠡᠭᠡᠵᠢᠯᠡᠵᠦ᠍᠂ ᠥᠷᠭᠡᠨ ᠠᠭᠤᠳᠠᠮ ᠲᠠᠯ᠎ᠠ ᠨᠤᠲᠤᠭ᠎ᠢ《ᠴᠠᠯᠢᠩ᠎ᠲᠠᠶ᠎ᠪᠠᠷ ᠠᠮᠠᠷᠠᠬᠤ》ᠪᠣᠯᠭᠠᠵᠤ᠂ ᠭᠤᠤᠯᠳᠠᠯᠭ᠎ᠠ᠎ᠲᠠᠶ ᠡᠯᠡᠰᠦᠨ ᠴᠥᠯ ᠳᠦ 《ᠵᠠᠬ᠎ᠠ ᠵᠢ ᠨᠢ ᠬᠤᠮᠢᠨ ᠵᠠᠰᠠᠵᠤ》᠂ ᠬᠢᠩᠭᠠᠨ ᠣᠶ ᠰᠢᠭᠤᠶ᠎ᠳᠤ 《ᠮᠤᠳᠤ ᠤᠬᠳᠤᠯᠬᠤ ᠵᠢ ᠵᠣᠭᠰᠣᠭᠠᠵᠤ》᠂ ᠪᠠᠯ ᠭᠠᠵᠠᠷ᠂ ᠠᠲᠠᠷ ᠭᠠᠵᠠᠷ᠂ ᠬᠠᠶᠠᠭᠳᠠᠮᠠᠯ ᠠᠭᠤᠷᠬᠠᠶ ᠵᠡᠷᠭᠡ ᠣᠷᠣᠨ ᠵᠠᠶ᠎ᠶᠢ ᠠᠰᠢᠬᠯᠡᠨ ᠨᠤᠭᠤᠭᠠᠷᠠᠭᠤᠯᠪᠠ ᠁ ᠥᠪᠥᠷ ᠮᠣᠩᠭᠣᠯ᠎ᠤᠨ ᠠᠮᠢ ᠠᠬᠤᠶ ᠣᠷᠴᠢᠨ ᠲᠣᠭᠣᠷᠢᠨ᠎ᠤ ᠶᠠᠰᠤ ᠴᠢᠨᠠᠷ ᠦᠷᠭᠦᠯᠵᠢᠯᠡᠨ ᠰᠠᠶ᠋ᠢᠵᠢᠷᠠᠵᠤ᠂ ᠪᠣᠬᠢᠷᠲᠤᠯ ᠥᠬᠡᠶ ᠨᠤᠲᠤᠭ ᠳᠡᠪᠢᠰᠬᠡᠷ᠎ᠤ᠋ᠨ ᠲᠠᠯᠠᠪᠠᠢ ᠦᠷᠭᠦᠯᠵᠢᠯᠡᠨ ᠥᠷᠭᠡᠳᠪᠡ᠃
ᠠᠮᠢ ᠠᠬᠤᠶ᠎ᠶᠢ ᠰᠠᠬᠢᠨ ᠬᠠᠮᠠᠭᠠᠯᠠᠬᠤ ᠪᠣᠯ ᠥᠪᠥᠷ ᠮᠣᠩᠭᠣᠯ᠎ᠤᠨ ᠡᠷᠬᠡᠪᠰᠢ ᠡᠭᠦᠷᠭᠡᠯᠡᠬᠦ᠌ ᠬᠠᠷᠢᠭᠤᠴᠠᠯᠭ᠎ᠠ ᠮᠥᠨ᠂ ᠰᠠᠶ᠋ᠢᠨ ᠰᠠᠶ᠋ᠢᠬᠠᠨ ᠠᠮᠢ ᠠᠬᠤᠶ᠎ᠳᠤ ᠥᠪᠥᠷ ᠮᠣᠩᠭᠣᠯ᠎ᠤᠨ ᠬᠥᠭᠵᠢᠯᠲᠡ᠎ᠶᠢᠨ ᠳᠠᠯᠳᠠ ᠬᠦᠴᠦᠨ ᠬᠠᠳᠠᠭᠠᠯᠠᠭᠳᠠᠵᠤ ᠪᠠᠶ᠋ᠢᠳᠠᠭ᠃ ᠠᠮᠢ ᠠᠬᠤᠶ᠎ᠶᠢ ᠰᠠᠶ᠋ᠢᠲᠤᠷ ᠬᠠᠮᠠᠭᠠᠯᠠᠵᠤ᠂ ᠠᠮᠢ ᠠᠬᠤᠶ᠎ᠶᠢᠨ ᠳᠠᠪᠠᠭᠤᠯᠢᠭ᠎ᠢ ᠪᠠᠳᠠᠷᠠᠭᠤᠯᠵᠤ᠂ ᠬᠥᠭᠵᠢᠯᠲᠡ᠎ᠶᠢᠨ ᠰᠢᠨ᠎ᠡ ᠬᠥᠳᠡᠯᠭᠡᠬᠦ᠌ ᠡᠨᠧᠷᠭᠢ᠂ ᠰᠢᠨ᠎ᠡ ᠳᠠᠪᠠᠭᠤᠯᠢᠭ᠎ᠢ ᠲᠠᠰᠤᠷᠠᠯᠲᠠ ᠥᠬᠡᠶ ᠪᠣᠶ ᠪᠣᠯᠭᠠᠪᠠᠯ ᠰᠠᠶᠢ ᠬᠥᠭᠵᠢᠯᠲᠡ᠎ᠶᠢᠨ ᠳᠠᠯᠳᠠ ᠬᠦᠴᠦᠨ ᠪᠠ ᠨᠥᠭᠡᠴᠡ ᠬᠦᠴᠦᠨ᠎ᠢ ᠦᠷᠭᠦᠯᠵᠢᠯᠡᠨ ᠴᠢᠩᠭᠠᠷᠠᠭᠤᠯᠵᠤ ᠴᠢᠳᠠᠨ᠎ᠠ᠃ ᠴᠢᠨᠠᠷ ᠰᠠᠶ᠋ᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠬᠠᠮᠠᠭᠠᠯᠠᠯᠲᠠ᠎ᠶᠢ ᠰᠠᠶ᠋ᠢᠲᠤᠷ ᠨᠢᠭᠡᠳᠦᠯᠲᠡᠢ ᠲᠥᠯᠥᠪᠵᠢᠭᠦᠯᠵᠦ᠍᠂ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ᠌ ᠵᠠᠮ᠎ᠢᠶᠠᠷ ᠡᠷᠡᠰ ᠭᠤᠶ᠋ᠢᠪᠢᠰᠢ ᠦᠭᠡᠢ ᠵᠠᠮᠨᠠᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠨᠭᠬ᠎ᠠ᠎ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ᠎ᠲᠡᠶ ᠵᠠᠰᠠᠬᠤ᠎ᠶᠢ ᠪᠠᠷᠢᠮᠲᠠᠯᠠᠵᠤ᠂ ᠨᠡᠭᠦᠷᠡᠰᠦᠲᠦ᠋ᠷᠥᠭᠴᠢᠶᠢᠨ ᠭᠠᠳᠠᠬᠰᠢᠯᠠᠭᠤᠯᠤᠯᠳᠠ ᠵᠢ ᠪᠠᠭᠤᠷᠠᠭᠤᠯᠬᠤ᠂ ᠪᠣᠬᠢᠷᠲᠤᠯ᠎ᠢ ᠪᠠᠭᠠᠰᠬᠠᠬᠤ᠂ ᠨᠣᠭᠣᠭᠠᠷᠠᠭᠤᠯᠤᠯᠲᠠ᠎ᠶᠢ ᠥᠷᠭᠡᠳᠬᠡᠬᠦ᠌᠂ ᠨᠠᠮᠡᠭᠳᠡᠯ ᠢ ᠪᠡᠶᠡᠯᠡᠬᠥᠯᠬᠥ ᠵᠢ ᠬᠠᠮᠵᠢᠯᠴᠠᠭᠤᠯᠤᠨ ᠠᠬᠢᠭᠤᠯᠵᠤ᠂ ᠨᠤᠭᠤ ᠭᠠᠵᠠᠷ᠎ᠢ ᠬᠠᠮᠠᠭᠠᠯᠠᠬᠤ ᠬᠠᠤᠯᠢ᠎ᠶᠢ ᠪᠦᠬᠦ᠌ ᠲᠠᠯ᠎ᠠ᠎ᠪᠠᠷ ᠬᠡᠷᠡᠭᠵᠢᠭᠦᠯᠵᠦ᠍᠂ ᠠᠮᠢ ᠠᠬᠤᠢ᠎ᠶᠢᠨ ᠬᠠᠮᠠᠭᠠᠯᠠᠯᠲᠠ᠎ᠶᠢᠨ ᠤᠯᠠᠭᠠᠨ ᠱᠤᠭᠤᠮ᠎ᠢ ᠴᠢᠩᠭ᠎ᠠ ᠰᠠᠬᠢᠵᠤ᠂ ᠠᠮᠢ ᠠᠬᠤᠢ᠎ᠶᠢᠨ ᠰᠢᠰᠲ᠋ᠧᠮ᠎ᠦᠨ ᠶᠠᠰᠤ ᠴᠢᠨᠠᠷ ᠪᠠ ᠲᠣᠭᠲᠠᠪᠤᠷᠢᠲᠤ᠌ ᠴᠢᠨᠠᠷ᠎ᠢ ᠬᠦᠴᠦᠯᠡᠨ ᠳᠡᠭᠡᠭᠰᠢᠯᠡᠭᠦᠯᠵᠦ᠍᠂ ᠠᠮᠢᠳᠤ ᠪᠣᠳᠠᠰ᠎ᠤᠨ ᠤᠯᠠᠨ ᠶᠠᠩᠵᠤᠲᠤ᠌ ᠴᠢᠨᠠᠷ᠎ᠢ ᠬᠠᠮᠠᠭᠠᠯᠠᠬᠤ ᠬᠡᠷᠡᠭᠲᠡᠢ᠃ ᠥᠨᠳᠥᠷ ᠲᠦᠪᠰᠢᠨ ᠪᠥᠬᠥᠶ ᠣᠷᠴᠢᠨ ᠲᠣᠭᠣᠷᠢᠨ᠎ᠤ ᠬᠠᠮᠠᠭᠠᠯᠠᠯᠲᠠ᠎ᠪᠠᠷ ᠳᠠᠮᠵᠢᠭᠤᠯᠤᠨ᠂ ᠨᠤᠮᠢᠨ ᠤᠰᠤ ᠬᠦᠭᠡᠮᠳᠦᠭ ᠠᠭᠤᠯᠠ ᠵᠢᠨ 《ᠥᠩᠭᠡ ᠵᠢᠰᠦ》 ᠵᠢ ᠲᠠᠰᠤᠷᠠᠯᠲᠠ ᠥᠬᠡᠶ ᠭᠤᠶᠤᠵᠢᠭᠤᠯᠵᠤ᠂ 《ᠨᠣᠭᠣᠭᠠᠨ ᠡᠷᠳᠡᠨᠢᠰ ᠤ᠋ᠨ ᠰᠠᠩ》 ᠢ᠋ ᠨᠠᠩ ᠣᠯᠠᠨ᠎ᠢᠶᠠᠷ《ᠡᠷᠳᠡᠨᠢᠰ ᠬᠤᠷᠠᠭᠤᠯᠬᠤ ᠰᠠᠩ》 ᠪᠣᠯᠭᠠᠨ ᠬᠤᠪᠢᠷᠠᠭᠤᠯᠵᠤ᠂ ᠴᠢᠨᠠᠷ ᠰᠠᠶ᠋ᠢᠲᠠᠶ ᠬᠥᠭᠵᠢᠯᠲᠡ᠎ᠳᠦ ᠲᠠᠰᠤᠷᠠᠯᠲᠠ ᠥᠬᠡᠶ ᠬᠥᠳᠡᠯᠭᠡᠬᠦ᠌ ᠬᠦᠴᠦᠨ ᠨᠡᠮᠡᠷᠢᠯᠡᠬᠦ᠌ ᠬᠡᠷᠡᠭᠲᠡᠶ᠃
ᠨᠤᠮᠢᠨ ᠤᠰᠤ ᠬᠦᠭᠡᠮᠳᠦᠭ ᠠᠭᠤᠯᠠ ᠪᠣᠯ ᠠᠯᠳᠠᠨ ᠠᠭᠤᠯᠠ ᠮᠥᠩᠭᠥᠨ ᠬᠠᠢᠷᠬᠠᠨ ᠮᠥᠨ᠃ ᠠᠮᠢ ᠠᠬᠤᠶ᠎ᠶᠢᠨ《ᠥᠩᠭᠡ ᠵᠢᠰᠦ》ᠵᠢ ᠠᠵᠤ ᠠᠬᠤᠶ᠎ᠶᠢᠨ 《ᠥᠷᠲᠡᠭ》 ᠪᠣᠯᠭᠠᠨ ᠬᠤᠪᠢᠷᠠᠭᠤᠯᠪᠠᠯ᠂ ᠨᠤᠮᠢᠨ ᠤᠰᠤ ᠬᠦᠭᠡᠮᠳᠦᠭ ᠠᠭᠤᠯᠠ ᠰᠠᠶᠢ ᠬᠠᠮᠤᠭ᠎ᠤᠨ ᠪᠠᠲᠤ᠌ ᠴᠢᠩᠭ᠎ᠠ ᠦᠮᠦᠭ ᠲᠦᠰᠢᠭ ᠲᠠᠢ ᠪᠣᠯᠵᠣ ᠴᠢᠳᠠᠨ᠎ᠠ᠃ ᠭᠡᠪᠡᠴᠦ᠍ ᠨᠤᠮᠢᠨ ᠤᠰᠤ ᠬᠦᠭᠡᠮᠳᠦᠭ ᠠᠭᠤᠯᠠ ᠠᠶᠠᠨᠳᠠᠭᠠᠨ ᠠᠯᠳᠠᠨ ᠠᠭᠤᠯᠠ ᠮᠥᠩᠭᠥᠨ ᠬᠠᠢᠷᠬᠠᠨ ᠪᠤᠯᠵᠤ ᠬᠤᠪᠢᠷᠠᠬᠤ ᠦᠭᠡᠢ᠂ ᠳᠤᠮᠳᠠ ᠨᠢ 《ᠬᠤᠪᠢᠷᠠᠭᠤᠯᠬᠤ》 ᠲᠦᠯᠬᠢᠭᠦᠷ ᠪᠠᠶ᠋ᠢᠬᠤ ᠬᠡᠷᠡᠭᠲᠡᠢ᠃ ᠭᠠᠭᠴᠠ ᠬᠦ᠌ ᠡᠨᠡ ᠬᠦ᠌ ᠲᠦᠯᠬᠢᠭᠦᠷ᠎ᠢ ᠣᠯᠵᠤ ᠂ ᠠᠮᠢ ᠠᠬᠤᠶ᠎ᠶᠢᠨ ᠳᠠᠪᠠᠭᠤᠯᠢᠭ᠎ᠢ ᠲᠠᠰᠤᠷᠠᠯᠲᠠ ᠥᠬᠡᠶ ᠬᠥᠭᠵᠢᠯᠲᠡ᠎ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠨᠠᠩ ᠣᠯᠠᠨ ᠬᠥᠮᠦᠨ᠎ᠳᠦ ᠰᠠᠶ᠋ᠢᠨ ᠰᠠᠶ᠋ᠢᠬᠠᠨ ᠠᠮᠢ ᠠᠬᠤᠶ᠎ᠳᠤ ᠠᠭᠤᠯᠤᠭᠳᠠᠵᠤ ᠪᠠᠶ᠋ᠢᠭ᠎ᠠ ᠠᠵᠤ ᠠᠬᠤᠶ ᠨᠡᠶ᠋ᠢᠭᠡᠮ᠎ᠦᠨ ᠦᠨ᠎ᠡ ᠥᠷᠲᠡᠭ᠎ᠢ ᠦᠵᠡᠭᠦᠯᠵᠦ᠍᠂ ᠨᠣᠭᠣᠭᠠᠷᠠᠭᠤᠯᠤᠯᠲᠠ᠎ᠶᠢ ᠬᠠᠶ᠋ᠢᠷᠠᠯᠠᠬᠤ ᠨᠣᠭᠣᠭᠠᠷᠠᠭᠤᠯᠤᠯᠲᠠ᠎ᠶᠢ ᠬᠠᠮᠠᠭᠠᠯᠠᠬᠤ ᠳᠣᠲᠣᠭᠠᠳᠤ ᠬᠥᠳᠡᠯᠭᠡᠬᠦ᠌ ᠬᠦᠴᠦᠨ᠎ᠢ ᠬᠥᠭᠵᠢᠭᠡᠪᠡᠯ ᠰᠠᠶᠢ ᠬᠠᠮᠠᠭᠠᠯᠠᠯᠲᠠ ᠪᠠ ᠬᠥᠭᠵᠢᠯᠲᠡ᠎ᠶᠢᠨ ᠰᠠᠶ᠋ᠢᠨ ᠣᠷᠴᠢᠯ᠎ᠢ ᠪᠡᠶᠡᠯᠡᠭᠦᠯᠵᠦ᠍ ᠴᠢᠳᠠᠨ᠎ᠠ᠃ ᠶᠡᠬᠡ ᠬᠢᠩᠭᠠᠨ ᠳᠠᠪᠠᠭ᠎ᠠ᠎ᠶᠢᠨ ᠰᠢᠭᠤᠶ᠋ᠢᠲᠤ᠌ ᠣᠷᠣᠨ᠎ᠨᠢ ᠠᠮᠢ ᠠᠬᠤᠶ᠎ᠶᠢ ᠰᠠᠢᠳᠤᠷ ᠬᠠᠮᠠᠭᠠᠯᠠᠭᠰᠠᠨ ᠰᠠᠭᠤᠷᠢᠨ ᠳᠡᠭᠡᠷ᠎ᠡ᠂ ᠣᠶ ᠰᠢᠭᠤᠶ᠎ᠶᠢᠨ ᠠᠮᠢ ᠠᠬᠤᠶ᠎ᠶᠢᠨ ᠵᠢᠭᠤᠯᠴᠢᠯᠠᠯ᠎ᠤᠨ ᠣᠷᠣᠨ᠎ᠢ ᠪᠣᠶ ᠪᠣᠯᠭᠠᠵᠤ᠂ ᠣᠶ ᠰᠢᠭᠤᠶ᠎ᠶᠢᠨ ᠢᠳᠡᠭᠡᠨ᠎ᠦ ᠵᠦᠢᠯᠡᠰ᠎ᠢ ᠨᠡᠭᠡᠭᠡᠨ ᠬᠥᠭᠵᠢᠭᠦᠯᠵᠦ᠍᠂ ᠣᠶ ᠰᠢᠭᠤᠶ᠎ᠶᠢᠨ ᠨᠡᠭᠦᠷᠡᠰᠦᠳᠥ᠋ᠷᠥᠭᠴᠢᠬᠤᠷᠠᠭᠤᠯᠬᠤ ᠲᠥᠷᠥᠯ ᠵᠦᠢᠯ᠎ᠦᠨ ᠲᠤᠷᠰᠢᠯᠲᠠ᠎ᠶᠢᠨ ᠴᠡᠭ᠎ᠢ ᠰᠦᠪᠡᠭᠴᠢᠯᠡᠪᠡ; ᠠᠯᠠᠱᠠ《ᠵᠠᠭᠵᠢᠡᠷ ᠡᠯᠡᠰᠦ᠎ᠶᠢ ᠲᠣᠭᠲᠠᠪᠤᠷᠢᠵᠢᠭᠤᠯᠬᠤ + ᠴᠠᠭᠠᠨ ᠭᠣᠶᠣᠣ ᠲᠠᠷᠢᠬᠤ》 ᠡᠯᠡᠰᠦᠨ᠎ᠦ ᠠᠵᠤ ᠦᠢᠯᠡᠰ᠎ᠦᠨ ᠵᠠᠭᠪᠤᠷ᠎ᠢ ᠳᠡᠯᠭᠡᠷᠡᠭᠦᠯᠵᠦ᠍᠂ ᠡᠯᠡᠰᠦ᠎ᠶᠢ ᠵᠠᠰᠠᠬᠤ ᠪᠠ ᠣᠷᠣᠯᠭ᠎ᠠ᠎ᠶᠢ ᠨᠡᠮᠡᠭᠳᠡᠭᠦᠯᠬᠦ᠌᠎ᠶᠢ ᠵᠡᠷᠭᠡ᠎ᠪᠡᠷ ᠴᠢᠬᠤᠯᠠᠴᠢᠯᠠᠬᠤ᠎ᠶᠢ ᠪᠡᠶᠡᠯᠡᠭᠦᠯᠪᠡ; ᠬᠥᠪᠴᠢ᠎ᠶᠢᠨ᠎ᠬᠢᠨ ᠬᠠᠪᠲᠠᠰᠤᠨ ᠳᠡᠭᠡᠷ᠎ᠡ ᠴᠠᠬᠢᠯᠭᠠᠨ ᠭᠠᠷᠭᠠᠵᠤ᠂ ᠬᠠᠪᠲᠠᠰᠤᠨ ᠳᠤᠤᠷ᠎ᠠ ᠡᠪᠡᠰᠦ ᠳᠠᠷᠢᠵᠤ᠂ ᠬᠠᠪᠲᠠᠰᠤᠨ ᠬᠣᠭᠣᠷᠣᠨᠳᠣ ᠲᠡᠵᠢᠭᠡᠨ ᠦᠷᠡᠵᠢᠭᠦᠯᠬᠦ᠌ ᠪᠣᠰᠣᠭ᠎ᠠ ᠴᠣᠭᠴᠠᠲᠤ᠌ ᠠᠵᠤ ᠦᠢᠯᠡᠰ᠎ᠦᠨ ᠰᠢᠰᠲ᠋ᠧᠮ᠎ᠢ ᠪᠠᠶ᠋ᠢᠭᠤᠯᠵᠤ᠂ 《ᠡᠯᠡᠰᠦ᠎ᠶᠢ ᠵᠠᠰᠠᠬᠤ + ᠰᠢᠨ᠎ᠡ ᠡᠨᠧᠷᠭᠢ + ᠳᠠᠷᠢᠵᠤ ᠲᠡᠵᠢᠭᠡᠬᠦ᠌》 ᠨᠡᠶ᠋ᠢᠯᠡᠮᠡᠯ ᠠᠮᠢ ᠠᠬᠤᠶ᠎ᠶᠢᠨ ᠠᠵᠤ ᠦᠢᠯᠡᠰ᠎ᠦᠨ ᠬᠡᠯᠬᠢᠶ᠎ᠡ᠎ᠶᠢ ᠪᠣᠶ ᠪᠣᠯᠭᠠᠪᠠ ᠁ ᠥᠪᠥᠷ ᠮᠣᠩᠭᠣᠯ᠎ᠤᠨ ᠡᠬᠡ ᠭᠠᠵᠠᠷ ᠳᠡᠭᠡᠷ᠎ᠡ᠂ ᠨᠣᠮᠢᠨ ᠨᠣᠭᠣᠭ᠎ᠠ᠎ᠨᠢ ᠬᠥᠭᠡᠭᠡᠴᠡᠯᠳᠦᠨ ᠤᠷᠤᠭᠰᠢᠯᠠᠵᠤ᠂ ᠨᠣᠮᠢᠨ ᠨᠣᠭᠣᠭ᠎ᠠ᠎ᠨᠢ ᠠᠯᠲᠠ ᠪᠣᠯᠭᠠᠭᠰᠠᠨ ᠥᠯᠢᠭᠡᠷᠦᠳᠨᠢ 《ᠬᠥᠮᠦᠨ ᠬᠥᠬᠡᠮᠳᠦᠭ ᠠᠭᠤᠯᠠ᠎ᠶᠢ ᠬᠥᠰᠡᠷᠳᠡᠭᠦᠯᠬᠦ᠌ ᠥᠬᠡᠶ ᠪᠤᠯ ᠬᠥᠬᠡᠮᠳᠦᠭ ᠠᠭᠤᠯᠠ ᠬᠥᠮᠦᠨ᠎ᠢ ᠬᠥᠰᠡᠷᠳᠡᠭᠦᠯᠬᠦ᠌ ᠥᠬᠡᠶ》 ᠭᠡᠳᠡᠭ ᠭᠦᠨ ᠶᠣᠰᠣ᠎ᠶᠢ ᠠᠮᠢᠳᠤᠯᠢᠭ᠎ᠢᠶᠠᠷ ᠭᠡᠷᠡᠴᠢᠯᠡᠪᠡ᠃
ᠴᠢᠬᠢ ᠮᠤᠳᠤ ᠰᠢᠷᠬᠡᠭ ᠡᠪᠡᠰᠦ ᠲᠠᠰᠤᠷᠠᠯᠳᠠ ᠦᠭᠡᠢ ᠪᠤᠢᠵᠢᠪᠠᠯ ᠡᠴᠦᠰ ᠲᠡᠭᠡᠨ ᠢᠭᠴᠤ ᠰᠠᠬᠤᠯᠢᠭ ᠡᠪᠡᠰᠦ ᠪᠡᠯᠴᠢᠭᠡᠷ ᠤᠢ ᠰᠢᠭᠤᠢ ᠪᠤᠯᠵᠤ᠂ ᠵᠢᠵᠢᠭ ᠤᠷᠤᠰᠬᠠᠯ ᠵᠤᠬᠰᠤᠰᠢ ᠦᠭᠡᠢ ᠤᠷᠤᠰᠪᠠᠯ ᠡᠴᠦᠰ ᠲᠡᠭᠡᠨ ᠲᠤᠯᠭᠢᠶᠠᠯᠠᠨ ᠲᠠᠪᠠᠯᠭᠠᠯᠠᠭᠰᠠᠨ ᠭᠤᠤᠯ ᠮᠦᠷᠡᠨ ᠪᠤᠯᠤᠨ᠎ᠠ᠃ ᠪᠢᠳᠡ ᠶᠡᠷᠦᠩᠬᠡᠢ ᠱᠦᠵᠢ᠎ᠶᠢᠨ ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ᠎ᠶᠢ ᠡᠷᠡᠮᠡᠬᠡᠶ᠋ᠢᠯᠡᠨ ᠤᠷᠤᠭᠰᠢᠯᠠᠬᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ᠂ ᠠᠮᠢ ᠠᠬᠤᠢ᠎ᠶᠢ ᠵᠠᠰᠠᠨ ᠰᠡᠷᠭᠦᠭᠡᠬᠦ᠌᠎ᠶᠢ ᠰᠢᠨᠵᠢᠯᠡᠬᠦ᠌ ᠤᠬᠠᠭᠠᠨᠴᠢ ᠵᠦᠢ ᠵᠣᠬᠢᠰᠲᠠᠢ᠎ᠪᠠᠷ ᠥᠷᠨᠢᠭᠦᠯᠵᠦ᠍᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠰᠠᠶ᠋ᠢᠲᠤᠷ ᠬᠢᠵᠦ᠍᠂ ᠦᠷᠭᠦᠯᠵᠢᠯᠡᠨ ᠨᠣᠭᠣᠭᠠᠷᠠᠭᠤᠯᠤᠯᠲᠠ᠎ᠶᠢ ᠥᠷᠭᠡᠳᠬᠡᠵᠦ᠍᠂ ᠨᠣᠭᠣᠭᠠᠷᠠᠭᠤᠯᠤᠯᠲᠠ᠎ᠶᠢ ᠬᠥᠭᠵᠢᠭᠦᠯᠵᠦ᠍᠂ ᠨᠣᠭᠣᠭᠠᠷᠠᠭᠤᠯᠤᠯᠲᠠ᠎ᠶᠢ ᠬᠠᠮᠠᠭᠠᠯᠠᠵᠤ᠂ ᠦᠨᠡᠨ ᠪᠣᠳᠠᠲᠠᠢ ᠠᠮᠢ ᠠᠬᠤᠢ᠎ᠶᠢᠨ ᠬᠠᠷᠢᠭᠤᠯᠲᠠ᠎ᠶᠢᠨ ᠬᠠᠭᠤᠳᠠᠰᠤ᠎ᠪᠠᠷ ᠶᠡᠷᠦᠩᠬᠡᠢ ᠱᠦᠵᠢ᠎ᠶᠢᠨ ᠭᠦᠨ ᠵᠤᠵᠠᠭᠠᠨ ᠬᠠᠶ᠋ᠢᠷ᠎ᠠ ᠬᠠᠯᠠᠮᠵᠢ ᠪᠣᠯᠤᠨ ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ᠎ᠶᠢ ᠬᠠᠷᠢᠭᠤᠯᠬᠤ ᠬᠡᠷᠡᠭᠲᠡᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃