2026-10-21 11:29:26
ᠴᠢᠨᠠᠷ ᠰᠠᠶ᠋ᠢᠲᠠᠢ ᠬᠥᠭᠵᠢᠯᠲᠡ ᠪᠣᠯ ᠰᠢᠨ᠎ᠡ ᠴᠠᠭ ᠦᠶ᠎ᠡ᠎ᠶᠢᠨ ᠬᠠᠲᠠᠭᠤ ᠶᠣᠰᠣ ᠮᠥᠨ᠃ ᠶᠡᠷᠦᠩᠬᠡᠢ ᠱᠦᠵᠢ ᠰᠢ ᠵᠢᠨ ᠫᠢᠩ ᠤᠯᠠᠭᠠᠨᠴᠠᠪ ᠬᠤᠳᠠ᠎ᠳᠤ ᠰᠢᠨᠵᠢᠯᠡᠨ ᠪᠠᠶ᠋ᠢᠴᠠᠭᠠᠬᠤ᠎ᠳᠠᠭᠠᠨ᠄ 《ᠰᠢᠨ᠎ᠡ ᠠᠶᠠᠨ᠎ᠳᠤ᠂ ᠡᠯ᠎ᠡ ᠭᠠᠵᠠᠷ ᠣᠷᠣᠨ᠎ᠤ ᠬᠢᠨ ᠨᠠᠮ᠎ᠤᠨ ᠲᠥᠪ ᠬᠣᠷᠢᠶ᠎ᠠ ᠵᠢᠨ ᠪᠠᠶ᠋ᠢᠯᠳᠤᠬᠤ ᠪᠤᠳᠤᠯᠭ᠎ᠠ᠎ᠶᠢᠨ ᠰᠢ᠌ᠳᠪᠦᠷᠢᠲᠦ᠍ ᠪᠤᠳᠤᠯᠭ᠎ᠠ ᠪᠠ ᠲᠥᠯᠥᠪᠵᠢᠭᠦᠯᠭᠡ᠎ᠶᠢᠨ ᠪᠠᠶ᠋ᠢᠷᠢᠯᠠᠭᠤᠯᠤᠯᠲᠠ ᠶᠣᠰᠣᠭᠠᠷ᠂ ᠵᠠᠰᠠᠭ ᠤ᠋ᠨ ᠠᠵᠢᠯ᠎ᠤᠨ ᠪᠦᠳᠦᠮᠵᠢ ᠵᠢᠨ ᠲᠤᠬᠠᠢ ᠵᠦᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠵᠦ᠍᠂ ᠰᠢᠨ᠎ᠡ ᠬᠥᠭᠵᠢᠯᠲᠡ᠎ᠶᠢᠨ ᠤᠢ᠌ᠯᠠᠭᠠᠭᠳᠠᠬᠤᠨ᠎ᠢ ᠪᠦᠷᠢᠨ ᠪᠦᠲᠦᠨ ᠵᠥᠪ ᠣᠨᠣᠪᠴᠢᠲᠠᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠴᠠᠭ ᠦᠶ᠎ᠡ᠎ᠶᠢᠨ ᠤᠷᠤᠰᠬᠠᠯ᠎ᠢ ᠴᠢᠩᠭ᠎ᠠ ᠲᠠᠭᠠᠵᠤ᠂ ᠬᠥᠭᠵᠢᠯᠲᠡ᠎ᠶᠢᠨ ᠠᠵᠠ ᠲᠣᠬᠢᠶᠠᠯ᠎ᠢ ᠠᠮᠵᠢᠵᠤ᠂ ᠲᠤᠰ ᠪᠡᠶ᠎ᠡ᠎ᠶᠢᠨ ᠨᠥᠬᠥᠴᠡᠯ᠎ᠳᠡᠭᠡᠨ ᠰᠠᠭᠤᠷᠢᠯᠠᠵᠤ᠂ ᠬᠠᠷᠢᠴᠠᠭᠤᠯᠤᠭᠰᠠᠨ ᠳᠠᠪᠠᠭᠤᠯᠢᠭ᠎ᠢᠶᠠᠨ ᠪᠠᠳᠠᠷᠠᠭᠤᠯᠵᠤ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠤᠬᠢᠷᠠᠭᠤᠯᠤᠨ ᠴᠢᠨᠠᠷ ᠰᠠᠶ᠋ᠢᠲᠠᠢ ᠬᠥᠭᠵᠢᠯᠲᠡ᠎ᠶᠢ ᠠᠬᠢᠭᠤᠯᠬᠤ ᠬᠡᠷᠡᠭᠲᠡᠢ》 ᠭᠡᠵᠤ ᠴᠢᠬᠤᠯᠠᠴᠢᠯᠠᠪᠠ᠃ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠨᠢ ᠮᠠᠨ᠎ᠤ ᠣᠷᠣᠨ᠎ᠤ ᠴᠢᠨᠠᠷ ᠰᠠᠶ᠋ᠢᠲᠠᠢ ᠬᠥᠭᠵᠢᠯᠲᠡ᠎ᠶᠢ ᠠᠬᠢᠭᠤᠯᠬᠤ᠎ᠳᠤ ᠰᠢᠨᠵᠢᠯᠡᠬᠦ᠌ ᠤᠬᠠᠭᠠᠨᠴᠢ ᠵᠢᠯᠤᠭᠤᠳᠤᠯᠭ᠎ᠠ ᠪᠠ ᠦᠨᠳᠦᠰᠦᠨ ᠵᠢᠷᠤᠮᠯᠠᠯ ᠬᠠᠩᠭᠠᠪᠠ᠃
ᠬᠡᠬᠦᠳᠡᠭ ᠴᠡᠭᠡᠵᠢᠨ᠎ᠳᠡᠭᠡᠨ ᠪᠦᠬᠦ᠌ ᠲᠠᠯ᠎ᠠ᠎ᠶᠢ ᠪᠠᠭᠲᠠᠭᠠᠪᠠᠯ ᠰᠠᠶᠢ ᠪᠠᠶ᠋ᠢᠷᠢ ᠲᠣᠭᠲᠠᠭᠠᠯᠲᠠ᠎ᠪᠠᠨ ᠣᠨᠣᠪᠴᠢᠲᠠᠢ ᠣᠯᠵᠤ ᠴᠢᠳᠠᠨ᠎ᠠ᠃ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭᠰᠠᠨ ᠨᠠᠮ᠎ᠤᠨ ᠲᠥᠪ ᠬᠣᠷᠢᠶ᠎ᠠ ᠥᠪᠥᠷ ᠮᠣᠩᠭᠣᠯ ᠤ᠋ᠨ ᠬᠦᠭᠵᠢᠯᠳᠡ ᠵᠢᠨ ᠰᠤᠳᠠᠰᠤ ᠵᠢ ᠤᠨᠤᠪᠴᠢᠳᠠᠢ ᠪᠡᠷ ᠪᠠᠷᠢᠵᠤ᠂ ᠴᠢᠭᠯᠡᠯ ᠢ᠋ ᠲᠤᠬᠳᠠᠭᠠᠨ ᠠᠶᠠᠯᠠᠯ ᠲᠠᠭᠠᠭᠤᠯᠵᠤ᠂《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢ ᠪᠥᠲᠥᠭᠡᠨ ᠪᠠᠶ᠋ᠢᠭᠤᠯᠬᠤ ᠲᠠᠪᠤᠨ ᠶᠡᠬᠡ ᠪᠠᠶ᠋ᠢᠯᠳᠤᠬᠤ ᠪᠣᠳᠣᠯᠭ᠎ᠠ᠎ᠶᠢᠨ ᠪᠠᠶ᠋ᠢᠷᠢ ᠲᠣᠭᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠶᠢ ᠲᠤᠳᠤᠷᠬᠠᠢ ᠤᠯᠭᠤᠪᠠ᠃ ᠡᠨᠡ ᠤᠳᠠᠭ᠎ᠠ᠎ᠶᠢᠨ ᠰᠢᠨᠵᠢᠯᠡᠨ ᠪᠠᠶ᠋ᠢᠴᠠᠭᠠᠬᠤ ᠬᠤᠭᠤᠴᠠᠭᠠᠨ᠎ᠳ᠋ᠠᠭᠠᠨ᠂ ᠶᠡᠷᠦᠩᠬᠡᠢ ᠱᠦᠵᠢ ᠮᠠᠨ᠎ᠤ ᠣᠷᠣᠨ᠎ᠤ ᠪᠤᠳᠤᠯᠳᠠ ᠵᠢᠨ ᠬᠦᠴᠦᠨ᠎ᠦ ᠠᠵᠤ ᠦᠢᠯᠡᠰ᠎ᠦᠨ ᠬᠥᠭᠵᠢᠯᠲᠡ᠎ᠳᠦ ᠲᠣᠳᠣᠷᠬᠠᠢ ᠱᠠᠭᠠᠷᠳᠠᠯᠭ᠎ᠠ ᠳᠤᠷᠠᠳᠴᠤ᠌᠂ 《ᠪᠤᠳᠤᠯᠳᠠ ᠵᠢᠨ ᠬᠦᠴᠤᠨ ᠪᠤᠯᠤᠨ ᠴᠠᠬᠢᠯᠭᠠᠨ ᠬᠦᠴᠤᠨ᠎ᠤ ᠬᠠᠮᠵᠢᠯᠴᠠᠭ᠎ᠠ》᠂ 《ᠪᠤᠳᠤᠯᠳᠠ ᠵᠢᠨ ᠬᠦᠴᠤᠨ ᠪᠤᠯᠤᠨ ᠤᠰᠤᠨ᠎ᠤ ᠡᠬᠢ ᠪᠠᠶᠠᠯᠢᠭ ᠤ᠋ᠨ ᠬᠠᠮᠵᠢᠯᠴᠠᠭ᠎ᠠ》 ᠵᠢ ᠴᠢᠬᠤᠯᠠᠴᠢᠯᠡᠨ ᠦᠵᠡᠬᠦ ᠭᠡᠷᠡᠭᠳᠠᠢ ᠭᠡᠵᠤ ᠴᠢᠬᠤᠯᠠᠴᠢᠯᠠᠪᠠ᠃ 《ᠰᠠᠯᠬᠢ ᠭᠡᠷᠡᠯ ᠤ᠋ᠨ ᠡᠨ᠋ᠸᠷᠬᠢ ᠲᠠᠢ᠂ ᠨᠡᠬᠦᠷᠡᠰᠤ ᠲᠠᠢ ᠂ ᠴᠠᠬᠢᠯᠭᠠᠨ ᠲᠤᠤᠷ ᠲᠠᠢ》 ᠡᠬᠢ ᠪᠠᠶᠠᠯᠢᠭ᠎ᠤᠨ ᠳᠠᠪᠠᠭᠤᠯᠢᠭ᠎ᠡᠴᠡ ᠤᠯᠤᠰ᠎ᠤᠨ 《ᠵᠡᠭᠦᠨᠳᠡᠬᠢ ᠲᠤᠭ᠎ᠠ ᠪᠠᠷᠢᠮᠳᠠ ᠵᠢ ᠪᠠᠷᠠᠭᠤᠨᠳᠡᠬᠢ ᠪᠤᠳᠤᠯᠳᠠ ᠵᠢᠨ ᠬᠦᠴᠤᠨ ᠵᠢᠡᠷ ᠲᠤᠯᠭᠠᠭᠤᠷᠢᠯᠠᠬᠤ》 ᠢᠨᠵᠧᠨᠧᠷᠢᠩ᠎ᠦᠨ ᠨᠠᠢ᠍ᠮᠠᠨ ᠶᠡᠬᠡ ᠵᠠᠩᠭᠢᠯᠠᠭ᠎ᠠ᠎ᠶᠢᠨ ᠴᠡᠭ᠎ᠦᠨ ᠨᠢᠭᠡ ᠪᠣᠯᠬᠤ ᠪᠠᠶ᠋ᠢᠯᠳᠤᠬᠤ ᠪᠤᠳᠤᠯᠭ᠎ᠠ᠎ᠶᠢᠨ ᠪᠠᠶ᠋ᠢᠷᠢᠰᠢᠭᠤᠯᠤᠯᠲᠠ ᠬᠦᠷᠲᠡᠯ᠎ᠡ᠂ ᠪᠢᠳᠡ ᠴᠢᠨᠠᠷ ᠰᠠᠶ᠋ᠢᠲᠠᠢ ᠬᠥᠭᠵᠢᠯᠲᠡ᠎ᠶᠢ ᠲᠥᠯᠥᠪᠵᠢᠭᠦᠯᠦᠨ ᠠᠬᠢᠭᠤᠯᠬᠤ᠎ᠳᠠᠭᠠᠨ᠂ ᠡᠩ ᠲᠡᠷᠢᠭᠦᠨ᠎ᠳᠦ ᠲᠤᠰ ᠪᠡᠶ᠎ᠡ᠎ᠪᠡᠨ ᠨᠠᠮ᠎ᠤᠨ ᠲᠥᠪ ᠬᠣᠷᠢᠶ᠎ᠠ ᠵᠢᠨ ᠪᠠᠶ᠋ᠢᠯᠳᠤᠬᠤ ᠪᠤᠳᠤᠯᠭ᠎ᠠ᠎ᠶᠢᠨ ᠰᠢ᠌ᠳᠪᠦᠷᠢᠲᠦ᠍ ᠪᠤᠳᠤᠯᠭ᠎ᠠ ᠪᠣᠯᠤᠨ ᠲᠥᠯᠥᠪᠵᠢᠭᠦᠯᠭᠡ ᠵᠢᠨ ᠪᠠᠶ᠋ᠢᠷᠢᠯᠠᠭᠤᠯᠤᠯᠲᠠ ᠳᠤᠮᠳᠠ ᠲᠠᠯᠪᠢᠨ ᠪᠣᠳᠣᠯᠬᠢᠯᠠᠵᠤ᠂ ᠶᠡᠬᠡ ᠲᠠᠯ᠎ᠠ᠎ᠶᠢᠨ ᠳᠤᠮᠳᠠ ᠪᠠᠶ᠋ᠢᠷᠢ ᠲᠣᠭᠲᠠᠭᠠᠯᠲᠠ ᠬᠢᠵᠦ᠍᠂ ᠶᠡᠬᠡ ᠬᠠᠨᠳᠤᠰᠢ᠎ᠶᠢᠨ ᠳᠤᠮᠳᠠ ᠲᠥᠯᠥᠪᠵᠢᠭᠦᠯᠵᠦ᠍᠂ ᠤᠯᠤᠰ᠎ᠤᠨ ᠪᠠᠶ᠋ᠢᠯᠳᠤᠬᠤ ᠪᠤᠳᠤᠯᠭ᠎ᠠ᠎ᠶᠢᠨ ᠪᠠᠶ᠋ᠢᠷᠢᠯᠠᠭᠤᠯᠤᠯᠲᠠ ᠪᠣᠯᠤᠨ ᠲᠤᠰ ᠪᠡᠶ᠎ᠡ᠎ᠶᠢᠨ ᠲᠥᠷᠥᠯᠬᠢ ᠳᠠᠪᠠᠭᠤᠯᠢᠭ᠎ᠢᠶᠠᠨ ᠥᠨᠳᠥᠷ ᠪᠦᠲᠦᠮᠵᠢᠲᠡᠢ᠎ᠪᠡᠷ ᠠᠭᠤᠰᠤᠯᠴᠠᠭᠤᠯᠪᠠᠯ ᠳᠠᠷᠤᠢ ᠬᠠᠷᠢᠴᠠᠩᠭᠤᠢ ᠳᠠᠪᠠᠭᠤᠯᠢᠭ᠎ᠢᠶᠠᠨ ᠬᠥᠭᠵᠢᠯᠲᠡ᠎ᠶᠢᠨ ᠢᠯᠠᠯᠲᠠ ᠪᠣᠯᠭᠠᠨ ᠤᠯᠠᠷᠢᠭᠤᠯᠵᠤ ᠴᠢᠳᠠᠨ᠎ᠠ ᠭᠡᠳᠡᠭ᠎ᠢ ᠥᠪᠥᠷ ᠮᠣᠩᠭᠣᠯ᠎ᠤᠨ ᠠᠮᠢᠳᠤᠯᠢᠭ ᠦᠢᠯᠡᠳᠦᠯᠭᠡ ᠲᠤᠳᠤᠷᠬᠠᠢᠯᠠᠪᠠ᠃
ᠪᠣᠳᠠᠲᠤ᠌ ᠪᠠᠢᠳᠠᠯ᠎ᠳᠤ ᠰᠠᠭᠤᠷᠢᠯᠠᠪᠠᠯ ᠰᠠᠶᠢ ᠥᠪᠡᠷ ᠥᠪᠡᠷ᠎ᠦᠨ ᠳᠠᠪᠠᠭᠤᠯᠢᠭ᠎ᠢᠶᠠᠨ ᠪᠠᠳᠠᠷᠠᠭᠤᠯᠵᠤ ᠴᠢᠳᠠᠨ᠎ᠠ᠃ ᠥᠪᠥᠷ ᠮᠣᠩᠭᠣᠯ ᠤᠮᠠᠷᠠᠳᠤ ᠵᠢᠨ ᠭᠤᠷᠪᠡᠨ ᠤᠷᠤᠨ ᠢ᠋ ᠰᠤᠨᠳᠠᠯᠠᠵᠤ᠂ ᠨᠤᠲᠤᠭ ᠳᠡᠪᠢᠰᠬᠡᠷ ᠥᠷᠭᠡᠨ ᠠᠭᠤᠳᠠᠮ᠂ ᠵᠡᠭᠦᠨ ᠳᠤᠮᠳᠠ ᠪᠠᠷᠠᠭᠤᠨ ᠬᠡᠰᠡᠭ ᠪᠣᠯᠤᠨ 12 ᠠᠶ᠋ᠢᠮᠠᠭ ᠬᠤᠳᠠ᠎ᠶᠢᠨ ᠬᠣᠭᠣᠷᠣᠨᠳᠣᠬᠢ ᠡᠬᠢ ᠪᠠᠶᠠᠯᠢᠭ᠎ᠤᠨ ᠳᠠᠪᠠᠭᠤᠯᠢᠭ᠂ ᠠᠵᠤ ᠦᠢᠯᠡᠰ᠎ᠦᠨ ᠰᠠᠭᠤᠷᠢ᠂ ᠬᠥᠭᠵᠢᠯᠲᠡ᠎ᠶᠢᠨ ᠲᠡᠰ ᠳᠠᠪᠬᠤᠷᠭ᠎ᠠ ᠪᠦᠷ ᠠᠳᠠᠯᠢ ᠦᠭᠡᠢ ᠪᠠᠶ᠋ᠢᠳᠠᠭ᠃ ᠭᠠᠵᠠᠷ ᠣᠷᠣᠨ᠎ᠤ ᠪᠠᠶ᠋ᠢᠳᠠᠯᠳ᠋ᠠᠭᠠᠨ ᠲᠣᠬᠢᠷᠠᠭᠤᠯᠬᠤ᠎ᠶᠢᠨ ᠭᠤᠤᠯᠳᠠᠯᠭ᠎ᠠ᠎ᠨᠢ ᠳᠠᠷᠤᠶ ᠵᠥᠷᠢᠶ᠎ᠡ᠎ᠪᠡᠨ ᠮᠡᠳᠡᠷᠡᠵᠦ᠍᠂ ᠵᠥᠷᠢᠶ᠎ᠡ᠎ᠪᠡᠨ ᠬᠦᠨᠳᠦᠳᠬᠡᠨ᠂ ᠵᠥᠷᠢᠶ᠎ᠡ᠎ᠶᠢᠨ ᠳᠤᠮᠳᠠ᠎ᠡᠴᠡ 《ᠬᠠᠮᠤᠭ᠎ᠤᠨ ᠰᠢᠯᠢᠳᠡᠭ ᠰᠢᠢᠳᠪᠦᠷᠢᠯᠡᠬᠦ᠌ ᠠᠷᠭ᠎ᠠ》 ᠵᠢ ᠡᠷᠢᠨ ᠣᠯᠵᠤ᠂ ᠲᠣᠰ ᠪᠡᠶ᠎ᠡ᠎ᠶᠢᠨ ᠬᠥᠭᠵᠢᠯᠲᠡ᠎ᠶᠢᠨ ᠨᠥᠬᠥᠴᠡᠯ᠎ᠢᠶᠡᠨ ᠥᠯᠥ᠍ ᠬᠠᠶ᠋ᠢᠬᠤᠷᠤᠨ ᠰᠣᠬᠣᠷ ᠪᠠᠯᠠᠶ᠎ᠪᠠᠷ ᠳᠠᠭᠠᠨ ᠲᠡᠷᠪᠡᠬᠦ ᠵᠢ ᠬᠤᠷᠢᠬᠯᠠᠵᠥ᠂ 《ᠨᠢᠭᠡ ᠠᠰᠠᠭᠤᠳᠠᠯ᠎ᠢ ᠰᠢᠢᠳᠪᠦᠷᠢᠯᠡᠭᠡᠳ ᠠᠷᠪᠠᠨ ᠬᠠᠷᠠᠮᠰᠠᠯ ᠦᠯᠡᠳᠡᠭᠡᠬᠦ》 ᠡᠴᠡ ᠵᠠᠢᠯᠠᠰᠬᠢᠵᠦ᠂ ᠭᠠᠵᠠᠷ ᠣᠷᠣᠨ᠎ᠤ ᠪᠠᠢᠳᠠᠯ ᠳ᠋ᠠᠭᠠᠨ ᠲᠣᠬᠢᠷᠠᠭᠤᠯᠤᠨ ᠣᠨᠳᠣᠣᠰᠢᠭᠤᠯᠬᠤ᠎ᠶᠢ ᠳᠤᠷ᠎ᠠ᠎ᠪᠠᠷ᠎ᠢᠶᠠᠨ ᠬᠤᠪᠢᠷᠠᠭᠤᠯᠬᠤ ᠪᠤᠯᠭᠠᠬᠤ᠎ᠠᠴᠠ ᠰᠡᠷᠭᠡᠢᠯᠡᠬᠦ ᠬᠡᠷᠡᠭᠲᠡᠢ᠃ ᠡᠯ᠎ᠡ ᠱᠠᠲᠤ ᠡᠯ᠎ᠡ ᠭᠠᠵᠠᠷ᠎ᠤᠨ ᠬᠢᠨ ᠲᠣᠰ ᠪᠡᠶ᠎ᠡ᠎ᠶᠢᠨ ᠪᠣᠳᠠᠲᠤ ᠪᠠᠢᠳᠠᠯ᠎ᠳᠠᠭᠠᠨ ᠰᠠᠭᠤᠷᠢᠯᠠᠨ᠂ ᠬᠠᠷᠢᠴᠠᠩᠭᠤᠢ ᠳᠠᠪᠠᠭᠤᠯᠢᠭ᠋᠎ᠢᠶᠠᠨ ᠭᠦᠢᠴᠡᠳ ᠪᠠᠳᠠᠷᠠᠭᠤᠯᠵᠤ᠂ ᠲᠠᠷᠢᠶᠠᠯᠠᠩ᠎ᠳᠤ ᠲᠣᠬᠢᠷᠠᠪᠠᠯ ᠲᠠᠷᠢᠶᠠᠯᠠᠩ᠎ᠢ ᠬᠥᠭᠵᠢᠭᠦᠯᠵᠦ᠂ ᠠᠵᠤ ᠦᠢᠯᠡᠳᠪᠦᠷᠢ᠎ᠳᠦ ᠲᠣᠬᠢᠷᠠᠪᠠᠯ ᠠᠵᠤ ᠦᠢᠯᠡᠳᠪᠦᠷᠢ᠎ᠶᠢ ᠬᠥᠭᠵᠢᠭᠦᠯᠵᠦ᠂ ᠠᠷᠠᠯᠵᠢᠶ᠎ᠠ ᠬᠤᠳᠠᠯᠳᠤᠭ᠎ᠠ᠎ᠳᠤ ᠲᠣᠬᠢᠷᠠᠪᠠᠯ ᠠᠷᠠᠯᠵᠢᠶ᠎ᠠ ᠬᠤᠳᠠᠯᠳᠤᠭ᠎ᠠ᠎ᠶᠢ ᠬᠥᠭᠵᠢᠭᠦᠯᠵᠦ᠂ ᠵᠢᠭᠤᠯᠴᠢᠯᠠᠯ᠎ᠳᠤ ᠲᠣᠬᠢᠷᠠᠪᠠᠯ ᠵᠢᠭᠤᠯᠴᠢᠯᠠᠯ᠎ᠢ ᠬᠥᠭᠵᠢᠭᠦᠯᠵᠦ᠂ ᠪᠥᠬᠥ ᠣᠷᠣᠨ᠎ᠤ ᠴᠢᠨᠠᠷ ᠰᠠᠢᠲᠠᠢ ᠬᠥᠭᠵᠢᠯᠲᠡ᠎ᠶᠢᠨ ᠶᠡᠬᠡ ᠲᠠᠯ᠎ᠠ᠎ᠳᠤ ᠲᠣᠰ ᠲᠣᠰ᠎ᠤᠨ ᠪᠠᠢᠷᠢ ᠰᠠᠭᠤᠷᠢ᠎ᠪᠠᠨ ᠪᠠᠲᠤᠳᠬᠠᠵᠤ᠂ ᠲᠣᠰ ᠲᠣᠰ᠎ᠤᠨ ᠳᠠᠪᠠᠭᠤᠯᠢᠭ᠋᠎ᠢᠶᠠᠨ ᠪᠠᠳᠠᠷᠠᠭᠤᠯᠵᠤ᠂ ᠨᠢᠭᠡ ᠣᠷᠣᠨ ᠪᠦᠰᠡ᠎ᠳᠦ ᠥᠩᠭᠡ ᠬᠡᠷᠡᠯ ᠨᠡᠮᠡᠷᠢᠯᠡᠬᠦ᠎ᠪᠡᠷ ᠪᠠᠷᠠᠬᠤ ᠦᠭᠡᠢ᠂ ᠪᠥᠬᠥ ᠣᠷᠣᠨ᠎ᠳᠤ ᠬᠡᠷᠡᠯ ᠭᠢᠯᠪᠠᠭ᠎ᠠ ᠨᠡᠮᠡᠷᠢᠯᠡᠬᠦ ᠬᠡᠷᠡᠭᠲᠡᠢ᠃
ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠪᠡᠷ ᠪᠠᠷᠢᠮᠵᠢᠶᠠᠯᠠᠪᠠᠯ ᠰᠠᠶᠢ ᠠᠯᠤᠰ᠎ᠢ ᠵᠣᠷᠢᠨ ᠯᠠᠪᠳᠠᠭᠤᠨ᠎ᠢᠶᠠᠷ ᠤᠷᠤᠭᠰᠢᠯᠠᠵᠤ ᠴᠢᠳᠠᠨ᠎ᠠ᠃ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠬᠤ ᠨᠢ ᠬᠥᠭᠵᠢᠯᠲᠡ᠎ᠶᠢᠨ ᠦᠵᠡᠯᠲᠡ ᠵᠢ ᠰᠢᠯᠭᠠᠵᠥ ᠪᠠᠢᠬᠤ ᠪᠡᠷ ᠪᠠᠷᠠᠬᠤ ᠦᠬᠡᠢ ᠪᠠᠰᠠ ᠠᠵᠢᠯ᠎ᠤᠨ ᠪᠦᠲᠦᠮᠵᠢ᠎ᠶᠢᠨ ᠦᠵᠡᠯᠲᠡ᠎ᠶᠢ ᠰᠢᠯᠭᠠᠵᠥ ᠪᠠᠢᠳᠠᠭ᠃ ᠣᠬᠣᠷ ᠬᠤᠭᠤᠴᠠᠭᠠᠨ᠎ᠤ ᠠᠵᠢᠯ᠎ᠤᠨ ᠪᠦᠲᠦᠮᠵᠢ᠎ᠶᠢ ᠬᠥᠭᠡᠭᠡᠴᠡᠯᠳᠦᠬᠦ ᠦᠦ᠂ ᠡᠰᠡᠬᠦᠯ᠎ᠡ ᠳᠤᠷᠠᠲᠠᠶ᠎ᠠ ᠰᠠᠭᠤᠷᠢ ᠲᠠᠯᠪᠢᠵᠤ ᠠᠯᠤᠰ ᠢᠷᠡᠭᠡᠳᠦᠢ᠎ᠳᠦ ᠠᠰᠢᠭ᠍ᠲᠠᠢ ᠪᠠᠢᠯᠭᠠᠬᠤ ᠦᠦ ? ᠬᠢᠨᠠᠨ ᠰᠢᠯᠭᠠᠬᠤ ᠭᠦᠢᠴᠡᠳᠬᠡᠯ ᠲᠣᠭ᠎ᠠ᠎ᠶᠢ ᠠᠩᠬᠠᠷᠴᠤ 《ᠡᠭᠡᠭᠡ ᠠᠳᠠᠯᠢ ᠪᠠᠢᠯᠭᠠᠬᠤ》 ᠶᠤᠮ ᠦᠦ᠂ ᠡᠰᠡᠬᠦᠯ᠎ᠡ ᠪᠣᠳᠠᠲᠤ ᠪᠠᠢᠳᠠᠯ᠎ᠠᠴᠠ ᠡᠭᠦᠰᠴᠦ 《ᠨᠢᠭᠡ ᠲᠦᠯᠬᠢᠭᠦᠷ᠎ᠢᠶᠡᠷ ᠨᠢᠭᠡ ᠣᠨᠢᠰᠤ᠎ᠶᠢ ᠨᠡᠭᠡᠭᠡᠬᠦ》 ᠶᠤᠮ ᠦᠦ? ᠠᠳᠠᠯᠢ ᠪᠤᠰᠤ ᠰᠣᠩᠭᠣᠯᠲᠠ ᠨᠢ ᠠᠳᠠᠯᠢ ᠪᠤᠰᠤ ᠵᠠᠰᠠᠭ᠎ᠤᠨ ᠠᠵᠢᠯ᠎ᠤᠨ ᠪᠦᠲᠦᠮᠵᠢ᠎ᠶᠢᠨ ᠦᠵᠡᠯᠲᠡ᠎ᠵᠢ ᠲᠤᠰᠬᠠᠨ᠎ᠠ᠃ ᠭᠠᠭᠴᠠ ᠬᠦ᠌ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠠᠲᠤ ᠪᠣᠶ ᠪᠣᠯᠭᠠᠨ ᠦᠢᠯᠡᠳᠦᠯᠭᠡᠵᠢᠭᠦᠯᠵᠦ᠂ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠪᠦᠷᠢᠨ ᠪᠦᠲᠦᠨ ᠵᠥᠪ ᠣᠨᠣᠪᠴᠢᠲᠠᠶ ᠪᠥᠬᠥ ᠲᠠᠯ᠎ᠠ᠎ᠪᠠᠷ ᠲᠤᠭᠤᠰᠢᠯᠠᠭᠤᠯᠪᠠᠯ ᠰᠠᠶᠢ ᠴᠢᠨᠠᠷ ᠰᠠᠢᠲᠠᠢ ᠬᠥᠭᠵᠢᠯᠲᠡ᠎ᠶᠢᠨ ᠬᠡᠯᠪᠡᠢᠬᠦ ᠦᠭᠡᠢ᠂ ᠥᠭᠡᠷᠡᠲᠦᠬᠦ ᠦᠭᠡᠢ ᠪᠠᠢᠬᠤ᠎ᠶᠢ ᠦᠨᠡᠨ ᠬᠦ᠌ ᠪᠠᠲᠤᠯᠠᠵᠤ ᠴᠢᠳᠠᠨ᠎ᠠ᠃ ᠡᠯ᠎ᠡ ᠱᠠᠲᠤ ᠡᠯ᠎ᠡ ᠭᠠᠵᠠᠷ᠎ᠤᠨ ᠬᠢᠨ ᠠᠷᠠᠳ᠎ᠤᠨ ᠲᠥᠯᠥᠭᠡ ᠬᠥᠭᠵᠢᠭᠦᠯᠬᠦ᠂ ᠪᠣᠳᠠᠲᠠᠢ᠎ᠶᠢ ᠡᠷᠬᠢᠮᠯᠡᠨ ᠬᠥᠭᠵᠢᠭᠦᠯᠬᠦ᠂ ᠠᠯᠤᠰ ᠬᠡᠲᠦ ᠵᠢ ᠪᠤᠳᠤᠯᠬᠢᠯᠠᠨ ᠬᠦᠭᠵᠢᠬᠦᠯᠬᠦ᠎ᠶᠢ ᠪᠠᠷᠢᠮᠲᠠᠯᠠᠵᠤ᠂ ᠵᠠᠰᠠᠭ᠎ᠤᠨ ᠠᠵᠢᠯ᠎ᠤᠨ ᠪᠦᠳᠦᠮᠵᠢ᠎ᠶᠢᠨ ᠬᠥᠭᠰᠡᠯᠢ ᠲᠠᠶᠠᠭᠳᠠᠵᠤ᠂ 《ᠠᠮᠵᠢᠯᠲᠠ ᠠᠨ᠎ᠤ ᠭᠠᠭᠴᠠ ᠮᠢᠨᠤ ᠭᠠᠪᠢᠶ᠎ᠠ ᠪᠤᠰᠤ᠂ ᠠᠮᠵᠢᠯᠲᠠ ᠣᠯᠬᠤ᠎ᠳᠤ ᠯᠠᠪᠲᠠᠢ ᠪᠢ ᠪᠠᠢᠬᠤ》 ᠭᠡᠬᠦ ᠪᠠᠭᠲᠠᠭᠠᠮᠵᠢ᠎ᠪᠠᠷ᠂ ᠨᠢᠭᠡ ᠨᠢᠭᠡ ᠠᠯᠬᠤᠮ᠎ᠢᠶᠠᠷ᠂ ᠨᠢᠭᠡ ᠨᠢᠭᠡ ᠬᠤᠭᠤᠴᠠᠭ᠎ᠠ᠎ᠪᠠᠷ ᠠᠵᠢᠯ᠎ᠢᠶᠡᠨ ᠰᠠᠢᠳᠤᠷ ᠬᠢᠬᠦ ᠬᠡᠷᠡᠭᠲᠡᠢ᠃
ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ ᠪᠣᠯᠣᠨ ᠨᠠᠮ᠎ᠤᠨ ᠪᠠᠢᠭᠤᠯᠤᠯᠲᠠ᠎ᠶᠢ ᠪᠠᠷᠢᠮᠲᠠᠯᠠᠨ ᠴᠢᠩᠭᠠᠳᠬᠠᠬᠤ ᠪᠣᠯ ᠡᠯ᠎ᠡ ᠵᠦᠢᠯ᠎ᠦᠨ ᠠᠵᠢᠯ ᠦᠢᠯᠡᠰ᠎ᠦᠨ ᠬᠥᠭᠵᠢᠯᠲᠡ᠎ᠶᠢᠨ ᠦᠨᠳᠦᠰᠦᠨ ᠪᠠᠲᠤᠯᠠᠭ᠎ᠠ ᠮᠥᠨ᠂ ᠪᠠᠰᠠ ᠴᠤ᠌ ᠴᠢᠨᠠᠷ ᠰᠠᠢᠲᠠᠢ ᠬᠥᠭᠵᠢᠯᠲᠡ᠎ᠶᠢᠨ ᠵᠠᠢᠯᠠᠰᠢ ᠦᠭᠡᠢ ᠱᠠᠭᠠᠷᠳᠠᠯᠭ᠎ᠠ ᠮᠥᠨ᠃ ᠪᠦᠬᠦ ᠣᠷᠣᠨ᠎ᠤ ᠡᠯ᠎ᠡ ᠱᠠᠲᠤ ᠡᠯ᠎ᠡ ᠭᠠᠵᠠᠷ᠎ᠤᠨ ᠬᠢᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠨᠢᠭᠡ ᠠᠯᠬᠤᠮ ᠴᠤ᠌ ᠵᠣᠭᠰᠣᠯ ᠦᠭᠡᠢ᠂ ᠬᠠᠭᠠᠰ ᠠᠯᠬᠤᠮ ᠴᠤ᠌ ᠤᠬᠤᠷᠢᠯ ᠦᠭᠡᠢ᠎ᠪᠡᠷ ᠭᠦᠨᠵᠡᠭᠡᠢᠷᠡᠭᠦᠯᠦᠨ ᠠᠬᠢᠭᠤᠯᠵᠤ᠂ ᠨᠠᠮ᠎ᠤᠨ ᠪᠦᠬᠦ ᠲᠠᠯ᠎ᠠ᠎ᠶᠢ ᠶᠡᠷᠦᠩᠬᠡᠢᠯᠡᠨ ᠡᠵᠡᠮᠳᠡᠬᠦ᠂ ᠡᠯ᠎ᠡ ᠲᠠᠯ᠎ᠠ᠎ᠶᠢ ᠵᠣᠬᠢᠴᠠᠭᠤᠯᠬᠤ ᠤᠳᠤᠷᠢᠳᠬᠤ ᠭᠣᠣᠯᠯᠠᠭ᠍ᠴᠢ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠬᠦᠴᠦᠨ ᠴᠢᠳᠠᠯ ᠪᠣᠯᠣᠨ ᠡᠬᠢ ᠪᠠᠶᠠᠯᠢᠭ᠋᠎ᠢ ᠨᠢᠭ᠍ᠲᠠᠷᠠᠭᠤᠯᠵᠤ᠂ ᠬᠠᠮᠵᠢᠯᠴᠠᠭᠤᠯᠵᠤ᠂ ᠠᠯᠬᠤᠮ ᠨᠢᠭᠡᠲᠡᠢ ᠤᠷᠤᠭᠰᠢᠯᠠᠵᠤ᠂ ᠮᠠᠨ᠎ᠤ ᠣᠷᠣᠨ᠎ᠤ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠪᠦᠷᠢᠯᠳᠦᠭᠦᠯᠵᠦ᠂ ᠡᠯ᠎ᠡ ᠵᠦᠢᠯ᠎ᠦᠨ ᠥᠷᠢᠰᠦᠯᠳᠦᠭᠡᠨ᠎ᠢ ᠯᠠᠪᠳᠠᠭᠤᠨ᠎ᠢᠶᠠᠷ ᠠᠷᠭᠠᠴᠠᠭᠠᠬᠤ ᠬᠡᠷᠡᠭᠲᠡᠢ᠃
ᠲᠦᠮᠡᠨ ᠭᠠᠵᠠᠷ᠎ᠤᠨ ᠠᠶᠠᠨ᠎ᠳᠤ ᠡᠷᠴᠢ ᠵᠣᠷᠢᠭ᠋᠎ᠢᠶᠠᠨ ᠬᠥᠪᠴᠢᠯᠡᠵᠦ᠂ ᠮᠢᠩᠭᠠᠨ ᠵᠢᠩ᠎ᠤᠨ ᠬᠦᠨᠳᠦ ᠡᠭᠦᠷᠭᠡ᠎ᠶᠢ ᠮᠦᠷᠦᠨ ᠳ᠋ᠡᠬᠡᠨ ᠡᠬᠦᠷᠦᠨ ᠳᠠᠬᠢᠨᠳᠠ ᠤᠷᠤᠬᠰᠢᠯᠠᠨᠠᠮ᠃ ᠣᠷᠣᠨ ᠳᠠᠶᠠᠭᠠᠷ᠎ᠢᠶᠠᠨ ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ᠂ ᠠᠴᠢ ᠡᠨᠡᠷᠢᠯ᠎ᠳᠦ ᠲᠠᠯᠠᠷᠬᠠᠨ ᠡᠷᠡᠮᠡᠬᠡᠢᠯᠡᠨ ᠤᠷᠤᠭᠰᠢᠯᠠᠵᠤ᠂ ᠬᠠᠳᠠᠭᠠᠰᠤ ᠬᠠᠳᠠᠬᠤ ᠵᠣᠷᠢᠭ᠋ ᠰᠠᠨᠠᠭ᠎ᠠ᠎ᠪᠠᠷ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ ᠬᠤᠳᠠ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠨᠠᠷᠢᠯᠢᠭᠵᠢᠭᠤᠯᠤᠨ ᠨᠠᠢᠳᠠᠪᠤᠷᠢᠵᠢᠭᠤᠯᠵᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠭᠠᠷᠭᠠᠬᠤ᠎ᠪᠠᠷ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠶᠢᠨ ᠢᠷᠡᠭᠡᠳᠦᠢ᠎ᠶᠢ ᠪᠢᠴᠢᠭᠯᠡᠰᠦᠭᠡᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃