ᠲᠡᠷᠢᠭᠦᠨ ᠨᠢᠭᠤᠷ>ᠴᠠᠭ ᠲᠦᠷᠦ>ᠴᠠᠭ᠎ᠤᠨ ᠰᠢᠭᠦᠮᠵᠢ

2026-10-20 10:45:04

ᠵᠣᠬᠢᠶᠠᠭ᠍ᠴᠢ᠄ ᠥᠪᠥᠷ ᠮᠣᠩᠭᠣᠯ᠎ᠤᠨ ᠡᠳᠦᠢ᠎ᠤᠨ ​ᠰᠣᠨᠢᠨ᠎ᠤ ᠰᠢᠭᠦᠮᠵᠢᠯᠡᠭᠴᠢ ᠣᠩᠱᠢᠭ᠍ᠰᠠᠨ ᠣᠳᠠᠭ᠎ᠠ᠄ 3

ᠬᠦᠳᠡᠭᠡ ᠠᠵᠤ ᠠᠬᠤᠢ ᠬᠥᠳᠡᠭᠡ ᠲᠣᠰᠬᠣᠨ᠎ᠤ ᠣᠳᠣᠬᠢᠴᠢᠯᠠᠯᠲᠠ ᠨᠢ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠪᠦᠬᠦ ᠲᠠᠯ᠎ᠠ ᠪᠠ ᠶᠠᠰᠤ ᠴᠢᠨᠠᠷ᠎ᠲᠠᠢ ᠬᠣᠯᠪᠣᠭᠳᠠᠵᠤ ᠪᠠᠢᠳᠠᠭ᠃ 10 ᠰᠠᠷ᠎ᠠ᠎ᠶᠢᠨ 16 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠤᠨ ᠤᠯᠠᠭᠠᠨᠴᠠᠪ᠎ᠲᠤ ᠰᠢᠨᠵᠢᠯᠡᠨ ᠪᠠᠢᠴᠠᠭᠠᠵᠤ᠂ ᠲᠤᠬᠠᠢ᠎ᠶᠢᠨ ᠭᠠᠵᠠᠷ᠎ᠤᠨ ᠣᠨᠴᠠᠯᠢᠭ᠍ᠲᠤ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠵᠡᠭᠦᠯᠭᠡ᠎ᠶᠢ ᠲᠤᠰᠬᠠᠢᠯᠠᠨ ᠪᠠᠢᠴᠠᠭᠠᠨ ᠦᠵᠡᠵᠦ᠂ ᠭᠣᠣᠯ ᠪᠣᠯᠬᠤ ᠲᠦᠷᠦᠯ ᠵᠦᠢᠯ ᠪᠣᠯᠣᠨ ᠶᠠᠰᠤ ᠴᠢᠨᠠᠷ ᠣᠨᠴᠠᠯᠢᠭ᠋᠎ᠢ ᠨᠠᠷᠢᠨ ᠣᠢᠯᠠᠭᠠᠵᠤ᠂ ᠲᠤᠬᠠᠢ᠎ᠶᠢᠨ ᠭᠠᠵᠠᠷ᠎ᠤᠨ ᠬᠢᠨ ᠢ᠋ ᠦᠢᠯᠡᠳᠪᠦᠷᠢᠯᠡᠯ ᠪᠣᠷᠤᠯᠠᠭᠤᠯᠭ᠎ᠠ᠎ᠶᠢ ᠵᠣᠯᠭᠠᠭᠤᠯᠬᠤ᠎ᠶᠢ ᠴᠢᠩᠭᠠᠳᠬᠠᠵᠤ᠂ ᠮᠠᠯᠴᠢᠨ ᠲᠠᠷᠢᠶᠠᠴᠢᠨ᠎ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ᠎ᠶᠢ ᠠᠬᠢᠭᠤᠯᠬᠤ᠎ᠶᠢ ᠵᠣᠷᠢᠭ᠍ᠵᠢᠭᠤᠯᠪᠠ᠃

ᠮᠠᠯᠴᠢᠨ ᠲᠠᠷᠢᠶᠠᠴᠢᠨ ᠤ᠋ ᠠᠩᠬᠠᠷᠤᠨ ᠬᠠᠯᠠᠮᠵᠢᠯᠠᠵᠤ ᠪᠠᠢᠭ᠎ᠠ ᠶᠠᠪᠤᠳᠠᠯ ᠨᠢ ᠶᠡᠷᠦᠩᠬᠡᠢ ᠱᠦᠵᠢ ᠪᠣᠯᠣᠨ ᠠᠷᠠᠳ ᠤᠯᠠᠨ᠎ᠤ ᠰᠡᠳᠬᠢᠯ᠎ᠢ ᠨᠢᠭ᠍ᠲᠠ ᠬᠣᠯᠪᠣᠵᠠᠢ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ 《ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ》 ᠤ᠋ ᠠᠰᠠᠭᠤᠳᠠᠯ᠎ᠢ ᠰᠠᠢᠲᠤᠷ ᠰᠢᠢᠳᠪᠦᠷᠢᠯᠡᠬᠦ᠎ᠶᠢ ᠪᠦᠬᠦ ᠨᠠᠮ᠎ᠤᠨ ᠠᠵᠢᠯ᠎ᠤᠨ ᠭᠣᠣᠯᠳᠠᠯᠭ᠎ᠠ᠎ᠶᠢᠨ ᠳᠣᠲᠣᠷᠠᠬᠢ ᠭᠣᠣᠯᠳᠠᠯᠭ᠎ᠠ ᠪᠣᠯᠭᠠᠵᠤ᠂ ᠲᠠᠷᠢᠶᠠᠴᠢᠳ᠎ᠤᠨ ᠣᠷᠣᠯᠭ᠎ᠠ᠎ᠶᠢ ᠨᠡᠮᠡᠭᠳᠡᠭᠦᠯᠬᠦ᠎ᠶᠢ 《ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ》 ᠤ᠋ ᠠᠵᠢᠯ᠎ᠤᠨ ᠭᠣᠣᠯ ᠡᠭᠦᠷᠭᠡ ᠪᠣᠯᠭᠠᠪᠠ᠃ ᠬᠦᠰᠡᠯ ᠨᠠᠶ᠋ᠢᠳᠠᠯᠭ᠎ᠠ᠎ᠶᠢ ᠰᠡᠳᠬᠢᠯ᠎ᠳᠡᠭᠡᠨ ᠲᠠᠯᠪᠢᠵᠤ᠂ ᠡᠭᠦᠷᠭᠡ ᠬᠠᠷᠢᠭᠤᠴᠠᠯᠭ᠎ᠠ᠎ᠶᠢ ᠮᠥᠷᠥᠨ᠎ᠳᠡᠭᠡᠨ ᠡᠭᠦᠷᠭᠡᠯᠡᠨ᠎ᠡ᠃ ᠪᠢᠳᠡ ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠤ ᠪᠦᠲᠦᠭᠡᠨ ᠪᠠᠢᠭᠤᠯᠤᠯᠲᠠ᠎ᠶᠢᠨ ᠴᠢᠳᠠᠪᠬᠢ ᠲᠠᠰ᠎ᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ ᠮᠠᠯ ᠠᠵᠤ ᠠᠬᠤᠢ ᠲᠠᠷᠢᠶᠠᠯᠠᠩ᠎ᠤᠨ ᠣᠳᠣᠬᠢᠴᠢᠯᠠᠯᠲᠠ᠎ᠶᠢ ᠲᠦᠷᠭᠡᠳᠬᠡᠨ ᠠᠬᠢᠭᠤᠯᠵᠤ᠂ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ᠋ ᠡᠳ᠋ᠰᠢᠭᠦᠯᠦᠨ ᠪᠤᠯᠪᠠᠰᠤᠷᠠᠭᠤᠯᠬᠤ᠎ᠶᠢ ᠶᠡᠬᠡ᠎ᠪᠡᠷ ᠬᠥᠭᠵᠢᠭᠦᠯᠵᠦ᠂ 《ᠥᠪᠥᠷ ᠮᠣᠩᠭᠣᠯ》 ᠨᠡᠷᠡᠮᠵᠢᠳᠤ ᠲᠦᠷᠦᠯ ᠲᠡᠮᠳᠡᠭ᠎ᠢ ᠪᠤᠵᠠᠭᠠᠢᠷᠠᠭᠤᠯᠤᠨ ᠬᠦᠴᠦᠷᠬᠡᠭᠵᠢᠭᠦᠯᠵᠦ᠂ ᠨᠠᠩ ᠣᠯᠠᠨ ᠴᠢᠨᠠᠷ ᠰᠠᠢᠲᠠᠢ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠪᠥᠬᠥ ᠤᠯᠤᠰ᠎ᠤᠨ ᠲᠣᠮᠣ᠌ ᠵᠠᠬ᠎ᠠ ᠳᠡᠯᠭᠡᠭᠦᠷ᠎ᠲᠦ ᠣᠷᠣᠬᠤ᠎ᠶᠢ ᠠᠬᠢᠭᠤᠯᠵᠤ᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠰᠢᠨ᠎ᠢ ᠨᠠᠩ ᠰᠠᠢᠲᠤᠷ ᠪᠠᠲᠤᠯᠠᠵᠤ᠂ ᠮᠠᠯᠴᠢᠨ ᠲᠠᠷᠢᠶᠠᠴᠢᠨ᠎ᠢ ᠳᠠᠶ᠋ᠢᠴᠢᠯᠠᠨ ᠣᠷᠣᠯᠭ᠎ᠠ᠎ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ᠃

ᠣᠨᠴᠠᠯᠢᠭ᠍ᠲᠤ ᠠᠵᠤ ᠦᠢᠯᠡᠰ ᠪᠣᠯ ᠮᠠᠯᠴᠢᠨ ᠲᠠᠷᠢᠶᠠᠴᠢᠨ᠎ᠤ ᠣᠷᠣᠯᠭ᠎ᠠ᠎ᠶᠢ ᠨᠡᠮᠡᠭᠳᠡᠭᠦᠯᠬᠦ 《ᠠᠯᠲᠠᠨ ᠲᠦᠯᠬᠢᠭᠦᠷ》 ᠮᠥᠨ᠃ ᠥᠪᠥᠷ ᠮᠣᠩᠭᠣᠯ᠎ᠤᠨ ᠨᠤᠲᠤᠭ ᠳᠡᠪᠢᠰᠬᠡᠷ ᠥᠷᠭᠡᠨ ᠠᠭᠤᠳᠠᠮ᠂ ᠡᠳ᠋ ᠭᠠᠷᠤᠯᠲᠠ ᠡᠯᠪᠡᠭ ᠳᠡᠯᠪᠡᠭ᠂ ᠣᠨᠴᠠᠯᠢᠭ᠍ᠲᠤ ᠮᠠᠯ ᠠᠵᠤ ᠠᠬᠤᠢ ᠲᠠᠷᠢᠶᠠᠯᠠᠩ ᠤ᠋ᠨ ᠠᠵᠤ ᠦᠢᠯᠡᠰ᠎ᠢ ᠬᠥᠭᠵᠢᠭᠦᠯᠬᠦ ᠨᠥᠬᠥᠴᠡᠯ ᠣᠨᠴᠠᠭᠠᠢ ᠰᠠᠢᠨ ᠪᠠᠢᠳᠠᠭ᠃ ᠡᠯ᠎ᠡ ᠭᠠᠵᠠᠷ᠎ᠤᠨ ᠬᠢᠨ ᠡᠬᠢ ᠪᠠᠶᠠᠯᠢᠭ᠋᠎ᠤᠨ ᠳᠠᠪᠠᠭᠤᠯᠢᠭ᠋᠎ᠲᠠᠭᠠᠨ ᠰᠠᠭᠤᠷᠢᠯᠠᠵᠤ᠂ ᠬᠠᠷᠢᠴᠠᠩᠭᠤᠢ ᠳᠠᠪᠠᠭᠤᠯᠢᠭ᠋᠎ᠢᠶᠠᠨ ᠪᠠᠳᠠᠷᠠᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ 《ᠨᠤᠲᠤᠭ᠎ᠤᠨ ᠣᠨᠴᠠ ᠭᠠᠷᠤᠯᠲᠠ》 ᠵᠢᠨ ᠠᠵᠢᠯ᠎ᠢ ᠰᠠᠢᠲᠤᠷ ᠬᠢᠵᠦ᠂ ᠡᠬᠢ ᠪᠠᠶᠠᠯᠢᠭ᠋᠎ᠤᠨ ᠳᠠᠪᠠᠭᠤᠯᠢᠭ᠋᠎ᠢ ᠠᠵᠤ ᠦᠢᠯᠡᠰ᠎ᠦᠨ ᠳᠠᠪᠠᠭᠤᠯᠢᠭ᠋ ᠪᠣᠯᠭᠠᠨ ᠬᠤᠪᠢᠷᠠᠭᠤᠯᠬᠤ᠎ᠶᠢ ᠠᠬᠢᠭᠤᠯᠬᠤ ᠬᠡᠷᠡᠭᠲᠡᠢ᠃ ᠪᠦᠲᠦᠭᠡᠭᠳᠡᠬᠦᠨ᠎ᠦ ᠴᠢᠨᠠᠷ ᠴᠢᠨᠰᠠᠭ᠎ᠠ ᠭᠦᠢᠴᠡᠳ᠂ ᠫᠠᠢᠰᠠ ᠲᠡᠮᠳᠡᠭ ᠢ᠋ ᠨᠠᠩ ᠭᠢᠯᠠᠯᠵᠠᠭᠤᠯᠬᠤ ᠬᠡᠷᠡᠭᠲᠡᠢ᠃ ᠣᠢᠷ᠎ᠠ᠎ᠶᠢᠨ ᠵᠢᠯ᠎ᠡᠴᠡ᠂ ᠥᠪᠥᠷ ᠮᠣᠩᠭᠣᠯ ᠲᠦᠷᠦᠯ ᠲᠡᠮᠳᠡᠭ᠎ᠢᠶᠡᠷ ᠲᠠᠷᠢᠶᠠᠯᠠᠩ᠎ᠢ ᠬᠦᠴᠦᠷᠬᠡᠭᠵᠢᠭᠦᠯᠬᠦ᠂ ᠲᠦᠷᠦᠯ ᠲᠡᠮᠳᠡᠭ᠎ᠢᠶᠡᠷ ᠮᠠᠯ ᠠᠵᠤ ᠠᠬᠤᠢ᠎ᠶᠢ ᠬᠦᠴᠦᠷᠬᠡᠭᠵᠢᠭᠦᠯᠬᠦ ᠪᠠᠢᠯᠳᠤᠬᠤ ᠪᠣᠳᠣᠯᠭ᠎ᠠ᠎ᠶᠢ ᠭᠦᠨᠵᠡᠭᠡᠢ ᠬᠡᠷᠡᠭᠵᠢᠭᠦᠯᠵᠦ᠂ 《ᠤᠯᠠᠭᠠᠨᠴᠠᠪ ᠤ᠋ᠨ ᠦᠨᠦᠷ ᠠᠮᠳᠠ》᠂ 《ᠲᠡᠭᠷᠢ᠎ᠶᠢᠨ ᠬᠡᠰᠢᠭᠲᠦ ᠪᠣᠷᠣᠳᠣᠬᠣᠢ》᠂ 《ᠬᠥᠯᠥᠨ ᠪᠤᠢ᠍ᠢᠷ᠎ᠤᠨ ᠲᠠᠯ᠎ᠠ ᠨᠤᠲᠤᠭ》 ᠵᠡᠷᠭᠡ ᠣᠷᠣᠨ ᠪᠦᠰᠡ᠎ᠶᠢᠨ ᠨᠡᠶ᠋ᠢᠲᠡ᠎ᠶᠢᠨ ᠬᠡᠷᠡᠭᠯᠡᠭᠡᠨ᠎ᠦ ᠲᠦᠷᠦᠯ ᠲᠡᠮᠳᠡᠭ᠎ᠢ ᠦᠷᠭᠦᠯᠵᠢᠯᠡᠨ ᠠᠯᠳᠠᠷᠰᠢᠭᠤᠯᠵᠤ᠂ ᠨᠥᠯᠥᠭᠡᠯᠡᠬᠦ ᠬᠦᠴᠦᠨ ᠪᠣᠯᠣᠨ ᠶᠡᠷᠦᠩᠬᠡᠢᠯᠡᠭᠰᠡᠨ ᠦᠷᠳᠡᠭ ᠲᠣᠭᠲᠠᠭᠤᠨ᠎ᠢᠶᠠᠷ ᠳᠡᠭᠡᠭᠰᠢᠯᠡᠪᠡ᠃ 《ᠠᠷᠪᠢᠨ ᠦᠢᠯᠡᠳᠪᠦᠷᠢᠯᠡᠬᠦ》 ᠡᠴᠡ 《ᠬᠦᠴᠦᠷᠬᠡᠭᠵᠢᠭᠦᠯᠦᠭᠰᠡᠨ》 ᠬᠦᠷᠲᠡᠯ᠎ᠡ᠂ ᠥᠪᠥᠷ ᠮᠣᠩᠭᠣᠯ᠎ᠤᠨ ᠮᠠᠯ ᠠᠵᠤ ᠠᠬᠤᠢ ᠲᠠᠷᠢᠶᠠᠯᠠᠩ ᠤ᠋ᠨ ᠬᠡᠯᠪᠡᠷᠢ᠎ᠪᠡᠨ ᠬᠤᠪᠢᠷᠠᠭᠤᠯᠬᠤ ᠨᠢ ᠲᠤᠰ ᠪᠡᠶ᠎ᠡ᠎ᠶᠢᠨ ᠲᠡᠰ ᠲᠡᠪᠰᠢᠯᠳᠡ ᠪᠣᠯᠬᠤ᠎ᠪᠠᠷ ᠪᠠᠷᠠᠬᠤ ᠦᠭᠡᠢ ᠪᠠᠰᠠ ᠠᠵᠤ ᠦᠢᠯᠡᠰ᠎ᠢᠶᠡᠷ ᠠᠷᠠᠳ᠎ᠢᠶᠠᠨ ᠪᠠᠶᠠᠵᠢᠭᠤᠯᠬᠤ ᠪᠣᠳᠠᠲᠠᠢ᠎ᠶᠢ ᠡᠷᠬᠢᠮᠯᠡᠭᠰᠡᠨ ᠰᠦᠪᠡᠭᠴᠢᠯᠡᠯᠲᠡ ᠪᠣᠯᠬᠤ ᠪᠥᠭᠡᠳ ᠨᠡᠩ ᠴᠤ᠌ ᠪᠦᠬᠦ ᠣᠷᠣᠨ᠎ᠤ ᠺᠠᠳ᠋ᠷ ᠤᠯᠠᠨ ᠲᠦᠮᠡᠨ᠎ᠦ ᠶᠡᠷᠦᠩᠬᠡᠢ ᠱᠦᠵᠢ᠎ᠶᠢᠨ ᠴᠢᠩ ᠰᠡᠳᠭᠢᠯ ᠤ᠋ᠨ ᠬᠦᠰᠡᠯ ᠨᠠᠶ᠋ᠢᠳᠠᠯᠭ᠎ᠠ᠎ᠶᠢ ᠡᠷᠡᠮᠡᠬᠡᠢᠯᠡᠨ ᠤᠷᠤᠭᠰᠢᠯᠠᠬᠤ ᠬᠦᠴᠦᠨ ᠪᠣᠯᠭᠠᠨ ᠬᠤᠪᠢᠷᠠᠭᠤᠯᠤᠭᠰᠠᠨ᠎ᠤ ᠠᠮᠢᠳᠤᠯᠢᠭ᠋ ᠭᠡᠷᠡᠴᠢ ᠪᠣᠯᠣᠨ᠎ᠠ᠃

ᠦᠢᠯᠡᠳᠪᠦᠷᠢᠯᠡᠯ ᠪᠣᠷᠤᠯᠠᠭᠤᠯᠭ᠎ᠠ᠎ᠶᠢ ᠵᠣᠯᠭᠠᠭᠤᠯᠬᠤ ᠪᠣᠯ ᠪᠦᠲᠦᠭᠡᠭᠳᠡᠭᠦᠨ ᠢ᠋ ᠲᠣᠮᠣ᠌ ᠵᠠᠬ᠎ᠠ ᠳᠡᠯᠭᠡᠭᠦᠷ᠎ᠲᠦ ᠣᠷᠣᠭᠤᠯᠬᠤ 《ᠲᠦᠷᠭᠡᠨ᠎ᠦ ᠵᠠᠮ》 ᠎ᠪᠣᠯᠣᠨ᠎ᠠ᠃ ᠥᠪᠥᠷ ᠮᠣᠩᠭᠣᠯ ᠪᠡᠭᠡᠵᠢᠩ ᠲᠢᠶᠠᠨᠵᠢᠨ ᠾᠧᠪᠧᠢ᠎ᠶᠢᠨ ᠬᠡᠷᠡᠭᠯᠡᠭᠡᠨ᠎ᠦ ᠲᠣᠮᠣ᠌ ᠵᠠᠬ᠎ᠠ ᠳᠡᠯᠭᠡᠭᠦᠷ᠎ᠲᠠᠢ ᠬᠥᠷᠰᠢᠯᠡᠵᠦ᠂ ᠤᠮᠠᠷᠠᠰᠢ ᠮᠣᠩᠭᠣᠯ ᠤᠯᠤᠰ᠂ ᠣᠷᠣᠰ᠎ᠤᠨ ᠵᠠᠬ᠎ᠠ ᠳᠡᠯᠭᠡᠭᠦᠷ᠎ᠲᠠᠢ ᠵᠤᠯᠭᠠᠯᠴᠠᠵᠦ ᠪᠣᠯᠣᠨ᠎ᠠ᠂ ᠡᠨᠡ ᠬᠦ᠌ ᠥᠪᠡᠷᠮᠢᠴᠡ ᠣᠷᠣᠨ ᠪᠠᠢᠷᠢ᠎ᠶᠢᠨ ᠳᠠᠪᠠᠭᠤᠯᠢᠭ᠋ ᠨᠢ ᠴᠢᠨᠠᠷ ᠰᠠᠢᠲᠠᠢ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠳᠦ ᠪᠠᠷᠠᠭᠠᠨ᠎ᠤ ᠭᠦᠢᠯᠭᠡᠭᠡᠨ᠎ᠦ ᠵᠠᠮ ᠨᠡᠭᠡᠭᠡᠵᠦ ᠥᠭᠴᠡᠢ᠃ ᠳᠣᠲᠣᠭᠠᠳᠤ᠎ᠳᠠᠭᠠᠨ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ᠎ᠪᠠᠷ ᠴᠢᠬᠤᠯᠠ ᠭᠠᠷᠳᠠᠴᠠ ᠪᠣᠯᠭᠠᠵᠤ᠂ ᠮᠠᠨ᠎ᠤ ᠣᠷᠣᠨ᠎ᠤ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ ᠪᠡᠭᠡᠵᠢᠩ ᠲᠢᠶᠠᠨᠵᠢᠨ ᠾᠸᠪᠸᠢ᠂ ᠬᠥᠬᠡᠮᠥ᠋ᠷᠡᠨ᠎ᠦ ᠭᠤᠷᠪᠠᠯᠵᠢᠨ ᠬᠣᠢᠭ᠋ ᠂ ᠭᠤᠸᠠᠩᠳᠦ᠋ᠩ ᠰᠢᠶᠠᠩᠭᠠᠩ ᠣᠣᠮᠧᠨ᠎ᠦ ᠲᠤᠮᠤ ᠪᠤᠯᠤᠩ᠎ᠤᠨ ᠣᠷᠣᠨ ᠵᠡᠷᠭᠡ ᠤᠯᠤᠰ᠎ᠤᠨ ᠳᠣᠲᠣᠭᠠᠳᠤ᠎ᠶᠢᠨ ᠵᠠᠬ᠎ᠠ ᠳᠡᠯᠭᠡᠭᠦᠷ᠎ᠲᠦ ᠭᠦᠨᠵᠡᠭᠡᠢᠷᠡᠵᠦ᠂ ᠰᠦᠯᠵᠢᠶ᠎ᠠ ᠪᠠ ᠪᠤᠳᠠᠳᠤ ᠴᠤᠭᠴᠠ ᠬᠠᠮᠵᠢᠯᠴᠠᠨ ᠬᠦᠴᠦᠯᠡᠵᠦ᠂ ᠪᠦᠬᠦ ᠤᠯᠤᠰ᠎ᠤᠨ ᠠᠷᠠᠳ ᠤᠯᠠᠨ᠎ᠤ ᠬᠣᠭᠣᠯᠠᠨ ᠰᠢᠷᠡᠭᠡ᠎ᠶᠢ ᠲᠠᠰᠤᠷᠠᠯᠳᠠ ᠦᠭᠡᠢ ᠪᠠᠶᠠᠯᠢᠭ᠍ᠵᠢᠭᠤᠯᠪᠠ; ᠭᠠᠳᠠᠭᠠᠳᠤ᠎ᠳᠤ᠂ ᠳᠤᠮᠳᠠᠳᠤ ᠮᠣᠩᠭᠣᠯ ᠤᠷᠤᠰ᠎ᠤᠨ ᠠᠵᠤ ᠠᠬᠤᠢ᠎ᠶᠢᠨ ᠬᠣᠩᠭᠢᠯ᠎ᠤᠨ ᠪᠦᠲᠦᠭᠡᠨ ᠪᠠᠢᠭᠤᠯᠤᠯᠲᠠ᠎ᠳᠤ ᠭᠦᠨᠵᠡᠭᠡᠢ ᠠᠭᠤᠰᠤᠯᠴᠠᠵᠤ᠂ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ ᠪᠠ ᠬᠢᠯᠢ ᠳᠠᠭᠠᠤ ᠪᠣᠭᠣᠮᠲᠠ᠎ᠶᠢᠨ ᠲᠠᠪᠴᠠᠩ᠎ᠢ ᠠᠰᠢᠭ᠍ᠯᠠᠨ᠂ ᠣᠨᠴᠠᠯᠢᠭ᠍ᠲᠤ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠭᠠᠳᠠᠭᠠᠳᠤ᠎ᠳᠤ ᠭᠠᠷᠭᠠᠵᠤ᠂ ᠠᠽᠢᠶ᠎ᠠ ᠡᠸᠦ᠋ᠷᠦᠫᠡ᠎ᠶᠢᠨ ᠤᠯᠠᠨ ᠤᠯᠤᠰ᠎ᠤᠨ ᠵᠠᠬ᠎ᠠ ᠳᠡᠯᠭᠡᠭᠦᠷ᠎ᠲᠦ ᠪᠣᠷᠣᠯᠠᠭᠤᠯᠪᠠ᠃ ᠰᠢᠭᠤᠳ ᠰᠢᠯᠤᠭᠤᠨ ᠭᠦᠢᠯᠭᠡᠭᠡᠨ᠎ᠦ ᠬᠡᠯᠬᠢᠶ᠎ᠡ ᠨᠢ ᠵᠠᠪᠰᠡᠷ᠎ᠤᠨ ᠭᠣᠭᠴᠣᠭ᠎ᠠ᠎ᠶᠢᠨ ᠬᠣᠷᠣᠭᠳᠠᠯ᠎ᠢ ᠪᠠᠭᠠᠰᠬᠠᠵᠤ᠂ ᠨᠠᠩ ᠣᠯᠠᠨ ᠠᠰᠢᠭ᠋ ᠬᠣᠨᠵᠢᠪᠤᠷᠢ᠎ᠶᠢ ᠭᠠᠷᠤᠯᠲᠠ᠎ᠶᠢᠨ ᠣᠷᠣᠨ᠎ᠳᠤ ᠦᠯᠡᠳᠡᠭᠡᠵᠦ᠂ ᠮᠠᠯᠴᠢᠨ ᠲᠠᠷᠢᠶᠠᠴᠢᠨ᠎ᠳᠤ ᠠᠰᠢᠭ᠋ ᠬᠦᠷᠲᠡᠭᠡᠪᠡ᠃ ᠦᠢᠯᠡᠳᠪᠦᠷᠢᠯᠡᠯ ᠪᠣᠷᠤᠯᠠᠭᠤᠯᠭ᠎ᠠ᠎ᠶᠢ ᠵᠣᠯᠭᠠᠭᠤᠯᠬᠤ ᠵᠠᠮ ᠶᠠᠪᠤᠬᠤ ᠲᠤᠳᠤᠮ ᠥᠷᠭᠡᠵᠢᠪᠡᠯ᠂ ᠥᠪᠥᠷ ᠮᠣᠩᠭᠣᠯ᠎ᠤᠨ ᠰᠠᠢᠨ ᠪᠦᠲᠦᠭᠡᠭᠳᠡᠭᠦᠨ ᠪᠦᠬᠦ ᠤᠯᠤᠰ᠎ᠲᠤ ᠳᠠᠭᠤᠷᠢᠰᠴᠤ᠂ ᠳᠡᠯᠡᠬᠡᠢ ᠳ᠋ᠠᠬᠢᠨ ᠲᠡᠢᠰᠢ ᠠᠯᠬᠤᠬᠤ ᠠᠯᠬᠤᠭ᠎ᠠ ᠶᠠᠪᠤᠬᠤ ᠲᠤᠳᠤᠮ ᠶᠡᠬᠡᠰᠦᠨ᠎ᠠ᠃

ᠴᠢᠷᠮᠠᠢᠯᠭ᠎ᠠ ᠬᠥᠮᠥᠨ᠎ᠢ ᠭᠣᠮᠣᠳᠠᠭᠠᠬᠤ ᠦᠭᠡᠢ᠃ ᠶᠡᠷᠦᠩᠬᠡᠢ ᠱᠦᠵᠢ᠎ᠶᠢᠨ ᠭᠦᠨ ᠵᠤᠵᠠᠭᠠᠨ ᠬᠠᠢᠷ᠎ᠠ ᠬᠠᠯᠠᠮᠵᠢ᠎ᠶᠢ ᠦᠨᠡᠨ ᠬᠦ᠌ ᠠᠳᠬᠤᠵᠤ ᠪᠣᠳᠠᠲᠠᠢ ᠠᠵᠢᠯᠯᠠᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠣᠨᠴᠠᠯᠢᠭ᠍ᠲᠤ ᠠᠵᠤ ᠦᠢᠯᠡᠰ᠎ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠦᠷᠦᠯ ᠲᠡᠮᠳᠡᠭ᠎ᠦᠨ ᠦᠷ᠎ᠡ ᠠᠰᠢᠭ᠋᠎ᠢ ᠴᠢᠩᠭᠠᠳᠬᠠᠵᠤ᠂ ᠦᠢᠯᠡᠳᠪᠦᠷᠢᠯᠡᠯ ᠪᠣᠷᠤᠯᠠᠭᠤᠯᠭ᠎ᠠ᠎ᠶᠢ ᠵᠣᠯᠭᠠᠭᠤᠯᠬᠤ᠎ᠶᠢ ᠪᠣᠳᠠᠲᠠᠢᠵᠢᠭᠤᠯᠵᠤ᠂ ᠮᠠᠯᠴᠢᠨ ᠲᠠᠷᠢᠶᠠᠴᠢᠨ᠎ᠢ ᠨᠢᠭᠡ ᠲᠠᠯ᠎ᠠ᠎ᠪᠡᠷ ᠲᠠᠷᠢᠶᠠᠨ ᠭᠠᠵᠠᠷ ᠮᠠᠯᠵᠢᠯ᠎ᠤᠨ ᠲᠠᠯᠠᠪᠠᠢ᠎ᠲᠠᠢ ᠬᠣᠯᠪᠣᠵᠤ᠂ ᠨᠦᠬᠦᠬᠡ ᠲᠠᠯ᠎ᠠ ᠪᠡᠷ ᠥᠷᠭᠡᠨ ᠠᠭᠤᠳᠠᠮ ᠵᠠᠬ᠎ᠠ ᠳᠡᠯᠭᠡᠭᠦᠷ᠎ᠲᠠᠢ ᠬᠣᠯᠪᠣᠵᠤ᠂ ᠨᠡᠩ ᠥᠨᠳᠥᠷ ᠪᠠᠷᠢᠮᠵᠢᠶ᠎ᠠ᠂ ᠨᠡᠩ ᠢᠳᠡ ᠬᠦᠴᠦᠨ᠎ᠢᠶᠡᠷ ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠪᠦᠲᠦᠭᠡᠨ ᠪᠠᠢᠭᠤᠯᠵᠤ᠂ ᠮᠠᠯᠴᠢᠨ ᠲᠠᠷᠢᠶᠠᠴᠢᠨ᠎ᠤ ᠣᠷᠣᠯᠭ᠎ᠠ᠎ᠶᠢ ᠨᠡᠮᠡᠭᠳᠡᠭᠦᠯᠬᠦ ᠠᠷᠭ᠎ᠠ ᠵᠠᠮ᠎ᠢ ᠲᠠᠰᠤᠷᠠᠯᠲᠠ ᠦᠭᠡᠢ ᠥᠷᠭᠡᠳᠬᠡᠵᠦ᠂ ᠠᠷᠠᠳ᠎ᠢ ᠪᠠᠶᠠᠵᠢᠭᠤᠯᠵᠤ ᠣᠷᠣᠯᠭ᠎ᠠ᠎ᠶᠢ ᠨᠢ ᠨᠡᠮᠡᠭᠳᠡᠭᠦᠯᠬᠦ ᠲᠠᠯ᠎ᠠ᠎ᠪᠠᠷ ᠦᠨᠡᠨ ᠪᠣᠳᠠᠲᠠᠢ ᠦᠷ᠎ᠡ ᠪᠦᠲᠦᠮᠵᠢ ᠣᠯᠬᠤ᠎ᠶᠢ ᠠᠬᠢᠭᠤᠯᠬᠤ ᠬᠡᠷᠡᠭᠲᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面