2026-10-23 11:02:36
— ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠤᠷᠲᠤ ᠵᠠᠮ᠎ᠤᠨ ᠠᠶᠠᠨ ᠳᠠᠶ᠋ᠢᠨ ᠢᠯᠠᠯᠲᠠ ᠣᠯᠣᠭᠰᠠᠨ 90 ᠵᠢᠯ᠎ᠦᠨ ᠣᠶ᠎ᠶᠢ ᠳᠤᠷᠠᠰᠬᠠᠶ᠎ᠠ
ᠣᠨ ᠰᠠᠷ᠎ᠠ᠎ᠳᠤ ᠤᠭ ᠰᠠᠨᠠᠭ᠎ᠠ᠎ᠪᠠᠨ ᠳᠠᠪᠲᠠᠨ ᠪᠣᠯᠪᠠᠰᠤᠷᠠᠭᠤᠯᠵᠤ᠂ ᠵᠣᠷᠢᠭ᠋ ᠰᠠᠨᠠᠭ᠎ᠠ ᠪᠡᠷ ᠰᠢᠨ᠎ᠡ ᠠᠶᠠᠨ᠎ᠢ ᠭᠡᠷᠡᠯᠲᠦᠭᠦᠯᠦᠨ᠎ᠡ᠃
90 ᠵᠢᠯ᠎ᠦᠨ ᠡᠮᠦᠨ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠢ ᠤᠳᠤᠷᠢᠳᠤᠨ ᠮᠢᠩᠭᠠᠨ ᠠᠭᠤᠯᠠ ᠵᠢ ᠲᠠᠪᠠᠨ ᠲᠦᠮᠡᠨ ᠮᠥᠷᠡᠨ᠎ᠢ ᠭᠠᠳᠤᠯᠵᠦ᠂ ᠮᠢᠩᠭᠠᠨ ᠪᠡᠷᠬᠡ ᠲᠦᠮᠡᠨ ᠪᠠᠷᠲᠠᠭ᠎ᠠ ᠵᠢ ᠳᠠᠪᠠᠵᠤ᠂ ᠳᠡᠯᠡᠬᠡᠢ ᠳ᠋ᠠᠬᠢᠨ᠎ᠢ ᠳᠣᠩᠰᠣᠯᠭᠠᠭᠰᠠᠨ᠂ ᠲᠡᠦᠬᠡᠨ ᠬᠠᠭᠤᠳᠠᠰᠤ᠎ᠶᠢ ᠭᠡᠢᠭᠦᠯᠦᠭᠰᠡᠨ ᠠᠭᠤᠤ ᠶᠡᠬᠡ ᠠᠶᠠᠨ ᠲᠠᠢ᠍ᠢᠨ᠎ᠢ ᠢᠯᠠᠯᠲᠠ᠎ᠲᠠᠢ ᠪᠡᠶᠡᠯᠡᠭᠦᠯᠵᠦ᠂ ᠳᠤᠮᠳᠠᠳᠤ ᠤᠯᠤᠰ᠎ᠤᠨ ᠡᠪ ᠬᠠᠮᠲᠤ ᠨᠠᠮ ᠪᠣᠯᠣᠨ ᠳᠤᠮᠳᠠᠳᠤ ᠤᠯᠤᠰ᠎ᠤᠨ ᠬᠤᠪᠢᠰᠬᠠᠯ᠎ᠤᠨ ᠦᠢᠯᠡᠰ᠎ᠦᠨ ᠨᠤᠭᠤᠷᠠᠯ ᠪᠦᠳᠦᠷᠢᠯ ᠲᠠᠢ ᠪᠠᠢᠭᠰᠠᠨ᠎ᠡᠴᠡ ᠢᠯᠠᠯᠲᠠ ᠲᠡᠢᠰᠢ ᠤᠷᠤᠭᠰᠢᠯᠠᠭᠰᠠᠨ ᠠᠭᠤᠤ ᠶᠡᠬᠡ ᠡᠷᠭᠢᠯᠲᠡ᠎ᠶᠢ ᠪᠡᠶᠡᠯᠡᠭᠦᠯᠪᠡ᠃
ᠠᠭᠤᠯᠠ ᠤᠰᠤᠨ᠎ᠳᠤ ᠯᠤᠳᠤ ᠬᠤᠪᠢᠷᠠᠯᠳᠠ ᠭᠠᠷᠴᠤ᠂ ᠭᠠᠯ ᠭᠤᠯᠤᠮᠳᠠ ᠵᠠᠯᠭᠠᠮᠵᠢᠯᠠᠭᠳᠠᠪᠠ᠃ 90 ᠵᠢᠯ᠎ᠦᠨ ᠲᠤᠷᠰᠢ᠂ ᠤᠷᠳᠤ ᠵᠠᠮ᠎ᠤᠨ ᠠᠶᠠᠨ ᠲᠠᠢ᠍ᠢᠨ ᠭᠡᠬᠦ ᠡᠨᠡ ᠬᠦ᠌ ᠰᠦᠷᠯᠢᠭ ᠬᠥᠰᠢᠶ᠎ᠡ ᠬᠡᠷᠡᠯ ᠭᠢᠯᠪᠠᠭ᠎ᠠ᠎ᠪᠠᠨ ᠰᠠᠴᠤᠷᠠᠭᠤᠯᠵᠤ᠂ ᠦᠶ᠎ᠡ ᠦᠶ᠎ᠡ᠎ᠶᠢᠨ ᠳᠤᠮᠳᠠᠳᠤ᠎ᠶᠢᠨ ᠬᠥᠪᠡᠭᠦᠳ ᠥᠬᠢᠳ᠎ᠦᠨ ᠬᠦᠴᠢᠷ᠎ᠢ ᠲᠤᠭᠤᠯᠤᠨ ᠪᠡᠷᠬᠡ᠎ᠶᠢ ᠳᠠᠪᠠᠵᠤ᠂ ᠡᠷᠡᠯᠬᠡᠭᠯᠡᠨ ᠤᠷᠤᠭᠰᠢᠯᠠᠬᠤ᠎ᠶᠢ ᠵᠣᠷᠢᠭ᠍ᠵᠢᠭᠤᠯᠤᠭᠰᠠᠭᠠᠷ ᠢᠷᠡᠵᠠᠢ᠃
ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠲᠦᠭ ᠲᠦᠮᠡᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠰᠠᠬᠢᠵᠤ᠂ ᠬᠤᠪᠢᠰᠬᠠᠯ᠎ᠤᠨ ᠤᠯᠠᠮᠵᠢᠯᠠᠯ᠎ᠢ ᠵᠠᠯᠭᠠᠮᠵᠢᠯᠠᠨ ᠪᠠᠳᠠᠷᠠᠭᠤᠯᠵᠤ᠂ ᠠᠭᠤᠤ ᠶᠡᠬᠡ ᠣᠷᠳᠣ᠌ ᠵᠠᠮ᠎ᠤᠨ ᠠᠶᠠᠨ ᠲᠡᠶ᠋ᠢᠨ᠎ᠦ ᠵᠣᠷᠢᠭ᠋ ᠰᠠᠨᠠᠭ᠎ᠠ᠎ᠶᠢ ᠶᠡᠬᠡᠪᠡᠷ ᠪᠠᠳᠠᠷᠠᠭᠤᠯᠵᠤ᠂ ᠰᠢᠨ᠎ᠡ ᠴᠠᠭ ᠦᠶ᠎ᠡ᠎ᠶᠢᠨ ᠣᠷᠳᠣ᠌ ᠵᠠᠮ᠎ᠤᠨ ᠠᠶᠠᠨ ᠲᠡᠶ᠋ᠢᠨ᠎ᠳᠤ ᠲᠠᠰᠤᠷᠠᠯᠲᠠ ᠦᠭᠡᠢ ᠰᠢᠨ᠎ᠡ ᠲᠡᠦᠬᠡ᠎ᠶᠢᠨ ᠬᠡᠷᠡᠯ ᠰᠠᠴᠤᠷᠠᠩᠭᠤᠢ ᠠᠮᠵᠢᠯᠲᠠ᠎ᠶᠢ ᠡᠭᠦᠳᠴᠦ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ ᠵᠢ ᠬᠣᠷᠢᠭ᠍ᠯᠠᠭᠳᠠᠰᠢ ᠦᠭᠡᠢ ᠪᠤᠯᠭᠠᠪᠠ᠃
《ᠤᠳᠤ᠂ ᠪᠢᠳᠡ ᠶᠠᠭ ᠲᠣᠮᠣ᠌ ᠠᠯᠬᠤᠮ᠎ᠢᠶᠠᠷ ᠨᠡᠢᠭᠡᠮ ᠵᠢᠷᠤᠮᠳᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠰᠢᠨ᠎ᠡ ᠠᠶᠠᠨᠳᠠᠭᠠᠨ ᠤᠷᠤᠭᠰᠢᠯᠠᠵᠤ ᠪᠠᠢᠨ᠎ᠠ᠂ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ ᠰᠢᠨ᠎ᠡ ᠤᠷᠳᠤ ᠵᠠᠮ ᠤ᠋ᠨ ᠠᠶᠠᠨ ᠳᠠᠢᠨ ᠤ᠋ ᠵᠠᠮ ᠵᠢᠡᠷ ᠰᠠᠢᠲᠤᠷ ᠵᠠᠮᠨᠠᠬᠤ ᠬᠡᠷᠡᠭᠲᠡᠢ》᠃ ᠶᠡᠷᠦᠩᠬᠡᠢ ᠱᠦᠵᠢ ᠰᠢ ᠵᠢᠨ ᠫᠢᠩ᠎ᠦᠨ ᠦᠭᠡ ᠶᠠᠷᠢᠶ᠎ᠠ ᠲᠡᠦᠬᠡ᠂ ᠤᠳᠤ ᠪᠠ ᠢᠷᠡᠭᠡᠳᠦᠢ ᠵᠢ ᠨᠡᠪᠳᠡᠷᠡᠭᠦᠯᠵᠤ᠂ ᠰᠦᠷ ᠳᠠᠯᠠᠢᠴᠠᠲᠠᠢ ᠬᠦᠴᠦᠨ ᠴᠢᠳᠠᠯ᠎ᠢ ᠨᠢᠭ᠍ᠲᠠᠷᠠᠭᠤᠯᠵᠤ᠂ ᠬᠦᠴᠦᠷᠬᠡᠭ ᠶᠡᠬᠡ ᠲᠡᠮᠡᠴᠡᠯ᠎ᠦᠨ ᠵᠣᠷᠢᠭ᠋᠎ᠢ ᠬᠥᠪᠴᠢᠯᠡᠪᠡ᠃
ᠰᠢᠨ᠎ᠡ ᠴᠠᠭ ᠦᠶ᠎ᠡ᠎ᠶᠢ ᠨᠡᠭᠡᠭᠡᠵᠦ᠂ ᠰᠢᠨ᠎ᠡ ᠠᠶᠠᠨ᠎ᠢ ᠡᠬᠢᠯᠡᠭᠦᠯᠦᠨ᠎ᠡ᠂ ᠡᠨᠡ ᠪᠣᠯ ᠲᠡᠦᠬᠡᠲᠦ ᠡᠭᠦᠷᠭᠡ᠎ᠶᠢ ᠵᠣᠷᠢᠭ᠍ᠲᠠᠢ ᠡᠭᠦᠷᠭᠡᠯᠡᠬᠦ ᠰᠦᠷ ᠳᠠᠯᠠᠢᠴᠠᠲᠠᠢ ᠠᠶᠠᠨ ᠪᠣᠯᠣᠨ᠎ᠠ᠃
《ᠥᠨᠥᠳᠥᠷ᠂ ᠮᠠᠨ᠎ᠤ ᠡᠨᠡ ᠦᠶ᠎ᠡ᠎ᠶᠢᠨ ᠬᠥᠮᠥᠰ᠎ᠦᠨ ᠤᠷᠳᠤ ᠵᠠᠮ᠎ᠤᠨ ᠠᠶᠠᠨ ᠲᠠᠢ᠍ᠢᠨ ᠪᠣᠯ ᠳᠠᠷᠤᠢ 〈ᠬᠣᠣᠰ ᠵᠠᠭᠤᠨ ᠵᠢᠯ〉 ᠤ᠋ᠨ ᠲᠡᠮᠡᠴᠡᠬᠦ ᠬᠠᠷᠠᠯᠲᠠ᠎ᠶᠢ ᠪᠡᠶᠡᠯᠡᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠳᠤᠮᠳᠠᠳᠤ᠎ᠶᠢᠨ ᠵᠡᠭᠦᠳᠦ᠎ᠶᠢ ᠲᠡᠷᠭᠡᠯᠰᠢᠭᠦᠯᠬᠦ ᠶᠠᠪᠤᠳᠠᠯ ᠪᠣᠯᠣᠨ᠎ᠠ》᠃
ᠲᠡᠦᠬᠡ᠎ᠶᠢᠨ ᠪᠤᠤᠬᠢᠶ᠎ᠠ᠎ᠶᠢ ᠲᠤᠰᠴᠦ᠂ ᠳᠤᠮᠳᠠᠳᠤ ᠤᠯᠤᠰ᠎ᠤᠨ ᠠᠷᠠᠳ ᠲᠦᠮᠡᠨ᠎ᠳᠦ ᠵᠣᠯ ᠵᠢᠷᠭᠠᠯ ᠡᠳ᠋ᠯᠡᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠰᠡᠷᠭᠦᠨ ᠮᠠᠨᠳᠤᠯᠲᠠ᠎ᠶᠢ ᠪᠡᠶᠡᠯᠡᠭᠦᠯᠬᠦ᠎ᠪᠡᠷ ᠪᠠᠷᠠᠬᠤ ᠦᠭᠡᠢ᠂ ᠪᠠᠰᠠ ᠬᠥᠮᠥᠨ ᠲᠥᠷᠥᠯᠬᠢᠲᠡᠨ᠎ᠦ ᠲᠠᠪᠰᠢᠯᠳᠠ᠎ᠶᠢ ᠡᠷᠢᠯᠬᠢᠯᠡᠵᠦ᠂ ᠳᠡᠯᠡᠬᠡᠢ ᠳ᠋ᠠᠬᠢᠨ᠎ᠤ ᠶᠡᠬᠡ ᠨᠢᠭᠡᠳᠦᠯ ᠢ᠋ ᠡᠷᠢᠯᠬᠢᠯᠡᠵᠤ᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠡᠪ ᠬᠠᠮᠲᠤᠴᠤᠳ ᠬᠦᠨᠳᠦ ᠡᠭᠦᠷᠭᠡ᠎ᠶᠢ ᠡᠭᠦᠷᠭᠡᠯᠡᠵᠦ᠂ ᠲᠦᠪ ᠶᠤᠰᠤᠨ ᠤ᠋ ᠵᠠᠮ ᠵᠢᠡᠷ ᠡᠷᠡᠯᠬᠡᠭᠯᠡᠨ ᠤᠷᠤᠭᠰᠢᠯᠠᠬᠤ ᠬᠡᠷᠡᠭᠳᠠᠢ᠃
ᠠᠵᠤ ᠠᠬᠤᠢ᠎ᠶᠢᠨ ᠶᠡᠷᠦᠩᠬᠡᠢ ᠬᠡᠮᠵᠢᠶ᠎ᠡ 140 ᠲᠦᠮᠡᠨ ᠳ᠋ᠦᠩᠰᠢᠭᠤᠷ ᠲᠥᠭᠥᠷᠢᠭ᠎ᠦᠨ ᠳᠡᠭᠲᠡᠷ᠎ᠲᠦ ᠭᠠᠷᠴᠤ᠂ ᠦᠢᠯᠡᠳᠬᠦ ᠦᠢᠯᠡᠰ᠎ᠦᠨ ᠬᠡᠪᠴᠢᠶ᠎ᠠ16 ᠵᠢᠯ ᠳᠠᠷᠠᠭᠠᠯᠠᠨ ᠪᠦᠬᠦ ᠪᠥᠮᠪᠥᠷᠴᠡᠭ᠎ᠦᠨ ᠲᠡᠷᠢᠭᠦᠨ᠎ᠳᠦ ᠣᠷᠣᠵᠤ᠂ ᠳᠡᠯᠡᠬᠡᠢ᠎ᠶᠢᠨ ᠠᠵᠤ ᠠᠬᠤᠢ᠎ᠶᠢᠨ ᠨᠡᠮᠡᠭᠳᠡᠯ᠎ᠳᠦ ᠦᠵᠡᠭᠦᠯᠬᠦ ᠬᠤᠪᠢ ᠨᠡᠮᠡᠷᠢ᠎ᠶᠢᠨ ᠨᠣᠷᠮ᠎ᠠ ᠤᠷᠲᠤ ᠬᠤᠭᠤᠴᠠᠭ᠎ᠠ᠎ᠪᠠᠷ 30% ᠣᠷᠴᠢᠮ ᠪᠠᠢᠬᠤ᠎ᠶᠢ ᠪᠠᠲᠤᠯᠠᠪᠠ;
ᠵᠣᠬᠢᠶᠠᠮᠠᠯ ᠤᠶᠤᠨ ᠴᠢᠳᠠᠪᠤᠷᠢ᠎ᠶᠢᠨ ᠠᠵᠤ ᠦᠢᠯᠡᠰ᠎ᠦᠨ ᠠᠮᠢᠵᠢᠷᠠᠯ᠎ᠤᠨ ᠬᠦᠴᠦᠨ ᠤᠷᠬᠢᠯᠤᠨ ᠪᠠᠳᠠᠷᠠᠵᠤ᠂ ᠰᠢᠨ᠎ᠡ ᠡᠨᠧᠷᠭᠢ᠎ᠶᠢᠨ ᠮᠠᠰᠢᠨ ᠲᠡᠷᠭᠡ ᠳᠡᠯᠡᠬᠡᠢ ᠳ᠋ᠠᠬᠢᠨ᠎ᠳᠤ ᠪᠣᠷᠣᠯᠠᠭᠤᠯᠤᠭᠳᠠᠵᠤ᠂ ᠮᠠᠨ᠎ᠤ ᠤᠯᠤᠰ ᠰᠢᠨ᠎ᠡ᠎ᠶᠢ ᠡᠭᠦᠳᠬᠦ᠌ ᠬᠦᠴᠦᠨ ᠬᠠᠮᠤᠭ᠎ᠤᠨ ᠲᠦᠷᠭᠡᠨ ᠳᠡᠭᠡᠭᠰᠢᠯᠡᠭᠰᠡᠨ ᠠᠵᠤ ᠠᠬᠤᠢ᠎ᠶᠢᠨ ᠴᠣᠭᠴᠠ᠎ᠶᠢᠨ ᠨᠢᠭᠡ ᠪᠣᠯᠪᠠ ᠁
《ᠳᠤᠮᠳᠠᠳᠤ ᠤᠯᠤᠰ᠎ᠤᠨ ᠶᠣᠰᠣ》 ᠵᠢ ᠭᠦᠨᠵᠡᠭᠡᠢ ᠣᠶ᠋ᠢᠯᠠᠭᠠᠵᠤ᠂《ᠳᠤᠮᠳᠠᠳᠤ ᠤᠯᠤᠰ᠎ᠤᠨ ᠵᠠᠰᠠᠯᠲᠠ》 ᠵᠢ ᠠᠬᠢᠭᠤᠯᠵᠤ᠂ 《ᠳᠤᠮᠳᠠᠳᠤ ᠤᠯᠤᠰ᠎ᠤᠨ ᠵᠠᠮ》 ᠢ᠋ ᠪᠠᠲᠤᠲᠠᠢ ᠦᠢᠯᠡᠳᠦᠯᠭᠡᠵᠢᠭᠦᠯᠵᠦ᠍᠂ ᠪᠢᠳᠡ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢ ᠠᠮᠵᠢᠯᠲᠠ᠎ᠲᠠᠶ ᠠᠬᠢᠭᠤᠯᠤᠨ ᠥᠷᠭᠡᠳᠬᠡᠵᠦ᠍᠂ ᠬᠣᠶᠠᠷ ᠶᠡᠬᠡ ᠭᠠᠶ᠋ᠢᠬᠠᠮᠰᠢᠭ ᠤ᠋ᠨ ᠰᠢᠨ᠎ᠡ ᠬᠠᠭᠤᠳᠠᠰᠤ᠎ᠶᠢ ᠦᠷᠭᠦᠯᠵᠢᠯᠡᠨ ᠪᠢᠴᠢᠭᠯᠡᠵᠦ᠍᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠲᠡᠢᠰᠢ ᠡᠷᠡᠮᠡᠭᠡᠢᠯᠡᠨ ᠤᠷᠤᠭᠰᠢᠯᠠᠵᠤ ᠪᠠᠶ᠋ᠢᠨ᠎ᠠ᠃
ᠠᠷᠠᠳ ᠲᠦᠮᠡᠨ᠎ᠳᠦ ᠨᠢᠭᠲᠠ ᠲᠦᠰᠢᠭᠯᠡᠵᠦ᠍᠂ ᠠᠷᠠᠳ ᠲᠦᠮᠡᠨ᠎ᠳᠦ ᠲᠠᠰᠤᠷᠠᠯᠲᠠ ᠦᠭᠡᠢ ᠪᠤᠶᠠᠨ ᠦᠢᠯᠡᠳᠤᠨ᠎ᠠ᠂ ᠡᠨᠡ ᠪᠤᠯ ᠠᠷᠠᠳ ᠲᠦᠮᠡᠨ᠎ᠢ ᠳᠡᠭᠡᠳᠦᠯᠡᠬᠦ᠌᠎ᠶᠢ ᠪᠠᠷᠢᠮᠲᠠᠯᠠᠬᠤ ᠴᠥᠬᠥᠷᠡᠰᠢ ᠦᠭᠡᠢ ᠲᠡᠮᠡᠴᠡᠯ ᠮᠥᠨ᠃
ᠤᠷᠳᠤ ᠵᠠᠮ᠎ᠤᠨ ᠠᠶᠠᠨ ᠲᠠᠢ᠌ᠨ ᠳ᠋ᠠᠬᠢ 《ᠲᠠᠯ᠎ᠠ ᠬᠥᠨᠵᠢᠯᠡ》 ᠡᠴᠡ ᠬᠥᠮᠦᠨ ᠲᠥᠷᠥᠯᠬᠢᠲᠡᠨ᠎ᠦ ᠲᠡᠦᠬᠡᠨ ᠳᠡᠭᠡᠷᠡᠬᠢ ᠬᠡᠪᠴᠢᠶ᠎ᠡ᠎ᠪᠡᠷ ᠬᠠᠮᠤᠭ᠎ᠤᠨ ᠶᠡᠬᠡ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭᠠᠨ᠎ᠤ ᠢᠯᠠᠯᠲᠠ᠎ᠶᠢ ᠤᠯᠤᠬᠰᠡᠨ ᠬᠦᠷᠲᠡᠯ᠎ᠡ᠂ ᠲᠠᠬᠢᠭᠠᠳ ᠪᠦᠬᠦ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ ᠵᠢ ᠠᠬᠢᠭᠤᠯᠬᠤ ᠢᠳᠡᠷᠡᠭᠦᠨ ᠠᠯᠬᠤᠭ᠎ᠠ᠎ᠶᠢ ᠠᠯᠬᠤᠬᠰᠡᠨ ᠬᠦᠷᠲᠡᠯ᠎ᠡ ᠁
ᠠᠷᠠᠳ ᠲᠦᠮᠡᠨ᠎ᠦ ᠵᠣᠭᠰᠣᠯᠲᠠ᠎ᠪᠠᠷ ᠦᠨᠳᠦᠰᠦᠨ ᠤᠯᠤᠰ ᠲᠦᠷᠦ᠎ᠶᠢᠨ ᠵᠣᠭᠰᠣᠯᠲᠠ᠎ᠪᠠᠨ ᠪᠣᠯᠭᠠᠵᠤ᠂ ᠠᠷᠠᠳ ᠲᠦᠮᠡᠨ᠎ᠲᠡᠶ ᠵᠣᠪᠠᠭᠤᠷᠢ ᠵᠦᠳᠡᠭᠦᠷᠢ᠎ᠪᠡᠨ ᠬᠠᠮᠲᠤᠳᠬᠠᠨ᠂ ᠴᠢᠰᠤ ᠮᠢᠬᠠᠨ᠎ᠤ ᠪᠠᠷᠢᠯᠳᠤᠯᠭ᠎ᠠ᠎ᠲᠠᠶ ᠪᠠᠶ᠋ᠢᠵᠤ᠂ ᠦᠬᠦᠵᠦ᠍ ᠰᠡᠭᠡᠬᠦ᠌᠎ᠪᠡᠨ ᠬᠠᠮᠲᠤᠳᠬᠠᠨ᠂ ᠠᠷᠠᠳ ᠲᠦᠮᠡᠨ᠎ᠳᠦ ᠪᠤᠶᠠᠨ ᠦᠢᠯᠡᠳᠬᠦ᠌ ᠦᠢᠯᠡᠰ᠎ᠢ ᠲᠠᠰᠤᠷᠠᠯᠲᠠ ᠦᠭᠡᠢ ᠤᠷᠤᠭᠰᠢᠯᠠᠭᠤᠯᠪᠠ᠃
ᠥᠨᠥᠳᠦᠷ᠎ᠦᠨ ᠳᠤᠮᠳᠠᠳᠤ ᠤᠯᠤᠰ᠂ ᠳᠡᠯᠡᠬᠡᠶ ᠳᠡᠭᠡᠷᠡᠬᠢ ᠬᠡᠪᠴᠢᠶ᠎ᠡ᠎ᠪᠡᠷ ᠬᠠᠮᠤᠭ᠎ᠤᠨ ᠶᠡᠬᠡ ᠰᠤᠷᠭᠠᠨ ᠬᠥᠮᠦᠵᠢᠯ᠎ᠦᠨ ᠰᠢᠰᠲ᠋ᠧᠮ᠂ ᠨᠡᠶ᠋ᠢᠭᠡᠮ᠎ᠦᠨ ᠪᠠᠲᠤᠯᠠᠭ᠎ᠠ᠎ᠶᠢᠨ ᠰᠢᠰᠲ᠋ᠧᠮ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠰᠢᠰᠲ᠋ᠧᠮ ᠢ᠋ ᠪᠠᠢᠭᠤᠯᠵᠤ᠂ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ ᠲᠠᠰᠤᠷᠠᠯᠲᠠ ᠥᠬᠡᠶ ᠳᠡᠭᠡᠭᠰᠢᠯᠡᠵᠦ᠍᠂ ᠠᠷᠠᠳ ᠣᠯᠠᠨ᠎ᠤ ᠬᠦᠷᠳᠡᠮᠵᠢ ᠵᠢᠨ ᠲᠥᠷᠥᠭᠳᠡᠯ᠂ ᠵᠢᠷᠭᠠᠯᠲᠤ᠌ ᠲᠥᠷᠥᠭᠳᠡᠯ᠂ ᠠᠮᠤᠷ ᠲᠦᠪᠰᠢᠨ᠎ᠦ ᠲᠥᠷᠥᠭᠳᠡᠯ ᠲᠠᠰᠤᠷᠠᠯᠲᠠ ᠥᠬᠡᠶ ᠴᠢᠩᠭᠠᠷᠠᠪᠠ ᠁
《ᠠᠷᠠᠳ ᠲᠦᠮᠡᠨ᠎ᠦ ᠰᠠᠢ᠌ᠨ ᠰᠠᠶ᠋ᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ ᠪᠣᠯ ᠳᠠᠷᠤᠢ ᠪᠢᠳᠡᠨ᠎ᠦ ᠲᠡᠮᠡᠴᠡᠬᠦ᠌ ᠬᠠᠷᠠᠯᠲᠠ ᠮᠥᠨ》 ᠭᠡᠳᠡᠭ ᠢ᠋ ᠪᠠᠳᠤ ᠡᠵᠡᠮᠳᠡᠵᠤ᠂ 《ᠪᠢ ᠦᠪᠡᠷ ᠢ᠋ ᠪᠡᠨ ᠤᠮᠠᠷᠳᠠᠵᠤ᠂ ᠠᠷᠠᠳ ᠲᠦᠮᠡᠨ᠎ᠳᠦ ᠣᠰᠣᠯᠳᠠᠬᠤ ᠦᠭᠡᠢ》 ᠪᠠᠢᠬᠤ ᠨᠢ ᠦᠭᠡ ᠬᠦᠨᠳᠦ ᠤᠳᠬ᠎ᠠ ᠬᠦᠨᠵᠡᠭᠡᠢ ᠪᠠᠢᠨᠠᠮ᠃ ᠲᠦᠭ ᠲᠦᠮᠡᠨ ᠠᠷᠠᠳ ᠲᠦᠮᠡᠨ ᠨᠠᠮ᠎ᠤᠨ ᠤᠳᠤᠷᠢᠳᠤᠯᠭ᠎ᠠ ᠳᠣᠣᠷ᠎ᠠ᠂ ᠥᠪᠡᠷ᠎ᠢ᠎ᠪᠡᠨ ᠢᠲᠡᠭᠡᠬᠦ᠌᠂ ᠪᠡᠶ᠎ᠡ᠎ᠪᠡᠨ ᠳᠠᠭᠠᠭᠠᠬᠤ᠂ ᠥᠪᠡᠷ᠎ᠢ᠎ᠪᠡᠨ ᠬᠦᠴᠦᠷᠬᠡᠭᠵᠢᠭᠦᠯᠬᠦ᠌ ᠳᠦᠷᠰᠦ ᠪᠠᠶ᠋ᠢᠳᠠᠯ᠎ᠢᠶᠠᠷ ᠨᠡᠩ ᠰᠠᠢ᠌ᠨ ᠰᠠᠶ᠋ᠢᠬᠠᠨ ᠢᠷᠡᠭᠡᠳᠦᠢ ᠵᠦᠭ ᠲᠤᠮᠤ ᠠᠯᠬᠤᠮ᠎ᠢᠶᠠᠷ ᠤᠷᠤᠭᠰᠢᠯᠠᠵᠤ ᠪᠠᠶ᠋ᠢᠨ᠎ᠠ᠃
ᠬᠠᠷᠰᠢ ᠰᠠᠭᠠᠳ᠎ᠢ ᠢᠯᠠᠨ ᠳᠠᠪᠠᠵᠤ᠂ ᠰᠢᠨ᠎ᠡ ᠢᠯᠠᠯᠲᠠ᠎ᠶᠢ ᠲᠡᠮᠡᠴᠡᠨ ᠤᠯᠤᠨ᠎ᠠ᠂ ᠡᠨᠡ ᠪᠤᠯ ᠵᠣᠷᠢᠭᠲᠠᠢ ᠪᠥᠭᠡᠳ ᠴᠢᠳᠠᠮᠠᠭᠠᠢ ᠲᠡᠮᠡᠴᠡᠵᠤ ᠬᠦᠴᠢᠷ᠎ᠢ ᠲᠤᠭᠤᠯᠤᠨ ᠡᠷᠡᠮᠡᠭᠡᠢᠯᠡᠨ ᠤᠷᠤᠭᠰᠢᠯᠠᠬᠰᠡᠨ ᠶᠠᠪᠤᠳᠠᠯ ᠪᠣᠯᠤᠨ᠎ᠠ᠃
ᠤᠷᠳᠤ ᠵᠠᠮ᠎ᠤᠨ ᠠᠶᠠᠨ ᠲᠠᠢ᠌ᠨ᠎ᠦ ᠳᠤᠮᠳᠠ᠂ ᠤᠯᠠᠭᠠᠨ ᠴᠡᠷᠢᠭ᠎ᠦᠨ ᠳᠠᠷᠤᠭ᠎ᠠ ᠪᠠᠶ᠋ᠢᠯᠳᠤᠭᠴᠢᠳ ᠳᠠᠶ᠋ᠢᠰᠤᠨ᠎ᠲᠠᠶ 600 ᠭᠠᠷᠤᠢ ᠤᠳᠠᠭ᠎ᠠ ᠳᠠᠶ᠋ᠢᠯᠠᠯᠳᠤᠭᠠᠨ ᠬᠢᠵᠦ᠍᠂ ᠵᠠᠭᠤ ᠰᠢᠬᠠᠮ ᠭᠣᠣᠯ ᠮᠥᠷᠡᠨ᠎ᠢ ᠭᠠᠲᠤᠯᠵᠤ᠂ 40 ᠭᠠᠷᠤᠢ ᠥᠨᠳᠥᠷ ᠠᠭᠤᠯᠠ ᠪᠠᠷᠳᠠᠭ᠎ᠠ᠎ᠲᠠᠶ ᠤᠷᠬᠢᠯ᠎ᠳᠤ ᠠᠪᠠᠷᠢᠵᠤ᠂ ᠳᠡᠯᠡᠬᠡᠢ᠎ᠶᠢᠨ ᠴᠡᠷᠢᠭ᠎ᠦᠨ ᠶᠠᠪᠤᠳᠠᠯ᠎ᠤᠨ ᠲᠡᠦᠬᠡᠨ ᠳᠡᠭᠡᠷᠡᠬᠢ ᠰᠦᠷ ᠵᠢᠪᠬᠤᠯᠠᠩᠲᠤ᠌ ᠲᠠᠢ᠌ᠨ᠎ᠦ ᠠᠮᠢᠳᠤ ᠵᠦᠴᠦᠭᠡ᠎ᠶᠢ ᠲᠣᠭᠯᠠᠪᠠ᠃
ᠰᠢᠨ᠎ᠡ ᠴᠠᠭ ᠦᠶ᠎ᠡ᠎ᠳᠦ ᠤᠷᠤᠭᠰᠠᠨ᠎ᠤ ᠳᠠᠷᠠᠭ᠎ᠠ᠂ ᠪᠠᠶ᠋ᠢᠳᠠᠯ ᠤ᠋ᠨ ᠨᠠᠷᠢᠨ ᠪᠤᠳᠤᠯᠢᠶᠠᠨᠲᠠᠶ᠂ ᠲᠡᠮᠡᠴᠡᠯ ᠤ᠋ᠨ ᠬᠠᠲᠠᠭᠤ ᠴᠢᠩᠭ᠎ᠠ᠂ ᠡᠭᠦᠷᠭᠡ ᠵᠢᠨ ᠬᠠᠲᠠᠭᠤ ᠪᠡᠷᠬᠡ ᠨᠢ ᠳᠡᠯᠡᠬᠡᠶ ᠳ᠋ᠠᠬᠢᠨ᠎ᠳᠤ ᠬᠣᠪᠣᠷᠬᠠᠨ᠂ ᠲᠡᠦᠬᠡᠨ᠎ᠳᠦ ᠬᠣᠪᠣᠷᠬᠠᠨ ᠲᠤᠬᠢᠶᠠᠯᠳᠤᠨ᠎ᠠ᠃
《ᠪᠣᠭᠣᠮᠢ》 ᠪᠤᠯᠵᠤ ᠪᠠᠢᠭ᠎ᠠ ᠵᠠᠩᠭᠢᠯᠠᠭ᠎ᠠ᠎ᠶᠢᠨ ᠭᠣᠣᠯᠯᠠᠬᠤ ᠮᠡᠷᠭᠡᠵᠢᠯ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠬᠦᠴᠦ᠎ᠪᠡᠨ ᠲᠥᠪᠯᠡᠷᠡᠭᠦᠯᠦᠨ ᠪᠣᠭᠣᠮᠲᠠ ᠰᠢᠪᠲᠤᠯᠵᠤ᠂ ᠪᠡᠶ᠎ᠡ᠎ᠪᠡᠨ ᠳᠠᠭᠠᠭᠠᠵᠤ ᠰᠢᠨ᠎ᠡ᠎ᠶᠢ ᠡᠭᠦᠳᠴᠦ᠍᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭᠵᠢᠭᠰᠡᠨ ᠳᠤᠮᠳᠠᠳᠤ ᠤᠯᠤᠰ᠎ᠤᠨ ᠨᠢᠷᠤᠭᠤ ᠲᠤᠯᠭᠠᠭᠤᠷᠢ᠎ᠶᠢ ᠴᠣᠭᠴᠠᠯᠠᠪᠠ;
ᠪᠣᠭᠣᠮᠲᠠ᠎ᠶᠢᠨ ᠭᠠᠢᠯᠢ᠎ᠶᠢᠨ ᠳᠠᠢᠯᠠᠯᠳᠤᠭᠠᠨ᠂ ᠠᠷᠠᠯᠵᠢᠶᠠᠨ᠎ᠤ ᠳᠠᠢᠯᠠᠯᠳᠤᠭᠠᠨ᠎ᠳᠤ ᠲᠣᠬᠢᠶᠠᠯᠳᠤᠵᠤ᠂ ᠯᠠᠪᠳᠠᠭᠤᠨ ᠲᠣᠭᠲᠠᠭᠤᠨ᠎ᠢᠶᠠᠷ ᠠᠷᠭᠠᠴᠠᠭᠠᠵᠤ᠂ ᠵᠠᠯᠠᠭᠤᠷ᠎ᠢᠶᠡᠨ ᠴᠢᠩᠭ᠎ᠠ ᠠᠳᠬᠤᠨ ᠲᠠᠪᠠᠯᠭ᠎ᠠ᠎ᠨᠢ ᠰᠦᠷᠦᠨ ᠤᠷᠤᠭᠰᠢᠯᠠᠵᠦ᠂ 《 ᠳᠤᠮᠳᠠᠳᠤᠴᠤᠳ᠎ᠤᠨ ᠡᠷᠴᠢ ᠵᠤᠷᠢᠭ ᠰᠦᠰᠦ ᠵᠤᠷᠢᠭ ᠢᠳᠡᠭᠡᠯ ᠵᠤᠷᠢᠬ᠎ᠢ ᠬᠥᠪᠴᠢᠯᠡᠵᠦ᠂ ᠪᠢᠳᠡᠨ᠎ᠦ ᠴᠢᠩᠭ᠎ᠠ ᠪᠤᠳᠠᠳᠤ ᠬᠦᠴᠦᠨ᠎ᠢ ᠢᠯᠡᠷᠡᠭᠦᠯᠪᠡ 》᠃
《ᠠᠯᠢᠪᠠ ᠳᠠᠢᠰᠤᠨ᠎ᠢ ᠢᠯᠠᠬᠤ᠎ᠠᠴᠠ ᠪᠢᠰᠢ ᠶᠠᠮᠠᠷᠪᠠ ᠳᠠᠢᠰᠤᠨ᠎ᠳᠤ ᠳᠠᠷᠤᠭᠳᠠᠬᠤ ᠦᠭᠡᠢ᠂ ᠠᠯᠢᠪᠠ ᠬᠦᠴᠢᠷ ᠪᠡᠷᠬᠡᠰᠢᠶᠡᠯ᠎ᠢ ᠢᠯᠠᠬᠤ᠎ᠠᠴᠠ ᠪᠢᠰᠢ ᠶᠠᠮᠠᠷᠪᠠ ᠬᠦᠴᠢᠷ ᠪᠡᠷᠬᠡᠰᠢᠶᠡᠯᠳᠦ ᠲᠠᠷᠤᠭᠳᠠᠬᠤ ᠦᠬᠡᠢ》᠂ ᠨᠠᠮ ᠡᠴᠡ ᠠᠷᠠᠳ ᠲᠦᠮᠡᠨ᠎ᠢ ᠤᠳᠤᠷᠢᠳᠤᠨ ᠰᠠᠯᠬᠢ ᠪᠣᠷᠣᠭᠠᠨ ᠤᠴᠠᠷᠠᠭᠰᠠᠨ᠂ ᠤᠬᠳᠤ ᠬᠦᠳᠡᠯᠦᠰᠢ ᠦᠭᠡᠢ ᠪᠠᠳᠤ ᠵᠤᠬᠰᠤᠬᠤ ᠪᠣᠯᠣᠳ ᠲᠡᠮᠦᠷ ᠮᠡᠲᠦ ᠰᠥᠰᠥ ᠵᠣᠷᠢᠭ᠋᠎ᠢᠶᠠᠷ ᠠᠵᠦ ᠦᠢᠯᠡᠰ᠎ᠦᠨ ᠬᠥᠭᠵᠢᠯᠲᠡ᠎ᠶᠢᠨ ᠰᠢᠨ᠎ᠡ ᠶᠢᠷᠲᠢᠨᠴᠦ᠎ᠶᠢ ᠨᠡᠭᠡᠭᠡᠪᠡ᠃
ᠤᠷᠢᠳᠠᠴᠢ ᠰᠢᠲᠠᠷ᠎ᠠ᠎ᠶᠢ ᠰᠠᠢᠲᠤᠷ ᠲᠠᠯᠪᠢᠵᠤ᠂ ᠰᠠᠨᠠᠭᠠᠴᠢᠯᠠᠭᠠᠲᠤ ᠳᠠᠶ᠋ᠢᠨ᠎ᠢ ᠰᠠᠢᠲᠤᠷ ᠬᠢᠨ᠎ᠡ᠂ ᠡᠨᠡ ᠪᠣᠯ ᠪᠠᠢᠯᠳᠤᠬᠤ ᠪᠣᠳᠣᠯᠭ᠎ᠠ᠎ᠶᠢᠨ ᠰᠠᠨᠠᠭᠠᠴᠢᠯᠠᠭᠠᠲᠤ ᠡᠷᠬᠡ᠎ᠶᠢ ᠣᠯᠬᠤ᠎ᠶᠢᠨ ᠤᠷᠢᠲᠠᠯ ᠵᠢᠷᠤᠭᠯᠠᠯ ᠮᠥᠨ᠃
《ᠤᠷᠳᠤ ᠵᠠᠮ᠎ᠤᠨ ᠠᠶᠠᠨ ᠲᠠᠢ᠍ᠢᠨ ᠨᠢ ᠥᠨᠳᠥᠷ ᠠᠭᠤᠯᠠ ᠠᠰᠬ᠎ᠠ ᠬᠠᠳᠠ᠎ᠶᠢ ᠲᠤᠭᠤᠯᠵᠤ᠂ ᠶᠡᠬᠡ ᠭᠣᠣᠯ ᠪᠠᠷᠲᠠᠭᠠᠲᠤ ᠲᠠᠩ᠎ᠢ ᠭᠠᠲᠤᠯᠵᠤ᠂ ᠲᠠᠯ᠎ᠠ ᠨᠤᠲᠤᠭ ᠡᠵᠡᠭᠦᠢ ᠬᠡᠭᠡᠷ᠎ᠡ᠎ᠶᠢ ᠲᠤᠭᠤᠯᠪᠠ᠂ ᠭᠡᠪᠡᠴᠦ ᠠᠶᠠᠨ ᠪᠦᠷᠢ᠂ ᠰᠢᠪᠲᠤᠯᠤᠯᠲᠠ ᠪᠦᠷᠢ᠂ ᠪᠠᠢᠯᠳᠤᠭᠠᠨ ᠪᠦᠷᠢ ᠨᠢ ᠴᠥᠮ ᠪᠠᠢᠯᠳᠤᠬᠤ ᠪᠣᠳᠣᠯᠭ᠎ᠠ᠎ᠶᠢᠨ ᠪᠦᠬᠦ ᠲᠠᠯ᠎ᠠ᠎ᠠᠴᠠ ᠡᠭᠦᠰᠴᠦ᠂ ᠲᠠᠢ᠍ᠢᠨ᠎ᠦ ᠢᠯᠠᠯᠲᠠ᠎ᠶᠢ ᠣᠯᠣᠭᠰᠠᠨ ᠪᠥᠭᠡᠳ ᠪᠠᠢᠯᠳᠤᠬᠤ ᠪᠣᠳᠣᠯᠭ᠎ᠠ᠎ᠶᠢᠨ ᠰᠠᠨᠠᠭᠠᠴᠢᠯᠠᠭᠠᠲᠤ ᠡᠷᠬᠡ᠎ᠶᠢ ᠴᠦ᠍ ᠣᠯᠣᠭᠰᠠᠨ ᠪᠠᠢᠨ᠎ᠠ》᠃
ᠬᠤᠪᠢᠷᠠᠯᠲᠠ᠎ᠶᠢ ᠠᠷᠭᠠᠴᠠᠭᠠᠨ᠂ ᠰᠢᠨ᠎ᠡ ᠪᠠᠢᠳᠠᠯ᠎ᠢ ᠨᠡᠭᠡᠭᠡᠨ᠂ ᠢᠯᠠᠯᠲᠠ᠎ᠵᠢ ᠲᠤᠭᠳᠠᠭᠠᠨ᠎ᠠ᠃
ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠪᠦᠲᠦᠭᠡᠯᠴᠢ᠎ᠪᠡᠷ ᠳᠤᠷᠠᠳᠴᠤ᠂ ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠲᠦᠷᠭᠡᠳᠬᠡᠨ ᠪᠠᠶ᠋ᠢᠭᠤᠯᠬᠤ ᠪᠠᠢᠯᠳᠤᠬᠤ ᠪᠣᠳᠣᠯᠭ᠎ᠠ᠎ᠶᠢᠨ ᠰᠣᠩᠭᠣᠯᠲᠠ ᠬᠢᠵᠦ᠂ ᠴᠢᠨᠠᠷ ᠰᠠᠢᠲᠠᠢ ᠬᠥᠭᠵᠢᠯᠲᠡ᠎ᠶᠢ ᠪᠠᠷᠢᠮᠲᠠᠯᠠᠬᠤ᠎ᠶᠢ ᠰᠢᠨ᠎ᠡ ᠴᠠᠭ ᠦᠶ᠎ᠡ᠎ᠶᠢᠨ ᠬᠠᠲᠠᠭᠤ ᠶᠣᠰᠣ᠌ ᠪᠣᠯᠭᠠᠵᠤ᠂ ᠮᠠᠨ᠎ᠤ ᠤᠯᠤᠰ᠎ᠤᠨ ᠬᠥᠭᠵᠢᠯᠲᠡ᠎ᠶᠢᠨ ᠪᠦᠬᠦ ᠲᠠᠯ᠎ᠠ᠎ᠳᠤ ᠬᠣᠯᠪᠣᠭᠳᠠᠬᠤ ᠭᠦᠨᠵᠡᠭᠡᠢ ᠬᠤᠪᠢᠰᠤᠯᠲᠠ᠎ᠶᠢ ᠪᠦᠬᠦ ᠲᠠᠯ᠎ᠠ᠎ᠪᠠᠷ ᠡᠬᠢᠯᠡᠭᠦᠯᠪᠡ;
ᠬᠥᠮᠥᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ ᠲᠣᠭ᠎ᠢ ᠥᠨᠳᠥᠷ ᠮᠠᠨᠳᠤᠭᠤᠯᠵᠤ᠂ ᠳᠥᠷᠪᠡᠨ ᠶᠡᠬᠡ ᠪᠥᠬᠥ ᠪᠥᠮᠪᠥᠷᠴᠡᠭ᠎ᠦᠨ ᠰᠠᠨᠠᠭᠠᠴᠢᠯᠠᠭ᠎ᠠ᠎ᠪᠠᠷ ᠴᠠᠭ ᠦᠶ᠎ᠡ᠎ᠶᠢᠨ ᠥᠷᠢᠰᠦᠯᠳᠦᠭᠡᠨ᠎ᠢ ᠠᠷᠭᠠᠴᠠᠭᠠᠬᠤ ᠬᠠᠮᠲᠤ᠎ᠶᠢᠨ ᠲᠠᠨᠢᠯᠲᠠ ᠪᠣᠯᠣᠨ ᠬᠦᠴᠦᠨ ᠴᠢᠳᠠᠯ᠎ᠢ ᠨᠢᠭ᠍ᠲᠠᠷᠠᠭᠤᠯᠵᠤ᠂ 《ᠨᠢᠭᠡ ᠪᠦᠰᠡ ᠨᠢᠭᠡ ᠵᠠᠮ》᠎ᠢ᠋ ᠬᠠᠮᠲᠤ᠎ᠪᠠᠷ ᠴᠢᠨᠠᠷ ᠰᠠᠢᠲᠠᠢ ᠪᠦᠲᠦᠭᠡᠨ ᠪᠠᠶ᠋ᠢᠭᠤᠯᠬᠤ᠎ᠶᠢ ᠠᠬᠢᠭᠤᠯᠬᠤ ᠨᠢ ᠡᠯ᠎ᠡ ᠲᠠᠯ᠎ᠠ᠎ᠶᠢᠨ ᠬᠢᠨ᠎ᠦ ᠭᠠᠷ ᠬᠣᠯᠪᠣᠨ ᠬᠥᠭᠵᠢᠬᠦ ᠰᠠᠷᠠᠭᠤᠯ ᠳᠠᠷᠳᠠᠩ ᠵᠠᠮ ᠪᠣᠯᠵᠠᠢ;
ᠡᠷᠡᠰ ᠭᠤᠢᠪᠢᠰᠢ ᠦᠭᠡᠢ᠎ᠪᠡᠷ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠵᠤ᠂ ᠪᠦᠬᠦ ᠲᠠᠯ᠎ᠠ᠎ᠪᠠᠷ ᠴᠡᠷᠢᠭ᠎ᠢ ᠴᠢᠩᠭ᠎ᠠ ᠵᠠᠰᠠᠵᠤ᠂ ᠨᠠᠮ᠎ᠤᠨ ᠰᠢᠨ᠎ᠡ ᠴᠠᠭ ᠦᠶ᠎ᠡ᠎ᠶᠢᠨ ᠴᠡᠷᠢᠭ᠎ᠢ ᠬᠦᠴᠦᠷᠬᠡᠭᠵᠢᠭᠦᠯᠬᠦ ᠬᠠᠷᠠᠯᠲᠠ᠎ᠶᠢ ᠢᠯᠡ ᠲᠣᠳᠣᠷᠬᠠᠢ ᠳᠤᠷᠠᠳᠴᠤ᠂ ᠠᠷᠠᠳ᠎ᠤᠨ ᠴᠡᠷᠢᠭ ᠠᠩᠭᠢ᠎ᠶᠢ ᠬᠥᠲᠥᠯᠥᠨ ᠳᠠᠭᠠᠭᠤᠯᠵᠤ ᠨᠠᠮ᠎ᠤᠨ ᠵᠢᠯᠣᠭᠣᠳᠤᠯᠭ᠎ᠠ᠎ᠶᠢ ᠲᠠᠭᠠᠬᠤ ᠡᠨᠡ ᠬᠦ᠌ ᠴᠡᠷᠢᠭ᠎ᠢ ᠬᠦᠴᠦᠷᠬᠡᠭᠵᠢᠭᠦᠯᠬᠦ ᠰᠦᠭ ᠰᠦᠨᠡᠰᠦ᠎ᠶᠢ ᠪᠠᠲᠤ ᠴᠣᠭᠴᠠᠯᠠᠵᠤ᠂ ᠳᠡᠯᠡᠬᠡᠢ᠎ᠶᠢᠨ ᠲᠡᠷᠢᠭᠦᠨ ᠵᠡᠷᠭᠡ᠎ᠶᠢᠨ ᠴᠡᠷᠢᠭ ᠠᠩᠭᠢ᠎ᠶᠢ ᠲᠦᠷᠭᠡᠳᠬᠡᠨ ᠪᠠᠶ᠋ᠢᠭᠤᠯᠬᠤ ᠬᠡᠷᠡᠭᠳᠡᠢ ᠁
ᠬᠡᠬᠦᠳᠡᠭ ᠴᠡᠭᠡᠵᠢᠨ᠎ᠳᠡᠭᠡᠨ ᠳᠡᠯᠡᠬᠡᠢ ᠳ᠋ᠠᠬᠢᠨ᠎ᠢ ᠪᠠᠭᠲᠠᠭᠠᠬᠤ᠎ᠶᠢ ᠪᠠᠷᠢᠮᠲᠠᠯᠠᠵᠤ᠂ ᠬᠣᠶᠠᠷ ᠶᠡᠬᠡ ᠲᠠᠯ᠎ᠠ᠎ᠶᠢ ᠨᠢᠭᠡᠳᠦᠯᠲᠡᠢ ᠲᠥᠯᠥᠪᠵᠢᠭᠦᠯᠵᠦ᠂ ᠪᠦᠬᠦ ᠲᠠᠯ᠎ᠠ᠎ᠪᠠᠷ ᠪᠠᠢᠳᠠᠯ᠎ᠢ ᠲᠥᠯᠥᠪᠵᠢᠭᠦᠯᠵᠦ᠂ ᠵᠠᠩᠭᠢᠯᠠᠭ᠎ᠠ᠎ᠶᠢᠨ ᠭᠠᠵᠠᠷ᠎ᠲᠤ ᠠᠷᠭ᠎ᠠ ᠭᠡᠮᠵᠢᠶ᠎ᠡ ᠠᠪᠴᠦ᠂ ᠠᠵᠢᠯ ᠦᠢᠯᠡᠰ᠎ᠦᠨ ᠬᠥᠭᠵᠢᠯᠲᠡ᠎ᠶᠢᠨ ᠤᠳᠤᠷᠢᠳᠬᠤ ᠡᠷᠬᠡ ᠪᠣᠯᠣᠨ ᠰᠠᠨᠠᠭᠠᠴᠢᠯᠠᠭᠠᠲᠤ ᠡᠷᠬᠡ᠎ᠶᠢ ᠪᠠᠲᠤ ᠡᠵᠡᠮᠰᠢᠬᠦ᠎ᠶᠢ ᠪᠠᠲᠤᠯᠠᠬᠤ ᠬᠡᠷᠡᠭᠲᠡᠢ᠃
ᠶᠡᠭᠡ ᠶᠤᠰᠤ ᠠᠨ᠎ᠤ ᠤᠷᠭᠤᠭ᠎ᠠ ᠬᠠᠳᠠ ᠮᠡᠳᠦ᠂ ᠶᠡᠭᠡ ᠬᠠᠨᠳᠤᠰᠢ ᠠᠨ᠎ᠤ ᠤᠷᠤᠰᠬᠠᠯ ᠤᠰᠤᠨ ᠮᠡᠳᠦ᠃
10 ᠰᠠᠷ᠎ᠠ᠎ᠶᠢᠨ 26 ᠤ᠋ ᠡᠳᠦᠷ᠎ᠡᠴᠡ 29᠎ᠤ᠋ ᠡᠳᠦᠷ ᠪᠣᠯᠲᠠᠯ᠎ᠠ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠲᠠᠪᠤᠳᠤᠭᠠᠷ ᠪᠦᠬᠦᠳᠠ ᠬᠤᠷᠠᠯ ᠪᠡᠭᠡᠵᠢᠩ᠎ᠳᠦ ᠬᠤᠷᠠᠯᠳᠤᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠠᠬᠢᠭᠤᠯᠬᠤ ᠴᠢᠬᠤᠯᠠ ᠶᠡᠬᠡ ᠠᠰᠠᠭᠤᠳᠠᠯ᠎ᠤᠳ᠎ᠢ ᠰᠤᠳᠤᠯᠬᠤ ᠪᠤᠯᠤᠨ᠎ᠠ᠂ ᠡᠨᠡ ᠨᠢ ᠨᠠᠮ᠎ᠤᠨ ᠲᠦᠷᠦ ᠪᠠᠷᠢᠬᠤ ᠪᠠᠢᠷᠢ ᠰᠠᠭᠤᠷᠢ᠎ᠶᠢ ᠪᠡᠬᠢᠵᠢᠭᠦᠯᠬᠦ᠂ ᠨᠠᠮ᠎ᠤᠨ ᠡᠭᠦᠷᠭᠡ ᠬᠠᠷᠢᠭᠤᠴᠠᠯᠭ᠎ᠠ᠎ᠶᠢ ᠪᠡᠶᠡᠯᠡᠭᠦᠯᠬᠦ᠎ᠳᠦ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃
105 ᠵᠢᠯ᠎ᠦᠨ ᠲᠤᠷᠰᠢ᠂ ᠮᠠᠨ᠎ᠤ ᠨᠠᠮ ᠬᠦᠴᠢᠷ ᠪᠡᠷᠬᠡᠰᠢᠶᠡᠯ ᠵᠣᠪᠠᠭᠤᠷᠢ ᠵᠦᠳᠡᠭᠦᠷᠢ᠎ᠶᠢ ᠲᠤᠭᠤᠯᠤᠭᠠᠳ ᠲᠠᠰᠤᠷᠠᠯᠳᠠ ᠦᠭᠡᠢ ᠬᠥᠭᠵᠢᠨ ᠪᠤᠵᠠᠭᠠᠢᠷᠠᠵᠤ ᠴᠢᠳᠠᠭᠰᠠᠨ᠎ᠤ ᠮᠠᠰᠢ ᠴᠢᠬᠤᠯᠠ ᠨᠢᠭᠡᠨ ᠰᠢᠯᠲᠠᠭᠠᠨ ᠪᠣᠯ ᠳᠠᠷᠤᠢ ᠥᠪᠡᠷ᠎ᠢ᠎ᠪᠡᠨ ᠴᠢᠭᠢᠷᠠᠭᠵᠢᠭᠤᠯᠬᠤ᠎ᠶᠢ ᠴᠢᠬᠤᠯᠠᠴᠢᠯᠠᠬᠤ᠂ ᠢᠮᠠᠭᠲᠠ ᠠᠮᠢᠵᠢᠷᠠᠯ᠎ᠤᠨ ᠬᠦᠴᠦᠨ᠎ᠢᠶᠡᠷ ᠪᠢᠯᠬᠠᠮ᠎ᠠ ᠪᠠᠢᠬᠤ ᠰᠢᠯᠢᠳᠡᠭ ᠣᠨᠴᠠᠯᠢᠭ᠋ ᠰᠢᠨᠵᠢ᠎ᠲᠠᠢ ᠪᠠᠢᠭᠰᠠᠨ᠎ᠠᠴᠠ ᠪᠣᠯᠤᠭᠰᠠᠨ ᠶᠤᠮ᠃
ᠤᠷᠳᠤ ᠵᠠᠮ᠎ᠤᠨ ᠠᠶᠠᠨ ᠲᠠᠢ᠍ᠢᠨ᠎ᠦ ᠶᠠᠪᠤᠵᠤ ᠥᠩᠭᠡᠷᠡᠭᠰᠡᠨ ᠵᠠᠮ ᠨᠢ 《ᠮᠠᠷᠺᠰ᠎ᠤᠨ ᠦᠵᠡᠯ᠎ᠢ ᠬᠤᠪᠢᠷᠠᠰᠢ ᠦᠭᠡᠢ ᠨᠣᠮᠯᠠᠯ ᠪᠣᠯᠭᠠᠬᠤ ᠪᠤᠷᠤᠭᠤ ᠦᠵᠡᠯ ᠰᠠᠨᠠᠭᠠᠨ᠎ᠤ ᠬᠠᠷᠰᠢ ᠰᠠᠭᠠᠳ᠎ᠢ ᠳᠠᠪᠠᠪᠠ》᠃
ᠰᠢᠨ᠎ᠡ ᠴᠠᠭ ᠦᠶ᠎ᠡ᠎ᠶᠢᠨ ᠣᠷᠳᠣ ᠵᠠᠮ᠎ᠤᠨ ᠠᠶᠠᠨ ᠲᠡᠶ᠋ᠢᠨ᠎ᠳᠤ᠂ ᠰᠢ ᠵᠢᠨ ᠫᠢᠩ ᠨᠥᠬᠥᠷᠵᠢᠡᠷ ᠭᠤᠤᠯ ᠪᠣᠯᠭᠠᠭᠰᠠᠨ ᠨᠠᠮ᠎ᠤᠨ ᠲᠥᠪ ᠬᠣᠷᠢᠶ᠎ᠠ ᠵᠠᠯᠠᠭᠤᠷ᠎ᠢ ᠠᠳᠬᠤᠨ ᠠᠶᠠᠯᠠᠯ᠎ᠢ ᠵᠢᠯᠣᠭᠣᠳᠴᠤ᠌᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭᠠᠨ᠎ᠤ ᠰᠢᠨᠵᠢᠯᠡᠬᠦ᠌ ᠤᠬᠠᠭᠠᠨᠴᠢ ᠵᠢᠯᠣᠭᠣᠳᠣᠯᠭ᠎ᠠ᠎ᠲᠠᠶ ᠪᠠᠶ᠋ᠢᠭᠰᠠᠨ᠎ᠡᠴᠡ ᠨᠠᠮ ᠪᠣᠯᠤᠨ ᠤᠯᠤᠰ᠎ᠤᠨ ᠠᠵᠢᠯ ᠦᠢᠯᠡᠰ ᠲᠡᠦᠬᠡᠲᠦ᠍ ᠴᠢᠨᠠᠷᠲᠠᠶ ᠠᠮᠵᠢᠯᠲᠠ ᠣᠯᠵᠤ᠂ ᠲᠡᠦᠬᠡᠲᠦ᠍ ᠴᠢᠨᠠᠷᠲᠠᠶ ᠬᠤᠪᠢᠰᠤᠯᠲᠠ ᠭᠠᠷᠴᠤ᠌᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠪᠥᠲᠥᠭᠡᠨ ᠪᠠᠶ᠋ᠢᠭᠤᠯᠤᠯᠲᠠ ᠬᠠᠷᠰᠢ ᠰᠠᠭᠠᠳ᠎ᠢ ᠢᠯᠡᠨ ᠳᠠᠪᠠᠵᠤ᠂ ᠠᠯᠤᠰ᠎ᠢ ᠵᠣᠷᠢᠨ ᠯᠠᠪᠳᠠᠭᠤᠨ ᠵᠢᠡᠷ ᠤᠷᠤᠭᠰᠢᠯᠠᠵᠤ ᠴᠢᠳᠠᠵᠠᠢ᠃
《ᠬᠣᠶᠠᠷ᠎ᠢ ᠤᠶᠠᠯᠳᠤᠭᠤᠯᠬᠤ》 ᠵᠢ ᠢᠮᠠᠭᠲᠠ ᠪᠠᠷᠢᠮᠲᠠᠯᠠᠵᠤ᠂ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ ᠨᠢ ᠰᠢᠨ᠎ᠡ ᠴᠠᠭ ᠦᠶ᠎ᠡ᠎ᠶᠢᠨ ᠨᠠᠮ᠎ᠤᠨ ᠪᠠᠶ᠋ᠢᠭᠤᠯᠤᠯᠲᠠ᠎ᠶᠢ ᠴᠢᠩᠭᠠᠳᠬᠠᠬᠤ᠎ᠳᠤ ᠦᠨᠳᠦᠰᠦᠨ ᠵᠢᠷᠤᠮᠯᠠᠯ ᠬᠠᠩᠭᠠᠵᠤ᠂ ᠨᠠᠮ ᠵᠢᠡᠨ ᠬᠦᠴᠦᠷᠬᠡᠭᠵᠢᠭᠦᠯᠬᠦ ᠤᠯᠤᠰ᠎ᠵᠢᠡᠨ ᠬᠦᠴᠦᠷᠬᠡᠭᠵᠢᠭᠦᠯᠬᠦ᠌᠎ᠳᠦ ᠴᠢᠬᠤᠯᠠ ᠶᠡᠬᠡ ᠪᠣᠳᠠᠲᠤ᠌ ᠠᠴᠢ ᠬᠣᠯᠪᠣᠭᠳᠠᠯ ᠪᠠ ᠠᠯᠤᠰ ᠬᠡᠳᠤ᠎ᠶᠢᠨ ᠵᠢᠯᠣᠭᠣᠳᠬᠤ ᠠᠴᠢ ᠬᠣᠯᠪᠣᠭᠳᠠᠯ᠎ᠲᠠᠶ ᠶᠤᠮ᠃
ᠥᠨᠥᠳᠦᠷ᠂ ᠨᠠᠮ ᠪᠣᠯᠤᠨ ᠠᠷᠠᠳ ᠲᠦᠮᠡᠨ ᠨᠠᠮ᠎ᠵᠢᠡᠨ ᠬᠦᠴᠦᠷᠬᠡᠭᠵᠢᠭᠦᠯᠵᠦ᠍ ᠤᠯᠤᠰ᠎ᠵᠢᠡᠨ ᠬᠦᠴᠦᠷᠬᠡᠭᠵᠢᠭᠦᠯᠬᠦ᠌ ᠲᠡᠦᠬᠡ᠎ᠶᠢᠨ ᠰᠠᠨᠠᠭᠠᠴᠢᠯᠠᠭᠠᠲᠤ᠌ ᠡᠷᠬᠡ᠎ᠶᠢ ᠣᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠤᠷᠢᠳ ᠡᠮᠦᠨ᠎ᠡ ᠪᠠᠶ᠋ᠢᠭ᠎ᠠ ᠦᠭᠡᠢ ᠭᠡᠭᠡᠨ ᠰᠠᠷᠠᠭᠤᠯ ᠠᠯᠤᠰ ᠢᠷᠡᠭᠡᠳᠦᠢ᠎ᠲᠡᠶ ᠪᠤᠯᠤᠭᠰᠠᠨ᠎ᠤ ᠦᠨᠳᠦᠰᠦ ᠨᠢ 《ᠬᠣᠶᠠᠷ᠎ᠢ ᠲᠣᠭᠲᠠᠭᠠᠭᠰᠠᠨ》 ᠳᠤ ᠪᠠᠶ᠋ᠢᠨ᠎ᠠ᠃
ᠰᠢᠨ᠎ᠡ ᠠᠶᠠᠨ ᠪᠣᠯ ᠰᠢᠨ᠎ᠡ ᠤᠷᠳᠤ ᠵᠠᠮ᠎ᠤᠨ ᠠᠶᠠᠨ ᠳᠠᠢ᠌ᠨ ᠮᠥᠨ᠃
ᠤᠷᠢᠳᠤ ᠡᠮᠦᠨ᠎ᠡ ᠪᠠᠶ᠋ᠢᠭ᠎ᠠ ᠦᠭᠡᠢ ᠠᠭᠤᠤ ᠶᠡᠬᠡ ᠦᠢᠯᠡᠰ ᠪᠣᠯᠬᠤ ᠲᠤᠳᠤᠮ᠂ ᠲᠦᠮᠡᠨ ᠪᠡᠷᠬᠡ ᠮᠢᠩᠭᠠᠨ ᠪᠠᠷᠲᠠᠭ᠎ᠠ᠂ ᠬᠠᠷᠰᠢ ᠰᠠᠭᠠᠳ ᠲᠤᠯᠭᠠᠷᠠᠬᠤ ᠲᠤᠳᠤᠮ᠂ ᠠᠭᠤᠤ ᠶᠡᠬᠡ ᠤᠷᠳᠤ ᠵᠠᠮ᠎ᠤᠨ ᠠᠶᠠᠨ ᠲᠠᠢ᠌ᠨ᠎ᠦ ᠵᠣᠷᠢᠭ ᠰᠠᠨᠠᠭ᠎ᠠ᠎ᠶᠢ ᠤᠯᠠᠮ ᠶᠡᠬᠡᠪᠡᠷ ᠪᠠᠳᠠᠷᠠᠭᠤᠯᠵᠤ᠂ ᠢᠲᠡᠭᠡᠯ ᠵᠣᠷᠢᠭ᠎ᠵᠢᠡᠨ ᠪᠠᠲᠤᠳᠬᠠᠵᠤ᠂ ᠬᠠᠷᠠᠯᠲᠠ᠎ᠪᠠᠨ ᠪᠠᠳᠤ ᠡᠵᠡᠮᠳᠡᠵᠦ᠂ ᠠᠯᠬᠤᠮ ᠠᠯᠬᠤᠮᠵᠢᠡᠷ ᠯᠠᠪᠳᠠᠭᠤᠨ ᠪᠠᠲᠤᠲᠠᠢ ᠤᠷᠤᠭᠰᠢᠯᠠᠬᠤ ᠬᠡᠷᠡᠭᠲᠡᠢ᠃
ᠰᠢᠨ᠎ᠡ ᠤᠷᠳᠤ ᠵᠠᠮ᠎ᠤᠨ ᠠᠶᠠᠨ ᠲᠠᠢ᠌ᠨ᠎ᠳᠦ ᠡᠷᠡᠯᠬᠡᠭᠯᠡᠨ ᠤᠷᠤᠭᠰᠢᠯᠠᠬᠤ᠎ᠳᠤ᠂ ᠪᠢᠳᠡ ᠵᠠᠪᠠᠯ ᠢᠯᠠᠬᠤ ᠢᠲᠡᠭᠡᠯ ᠵᠣᠷᠢᠭ᠎ᠵᠢᠡᠨ ᠪᠠᠲᠤᠳᠬᠠᠵᠤ᠂ ᠪᠠᠶ᠋ᠢᠯᠳᠤᠬᠤ ᠪᠤᠳᠤᠯᠭ᠎ᠠ᠎ᠶᠢᠨ ᠲᠣᠭᠲᠠᠯ ᠬᠦᠴᠦᠨ᠎ᠵᠢᠡᠨ ᠪᠠᠲᠤᠯᠠᠵᠤ᠂ ᠰᠢᠨᠲᠠᠷᠠᠰᠢ ᠦᠭᠡᠢ ᠲᠡᠮᠡᠴᠡᠬᠦ᠌ ᠵᠣᠷᠢᠭᠵᠢᠡᠷ ᠲᠣᠭᠲᠠᠭᠰᠠᠨ ᠬᠠᠷᠠᠯᠲᠠ᠎ᠪᠠᠨ ᠴᠢᠷᠮᠠᠶ᠋ᠢᠨ ᠪᠡᠶᠡᠯᠡᠭᠦᠯᠵᠦ᠍᠂ ᠨᠠᠮ᠎ᠤᠨ ᠲᠥᠪ ᠬᠤᠷᠢᠶ᠎ᠠ ᠵᠢᠨ ᠵᠢᠷᠤᠭᠯᠠᠭᠰᠠᠨ ᠠᠤᠭ᠎ᠠ ᠲᠥᠰᠦᠪ᠎ᠢ ᠠᠯᠬᠤᠮ ᠠᠯᠬᠤᠮᠵᠢᠡᠷ ᠰᠠᠢ᠌ᠨ ᠰᠠᠶ᠋ᠢᠬᠠᠨ ᠪᠣᠳᠠᠲᠤ᠌ ᠠᠬᠤᠢ ᠪᠣᠯᠭᠠᠨ ᠬᠤᠪᠢᠷᠠᠭᠤᠯᠬᠤ ᠬᠡᠷᠡᠭᠲᠡᠢ᠃ ᠰᠢᠯᠢᠳᠡᠭ ᠣᠨᠴᠠᠯᠢᠭᠵᠢᠡᠨ ᠪᠠᠳᠠᠷᠠᠭᠤᠯᠵᠤ᠂ ᠲᠡᠮᠡᠴᠡᠯ᠎ᠦᠨ ᠴᠢᠳᠠᠪᠤᠷᠢ᠎ᠪᠠᠨ ᠳᠡᠭᠡᠭᠰᠢᠯᠡᠭᠦᠯᠦᠨ᠂ ᠮᠠᠰᠢ ᠤᠯᠠᠨ ᠰᠢᠨ᠎ᠡ ᠲᠡᠦᠬᠡᠨ ᠣᠨᠴᠠᠯᠢᠭ᠎ᠲᠠᠶ ᠠᠭᠤᠤ ᠶᠡᠬᠡ ᠲᠡᠮᠡᠴᠡᠯ ᠬᠢᠬᠦ᠌᠎ᠪᠡᠷ ᠴᠠᠭ ᠢᠮᠠᠭᠲᠠ ᠪᠡᠯᠡᠳᠬᠡᠵᠦ᠍᠂ ᠨᠠᠮ᠎ᠤᠨ ᠢᠮᠠᠭᠲᠠ ᠬᠦᠴᠦᠷᠬᠡᠭ ᠶᠡᠬᠡ ᠪᠦᠲᠦᠭᠡᠯᠴᠢ ᠬᠦᠴᠦᠨ᠂ ᠨᠢᠭᠲᠠᠷᠠᠯ᠎ᠤᠨ ᠬᠦᠴᠦᠨ᠂ ᠲᠠᠢ᠌ᠴᠢᠨ ᠬᠦᠴᠦᠨ᠎ᠲᠡᠶ ᠪᠠᠶ᠋ᠢᠬᠤ᠎ᠶᠢ ᠦᠨᠡᠨ ᠬᠦ᠌ ᠪᠠᠲᠤᠯᠠᠬᠤ ᠬᠡᠷᠡᠭᠳᠡᠢ᠃ ᠵᠣᠷᠢᠭ ᠰᠢᠭᠤᠳᠤᠨ ᠪᠦᠯᠬᠦᠮᠳᠡᠨ ᠲᠡᠮᠡᠴᠡᠵᠦ᠍᠂ ᠠᠤᠭ᠎ᠠ ᠬᠦᠴᠦᠨ᠎ᠢ ᠨᠢᠭᠲᠠᠷᠠᠭᠤᠯᠵᠤ᠂ ᠨᠠᠮ᠎ᠤᠨ ᠲᠤᠭ᠎ᠤᠨ ᠳᠣᠣᠷ᠎ᠠ ᠪᠦᠯᠬᠦᠮᠳᠡᠨ 《ᠪᠠᠲᠤ᠌ ᠪᠡᠬᠢ ᠪᠤᠯᠤᠳ ᠲᠡᠮᠤᠷ》 ᠪᠤᠯᠵᠤ᠂ ᠬᠠᠮᠲᠤ᠎ᠪᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢ ᠲᠦᠯᠬᠢᠨ ᠤᠷᠤᠭᠰᠢᠯᠠᠭᠤᠯᠤᠶ᠎ᠠ᠃
ᠲᠠᠪᠬᠤᠷ ᠲᠠᠪᠬᠤᠷ ᠬᠠᠷᠰᠢ ᠰᠠᠭᠠᠳ ᠲᠤᠯᠭᠠᠷᠠᠭᠰᠠᠨ ᠴᠦ᠍ ᠴᠤᠴᠠᠯᠲᠠ ᠦᠭᠡᠢ ᠤᠷᠤᠭᠰᠢᠯᠠᠨ᠎ᠠ᠂ ᠠᠭᠤᠯᠠ ᠪᠠᠷᠳᠠᠭ᠎ᠠ ᠲᠠᠢ ᠵᠠᠮ ᠬᠤᠯᠠ ᠴᠦ᠍ ᠭᠤᠢᠳᠠ ᠰᠠᠢᠬᠠᠨ ᠦᠵᠡᠮᠵᠢ ᠵᠢ ᠬᠠᠷᠠᠭᠳᠠᠭᠤᠯᠤᠨ᠎ᠠ᠃
ᠰᠢ ᠵᠢᠨ ᠫᠢᠩ ᠨᠥᠬᠥᠷᠵᠢᠡᠷ ᠭᠤᠤᠯ ᠪᠣᠯᠭᠠᠭᠰᠠᠨ ᠨᠠᠮ᠎ᠤᠨ ᠲᠥᠪ ᠬᠤᠷᠢᠶ᠎ᠠ ᠵᠢᠨ ᠲᠣᠭᠣᠷᠢᠨ᠎ᠳᠤ ᠨᠠᠩ ᠨᠢᠭᠲᠠᠷᠠᠨ ᠪᠦᠯᠬᠦᠮᠳᠡᠵᠦ᠍᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠶᠢ ᠪᠥᠬᠥ᠌ ᠲᠠᠯ᠎ᠠ᠎ᠪᠠᠷ ᠲᠤᠭᠤᠰᠢᠯᠠᠭᠤᠯᠵᠤ᠂ 《ᠬᠣᠶᠠᠷ᠎ᠢ ᠲᠣᠭᠲᠠᠭᠠᠭᠰᠠᠨ》᠎ᠤ᠋ ᠰᠢᠢᠳᠪᠦᠷᠢᠯᠡᠭᠴᠢ ᠠᠴᠢ ᠬᠣᠯᠪᠣᠭᠳᠠᠯ᠎ᠢ ᠭᠦᠨᠵᠡᠭᠡᠶ ᠣᠶ᠋ᠢᠯᠠᠭᠠᠵᠤ᠂《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠵᠦ᠍᠂ ᠰᠡᠳᠬᠢᠯ᠎ᠵᠢᠡᠨ ᠨᠢᠭᠡᠳᠬᠡᠨ ᠬᠦᠴᠦ᠎ᠪᠡᠨ ᠬᠠᠮᠲᠤᠳᠬᠠᠵᠤ᠂ ᠲᠣᠮᠣ ᠠᠯᠬᠤᠮᠵᠢᠡᠷ ᠤᠷᠤᠭᠰᠢᠯᠠᠵᠤ᠂ ᠰᠢᠨ᠎ᠡ ᠣᠷᠳᠣ ᠵᠠᠮ᠎ᠤᠨ ᠠᠶᠠᠨ ᠲᠡᠶ᠋ᠢᠨ᠎ᠦ ᠵᠠᠮ ᠳᠡᠭᠡᠷ᠎ᠡ ᠬᠦᠴᠦᠷᠬᠡᠭ ᠤᠯᠤᠰ᠎ᠤᠨ ᠪᠥᠲᠥᠭᠡᠨ ᠪᠠᠶ᠋ᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠶᠡᠬᠡ ᠦᠢᠯᠡᠰ᠎ᠦᠨ ᠴᠣ ᠰᠢᠨ᠎ᠡ ᠬᠠᠭᠤᠳᠠᠰᠤ᠎ᠶᠢ ᠴᠢᠷᠮᠠᠶ᠋ᠢᠨ ᠪᠢᠴᠢᠭᠯᠡᠶ᠎ᠡ᠃
ᠠᠮᠵᠢᠯᠲᠠ ᠯᠠᠪᠲᠠᠶ ᠮᠠᠨ᠎ᠦ ᠬᠢ᠂ ᠢᠯᠠᠯᠲᠠ ᠯᠠᠪᠲᠠᠶ ᠮᠠᠨ᠎ᠦ ᠬᠢ!
(ᠰᠢᠨᠬᠤᠸᠠ ᠬᠤᠷᠢᠶ᠎ᠠ ᠵᠢᠨ ᠪᠡᠭᠡᠵᠢᠩ᠎ᠦᠨ 10 ᠰᠠᠷ᠎ᠠ᠎ᠶᠢᠨ 21᠎ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃