2026-10-19 16:55:56
ᠥᠪᠥᠷ ᠮᠣᠩᠭᠣᠯ ᠭᠡᠵᠤ ᠠᠭᠤᠷ ᠠᠮᠢᠰᠬᠤᠯ ᠤ᠋ᠨ ᠬᠤᠪᠢᠷᠠᠯᠲᠠ ᠶᠡᠬᠡ᠂ ᠠᠮᠢ ᠠᠬᠤᠶ ᠢ᠋ᠢᠨ ᠵᠠᠰᠠᠯᠲᠠ ᠢ᠋ᠢᠨ ᠡᠭᠦᠷᠭᠡ ᠬᠦᠨᠳᠤ ᠭᠠᠵᠠᠷ ᠣᠷᠣᠨ ᠤ᠋ ᠨᠢᠭᠡ ᠪᠣᠯᠤᠨ᠎ᠠ᠃ ᠤᠯᠠᠨ ᠵᠢᠯ ᠤ᠋ᠨ ᠲᠤᠷᠰᠢ ᠡᠯᠡᠰᠦᠷᠬᠡᠭᠵᠢᠯ ᠢ᠋ ᠰᠡᠷᠭᠡᠢᠯᠡᠨ ᠡᠯᠡᠰᠤ ᠢ᠋ᠢ ᠵᠠᠰᠠᠬᠤ ᠠᠵᠢᠯ ᠠᠭᠠᠷ ᠤ᠋ᠨ ᠳᠤᠯᠠᠭᠠᠨ ᠤ᠋ ᠵᠦᠷᠢᠶ᠎ᠠ ᠶᠡᠬᠡ᠂ ᠬᠤᠷ᠎ᠠ ᠲᠤᠨᠳᠠᠰᠤᠨ ᠤ᠋ ᠲᠠᠷᠬᠠᠯᠲᠠ ᠲᠡᠭᠰᠢ ᠪᠤᠰᠤ᠂ ᠰᠠᠯᠬᠢᠨ ᠤ᠋ ᠬᠦᠴᠦ ᠶᠡᠬᠡ ᠵᠡᠷᠭᠡ ᠬᠦᠨ ᠳᠠᠪᠬᠤᠷᠭ᠎ᠠ ᠢ᠋ᠢᠨ ᠠᠭᠤᠷ ᠠᠮᠢᠰᠬᠤᠯ ᠤ᠋ᠨ ᠰᠤᠷᠢᠯᠲᠠ ᠰᠢᠯᠭᠠᠯᠲᠠᠳᠤ ᠳᠤᠯᠭᠠᠷᠠᠭᠰᠠᠭᠠᠷ ᠢᠷᠡᠭᠰᠡᠨ ᠶᠤᠮ᠃
ᠭᠡᠪᠡᠴᠤ ᠴᠠᠭ ᠠᠭᠤᠷ ᠤ᠋ᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠳ᠋ᠤ ᠲᠦᠰᠢᠭᠯᠡᠨ ᠠᠭᠤᠷ ᠠᠮᠢᠰᠬᠤᠯ ᠤ᠋ᠨ ᠰᠤᠷᠢᠯᠲᠠ ᠰᠢᠯᠭᠠᠯᠲᠠ ᠢ᠋ᠢ ᠨᠢᠭᠡᠳ ᠨᠢᠭᠡ ᠪᠡᠷ ᠪᠦᠲᠦᠮᠵᠢᠲᠡᠢ ᠠᠷᠭᠠᠴᠠᠭᠠᠵᠤ ᠴᠢᠳᠡᠨ᠎ᠠ ᠭᠡᠳᠡᠭ ᠢ᠋ ᠥᠪᠥᠷ ᠮᠣᠩᠭᠣᠯ ᠤ᠋ᠨ ᠡᠯᠡᠰᠦᠷᠬᠡᠭᠵᠢᠯ ᠢ᠋ ᠰᠡᠷᠭᠡᠢᠯᠡᠨ ᠡᠯᠡᠰᠤ ᠢ᠋ᠢ ᠵᠠᠰᠠᠬᠤ ᠠᠵᠢᠯ ᠤ᠋ᠨ ᠦᠷ᠎ᠠ ᠪᠦᠲᠦᠮᠵᠢ ᠭᠦᠢᠴᠡᠳ ᠬᠡᠷᠡᠴᠢᠯᠡᠵᠤ ᠪᠠᠢᠨ᠎ᠠ᠃ ᠪᠣᠰᠣᠭ᠎ᠠ ᠴᠣᠭᠴᠠᠲᠤ᠌ ᠠᠮᠢ ᠠᠬᠤᠶ ᠢ᠋ᠢᠨ ᠬᠢᠨᠠᠨ ᠬᠡᠮᠵᠢᠬᠦ᠌ ᠰᠢᠰᠲ᠋ᠧᠮ ᠨᠢ ᠳᠠᠭᠠᠭᠤᠯᠢ ᠣᠳᠣᠨ ᠤ᠋ ᠠᠯᠤᠰ ᠰᠡᠷᠡᠯ᠂ ᠷᠠᠳᠠᠷ ᠤ᠋ᠨ ᠠᠵᠢᠭᠯᠠᠯᠲᠠ᠂ ᠭᠠᠵᠠᠷ ᠳᠡᠭᠡᠷᠡᠬᠢ ᠥᠷᠲᠡᠭᠡ ᠴᠡᠭ᠂ ᠵᠢᠯᠣᠭᠣᠴᠢ ᠥᠬᠡᠶ ᠨᠢᠰᠬᠡᠯᠵᠡᠷᠭᠡ ᠰᠠᠨᠰᠠᠷ ᠣᠭᠲᠠᠷᠭᠤᠶ ᠭᠠᠵᠠᠷ ᠤ᠋ᠨ ᠨᠢᠭᠡ ᠴᠤᠭᠴᠠᠵᠢᠭᠤᠯᠤᠭᠰᠠᠨ ᠪᠠᠶ᠋ᠢᠷᠢᠰᠢᠭᠤᠯᠤᠯᠲᠠ ᠪᠡᠷ ᠳᠡᠮᠵᠢᠨ ᠬᠥᠷᠥᠰᠥ᠍ ᠰᠢᠷᠣᠶ ᠢ᠋ᠢᠨ ᠴᠢᠭᠢᠭ ᠤ᠋ᠨ ᠪᠠᠶ᠋ᠢᠳᠠᠯ᠂ ᠡᠯᠡᠰᠦᠨ ᠤ᠋ ᠰᠢᠯᠵᠢᠯᠲᠡ᠂ ᠤᠷᠭᠤᠮᠠᠯ ᠤ᠋ᠨ ᠬᠤᠴᠢᠯᠭ᠎ᠠ ᠵᠡᠷᠭᠡ ᠡᠯᠡᠰᠦᠷᠬᠡᠭ ᠭᠠᠵᠠᠷ ᠤ᠋ᠨ ᠠᠮᠢ ᠠᠬᠤᠶ ᠢ᠋ᠢᠨ ᠪᠠᠶ᠋ᠢᠳᠠᠯ ᠢ᠋ ᠪᠥᠬᠥ᠌ ᠣᠷᠣᠨ ᠪᠦᠰᠡᠪᠡᠷ ᠨᠢ ᠬᠠᠮᠢᠶᠠᠷᠤᠨ ᠡᠵᠡᠮᠳᠡᠬᠦ᠌ᠶᠢ ᠪᠡᠶᠡᠯᠡᠭᠦᠯᠵᠡᠢ᠃
ᠡᠯᠡᠰᠦᠷᠬᠡᠭ ᠭᠠᠵᠠᠷ ᠤ᠋ᠨ ᠲᠠᠷᠬᠠᠯᠲᠠ ᠢ᠋ᠢᠨ ᠣᠨᠴᠠᠯᠢᠭ ᠪᠠ ᠠᠭᠤᠷ ᠠᠮᠢᠰᠬᠤᠯ ᠤ᠋ᠨ ᠵᠢᠮ᠎ᠡ ᠶᠣᠰᠣᠨᠳᠤ ᠰᠠᠭᠤᠷᠢᠯᠠᠬᠰᠠᠨ ᠰᠤᠳᠤᠯᠤᠨ ᠮᠠᠭᠠᠳᠯᠠᠬᠤ ᠰᠢᠰᠲᠸᠮ ᠨᠢ ᠥᠪᠥᠷ ᠮᠣᠩᠭᠣᠯ ᠤ᠋ᠨ ᠣᠯᠠᠨ ᠵᠢᠯ ᠤ᠋ᠨ ᠠᠮᠢ ᠠᠬᠤᠶ ᠢ᠋ᠢᠨ ᠠᠭᠤᠷ ᠠᠮᠢᠰᠬᠤᠯ ᠤ᠋ᠨ ᠲᠤᠭ᠎ᠠ ᠪᠠᠷᠢᠮᠲᠠ ᠢ᠋ᠢ ᠵᠠᠳᠠᠯᠵᠤ᠂ ᠭᠠᠩ ᠬᠠᠭᠰᠠᠷᠠᠭᠠᠨ᠂ ᠶᠡᠬᠡ ᠰᠠᠯᠬᠢ᠂ ᠡᠯᠡᠰᠦ ᠲᠣᠭᠣᠰᠣ ᠵᠡᠷᠭᠡ ᠭᠠᠮᠰᠢᠭ ᠤ᠋ᠨ ᠬᠠᠨᠳᠤᠰᠢᠶᠢ ᠣᠨᠣᠪᠴᠢᠲᠠᠶ ᠤᠷᠢᠳᠴᠢᠯᠠᠨ ᠮᠠᠭᠠᠳᠯᠠᠵᠤ᠂ ᠡᠯᠡᠰᠦᠷᠬᠡᠭᠵᠢᠯ ᠢ᠋ ᠰᠡᠷᠭᠡᠢᠯᠡᠨ ᠡᠯᠡᠰᠤ ᠢ᠋ᠢ ᠵᠠᠰᠠᠬᠤ ᠠᠵᠢᠯ ᠤ᠋ᠨ 《ᠭᠠᠮᠰᠢᠭ ᠤ᠋ᠨ ᠳᠠᠷᠠᠭ᠎ᠠ ᠵᠠᠰᠠᠨ ᠰᠡᠷᠭᠦᠭᠡᠬᠦ᠌》 ᠡᠴᠡ 《ᠭᠠᠮᠰᠢᠭ ᠤ᠋ᠨ ᠡᠮᠦᠨ᠎ᠡ ᠰᠡᠷᠭᠡᠶ᠋ᠢᠯᠡᠨ ᠡᠵᠡᠮᠳᠡᠬᠦ᠌》 ᠲᠡᠶ᠋ᠢᠰᠢ ᠰᠢᠯᠵᠢᠬᠦ᠌ᠶᠢ ᠠᠬᠢᠭᠤᠯᠪᠠ; ᠭᠠᠩ ᠬᠠᠭᠤᠷᠠᠶ ᠪᠣᠷᠣᠭᠠᠨ ᠪᠠᠭ᠎ᠠ᠂ ᠠᠭᠤᠷᠰᠢᠯᠲᠠ ᠶᠡᠬᠡ ᠵᠡᠷᠭᠡ ᠠᠭᠤᠷ ᠠᠮᠢᠰᠬᠤᠯ ᠤ᠋ᠨ ᠣᠨᠴᠠᠯᠢᠭᠲᠤ᠌ ᠴᠢᠭᠯᠡᠭᠦᠯᠦᠨ ᠠᠮᠢ ᠠᠬᠤᠶᠶᠢ ᠰᠡᠷᠭᠦᠭᠡᠬᠦ᠌ ᠬᠡᠯᠪᠡᠷᠢ ᠢ᠋ᠢᠨ ᠬᠥᠮᠦᠨᠦ ᠬᠦᠴᠦᠪᠡᠷ ᠪᠣᠷᠣᠭᠠᠨ ᠨᠡᠮᠡᠭᠳᠡᠬᠦᠯᠬᠦ ᠠᠵᠢᠯ ᠢ᠋ ᠪᠠᠶ᠋ᠢᠩᠭᠤᠵᠢᠭᠤᠯᠤᠨ ᠥᠷᠨᠢᠭᠦᠯᠵᠦ᠍᠂ ᠬᠥᠷᠥᠰᠥ᠍ ᠰᠢᠷᠣᠶᠳᠤ ᠣᠨᠣᠪᠴᠢᠲᠠᠶ ᠪᠡᠷ ᠤᠰᠤ ᠨᠥᠬᠥᠪᠥᠷᠢᠯᠡᠨ᠂ ᠡᠯᠡᠰᠦᠷᠬᠡᠭ ᠭᠠᠵᠠᠷ ᠤ᠋ᠨ ᠠᠮᠢ ᠠᠬᠤᠶ ᠢ᠋ᠢᠨ ᠤᠰᠤ ᠳᠤᠲᠠᠭᠳᠠᠬᠤ ᠳᠤᠲᠠᠭᠤᠳᠠᠯ ᠢ᠋ ᠨᠥᠬᠥᠪᠥᠷᠢᠯᠡᠪᠠ ᠁
ᠡᠯᠡᠰᠦᠷᠬᠡᠭᠵᠢᠯ ᠢ᠋ ᠰᠡᠷᠭᠡᠢᠯᠡᠨ ᠡᠯᠡᠰᠤ ᠢ᠋ᠢ ᠵᠠᠰᠠᠬᠤᠳᠤ ᠠᠭᠤᠷ ᠠᠮᠢᠰᠬᠤᠯ ᠢ᠋ ᠬᠦᠨᠳᠦᠳᠬᠡᠵᠦ᠍᠂ ᠤᠰᠤ ᠬᠥᠷᠥᠰᠥᠶᠢ ᠬᠦᠨᠳᠦᠳᠬᠡᠬᠦ ᠴᠢᠬᠤᠯᠠᠲᠠᠢ᠂ ᠨᠡᠡᠭ ᠴᠤ᠌ ᠠᠭᠤᠷ ᠠᠮᠢᠰᠬᠤᠯ ᠤ᠋ᠨ ᠰᠤᠷᠢᠯᠲᠠ ᠪᠣᠯᠤᠨ ᠠᠮᠢ ᠠᠬᠤᠢ ᠢ᠋ᠢᠨ ᠵᠠᠰᠠᠯᠲᠠ ᠢ᠋ᠢ ᠤᠶᠤᠨᠴᠢ ᠪᠠᠷ ᠰᠢᠢᠳᠪᠦᠷᠢᠯᠡᠨ ᠠᠷᠭᠠᠴᠠᠭᠠᠬᠤ ᠴᠢᠬᠤᠯᠠᠲᠠᠢ᠃ ᠢᠡᠭᠭᠢᠮᠡᠨᠵᠢᠨ ᠡᠯᠡᠰᠦᠷᠬᠡᠭᠵᠢᠯ ᠢ᠋ ᠰᠡᠷᠭᠡᠢᠯᠡᠨ ᠡᠯᠡᠰᠤ ᠢ᠋ᠢ ᠵᠠᠰᠠᠬᠤ ᠠᠵᠢᠯ ᠦᠷ᠎ᠠ ᠪᠦᠲᠦᠮᠵᠢ ᠤᠯᠵᠤ᠂ ᠮᠠᠨᠤ ᠤᠯᠤᠰᠤᠨ ᠤᠮᠠᠷᠠᠲᠤ ᠢ᠋ᠢᠨ ᠠᠮᠢ ᠠᠬᠤᠢ ᠢ᠋ᠢᠨ ᠠᠮᠤᠷ ᠲᠦᠪᠰᠢᠨᠦ ᠬᠠᠯᠬᠠᠪᠴᠢᠶᠢ ᠨᠠᠡᠭ ᠪᠠᠳᠤ ᠴᠤᠭᠴᠠᠯᠠᠵᠤ ᠴᠢᠳᠠᠬᠤ ᠶᠤᠮ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃