ᠲᠡᠷᠢᠭᠦᠨ ᠨᠢᠭᠤᠷ>ᠴᠠᠭ ᠲᠦᠷᠦ>ᠴᠠᠭ᠎ᠤᠨ ᠰᠢᠭᠦᠮᠵᠢ

2026-10-19 10:56:11

ᠵᠣᠬᠢᠶᠠᠭ᠍ᠴᠢ᠄ ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠰᠢᠭᠦᠮᠵᠢᠯᠡᠭᠴᠢ ᠣᠩᠱᠢᠭ᠍ᠰᠠᠨ ᠣᠳᠠᠭ᠎ᠠ᠄ 3

ᠪᠤᠳᠤᠯᠳᠠ  ᠵᠢᠨ  ᠬᠦᠴᠦᠨ  ᠪᠣᠯ  ᠤᠯᠤᠰ  ᠠᠷᠠᠳ ᠎ᠤᠨ   ᠠᠵᠤ   ᠠᠬᠤᠢ  ᠎ᠶᠢᠨ ᠬᠥᠭᠵᠢᠯᠲᠡ ᠎ᠶᠢᠨ ᠴᠢᠬᠤᠯᠠ  ᠰᠠᠭᠤᠷᠢ  ᠪᠣᠯᠬᠤ  ᠪᠥᠭᠡᠳ  ᠪᠦᠬᠦ  ᠪᠥᠮᠪᠥᠷᠴᠡᠭ ᠎ᠦᠨ ᠥᠷᠢᠰᠦᠯᠳᠦᠭᠡᠨ  ᠎ᠦ   ᠰᠢᠨ᠎ᠡ  ᠲᠥᠪᠯᠡᠷᠡᠯ  ᠎ᠦᠨ  ᠴᠡᠭ   ᠪᠣᠯᠣᠨ᠎ᠠ  ᠃   ᠶᠡᠷᠦᠩᠬᠡᠢ ᠱᠦᠵᠢ  ᠰᠢ ᠵᠢᠨ ᠫᠢᠩ ᠥᠪᠥᠷ ᠮᠣᠩᠭᠣᠯ᠎ᠤᠨ ᠴᠠᠬᠠᠷ ᠳᠡᠭᠡᠳᠦ ᠰᠢᠨ᠎ᠡ ᠮᠡᠷᠭᠡᠵᠢᠯ᠎ᠦᠨ ᠨᠡᠭᠡᠭᠡᠯᠲᠡ᠎ᠶᠢᠨ ᠲᠣᠭᠣᠷᠢᠭ᠋᠎ᠲᠤ ᠪᠠᠢᠴᠠᠭᠠᠨ ᠰᠤᠳᠤᠯᠬᠤ ᠳ᠋ᠠᠭᠠᠨ᠂ 《ᠲᠣᠭᠠᠴᠢᠯᠠᠭᠰᠠᠨ ᠠᠵᠤ ᠠᠬᠤᠢ ᠪᠣᠯᠣᠨ ᠪᠣᠳᠠᠲᠤ ᠴᠣᠭᠴᠠ᠎ᠶᠢᠨ ᠠᠵᠤ ᠠᠬᠤᠢ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠪᠤᠳᠤᠯᠳᠠ ᠵᠢᠨ ᠬᠦᠴᠦᠨ᠎ᠦ ᠳᠠᠪᠠᠭᠤᠯᠢᠭ᠋ ᠎ᠢ ᠲᠠᠰᠤᠷᠠᠯᠲᠠ ᠦᠭᠡᠢ ᠬᠥᠭᠵᠢᠯᠲᠡ᠎ᠶᠢᠨ ᠳᠠᠪᠠᠭᠤᠯᠢᠭ᠋ ᠪᠣᠯᠭᠠᠨ ᠤᠯᠠᠷᠢᠭᠤᠯᠬᠤ ᠬᠡᠷᠡᠭᠲᠡᠢ》 ᠭᠡᠵᠦ ᠴᠢᠬᠤᠯᠠᠴᠢᠯᠠᠪᠠ᠃ ᠪᠢᠳᠡ ᠶᠡᠷᠦᠩᠬᠡᠢ ᠱᠦᠵᠢ ᠎ᠶᠢᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠪᠤᠳᠤᠯᠳᠠ ᠵᠢᠨ ᠬᠦᠴᠦᠨ ᠎ᠦ ᠲᠥᠪ ᠎ᠦᠨ ᠲᠥᠷᠥᠯ ᠵᠦᠢᠯ ᠎ᠦᠨ ᠪᠦᠲᠦᠭᠡᠨ ᠪᠠᠢᠭᠤᠯᠤᠯᠲᠠ ᠪᠠ ᠡᠵᠡᠩᠨᠡᠯᠲᠡ᠎ᠶᠢ ᠯᠠᠪᠳᠠᠭᠤᠨ ᠪᠠᠲᠤᠲᠠᠢ ᠠᠬᠢᠭᠤᠯᠵᠤ᠂ ᠪᠣᠬᠢᠷᠲᠤᠯ ᠦᠭᠡᠢ ᠪᠤᠳᠤᠯᠳᠠ ᠵᠢᠨ ᠬᠦᠴᠦᠨ᠎ᠦ ᠠᠵᠤ ᠦᠢᠯᠡᠰ᠎ᠢ ᠬᠦᠴᠦ᠎ᠪᠡᠨ ᠲᠥᠪᠯᠡᠷᠡᠭᠦᠯᠦᠨ ᠪᠣᠢᠵᠢᠭᠤᠯᠤᠨ ᠪᠤᠵᠠᠭᠠᠢᠷᠠᠭᠤᠯᠵᠤ᠂ ᠲᠣᠭᠠᠴᠢᠯᠠᠭᠰᠠᠨ ᠳᠤᠮᠳᠠᠳᠤ ᠤᠯᠤᠰ ᠎ᠤᠨ ᠪᠦᠲᠦᠭᠡᠨ ᠪᠠᠢᠭᠤᠯᠤᠯᠲᠠ ᠎ᠶᠢ ᠲᠦᠷᠭᠡᠳᠬᠡᠬᠦ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠵᠤᠵᠠᠭᠠᠳᠬᠠᠬᠤ ᠎ᠳᠤ ᠥᠪᠥᠷ ᠮᠣᠩᠭᠣᠯ ᠎ᠤᠨ ᠨᠡᠩ ᠤᠯᠠᠨ ᠬᠦᠴᠦᠨ ᠴᠢᠳᠠᠯ ᠎ᠢᠶᠠᠨ ᠡᠷᠭᠦᠬᠦ ᠬᠡᠷᠡᠭᠲᠡᠢ᠃

ᠥᠪᠥᠷ ᠮᠣᠩᠭᠣᠯ ᠎ᠳᠤ 《ᠰᠠᠯᠬᠢ ᠭᠡᠷᠡᠯ ᠤ᠋ᠨ ᠡᠨ᠋ᠸᠷᠭᠢ ᠲᠠᠢ᠂ ᠨᠡᠭᠦᠷᠡᠰᠦ᠎ᠲᠠᠢ᠂ ᠴᠠᠬᠢᠯᠭᠠᠨ ᠲᠣᠣᠷ᠎ᠲᠠᠢ》᠂ ᠬᠡᠷᠬᠢᠨ ᠥᠪᠡᠷᠮᠢᠴᠡ ᠳᠠᠪᠠᠭᠤᠯᠢᠭ᠋᠎ᠢᠶᠠᠨ ᠪᠠᠳᠠᠷᠠᠭᠤᠯᠵᠤ᠂ ᠠᠵᠤ ᠠᠬᠤᠢ᠎ᠶᠢᠨ ᠬᠥᠭᠵᠢᠯᠲᠡ᠎ᠶᠢᠨ ᠶᠠᠰᠤ ᠴᠢᠨᠠᠷ ᠪᠣᠯᠣᠨ ᠲᠦᠪᠰᠢᠨ᠎ᠢ ᠳᠡᠭᠡᠭᠰᠢᠯᠡᠭᠦᠯᠬᠦ ᠲᠤᠬᠠᠢ ᠶᠡᠷᠦᠩᠬᠡᠢ ᠱᠦᠵᠢ ᠰᠢ ᠵᠢᠨ ᠫᠢᠩ ᠲᠤᠢᠯ ᠎ᠢᠶᠠᠷ ᠬᠠᠯᠠᠮᠵᠢᠯᠠᠵᠤ᠂ ᠤᠯᠠᠨ ᠤᠳᠠᠭ᠎ᠠ ᠵᠢᠭᠠᠨ ᠵᠢᠯᠣᠭᠣᠳᠪᠠ᠃ ᠴᠢᠩ ᠰᠡᠳᠬᠢᠯ ᠎ᠦᠨ ᠬᠦᠰᠡᠯ ᠨᠠᠶ᠋ᠢᠳᠠᠯᠭ᠎ᠠ ᠨᠢ ᠦᠭᠡ ᠬᠦᠨᠳᠦ ᠤᠳᠬ᠎ᠠ ᠬᠦᠨ ᠪᠠᠢᠵᠤ᠂ ᠥᠪᠥᠷ ᠮᠣᠩᠭᠣᠯ᠎ᠤᠨ ᠬᠥᠭᠵᠢᠯᠳᠡ ᠵᠢᠨ ᠤᠷᠤᠭᠰᠢᠯᠠᠯᠲᠠ᠎ᠶᠢᠨ ᠴᠢᠭᠯᠡᠯ᠎ᠢ ᠤᠯᠠᠮ ᠨᠢᠭᠡ ᠠᠯᠬᠤᠮ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠤ᠂ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠪᠡ᠃ ᠶᠡᠷᠦᠩᠬᠡᠢ ᠱᠦᠵᠢ ᠰᠢ ᠵᠢᠨ ᠫᠢᠩ᠎ᠦᠨ ᠵᠢᠭᠠᠭᠰᠠᠨ ᠴᠢᠭᠯᠡᠯ᠎ᠢᠶᠡᠷ ᠡᠷᠡᠰ ᠭᠤᠢᠪᠢᠰᠢ ᠦᠭᠡᠢ ᠡᠷᠡᠮᠡᠬᠡᠢᠯᠡᠨ ᠤᠷᠤᠭᠰᠢᠯᠠᠵᠤ᠂ ᠤᠯᠠᠮᠵᠢᠯᠠᠯᠲᠤ ᠡᠨᠧᠷᠭᠢ᠎ᠶᠢᠨ ᠠᠵᠤ ᠦᠢᠯᠡᠰ᠎ᠦᠨ ᠬᠡᠯᠪᠡᠷᠢ᠎ᠶᠢ ᠬᠤᠪᠢᠷᠠᠭᠤᠯᠤᠨ ᠲᠡᠰ ᠳᠡᠪᠰᠢᠭᠦᠯᠬᠦ᠎ᠶᠢ ᠠᠬᠢᠭᠤᠯᠵᠤ᠂ ᠪᠣᠬᠢᠷᠲᠤᠯ ᠦᠭᠡᠢ ᠡᠨᠧᠷᠭᠢ᠎ᠶᠢ ᠶᠡᠬᠡ᠎ᠪᠡᠷ ᠬᠥᠭᠵᠢᠭᠦᠯᠵᠦ᠂ ᠤᠯᠤᠰ᠎ᠤᠨ ᠴᠢᠬᠤᠯᠠ ᠡᠨᠧᠷᠭᠢ᠎ᠶᠢᠨ ᠰᠠᠭᠤᠷᠢᠨ᠎ᠢ ᠪᠤᠵᠠᠭᠠᠢᠷᠠᠭᠤᠯᠤᠨ ᠬᠦᠴᠦᠷᠬᠡᠭᠵᠢᠭᠦᠯᠬᠦ᠎ᠳᠦ ᠥᠪᠥᠷ ᠮᠣᠩᠭᠣᠯ᠎ᠤᠨ ᠢᠷᠡᠭᠡᠳᠦᠢ ᠭᠡᠭᠡᠨ ᠰᠠᠷᠠᠭᠤᠯ᠂ ᠶᠡᠬᠡᠬᠡᠨ ᠠᠵᠢᠯ ᠶᠠᠪᠤᠳᠠᠯ ᠪᠦᠲᠦᠭᠡᠵᠦ ᠪᠣᠯᠬᠤ ᠶᠤᠮ᠃

ᠪᠣᠬᠢᠷᠲᠤᠯ ᠦᠭᠡᠢ ᠪᠤᠳᠤᠯᠳᠠ ᠵᠢᠨ ᠬᠦᠴᠦᠨ ᠢ᠋ ᠬᠥᠭᠵᠢᠭᠦᠯᠬᠦ ᠪᠣᠯ ᠥᠪᠥᠷ ᠮᠣᠩᠭᠣᠯ᠎ᠤᠨ ᠳᠠᠪᠠᠭᠤᠯᠢᠭ᠋᠎ᠲᠠᠭᠠᠨ ᠰᠠᠭᠤᠷᠢᠯᠠᠵᠤ᠂ ᠠᠵᠠ ᠲᠣᠬᠢᠶᠠᠯ᠎ᠢ ᠠᠮᠵᠢᠨ ᠰᠢᠨ᠎ᠡ ᠴᠢᠨᠠᠷ ᠤ᠋ᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠤᠨ ᠬᠥᠭᠵᠢᠭᠦᠯᠬᠦ ᠴᠢᠬᠤᠯᠠ ᠭᠠᠷᠳᠠᠴᠠ ᠪᠣᠯᠣᠨ᠎ᠠ᠃ ᠬᠣᠪᠣᠷ ᠴᠤᠬᠠᠭ ᠰᠠᠯᠬᠢ ᠭᠡᠷᠡᠯ ᠤ᠋ᠨ ᠡᠨ᠋ᠸᠷᠭᠢ ᠬᠦᠢᠳᠡᠨ ᠰᠡᠷᠢᠭᠦᠨ ᠡᠬᠢ ᠪᠠᠶᠠᠯᠢᠭ᠋ ᠲᠠᠢ᠂ ᠤᠯᠤᠰ᠎ᠤᠨ ᠲᠠᠰ᠎ᠤᠨ ᠪᠤᠳᠤᠯᠳᠠ ᠵᠢᠨ ᠬᠦᠴᠦᠨ ᠤ᠋ ᠬᠦᠢᠰᠦ ᠵᠢᠨ ᠪᠠᠢᠷᠢ ᠲᠣᠭᠲᠠᠭᠠᠯᠲᠠ ᠪᠠ ᠡᠳᠦᠷ ᠢᠷᠡᠬᠦᠶ᠎ᠡ ᠲᠡᠭᠦᠯᠳᠡᠷᠵᠢᠵᠦ ᠪᠠᠢᠭ᠎ᠠ ᠠᠵᠤ ᠦᠢᠯᠡᠰ᠎ᠦᠨ ᠠᠮᠢ ᠠᠬᠤᠢ ᠲᠠᠢ ᠪᠠᠢᠵᠤ᠂ ᠥᠪᠥᠷ ᠮᠣᠩᠭᠣᠯ᠎ᠤᠨ ᠪᠣᠬᠢᠷᠲᠤᠯ ᠦᠭᠡᠢ ᠪᠤᠳᠤᠯᠳᠠ ᠵᠢᠨ ᠬᠦᠴᠦᠨ ᠤ᠋ ᠬᠥᠭᠵᠢᠯᠲᠡ᠎ᠶᠢᠨ ᠳᠠᠪᠠᠭᠤᠯᠢᠭ᠋ ᠦᠪᠡᠷᠮᠢᠴᠡ ᠰᠠᠢᠨ ᠪᠠᠢᠨ᠎ᠠ᠃ ᠡᠨᠡ ᠵᠢᠯ᠎ᠦᠨ 8 ᠰᠠᠷ᠎ᠠ ᠪᠣᠯᠲᠠᠯ᠎ᠠ᠂ ᠥᠪᠥᠷ ᠮᠣᠩᠭᠣᠯ᠎ᠤᠨ ᠪᠤᠳᠤᠯᠳᠠ ᠵᠢᠨ ᠬᠦᠴᠦᠨ᠎ᠦ ᠶᠡᠷᠦᠩᠬᠡᠶ ᠬᠡᠪᠴᠢᠶ᠎ᠡ 36.3 ᠲᠦᠮᠡᠨ P᠎ᠳᠤ ᠬᠦᠷᠴᠦ᠍᠂ ᠣᠶᠤᠨᠳᠤ ᠪᠤᠳᠤᠯᠳᠠ ᠵᠢᠨ ᠬᠦᠴᠤᠨ 34.2 ᠲᠦᠮᠡᠨ P ᠎ᠳᠤ ᠬᠦᠷᠴᠦ᠍᠂ ᠴᠥᠮ ᠪᠥᠬᠥ᠌ ᠤᠯᠤᠰ᠎ᠤᠨ ᠡᠮᠦᠨ᠎ᠡ ᠡᠩᠨᠡᠭᠡᠨ᠎ᠳᠦ ᠣᠷᠣᠵᠤ᠂ ᠲᠤᠭ᠎ᠠ ᠪᠠᠷᠢᠮᠲᠠ᠎ᠶᠢᠨ ᠲᠥᠪ᠎ᠦᠨ ᠪᠤᠬᠢᠷᠳᠤᠯ ᠦᠭᠡᠢ ᠴᠠᠬᠢᠯᠭᠠᠨ᠎ᠤ ᠶᠡᠷᠦᠩᠬᠡᠶ᠋ᠢᠯᠡᠭᠰᠡᠨ ᠬᠡᠷᠡᠭᠯᠡᠯᠲᠡ᠎ᠶᠢᠨ ᠨᠣᠷᠮ᠎ᠠ 85% ᠵᠢ ᠳᠠᠪᠠᠪᠠ᠃ ᠶᠡᠷᠦᠩᠬᠡᠶ ᠱᠦᠵᠢ᠎ᠶᠢᠨ ᠬᠦᠰᠡᠯ ᠨᠠᠶ᠋ᠢᠳᠠᠯᠭ᠎ᠠ᠎ᠶᠢ ᠪᠠᠲᠤ᠌ ᠴᠡᠭᠡᠵᠢᠯᠡᠵᠦ᠍᠂ ᠪᠤᠳᠤᠯᠳᠠ ᠵᠢᠨ ᠬᠦᠴᠦᠨ᠎ᠦ ᠠᠵᠤ ᠦᠢᠯᠡᠰ᠎ᠦᠨ ᠴᠢᠨᠠᠷ ᠰᠠᠶ᠋ᠢᠲᠠᠶ ᠬᠥᠭᠵᠢᠯᠲᠡ᠎ᠶᠢ ᠠᠬᠢᠭᠤᠯᠬᠤ᠎ᠳᠤ᠂ ᠥᠪᠥᠷ ᠮᠣᠩᠭᠣᠯ ᠰᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠬᠦ᠌᠎ᠶᠢ ᠴᠢᠩᠭᠠᠳᠬᠠᠵᠤ᠂ ᠡᠯᠧᠮᠧᠨ᠋ᠲ᠎ᠦᠨ ᠪᠠᠲᠤᠯᠠᠭ᠎ᠠ᠎ᠶᠢ ᠴᠢᠩᠭᠠᠳᠬᠠᠵᠤ᠂ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠴᠢᠩᠭ᠎ᠠ ᠰᠠᠬᠢᠵᠤ᠂ ᠠᠵᠤ ᠦᠢᠯᠡᠰ᠎ᠦᠨ ᠬᠡᠯᠬᠢᠶ᠎ᠡ᠎ᠶᠢ ᠢᠳᠡᠪᠬᠢᠲᠡᠶ ᠤᠷᠲᠤᠳᠬᠠᠵᠤ᠂ ᠲᠣᠭᠠᠴᠢᠯᠠᠭᠰᠠᠨ ᠠᠵᠤ ᠠᠬᠤᠶ ᠪᠣᠯᠤᠨ ᠪᠣᠳᠠᠲᠤ᠌ ᠴᠣᠭᠴᠠ᠎ᠶᠢᠨ ᠠᠵᠤ ᠠᠬᠤᠶ᠎ᠶᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ ᠂ ᠪᠤᠳᠤᠯᠳᠠ ᠵᠢᠨ ᠬᠦᠴᠦᠨ᠎ᠦ ᠳᠠᠪᠠᠭᠤᠯᠢᠭ᠎ᠢ ᠬᠥᠭᠵᠢᠯᠲᠡ᠎ᠶᠢᠨ ᠳᠠᠪᠠᠭᠤᠯᠢᠭ ᠪᠣᠯᠭᠠᠨ ᠤᠯᠠᠷᠢᠭᠤᠯᠬᠤ᠎ᠪᠠᠷ ᠴᠢᠷᠮᠠᠶ᠋ᠢᠬᠤ ᠬᠡᠷᠡᠭᠲᠡᠶ᠃

《 ᠵᠡᠬᠦᠨᠳᠡᠬᠢ ᠲᠤᠭ᠎ᠠ ᠪᠠᠷᠢᠮᠳᠠ ᠵᠢ ᠪᠠᠷᠠᠭᠤᠨᠳᠡᠬᠢ ᠪᠤᠳᠤᠯᠳᠠ ᠵᠢᠨ ᠬᠦᠴᠤᠨ ᠵᠢᠡᠷ ᠲᠤᠯᠭᠠᠭᠤᠷᠢᠯᠠᠬᠤ》 ᠢᠨᠵᠧᠨᠧᠷᠢᠩ᠎ᠢ ᠬᠡᠷᠡᠭᠵᠢᠭᠦᠯᠵᠦ᠍ ᠂ ᠪᠥᠬᠥ᠌ ᠤᠯᠤᠰ᠎ᠤᠨ ᠨᠢᠭᠡ ᠴᠣᠭᠴᠠᠵᠢᠭᠰᠠᠨ ᠪᠤᠳᠤᠯᠳᠠ ᠵᠢᠨ ᠬᠦᠴᠦᠨ᠎ᠦ ᠲᠤᠤᠷ᠎ᠢ ᠪᠠᠶ᠋ᠢᠭᠤᠯᠬᠤ ᠪᠣᠯ ᠨᠠᠮ᠎ᠤᠨ ᠲᠥᠪ ᠬᠣᠷᠢᠶ᠎ᠠ ᠵᠢᠨ ᠨᠢᠭᠡᠨ ᠴᠢᠬᠤᠯᠠ ᠪᠠᠶ᠋ᠢᠷᠢᠯᠠᠭᠤᠯᠤᠯᠲᠠ ᠪᠣᠯᠤᠨ᠎ᠠ᠃ ᠲᠤᠰ ᠤᠳᠠᠭ᠎ᠠ᠎ᠶᠢᠨ ᠰᠢᠨᠵᠢᠯᠡᠨ ᠪᠠᠶ᠋ᠢᠴᠠᠭᠠᠬᠤ ᠬᠤᠭᠤᠴᠠᠭᠠᠨ᠎ᠳᠤ᠂ ᠶᠡᠷᠦᠩᠬᠡᠢ ᠱᠦᠵᠢ ᠰᠢ ᠵᠢᠨ ᠫᠢᠩ ᠪᠤᠳᠤᠯᠳᠠ ᠵᠢᠨ ᠬᠦᠴᠦᠨ᠎ᠦ ᠠᠵᠤ ᠦᠢᠯᠡᠰ᠎ᠦᠨ ᠬᠥᠭᠵᠢᠯᠲᠡ᠎ᠳᠦ ᠥᠨᠳᠥᠷ ᠪᠦᠲᠦᠮᠵᠢᠲᠡᠢ᠂ ᠪᠣᠬᠢᠷᠲᠤᠯ ᠦᠭᠡᠢ ᠂ ᠠᠮᠤᠷ ᠲᠦᠪᠰᠢᠨ᠎ᠦ ᠱᠠᠭᠠᠷᠳᠠᠯᠭ᠎ᠠ᠎ᠶᠢ ᠨᠠᠷᠢᠨ ᠬᠢᠨᠠᠮᠠᠭᠠᠢ ᠨᠠᠶ᠋ᠢᠳᠠᠪᠤᠷᠢᠵᠢᠭᠤᠯᠵᠤ᠂《ᠪᠤᠳᠤᠯᠳᠠ ᠵᠢᠨ ᠬᠦᠴᠤᠨ ᠪᠤᠯᠤᠨ ᠴᠠᠬᠢᠯᠭᠠᠨ ᠬᠦᠴᠤᠨ᠎ᠤ ᠬᠠᠮᠵᠢᠯᠴᠠᠭ᠎ᠠ》᠂《ᠪᠤᠳᠤᠯᠳᠠ ᠵᠢᠨ ᠬᠦᠴᠤᠨ ᠪᠤᠯᠤᠨ ᠤᠰᠤᠨ᠎ᠤ ᠡᠬᠢ ᠪᠠᠶᠠᠯᠢᠭ ᠤ᠋ᠨ ᠬᠠᠮᠵᠢᠯᠴᠠᠭ᠎ᠠ》ᠵᠢ ᠴᠢᠬᠤᠯᠠᠴᠢᠯᠠᠬᠤ ᠬᠡᠷᠡᠭᠲᠡᠢ ᠭᠡᠵᠦ᠍ ᠲᠣᠳᠣᠷᠬᠠᠢ ᠳᠤᠷᠠᠳᠴᠠᠢ᠃ ᠤᠯᠤᠰ᠎ᠤᠨ《ᠵᠡᠬᠦᠨᠳᠡᠬᠢ ᠲᠤᠭ᠎ᠠ ᠪᠠᠷᠢᠮᠳᠠ ᠵᠢ ᠪᠠᠷᠠᠭᠤᠨᠳᠡᠬᠢ ᠪᠤᠳᠤᠯᠳᠠ ᠵᠢᠨ ᠬᠦᠴᠤᠨ ᠵᠢᠡᠷ ᠲᠤᠯᠭᠠᠭᠤᠷᠢᠯᠠᠬᠤ》ᠢᠨᠵᠧᠨᠧᠷᠢᠩ᠎ᠦᠨ ᠨᠠᠢ᠍ᠮᠠᠨ ᠶᠡᠬᠡ ᠬᠦᠢᠰᠦ ᠵᠠᠩᠭᠢᠯᠠᠭ᠎ᠠ᠎ᠶᠢᠨ ᠴᠡᠭ᠎ᠦᠨ ᠨᠢᠭᠡ ᠪᠣᠯᠤᠭᠰᠠᠨ᠎ᠤ ᠬᠤᠪᠢ᠎ᠳᠤ᠂ ᠥᠪᠥᠷ ᠮᠣᠩᠭᠣᠯ 《ᠵᠡᠬᠦᠨᠳᠡᠬᠢ ᠲᠤᠭ᠎ᠠ ᠪᠠᠷᠢᠮᠳᠠ ᠵᠢ ᠪᠠᠷᠠᠭᠤᠨᠳᠡᠬᠢ ᠪᠤᠳᠤᠯᠳᠠ ᠵᠢᠨ ᠬᠦᠴᠤᠨ ᠵᠢᠡᠷ ᠲᠤᠯᠭᠠᠭᠤᠷᠢᠯᠠᠬᠤ》ᠪᠠᠶ᠋ᠢᠯᠳᠤᠬᠤ ᠪᠣᠳᠣᠯᠭ᠎ᠠ᠎ᠶᠢᠨ ᠠᠵᠠ ᠲᠣᠬᠢᠶᠠᠯ᠎ᠢ ᠠᠮᠵᠢᠵᠤ᠂ ᠲᠣᠰ ᠪᠡᠶ᠎ᠡ᠎ᠶᠢᠨ ᠳᠠᠪᠠᠭᠤᠯᠢᠭ᠎ᠲᠠᠭᠠᠨ ᠰᠠᠭᠤᠷᠢᠯᠠᠨ᠂ ᠪᠣᠬᠢᠷᠲᠤᠯ ᠥᠬᠡᠶ ᠪᠤᠳᠤᠯᠳᠠ ᠵᠢᠨ ᠬᠦᠴᠦᠨ᠎ᠦ ᠠᠵᠤ ᠦᠢᠯᠡᠰ᠎ᠦᠨ ᠰᠢᠮᠡᠳᠦ ᠬᠥᠷᠥᠰᠥ᠎ᠶᠢ ᠪᠥᠬᠥ᠌ ᠬᠦᠴᠦᠨ᠎ᠢᠶᠡᠷ᠎ᠢᠶᠡᠨ ᠪᠤᠢᠵᠢᠭᠤᠯᠵᠤ᠂ ᠪᠥᠬᠥ᠌ ᠤᠯᠤᠰ᠎ᠤᠨ ᠨᠢᠭᠡ ᠴᠤᠭᠴᠠᠵᠢᠭᠤᠯᠤᠭᠰᠠᠨ ᠪᠤᠳᠤᠯᠳᠠ ᠵᠢᠨ ᠬᠦᠴᠦᠨ᠎ᠦ ᠲᠤᠤᠷ᠎ᠤᠨ ᠪᠥᠲᠥᠭᠡᠨ ᠪᠠᠶ᠋ᠢᠭᠤᠯᠤᠯᠲᠠ᠎ᠳᠤ ᠦᠢᠯᠡᠴᠢᠯᠡᠬᠦ᠌ ᠲᠠᠯ᠎ᠠ᠎ᠪᠠᠷ ᠳᠠᠪᠠᠭᠤᠯᠢᠭ᠎ᠢᠶᠠᠨ ᠪᠠᠳᠠᠷᠠᠭᠤᠯᠵᠤ᠂ ᠲᠣᠰ ᠪᠡᠶ᠎ᠡ᠎ᠶᠢᠨ ᠪᠣᠳᠠᠲᠤ᠌ ᠪᠠᠶ᠋ᠢᠳᠠᠯ᠎ᠲᠠᠶ᠎ᠪᠠᠨ ᠨᠡᠶ᠋ᠢᠴᠡᠭᠰᠡᠨ ᠴᠢᠨᠠᠷ ᠰᠠᠶ᠋ᠢᠲᠠᠶ ᠬᠥᠭᠵᠢᠯᠲᠡ᠎ᠶᠢᠨ ᠵᠠᠮ᠎ᠢᠶᠠᠷ ᠵᠠᠮᠨᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠯᠠᠪᠳᠠᠭᠤᠨ᠎ᠢᠶᠠᠷ ᠬᠤᠯᠠ ᠠᠶᠠᠯᠠᠬᠤ ᠵᠢ ᠠᠬᠢᠭᠤᠯᠬᠤ ᠬᠡᠷᠡᠭᠲᠡᠶ᠃

ᠵᠢᠭᠦᠷ᠎ᠢᠶᠡᠨ ᠳᠡᠯᠭᠡᠨ ᠬᠦᠭᠡ ᠤᠬᠳᠠᠷᠭᠤᠢ ᠎ᠳᠤ ᠲᠡᠬᠦᠯᠢᠨ᠂ ᠰᠦᠷ ᠲᠠᠯᠠᠢᠴᠠᠳᠠᠢ ᠪᠠᠷ ᠰᠢᠨ᠎ᠠ ᠠᠶᠠᠨ ᠳ᠋ᠠᠭᠠᠨ ᠮᠤᠷᠳᠠᠨᠠᠮ᠃ ᠪᠣᠬᠢᠷᠲᠤᠯ ᠦᠭᠡᠢ ᠪᠤᠳᠤᠯᠳᠠ ᠵᠢᠨ ᠬᠦᠴᠦᠨ᠎ᠦ ᠠᠵᠤ ᠦᠢᠯᠡᠰ᠎ᠢ ᠪᠦᠬᠦ᠌ ᠬᠦᠴᠦᠨ᠎ᠢᠶᠡᠷ᠎ᠢᠶᠡᠨ ᠪᠤᠵᠠᠭᠠᠶ᠋ᠢᠷᠠᠭᠤᠯᠤᠨ ᠬᠦᠴᠦᠷᠬᠡᠭᠵᠢᠭᠦᠯᠬᠦ᠌᠎ᠳᠦ ᠥᠪᠥᠷ ᠮᠣᠩᠭᠣᠯ ᠢᠲᠡᠭᠡᠯ ᠲᠡᠭᠦᠯᠳᠡᠷ᠂ ᠬᠦᠴᠦᠨ ᠲᠡᠭᠦᠯᠳᠡᠷ᠂ ᠨᠥᠭᠡᠴᠡ ᠬᠦᠴᠦᠨ ᠲᠡᠭᠦᠯᠳᠡᠷ ᠪᠠᠶ᠋ᠢᠨ᠎ᠠ᠃ ᠪᠢᠳᠡ ᠬᠠᠷᠢᠭᠤᠴᠠᠯᠭᠠᠲᠤ᠌ ᠰᠡᠳᠬᠢᠯᠭᠡ᠂ ᠡᠭᠦᠷᠭᠡᠲᠦ᠍ ᠪᠤᠳᠤᠯ ᠪᠠ ᠲᠤᠯᠭᠠᠮ ᠰᠡᠳᠬᠢᠯᠭᠡ ᠪᠡᠨ ᠦᠨᠡᠨ ᠬᠦ᠌ ᠴᠢᠩᠭᠠᠳᠬᠠᠵᠤ᠂ ᠶᠡᠷᠦᠩᠬᠡᠢ ᠱᠦᠵᠢ᠎ᠶᠢᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭᠠᠪᠤᠷᠢ ᠪᠠ ᠱᠠᠭᠠᠷᠳᠠᠯᠭ᠎ᠠ᠎ᠶᠢ ᠦᠢᠯᠡᠳᠦᠯᠭᠡ᠎ᠳᠦ ᠨᠠᠶ᠋ᠢᠳᠠᠪᠤᠷᠢᠵᠢᠭᠤᠯᠵᠤ ᠂ ᠡᠮᠦᠨ᠎ᠡ ᠹᠷᠣᠨᠲ᠎ᠲᠤ᠌ ᠲᠤᠭᠤᠰᠢᠯᠠᠭᠤᠯᠵᠤ ᠂ ᠪᠤᠳᠤᠯᠳᠠ ᠵᠢᠨ ᠬᠦᠴᠦᠨ᠎ᠦ ᠬᠡᠪᠴᠢᠶ᠎ᠡ᠂ ᠪᠤᠳᠤᠯᠳᠠ ᠵᠢᠨ ᠬᠦᠴᠤᠨ ᠪᠤᠯᠤᠨ ᠴᠠᠬᠢᠯᠭᠠᠨ ᠬᠦᠴᠤᠨ᠎ᠤ ᠬᠠᠮᠵᠢᠯᠴᠠᠭ᠎ᠠ᠂ ᠪᠤᠳᠤᠯᠳᠠ ᠵᠢᠨ ᠬᠦᠴᠤᠨ ᠪᠤᠯᠤᠨ ᠤᠰᠤᠨ᠎ᠤ ᠡᠬᠢ ᠪᠠᠶᠠᠯᠢᠭ ᠤ᠋ᠨ ᠬᠠᠮᠵᠢᠯᠴᠠᠭ᠎ᠠ ᠵᠡᠷᠭᠡ ᠲᠠᠯ᠎ᠠ᠎ᠪᠠᠷ ᠲᠠᠰᠤᠷᠠᠯᠳᠠ ᠦᠭᠡᠢ ᠰᠢᠨ᠎ᠡ ᠰᠢᠪᠲᠤᠯᠤᠯᠲᠠ ᠭᠠᠷᠭᠠᠵᠤ ᠂ ᠨᠡᠩ ᠤᠯᠠᠨ ᠪᠣᠬᠢᠷᠲᠤᠯ ᠦᠭᠡᠢ ᠪᠤᠳᠤᠯᠳᠠ ᠵᠢᠨ ᠬᠦᠴᠦᠨ ᠵᠢᠡᠷ ᠰᠢᠨ᠎ᠡ ᠴᠢᠨᠠᠷ᠎ᠤᠨ ᠢᠷᠡᠭᠡᠳᠦᠢ᠎ᠵᠢ ᠴᠤᠭᠴᠠᠯᠠᠬᠤ᠎ᠳᠤ ᠬᠦᠴᠦᠨ ᠨᠡᠮᠡᠷᠢᠯᠡᠬᠦ᠌ ᠬᠡᠷᠡᠭᠲᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面