2026-10-23 11:04:20
— ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠤᠷᠲᠤ᠌ ᠵᠠᠮ᠎ᠤᠨ ᠠᠶᠠᠨ ᠲᠠᠶ᠋ᠢᠨ ᠢᠯᠠᠯᠲᠠ ᠣᠯᠤᠭᠰᠠᠨ 90 ᠵᠢᠯ᠎ᠦᠨ ᠤᠢ᠎ᠳᠤ ᠵᠣᠷᠢᠭᠤᠯᠪᠠ
(ᠨᠢᠭᠡ)
ᠲᠡᠦᠬᠡ᠎ᠶᠢᠨ ᠤᠷᠳᠤ ᠠᠶᠠᠨ ᠵᠤᠭᠰᠤᠰᠢ ᠦᠭᠡᠢ ᠦᠷᠭᠦᠯᠵᠢᠯᠡᠵᠦ᠍᠂ ᠲᠣᠭ᠎ᠠ ᠲᠣᠮᠰᠢ ᠦᠭᠡᠢ ᠤᠯᠠᠨ ᠤᠯᠠ ᠮᠥᠷ ᠣᠨ ᠰᠠᠷ᠎ᠠ᠎ᠶᠢᠨ ᠤᠷᠤᠰᠬᠠᠯ᠎ᠳᠤ ᠤᠷᠤ ᠦᠬᠡᠢ ᠠᠷᠢᠯᠤᠨ ᠰᠠᠷᠨᠢᠨ᠎ᠠ᠃ 90 ᠵᠢᠯ᠎ᠦᠨ ᠰᠠᠯᠬᠢ ᠪᠣᠷᠣᠭᠠᠨ᠎ᠢ ᠦᠩᠬᠡᠷᠡᠭᠡᠭᠡᠳ ᠪᠥᠮᠪᠥᠷᠴᠡᠭ ᠲᠡᠬᠡᠷᠡᠬᠢ ᠨᠢᠬᠡᠨ ᠵᠤᠷᠪᠤᠰ 《ᠤᠯᠠᠭᠠᠨ ᠲᠤᠷᠭᠠᠨ ᠪᠦᠰᠡ》 ᠬᠡᠮᠡᠭᠳᠡᠭᠰᠡᠨ ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠌ᠨ᠎ᠤ ᠤᠯᠠ ᠮᠦᠷ ᠨᠢ ᠠᠩᠬᠠᠨ᠎ᠤ ᠲᠡᠷᠡ ᠬᠡᠪ᠎ᠢᠶᠡᠷ᠎ᠢᠶᠡᠨ ᠬᠡᠷᠡᠯ ᠭᠢᠯᠪᠠᠭ᠎ᠠ᠎ᠪᠠᠨ ᠰᠠᠴᠤᠷᠠᠭᠤᠯᠵᠤ᠂ ᠪᠢᠳᠡᠨ᠎ᠦ ᠬᠠᠮᠳᠤ ᠵᠢᠨ ᠰᠡᠳᠬᠢᠯᠤᠨᠴᠤᠤᠷᠢᠢᠠ ᠵᠢ ᠡᠬᠦᠰᠬᠡᠵᠤ ᠵᠤᠷᠢᠭ ᠰᠠᠨᠠᠭ᠎ᠠ ᠨᠢ ᠦᠶ᠎ᠠ ᠵᠢᠨ ᠦᠶ᠎ᠠ ᠳᠦ ᠤᠯᠠᠮᠵᠢᠯᠠᠬᠳᠠᠨᠠ᠃
1936 ᠣᠨ᠎ᠤ ᠨᠠᠮᠤᠷ᠎ᠤᠨ ᠰᠡᠬᠦᠯᠴᠢ᠂ ᠰᠢᠷ᠎ᠠ ᠬᠥᠷᠥᠰᠥᠲᠦ᠍ ᠥᠨᠳᠥᠷᠯᠢᠭ ᠲᠤ᠌ ᠬᠦᠢᠳᠡᠨ ᠰᠠᠯᠬᠢ ᠢᠰᠬᠡᠷᠦᠨ ᠱᠤᠤᠬᠢᠨᠡ᠃ ᠬᠦᠴᠢᠷ ᠪᠡᠷᠬᠡᠰᠢᠶᠡᠯ ᠲᠠᠢ ᠤᠷᠲᠤ ᠠᠶᠠᠨ᠎ᠢ ᠦᠩᠭᠡᠷᠡᠭᠦᠯᠵᠦ᠂ ᠤᠯᠠᠭᠠᠨ ᠨᠢᠭᠡᠳᠦᠭᠡᠷ᠂ ᠤᠯᠠᠭᠠᠨ ᠳᠥᠷᠪᠡᠳᠦᠭᠡᠷ ᠹᠷᠣᠨᠲ᠎ᠤᠨ ᠴᠡᠷᠢᠭ ᠾᠤᠶ᠋ᠢ ᠨᠢᠩ᠎ᠳᠤ ᠴᠡᠷᠢᠭ ᠨᠡᠶ᠋ᠢᠯᠡᠵᠦ᠍᠂ ᠤᠯᠠᠭᠠᠨ ᠨᠢᠭᠡᠳᠦᠭᠡᠷ᠂ ᠤᠯᠠᠭᠠᠨ ᠬᠣᠶᠠᠳᠤᠭᠠᠷ ᠹᠷᠣᠨᠲ᠎ᠤᠨ ᠴᠡᠷᠢᠭ ᠵᠢᠶᠠᠩ᠎ᠲᠠᠶ ᠪᠦᠦ᠎ᠳᠦ ᠴᠡᠷᠢᠭ ᠨᠡᠶ᠋ᠢᠯᠡᠵᠦ᠍᠂ ᠭᠤᠷᠪᠠᠨ ᠶᠡᠬᠡ ᠭᠣᠣᠯ ᠬᠦᠴᠦᠨ᠎ᠦ ᠤᠯᠠᠭᠠᠨ ᠴᠡᠷᠢᠭ ᠨᠡᠶ᠋ᠢᠯᠡᠭᠰᠡᠨ ᠪᠠᠶ᠋ᠢᠨ᠎ᠠ᠃ ᠤᠷᠳᠤ ᠵᠢᠨ ᠤᠷᠳᠤ ᠠᠶᠠᠨ ᠵᠠᠮ᠎ᠳᠤ᠂ ᠤᠯᠠᠭᠠᠨ ᠴᠡᠷᠢᠭ᠎ᠦᠨ ᠳᠠᠷᠤᠭ᠎ᠠ ᠪᠠᠶ᠋ᠢᠯᠳᠤᠭᠴᠢᠳ ᠢᠲᠡᠭᠡᠯ ᠪᠢᠰᠢᠷᠡᠯ᠎ᠢᠶᠡᠷ ᠭᠠᠯ ᠪᠠᠮᠪᠠᠷ ᠪᠣᠯᠭᠠᠵᠤ᠂ ᠴᠢᠰᠤ ᠮᠢᠬ᠎ᠠ᠎ᠪᠠᠷ᠎ᠢᠶᠡᠨ ᠪᠠᠮᠪᠠᠢ ᠪᠣᠯᠭᠠᠵᠤ᠂ ᠲᠡᠳᠡᠨ᠎ᠢ ᠬᠤᠷᠢᠭᠯᠠᠨ ᠨᠡᠬᠡᠵᠤ ᠶᠠᠪᠤᠭ᠎ᠠ ᠲᠤᠶ᠋ᠢᠯ᠎ᠤᠨ ᠬᠠᠷᠭᠢᠰ ᠬᠡᠷᠴᠡᠭᠡᠢ ᠵᠠᠭᠤ ᠭᠠᠷᠤᠢ ᠲᠦᠮᠡᠨ ᠴᠡᠷᠢᠭ᠎ᠢ ᠴᠣᠬᠢᠨ ᠤᠬᠤᠷᠢᠭᠤᠯᠵᠤ᠂ ᠠᠭᠠᠷ ᠰᠡᠶ᠋ᠢᠷᠡᠭ ᠮᠥᠰᠥᠲᠦ᠍ ᠠᠭᠤᠯᠠ ᠴᠠᠰᠤᠲᠤ᠌ ᠳᠠᠪᠠᠭ᠎ᠠ᠎ᠶᠢ ᠪᠠᠶ᠋ᠢᠯᠳᠤᠨ ᠢᠯᠠᠵᠤ᠂ ᠬᠥᠮᠦᠨ ᠠᠮᠢᠲᠠᠨ ᠦᠭᠡᠢ ᠨᠠᠮᠤᠭᠲᠤ᠌ ᠲᠠᠯ᠎ᠠ᠎ᠶᠢ ᠳᠤᠭᠤᠯᠵᠤ᠂ ᠮᠤᠬᠤᠷᠳᠠᠯ᠎ᠤᠨ ᠳᠤᠮᠳᠠ ᠡᠷᠡᠯᠭᠡᠭᠯᠡᠨ ᠪᠤᠰᠴᠤ᠂ ᠭᠠᠴᠢᠬᠳᠠᠯ᠎ᠤᠨ ᠳᠤᠮᠳᠠ ᠪᠦᠰᠡᠯᠡᠯᠲᠡ᠎ᠶᠢ ᠰᠢᠪᠲᠤᠯᠪᠠ᠃ ᠤᠷᠳᠤ ᠵᠠᠮ᠎ᠤᠨ ᠠᠶᠠᠨ ᠲᠠᠢ᠌ᠨ ᠪᠣᠯ 20 ᠳ᠋ᠤᠭᠠᠷ ᠵᠠᠭᠤᠨ᠎ᠤ ᠳᠡᠯᠡᠬᠡᠢ᠎ᠶᠢᠨ ᠢᠷᠡᠭᠡᠳᠦᠢ᠎ᠶᠢ ᠬᠠᠮᠤᠭ᠎ᠡᠴᠡ ᠢᠯᠡᠭᠦᠦ ᠨᠥᠯᠥᠭᠡᠯᠡᠵᠦ᠍ ᠴᠢᠳᠠᠬᠰᠠᠨ ᠴᠢᠬᠤᠯᠠ ᠬᠡᠷᠡᠭ ᠶᠠᠪᠤᠳᠠᠯ᠎ᠤᠨ ᠨᠢᠭᠡ ᠮᠥᠨ᠂ ᠳᠤᠮᠳᠠᠳᠤ ᠤᠯᠤᠰ᠎ᠤᠨ ᠡᠪ ᠬᠠᠮᠲᠤ᠌ ᠨᠠᠮ ᠪᠠ ᠤᠯᠠᠭᠠᠨ ᠴᠡᠷᠢᠭ᠎ᠤᠨ ᠦᠨᠳᠦᠰᠦᠲᠡᠨ᠎ᠦ ᠬᠦᠰᠡᠯ ᠡᠷᠡᠮᠡᠯᠵᠡᠯ᠎ᠢ ᠡᠭᠦᠷᠭᠡᠯᠡᠨ ᠤᠮᠠᠷᠠᠰᠢ ᠮᠣᠷᠳᠠᠵᠤ ᠶᠠᠫᠣᠨ᠎ᠢ ᠡᠰᠡᠷᠭᠦᠴᠡᠭᠰᠡᠨ ᠪᠠᠶ᠋ᠢᠯᠳᠤᠬᠤ ᠪᠤᠳᠤᠯᠭ᠎ᠠ᠎ᠶᠢᠨ ᠰᠢᠯᠵᠢᠯᠲᠡᠮᠦᠨ᠂ ᠳᠤᠮᠳᠠᠳᠤ ᠤᠯᠤᠰ᠎ᠤᠨ ᠡᠪ ᠬᠠᠮᠲᠤ᠌ ᠨᠠᠮ ᠪᠠ ᠳᠤᠮᠳᠠᠳᠤ ᠤᠯᠤᠰ᠎ᠤᠨ ᠬᠤᠪᠢᠰᠬᠠᠯ᠎ᠤᠨ ᠦᠢᠯᠡᠰ᠎ᠦᠨ ᠨᠤᠭᠤᠷᠠᠯ ᠪᠦᠳᠦᠷᠢᠯ᠎ᠡᠴᠡ ᠢᠯᠠᠯᠲᠠ ᠵᠦᠭ ᠤᠷᠤᠭᠰᠢᠯᠠᠬᠰᠠᠨ ᠠᠭᠤᠤ ᠶᠡᠬᠡ ᠡᠷᠭᠢᠯᠲᠡ᠎ᠶᠢ ᠪᠡᠶᠡᠯᠡᠭᠦᠯᠵᠦ᠍᠂ ᠳᠤᠮᠳᠠᠳᠤ᠎ᠶᠢᠨ ᠦᠨᠳᠦᠰᠦᠲᠡᠨ᠎ᠦ ᠲᠡᠦᠬᠡᠨ ᠠᠬᠢᠴᠠ᠎ᠳᠤ ᠲᠤᠶ᠋ᠢᠯ᠎ᠤᠨ ᠠᠯᠤᠰ ᠭᠡᠳᠤ᠎ᠶᠢᠨ ᠨᠥᠯᠥᠭᠡ ᠦᠵᠡᠭᠦᠯᠦᠭᠰᠡᠨ ᠶᠤᠮ᠃
ᠶᠡᠷᠦᠩᠬᠡᠢ ᠱᠦᠵᠢ ᠰᠢ ᠵᠢᠨ ᠫᠢᠩ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠌ᠨ ᠢᠯᠠᠯᠲᠠ ᠣᠯᠤᠭᠰᠠᠨ 80 ᠵᠢᠯ᠎ᠦᠨ ᠤᠢ᠎ᠶᠢ ᠳᠤᠷᠠᠰᠬᠠᠬᠤ ᠶᠡᠬᠡ ᠬᠤᠷᠠᠯ ᠳᠡᠭᠡᠷ᠎ᠡ᠄ 《ᠥᠨᠥᠳᠦᠷ᠎ᠦᠨ ᠤᠷᠳᠤ ᠵᠠᠮ᠎ᠤᠨ ᠠᠶᠠᠨ ᠲᠠᠢ᠌ᠨ᠎ᠢ ᠲᠤᠬᠠᠢ᠎ᠶᠢᠨ ᠵᠢᠯ᠎ᠦᠨ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠌ᠨ᠎ᠲᠡᠶ ᠬᠠᠷᠢᠴᠠᠭᠤᠯᠪᠠᠯ᠂ ᠥᠭᠡᠷᠡᠴᠢᠯᠡᠯᠲᠡ ᠨᠡᠭᠡᠭᠡᠯᠳᠠ ᠬᠢᠭᠰᠡᠨ᠎ᠡᠴᠡ ᠨᠠᠭᠠᠰᠢᠬᠢ ᠪᠢᠳᠡᠨ᠎ᠤ ᠨᠢᠭᠡᠨᠲᠡ ᠶᠠᠪᠤᠵᠤ ᠥᠩᠭᠡᠷᠡᠭᠰᠡᠨ ᠰᠢᠨ᠎ᠡ ᠤᠷᠳᠤ ᠵᠠᠮ᠎ᠤᠨ ᠠᠶᠠᠨ ᠲᠠᠢ᠌ᠨ᠎ᠲᠡᠶ ᠬᠠᠷᠢᠴᠠᠭᠤᠯᠪᠠᠯ᠂ ᠬᠡᠳᠦᠶ᠋ᠢᠪᠡᠷ ᠣᠷᠴᠢᠨ ᠲᠣᠭᠣᠷᠢᠨ᠂ ᠨᠥᠬᠥᠴᠡᠯ᠂ ᠡᠭᠦᠷᠭᠡ᠂ ᠬᠦᠴᠦᠨ ᠵᠡᠷᠭᠡ ᠲᠠᠯ᠎ᠠ᠎ᠪᠠᠷ ᠡᠳᠦᠢ ᠲᠡᠳᠦᠢ ᠵᠥᠷᠢᠢ᠎ᠡ᠎ᠲᠡᠶ ᠴᠢᠨᠠᠭᠰᠢᠯᠠᠪᠠᠯ ᠮᠠᠰᠢ ᠶᠡᠬᠡ ᠵᠥᠷᠢᠢ᠎ᠡ᠎ᠲᠡᠶ ᠪᠣᠯᠪᠠᠴᠤ᠌ ᠴᠥᠮ ᠨᠡᠭᠡᠭᠡᠯᠲᠡᠲᠦ᠍ ᠴᠢᠨᠠᠷᠲᠠᠢ᠂ ᠪᠡᠷᠬᠡ ᠬᠠᠲᠠᠭᠤᠵᠢᠯᠲᠤ᠌ ᠴᠢᠨᠠᠷᠲᠠᠢ᠂ ᠨᠠᠷᠢᠨ ᠪᠤᠳᠤᠯᠢᠶᠠᠨᠲᠤ᠌ ᠴᠢᠨᠠᠷᠲᠠᠢ ᠦᠢᠯᠡᠰ ᠪᠣᠯᠬᠤ ᠶᠤᠮ》 ᠭᠡᠵᠦ ᠴᠢᠬᠤᠯᠠᠴᠢᠯᠠᠪᠠ᠃ ᠡᠨᠡ ᠬᠦ᠌ ᠴᠢᠬᠤᠯᠠ ᠨᠤᠲᠠᠯᠠᠯᠲᠠ ᠨᠢ ᠲᠡᠦᠬᠡ ᠪᠣᠯᠤᠨ ᠪᠣᠳᠠᠲᠤ᠌ ᠠᠬᠤᠢ᠎ᠵᠢ ᠨᠡᠪᠲᠡᠷᠡᠭᠦᠯᠵᠦ᠂ ᠤᠷᠳᠤ ᠵᠠᠮ᠎ᠤᠨ ᠠᠶᠠᠨ ᠲᠠᠢ᠌ᠨ᠎ᠦ ᠠᠭᠤᠤ ᠶᠡᠬᠡ ᠵᠣᠷᠢᠭ ᠰᠠᠨᠠᠭᠠᠨ᠎ᠤ ᠴᠠᠭ ᠦᠶ᠎ᠡ᠎ᠶᠢᠨ ᠦᠨ᠎ᠡ ᠦᠷᠳᠡᠭ᠎ᠢ ᠭᠦᠢᠴᠡᠳ ᠢᠯᠡᠷᠡᠭᠦᠯᠪᠡ᠃
ᠶᠡᠷᠡᠨ ᠵᠢᠯ᠎ᠤᠨ ᠲᠤᠷᠰᠢ ᠲᠡᠭᠷᠢ ᠭᠠᠵᠠᠷ᠎ᠢ ᠲᠤᠩᠰᠤᠯᠭᠠᠬᠰᠠᠨ ᠬᠤᠪᠢᠷᠠᠯᠳᠠ ᠭᠠᠷᠴᠠᠢ᠃ ᠥᠩᠭᠡᠷᠡᠭᠰᠡᠨ᠎ᠤ ᠠᠭᠤᠯᠠ ᠤᠰᠤ ᠲᠠᠯᠬᠢᠭᠳᠠᠵᠤ᠂ ᠠᠷᠠᠳ ᠢᠷᠭᠡᠳ ᠠᠶᠤᠯ ᠵᠣᠪᠠᠯᠠᠩ ᠠᠮᠰᠠᠵᠤ ᠪᠠᠶ᠋ᠢᠭᠰᠠᠨ ᠬᠦᠴᠢᠷ ᠪᠡᠷᠬᠡᠰᠢᠶᠡᠯᠲᠦ ᠴᠠᠭ ᠦᠶ᠎ᠠ ᠠᠯᠢ ᠬᠡᠳᠦ᠎ᠶ᠋ᠢᠨ ᠪᠤᠴᠠᠯᠲᠠ ᠦᠭᠡᠢ ᠠᠷᠢᠯᠤᠨ ᠤᠳᠴᠠᠢ᠃ ᠪᠢᠳᠡ ᠲᠡᠦᠬᠡ᠎ᠶᠢᠨ ᠰᠠᠨᠠᠭᠠᠴᠢᠯᠠᠭᠠᠲᠤ᠌ ᠵᠣᠷᠢᠭ ᠰᠠᠨᠠᠭ᠎ᠠ᠎ᠶᠢ ᠪᠠᠳᠠᠷᠠᠭᠤᠯᠵᠤ᠂ ᠵᠠᠮ᠎ᠤᠨ ᠢᠲᠡᠭᠡᠯ᠂ ᠤᠨᠤᠯ᠎ᠤᠨ ᠢᠲᠡᠭᠡᠯ᠂ ᠪᠠᠶ᠋ᠢᠭᠤᠯᠤᠯ᠎ᠤᠨ ᠢᠲᠡᠭᠡᠯ᠂ ᠰᠣᠶᠣᠯ᠎ᠤᠨ ᠢᠲᠡᠭᠡᠯ᠎ᠢᠶᠡᠨ ᠪᠠᠲᠤᠳᠬᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠭᠡᠨ ᠪᠠᠶ᠋ᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠵᠤ ᠪᠠᠢᠨ᠎ᠠ᠃ ᠠᠶᠤᠯ ᠲᠦᠭᠰᠢᠭᠦᠷᠢ ᠰᠢᠯᠭᠠᠯᠲᠠ ᠤᠷᠳᠤ ᠬᠤᠭᠤᠴᠠᠭ᠎ᠠ᠎ᠪᠠᠷ ᠣᠷᠣᠰᠢᠵᠤ ᠪᠤᠢ᠂ ᠲᠡᠮᠡᠴᠡᠯ᠎ᠦᠨ ᠠᠯᠬᠤᠭ᠎ᠠ ᠡᠭᠦᠷᠢᠳᠡ ᠵᠤᠬᠰᠤᠰᠢ ᠦᠭᠡᠢ᠃ ᠤᠷᠲᠤ᠌ ᠵᠠᠮ᠎ᠤᠨ ᠠᠶᠠᠨ ᠲᠠᠶ᠋ᠢᠨ᠎ᠢ ᠡᠷᠭᠢᠴᠡᠭᠦᠯᠵᠦ᠍᠂ ᠤᠷᠲᠤ᠌ ᠵᠠᠮ᠎ᠤᠨ ᠠᠶᠠᠨ ᠲᠠᠶ᠋ᠢᠨ᠎ᠢ ᠤᠩᠰᠢᠨ ᠣᠶ᠋ᠢᠯᠠᠭᠠᠵᠤ᠂ ᠤᠷᠲᠤ᠌ ᠵᠠᠮ᠎ᠤᠨ ᠠᠶᠠᠨ ᠲᠠᠶ᠋ᠢᠨ᠎ᠳᠦ ᠬᠦᠨᠳᠦᠳᠬᠡᠯ ᠳᠡᠪᠰᠢᠭᠦᠯᠵᠦ᠍᠂ ᠳᠠᠷᠢ᠎ᠶᠢᠨ ᠤᠲᠤᠭᠠᠨ᠎ᠳᠤ ᠳᠠᠪᠲᠠᠭᠳᠠᠨ ᠪᠤᠯᠪᠠᠰᠤᠷᠠᠭᠳᠠᠵᠤ᠂ ᠠᠶᠠᠨ ᠵᠠᠮ᠎ᠳᠠᠭᠠᠨ ᠡᠷᠴᠢ ᠵᠤᠷᠢᠭ᠎ᠢᠶᠡᠨ ᠬᠦᠪᠴᠢᠯᠡᠭᠰᠡᠨ ᠢᠲᠡᠭᠡᠯ ᠪᠢᠰᠢᠷᠡᠯ᠎ᠦᠨ ᠬᠦᠴᠦᠨ᠂ ᠠᠶᠠᠯᠠᠯ᠎ᠢ ᠵᠢᠯᠤᠭᠤᠳᠬᠤ ᠬᠦᠴᠦᠨ᠂ ᠠᠷᠠᠳ ᠲᠦᠮᠡᠨ᠎ᠦ ᠬᠦᠴᠦᠨ᠂ ᠲᠡᠮᠡᠴᠡᠯ᠎ᠦᠨ ᠬᠦᠴᠦᠨ᠎ᠢ ᠦᠨᠡᠨ ᠬᠦ᠌ ᠮᠡᠳᠡᠷᠡᠨ ᠣᠶ᠋ᠢᠯᠠᠭᠠᠵᠤ᠂ ᠤᠷᠪᠠᠭᠠᠨ ᠬᠥᠷᠪᠡᠭᠡᠨ᠎ᠲᠡᠶ ᠪᠠᠶ᠋ᠢᠳᠠᠯ᠎ᠤᠨ ᠳᠤᠮᠳᠠ ᠴᠢᠭᠯᠡᠯ᠎ᠢᠶᠡᠨ ᠣᠨᠣᠪᠴᠢᠲᠠᠢ ᠡᠵᠡᠮᠳᠡᠵᠦ᠍᠂ ᠪᠣᠭᠣᠮᠲᠠ ᠰᠢᠪᠲᠤᠯᠬᠤ ᠳᠤᠮᠳᠠ ᠰᠢᠨ᠎ᠡ ᠪᠠᠶ᠋ᠢᠳᠠᠯ᠎ᠢ ᠵᠣᠷᠢᠭᠲᠠᠢ ᠨᠡᠭᠡᠭᠡᠵᠦ᠍᠂ ᠮᠠᠨ᠎ᠤ ᠡᠨᠡ ᠦᠶ᠎ᠡ᠎ᠶᠢᠨ ᠬᠥᠮᠦᠰ ᠲᠤ᠌ ᠬᠠᠷᠢᠶᠠᠯᠠᠬᠳᠠᠬᠤ ᠤᠷᠲᠤ᠌ ᠵᠠᠮ᠎ᠤᠨ ᠠᠶᠠᠨ ᠲᠠᠶ᠋ᠢᠨ᠎ᠤ ᠵᠠᠮ᠎ᠢᠶᠡᠷ ᠰᠠᠶ᠋ᠢᠲᠤᠷ ᠵᠠᠮᠨᠠᠬᠤ᠌ᠪᠡᠷ ᠵᠣᠷᠢᠭ ᠰᠢᠭᠤᠳᠬᠤ ᠬᠡᠷᠡᠭᠳᠡᠢ᠃
(ᠬᠣᠶᠠᠷ)
《ᠪᠢ ᠨᠢᠭᠡᠨᠲᠡ ᠠᠶᠠᠨ ᠲᠠᠢ᠌ᠨ᠎ᠳᠦ ᠮᠣᠷᠳᠠᠯ᠎ᠠ᠃ ᠬᠡᠵᠢᠶ᠎ᠡ ᠨᠤᠲᠤᠭ ᠪᠤᠴᠠᠬᠤ᠎ᠶᠢ ᠲᠥᠰᠦᠭᠡᠯᠡᠬᠦᠶ᠎ᠡ ᠪᠡᠷᠬᠡ᠃ ᠡᠬᠡᠨᠡᠷ ᠮᠢᠨᠢ ᠡᠴᠢᠭᠡ ᠡᠬᠡ ᠵᠢ ᠮᠢᠨᠢ ᠠᠴᠢᠯᠠᠵᠤ᠂ ᠦᠷ᠎ᠡ ᠬᠡᠦᠬᠡᠳ᠎ᠢ ᠬᠠᠷᠠᠭᠠᠯᠵᠠᠵᠤ᠂ ᠮᠢᠨᠦ᠍ ᠡᠮᠦᠨ᠎ᠡ ᠡᠴᠡ ᠠᠴᠢᠯᠠᠯ ᠬᠠᠷᠢᠭᠤᠴᠠᠯᠭ᠎ᠠ᠎ᠵᠢ ᠭᠦᠢᠴᠡᠳᠬᠡᠬᠦ᠌᠎ᠶᠢ ᠬᠦᠰᠡᠵᠦ᠍ ᠪᠠᠢᠨ᠎ᠠ᠃ ᠪᠢ ᠨᠢᠭᠡᠨᠲᠡ ᠬᠤᠪᠢᠰᠬᠠᠯ ᠬᠢᠬᠦ᠌᠎ᠪᠡᠷ ᠵᠣᠷᠢᠭ ᠰᠢᠭᠤᠳᠴᠠᠶ᠂ ᠭᠡᠲᠡᠯ᠎ᠡ ᠬᠤᠪᠢᠰᠬᠠᠯ ᠬᠠᠷᠠᠬᠠᠨ ᠢᠯᠠᠯᠳᠠ ᠣᠯᠤᠭ᠎ᠠ ᠦᠭᠡᠢ᠂ ᠪᠢ ᠯᠠᠪᠲᠠᠶ ᠬᠤᠪᠢᠰᠬᠠᠯ᠎ᠤᠨ ᠲᠦᠯᠦᠬᠡ ᠦᠷᠭᠦᠯᠵᠢᠯᠡᠨ ᠲᠡᠮᠡᠴᠡᠨ᠎ᠡ᠃ ᠬᠤᠪᠢᠰᠬᠠᠯ ᠢᠯᠠᠯᠲᠠ ᠣᠯᠬᠤ ᠦᠭᠡᠢ ᠪᠣᠯ ᠪᠢ ᠨᠤᠲᠤᠭ ᠪᠤᠴᠠᠬᠤ ᠦᠭᠡᠢ᠂ ᠠᠮᠵᠢᠯᠲᠠ ᠣᠯᠤᠭᠰᠠᠨ ᠡᠳᠦᠷᠲᠠᠬᠢᠨ ᠵᠤᠯᠭᠠᠶ᠎ᠠ》᠃
ᠢᠦᠢ ᠳ᠋ᠦ᠋ ᠡᠾᠸ ᠭᠣᠣᠯ᠎ᠤᠨ ᠬᠥᠪᠡᠭᠡᠨ᠎ᠳᠡᠬᠢ ᠲᠥᠪ᠎ᠦᠨ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠌ᠨ᠎ᠳᠦ ᠮᠣᠷᠳᠠᠬᠤ ᠳᠤᠷᠠᠰᠬᠠᠯ᠎ᠤᠨ ᠣᠷᠳᠣᠨ᠎ᠳᠤ᠂ ᠨᠢᠭᠡ ᠬᠤᠪᠢ ᠭᠡᠷ᠎ᠦᠨ ᠵᠠᠬᠢᠳᠠᠯ᠎ᠢ ᠲᠡᠯᠭᠡᠨ ᠦᠵᠡᠬᠦᠯᠵᠤ ᠪᠠᠶ᠋ᠢᠯ᠎ᠠ᠃ ᠡᠨᠡ ᠵᠠᠬᠢᠳᠠᠯ᠎ᠢ ᠪᠢᠴᠢᠭᠰᠡᠨ ᠬᠦᠮᠦᠨ ᠪᠤᠯ ᠢᠦᠢ ᠳ᠋ᠦ᠋ᠨᠤᠲᠤᠭᠤᠨ ᠬᠦᠮᠦᠨ ᠯᠢ ᠵᠢᠶᠦ᠋ᠨ ᠬᠡᠳᠡᠭ᠃ 1934 ᠣᠨ᠎ᠤ 10 ᠰᠠᠷ᠎ᠠ᠎ᠳᠤ᠂ ᠲᠥᠪ᠎ᠦᠨ ᠤᠯᠠᠭᠠᠨ ᠴᠡᠷᠢᠭ᠎ᠦᠨ ᠭᠣᠣᠯ ᠬᠦᠴᠦᠨ ᠡᠨᠳᠡ ᠴᠤᠭᠯᠠᠷᠠᠵᠤ᠂ ᠳᠠᠷᠠᠭ᠎ᠠ ᠨᠢ ᠭᠣᠣᠯ ᠭᠡᠲᠦᠯᠦᠨ ᠠᠶᠠᠨ ᠵᠠᠮ᠎ᠳᠠᠭᠠᠨ ᠮᠤᠷᠳᠠᠪᠠ᠃ ᠡᠨᠳᠡ ᠡᠴᠡ ᠠᠶᠠᠷᠯᠠᠨ ᠰᠠᠯᠬᠤ ᠦᠶ᠎ᠡ᠎ᠳᠦ᠂ ᠤᠯᠠᠭᠠᠨ ᠭᠤᠷᠪᠠᠳᠤᠭᠠᠷ ᠨᠢᠭᠡᠳᠬᠡᠯ ᠠᠷᠮᠢ᠎ᠶᠢᠨ ᠵᠢᠯᠤᠭᠤᠳ᠋ᠤᠭᠴᠢ ᠯᠢ ᠵᠢᠶᠦ᠋ᠨ ᠨᠤᠲᠤᠭ᠎ᠲᠠᠭᠠᠨ ᠬᠠᠷᠢᠵᠤ ᠲᠦᠷᠦᠯ ᠰᠠᠳ᠋ᠤᠨᠲᠠᠶᠪᠠᠨ ᠠᠭᠤᠯᠵᠠᠵᠤ ᠰᠠᠯᠬᠤ ᠶᠣᠰᠣ ᠬᠢᠬᠦ᠌ ᠵᠠᠪ ᠦᠭᠡᠢ ᠲᠤᠯᠠ ᠠᠷᠭ᠎ᠠ ᠪᠤᠰᠤ ᠡᠬᠡᠨᠡᠷᠵᠦᠩ ᠬᠤᠸᠠ ᠶᠢᠩ᠎ᠳᠡᠭᠡᠨ ᠵᠡᠬᠢᠳᠡᠯ ᠪᠢᠴᠢᠵᠤ ᠪᠤᠰᠤᠳ᠎ᠢᠶᠡᠷ ᠳᠠᠮᠵᠢᠭᠤᠯᠪᠠ᠃ 1935 ᠣᠨ᠎ᠤ 1 ᠰᠠᠷ᠎ᠠ᠎ᠳᠤ ᠴᠢᠩ ᠭᠠᠩ ᠫᠦᠸᠸ ᠵᠢᠨ ᠪᠠᠶ᠋ᠢᠯᠳᠤᠭᠠᠨ᠎ᠳᠤ᠂ ᠯᠢ ᠵᠢᠶᠦ᠋ᠨ ᠴᠡᠷᠢᠭ ᠠᠩᠬᠢ᠎ᠪᠠᠨ ᠳᠠᠭᠠᠭᠤᠯᠤᠨ ᠭᠣᠣᠯ ᠬᠦᠴᠦᠨ᠎ᠢᠶᠡᠨ ᠬᠠᠮᠠᠭᠠᠯᠠᠵᠤ ᠪᠦᠰᠡᠯᠡᠯᠲᠡ ᠰᠢᠪᠲᠤᠯᠬᠤ ᠦᠶ᠎ᠡ᠎ᠳᠦ ᠪᠠᠭᠠᠲᠤᠷᠯᠢᠭ᠎ᠢᠶᠠᠷ ᠪᠡᠶ᠎ᠡ ᠦᠷᠡᠭᠳᠡᠪᠡ᠃
ᠤᠷᠤᠬᠰᠢᠯᠠᠯᠳᠠ ᠵᠢᠨ ᠵᠠᠮ ᠬᠤᠯᠠ ᠵᠢᠨ ᠬᠤᠯᠠ ᠪᠠᠢᠵᠤ᠂ ᠬᠡᠵᠢᠶ᠎ᠡ ᠠᠯᠢ ᠡᠳᠦᠷ ᠦᠵᠦᠭᠦᠷ᠎ᠲᠤ᠎ᠨᠢ ᠬᠦᠷᠬᠦ ᠪᠢᠯᠡ? ᠵᠠᠯᠠᠭᠤ ᠵᠢᠯᠤᠭᠤᠳᠤᠭᠴᠢ ᠰᠢᠶᠤᠤ ᠹᠸᠩ ᠡᠳᠦᠷ᠎ᠦᠨ ᠲᠡᠮᠳᠡᠭᠯᠡᠯ᠎ᠳᠡᠭᠡᠨ ᠪᠠᠶ᠋ᠢᠯᠳᠤᠭᠴᠢᠳ᠎ᠤᠨ ᠰᠡᠳᠬᠢᠯ ᠳ᠋ᠡᠬᠢ ᠰᠡᠵᠢᠭᠯᠡᠯ ᠲᠥᠭᠡᠷᠢᠭᠳᠡᠯ᠎ᠢ ᠲᠡᠮᠳᠡᠭᠯᠡᠪᠡ᠂ ᠬᠡᠬᠦ ᠳ᠋ᠡᠬᠡᠨ ᠲᠡᠷᠡ ᠵᠥᠪᠬᠡᠨ᠄ 《ᠪᠢᠳᠡᠨ᠎ᠤ ᠬᠣᠶᠠᠷ ᠬᠦᠯ ᠪᠣᠯ ᠬᠤᠪᠢᠰᠬᠠᠯ᠎ᠤᠨ ᠬᠢ ᠶᠤᠮ᠂ ᠳᠡᠭᠡᠳᠦ ᠱᠠᠲᠤ ᠪᠢᠳᠡᠨ᠎ᠢ ᠬᠠᠮᠢᠭᠠᠰᠢ ᠶᠠᠪᠤ ᠭᠡᠪᠡᠯ ᠪᠢᠳᠠ ᠲᠡᠷᠡ ᠲᠡᠢᠰᠢ ᠪᠡᠨ ᠬᠦᠴᠦᠯᠡᠨ᠎ᠡ!》 ᠬᠡᠵᠤ ᠤᠯᠠᠨ᠎ᠢ ᠵᠣᠷᠢᠭᠵᠢᠭᠤᠯᠤᠨ᠎ᠠ ᠃ ᠬᠤᠪᠢᠰᠬᠠᠯ᠎ᠤᠨ ᠥᠷ᠎ᠦᠨ ᠲᠤᠶᠠᠭ᠎ᠠ᠎ᠶᠢ ᠡᠨᠡᠦᠬᠡᠨ ᠣᠯᠵᠤ ᠬᠠᠷᠠᠬᠤ ᠦᠭᠡᠢ ᠪᠤᠯᠪᠠᠴᠤ ᠶᠠᠳᠠᠭᠤ ᠵᠦᠳᠡᠭᠦᠦ ᠠᠵᠢᠯᠴᠢᠨ ᠲᠠᠷᠢᠶᠠᠴᠢᠨ᠎ᠢ ᠠᠪᠤᠷᠠᠵᠤ᠂ ᠡᠷᠬᠡ ᠴᠢᠯᠥᠭᠡ᠎ᠪᠡᠨ ᠣᠯᠵᠤ ᠴᠢᠯᠥᠭᠡᠯᠡᠯᠲᠡ᠎ᠪᠡᠨ ᠤᠯᠬᠤ ᠦᠢᠯᠡᠰ᠎ᠢ ᠡᠷᠢᠯᠬᠢᠯᠡᠬᠦ ᠢᠲᠡᠭᠡᠯ ᠵᠣᠷᠢᠭ ᠶᠡᠷᠦ᠎ᠡᠴᠡ ᠬᠤᠪᠢᠷᠠᠭ᠎ᠠ ᠦᠭᠡᠢ᠃ ᠴᠡᠷᠢᠭ ᠠᠶᠠᠯᠠᠬᠤ ᠵᠠᠮ ᠲᠡᠬᠡᠷ᠎ᠡ᠂ ᠤᠯᠠᠭᠠᠨ ᠨᠢᠭᠡᠳᠦᠭᠡᠷ ᠨᠢᠭᠡᠳᠬᠡᠯ ᠠᠷᠮᠢ᠎ᠶᠢᠨ ᠤᠯᠤᠰ ᠲᠦᠷᠦ᠍ ᠵᠢᠨ ᠠᠮᠤᠷ᠎ᠢ ᠬᠠᠮᠠᠭᠠᠯᠠᠬᠤ ᠲᠣᠪᠴᠢᠶᠠᠨ᠎ᠤ ᠨᠠᠷᠢᠨ ᠪᠢᠴᠢᠭᠡᠴᠢ ᠲᠦᠩ ᠰᠢᠶᠤᠤ ᠫᠸᠩ᠄ 《ᠬᠤᠪᠢᠰᠬᠠᠯ ᠪᠣᠯ ᠤᠷᠳᠤ ᠬᠤᠭᠤᠴᠠᠭᠠᠨ᠎ᠤ ᠲᠡᠮᠡᠴᠡᠯ᠂ ᠴᠢᠰᠤ ᠤᠷᠤᠰᠬᠠᠬᠤ ᠶᠠᠪᠤᠴᠠ ᠮᠥᠨ᠃ ᠢᠯᠠᠯᠲᠠ ᠪᠣᠯ ᠬᠠᠲᠠᠭᠤ ᠪᠡᠷᠬᠡᠰᠢᠶᠡᠯ᠎ᠢ ᠢᠯᠠᠨ ᠲᠠᠪᠠᠬᠰᠠᠨᠤ ᠦᠷ᠎ᠡ ᠳ᠋ᠦᠩ᠂ ᠬᠦᠴᠢᠷ ᠪᠡᠷᠬᠡᠰᠢᠶᠡᠯ᠎ᠢ ᠦᠩᠬᠡᠷᠡᠬᠦᠯᠦᠭᠰᠡᠨᠤ ᠲᠠᠷᠠᠭᠠᠬᠢ ᠶᠡᠷᠦᠩᠬᠡᠢ ᠠᠮᠵᠢᠯᠲᠠ ᠮᠦᠨ ᠁ ᠡᠨᠡ ᠬᠦ᠌ ᠬᠠᠭᠠᠰ ᠵᠢᠯ᠎ᠦᠨ ᠭᠠᠰᠠᠯᠠᠩ ᠵᠣᠪᠠᠯᠠᠩ᠎ᠢ ᠠᠮᠰᠠᠬᠰᠠᠨ ᠵᠣᠷᠢᠭ ᠰᠠᠨᠠᠭ᠎ᠠ᠎ᠪᠠᠷ ᠲᠡᠭᠦᠨ᠎ᠢ ᠢᠯᠠᠵᠤ᠂ ᠪᠦᠷᠢᠨ ᠢᠯᠠᠯᠲᠠ᠎ᠶᠢᠨ ᠠᠭᠤᠤ ᠶᠡᠬᠡ ᠰᠠᠷᠠᠭᠤᠯ ᠢᠷᠡᠭᠡᠳᠦᠢ᠎ᠶᠢ ᠲᠡᠮᠡᠴᠡᠨ ᠤᠯᠤᠨ᠎ᠡ!》 ᠭᠡᠵᠦ ᠲᠡᠮᠳᠡᠭᠯᠡᠨ ᠦᠯᠡᠳᠡᠬᠡᠵᠤ ᠪᠢᠯᠠ᠃
1936 ᠣᠨ᠎ᠳᠤ᠂ ᠠᠢᠳᠧᠵᠢᠶᠠ·ᠰᠧᠨᠦ᠋ᠧᠧ ᠪᠠᠷᠠᠭᠤᠨ ᠬᠣᠶ᠋ᠢᠲᠤ᠎ᠶᠢᠨ ᠬᠤᠪᠢᠰᠬᠠᠯ᠎ᠤᠨ ᠰᠠᠭᠤᠷᠢᠨ ᠭᠠᠵᠠᠷ᠎ᠲᠤ᠌ ᠬᠦᠷᠴᠦ᠍᠂ ᠤᠷᠳᠤ ᠵᠠᠮ᠎ᠤᠨ ᠠᠶᠠᠨ ᠲᠠᠢ᠌ᠨ᠎ᠢ ᠪᠡᠶ᠎ᠡ᠎ᠪᠡᠷ᠎ᠢᠶᠡᠨ ᠥᠩᠭᠡᠷᠡᠭᠦᠯᠦᠭᠰᠡᠨ ᠤᠯᠠᠭᠠᠨ ᠴᠡᠷᠢᠭ᠎ᠦᠨ ᠳᠠᠷᠤᠭ᠎ᠠ ᠪᠠᠶ᠋ᠢᠯᠳᠤᠭᠴᠢᠳ᠎ᠢ ᠡᠷᠢᠨ ᠰᠤᠷᠪᠤᠯᠵᠢᠯᠠᠪᠠ᠃ ᠲᠡᠷᠡ 《ᠤᠯᠠᠭᠠᠨ ᠤᠳ᠋ᠤ ᠳᠤᠮᠳᠠᠳᠤ ᠤᠯᠤᠰ᠎ᠢ ᠭᠡᠶ᠋ᠢᠭᠦᠯᠦᠨᠡ》 ᠭᠡᠬᠦ᠌ ᠨᠣᠮ᠎ᠳᠠᠭᠠᠨ ᠥᠪᠡᠷ᠎ᠦᠨ ᠠᠵᠢᠭᠯᠠᠵᠤ ᠤᠯᠤᠬᠰᠠᠨ ᠲᠦᠷᠦᠭᠳᠡᠯ᠎ᠢᠶᠡᠨ ᠲᠡᠮᠳᠡᠭᠯᠡᠪᠡ᠄《ᠭᠡᠨᠡᠨ ᠠᠵᠢᠯᠯᠠᠭ᠎ᠠ᠂ ᠰᠦᠪᠡᠭᠴᠢᠯᠡᠯᠲᠡ᠂ ᠢᠯᠡᠷᠡᠭᠦᠯᠦᠯᠲᠡ᠂ ᠰᠥᠰᠥ᠍ ᠵᠣᠷᠢᠭ ᠪᠠ ᠠᠶᠤᠨ ᠡᠮᠢᠶᠡᠬᠦ᠂ ᠢᠯᠠᠯᠲᠠ ᠪᠠ ᠶᠡᠬᠡ ᠪᠡᠷ ᠪᠠᠶᠠᠷᠯᠠᠬᠤ᠂ ᠬᠦᠴᠢᠷ ᠪᠡᠷᠬᠡᠰᠢᠶᠡᠯ᠂ ᠡᠷᠡᠯᠬᠡᠭ ᠪᠠᠭᠠᠲᠤᠷᠯᠢᠭ᠎ᠢᠶᠠᠷ ᠪᠡᠶ᠎ᠡ ᠦᠷᠡᠭᠳᠡᠬᠦ᠂ ᠦᠨᠡᠨᠴᠢ ᠰᠢᠳᠤᠷᠭᠤ᠎ᠪᠠᠷ ᠵᠢᠳᠬᠦᠬᠦ᠂ ᠡᠳ᠋ᠡᠭᠡᠷ ᠲᠦᠭ ᠲᠦᠮᠡᠨ ᠵᠠᠯᠠᠭᠤᠰ᠎ᠤᠨ ᠥᠨᠢᠳᠡ ᠵᠢᠨ ᠤᠷᠬᠢᠯᠤᠮ᠎ᠠ ᠬᠠᠯᠠᠭᠤᠨ ᠰᠡᠳᠬᠢᠯᠭᠡ᠂ ᠢᠮᠠᠭᠲᠠ᠎ᠶᠢᠨ ᠬᠤᠪᠢᠷᠠᠰᠢ ᠦᠬᠡᠢ ᠬᠦᠰᠡᠯ ᠡᠷᠡᠮᠡᠯᠵᠡᠯ᠂ ᠬᠥᠮᠦᠨ᠎ᠢ ᠰᠣᠴᠢᠭᠠᠮ᠎ᠠ ᠬᠤᠪᠢᠰᠬᠠᠯ᠎ᠤᠨ ᠲᠤᠬᠠᠢ ᠪᠠᠶᠠᠰᠤᠩᠭᠤᠢ ᠦᠵᠡᠯ ᠰᠡᠳᠬᠢᠯᠭᠡ ᠨᠢ ᠶᠠᠭ ᠳᠦᠷᠡᠯᠵᠡᠭᠰᠡᠨ ᠭᠠᠯ ᠮᠡᠲᠦ᠍ ᠡᠨᠡ ᠪᠦ᠋ᠬᠦ᠎ᠨᠢ ᠲᠤᠭᠤᠰᠢᠯᠠᠭᠤᠯᠵᠤ ᠪᠠᠶ᠋ᠢᠨ᠎ᠠ᠂ ᠲᠡᠳ᠋ᠡ ᠬᠥᠮᠦᠨ᠎ᠦ ᠬᠦᠴᠦᠨ᠎ᠦ ᠡᠮᠦᠨ᠎ᠡ ᠭᠡᠰᠡᠨ ᠦᠭᠡᠢ᠂ ᠡᠰᠡᠬᠦᠯ᠎ᠡ ᠡᠭᠡ ᠪᠠᠶ᠋ᠢᠭᠠᠯᠢ᠎ᠶᠢᠨ ᠡᠮᠦᠨ᠎ᠡ ᠭᠡᠰᠡᠨ ᠦᠭᠡᠢ᠂ ᠪᠤᠷᠬᠠᠨ ᠲᠩᠷᠢ᠎ᠶᠢᠨ ᠡᠮᠦᠨ᠎ᠡ᠂ ᠦᠬᠦᠯ᠎ᠦᠨ ᠡᠮᠦᠨ᠎ᠡ ᠴᠦᠮ ᠢᠯᠠᠭᠳᠠᠬᠤ ᠵᠢ ᠶᠠᠭᠠᠬᠢᠭᠰᠠᠨ ᠴᠤ᠌ ᠮᠡᠳᠡᠷᠡᠬᠦ᠌ ᠦᠭᠡᠢ》᠃ ᠨᠢᠭᠡᠨ ᠡᠩ᠎ᠦᠨ ᠤᠯᠠᠭᠠᠨ ᠴᠡᠷᠢᠭ᠎ᠦᠨ ᠪᠠᠶ᠋ᠢᠯᠳᠤᠭᠴᠢ ᠰᠡᠳᠭᠢᠯ᠎ᠤᠨ ᠭᠦᠨ᠎ᠳᠡᠬᠢ ᠢᠲᠡᠭᠡᠯ ᠪᠢᠰᠢᠷᠡᠯ᠎ᠢᠶᠡᠨ ᠢᠩᠭᠢᠵᠦ ᠲᠡᠯᠭᠡᠯ᠎ᠡ᠄ 《ᠡᠨᠳᠡᠬᠢ ᠬᠥᠮᠦᠰ ᠪᠦᠷ ᠡᠭᠡᠭᠡ ᠠᠳᠠᠯᠢᠬᠠᠨ᠂ ᠴᠠᠭᠠᠨ᠎ᠤ ᠰᠦᠷᠳᠡᠬᠦᠯᠦᠯ᠎ᠤᠨ ᠣᠷᠣᠨ᠎ᠳᠤ ᠶᠠᠳᠠᠭᠤᠴᠤᠳ ᠪᠣᠯ ᠭᠠᠵᠠᠷ᠎ᠤᠨ ᠡᠵᠡᠨ ᠪᠠ ᠭᠣᠮᠢᠨᠳᠠᠩ᠎ᠤᠨ ᠪᠤᠭᠤᠯ ᠪᠠᠢᠳᠠᠭ ᠲᠠᠢ ᠠᠳᠠᠯᠢ ᠦᠬᠡᠢ᠃ ᠡᠨᠳᠡ ᠤᠯᠠᠨ᠎ᠢᠶᠠᠷ᠎ᠢᠶᠠᠨ ᠪᠠᠢᠯᠳᠤᠵᠤ ᠪᠠᠢᠭ᠎ᠠ ᠨᠢ ᠶᠠᠳᠠᠭᠤᠴᠤᠳᠢ ᠬᠠᠪᠰᠤᠷᠴᠤ᠌᠂ ᠳᠤᠮᠳᠠᠳᠤ ᠤᠯᠤᠰ᠎ᠢ ᠠᠪᠤᠷᠠᠬᠤ᠎ᠶᠢᠨ ᠲᠥᠯᠥᠭᠡ ᠶᠤᠮ᠃ ᠤᠯᠠᠭᠠᠨ ᠴᠡᠷᠢᠭ ᠭᠠᠵᠠᠷ᠎ᠤᠨ ᠡᠵᠡᠨ ᠪᠠ ᠭᠤᠮᠢᠨᠳᠠᠩ᠎ᠤᠨ ᠳᠡᠭᠡᠷᠡᠮ᠎ᠢ ᠴᠣᠬᠢᠨ᠎ᠠ᠂ ᠤᠯᠠᠭᠠᠨ ᠴᠡᠷᠢᠭ ᠪᠣᠯ ᠶᠠᠫᠣᠨ᠎ᠢ ᠡᠰᠡᠷᠭᠦᠴᠡᠵᠦ ᠪᠠᠢᠭ᠎ᠠ ᠶᠤᠮ》᠃
ᠤᠷᠳᠤ ᠵᠠᠮ᠎ᠤᠨ ᠠᠶᠠᠨ ᠲᠠᠢ᠌ᠨ᠎ᠦ ᠢᠯᠠᠯᠲᠠ ᠪᠣᠯ ᠡᠴᠦᠰ᠎ᠦᠨ ᠡᠴᠦᠰ᠎ᠲᠡᠬᠡᠨ ᠬᠦᠰᠡᠯᠡᠩ ᠪᠠ ᠢᠲᠡᠭᠡᠯ ᠪᠢᠰᠢᠷᠡᠯ᠎ᠤᠨ ᠢᠯᠠᠯᠲᠠ ᠮᠥᠨ᠃ ᠴᠢᠩ ᠵᠤᠷᠢᠭ ᠬᠤᠪᠢᠷᠠᠰᠢ ᠦᠭᠡᠢ᠂ ᠦᠬᠦᠪᠡᠴᠤ ᠦᠯᠦ ᠬᠠᠷᠠᠮᠰᠠᠬᠤ ᠬᠤᠪᠢᠰᠬᠠᠯ᠎ᠤᠨ ᠵᠣᠷᠢᠭ ᠰᠠᠨᠠᠭ᠎ᠠ᠎ᠪᠠᠷ ᠤᠯᠠᠭᠠᠨ ᠴᠡᠷᠢᠭ ᠰᠢᠨ᠎ᠡ ᠪᠠᠶ᠋ᠢᠳᠠᠯ᠎ᠢ ᠨᠡᠭᠡᠭᠡᠬᠦ ᠠᠭᠤᠤ ᠶᠡᠬᠡ ᠠᠶᠠᠨ ᠲᠠᠢ᠌ᠨ᠎ᠢ ᠪᠡᠶᠡᠯᠡᠭᠦᠯᠪᠡ᠃ ᠶᠡᠷᠦᠩᠬᠡᠢ ᠱᠦᠵᠢ ᠰᠢ ᠵᠢᠨ ᠫᠢᠩ᠄ 《ᠤᠷᠳᠤ ᠵᠠᠮ᠎ᠤᠨ ᠠᠶᠠᠨ ᠲᠠᠢ᠌ᠨ ᠨᠢ ᠪᠦᠬᠦ᠌ ᠳᠤᠮᠳᠠᠳᠤ ᠤᠯᠤᠰ᠎ᠲᠤ᠌᠂ ᠪᠦᠬᠦ᠌ ᠳᠡᠯᠡᠬᠡᠢ᠎ᠳᠦ᠂ ᠳᠤᠮᠳᠠᠳᠤ ᠤᠯᠤᠰ᠎ᠤᠨ ᠡᠪ ᠬᠠᠮᠲᠤ᠌ ᠨᠠᠮ ᠵᠢᠴᠢ ᠲᠡᠭᠦᠨ᠎ᠦ ᠤᠳᠤᠷᠢᠳᠤᠭᠰᠠᠨ ᠠᠷᠠᠳ᠎ᠤᠨ ᠴᠡᠷᠢᠭ ᠠᠩᠬᠢ ᠪᠣᠯ ᠮᠠᠷᠺᠰ᠎ᠤᠨ ᠦᠵᠡᠯ᠎ᠢᠶᠡᠷ ᠵᠡᠪᠰᠡᠭᠯᠡᠭᠰᠡᠨ᠂ ᠡᠪ ᠬᠠᠮᠲᠤ᠌ ᠶᠣᠰᠣ᠎ᠪᠠᠷ ᠡᠷᠬᠢᠮ ᠳᠡᠭᠡᠳᠦ ᠬᠦᠰᠡᠯᠡᠩ ᠪᠠ ᠡᠷᠡᠰ ᠪᠠᠲᠤ᠌ ᠢᠲᠡᠭᠡᠯ ᠪᠢᠰᠢᠷᠡᠯ᠎ᠢᠶᠡᠨ ᠪᠣᠯᠭᠠᠭᠰᠠᠨ ᠭᠡᠳᠡᠭ᠎ᠢ ᠲᠥᠪ ᠴᠢᠩᠭ᠎ᠠ᠎ᠪᠠᠷ ᠲᠤᠩᠬᠠᠭᠯᠠᠪᠠ᠃ ᠤᠷᠳᠤ ᠵᠠᠮ᠎ᠤᠨ ᠠᠶᠠᠨ ᠲᠠᠢ᠌ᠨ᠎ᠦ ᠶᠠᠪᠤᠴᠠ᠎ᠳᠠᠬᠢ ᠭᠠᠰᠠᠯᠠᠩ ᠵᠣᠪᠠᠯᠠᠩ᠂ ᠨᠤᠭᠤᠷᠠᠯ ᠪᠦᠳᠦᠷᠢᠯ᠂ ᠦᠬᠦᠯ ᠦᠷᠡᠭᠳᠡᠯ ᠨᠢ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠬᠦᠰᠡᠯᠡᠩ ᠢᠲᠡᠭᠡᠯ ᠪᠢᠰᠢᠷᠡᠯ᠎ᠢ ᠰᠢᠯᠭᠠᠵᠤ᠂ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠬᠦᠰᠡᠯᠡᠩ ᠢᠲᠡᠭᠡᠯ ᠪᠢᠰᠢᠷᠡᠯ ᠪᠣᠯ ᠡᠪᠳᠡᠷᠡᠰᠢ ᠦᠭᠡᠢ ᠪᠠᠲᠤ᠌ ᠪᠡᠬᠢ ᠭᠡᠳᠡᠭ᠎ᠢ ᠳᠡᠯᠡᠬᠡᠢ ᠳ᠋ᠠᠬᠢᠨ᠎ᠳᠤ ᠭᠡᠷᠡᠴᠢᠯᠡᠭᠰᠡᠨ ᠪᠠᠶ᠋ᠢᠨ᠎ᠠ》 ᠭᠡᠵᠦ ᠲᠤᠳᠤᠷᠬᠠᠢ ᠵᠢᠭᠠᠵᠤ ᠭᠠᠷᠭᠠᠪᠠ᠃
ᠢᠲᠡᠭᠡᠯ ᠪᠢᠰᠢᠷᠡᠯ᠎ᠦᠨ ᠭᠠᠯ ᠪᠠᠮᠪᠠᠷ᠎ᠢ ᠨᠣᠴᠣᠭᠠᠭᠰᠠᠨ ᠲᠡᠷᠡ ᠴᠠᠭ ᠡᠴᠡ ᠠᠪᠤᠭᠠᠳ ᠬᠡᠵᠢᠶᠡᠳᠡ ᠤᠨᠲᠠᠷᠠᠰᠢ ᠦᠭᠡᠢ ᠶᠤᠮ᠃ ᠦᠨᠳᠦᠰᠦᠲᠡᠨ ᠮᠥᠬᠥᠵᠦ᠍ ᠰᠥᠨᠥᠬᠦ᠌ ᠠᠶᠤᠯ᠎ᠳᠤ ᠲᠤᠯᠭᠠᠷᠠᠭᠰᠠᠨ ᠦᠶ᠎ᠡ᠎ᠳᠦ ᠨᠢᠷᠤᠭᠤ ᠲᠤᠯᠭᠠᠭᠤᠷᠢ ᠪᠤᠯᠤᠭᠰᠠᠨ᠎ᠡᠴᠡ ᠢᠯᠵᠢᠷᠡᠮᠡᠯ ᠬᠠᠭᠤᠴᠢᠨ᠎ᠢ ᠠᠷᠢᠯᠭᠠᠨ ᠴᠡᠪᠡᠷᠯᠡᠵᠦ ᠤᠯᠤᠰ ᠣᠷᠣᠨ᠎ᠢᠶᠠᠨ ᠴᠢᠯᠥᠭᠡᠯᠡᠭᠰᠡᠨ ᠬᠦᠷᠲᠡᠯ᠎ᠡ; ᠭᠠᠯᠪᠠ ᠶᠢᠷᠲᠢᠨᠴᠦ ᠵᠢ ᠰᠢᠨᠡᠳᠭᠡᠵᠦ ᠨᠡᠶ᠋ᠢᠭᠡᠮ ᠵᠢᠷᠤᠮᠲᠤ᠌ ᠤᠯᠤᠰ᠎ᠢ ᠪᠦᠲᠦᠭᠡᠨ ᠪᠠᠶ᠋ᠢᠭᠤᠯᠤᠬᠰᠠᠨ᠎ᠡᠴᠡ᠂ ᠥᠭᠡᠷᠡᠴᠢᠯᠡᠯᠲᠡ ᠨᠡᠭᠡᠭᠡᠯᠲᠡ ᠬᠢᠵᠦ ᠵᠣᠷᠢᠭᠲᠠᠢ᠎ᠪᠠᠷ ᠤᠷᠤᠰᠬᠠᠯ᠎ᠤᠨ ᠡᠮᠦᠨ᠎ᠡ ᠭᠠᠪᠰᠢᠭᠠᠶ᠋ᠢᠯᠠᠨ ᠡᠷᠡᠮᠡᠬᠡᠶ᠋ᠢᠯᠡᠨ ᠤᠷᠤᠭᠰᠢᠯᠠᠬᠰᠠᠨ ᠬᠦᠷᠲᠡᠯ᠎ᠡ᠂ ᠳᠠᠬᠢᠭᠠᠳ ᠰᠢᠨ᠎ᠡ ᠴᠠᠭ ᠦᠶ᠎ᠡ᠎ᠳᠤ ᠦᠪᠡᠷ᠎ᠢ ᠪᠡᠨ ᠢᠲᠡᠭᠡᠵᠦ ᠥᠪᠡᠷ᠎ᠢ᠎ᠪᠡᠨ ᠬᠦᠴᠦᠷᠬᠡᠭᠵᠢᠭᠦᠯᠵᠦ᠍ ᠠᠭᠤᠤ ᠶᠡᠬᠡ ᠦᠰᠦᠷᠦᠯᠲᠡ᠎ᠶᠢ ᠪᠡᠶᠡᠯᠡᠭᠦᠯᠦᠭᠰᠡᠨ ᠬᠦᠷᠲᠡᠯ᠎ᠡ᠂ ᠡᠪ ᠬᠠᠮᠲᠤᠴᠤᠳ ᠣᠷᠭᠢᠯᠤᠮ᠎ᠠ ᠬᠠᠯᠠᠭᠤᠨ ᠰᠡᠳᠬᠢᠯᠬᠡ ᠪᠡᠷ ᠤᠭ ᠰᠠᠨᠠᠭ᠎ᠠ ᠵᠢ ᠡᠪᠦᠷᠯᠡᠨ ᠡᠷᠡᠯᠬᠡᠭ᠎ᠢᠶᠡᠷ ᠤᠷᠤᠭᠰᠢᠯᠠᠨ ᠪᠠᠲᠤ ᠦᠢᠯᠡᠳᠦᠯᠭᠡᠵᠢᠭᠦᠯᠦᠨ᠎ᠡ᠃
ᠴᠠᠭ ᠦᠶ᠎ᠡ᠎ᠶᠢᠨ ᠨᠥᠬᠥᠴᠡᠯ᠎ᠳᠦ ᠨᠢᠭᠡᠨᠲᠡ ᠭᠦᠨᠵᠡᠭᠡᠶ ᠬᠤᠪᠢᠷᠠᠯᠲᠠ ᠭᠠᠷᠪᠠ᠃ ᠥᠨᠥᠳᠦᠷ᠂ ᠳᠠᠢ᠌ᠨ᠎ᠦ ᠣᠨ ᠵᠢᠯ᠎ᠦᠳ᠎ᠦᠨ ᠲᠡᠷᠡ ᠬᠦ᠌ ᠴᠢᠰᠦ ᠭᠠᠯ᠎ᠤᠨ ᠲᠤᠮᠳᠠ ᠦᠬᠦᠵᠦ᠍ ᠰᠡᠭᠡᠬᠦ᠌᠎ᠶᠢᠨ ᠰᠢᠯᠭᠠᠯᠲᠠ ᠴᠥᠭᠡᠷᠡᠭᠰᠡᠨ ᠪᠣᠯᠪᠠᠴᠤ᠌ ᠮᠠᠰᠢ ᠤᠯᠠᠨ ᠲᠡᠦᠬᠡᠨ ᠣᠨᠴᠠᠯᠢᠭ᠎ᠲᠠᠶ ᠰᠢᠨ᠎ᠠ ᠠᠭᠤᠤ ᠶᠡᠬᠡ ᠲᠡᠮᠡᠴᠡᠯ ᠮᠥᠨ ᠯᠡ ᠦᠷᠭᠦᠯᠵᠢᠯᠡᠵᠦ᠍ ᠪᠠᠶ᠋ᠢᠨ᠎ᠠ᠃ ᠠᠯᠢ ᠤᠯᠠᠨ ᠬᠦᠨᠳᠦ ᠶᠡᠬᠡ ᠥᠷᠢᠰᠥᠯᠳᠦᠭᠡᠨ᠂ ᠬᠦᠨᠳᠦ ᠶᠡᠬᠡ ᠠᠶᠤᠯ ᠲᠦᠭᠰᠢᠭᠦᠷᠢ᠂ ᠬᠦᠨᠳᠦ ᠶᠡᠬᠡ ᠬᠠᠷᠰᠢ ᠰᠠᠭᠠᠳ᠂ ᠬᠦᠨᠳᠦ ᠶᠡᠬᠡ ᠵᠥᠷᠢᠴᠡᠯ᠎ᠦᠨ ᠬᠠᠲᠠᠭᠤ ᠰᠢᠯᠭᠠᠯᠲᠠ᠎ᠶᠢᠨ ᠡᠮᠦᠨ᠎ᠡ᠂ ᠪᠢᠳᠡ ᠴᠠᠭ ᠢᠮᠠᠭᠲᠠ ᠲᠠᠷᠢᠬᠢ ᠲᠣᠯᠣᠭᠠᠢ᠎ᠪᠠᠨ ᠰᠡᠷᠭᠡᠭ ᠪᠠᠶ᠋ᠢᠯᠭᠠᠵᠤ᠂ ᠬᠦᠴᠢᠷ᠎ᠢ ᠲᠤᠭᠤᠯᠤᠨ ᠪᠡᠷᠬᠡ᠎ᠶᠢ ᠳᠠᠪᠠᠬᠤ ᠪᠠᠲᠤ ᠵᠣᠷᠢᠭ ᠪᠣᠯᠤᠨ ᠬᠠᠳᠠᠨ ᠵᠣᠷᠢᠭ᠎ᠢᠶᠠᠨ ᠴᠢᠨᠠᠭᠰᠢᠳᠠ ᠳᠠᠪᠲᠠᠨ ᠪᠣᠯᠪᠠᠰᠤᠷᠠᠭᠤᠯᠬᠤ ᠬᠡᠷᠡᠭᠲᠡᠢ᠃
《ᠠᠮᠵᠢᠯᠳᠠ ᠪᠦᠳᠦᠮᠵᠢ ᠤᠯᠵᠤ ᠭᠠᠪᠢᠶ᠎ᠠ ᠪᠠᠢᠭᠤᠯᠬᠤ ᠴᠠᠭ ᠲᠤ᠌ ᠠᠮᠤᠷ ᠲᠦᠪᠰᠢᠨ ᠪᠠᠶ᠋ᠢᠬᠤ᠎ᠳᠠᠭᠠᠨ ᠠᠶᠤᠯ ᠲᠦᠭᠰᠢᠭᠦᠷᠢ᠎ᠶᠢ ᠮᠠᠷᠲᠠᠬᠤ ᠦᠭᠡᠢ ᠪᠠᠶ᠋ᠢᠬᠤ᠎ᠶᠢ ᠪᠡᠶᠡᠯᠡᠭᠦᠯᠵᠦ᠍᠂ ᠦᠢᠯᠡᠰ ᠪᠤᠰᠬᠠᠬᠤ ᠡᠬᠢᠨ᠎ᠦ ᠦᠶ᠎ᠡ᠎ᠶᠢᠨ ᠲᠡᠷᠡ ᠬᠦ᠌ ᠡᠷᠴᠢ ᠵᠤᠷᠢᠭ᠎ᠢᠶᠡᠨ ᠬᠦᠪᠴᠢᠯᠡᠵᠦ ᠡᠬᠡ ᠤᠯᠤᠰ᠎ᠢᠶᠡᠨ ᠪᠦᠳᠦᠬᠡᠨ ᠪᠠᠢᠭᠤᠯᠤᠬᠰᠠᠨ ᠤᠶᠤᠨ ᠰᠠᠨᠠᠭᠠᠨ᠎ᠤ ᠳᠦᠷᠰᠦ ᠪᠠᠶ᠋ᠢᠳᠠᠯ᠎ᠢ ᠪᠠᠲᠤᠯᠠᠬᠤ᠎ᠳᠦ ᠲᠡᠢᠮᠦ ᠬᠢᠯᠪᠠᠷ ᠪᠢᠰᠢ ᠶᠤᠮ᠂ ᠲᠦᠷᠦ᠎ᠶᠢᠨ ᠡᠷᠬᠡ᠎ᠶᠢ ᠠᠳᠬᠤᠭᠰᠠᠨᠤ ᠲᠠᠷᠠᠭ᠎ᠠ ᠠᠷᠪᠢᠴᠢ ᠭᠠᠮᠲᠠᠢ ᠬᠢᠨᠠᠭᠤᠷ ᠪᠤᠯᠭᠤᠮᠵᠢᠲᠠᠢ ᠪᠠᠶ᠋ᠢᠵᠤ᠂ ᠢᠮᠠᠭᠲᠠ ᠪᠢᠰᠢᠷᠡᠨ ᠬᠢᠴᠢᠶᠡᠩᠭᠦᠶ᠋ᠢᠯᠡᠬᠦ᠌ ᠵᠢ ᠪᠡᠷᠢᠮᠳᠠᠯᠠᠬᠤ ᠨᠢ ᠬᠢᠯᠪᠠᠷ ᠪᠢᠰᠢ ᠶᠤᠮ᠂ ᠡᠩᠬᠡ ᠲᠠᠶ᠋ᠢᠪᠤᠩ ᠴᠠᠭ ᠦᠶ᠎ᠡ᠎ᠳᠦ ᠠᠯᠪᠠᠨ ᠲᠤᠰᠢᠶᠠᠯᠲᠠᠨ᠎ᠢ ᠴᠢᠩᠭ᠎ᠠ ᠵᠠᠰᠠᠵᠤ᠂ ᠢᠯᠵᠢᠷᠡᠯ᠎ᠢ ᠰᠡᠷᠭᠡᠶ᠋ᠢᠯᠡᠵᠦ᠍ ᠱᠠᠯᠢᠨ ᠪᠦᠷᠢᠯᠭᠡᠬᠦ᠌᠎ᠶᠢ ᠴᠡᠭᠡᠷᠯᠡᠬᠦ᠌ ᠨᠢ ᠬᠢᠯᠪᠠᠷ ᠪᠤᠰᠤ ᠶᠤᠮ᠂ ᠴᠢᠬᠤᠯᠠ ᠶᠡᠬᠡ ᠬᠤᠪᠢᠰᠤᠯᠲᠠ᠎ᠶᠢᠨ ᠵᠠᠩᠭᠢᠯᠠᠭ᠎ᠠ᠎ᠶᠢᠨ ᠦᠶ᠎ᠡ᠎ᠳᠦ ᠴᠠᠭ᠎ᠤᠨ ᠤᠷᠤᠰᠬᠠᠯ᠎ᠢ ᠲᠠᠭᠠᠵᠤ᠂ ᠠᠷᠠᠳ᠎ᠤᠨ ᠰᠡᠳᠬᠢᠯ᠎ᠳᠦ ᠨᠡᠶ᠋ᠢᠴᠡᠭᠦᠯᠬᠦ᠌ ᠨᠢ ᠬᠢᠯᠪᠠᠷ ᠪᠤᠰᠤ ᠶᠤᠮ》᠃ ᠶᠡᠷᠦᠩᠬᠡᠢ ᠱᠦᠵᠢ ᠰᠢ ᠵᠢᠨ ᠫᠢᠩ᠎ᠦᠨ ᠡᠨᠡ ᠬᠦ᠌ ᠴᠢᠩ ᠰᠡᠳᠬᠢᠯ᠎ᠦᠨ ᠰᠡᠷᠡᠮᠵᠢᠯᠡᠭᠦᠯᠦᠯ ᠨᠢ ᠲᠦᠷᠦ᠎ᠶᠢᠨ ᠡᠷᠬᠡ᠎ᠶᠢᠨ ᠮᠠᠨᠳᠤᠯ ᠪᠠᠭᠤᠷᠠᠯ᠎ᠤᠨ ᠲᠡᠦᠬᠡᠨ ᠲᠤᠷᠰᠢᠯᠭ᠎ᠠ ᠰᠤᠷᠭᠠᠮᠵᠢᠳᠤ ᠰᠠᠭᠤᠷᠢᠯᠠᠵᠤ᠂ ᠪᠢᠳᠡᠨ᠎ᠤ ᠨᠠᠮ᠎ᠤᠨ ᠤᠷᠳᠤ ᠬᠤᠭᠤᠴᠠᠭ᠎ᠠ᠎ᠪᠠᠷ ᠲᠦᠷᠦ᠍ ᠪᠠᠷᠢᠬᠤ᠎ᠳᠤ ᠡᠷᠬᠡᠪᠰᠢ ᠰᠢᠭᠤᠳ ᠬᠠᠨᠳᠤᠬᠤ ᠬᠡᠷᠡᠭᠳᠡᠢ ᠪᠣᠳᠠᠲᠤ᠌ ᠰᠢᠯᠭᠠᠯᠲᠠ᠎ᠶᠢ ᠭᠦᠨᠵᠡᠭᠡᠢ ᠢᠯᠡᠷᠡᠭᠦᠯᠪᠡ᠃ ᠡᠷᠡᠰ ᠪᠠᠲᠤ᠌ ᠬᠦᠰᠡᠯᠡᠩ ᠢᠲᠡᠭᠡᠯ ᠪᠢᠰᠢᠷᠡᠯ ᠪᠠᠶ᠋ᠢᠬᠤ ᠦᠭᠡᠢ ᠪᠣᠯ ᠳᠠᠷᠤᠢ ᠤᠷᠪᠠᠭᠠᠨ ᠬᠦᠷᠪᠡᠭᠡᠨ ᠲᠠᠢ ᠡᠭᠡᠳᠡᠷᠡᠭᠡᠨ ᠪᠤᠳᠤᠯᠢᠶᠠᠨᠲᠠᠢ ᠣᠷᠴᠢᠨ ᠨᠥᠬᠥᠴᠡᠯ᠎ᠦᠨ ᠳᠤᠮᠳᠠ ᠴᠢᠭᠯᠡᠯ᠎ᠢᠶᠡᠨ ᠠᠯᠳᠠᠵᠤ᠂ ᠯᠤᠲᠤ᠌ ᠶᠡᠬᠡ ᠳᠠᠷᠤᠯᠲᠠ᠎ᠶᠢᠨ ᠳᠣᠣᠷ᠎ᠠ ᠤᠬᠤᠷᠢᠨ ᠵᠠᠶ᠋ᠢᠯᠠᠵᠤ᠂ ᠰᠢᠬᠢᠷᠲᠦ᠍ ᠰᠤᠮᠤ᠎ᠪᠡᠷ ᠡᠭᠡᠯᠵᠢᠯᠡᠨ ᠳᠡᠯᠪᠡᠴᠢᠬᠦ᠌ ᠪᠠᠢᠳᠠᠯ ᠳᠣᠣᠷ᠎ᠠ ᠵᠡᠪᠰᠡᠭ᠎ᠢᠶᠡᠨ ᠲᠤᠰᠢᠶᠠᠵᠤ ᠪᠠᠭᠤᠵᠤ ᠥᠭᠬᠦ᠌ ᠪᠣᠯᠤᠨ᠎ᠠ᠃
ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠤᠷᠢᠳ ᠡᠮᠦᠨ᠎ᠡ ᠪᠠᠶ᠋ᠢᠭ᠎ᠠ ᠦᠭᠡᠢ ᠡᠭᠦᠳᠦᠨ ᠪᠦᠳᠦᠬᠡᠯᠳᠡ᠎ᠶᠢᠨ ᠴᠢᠨᠠᠷᠲᠠᠢ ᠦᠢᠯᠡᠰ ᠮᠥᠨ᠂ ᠲᠡᠷᠡ ᠨᠢ ᠤᠢ᠌ᠷ᠎ᠠ ᠦᠶ᠎ᠡ᠎ᠡᠴᠡ ᠨᠠᠭᠠᠰᠢᠬᠢ ᠲᠣᠭ᠎ᠠ ᠲᠣᠮᠰᠢ ᠦᠭᠡᠢ ᠴᠢᠩ ᠵᠤᠷᠢᠬᠳᠠᠨᠤ ᠤᠯᠤᠰ᠎ᠢᠶᠠᠨ ᠬᠦᠴᠦᠷᠬᠡᠭᠵᠢᠭᠦᠯᠬᠦ᠌ ᠬᠦᠰᠡᠯ ᠬᠥᠭᠡᠭᠡᠴᠡᠯᠳᠦᠯ᠎ᠢ ᠠᠴᠢᠶᠠᠯᠠᠵᠤ᠂ ᠪᠦᠬᠦ᠌ ᠳᠤᠮᠳᠠᠳᠤ᠎ᠶᠢᠨ ᠬᠥᠪᠡᠭᠦᠳ ᠥᠬᠢᠳ᠎ᠦᠨ ᠴᠠᠭ ᠢᠮᠠᠭᠲᠠ ᠬᠦᠰᠡᠨ ᠮᠥᠷᠥᠭᠡᠳᠴᠦ᠍ ᠪᠠᠶ᠋ᠢᠭ᠎ᠠ ᠰᠡᠷᠭᠦᠨ ᠮᠠᠨᠳᠤᠯᠲᠠ᠎ᠶᠢᠨ ᠬᠦᠰᠡᠯ ᠵᠡᠭᠦᠳᠦ᠎ᠶᠢ ᠠᠴᠢᠶᠠᠯᠠᠵᠤ᠂ ᠬᠥᠮᠦᠨ ᠲᠥᠷᠥᠯᠬᠢᠲᠡᠨ᠎ᠦ ᠪᠣᠯᠪᠠᠰᠤᠨ᠎ᠤ ᠰᠢᠨ᠎ᠡ ᠬᠡᠯᠪᠡᠷᠢ᠎ᠵᠢ ᠡᠭᠦᠳᠦᠨ ᠪᠦᠲᠦᠭᠡᠭᠰᠡᠨ ᠪᠠᠶ᠋ᠢᠨ᠎ᠠ᠃ ᠠᠭᠤᠤ ᠶᠡᠬᠡ ᠦᠢᠯᠡᠰ ᠪᠣᠯᠬᠤ ᠲᠤᠳᠤᠮ᠂ ᠲᠡᠳᠦᠢ ᠬᠦᠴᠢᠷ ᠪᠡᠷᠬᠡᠰᠢᠶᠡᠯ ᠬᠠᠷᠰᠢ ᠰᠠᠭᠠᠳ᠎ᠢᠶᠠᠷ ᠳᠦᠭᠦᠷᠴᠦ᠍᠂ ᠲᠡᠰᠪᠦᠷᠢ ᠬᠠᠲᠠᠭᠤᠵᠢᠯᠲᠠᠢ᠎ᠪᠠᠷ ᠲᠡᠮᠡᠴᠡᠬᠦ᠌᠎ᠶᠢ ᠲᠡᠳᠦᠢ ᠱᠠᠭᠠᠷᠳᠠᠵᠤ᠂ ᠵᠠᠮ ᠨᠡᠭᠡᠭᠡᠨ ᠰᠢᠨ᠎ᠡ᠎ᠶᠢ ᠡᠭᠦᠳᠬᠦ᠌᠎ᠶᠢ ᠲᠡᠳᠦᠢ ᠱᠠᠭᠠᠷᠳᠠᠨ᠎ᠠ᠃ ᠰᠡᠳᠬᠢᠯ ᠳ᠋ᠡᠬᠡᠨ ᠢᠲᠡᠭᠡᠯ ᠪᠢᠰᠢᠷᠡᠯ᠎ᠲᠡᠶ ᠪᠣᠯ ᠰᠠᠶᠢ ᠬᠦᠯᠤᠨ ᠤᠯᠠ ᠲᠤᠤᠷ᠎ᠠ ᠡᠴᠡ ᠬᠦᠴᠦᠨ ᠴᠢᠳᠠᠯ ᠤᠨᠳᠤᠷᠬᠤ ᠪᠤᠯᠤᠨ᠎ᠠ᠃ ᠵᠣᠷᠢᠭ ᠰᠠᠨᠠᠭᠠᠨ᠎ᠤ ᠲᠦᠰᠢᠭ ᠲᠤᠯᠭᠠᠭᠤᠷᠢ ᠨᠢ ᠭᠤᠶ᠋ᠢᠪᠢᠯᠵᠠᠯᠡ ᠬᠡᠭᠰᠡᠭᠡᠷ ᠰᠡᠳᠬᠢᠯ᠎ᠦᠨ ᠲᠣᠭᠲᠠᠯ ᠬᠦᠴᠦᠨ᠎ᠢᠶᠡᠨ ᠪᠠᠲᠤᠯᠠᠵᠤ ᠳᠡᠶ᠋ᠢᠯᠬᠦ᠌ ᠦᠭᠡᠢ᠂ ᠤᠷᠤᠭᠰᠢᠯᠠᠯᠲᠠ᠎ᠶᠢᠨ ᠠᠯᠬᠤᠭ᠎ᠠ ᠲᠠᠷᠤᠢ ᠡᠷᠡᠭᠡᠯᠵᠡᠨ ᠲᠠᠲᠠᠭᠠᠯᠵᠠᠬᠤ ᠪᠣᠯᠤᠨ᠎ᠠ᠃ ᠬᠦᠰᠡᠯᠡᠩ ᠢᠲᠡᠭᠡᠯ ᠪᠢᠰᠢᠷᠡᠯ᠎ᠢᠶᠠᠨ ᠪᠠᠲᠤ᠌ ᠴᠣᠭᠴᠠᠯᠠᠬᠤ ᠪᠣᠯ ᠥᠨᠢᠳᠡ᠎ᠶᠢᠨ ᠰᠡᠳᠦᠪ ᠮᠥᠨ᠂ ᠥᠴᠦᠬᠡᠨ ᠴᠦ᠍ ᠰᠤᠯᠠᠷᠠᠭᠤᠯᠵᠤ ᠪᠣᠯᠬᠤ ᠦᠭᠡᠢ᠃
ᠡᠷᠬᠢᠮ ᠳᠡᠭᠡᠳᠦ ᠬᠦᠰᠡᠯᠡᠩ ᠢᠲᠡᠭᠡᠯ ᠪᠢᠰᠢᠷᠡᠯ᠎ᠤᠨ ᠬᠦᠴᠦᠲᠤ ᠲᠤᠯᠭᠠᠭᠤᠷᠢᠯᠠᠯ ᠪᠠᠢᠬᠤ ᠦᠭᠡᠢ ᠪᠣᠯ ᠤᠷᠳᠤ ᠵᠠᠮ᠎ᠤᠨ ᠠᠶᠠᠨ ᠲᠠᠢ᠌ᠨ᠎ᠦ ᠢᠯᠠᠯᠲᠠ᠎ᠶᠢ ᠣᠯᠤᠨ᠎ᠠ ᠭᠡᠳᠡᠭ ᠪᠣᠯ ᠰᠡᠳᠬᠢᠭᠳᠡᠰᠢ ᠦᠭᠡᠢ ᠶᠠᠪᠤᠳᠠᠯ ᠶᠤᠮ᠃ ᠤᠷᠳᠤ ᠵᠠᠮ᠎ᠤᠨ ᠠᠶᠠᠨ ᠲᠠᠢ᠌ᠨ᠎ᠳᠤ ᠬᠠᠲᠠᠭᠤᠵᠢᠨ ᠪᠣᠯᠪᠠᠰᠤᠷᠠᠭᠳᠠᠭᠰᠠᠨ ᠢᠲᠡᠭᠡᠯ ᠪᠢᠰᠢᠷᠡᠯ᠎ᠦᠨ ᠠᠤᠭ᠎ᠠ ᠬᠦᠴᠦᠨ ᠪᠣᠯ ᠰᠢᠨ᠎ᠡ ᠴᠠᠭ ᠦᠶ᠎ᠡ᠎ᠶᠢᠨ ᠡᠪ ᠬᠠᠮᠲᠤᠴᠤᠳ᠎ᠤᠨ ᠤᠬ ᠰᠠᠨᠠᠭ᠎ᠠ᠎ᠪᠠᠨ ᠳᠠᠪᠲᠠᠨ ᠪᠣᠯᠪᠠᠰᠤᠷᠠᠭᠤᠯᠵᠤ᠂ ᠦᠷᠭᠦᠯᠵᠢᠯᠡᠨ ᠲᠡᠮᠡᠴᠡᠵᠦ᠍᠂ ᠪᠣᠳᠠᠲᠠᠢ ᠠᠵᠢᠯᠯᠠᠵᠤ ᠤᠯᠤᠰ ᠤᠷᠤᠨ᠎ᠢᠶᠠᠨ ᠮᠠᠨᠳᠤᠭᠤᠯᠬᠤ᠎ᠶᠢᠨ ᠪᠠᠲᠤ᠌ ᠲᠤᠯᠭᠠᠭᠤᠷᠢᠯᠠᠯ ᠮᠥᠨ᠃
(ᠭᠤᠷᠪᠠ)
《ᠶᠠᠮᠠᠷ ᠨᠢᠭᠡᠨ ᠤᠳᠬ᠎ᠠ ᠠᠭᠤᠯᠭ᠎ᠠ᠎ᠡᠴᠡ ᠠᠪᠴᠤ᠌ ᠬᠡᠯᠡᠪᠡᠯ᠂ ᠡᠨᠡ ᠤᠳᠠᠭᠠᠨ᠎ᠤ ᠶᠡᠬᠡ ᠬᠡᠪᠴᠢᠶᠡᠨ᠎ᠦ ᠰᠢᠯᠵᠢᠯᠲᠡ ᠪᠣᠯ ᠲᠡᠦᠬᠡᠨ ᠳᠡᠭᠡᠷᠡᠬᠢ ᠬᠠᠮᠤᠭ᠎ᠤᠨ ᠦᠪᠡᠳᠡᠭᠰᠢ ᠶᠡᠬᠡ ᠵᠡᠪᠰᠡᠭᠲᠦ᠍ ᠬᠦᠴᠦᠨ᠎ᠤ ᠲᠣᠭᠣᠷᠢᠨ ᠤᠬᠠᠭᠤᠯᠭ᠎ᠠ ᠮᠥᠨ》᠃ ᠠᠢᠳᠧᠵᠢᠶᠠ·ᠰᠧᠨᠦ᠋ᠧᠧ ᠤᠷᠲᠤ᠌ ᠵᠠᠮ᠎ᠤᠨ ᠠᠶᠠᠨ ᠳᠠᠢ᠌ᠨ᠎ᠦ ᠠᠯᠤᠰ ᠬᠡᠳᠦ᠎ᠶᠢᠨ ᠠᠴᠢ ᠬᠣᠯᠪᠣᠭᠳᠠᠯ᠎ᠢ ᠨᠡᠯᠢᠶᠡᠳ ᠡᠷᠲᠡ ᠣᠯᠵᠤ ᠠᠵᠢᠭᠯᠠᠭᠰᠠᠨ ᠪᠥᠭᠡᠳ ᠳᠤᠮᠳᠠᠳᠤ ᠤᠯᠤᠰ᠎ᠤᠨ ᠡᠪ ᠬᠠᠮᠲᠤ᠌ ᠨᠠᠮ ᠵᠢᠴᠢ ᠲᠡᠭᠦᠨ᠎ᠦ ᠤᠳᠤᠷᠢᠳᠤᠭᠰᠠᠨ ᠤᠯᠠᠭᠠᠨ ᠬᠤᠪᠢᠰᠬᠠᠯ ᠭᠡᠬᠦ᠌ ᠡᠨᠡ ᠬᠦ᠌ 《ᠭᠡᠷᠡᠯ ᠰᠠᠴᠤᠷᠠᠩᠭᠤᠢ ᠤᠯᠠᠭᠠᠨ ᠤᠳᠤ》 ᠨᠢ ᠳᠤᠮᠳᠠᠳᠤ ᠤᠯᠤᠰ᠎ᠤᠨ ᠪᠠᠷᠠᠭᠤᠨ ᠬᠣᠶ᠋ᠢᠲᠤ᠌ ᠣᠷᠣᠨ᠎ᠢ ᠭᠡᠶ᠋ᠢᠭᠦᠯᠵᠦ᠍ ᠪᠠᠶ᠋ᠢᠬᠤ᠎ᠪᠠᠷ ᠪᠠᠷᠠᠬᠤ ᠦᠭᠡᠢ ᠪᠦᠬᠦ᠌ ᠳᠤᠮᠳᠠᠳᠤ ᠤᠯᠤᠰ᠎ᠢ ᠴᠤ᠌ ᠯᠠᠪᠲᠠᠢ ᠭᠡᠶ᠋ᠢᠭᠦᠯᠦᠨᠡ ᠭᠡᠵᠦ᠍ ᠵᠥᠩᠨᠡᠪᠡ᠃
1984 ᠣᠨ᠎ᠳᠤ᠂ 76 ᠨᠠᠰᠤᠲᠠᠢ ᠬᠠᠯᠢᠰᠸᠨ·ᠰᠦᠷᠽᠪᠸᠯᠢ 《ᠤᠷᠳᠤ ᠵᠠᠮ᠎ᠤᠨ ᠠᠶᠠᠨ ᠲᠠᠢ᠌ᠨ᠎ᠤ ᠵᠠᠮ᠎ᠢᠶᠡᠷ ᠲᠠᠬᠢᠨ ᠵᠠᠮᠨᠠᠬᠤ》 ᠠᠶᠠᠯᠠᠯ᠎ᠢᠶᠡᠨ ᠡᠬᠢᠯᠡᠭᠦᠯᠪᠡ᠃ ᠳᠠᠯ᠎ᠠ ᠭᠠᠷᠤᠢ ᠡᠳᠦᠷ ᠰᠢᠷᠭᠠᠭᠤ ᠬᠠᠲᠠᠭᠤᠵᠢᠯᠲᠠᠢ᠎ᠪᠠᠷ ᠠᠶᠠᠯᠠᠨ ᠰᠤᠷᠪᠤᠯᠵᠢᠯᠠᠬᠤ ᠳᠤᠮᠳᠠ᠂ ᠡᠨᠡ ᠬᠦ᠌ ᠠᠮᠧᠷᠢᠺᠠ᠎ᠶᠢᠨ ᠰᠤᠷᠪᠤᠯᠵᠢᠯᠠᠭᠴᠢ᠄ 《ᠤᠷᠳᠤ ᠵᠠᠮ᠎ᠤᠨ ᠠᠶᠠᠨ ᠲᠠᠢ᠌ᠨ ᠪᠣᠯ ᠨᠢᠭᠡᠨ ᠲᠤᠤᠯᠢᠰ ᠮᠥᠨ᠃ ᠡᠨᠡ ᠨᠢ ᠵᠥᠪᠬᠡᠨ ᠡᠬᠡᠯ ᠪᠣᠷᠣᠭᠵᠢᠭᠤᠨ ᠪᠠᠶ᠋ᠢᠯᠳᠤᠭᠴᠢ ᠵᠢᠴᠢ ᠲᠡᠳᠡᠨ᠎ᠦ ᠵᠢᠯᠤᠭᠤᠳᠤᠭᠴᠢᠨᠠᠷᠤᠨ ᠢᠯᠡᠷᠡᠭᠦᠯᠦᠭᠰᠡᠨ ᠪᠠᠭᠠᠲᠤᠷᠯᠢᠭ ᠦᠵᠡᠯ᠎ᠦᠨ ᠵᠣᠷᠢᠭ ᠰᠠᠨᠠᠭ᠎ᠠ᠎ᠡᠴᠡ ᠪᠣᠯᠤᠭᠰᠠᠨ ᠲᠡᠳᠦᠢ ᠪᠢᠰᠢ》 ᠭᠡᠪᠡ᠃ ᠬᠠᠯᠢᠰᠸᠨ·ᠰᠦᠷᠽᠪᠸᠯᠢ ᠵᠢᠨ ᠦᠵᠡᠬᠦ᠌᠎ᠪᠡᠷ᠂ ᠤᠷᠳᠤ ᠵᠠᠮ᠎ᠤᠨ ᠠᠶᠠᠨ ᠲᠠᠢ᠌ᠨ ᠡᠨᠡ ᠬᠦ᠌ 《ᠳᠤᠮᠳᠠᠳᠤ ᠤᠯᠤᠰ᠎ᠤᠨ ᠬᠤᠪᠢᠰᠬᠠᠯ᠎ᠤᠨ ᠬᠠᠶ᠋ᠢᠯᠤᠭᠤᠯᠬᠤ ᠵᠤᠤᠬ᠎ᠠ》 ᠨᠢ ᠪᠦᠬᠦᠶ᠋ᠢᠯᠡ ᠨᠢᠭᠡ ᠦᠶ᠎ᠡ᠎ᠶᠢᠨ ᠬᠥᠮᠦᠰ᠎ᠢ ᠳᠠᠪᠲᠠᠨ ᠪᠣᠯᠪᠠᠰᠤᠷᠠᠭᠤᠯᠵᠤ᠂ ᠰᠢᠨ᠎ᠡ ᠳᠤᠮᠳᠠᠳᠤ ᠤᠯᠤᠰ᠎ᠢ ᠴᠣᠭᠴᠠᠯᠠᠨ ᠪᠠᠶ᠋ᠢᠭᠤᠯᠤᠭᠰᠠᠨ ᠲᠡᠮᠡᠴᠡᠯ᠎ᠦᠨ ᠲᠡᠦᠬᠡᠨ ᠶᠠᠪᠤᠴᠠ᠎ᠶᠢ ᠬᠣᠯᠪᠣᠭᠰᠠᠨ ᠪᠠᠶ᠋ᠢᠨ᠎ᠠ᠃
ᠰᠦᠷ ᠳᠠᠯᠠᠢᠴᠠᠲᠠᠢ ᠲᠤᠤᠯᠢᠰ᠎ᠲᠤ ᠡᠮᠦᠨᠡᠬᠢ ᠵᠠᠮ᠎ᠢᠶᠠᠨ ᠰᠣᠩᠭᠣᠬᠤ ᠭᠣᠣᠯ ᠨᠢᠭᠤᠴᠠ ᠲᠦᠯᠬᠢᠭᠦᠷ ᠨᠢᠭᠤᠬᠳᠠᠵᠤ ᠪᠠᠢᠳᠠᠭ᠃ ᠤᠷᠳᠤ ᠵᠠᠮ᠎ᠤᠨ ᠠᠶᠠᠨ ᠲᠠᠢ᠍ᠢᠨ ᠨᠢ ᠵᠥᠪᠭᠡᠨ ᠨᠢᠭᠡ ᠤᠳᠠᠭ᠎ᠠ᠎ᠶᠢᠨ ᠣᠷᠣᠰᠢᠨ ᠲᠣᠭᠲᠠᠨᠢᠬᠤ᠎ᠶᠢ ᠡᠷᠢᠯᠬᠢᠯᠡᠭᠰᠡᠨ ᠴᠡᠷᠢᠭ᠎ᠦᠨ ᠶᠠᠪᠤᠳᠠᠯ᠎ᠤᠨ ᠪᠦᠰᠡᠯᠡᠯᠲᠡ᠎ᠶᠢ ᠰᠢᠪᠲᠤᠯᠤᠭᠰᠠᠨ ᠶᠠᠪᠤᠳᠠᠯ ᠲᠡᠳᠦᠢ ᠪᠢᠰᠢ᠂ ᠨᠡᠩ ᠴᠤ᠌ ᠨᠢᠭᠡ ᠤᠳᠠᠭ᠎ᠠ᠎ᠶᠢᠨ ᠠᠶᠠᠯᠠᠯ᠎ᠤᠨ ᠴᠢᠭᠯᠡᠯ᠎ᠢ ᠵᠥᠪ ᠣᠨᠣᠪᠴᠢᠲᠠᠢ ᠡᠷᠢᠵᠤ ᠤᠯᠤᠬᠰᠠᠨ ᠦᠵᠡᠯ ᠰᠠᠨᠠᠭᠠᠨ᠎ᠤ ᠪᠦᠰᠡᠯᠡᠯᠳᠡ᠎ᠶᠢ ᠰᠢᠪᠳᠤᠯᠤᠬᠰᠠᠨ ᠶᠠᠪᠤᠳᠠᠯ ᠪᠤᠯᠬᠤ ᠶᠤᠮ᠃ ᠮᠠᠨ᠎ᠤ ᠨᠠᠮ ᠮᠠᠷᠺᠰ᠎ᠤᠨ ᠦᠵᠡᠯ᠎ᠢ ᠬᠤᠪᠢᠷᠠᠰᠢ ᠦᠭᠡᠢ ᠨᠣᠮᠯᠠᠯ ᠪᠣᠯᠭᠠᠵᠤ ᠦᠵᠡᠳᠡᠭ ᠪᠤᠷᠤᠭᠤ ᠦᠵᠡᠯ ᠰᠠᠨᠠᠭᠠᠨ᠎ᠤ ᠬᠠᠷᠰᠢ ᠰᠠᠭᠠᠳ᠎ᠢ ᠢᠯᠠᠨ ᠳᠠᠪᠠᠵᠤ᠂ ᠳᠤᠮᠳᠠᠳᠤ ᠤᠯᠤᠰ᠎ᠤᠨ ᠬᠤᠪᠢᠰᠬᠠᠯ᠎ᠤᠨ ᠵᠥᠪ ᠵᠠᠮ᠎ᠢ ᠡᠷᠢᠨ ᠣᠯᠵᠤ᠂ ᠡᠨᠡ ᠵᠠᠮ᠎ᠢ ᠵᠢᠯᠤᠭᠣᠳᠬᠤ ᠵᠥᠪ ᠤᠨᠤᠯ᠎ᠢ ᠡᠷᠢᠵᠦ ᠣᠯᠣᠭᠰᠠᠨ ᠪᠠᠢᠨ᠎ᠠ᠃
ᠠᠶᠠᠯᠠᠯ᠎ᠤᠨ ᠴᠢᠭᠯᠡᠯ᠎ᠢ ᠵᠦᠪ ᠪᠤᠯᠭᠠᠬᠤ ᠦᠵᠡᠯ ᠰᠠᠨᠠᠭᠠᠨ᠎ᠤ ᠪᠦᠰᠡᠯᠡᠯᠲᠡ᠎ᠶᠢ ᠰᠢᠪᠲᠤᠯᠬᠤ ᠪᠣᠯ ᠮᠥᠨ ᠴᠢᠨᠠᠷ ᠳᠡᠭᠡᠷ᠎ᠡ᠎ᠪᠡᠨ ᠦᠨᠡᠨ ᠶᠣᠰᠣᠨ᠎ᠤ ᠰᠢᠨᠲᠠᠷᠠᠰᠢ ᠦᠭᠡᠢ ᠰᠦᠪᠡᠭᠴᠢᠯᠡᠯᠳᠠ ᠪᠣᠯᠣᠨ᠎ᠠ᠃ ᠤᠷᠳᠤ ᠵᠠᠮ᠎ᠤᠨ ᠠᠶᠠᠨ ᠲᠠᠢ᠍ᠢᠨ ᠪᠣᠯ ᠨᠢᠭᠡ ᠤᠳᠠᠭ᠎ᠠ᠎ᠶᠢᠨ ᠦᠨᠡᠨ ᠶᠣᠰᠣ᠌᠎ᠶᠢ ᠰᠢᠯᠭᠠᠬᠤ ᠠᠭᠤᠤ ᠶᠡᠬᠡ ᠠᠶᠠᠨ ᠲᠠᠢ᠍ᠢᠨ ᠮᠥᠨ᠃ ᠭᠠᠭᠴᠠ ᠬᠦ᠌ ᠮᠠᠷᠺᠰ᠎ᠤᠨ ᠦᠵᠡᠯ᠎ᠦᠨ ᠦᠨᠳᠦᠰᠦᠨ ᠤᠭ ᠶᠤᠰᠤ᠎ᠶᠢ ᠳᠤᠮᠳᠠᠳᠤ ᠤᠯᠤᠰ᠎ᠤᠨ ᠬᠤᠪᠢᠰᠬᠠᠯ᠎ᠤᠨ ᠪᠣᠳᠠᠲᠤ ᠪᠠᠢᠳᠠᠯ᠎ᠲᠠᠢ ᠤᠶᠠᠯᠳᠤᠭᠤᠯᠵᠤ᠂ ᠳᠤᠮᠳᠠᠳᠤ ᠤᠯᠤᠰ᠎ᠤᠨ ᠬᠤᠪᠢᠰᠬᠠᠯ᠎ᠤᠨ ᠴᠢᠬᠤᠯᠠ ᠶᠡᠬᠡ ᠠᠰᠠᠭᠤᠳᠠᠯ᠎ᠢ ᠪᠡᠶ᠎ᠡ᠎ᠪᠡᠨ ᠳᠠᠭᠠᠭᠠᠵᠤ ᠡᠵᠡᠨ ᠮᠡᠳᠡᠨ ᠰᠢᠢᠳᠪᠦᠷᠢᠯᠡᠪᠡᠯ ᠰᠠᠶᠢ ᠬᠤᠪᠢᠰᠬᠠᠯ᠎ᠤᠨ ᠦᠢᠯᠡᠰ᠎ᠢ ᠢᠯᠠᠯᠲᠠ ᠵᠢᠨ ᠵᠦᠭ ᠬᠥᠲᠥᠯᠵᠦ ᠴᠢᠳᠠᠨ᠎ᠠ ᠭᠡᠳᠡᠭ᠎ᠢ ᠴᠢᠰᠤᠲᠤ ᠰᠤᠷᠭᠠᠮᠵᠢ ᠪᠠ ᠲᠡᠮᠡᠴᠡᠯ᠎ᠦᠨ ᠰᠢᠯᠭᠠᠯᠲᠠ ᠮᠠᠨ᠎ᠤ ᠨᠠᠮ᠎ᠳᠤ ᠰᠡᠷᠭᠡᠭ᠎ᠢᠶᠡᠷ ᠲᠠᠨᠢᠭᠤᠯᠤᠭᠰᠠᠨ ᠪᠠᠢᠨ᠎ᠠ᠃ ᠦᠨᠡᠨ ᠶᠣᠰᠣ᠌᠎ᠶᠢ ᠭᠠᠭᠴᠠ᠎ᠬᠦ ᠦᠢᠯᠡᠳᠦᠯᠭᠡ᠎ᠶᠢᠨ ᠳᠤᠮᠳᠠ ᠰᠠᠶᠢ ᠰᠢᠯᠭᠠᠵᠤ ᠴᠢᠳᠠᠨ᠎ᠠ᠂ ᠵᠥᠪ ᠱᠤᠭᠤᠮ᠎ᠢ ᠭᠠᠭᠴᠠ᠎ᠬᠦ ᠦᠢᠯᠡᠳᠦᠯᠭᠡ᠎ᠶᠢᠨ ᠳᠤᠮᠳᠠ ᠰᠠᠶᠢ ᠲᠣᠭᠲᠠᠭᠠᠵᠤ ᠴᠢᠳᠠᠨ᠎ᠠ᠃ ᠬᠤᠪᠢᠰᠬᠠᠯ᠎ᠤᠨ ᠢᠷᠡᠭᠡᠳᠦᠢ᠎ᠳᠦ ᠬᠣᠯᠪᠣᠭᠳᠠᠬᠤ ᠤᠳᠠᠭ᠎ᠠ ᠪᠦᠷᠢ᠎ᠶᠢᠨ ᠴᠢᠬᠤᠯᠠ ᠶᠡᠬᠡ ᠵᠠᠩᠭᠢᠯᠠᠭ᠎ᠠ᠎ᠶᠢᠨ ᠦᠶ᠎ᠡ᠎ᠳᠦ᠂ ᠮᠠᠨ᠎ᠤ ᠨᠠᠮ ᠶᠡᠷᠦ ᠪᠤᠰᠤ᠎ᠶᠢᠨ ᠰᠥᠰᠥ ᠵᠣᠷᠢᠭ᠋᠎ᠢᠶᠠᠷ ᠱᠤᠭᠤᠮ᠎ᠤᠨ ᠵᠥᠪ ᠪᠤᠷᠤᠭᠤ᠎ᠶᠢ ᠢᠯᠭᠠᠨ ᠲᠠᠨᠢᠵᠤ᠂ ᠦᠵᠡᠯ ᠰᠠᠨᠠᠭᠠᠨ᠎ᠤ ᠲᠥᠭᠡᠷᠢᠭᠳᠡᠯ᠎ᠢ ᠠᠷᠢᠯᠭᠠᠵᠤ᠂ ᠲᠡᠮᠡᠴᠡᠯ᠎ᠦᠨ ᠦᠢᠯᠡᠳᠦᠯᠭᠡ᠎ᠶᠢᠨ ᠳᠤᠮᠳᠠ ᠨᠡᠩ ᠬᠦᠴᠦᠷᠬᠡᠭᠵᠢᠭᠰᠡᠨ ᠪᠠᠢᠨ᠎ᠠ᠃
ᠶᠠᠮᠠᠷᠪᠠ ᠨᠢᠭᠡᠨ ᠤᠳᠤᠷᠢᠳᠬᠤ ᠬᠠᠮᠲᠤ᠎ᠳᠤ ᠴᠥᠮ ᠨᠢᠭᠡᠨ ᠭᠣᠣᠯᠯᠠᠭ᠍ᠴᠢ ᠪᠠᠢᠬᠤ ᠬᠡᠷᠡᠭᠲᠡᠢ᠂ ᠭᠣᠣᠯᠯᠠᠭ᠍ᠴᠢ ᠦᠭᠡᠢ ᠤᠳᠤᠷᠢᠳᠬᠤ ᠬᠠᠮᠲᠤ ᠪᠣᠯ ᠨᠠᠢᠳᠠᠪᠤᠷᠢ ᠦᠭᠡᠢ ᠶᠤᠮ᠃ 《ᠥᠷᠭᠡᠨ ᠣᠯᠠᠨ ᠺᠠᠳ᠋ᠷ ᠲᠠᠪᠤᠳᠠᠭᠢ 〈ᠪᠦᠰᠡᠯᠡᠨ ᠤᠰᠠᠳᠬᠠᠯᠲᠠ〉 ᠶ᠋ᠢ ᠡᠰᠡᠷᠭᠦᠴᠡᠭᠰᠡᠨ ᠡᠴᠡ ᠨᠠᠭᠠᠰᠢ᠂ ᠤᠳᠠᠭ᠎ᠠ ᠲᠠᠷᠠᠭ᠎ᠠ᠎ᠪᠠᠷ ᠢᠯᠠᠭᠳᠠᠵᠤ᠂ ᠤᠳᠦ ᠪᠠᠰᠠ ᠪᠠᠷᠤᠭ ᠮᠤᠬᠤᠷᠳᠠᠯ᠎ᠤᠨ ᠬᠡᠮᠵᠢᠶᠡᠨ᠎ᠳᠦ ᠬᠦᠷᠦᠭᠰᠡᠨ ᠪᠠᠢᠳᠠᠯ ᠡᠴᠡ ᠡᠬᠦᠰᠴᠤ᠂ ᠳᠥᠷᠪᠡᠳᠦᠭᠡᠷ ᠤᠳᠠᠭ᠎ᠠ᠎ᠶᠢᠨ 〈ᠪᠦᠰᠡᠯᠡᠨ ᠤᠰᠠᠳᠬᠠᠯᠲᠠ〉 ᠶ᠋ᠢ ᠡᠰᠡᠷᠭᠦᠴᠡᠬᠦ ᠡᠴᠡ ᠡᠮᠦᠨᠡᠬᠢ ᠪᠠᠢᠳᠠᠯ᠎ᠲᠠᠢ ᠠᠳᠠᠯᠢᠳᠬᠠᠵᠤ᠂ ᠡᠨᠡ ᠨᠢ ᠮᠠᠤ ᠽᠧ ᠳ᠋ᠦᠩ ᠨᠥᠬᠥᠷ᠎ᠢᠶᠡᠷ ᠲᠥᠯᠥᠭᠡᠯᠡᠭᠦᠯᠦᠭᠰᠡᠨ ᠵᠥᠪ ᠱᠤᠭᠤᠮ᠎ᠢ ᠭᠠᠳᠠᠭᠤᠷᠴᠢᠯᠠᠵᠤ᠂ ᠪᠤᠷᠤᠭᠤ ᠱᠤᠭᠤᠮ᠎ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠡᠴᠡ ᠪᠣᠯᠤᠭᠰᠠᠨ ᠭᠡᠳᠡᠭ᠎ᠢ ᠤᠯᠠᠮ᠎ᠢᠶᠠᠷ ᠤᠬᠠᠮᠰᠠᠷᠠᠨ ᠲᠠᠨᠢᠵᠤ᠂ ᠴᠡᠷᠢᠭ ᠠᠡᠭᠬᠢ᠎ᠶᠢᠨ ᠳᠣᠲᠣᠷ᠎ᠠ ᠳᠤᠷ᠎ᠠ ᠦᠭᠡᠢᠴᠡᠨ ᠰᠡᠵᠢᠭᠯᠡᠬᠦ ᠪᠠ ᠤᠳᠤᠷᠢᠳᠤᠯᠭ᠎ᠠ᠎ᠪᠠᠨ ᠥᠭᠡᠷᠡᠴᠢᠯᠡᠬᠦ᠎ᠪᠡᠷ ᠢᠳᠡᠪᠬᠢᠲᠡᠢ ᠱᠠᠭᠠᠷᠳᠠᠬᠤ ᠪᠤᠳᠦᠯ ᠢᠯᠡᠷᠬᠡᠢ ᠪᠣᠯᠤᠭᠰᠠᠨ ᠪᠠᠢᠨ᠎ᠠ》᠃ 《ᠽᠦᠨ ᠢ ᠵᠢᠨ ᠬᠤᠷᠠᠯᠳᠤᠭᠠᠨ ᠡᠴᠡ ᠬᠣᠢᠰᠢ᠂ ᠮᠠᠨ᠎ᠤ ᠴᠡᠷᠢᠭᠭᠡᠨᠡᠳᠳᠡ ᠤᠤᠯ᠎ᠤᠨ ᠪᠠᠢᠳᠠᠯ ᠳ᠋ᠠᠭᠠᠨ ᠤᠷᠤᠵᠤ ᠰᠢᠨ᠎ᠡ ᠠᠮᠢ ᠣᠯᠤᠭᠰᠠᠨ ᠰᠢᠭ᠋᠎ᠢᠶᠡᠷ ᠡᠷᠬᠢᠵᠤ ᠲᠣᠭᠣᠷᠢᠬᠰᠠᠭᠠᠷ ᠪᠠᠢᠵᠤ ᠳᠠᠢᠰᠤᠨ᠎ᠤ ᠳᠤᠮᠳᠠ ᠬᠠᠳᠬᠤᠨ ᠣᠷᠣᠵᠤ᠂ ᠮᠠᠨᠤᠰ᠎ᠢ ᠵᠡᠭᠦᠨᠰᠢ᠎ᠪᠡᠨ ᠶᠠᠪᠤᠨ᠎ᠠ ᠭᠡᠵᠦ ᠪᠤᠳᠤᠬᠰᠠᠨ ᠪᠠᠢᠪᠠᠯ ᠬᠠᠷᠢᠨ ᠪᠠᠷᠠᠭᠤᠨᠰᠢ᠎ᠪᠠᠨ ᠶᠠᠪᠤᠵᠤ᠂ ᠮᠠᠨᠤᠰ᠎ᠢ ᠮᠥᠷᠡᠨ᠎ᠢ ᠭᠡᠲᠦᠯᠦᠨ ᠤᠮᠠᠷᠠᠰᠢ ᠮᠣᠷᠳᠠᠨ᠎ᠠ ᠭᠡᠵᠦ ᠪᠤᠳᠤᠬᠰᠠᠨ ᠪᠠᠢᠳᠠᠯ ᠲᠤᠤᠷ᠎ᠠ ᠬᠠᠷᠢᠨ ᠭᠡᠨᠡᠳᠳᠡ ᠭᠡᠳᠡᠷᠭᠦ ᠴᠣᠬᠢᠵᠤ᠂ ᠭᠠᠵᠠᠷ ᠪᠣᠯᠭᠠᠨ᠎ᠳᠤ ᠰᠠᠨᠠᠭᠠᠴᠢᠯᠠᠭᠠᠳᠤ ᠡᠷᠬᠡ ᠵᠢᠡᠵᠡᠮᠳᠡᠵᠤ᠂ ᠴᠤᠭ ᠵᠤᠷᠢᠭ ᠪᠠᠳᠠᠷᠠᠩᠭᠤᠢ ᠪᠠᠢᠵᠤ᠂ ᠲᠠᠢᠰᠤᠨ᠎ᠤ ᠲᠤᠯᠤᠭᠠᠢ ᠵᠢ ᠡᠷᠬᠢᠬᠦᠯᠵᠤ ᠲᠡᠷᠢᠬᠢ ᠵᠢ ᠲᠦᠭᠡᠷᠢᠭᠳᠡᠬᠦᠯᠵᠠᠢ》 ᠭᠡᠵᠦ ᠯᠢᠦ ᠪᠦᠧᠧ ᠴᠧᠩ ᠶᠤᠸᠠᠨᠱᠤᠸᠠᠢ 《ᠤᠷᠳᠦ ᠵᠡᠮ᠎ᠤᠨ ᠠᠶᠠᠨ ᠲᠡᠢ᠍ᠢᠠᠢ ᠡᠷᠭᠢᠴᠡᠭᠦᠯᠬᠦ ᠨᠢ》 ᠭᠡᠬᠦ ᠵᠣᠬᠢᠶᠠᠯ᠎ᠳᠠᠭᠠᠨ ᠪᠢᠴᠢᠭᠰᠡᠨ ᠬᠣᠶᠠᠷ ᠪᠠᠳᠠᠭ ᠲᠡᠮᠳᠡᠭᠯᠡᠯ᠎ᠳᠡᠭᠡᠨ ᠪᠢᠳᠡᠠᠢ ᠲᠡᠷᠡ ᠬᠦ᠌ ᠭᠠᠰᠠᠯᠠᠩ ᠵᠣᠪᠠᠯᠠᠩᠲᠤ ᠭᠡᠷᠡᠯ ᠰᠠᠴᠤᠷᠠᠩᠭᠤᠢ ᠭᠠᠢᠬᠠᠮᠰᠢᠭ᠍ᠲᠤ ᠣᠨ ᠰᠠᠷ᠎ᠠ᠎ᠳᠤ ᠬᠦᠳᠦᠯᠦᠨ ᠠᠪᠠᠴᠢᠵᠤ᠂ ᠪᠢᠳᠡᠠᠦ ᠬᠠᠷᠠᠴᠠ ᠵᠢ ᠨᠠᠮ᠎ᠤᠨ ᠲᠥᠪ ᠬᠣᠷᠢᠶ᠎ᠠ ᠵᠢᠨ ᠽᠤᠢ᠍ᠡ ᠢ ᠵᠢᠠ ᠬᠤᠷᠠᠯᠳᠤᠭᠠᠨ᠎ᠢ ᠬᠤᠷᠠᠯᠳᠤᠭᠤᠯᠤᠭᠰᠠᠨ ᠲᠡᠷᠡ ᠬᠦ᠌ ᠵᠢᠵᠢᠭ ᠠᠰᠠᠷ᠎ᠲᠤ ᠲᠦᠪᠯᠡᠷᠡᠬᠦᠯᠪᠡ᠃ ᠽᠦᠨ ᠢ ᠵᠢᠨ ᠬᠤᠷᠠᠯᠳᠤᠭᠠᠨ ᠨᠢ ᠬᠡᠷᠡᠭ ᠳᠡᠭᠡᠷ᠎ᠡ᠎ᠪᠡᠨ ᠮᠠᠤ ᠽᠧ ᠳ᠋ᠦᠩ ᠨᠥᠬᠥᠷ᠎ᠦᠨ ᠨᠠᠮ᠎ᠤᠨ ᠲᠥᠪ ᠬᠣᠷᠢᠶ᠎ᠠ ᠪᠠ ᠤᠯᠠᠭᠠᠨ ᠴᠡᠷᠢᠭ᠎ᠲᠠᠬᠢ ᠤᠳᠤᠷᠢᠳᠬᠤ ᠪᠠᠢᠷᠢ ᠰᠠᠭᠤᠷᠢ᠎ᠶᠢ ᠲᠣᠭᠲᠠᠭᠠᠭᠰᠠᠨ ᠶᠤᠮ᠃ ᠮᠠᠤ ᠽᠧ ᠳ᠋ᠦᠩ ᠨᠥᠬᠥᠷ᠎ᠢᠶᠡᠷ ᠭᠣᠣᠯ ᠲᠥᠯᠥᠭᠡᠯᠡᠭᠴᠢᠪᠤᠯᠭᠠᠬ᠍ᠰᠠᠨ ᠮᠠᠷᠺᠰ᠎ᠤᠨ ᠦᠵᠡᠯ᠎ᠦᠨ ᠵᠥᠪ ᠱᠤᠭᠤᠮ᠎ᠤᠨ ᠨᠠᠮ᠎ᠤᠨ ᠲᠥᠪ ᠬᠣᠷᠢᠶ᠎ᠠ᠎ᠳᠠᠬᠢ ᠤᠳᠤᠷᠢᠳᠬᠤ ᠪᠠᠢᠷᠢ ᠰᠠᠭᠤᠷᠢ᠎ᠶᠢ ᠡᠬᠢᠯᠡᠨ ᠲᠣᠭᠲᠠᠭᠠᠵᠤ᠂ ᠮᠠᠤ ᠽᠧ ᠳ᠋ᠦᠩ ᠨᠥᠬᠥᠷ᠎ᠢᠶᠡᠷ ᠭᠣᠣᠯ ᠪᠤᠯᠭᠠᠬᠰᠠᠨ ᠨᠠᠮ᠎ᠤᠨ ᠨᠢᠭᠡᠳᠦᠭᠡᠷ ᠦᠶ᠎ᠡ᠎ᠶᠢᠨ ᠲᠥᠪ ᠬᠣᠷᠢᠶ᠎ᠠ ᠵᠢᠨ ᠤᠳᠤᠷᠢᠳᠬᠤ ᠬᠠᠮᠲᠤ ᠡᠬᠢᠯᠡᠨ ᠪᠦᠷᠢᠯᠳᠦᠵᠦ᠂ ᠨᠠᠮ᠎ᠤᠨ ᠪᠡᠶ᠎ᠡ᠎ᠪᠡᠨ ᠳᠠᠭᠠᠭᠠᠵᠤ ᠡᠵᠡᠨ ᠮᠡᠳᠡᠨ ᠳᠤᠮᠳᠠᠳᠤ ᠤᠯᠤᠰ᠎ᠤᠨ ᠬᠤᠪᠢᠰᠬᠠᠯ᠎ᠤᠨ ᠪᠣᠳᠠᠲᠠᠢ ᠠᠰᠠᠭᠤᠳᠠᠯ᠎ᠢ ᠰᠢᠢᠳᠪᠦᠷᠢᠯᠡᠬᠦ ᠰᠢᠨ᠎ᠡ ᠱᠠᠲᠤ ᠦᠶ᠎ᠡ᠎ᠶᠢ ᠡᠬᠢᠯᠡᠭᠦᠯᠵᠦ᠂ ᠬᠠᠮᠤᠭ᠎ᠤᠨ ᠠᠶᠤᠯ ᠲᠦᠭᠰᠢᠭᠦᠷᠢᠲᠡᠢ ᠵᠠᠩᠭᠢᠯᠠᠭ᠎ᠠ᠎ᠶᠢᠨ ᠦᠶ᠎ᠡ᠎ᠳᠦ ᠨᠠᠮ᠎ᠢ ᠠᠪᠤᠷᠠᠵᠤ᠂ ᠤᠯᠠᠭᠠᠨ ᠴᠡᠷᠢᠭ᠎ᠢ ᠠᠪᠤᠷᠠᠵᠤ᠂ ᠳᠤᠮᠳᠠᠳᠤ ᠤᠯᠤᠰ᠎ᠤᠨ ᠬᠤᠪᠢᠰᠬᠠᠯ᠎ᠢ ᠠᠪᠤᠷᠠᠪᠠ᠃ ᠡᠨᠡ ᠪᠣᠯ ᠨᠠᠮ᠎ᠤᠨ ᠲᠡᠦᠬᠡᠨᠳᠡᠭᠡᠷᠡᠬᠢ ᠦᠬᠦᠵᠦ ᠰᠡᠭᠡᠭᠦ᠎ᠳᠦ ᠬᠣᠯᠪᠣᠭᠳᠠᠬᠰᠠᠨ ᠡᠷᠭᠢᠯᠲᠡ ᠮᠥᠨ᠃
ᠠᠤᠭ᠎ᠠ ᠶᠡᠬᠡ ᠲᠡᠦᠬᠡ᠎ᠶᠢᠨ ᠠᠬᠢᠴᠠ ᠨᠢ ᠦᠨᠳᠦᠰᠦᠨ ᠵᠦᠢᠯ᠎ᠳᠦ ᠬᠣᠯᠪᠣᠭᠳᠠᠬᠤ ᠴᠢᠬᠤᠯᠠ ᠶᠡᠬᠡ ᠰᠡᠳᠦᠪ᠎ᠦᠨ ᠦᠵᠡᠯ ᠰᠠᠨᠠᠭᠠᠨ᠎ᠤ ᠦᠷᠳᠡᠭ᠎ᠢ ᠢᠯᠡᠷᠬᠡᠢᠯᠡᠵᠦ᠂ ᠪᠢᠳᠡᠨ᠎ᠦ ᠨᠠᠮ ᠪᠣᠯᠣᠨ ᠠᠷᠠᠳ ᠲᠦᠮᠡᠨ᠎ᠦ ᠠᠵᠢᠯ ᠦᠢᠯᠡᠰ᠎ᠦᠨ ᠬᠥᠭᠵᠢᠨ ᠪᠠᠳᠠᠷᠠᠬᠤ ᠳᠣᠲᠣᠭᠠᠳᠤ ᠯᠣᠭᠢᠭ᠋᠎ᠤᠨ ᠲᠤᠬᠠᠢ ᠲᠠᠨᠢᠯᠲᠠ᠎ᠪᠠᠨ ᠦᠷᠭᠦᠯᠵᠢᠯᠡᠨ ᠭᠦᠨᠵᠡᠭᠡᠢᠷᠡᠭᠦᠯᠬᠦ᠎ᠶᠢ ᠠᠬᠢᠭᠤᠯᠪᠠ᠃
ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ᠂ ᠰᠢᠷᠦᠬᠦᠨ ᠰᠠᠯᠬᠢ ᠳᠤᠬᠰᠢᠨ ᠳᠠᠪᠠᠯᠭᠠᠨ ᠲᠠᠢ ᠳᠡᠯᠡᠬᠡᠢ᠎ᠶᠢᠨ ᠣᠷᠴᠢᠨ ᠲᠣᠭᠣᠷᠢᠨ ᠪᠠ ᠬᠦᠨᠳᠦ ᠬᠡᠴᠡᠭᠦᠦ ᠬᠠᠳᠠᠭᠤ ᠪᠡᠷᠬᠡ ᠤᠯᠤᠰ᠎ᠤᠨ ᠳᠣᠲᠣᠭᠠᠳᠤ ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ᠎ᠤ ᠡᠭᠦᠷᠭᠡ᠎ᠶᠢᠨ ᠡᠮᠦᠨ᠎ᠡ᠂ ᠶᠡᠷᠦᠩᠬᠡᠢ ᠱᠦᠵᠢ ᠰᠢ᠎ᠶᠢᠨ ᠫᠢᠩ ᠪᠢᠳᠡᠨ᠎ᠢ ᠳᠠᠭᠠᠭᠤᠯᠤᠨ ᠮᠠᠰᠢ ᠤᠯᠠᠨ ᠲᠡᠦᠬᠡ ᠵᠢᠨ ᠰᠢᠨ᠎ᠡ ᠣᠨᠴᠠᠯᠢᠭ᠋ ᠪᠦᠬᠦᠢ ᠠᠭᠤᠤ ᠶᠡᠬᠡ ᠲᠡᠮᠡᠴᠡᠯ᠎ᠢ ᠬᠢᠵᠦ᠂ ᠠᠯᠢ ᠤᠯᠠᠨ ᠴᠢᠬᠤᠯᠠ ᠶᠡᠬᠡ ᠰᠢᠯᠭᠠᠯᠲᠠ᠎ᠶᠢᠨ ᠳᠤᠮᠳᠠ ᠪᠦᠭᠦ ᠨᠠᠮ ᠪᠦᠭᠦ ᠴᠡᠷᠢᠭ ᠪᠦᠭᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠴᠢᠩ ᠰᠡᠳᠬᠢᠯ᠎ᠦᠨ ᠬᠦᠷᠢᠶᠡᠯᠡᠯ᠎ᠢ ᠣᠯᠵᠤ᠂ ᠤᠯᠠᠨ᠎ᠤ ᠬᠦᠰᠡᠯ ᠨᠠᠶ᠋ᠢᠳᠠᠯᠭ᠎ᠠ᠎ᠶᠢ ᠣᠯᠵᠤ᠂ ᠨᠡᠷ᠎ᠡ ᠨᠢᠳᠡᠷ᠎ᠲᠡᠬᠡᠨ ᠨᠡᠢᠴᠡᠭᠰᠡᠨ ᠨᠠᠮ᠎ᠤᠨ ᠲᠥᠪ ᠬᠣᠷᠢᠶ᠎ᠠ ᠵᠢᠨ ᠭᠣᠣᠯᠯᠠᠭ᠍ᠴᠢ᠂ ᠪᠦᠭᠦ ᠨᠠᠮ᠎ᠤᠨ ᠭᠣᠣᠯᠯᠠᠭ᠍ᠴᠢ ᠪᠣᠯᠤᠭᠰᠠᠨ ᠪᠠᠢᠨ᠎ᠠ᠃ 《ᠬᠣᠶᠠᠷ᠎ᠢ ᠲᠣᠭᠲᠠᠭᠠᠬᠰᠠᠨ》 ᠤ᠋ ᠰᠢᠢᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ ᠪᠣᠯ ᠤᠷᠲᠦ ᠵᠠᠮ᠎ᠤᠨ ᠠᠶᠠᠨ ᠲᠠᠢ᠍ᠢᠨ ᠭᠡᠬᠦ ᠡᠨᠡᠬᠦ ᠲᠡᠭᠷᠢ ᠭᠠᠵᠠᠷ᠎ᠢ ᠳᠣᠩᠰᠣᠯᠭᠠᠮ᠎ᠠ ᠬᠤᠪᠢᠰᠬᠠᠯ᠎ᠤᠨ ᠠᠭᠤᠤ ᠶᠡᠬᠡ ᠠᠵᠢᠯᠯᠠᠭ᠎ᠠ ᠡᠴᠡ ᠲᠡᠦᠬᠡ᠎ᠶᠢᠨ ᠤᠶᠤᠨ ᠤᠬᠠᠭᠠᠨ᠎ᠢ ᠬᠦᠷᠳᠡᠭᠰᠡᠨ ᠵᠠᠢᠯᠠᠰᠢ ᠦᠭᠡᠢ ᠳ᠋ᠦᠩᠨᠡᠯᠲᠡ ᠪᠣᠯᠣᠨ᠎ᠠ᠃
ᠤᠷᠳᠤ ᠵᠠᠮ᠎ᠤᠨ ᠠᠶᠠᠨ ᠲᠠᠢ᠍ᠢᠨ᠎ᠦ ᠵᠠᠮ᠎ᠳᠤ 《ᠵᠡᠭᠦᠨ》 ᠤ᠋ ᠨᠣᠮᠯᠠᠯ᠎ᠤᠨ ᠦᠵᠡᠯ᠎ᠦᠨ ᠬᠦᠯᠢᠶᠡᠰᠦᠯᠡᠯ᠎ᠢ ᠡᠪᠳᠡᠵᠦ᠂ ᠬᠤᠪᠢᠰᠬᠠᠯ᠎ᠤᠨ ᠭᠠᠷᠬᠤ ᠵᠠᠮ᠎ᠢ ᠡᠷᠢᠯᠬᠢᠯᠡᠭᠰᠡᠨ ᠬᠠᠲᠠᠭᠤᠵᠢᠯᠲᠠᠢ ᠰᠦᠪᠡᠭᠴᠢᠯᠡᠯᠲᠡ ᠨᠢ ᠮᠠᠨ᠎ᠤ ᠨᠠᠮ᠎ᠤᠨ ᠮᠠᠷᠺᠰ᠎ᠤᠨ ᠦᠵᠡᠯ᠎ᠦᠨ ᠦᠨᠳᠦᠰᠦᠨ ᠤᠭ ᠶᠣᠰᠣ᠌᠎ᠶᠢ ᠳᠤᠮᠳᠠᠳᠤ ᠤᠯᠤᠰ᠎ᠤᠨ ᠬᠤᠪᠢᠰᠬᠠᠯ᠎ᠤᠨ ᠪᠣᠳᠠᠲᠤ ᠦᠢᠯᠡᠳᠦᠯᠭᠡ᠎ᠲᠠᠢ ᠤᠶᠠᠯᠳᠤᠭᠤᠯᠬᠤ᠎ᠶᠢ ᠠᠬᠢᠭᠤᠯᠬᠤ ᠲᠡᠦᠬᠡ᠎ᠶᠢᠨ ᠤᠬᠠᠮᠰᠠᠷ᠎ᠢ ᠬᠠᠷᠠᠭᠤᠯᠵᠠᠢ᠃ ᠮᠠᠷᠺᠰ᠎ᠤᠨ ᠦᠵᠡᠯ ᠪᠣᠯ ᠬᠤᠪᠢᠷᠠᠰᠢ ᠦᠭᠡᠢ ᠨᠣᠮᠯᠠᠯ ᠪᠢᠰᠢ᠂ ᠭᠠᠭᠴᠠ ᠬᠦ᠌ ᠳᠤᠮᠳᠠᠳᠤ ᠤᠯᠤᠰ᠎ᠤᠨ ᠡᠬᠡ ᠭᠠᠵᠠᠷ᠎ᠲᠤ ᠦᠨᠳᠦᠰᠦᠯᠡᠵᠦ᠂ ᠳᠤᠮᠳᠠᠳᠤ ᠤᠯᠤᠰ᠎ᠤᠨ ᠤᠯᠤᠰ᠎ᠤᠨ ᠪᠠᠢᠳᠠᠯ ᠳᠦ ᠰᠠᠭᠤᠷᠢᠯᠠᠪᠠᠯ ᠮᠠᠷᠺᠰ᠎ᠤᠨ ᠦᠵᠡᠯ ᠰᠠᠶᠢ ᠬᠦᠴᠦᠷᠬᠡᠭ ᠶᠡᠬᠡ ᠠᠮᠢᠵᠢᠷᠠᠯ᠎ᠤᠨ ᠬᠦᠴᠦᠨ᠎ᠢᠶᠡᠨ ᠪᠠᠳᠠᠷᠠᠭᠤᠯᠵᠤ ᠴᠢᠳᠠᠨ᠎ᠠ ᠭᠡᠳᠡᠭ᠎ᠢ ᠲᠦᠭᠰᠢᠭᠦᠷᠢᠲᠦ ᠪᠠᠢᠳᠠᠯᠲᠤᠮᠳᠠᠬᠢ ᠦᠵᠡᠯ ᠰᠠᠨᠠᠭᠠᠨ᠎ᠤ ᠳᠡᠭᠡᠭᠰᠢᠯᠡᠯᠲᠡ ᠮᠠᠷᠭᠤᠰᠢ ᠦᠭᠡᠢ ᠭᠡᠷᠡᠴᠢᠯᠡᠭᠰᠡᠨ ᠪᠠᠢᠨ᠎ᠠ᠃
ᠦᠢᠯᠡᠳᠦᠯᠭᠡ ᠦᠵᠦᠬᠦᠷ ᠬᠢᠵᠠᠭᠠᠷ ᠦᠭᠡᠢ᠂ ᠤᠨᠤᠯ᠎ᠤᠨ ᠲᠠᠯ᠎ᠠ᠎ᠪᠠᠷ ᠰᠢᠨ᠎ᠡ᠎ᠶᠢ ᠡᠭᠦᠳᠬᠦ ᠶᠠᠪᠤᠳᠠᠯ ᠴᠤ᠌ ᠳᠠᠭᠤᠰᠤᠰᠢ ᠦᠭᠡᠢ ᠶᠤᠮ᠃ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ ᠰᠢᠨ᠎ᠡ ᠴᠠᠭ ᠦᠶ᠎ᠡ᠎ᠳᠦ ᠣᠷᠣᠵᠤ᠂ ᠰᠢ᠎ᠶᠢᠨ ᠫᠢᠩ ᠨᠥᠬᠥᠷ᠎ᠢᠶᠡᠷ ᠭᠣᠣᠯ ᠲᠥᠯᠥᠭᠡᠯᠡᠭᠴᠢ ᠪᠤᠯᠭᠠᠬ᠍ᠰᠠᠨ ᠳᠤᠮᠳᠠᠳᠤ ᠤᠯᠤᠰ᠎ᠤᠨ ᠡᠪ ᠬᠠᠮᠲᠤᠴᠤᠳ᠂ ᠮᠠᠷᠺᠰ᠎ᠤᠨ ᠦᠵᠡᠯ᠎ᠦᠨ ᠦᠨᠳᠦᠰᠦᠨ ᠤᠭ ᠶᠣᠰᠣ᠌᠎ᠶᠢ ᠳᠤᠮᠳᠠᠳᠤ ᠤᠯᠤᠰ᠎ᠤᠨ ᠪᠣᠳᠠᠲᠤ ᠪᠠᠢᠳᠠᠯ᠎ᠲᠠᠢ ᠤᠶᠠᠯᠳᠤᠭᠤᠯᠬᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠲᠠᠢ ᠤᠶᠠᠯᠳᠤᠭᠤᠯᠬᠤ᠎ᠶᠢ ᠪᠠᠷᠢᠮᠲᠠᠯᠠᠵᠤ᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠡᠭᠦᠳᠴᠦ᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠦᠰᠦᠷᠦᠯᠲᠡ᠎ᠶᠢ ᠪᠡᠶᠡᠯᠡᠭᠦᠯᠵᠡᠢ᠃ ᠪᠠᠲᠤ ᠴᠢᠩᠭ᠎ᠠ ᠤᠳᠤᠷᠢᠳᠬᠤ ᠭᠣᠣᠯᠯᠠᠭ᠍ᠴᠢ ᠬᠦᠴᠦᠨ ᠪᠠ ᠰᠢᠨᠵᠢᠯᠡᠬᠦ ᠤᠬᠠᠭᠠᠨᠴᠢ ᠤᠨᠤᠯ᠎ᠤᠨ ᠵᠢᠯᠣᠭᠣᠳᠤᠯᠭ᠎ᠠ ᠪᠠᠢᠬᠤ ᠡᠰᠡᠬᠦ ᠪᠣᠯ ᠨᠠᠮ ᠪᠠ ᠤᠯᠤᠰ ᠣᠷᠣᠨ᠎ᠤ ᠢᠷᠡᠭᠡᠳᠦᠢ ᠬᠤᠪᠢ ᠵᠠᠶᠠᠭ᠎ᠠ᠂ ᠨᠠᠮ ᠪᠠ ᠠᠷᠠᠳ ᠲᠦᠮᠡᠨ᠎ᠦ ᠦᠢᠯᠡᠰ᠎ᠦᠨ ᠪᠦᠲᠦᠵᠦ ᠪᠦᠷᠢᠯᠬᠦ᠎ᠳᠦ ᠬᠣᠯᠪᠣᠭᠳᠠᠬᠤ ᠦᠨᠳᠦᠰᠦᠨ ᠴᠢᠨᠠᠷᠲᠠᠢ ᠠᠰᠠᠭᠤᠳᠠᠯ ᠮᠥᠨ᠃ ᠪᠠᠲᠤ ᠴᠢᠩᠭ᠎ᠠ ᠭᠣᠣᠯᠯᠠᠭ᠍ᠴᠢ ᠨᠢ ᠠᠶᠠᠯᠠᠯ᠎ᠢ ᠵᠢᠯᠤᠭᠤᠳᠤᠨ ᠵᠠᠯᠠᠭᠤᠷ᠎ᠢ ᠡᠵᠡᠮᠳᠡᠵᠤ᠂ ᠰᠢᠨᠵᠢᠯᠡᠬᠦ ᠤᠬᠠᠭᠠᠨᠴᠢ ᠤᠨᠤᠯ ᠨᠢ ᠰᠡᠳᠬᠢᠯ᠎ᠢ ᠨᠢᠭ᠍ᠲᠠᠷᠠᠭᠤᠯᠤᠨ ᠰᠦᠭ ᠰᠦᠨᠡᠰᠦ᠎ᠶᠢ ᠱᠤᠭᠤᠪᠠᠯ ᠪᠢᠳᠡ ᠰᠠᠶᠢ ᠯᠠᠪᠳᠠᠭᠤᠨ ᠵᠣᠭᠰᠣᠵᠤ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠨᠡᠩ ᠦᠵᠡᠰᠬᠦᠯᠡᠩ᠎ᠳᠤ ᠰᠠᠢᠬᠠᠨ ᠢᠷᠠᠭᠤ ᠬᠠᠭᠤᠳᠠᠰᠤ᠎ᠶᠢ ᠲᠠᠰᠤᠷᠠᠯᠳᠠ ᠦᠭᠡᠢ ᠪᠢᠴᠢᠭᠯᠡᠵᠦ ᠴᠢᠳᠠᠨ᠎ᠠ᠃
ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠵᠠᠮ᠎ᠳᠤ ᠲᠡᠷᠡ ᠬᠡᠪ᠎ᠢᠶᠡᠷ ᠨᠢ ᠨᠡᠭᠦᠯᠭᠡᠨ ᠬᠡᠷᠡᠭᠯᠡᠬᠦ ᠪᠡᠯᠡᠨ ᠬᠠᠷᠢᠭᠤᠯᠲᠠ ᠪᠠᠢᠬᠤ ᠦᠭᠡᠢ ᠶᠤᠮ᠃ ᠤᠷᠲᠤ ᠵᠠᠮ᠎ᠤᠨ ᠠᠶᠠᠨ ᠳᠠᠢ᠍ᠢᠨᠡᠨᠡᠬᠦ ᠬᠤᠪᠢᠰᠬᠠᠯ᠎ᠤᠨ ᠥᠩᠭᠡᠷᠡᠯᠲᠡ ᠨᠢ᠂ ᠦᠢᠯᠡᠳᠦᠯᠭᠡ᠎ᠶᠢᠨ ᠳᠤᠮᠳᠠ ᠦᠨᠡᠨ ᠶᠣᠰᠣ᠌᠎ᠶᠢ ᠰᠢᠯᠭᠠᠨ ᠬᠥᠭᠵᠢᠭᠦᠯᠵᠦ᠂ ᠰᠢᠨ᠎ᠡ ᠤᠨᠤᠯ᠎ᠢᠶᠠᠷ ᠰᠢᠨ᠎ᠡ ᠦᠢᠯᠡᠳᠦᠯᠭᠡ᠎ᠶᠢ ᠲᠠᠰᠤᠷᠠᠯᠳᠠ ᠦᠭᠡᠢ ᠵᠢᠯᠣᠭᠣᠳᠤᠭᠤᠯᠬᠤ ᠨᠢ ᠨᠠᠮ ᠪᠠ ᠠᠷᠠᠳ ᠲᠦᠮᠡᠨ᠎ᠦ ᠦᠢᠯᠡᠰ᠎ᠦᠨ ᠵᠥᠪ ᠴᠢᠭᠯᠡᠯ᠎ᠢᠶᠡᠷ ᠤᠷᠤᠭᠰᠢᠯᠠᠬᠤ᠎ᠶᠢ ᠦᠨᠡᠨ ᠬᠦ᠌ ᠪᠠᠲᠤᠯᠠᠬᠤ᠎ᠳᠤ ᠦᠵᠡᠭᠦᠯᠭᠦ ᠴᠢᠬᠤᠯᠠ ᠶᠡᠬᠡ ᠠᠴᠢ ᠬᠣᠯᠪᠣᠭᠳᠠᠯ᠎ᠢ ᠪᠠᠲᠤ ᠡᠵᠡᠮᠳᠡᠵᠦ᠂ ᠮᠠᠷᠺᠰ᠎ᠤᠨ ᠦᠵᠡᠯ᠎ᠦᠨ ᠵᠣᠭᠰᠣᠯᠲᠠ ᠦᠵᠡᠯᠲᠡ ᠠᠷᠭ᠎ᠠ᠎ᠶᠢ ᠤᠬᠠᠮᠰᠠᠷ ᠡᠴᠡ᠎ᠪᠠᠨ ᠬᠡᠷᠡᠭᠯᠡᠨ ᠪᠣᠳᠠᠲᠠᠢ ᠠᠰᠠᠭᠤᠳᠠᠯ᠎ᠢ ᠵᠠᠳᠠᠯᠤᠨ ᠰᠢᠢᠳᠪᠦᠷᠢᠯᠡᠵᠦ᠂ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ ᠮᠠᠷᠺᠰ᠎ᠤᠨ ᠦᠵᠡᠯ᠎ᠢᠶᠡᠷ ᠰᠢᠨ᠎ᠡ ᠦᠢᠯᠡᠳᠦᠯᠭᠡ᠎ᠶᠢ ᠵᠢᠯᠣᠭᠣᠳᠤᠭᠤᠯᠬᠤ ᠬᠡᠷᠡᠭᠲᠡᠢ ᠬᠡᠵᠤ ᠪᠢᠳᠡᠨ᠎ᠳᠦ ᠬᠡᠯᠡᠵᠦ ᠥᠭᠭᠦᠭᠰᠡᠨ ᠶᠤᠮ ᠃
(ᠲᠦᠷᠪᠡ)
ᠵᠢᠶᠠᠩᠰᠢ ᠮᠤᠵᠢ᠎ᠶᠢᠨ ᠢᠦᠢ ᠳᠦ ᠰᠢᠶᠠᠨ᠎ᠤ ᠲᠦᠩ ᠯᠦᠧᠧ ᠸᠠᠨ᠃ 1934 ᠣᠨ᠎ᠤ 10 ᠰᠠᠷ᠎ᠠ᠎ᠳᠤ᠂ ᠤᠯᠠᠭᠠᠨ ᠨᠢᠭᠡᠳᠦᠭᠡᠷ ᠨᠢᠭᠡᠳᠬᠡᠯ ᠠᠷᠮᠢ ᠡᠨᠳᠡ ᠴᠤᠭᠯᠠᠷᠠᠨ ᠠᠮᠠᠷᠠᠨ ᠴᠡᠷᠢᠭ᠎ᠢᠶᠡᠨ ᠴᠡᠭᠴᠡᠯᠡᠪᠡ᠃ ᠲᠤᠰ ᠭᠠᠵᠠᠷ᠎ᠤᠨ ᠠᠷᠠᠳ᠎ᠤᠳ ᠲᠣᠰᠬᠣᠨ᠎ᠤ ᠭᠠᠳᠠᠨᠠᠬᠢ ᠠᠭᠤᠯᠠᠨ ᠳᠡᠭᠡᠷ᠎ᠡ ᠡᠴᠡ ᠤᠰᠤ ᠠᠪᠴᠤ ᠪᠠᠢᠬᠤ᠎ᠶᠢ ᠰᠣᠨᠣᠰᠤᠭᠠᠳ᠂ ᠪᠠᠢᠯᠳᠤᠭ᠍ᠴᠢᠳ ᠭᠠᠷ ᠬᠦᠳᠡᠯᠦᠨ ᠬᠤᠳᠳᠤᠭ ᠥᠷᠥᠮᠳᠡᠪᠡ᠃ ᠬᠤᠳᠳᠤᠭ᠎ᠤᠨ ᠤᠰᠤ ᠣᠷᠭᠢᠯ᠎ᠤᠨ ᠭᠠᠷᠴᠤ ᠢᠷᠡᠬᠦ ᠲᠡᠷᠡ ᠮᠥᠴᠡ᠎ᠳᠦ᠂ ᠴᠡᠷᠢᠭ ᠠᠷᠠᠳ ᠨᠢᠭᠡ ᠳᠣᠣᠷ᠎ᠠ ᠴᠤᠭᠯᠠᠷᠠᠨ ᠪᠠᠶᠠᠷᠯᠠᠨ ᠬᠥᠭᠡᠷᠦᠯᠳᠦᠵᠦ᠂ ᠨᠢᠭᠡ ᠭᠡᠷ᠎ᠦᠨ ᠬᠥᠮᠥᠨ ᠰᠢᠭ ᠳᠣᠲᠣᠨᠣ᠌ ᠪᠠᠢᠯ᠎ᠠ᠃ ᠡᠨᠡ ᠬᠤᠳᠳᠤᠭ ᠨᠢ ᠰᠣᠪᠢᠶᠠᠳ ᠣᠷᠣᠨ᠎ᠤ ᠣᠯᠠᠨ ᠲᠦᠮᠡᠨ᠎ᠢ ᠡᠨᠡ ᠬᠦ᠌ ᠴᠡᠷᠢᠭ ᠠᠩᠭᠢ ᠡᠴᠡ ᠥᠪᠡᠷ᠎ᠤᠨ ᠡᠷᠬᠡ ᠦᠭᠡᠢ ᠰᠠᠯᠵᠤ ᠶᠠᠳᠠᠬᠤ ᠪᠤᠯᠭᠠᠪᠠ᠃
ᠬᠠᠭᠤᠴᠢᠨ ᠳᠤᠮᠳᠠᠳᠤ ᠤᠯᠤᠰ ᠬᠡᠵᠤ ᠲᠠᠢ᠍ᠢᠨ ᠳᠠᠵᠢᠨ ᠪᠠᠢᠨ ᠲᠠᠭᠢᠨ ᠡᠭᠦᠰᠴᠦ᠂ ᠪᠠᠰᠠ ᠭᠣᠮᠢᠨᠳᠠᠩ ᠤᠨ ᠨᠤᠶᠠᠷᠬᠠᠬᠴᠢᠳ ᠶᠡᠬᠡᠪᠡᠷ ᠴᠤᠤᠷᠬᠠᠯ ᠲᠠᠷᠬᠠᠭᠠᠭᠰᠠᠨ ᠡᠴᠡ ᠪᠤᠯᠵᠤ ᠰᠤᠪᠢᠶᠠᠳ ᠣᠷᠣᠨ ᠡᠴᠡ ᠭᠠᠳᠠᠨᠠᠬᠢ ᠴᠥᠭᠡᠨ ᠪᠤᠰᠤ ᠤᠯᠠᠨ ᠲᠦᠮᠡᠨ ᠤᠯᠠᠭᠠᠨ ᠴᠡᠷᠢᠭ᠎ᠲᠦ ᠰᠡᠵᠢᠭ ᠲᠦᠷᠦᠵᠦ ᠠᠶᠤᠨ ᠡᠮᠢᠶᠡᠵᠤ ᠪᠠᠢᠪᠠ᠃ 1934 ᠣᠨ᠎ᠤ 12 ᠰᠠᠷ᠎ᠠ᠎ᠳᠤ᠂ ᠤᠯᠠᠭᠠᠨ ᠭᠤᠷᠪᠠᠳᠤᠭᠠᠷ ᠨᠢᠭᠡᠳᠬᠡᠯ ᠠᠷᠮᠢ ᠭᠤᠸᠠᠩᠰᠢ᠎ᠶᠢᠨ ᠯᠦᠩ ᠱᠧᠩ᠎ᠳᠦ ᠬᠦᠷᠪᠡ᠃ ᠶᠣᠣ ᠦᠨᠳᠦᠰᠦᠲᠡᠨ᠎ᠦ ᠲᠣᠰᠬᠣᠨ ᠨᠠᠮ ᠵᠢᠮ ᠪᠤᠯᠵᠤ᠂ ᠲᠣᠰᠬᠣᠨ᠎ᠤ ᠠᠷᠠᠳ ᠪᠦᠭᠦᠨᠢᠶᠡᠷᠢᠶᠡᠨ ᠭᠦᠨ ᠠᠭᠤᠯᠠᠨ᠎ᠳᠤ ᠣᠷᠣᠵᠤ ᠨᠢᠭᠤᠪᠠ᠃ ᠤᠯᠠᠭᠠᠨ ᠴᠡᠷᠢᠭ ᠲᠤᠬᠠᠢ᠎ᠶᠢᠨ ᠭᠠᠵᠠᠷ᠎ᠤᠨ ᠶᠣᠣ ᠦᠨᠳᠦᠰᠦᠲᠡᠨ᠎ᠦ ᠠᠬᠠᠯᠠᠬᠴᠢ᠎ᠶᠢ ᠡᠷᠢᠨ ᠣᠯᠵᠤ᠂ ᠲᠡᠷᠡ ᠰᠥᠨᠢ᠎ᠳᠡᠭᠡᠨ ᠲᠡᠳᠡ ᠨᠡᠷ ᠲᠤ᠌ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠨᠳᠦᠰᠦᠲᠡᠨ᠎ᠨᠦᠭᠦᠳ ᠡᠷᠬᠡ ᠲᠡᠭᠰᠢ ᠪᠠᠢᠬᠤ ᠲᠤᠬᠠᠢ ᠲᠦᠷᠦ᠎ᠶᠢᠨ ᠪᠣᠳᠣᠯᠭ᠎ᠠ᠎ᠶᠢ ᠤᠬᠠᠭᠤᠯᠤᠨ ᠲᠠᠢᠯᠪᠤᠷᠢᠯᠠᠪᠠ᠃ ᠲᠣᠰᠬᠣᠨ᠎ᠤ ᠠᠷᠠᠳ ᠭᠡᠷ᠎ᠲᠡᠬᠡᠨ ᠬᠠᠷᠢᠭ᠍ᠰᠠᠨ᠎ᠤ ᠳᠠᠷᠠᠭ᠎ᠠ᠂ ᠲᠡᠳᠡᠨ᠎ᠤ ᠰᠡᠳᠡᠷᠬᠡᠢ ᠵᠡᠬᠦᠦ ᠲᠠᠰᠤᠷᠬᠠᠢ ᠤᠳᠠᠰᠤ ᠵᠢ ᠬᠦᠳᠡᠯᠭᠡᠭᠰᠡᠨ ᠦᠬᠡᠢ ᠤᠯᠠᠭᠠᠨ ᠴᠡᠷᠢᠭ᠎ᠦᠨ ᠡᠩᠨᠡᠭᠡ ᠨᠢᠭᠡᠨᠲᠡ ᠠᠶᠠᠷᠯᠠᠨ ᠰᠠᠯᠵᠤ ᠶᠠᠪᠤᠵᠠᠢ᠃ 《ᠤᠯᠠᠭᠠᠨ ᠴᠡᠷᠢᠭ ᠶᠣᠣ ᠦᠨᠳᠦᠰᠦᠲᠡᠨ᠎ᠦ ᠠᠷᠠᠳ ᠲᠦᠮᠡᠨ᠎ᠢ ᠡᠷᠡᠰ ᠬᠠᠮᠠᠭᠠᠯᠠᠨ᠎ᠠ》᠂ 《ᠦᠷᠭᠦᠯᠵᠢᠯᠡᠨ ᠲᠡᠮᠡᠴᠡᠵᠦ᠂ ᠲᠠᠭᠢᠨ ᠭᠡᠷᠡᠯ ᠭᠡᠭᠡ᠎ᠶᠢ ᠡᠷᠢᠯᠬᠢᠯᠡᠶ᠎ᠡ》᠂ ᠯᠦᠩ ᠱᠧ ᠶᠠᠨ ᠤ᠋ ᠬᠠᠨ᠎ᠠ ᠳᠡᠭᠡᠷ᠎ᠠ ᠰᠡᠢᠯᠦᠭᠳᠡᠭᠰᠡᠨ ᠤᠷᠢᠶ᠎ᠠ ᠯᠣᠽᠦ᠋ᠩ ᠶᠣᠣ ᠦᠨᠳᠦᠰᠦᠲᠡᠨ᠎ᠦ ᠤᠯᠠᠨ ᠲᠦᠮᠡᠨ᠎ᠦ ᠰᠡᠳᠬᠢᠯ᠎ᠢ ᠬᠥᠳᠡᠯᠭᠡᠵᠡᠢ᠃ ᠤᠷᠢᠶ᠎ᠠ ᠯᠣᠽᠦ᠋ᠩ᠎ᠳᠦ᠂ ᠡᠭᠦᠨ ᠡᠴᠡ ᠡᠮᠦᠨ᠎ᠡ ᠭᠠᠳᠠᠭᠤᠷᠴᠢᠯᠠᠯ᠎ᠤᠨ ᠤᠳᠬ᠎ᠠ᠎ᠲᠠᠢ ᠪᠠᠢᠭᠰᠠᠨ 《猺》 ᠦᠰᠦᠭ᠎ᠢ ᠤᠯᠠᠭᠠᠨ ᠴᠡᠷᠢᠭ ᠡᠴᠡ ᠡᠷᠬᠡ ᠲᠡᠭᠰᠢ᠎ᠪᠡᠷ ᠬᠠᠨᠳᠤᠬᠤ ᠰᠠᠨᠠᠭ᠎ᠠ ᠵᠢ ᠢᠯᠡᠳᠬᠡᠭᠰᠡᠨ 《傜》 ᠦᠰᠦᠭ ᠪᠤᠯᠭᠠᠨ ᠥᠭᠡᠷᠡᠴᠢᠯᠡᠨ ᠪᠢᠴᠢᠵᠡᠢ᠃
ᠤᠯᠠᠭᠠᠨ ᠴᠡᠷᠢᠭ ᠤᠯᠠᠨ ᠲᠦᠮᠠᠨ᠎ᠳᠦ ᠬᠠᠨᠳᠤᠬᠤ ᠲᠡᠮᠦᠷ ᠮᠡᠲᠦ ᠬᠠᠳᠠᠭᠤ ᠴᠢᠩᠭ᠎ᠠ ᠰᠠᠬᠢᠯᠭ᠎ᠠ ᠪᠠᠲᠤ ᠲᠠᠢ ᠪᠠᠢᠳᠠᠭ᠃ ᠪᠠᠢᠯᠳᠤᠭ᠍ᠴᠢᠳ ᠰᠦᠨᠢ ᠲᠦᠯᠢ ᠪᠡᠷ ᠪᠤᠷᠤᠭᠠᠨ ᠤᠷᠤᠪᠠᠯ ᠭᠡᠷ᠎ᠤᠨ ᠰᠠᠷᠠᠪᠴᠢᠨ ᠲᠤᠤᠷ᠎ᠠ ᠵᠤᠬᠰᠤᠵᠤ ᠨᠣᠷᠣᠭᠳᠠᠨ ᠲᠠᠭᠠᠷᠠᠵᠤ ᠪᠡᠭᠡᠷᠡᠬᠦ ᠡᠴᠡ ᠪᠢᠰᠢ᠂ ᠡᠭᠦᠳᠡ᠎ᠶᠢ ᠨᠢ ᠲᠣᠭᠰᠢᠵᠤ ᠣᠯᠠᠨ ᠲᠦᠮᠡᠨ᠎ᠢ ᠦᠢᠮᠡᠭᠦᠯᠬᠦ ᠦᠭᠡᠢ; ᠥᠪᠡᠷ᠎ᠢᠶᠡᠨ ᠥᠯᠥᠰᠴᠦ ᠳᠠᠭᠠᠷᠠᠬᠤ ᠵᠤᠪᠠᠯᠠᠩ᠎ᠢ ᠬᠠᠨᠲᠠᠯ᠎ᠠ ᠠᠮᠰᠠᠭᠰᠠᠨ ᠴᠤ᠌ ᠬᠠᠭᠤᠷᠠᠢ ᠬᠦᠨᠡᠰᠦ ᠬᠥᠪᠥᠩ᠎ᠲᠠᠢ ᠬᠤᠪᠴᠠᠰᠤ᠎ᠪᠠᠨ ᠶᠠᠳᠠᠭᠤ ᠵᠦᠳᠡᠭᠦᠦ ᠠᠷᠠᠳ᠎ᠲᠤ ᠬᠤᠪᠢᠶᠠᠨ ᠥᠭᠲᠡᠭ᠃ ᠭᠣᠮᠢᠨᠳᠠᠩ᠎ᠤᠨ ᠨᠤᠶᠠᠷᠬᠠᠬᠴᠢᠳ ᠡᠮᠦᠨ᠎ᠡ ᠹᠷᠣᠨᠲ᠎ᠤᠨ ᠵᠠᠩᠵᠤᠨ ᠨᠠᠷ᠎ᠲᠠᠭᠠᠨ ᠢᠯᠡᠭᠡᠭᠰᠡᠨ ᠨᠢᠭᠡᠨ ᠨᠢᠭᠤᠴᠠ ᠳ᠋ᠢᠶᠠᠨᠪᠤᠤ᠎ᠳᠠᠭᠠᠨ᠄ 《ᠠᠷᠠᠳ ᠲᠦᠮᠡᠨ᠎ᠢ ᠥᠴᠥᠬᠡᠨ ᠴᠦ᠍ ᠦᠢᠮᠡᠭᠦᠯᠬᠦ ᠦᠭᠡᠢ᠂ ᠥᠯᠥᠰᠥᠭᠡᠳ ᠳᠡᠰᠬᠦ ᠦᠭᠡᠢ ᠪᠤᠯᠪᠠᠴᠤ ᠲᠠᠷᠢᠶᠠᠨ ᠳᠤᠳᠤᠷ᠎ᠠ ᠡᠴᠡ ᠨᠢᠭᠡ ᠯᠤᠤᠪᠠᠩᠢ ᠠᠪᠴᠤ ᠢᠳᠡᠭᠰᠡᠨ ᠴᠤ᠌ ᠨᠢᠭᠡ ᠭᠠᠤᠯᠢᠨ ᠵᠤᠭᠤᠰᠦᠯᠡᠳᠡᠬᠡᠵᠤ ᠦᠭᠬᠦᠨ᠎ᠡ》 ᠭᠡᠵᠦ ᠤᠯᠠᠭᠠᠨ ᠴᠡᠷᠢᠭ᠎ᠤᠨ ᠲᠤᠬᠠᠢ ᠲᠡᠮᠳᠡᠭᠯᠡᠭᠰᠡᠨ ᠪᠢᠯᠠ᠃ ᠤᠯᠠᠭᠠᠨ ᠴᠡᠷᠢᠭ᠎ᠦᠨ ᠬᠠᠳᠠᠭᠤ ᠴᠢᠩᠭ᠎ᠠ ᠰᠠᠬᠢᠯᠭ᠎ᠠ ᠪᠠᠲᠤ᠎ᠶᠢ ᠡᠰᠡᠷᠭᠦ ᠡᠲᠡᠭᠡᠳ ᠨᠢ ᠴᠦ᠍ ᠪᠢᠰᠢᠷᠡᠬᠦ ᠦᠭᠡᠢ ᠪᠠᠢᠬᠤ᠎ᠶᠢᠨ ᠠᠷᠭ᠎ᠠ ᠦᠭᠡᠢ ᠪᠠᠢᠯ᠎ᠠ᠃
ᠡᠨᠡ ᠪᠣᠯ ᠳᠤᠮᠳᠠᠳᠤ ᠤᠯᠤᠰ᠎ᠤᠨ ᠬᠡᠳᠦᠨ ᠮᠢᠩᠭᠠᠨ ᠵᠢᠯ᠎ᠦᠨ ᠲᠡᠦᠭᠡᠨ᠎ᠳᠦ ᠪᠠᠢᠭ᠎ᠠ ᠦᠭᠡᠢ ᠨᠢᠭᠡᠨ ᠰᠠᠯᠠᠭ᠎ᠠ ᠴᠡᠷᠢᠭ ᠮᠥᠨ᠃ ᠤᠯᠠᠭᠠᠨ ᠴᠡᠷᠢᠭ ᠶᠠᠳᠠᠭᠤ ᠬᠦᠴᠢᠷᠳᠡᠯᠲᠡᠢ ᠤᠯᠠᠨ ᠲᠦᠮᠡᠨ᠎ᠦ ᠲᠤᠰ ᠪᠡᠶ᠎ᠡ᠎ᠶᠢᠨ ᠠᠰᠢᠭ᠋ ᠲᠤᠰᠠ᠎ᠶᠢ ᠬᠠᠮᠠᠭᠠᠯᠠᠬᠤ᠎ᠪᠠᠷ ᠬᠥᠭᠡᠭᠡᠴᠡᠯᠳᠦᠯ ᠪᠣᠯᠭᠠᠵᠤ᠂ ᠤᠯᠠᠨ ᠲᠦᠮᠡᠨ᠎ᠦ ᠵᠣᠪᠠᠭᠤᠷᠢ ᠵᠦᠳᠡᠭᠦᠷᠢ᠎ᠶᠢ ᠬᠠᠯᠠᠮᠵᠢᠯᠠᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠳᠦ ᠡᠷᠬᠡ ᠲᠡᠭᠰᠢ᠎ᠪᠡᠷ ᠬᠠᠨᠳᠤᠵᠤ᠂ ᠦᠭᠡ ᠶᠠᠷᠢᠶ᠎ᠠ ᠦᠢᠯᠡ ᠠᠵᠢᠯᠯᠠᠭ᠎ᠠ᠎ᠪᠠᠷ᠎ᠢᠶᠠᠨ ᠠᠷᠠᠳ᠎ᠤᠨ ᠲᠥᠯᠥᠭᠡ ᠭᠡᠬᠦ ᠬᠠᠢᠷ᠎ᠠ ᠰᠡᠳᠬᠢᠯᠭᠡ᠎ᠪᠡᠨ ᠢᠯᠡᠷᠡᠭᠦᠯᠪᠡ᠃ ᠤᠷᠳᠤ ᠵᠠᠮ᠎ᠤᠨ ᠠᠶᠠᠨ ᠲᠠᠢ᠍ᠢᠨ ᠨᠢ ᠨᠢᠭᠡ ᠤᠳᠠᠭ᠎ᠠ᠎ᠶᠢᠨ ᠪᠠᠢᠯᠳᠤᠬᠤ ᠪᠣᠳᠣᠯᠭ᠎ᠠ᠎ᠶᠢᠨ ᠰᠢᠯᠵᠢᠯᠲᠡ ᠪᠣᠯᠬᠤ᠎ᠪᠠᠷ ᠪᠠᠷᠠᠬᠤ ᠦᠭᠡᠢ ᠪᠠᠰᠠ ᠨᠢᠭᠡ ᠤᠳᠠᠭ᠎ᠠ᠎ᠶᠢᠨ ᠥᠷᠭᠡᠨ ᠳᠡᠯᠭᠡᠷ ᠨᠡᠢᠭᠡᠮ᠎ᠦᠨ ᠳᠠᠢᠴᠢᠯᠠᠯᠲᠠ ᠪᠠᠢᠵᠤ᠂ ᠪᠦᠬᠦ ᠦᠨᠳᠦᠰᠦᠲᠡᠨ᠎ᠦ ᠰᠡᠬᠡᠭᠡᠷᠡᠯᠲᠡ ᠪᠣᠯᠣᠨ ᠡᠷᠡᠯᠬᠡᠭᠯᠡᠨ ᠳᠡᠮᠡᠴᠡᠬᠦ ᠪᠦᠷᠢᠶ᠎ᠡ᠎ᠶᠢ ᠬᠠᠩᠭᠢᠨᠠᠭᠤᠯᠵᠤ᠂ ᠶᠠᠳᠠᠭᠤ ᠬᠦᠴᠢᠷᠳᠡᠯᠲᠡᠢ ᠤᠯᠠᠨ ᠲᠦᠮᠡᠨ᠎ᠦ ᠰᠡᠳᠬᠢᠯ᠎ᠳᠦ ᠬᠤᠪᠢᠰᠬᠠᠯ᠎ᠤᠨ ᠣᠴᠢ᠎ᠶᠢ ᠳᠦᠷᠡᠯᠵᠡᠭᠦᠯᠪᠡ᠃
《ᠤᠷᠢᠳᠤ ᠦᠶ᠎ᠡ᠎ᠳᠤ ᠬᠤᠪᠢ ᠵᠠᠶᠠᠭ᠎ᠠ ᠵᠢ ᠲᠡᠭᠷᠢ᠎ᠡᠴᠡ ᠲᠣᠭᠲᠠᠭᠠᠭᠰᠠᠨ ᠭᠡᠵᠦ ᠪᠤᠳᠤᠳᠠᠭ ᠪᠠᠢᠵᠠᠢ᠂ ᠤᠯᠠᠭᠠᠨ ᠴᠡᠷᠢᠭ ᠪᠢᠳᠡᠨ᠎ᠳᠦ ᠶᠠᠳᠠᠭᠤᠴᠤᠳ᠎ᠤᠨ ᠵᠣᠪᠠᠭᠤᠷᠢ ᠵᠦᠳᠡᠭᠦᠷᠢ ᠨᠢ ᠲᠥᠪ ᠭᠣᠣᠯᠴᠢ ᠪᠤᠰᠤ ᠶᠢᠷᠲᠢᠨᠴᠦ᠎ᠶᠢᠨ ᠶᠣᠰᠣᠨ᠎ᠡᠴᠡ ᠢᠷᠡᠭᠰᠡᠨ᠂ ᠪᠢᠳᠡ ᠥᠪᠡᠷ᠎ᠢᠶᠡᠨ ᠠᠮᠢᠳᠤᠷᠠᠬᠤ ᠵᠠᠮ ᠡᠷᠢᠯᠬᠢᠯᠡᠵᠦ ᠳᠡᠶ᠋ᠢᠯᠬᠦ᠎ᠶᠢ ᠮᠡᠳᠡᠭᠦᠯᠵᠡᠢ!》 ᠳᠤᠮᠳᠠᠳᠤ ᠤᠯᠤᠰ᠎ᠤᠨ ᠡᠪ ᠬᠠᠮᠲᠤ ᠨᠠᠮ ᠪᠣᠯ ᠠᠷᠠᠳ ᠲᠦᠮᠡᠨ᠎ᠳᠦ ᠠᠰᠢᠭ᠋ ᠲᠤᠰᠠ ᠣᠯᠭᠣᠬᠤ ᠨᠠᠮ ᠮᠥᠨ᠂ ᠤᠯᠠᠭᠠᠨ ᠴᠡᠷᠢᠭ ᠪᠣᠯ ᠠᠷᠠᠳ ᠲᠦᠮᠡᠨ᠎ᠦ ᠴᠡᠷᠢᠭ ᠮᠥᠨ᠂ ᠶᠠᠫᠤᠨ᠎ᠢ ᠡᠰᠡᠷᠭᠦᠴᠡᠬᠦ ᠵᠢᠩᠬᠢᠨᠢ ᠬᠦᠴᠦᠨ ᠮᠥᠨ᠂ ᠤᠷᠳᠤ ᠵᠠᠮ᠎ᠤᠨ ᠠᠶᠠᠨ ᠲᠠᠢ᠍ᠢᠨ ᠪᠣᠯ ᠠᠷᠠᠳ ᠲᠦᠮᠡᠨ᠎ᠢ ᠳᠠᠭᠠᠭᠤᠯᠤᠨ ᠡᠷᠬᠡ ᠴᠢᠯᠦᠭᠡ᠎ᠪᠡᠨ ᠣᠯᠬᠤ ᠭᠡᠭᠡᠨ ᠰᠠᠷᠠᠭᠤᠯ ᠳᠠᠷᠳᠠᠩ ᠵᠠᠮ ᠮᠥᠨ ᠭᠡᠳᠡᠭ᠎ᠢ ᠥᠷᠭᠡᠨ ᠤᠯᠠᠨ ᠠᠷᠠᠳ ᠲᠦᠮᠡᠨ ᠭᠦᠨᠵᠡᠭᠡᠢ ᠲᠠᠨᠢᠵᠤ ᠣᠯᠪᠠ᠃
ᠤᠯᠠᠭᠠᠨ ᠴᠡᠷᠢᠭ ᠢᠯᠠᠭᠤᠭᠰᠠᠨ ᠲᠠᠢ᠍ᠢᠨ ᠬᠢᠬᠦ᠎ᠳᠦ ᠠᠷᠠᠳ ᠲᠦᠮᠡᠨ ᠪᠣᠯ ᠲᠦᠰᠢᠭ ᠲᠤᠯᠭᠠᠭᠤᠷᠢ ᠮᠥᠨ᠃ ᠲᠡᠷᠰᠯᠡᠭᠦᠴᠦᠳ᠎ᠦᠨ ᠠᠶᠤᠯᠭᠠᠨ ᠰᠦᠷᠳᠡᠭᠦᠯᠬᠦ᠎ᠡᠴᠡ ᠠᠶᠤᠬᠤ ᠦᠭᠡᠢ᠂ ᠠᠷᠠᠳ ᠤᠯᠠᠨ ᠥᠪᠡᠷ᠎ᠦᠨ ᠡᠩᠨᠡᠭᠡ᠎ᠪᠡᠨ ᠪᠦᠬᠦ ᠬᠦᠴᠦ᠎ᠪᠡᠷ᠎ᠢᠶᠡᠨ ᠲᠤᠰᠠᠯᠠᠨ ᠬᠠᠮᠠᠭᠠᠯᠠᠪᠠ᠃ ᠭᠡᠷ᠎ᠦᠨ᠎ᠢᠶᠡᠨ ᠡᠭᠦᠳᠡᠨ ᠬᠠᠪᠲᠠᠰᠤ᠎ᠶᠢ ᠵᠠᠳᠠᠯᠵᠤ᠂ ᠭᠣᠣᠯ ᠭᠠᠲᠤᠯᠬᠤ ᠴᠡᠷᠢᠭ ᠠᠩᠭᠢ᠎ᠳᠤ ᠬᠥᠪᠥᠮᠡᠯ ᠬᠥᠭᠥᠷᠭᠡ ᠲᠠᠯᠪᠢᠵᠤ ᠥᠭᠴᠦ᠂ ᠢᠳᠡᠵᠦ ᠡᠮᠦᠰᠬᠦ᠎ᠪᠡᠨ ᠠᠷᠪᠢᠯᠠᠨ ᠠᠮᠤ ᠪᠤᠳᠠᠭ᠎ᠠ ᠬᠦᠷᠭᠡᠵᠦ ᠠᠶᠠᠨ ᠵᠠᠮ᠎ᠤᠨ ᠬᠡᠷᠡᠭᠴᠡᠭᠡ᠎ᠶᠢ ᠪᠠᠲᠤᠯᠠᠵᠤ᠂ ᠭᠡᠷ ᠪᠠᠢᠰᠢᠩ᠎ᠢᠶᠡᠨ ᠭᠠᠯᠳᠠᠭᠳᠠᠬᠤ ᠴᠢᠨᠠᠭᠰᠢᠯᠠᠪᠠᠯ ᠬᠦᠢᠰᠦ ᠲᠡᠮᠲᠡᠷᠢᠭᠳᠡᠬᠦ ᠠᠶᠤᠯ ᠲᠦᠭᠰᠢᠭᠦᠷᠢ᠎ᠶᠢ ᠬᠠᠢᠬᠤᠷᠤᠯ ᠦᠭᠡᠢ ᠰᠢᠷᠬᠠᠲᠤᠭᠰᠠᠨ ᠳᠠᠷᠤᠭ᠎ᠠ ᠪᠠᠢᠯᠳᠤᠭ᠍ᠴᠢᠳ᠎ᠢ ᠨᠠᠷᠢᠨ ᠨᠢᠮᠪᠠᠢ ᠬᠠᠷᠠᠭᠠᠯᠵᠠᠪᠠ᠃ ᠤᠯᠠᠭᠠᠨ ᠴᠡᠷᠢᠭ ᠨᠢᠭᠡ ᠭᠠᠵᠠᠷ᠎ᠲᠤ ᠬᠦᠷᠬᠦ ᠪᠦᠷᠢ ᠬᠤᠪᠢᠰᠬᠠᠯ᠎ᠤᠨ ᠵᠣᠷᠢᠯᠲᠠ᠎ᠶᠢ ᠤᠬᠠᠭᠤᠯᠤᠨ ᠲᠠᠢᠯᠪᠤᠷᠢᠯᠠᠵᠤ᠂ ᠤᠯᠠᠨ ᠲᠦᠮᠡᠨ᠎ᠦ ᠠᠵᠢᠯ᠎ᠢ ᠥᠷᠨᠢᠭᠦᠯᠬᠦ᠎ᠪᠡᠷ ᠳᠠᠮᠵᠢᠨ ᠶᠠᠳᠠᠭᠤ ᠬᠦᠴᠢᠷᠳᠡᠯᠲᠡᠢ ᠤᠯᠠᠨ ᠲᠦᠮᠡᠨ᠎ᠢ ᠰᠡᠭᠡᠭᠡᠷᠡᠭᠦᠯᠦᠨ ᠰᠡᠷᠢᠭᠡᠳᠡᠭ ᠪᠠᠢᠯ᠎ᠠ᠃ ᠬᠤᠪᠢᠰᠬᠠᠯ᠎ᠤᠨ ᠬᠦᠰᠡᠯᠡᠩ᠎ᠦᠨ ᠤᠷᠢᠶᠠᠯᠠᠭ᠎ᠠ ᠳᠣᠣᠷ᠎ᠠ ᠵᠠᠮ ᠳᠠᠭᠠᠤ᠎ᠶᠢᠨ ᠦᠨᠳᠦᠰᠦᠲᠡᠨ᠎ᠨᠦᠭᠦᠳ᠎ᠦᠨ ᠤᠯᠠᠨ ᠲᠦᠮᠡᠨ ᠬᠠᠭᠤᠴᠢᠨ ᠪᠠᠢᠭᠤᠯᠤᠯ᠎ᠤᠨ ᠳᠠᠷᠤᠯᠠᠯ᠎ᠡᠴᠡ ᠮᠤᠯᠲᠤᠷᠠᠵᠤ᠂ ᠬᠣᠢᠨ᠎ᠠ ᠬᠣᠢᠨ᠎ᠠ᠎ᠡᠴᠡ᠎ᠪᠠᠨ ᠤᠯᠠᠭᠠᠨ ᠴᠡᠷᠢᠭ᠎ᠲᠦ ᠣᠷᠣᠪᠠ᠃ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠍ᠢᠨ᠎ᠦ ᠲᠡᠦᠬᠡ ᠪᠣᠯ ᠳᠠᠷᠤᠢ ᠴᠡᠷᠢᠭ ᠠᠷᠠᠳ᠎ᠤᠨ ᠵᠢᠭᠠᠰᠤ ᠤᠰᠤᠨ᠎ᠤ ᠭᠦᠨ ᠵᠤᠵᠠᠭᠠᠨ ᠰᠡᠳᠭᠢᠯᠭᠡ ᠲᠠᠢ ᠲᠡᠦᠬᠡ ᠮᠥᠨ᠃ ᠠᠷᠠᠳ ᠤᠯᠠᠨ ᠤᠯᠠᠭᠠᠨ ᠴᠡᠷᠢᠭ᠎ᠢ ᠬᠠᠪᠰᠤᠷᠤᠨ ᠪᠣᠭᠣᠮᠲᠠ᠎ᠶᠢ ᠨᠢᠭᠡᠳ ᠨᠢᠭᠡ᠎ᠪᠡᠷ ᠰᠢᠪᠲᠤᠯᠵᠤ᠂ ᠬᠤᠪᠢᠰᠬᠠᠯ᠎ᠤᠨ ᠡᠩᠨᠡᠭᠡ᠎ᠶᠢ ᠵᠣᠷᠢᠭ᠍ᠵᠢᠭᠤᠯᠤᠨ ᠤᠷᠤᠭᠰᠢᠯᠠᠭᠤᠯᠤᠭᠰᠠᠨ ᠶᠤᠮ᠃ ᠮᠠᠨ᠎ᠤ ᠨᠠᠮ ᠢᠮᠠᠭᠲᠠ ᠠᠷᠠᠳ ᠲᠦᠮᠡᠨ᠎ᠦ ᠳᠤᠮᠳᠠ ᠦᠨᠳᠦᠰᠦᠯᠡᠵᠦ᠂ ᠤᠯᠠᠨ ᠲᠦᠮᠡᠨ᠎ᠲᠠᠢ ᠬᠠᠷᠢᠯᠴᠠᠵᠤ᠂ ᠤᠯᠠᠨ ᠲᠦᠮᠡᠨ᠎ᠢ ᠤᠬᠠᠭᠤᠯᠵᠤ᠂ ᠤᠯᠠᠨ ᠲᠦᠮᠡᠨ᠎ᠢ ᠵᠡᠪᠰᠡᠭᠯᠡᠨ᠂ ᠤᠯᠠᠨ ᠲᠦᠮᠡᠨ᠎ᠢ ᠪᠦᠯᠬᠦᠮᠳᠡᠭᠦᠯᠵᠦ᠂ ᠤᠯᠠᠨ ᠲᠦᠮᠡᠨ᠎ᠢ ᠲᠦᠰᠢᠭᠯᠡᠨ᠂ ᠥᠪᠡᠷ᠎ᠦᠨ ᠵᠢᠱ᠌ᠢᠶᠡᠴᠢ ᠠᠵᠢᠯᠯᠠᠭ᠎ᠠ᠎ᠪᠠᠷ᠎ᠢᠶᠠᠨ ᠠᠷᠠᠳ ᠤᠯᠠᠨ᠎ᠤ ᠦᠨᠡᠨ ᠰᠡᠳᠬᠢᠯ᠎ᠦᠨ ᠬᠦᠷᠢᠶᠡᠯᠡᠯ ᠪᠠ ᠳᠡᠮᠵᠢᠯᠭᠡ᠎ᠶᠢ ᠣᠯᠣᠭᠰᠠᠨ ᠶᠤᠮ᠂ ᠥᠷᠭᠡᠨ ᠤᠯᠠᠨ ᠠᠷᠠᠳ ᠲᠦᠮᠡᠨ ᠪᠣᠯ ᠤᠷᠳᠤ ᠵᠠᠮ᠎ᠤᠨ ᠠᠶᠠᠨ ᠲᠠᠢ᠍ᠢᠨ᠎ᠦ ᠢᠯᠠᠯᠲᠠ᠎ᠶᠢᠨ ᠬᠦᠴᠦᠨ ᠴᠢᠳᠠᠯ᠎ᠤᠨ ᠡᠬᠢ ᠪᠤᠯᠠᠭ ᠮᠥᠨ᠃
ᠠᠷᠠᠳ᠎ᠤᠨ ᠰᠡᠳᠬᠢᠯ᠎ᠢ ᠣᠯᠪᠠᠰᠤ ᠳᠡᠯᠡᠬᠡᠢ ᠳ᠋ᠠᠬᠢᠨ᠎ᠢ ᠣᠯᠣᠮᠤᠢ᠃ ᠶᠠᠫᠤᠨ᠎ᠢ ᠡᠰᠡᠷᠭᠦᠴᠡᠬᠦ ᠳᠠᠢ᠍ᠢᠨ᠎ᠦ ᠢᠯᠠᠯᠲᠠ᠎ᠶᠢ ᠪᠣᠯ ᠪᠦᠬᠦ ᠦᠨᠳᠦᠰᠦᠲᠡᠨ᠎ᠢᠶᠡᠷ᠎ᠢᠶᠡᠨ ᠰᠡᠳᠬᠢᠯ ᠵᠤᠷᠢᠭ ᠨᠢᠭᠡᠳᠦᠨ ᠣᠯᠣᠭᠰᠠᠨ ᠶᠤᠮ; ᠴᠢᠯᠦᠭᠡᠯᠡᠬᠦ ᠲᠠᠢ᠍ᠢᠨ᠎ᠦ ᠢᠯᠠᠯᠲᠠ᠎ᠶᠢ ᠪᠤᠯ ᠠᠷᠠᠳ ᠲᠦᠮᠡᠨ ᠪᠦᠬᠦ ᠬᠦᠴᠦ᠎ᠪᠡᠷ᠎ᠢᠶᠡᠨ ᠲᠤᠰᠠᠯᠠᠵᠤ ᠪᠠᠢᠭᠠᠳ ᠣᠯᠣᠭᠰᠠᠨ ᠶᠤᠮ; ᠨᠡᠢᠭᠡᠮ ᠵᠢᠷᠤᠮᠲᠤ ᠪᠦᠲᠦᠭᠡᠨ ᠪᠠᠢᠭᠤᠯᠤᠯᠲᠠ᠎ᠶᠢᠨ ᠠᠮᠵᠢᠯᠲᠠ᠎ᠶᠢ ᠪᠣᠯ ᠠᠷᠠᠳ ᠲᠦᠮᠡᠨ ᠬᠣᠶᠠᠷ ᠭᠠᠷ᠎ᠢᠶᠠᠷ᠎ᠢᠶᠠᠨ ᠬᠢᠵᠦ ᠪᠠᠢᠭᠠᠳ ᠣᠯᠣᠭᠰᠠᠨ ᠶᠤᠮ; ᠥᠭᠡᠷᠡᠴᠢᠯᠡᠯᠲᠡ ᠨᠡᠭᠡᠭᠡᠯᠲᠡ᠎ᠶᠢᠨ ᠰᠦᠷᠯᠢᠭ ᠰᠠᠢᠬᠠᠨ ᠵᠢᠷᠤᠭᠯᠠᠯ᠎ᠢ ᠪᠣᠯ ᠠᠷᠠᠳ ᠲᠦᠮᠡᠨ ᠤᠷᠭᠢᠯᠦᠮ᠎ᠠ ᠬᠠᠯᠠᠭᠤᠨ ᠰᠡᠳᠬᠢᠯᠭᠡ᠎ᠪᠡᠷ ᠡᠭᠦᠳᠦᠨ ᠪᠦᠲᠦᠭᠡᠭᠰᠡᠨ ᠶᠤᠮ; ᠰᠢᠨ᠎ᠡ ᠴᠠᠭ ᠦᠶ᠎ᠡ᠎ᠶᠢᠨ ᠠᠭᠤᠤ ᠶᠡᠬᠡ ᠠᠮᠵᠢᠯᠲᠠ᠎ᠶᠢ ᠪᠣᠯ ᠠᠷᠠᠳ ᠲᠦᠮᠡᠨ ᠤᠶᠤᠨ ᠤᠬᠠᠭᠠᠨ ᠪᠣᠯᠣᠨ ᠪᠣᠳᠠᠲᠠᠢ ᠠᠵᠢᠯᠯᠠᠭ᠎ᠠ᠎ᠪᠠᠷ᠎ᠢᠶᠠᠨ ᠡᠭᠦᠳᠦᠨ ᠨᠡᠭᠡᠭᠡᠭᠰᠡᠨ ᠶᠤᠮ᠃ ᠠᠷᠠᠳ ᠲᠦᠮᠡᠨ ᠪᠣᠯ ᠥᠨᠢ ᠡᠭᠦᠷᠢᠳᠡ ᠮᠠᠨ᠎ᠤ ᠨᠠᠮ᠎ᠤᠨ ᠠᠭᠤᠤ ᠶᠡᠬᠡ ᠦᠢᠯᠡᠰ᠎ᠢ ᠠᠬᠢᠭᠤᠯᠬᠤ ᠦᠨᠳᠦᠰᠦᠨ ᠲᠦᠰᠢᠭ ᠮᠥᠨ ᠭᠡᠳᠡᠭ᠎ᠢ ᠲᠡᠦᠬᠡ ᠭᠦᠢᠴᠡᠳ ᠭᠡᠷᠡᠴᠢᠯᠡᠵᠡᠢ᠃
ᠬᠡᠨ᠎ᠦ ᠲᠥᠯᠥᠭᠡ ᠪᠠᠢᠬᠤ᠂ ᠬᠡᠨ᠎ᠳᠦ ᠲᠦᠰᠢᠭᠯᠡᠬᠦ ᠠᠰᠠᠭᠤᠳᠠᠯ ᠪᠣᠯ ᠨᠢᠭᠡᠨ ᠲᠦᠷᠦ᠎ᠶᠢᠨ ᠨᠠᠮ᠂ ᠨᠢᠭᠡᠨ ᠵᠠᠰᠠᠭ᠎ᠤᠨ ᠡᠷᠬᠡ᠎ᠶᠢᠨ ᠰᠢᠨᠵᠢ ᠴᠢᠨᠠᠷ᠎ᠢ ᠰᠢᠯᠭᠠᠬᠤ ᠰᠢᠯᠭᠠᠭᠤᠷ ᠮᠥᠨ᠃ ᠠᠷᠠᠳᠴᠢ ᠴᠢᠨᠠᠷ ᠪᠣᠯ ᠮᠠᠷᠺᠰ᠎ᠤᠨ ᠦᠵᠡᠯ᠎ᠦᠨ ᠮᠥᠨ ᠴᠢᠨᠠᠷ᠎ᠤᠨ ᠰᠢᠨᠵᠢ ᠮᠥᠨ᠃ ᠠᠷᠠᠳ ᠲᠦᠮᠡᠨ᠎ᠦ ᠲᠥᠯᠥᠭᠡ ᠪᠠᠢᠭᠤᠯᠤᠭᠳᠠᠵᠦ᠂ ᠠᠷᠠᠳ ᠲᠦᠮᠡᠨ᠎ᠦ ᠲᠥᠯᠥᠭᠡ ᠬᠥᠭᠵᠢᠨ ᠮᠠᠨᠳᠤᠵᠤ᠂ ᠢᠮᠠᠭᠲᠠ ᠠᠷᠠᠳ ᠲᠦᠮᠡᠨ᠎ᠲᠠᠢ ᠬᠠᠮᠲᠤ ᠪᠠᠢᠵᠤ᠂ ᠠᠷᠠᠳ ᠲᠦᠮᠡᠨ᠎ᠦ ᠠᠰᠢᠭ᠋ ᠲᠤᠰᠠ᠎ᠶᠢᠨ ᠲᠥᠯᠥᠭᠡ ᠲᠡᠮᠡᠴᠡᠬᠦ ᠪᠣᠯ ᠮᠠᠨ᠎ᠤ ᠨᠠᠮ᠎ᠤᠨ ᠨᠠᠮ ᠪᠠᠢᠭᠤᠯᠵᠤ ᠨᠠᠮ᠎ᠢ ᠮᠠᠨᠳᠤᠭᠤᠯᠵᠤ ᠨᠠᠮ᠎ᠢ ᠬᠦᠴᠦᠷᠬᠡᠭᠵᠢᠭᠦᠯᠬᠦ᠎ᠶᠢᠨ ᠦᠨᠳᠦᠰᠦᠨ ᠵᠣᠷᠢᠯᠲᠠ ᠪᠠ ᠲᠤᠰᠤᠯᠲᠠ ᠮᠥᠨ᠃
ᠶᠡᠷᠦᠩᠬᠡᠢ ᠱᠦᠵᠢ ᠰᠢ ᠵᠢᠨ ᠫᠢᠩ᠄ 《ᠠᠭᠤᠤ ᠶᠡᠬᠡ ᠤᠷᠳᠤ ᠵᠠᠮ᠎ᠤᠨ ᠠᠶᠠᠨ ᠲᠠᠢ᠍ᠢᠨ᠎ᠦ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠥᠨᠥᠳᠥᠷ᠎ᠦᠨ ᠤᠷᠳᠤ ᠵᠠᠮ᠎ᠤᠨ ᠠᠶᠠᠨ ᠲᠠᠢ᠍ᠢᠨᠤ ᠵᠠᠮ᠎ᠢᠶᠡᠷ ᠰᠠᠢᠲᠤᠷ ᠵᠠᠮᠨᠠᠬᠤ᠎ᠳᠦ ᠡᠷᠬᠡᠪᠰᠢ ᠠᠷᠠᠳ ᠲᠦᠮᠡᠨ᠎ᠢ ᠰᠡᠳᠬᠢᠯ ᠵᠢᠷᠦᠬᠡᠨ᠎ᠦ᠎ᠪᠡᠨ ᠬᠠᠮᠤᠭ᠎ᠤᠨ ᠳᠡᠭᠡᠳᠦ ᠪᠠᠢᠷᠢᠨ᠎ᠳᠤ ᠲᠠᠯᠪᠢᠵᠤ᠂ ᠠᠯᠢᠪᠠ ᠪᠦᠬᠦᠨ᠎ᠳᠦ ᠠᠷᠠᠳ ᠲᠦᠮᠡᠨ᠎ᠦ ᠲᠥᠯᠥᠭᠡ ᠪᠠᠢᠬᠤ᠂ ᠠᠯᠢᠪᠠ ᠪᠦᠬᠦᠨ᠎ᠳᠦ ᠠᠷᠠᠳ ᠲᠦᠮᠡᠨ᠎ᠳᠦ ᠲᠦᠰᠢᠭᠯᠡᠬᠦ᠂ ᠠᠷᠠᠳ ᠲᠦᠮᠡᠨ᠎ᠢ ᠨᠡᠩ ᠰᠠᠢᠨ ᠰᠠᠢᠬᠠᠨ ᠠᠮᠢᠳᠤᠷᠠᠭᠤᠯᠬᠤ᠎ᠶᠢᠨ ᠲᠥᠯᠥᠭᠡ ᠴᠥᠬᠥᠷᠡᠰᠢ ᠦᠭᠡᠢ ᠲᠡᠮᠡᠴᠡᠬᠦ ᠬᠡᠷᠡᠭᠲᠡᠢ》 ᠭᠡᠵᠦ ᠭᠦᠨᠵᠡᠭᠡᠢ ᠵᠢᠭᠠᠵᠤ ᠭᠠᠷᠭᠠᠪᠠ᠃ ᠠᠷᠠᠳ ᠲᠦᠮᠡᠨ᠎ᠲᠠᠢ ᠬᠠᠲᠠᠭᠤ ᠪᠡᠷᠬᠡᠰᠢᠶᠡᠯ᠎ᠢ ᠬᠠᠮᠲᠤ᠎ᠪᠠᠷ ᠲᠤᠭᠤᠯᠵᠤ᠂ ᠴᠢᠰᠤ ᠮᠢᠬᠠᠨ᠎ᠤ ᠪᠠᠷᠢᠯᠳᠤᠯᠭ᠎ᠠ᠎ᠲᠠᠢ ᠪᠣᠯᠵᠤ᠂ ᠦᠬᠦᠵᠦ ᠰᠡᠭᠡᠬᠦ᠎ᠪᠡᠨ ᠬᠠᠮᠲᠤᠳᠬᠠᠬᠤ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠣᠯᠣᠨ ᠤᠯᠠᠭᠠᠨ ᠴᠡᠷᠢᠭ᠎ᠦᠨ ᠤᠷᠲᠤ ᠵᠠᠮ᠎ᠤᠨ ᠠᠶᠠᠨ ᠲᠠᠶ᠋ᠢᠨᠦ ᠢᠯᠠᠯᠲᠠ᠎ᠶᠢ ᠣᠯᠤᠭᠰᠠᠨ ᠦᠨᠳᠦᠰᠦᠨ ᠪᠠᠲᠤᠯᠠᠭ᠎ᠠ ᠮᠥᠨ᠂ ᠪᠠᠰᠠ ᠴᠤ᠌ ᠪᠢᠳᠡᠨ᠎ᠦ ᠠᠯᠢᠪᠠ ᠬᠦᠴᠢᠷ ᠪᠡᠷᠬᠡᠰᠢᠶᠡᠯ ᠪᠣᠯᠣᠨ ᠠᠶᠤᠯ ᠲᠦᠭᠰᠢᠭᠦᠷᠢ᠎ᠶᠢ ᠢᠯᠠᠨ ᠳᠠᠪᠠᠬᠤ ᠦᠨᠳᠦᠰᠦᠨ ᠪᠠᠲᠤᠯᠠᠭ᠎ᠠ ᠮᠥᠨ᠃
ᠲᠥᠷᠥ ᠭᠦᠷᠦᠨ ᠪᠣᠯ ᠠᠷᠠᠳ ᠲᠦᠮᠡᠨ᠂ ᠠᠷᠠᠳ ᠲᠦᠮᠡᠨ ᠪᠣᠯ ᠲᠥᠷᠥ ᠭᠦᠷᠦᠨ᠂ ᠲᠥᠷᠥ ᠭᠦᠷᠦᠨ᠎ᠢ ᠪᠠᠶ᠋ᠢᠭᠤᠯᠵᠤ᠂ ᠲᠥᠷᠥ ᠭᠦᠷᠦᠨ᠎ᠢ ᠰᠠᠬᠢᠬᠤ ᠨᠢ ᠳᠠᠷᠤᠢ ᠠᠷᠠᠳ ᠲᠦᠮᠡᠨ᠎ᠦ ᠰᠡᠳᠬᠢᠯ᠎ᠢ ᠰᠠᠬᠢᠵᠤ ᠪᠠᠢᠭ᠎ᠠ ᠶᠠᠪᠤᠳᠠᠯ ᠪᠣᠯᠣᠨ᠎ᠠ᠃ ᠨᠡᠶ᠋ᠢᠲᠡ᠎ᠶᠢᠨ ᠲᠥᠯᠥᠭᠡ ᠨᠠᠮ ᠪᠠᠢᠭᠤᠯᠵᠤ᠂ ᠠᠷᠠᠳ᠎ᠤᠨ ᠲᠥᠯᠥᠭᠡ ᠲᠦᠷᠦ ᠪᠠᠷᠢᠬᠤ᠎ᠶᠢ ᠪᠠᠷᠢᠮᠲᠠᠯᠠᠵᠤ᠂ ᠪᠦᠬᠦ ᠰᠡᠳᠬᠢᠯ ᠪᠦᠬᠦ ᠵᠣᠷᠢᠭ᠋᠎ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠬᠦ ᠦᠨᠳᠦᠰᠦᠨ ᠵᠣᠷᠢᠯᠲᠠ᠎ᠶᠢ ᠤᠬᠠᠮᠰᠠᠷ᠎ᠡᠴᠡ᠎ᠪᠠᠨ ᠦᠢᠯᠡᠳᠦᠯᠭᠡᠵᠢᠭᠦᠯᠵᠦ᠂ ᠠᠷᠠᠳ ᠲᠦᠮᠡᠨ᠎ᠲᠠᠢ ᠬᠠᠮᠲᠤ ᠵᠣᠭᠰᠣᠵᠤ᠂ ᠬᠠᠮᠲᠤ ᠪᠤᠳᠤᠵᠤ᠂ ᠬᠠᠮᠲᠤ ᠠᠵᠢᠯᠯᠠᠬᠤ ᠬᠡᠷᠡᠭᠲᠡᠢ᠂ ᠮᠠᠨ᠎ᠤ ᠨᠠᠮ᠎ᠤᠨ ᠪᠠᠲᠤ ᠪᠡᠬᠢ ᠰᠠᠭᠤᠷᠢ ᠵᠢ ᠶᠠᠮᠠᠷᠪᠠ ᠰᠠᠯᠬᠢᠨ ᠳᠠᠪᠠᠯᠭᠠᠨ ᠴᠤ᠌ ᠭᠤᠢᠪᠢᠯᠵᠠᠭᠤᠯᠵᠤ ᠳᠡᠢᠯᠬᠦ ᠦᠭᠡᠢ ᠶᠤᠮ᠃
(ᠲᠠᠪᠤ)
ᠤᠷᠳᠤ ᠵᠠᠮ᠎ᠤᠨ ᠠᠶᠠᠨ ᠲᠠᠢ᠍ᠢᠨ ᠭᠡᠬᠦ ᠡᠨᠡ ᠬᠦ᠌ 《ᠤᠯᠠᠭᠠᠨ ᠪᠦᠴᠡ》 ᠪᠣᠯ ᠲᠣᠭ᠎ᠠ ᠲᠣᠮᠰᠢ ᠦᠭᠡᠢ ᠤᠯᠠᠨ ᠤᠯᠠᠭᠠᠨ ᠴᠡᠷᠢᠭ᠎ᠦᠨ ᠠᠷᠢᠭᠤᠨ ᠴᠢᠰᠤ᠎ᠪᠠᠷ ᠪᠤᠳᠤᠭᠯᠠᠭᠳᠠᠭᠰᠠᠨ ᠶᠤᠮ᠃ ᠮᠢᠩᠭᠠᠨ ᠪᠡᠷᠬᠡ ᠲᠦᠮᠡᠨ ᠪᠠᠷᠳᠠᠭ᠎ᠠ᠎ᠶᠢ ᠢᠯᠠᠨ ᠳᠠᠪᠠᠵᠤ ᠂ ᠲᠦᠢᠯ᠎ᠤᠨ ᠬᠦᠴᠢᠷᠳᠠᠯᠳᠠᠢ ᠠᠬᠤᠢ ᠪᠠᠢᠳᠠᠯ᠎ᠳᠦ ᠴᠸ᠋ ᠬᠦᠮᠦᠨ ᠳᠦᠷᠦᠯᠬᠢᠳᠡᠨ ᠤᠷᠤᠰᠢᠨ ᠠᠮᠢᠳᠤᠷᠠᠵᠦ ᠳᠠᠢᠯᠳᠡᠭ ᠭᠡᠳᠡᠭ᠎ᠢ ᠬᠠᠷᠠᠭᠤᠯᠪᠠ᠃ ᠡᠨᠡ ᠬᠦ᠌ ᠡᠩᠨᠡᠭᠡ ᠶᠠᠭᠤᠨ᠎ᠡᠴᠡ ᠴᠤ᠌ ᠠᠶᠤᠬᠤ ᠦᠭᠡᠢ᠂ ᠨᠤᠭᠤᠷᠠᠰᠢ ᠦᠭᠡᠢ ᠵᠣᠷᠢᠭ᠋ ᠰᠠᠨᠠᠭᠠᠨ᠎ᠤ ᠵᠠᠩ ᠰᠤᠷᠲᠠᠯ᠎ᠢᠶᠠᠷ ᠰᠢᠨ᠎ᠡ ᠠᠮᠢᠳᠤᠷᠠᠯ ᠲᠡᠢᠰᠢ ᠤᠷᠤᠭᠰᠢᠯᠠᠬᠤ᠂ ᠢᠯᠠᠯᠲᠠ ᠲᠡᠢᠰᠢ ᠤᠷᠤᠭᠰᠢᠯᠠᠬᠤ ᠬᠤᠪᠢᠰᠬᠠᠯ᠎ᠤᠨ ᠵᠠᠮ᠎ᠢ ᠨᠡᠭᠡᠭᠡᠭᠰᠡᠨ ᠪᠠᠢᠨ᠎ᠠ᠃
ᠰᠢᠨ ᠰᠢᠦᠢ ᠪᠣᠯ ᠲᠥᠪ᠎ᠦᠨ ᠤᠯᠠᠭᠠᠨ ᠴᠡᠷᠢᠭ᠎ᠦᠨ ᠰᠢᠶᠠᠩᠵᠢᠶᠠᠩ ᠮᠥᠷᠡᠨ᠎ᠢ ᠵᠠᠪᠳᠤᠨ ᠭᠡᠲᠦᠯᠬᠦ ᠭᠡᠰᠡᠨ ᠵᠡᠭᠦᠨ ᠵᠢᠭᠦᠷ᠎ᠦᠨ ᠴᠢᠬᠤᠯᠠ ᠭᠠᠵᠠᠷ ᠪᠠᠢᠵᠦ᠂ ᠲᠡᠭᠦᠨ᠎ᠢ ᠠᠯᠳᠠᠪᠠᠯ ᠪᠦᠬᠦ ᠴᠡᠷᠢᠭ᠎ᠢ ᠬᠤᠳᠠᠷᠭᠠᠯᠠᠨ ᠲᠡᠭ ᠳᠤᠮᠳᠠᠭᠤᠷ ᠨᠢ ᠴᠣᠬᠢᠬᠤ ᠪᠣᠯᠣᠨ᠎ᠠ᠃ ᠥᠪᠡᠷ᠎ᠦᠨ ᠪᠡᠶ᠎ᠡ᠎ᠡᠴᠡ᠎ᠪᠡᠨ ᠬᠡᠳᠦᠨ ᠲᠠᠬᠢᠨ ᠬᠦᠴᠦᠷᠬᠡᠭ ᠳᠠᠢᠰᠤᠨ᠎ᠤ ᠡᠮᠦᠨ᠎ᠡ ᠤᠯᠠᠭᠠᠨ ᠴᠡᠷᠢᠭ᠎ᠤᠨ ᠭᠤᠷᠪᠠᠳᠤᠭᠠᠷ ᠨᠢᠭᠡᠳᠬᠡᠯ ᠠᠷᠮᠢ᠎ᠶᠢᠨ ᠲᠠᠪᠤᠳᠤᠭᠠᠷ ᠳ᠋ᠢᠸᠢᠽᠢ ᠬᠠᠯᠠᠭᠤᠨ ᠠᠮᠢ ᠪᠦᠯᠢᠶᠡᠨ ᠴᠢᠰᠤ᠎ᠪᠠᠷ᠎ᠢᠶᠠᠨ ᠬᠠᠪᠴᠢᠯ᠎ᠤᠨ ᠠᠮᠠ᠎ᠶᠢ ᠪᠠᠲᠤ ᠰᠠᠬᠢᠵᠤ᠂ ᠳ᠋ᠢᠸᠢᠽᠢ᠎ᠶᠢᠨ ᠱᠲ᠋ᠠᠪ᠎ᠤᠨ ᠳᠠᠷᠤᠭ᠎ᠠ᠂ ᠬᠣᠷᠢᠶ᠎ᠠ᠎ᠶᠢᠨ ᠲᠡᠰ᠎ᠤᠨ ᠵᠢᠯᠣᠭᠣᠳᠤᠭ᠍ᠴᠢ ᠪᠠᠰᠠ ᠬᠣᠢᠨ᠎ᠠ ᠬᠣᠢᠨ᠎ᠠ᠎ᠡᠴᠡ᠎ᠪᠠᠨ ᠪᠡᠬᠢᠯᠡᠯᠲᠡ ᠳᠡᠭᠡᠷ᠎ᠡ᠎ᠪᠡᠨ ᠪᠡᠶ᠎ᠡ ᠦᠷᠡᠭᠳᠡᠪᠡ᠃ ᠬᠣᠷᠢᠭ᠍ᠯᠠᠨ ᠴᠣᠬᠢᠯᠳᠠ ᠢᠯᠠᠯᠳᠠ ᠤᠯᠤᠭᠰᠠᠨ ᠴᠸ᠋ ᠦᠬᠦᠯ ᠰᠢᠷᠬᠠᠲᠤᠯ ᠤᠯᠠᠨ᠎ᠡᠴᠡ ᠪᠣᠯᠵᠤ ᠲᠤᠰ ᠳ᠋ᠢᠸᠢᠽᠢ ᠵᠢ ᠨᠢᠭᠡ ᠬᠣᠷᠢᠶ᠎ᠠ ᠪᠣᠯᠭᠠᠨ ᠪᠠᠢᠭᠤᠯᠪᠠ᠃ ᠮᠦᠨ ᠰᠢᠶᠠᠩᠵᠢᠶᠠᠩ ᠮᠥᠷᠡᠨ᠎ᠦ ᠳᠠᠢᠯᠠᠯᠳᠤᠭᠠᠨ᠎ᠳᠤ ᠠᠷᠤ᠎ᠶᠢᠨ ᠬᠠᠢᠭᠤᠯ᠎ᠤᠨ ᠡᠭᠦᠷᠭᠡ᠎ᠶᠢ ᠡᠭᠦᠷᠭᠡᠯᠡᠵᠦ ᠪᠠᠢᠭᠰᠠᠨ ᠤᠯᠠᠭᠠᠨ ᠴᠡᠷᠢᠭ᠎ᠤᠨ ᠲᠠᠪᠤᠳᠤᠭᠠᠷ ᠨᠢᠭᠡᠳᠬᠡᠯ ᠠᠷᠮᠢ᠎ᠶᠢᠨ ᠭᠤᠴᠢᠨ ᠳᠥᠷᠪᠡᠳᠦᠭᠡᠷ ᠳ᠋ᠢᠸᠢᠽᠢ ᠵᠢᠶᠠᠩᠳᠦ᠋ᠩ ᠳ᠋ᠤ᠌ ᠪᠦᠰᠡᠯᠡᠭᠳᠡᠵᠡᠢ᠃ ᠪᠦᠰᠡᠯᠡᠯᠲᠡ᠎ᠶᠢ ᠰᠢᠪᠲᠤᠯᠤᠨ ᠭᠠᠷᠴᠤ ᠢᠷᠡᠭᠰᠡᠨ ᠴᠥᠭᠡᠨ ᠲᠣᠭᠠᠨ᠎ᠤ ᠳᠠᠷᠤᠭ᠎ᠠ ᠪᠠᠢᠯᠳᠤᠭ᠍ᠴᠢᠳ ᠲᠤᠬᠠᠢ᠎ᠶᠢᠨ ᠭᠠᠵᠠᠷ᠎ᠲᠠᠭᠠᠨ ᠴᠤᠭᠯᠠᠷᠠᠵᠤ᠂ ᠠᠭᠤᠯᠠᠨ ᠰᠢᠭᠤᠢ᠎ᠳᠤ ᠰᠢᠯᠵᠢᠨ ᠳᠠᠢᠰᠤᠨ᠎ᠲᠠᠢ ᠬᠠᠲᠠᠭᠤ ᠪᠡᠷᠬᠡᠰᠢᠶᠡᠯᠲᠡᠢ ᠫᠠᠷᠲ᠋ᠢᠽᠠᠨ ᠳᠠᠢ᠍ᠢᠨ ᠬᠢᠪᠡ᠃ ᠡᠢᠨ ᠬᠦ᠌ ᠠᠶᠤᠯ ᠵᠣᠪᠠᠯᠠᠩ᠎ᠡᠴᠡ ᠠᠶᠤᠬᠤ ᠦᠭᠡᠢ ᠲᠡᠮᠡᠴᠡᠯ᠎ᠦᠨ ᠵᠣᠷᠢᠭ᠋᠎ᠢᠶᠠᠷ ᠤᠯᠠᠭᠠᠨ ᠴᠡᠷᠢᠭ ᠴᠢᠰᠤᠨ ᠵᠠᠮ ᠭᠠᠷᠭᠠᠵᠤ᠂ ᠳᠡᠯᠡᠬᠡᠢ᠎ᠶᠢᠨ ᠴᠡᠷᠢᠭ᠎ᠦᠨ ᠶᠠᠪᠤᠳᠠᠯ᠎ᠤᠨ ᠲᠡᠦᠬᠡᠨ ᠳᠡᠭᠡᠷ᠎ᠠ ᠰᠦᠷ ᠵᠢᠪᠬᠤᠯᠠᠩᠲᠤ ᠳᠠᠢ᠍ᠢᠨ᠎ᠦ ᠠᠮᠢᠳᠤ ᠵᠦᠴᠦᠭᠡ᠎ᠶᠢ ᠲᠣᠭᠯᠠᠪᠠ᠃
1934 ᠣᠨ᠎ᠤ 12 ᠰᠠᠷ᠎ᠠ᠎ᠳᠤ ᠱᠠᠨᠰᠢ᠎ᠶᠢᠨ ᠡᠮᠦᠨᠡᠲᠦ ᠬᠡᠰᠡᠭ᠎ᠢᠶᠡᠷ ᠠᠶᠠᠯᠠᠨ ᠪᠠᠢᠯᠳᠤᠵᠤ ᠪᠠᠢᠭᠰᠠᠨ ᠤᠯᠠᠭᠠᠨ ᠴᠡᠷᠢᠭ᠎ᠦᠨ ᠬᠣᠷᠢᠨ ᠲᠠᠪᠤᠳᠤᠭᠠᠷ ᠠᠷᠮᠢ ᠢᠦᠢ ᠵᠢᠶᠠ ᠾᠧ᠎ᠳᠦ ᠳᠠᠭᠠᠷᠢᠯᠲᠠ᠎ᠳᠤ ᠤᠴᠠᠷᠠᠪᠠ᠃ ᠠᠷᠮᠢ᠎ᠶᠢᠨ ᠳᠠᠷᠤᠭ᠎ᠠ ᠴᠧᠩ ᠽᠢ ᠬᠤᠸᠠ ᠬᠣᠶᠠᠷ ᠭᠠᠷ᠎ᠢᠶᠠᠨ ᠬᠦᠨᠳᠦ ᠰᠢᠷᠬᠠᠲᠤᠭᠤᠯᠵᠤ᠂ ᠳᠡᠳ᠋ ᠠᠷᠮᠢ᠎ᠶᠢᠨ ᠳᠠᠷᠤᠭ᠎ᠠ ᠰᠢᠦᠢ ᠬᠠᠢ ᠳ᠋ᠦᠩ᠎ᠦᠨ ᠲᠣᠯᠣᠭᠠᠢ ᠨᠢ ᠰᠤᠮᠤᠨ᠎ᠳᠤ ᠣᠨᠣᠭᠳᠠᠵᠤ ᠬᠡᠳᠦᠨ ᠡᠳᠦᠷ ᠮᠠᠨᠠᠷᠠᠪᠠ᠃ ᠬᠦᠨᠳᠦ ᠬᠣᠬᠢᠷᠠᠯ᠎ᠳᠤ ᠤᠴᠠᠷᠠᠭᠰᠠᠨ ᠴᠡᠷᠢᠭ ᠠᠩᠭᠢ ᠦᠳᠲᠡᠷ ᠲᠦᠷᠭᠡᠨ᠎ᠢᠶᠡᠷ ᠪᠠᠢᠭᠤᠯᠤᠯ᠎ᠢᠶᠡᠨ ᠳᠠᠬᠢᠨ ᠴᠡᠭᠴᠡᠯᠡᠵᠦ᠂ ᠥᠨᠳᠥᠷ ᠠᠭᠤᠯᠠ ᠠᠰᠬ᠎ᠠ ᠬᠠᠳᠠᠨ᠎ᠤ ᠳᠤᠮᠳᠠ ᠦᠨᠳᠦᠰᠦ ᠬᠠᠳᠬᠤᠨ ᠰᠠᠭᠤᠷᠢᠰᠢᠵᠤ᠂ ᠪᠠᠢᠯᠳᠤᠬᠤ᠎ᠶᠢᠨ ᠳᠠᠭᠠᠤ ᠬᠤᠪᠧᠢ ᠾᠧᠨᠠᠨ ᠱᠠᠨᠰᠢ᠎ᠶᠢᠨ ᠬᠤᠪᠢᠰᠬᠠᠯ᠎ᠤᠨ ᠰᠠᠭᠤᠷᠢᠨ᠎ᠢ ᠨᠡᠭᠡᠭᠡᠪᠡ᠃ ᠳᠠᠷᠠᠭ᠎ᠠ ᠵᠢᠯ᠎ᠦᠨ ᠬᠢᠨᠢ 7 ᠰᠠᠷ᠎ᠠ᠎ᠳᠤ ᠤᠯᠠᠭᠠᠨ ᠴᠡᠷᠢᠭ᠎ᠤᠨ ᠬᠣᠷᠢᠨ ᠲᠠᠪᠤᠳᠤᠭᠠᠷ ᠠᠷᠮᠢ ᠴᠡᠷᠢᠭ ᠵᠠᠬᠢᠷᠴᠤ ᠤᠮᠠᠷᠠᠰᠢ ᠮᠣᠷᠳᠠᠪᠠ᠃ ᠬᠠᠲᠠᠭᠤᠵᠢᠯᠲᠠᠢ ᠠᠶᠠᠯᠠᠯ᠎ᠤᠨ ᠵᠠᠮᠳᠡᠭᠠᠨ ᠳᠠᠢᠰᠤᠨ᠎ᠲᠠᠢ ᠵᠠᠯᠭᠠᠭᠠᠪᠡᠷ ᠬᠠᠯᠵᠠ ᠪᠠᠢᠯᠳᠤᠭᠠᠨ ᠬᠢᠵᠦ᠂ ᠠᠷᠮᠢ ᠵᠢᠨ ᠺᠣᠮᠢᠰᠰᠠᠷ ᠦ᠋ ᠬᠤᠸᠠᠨ ᠰᠢᠶᠠᠨ ᠭᠠᠨᠰᠤ᠎ᠶᠢᠨ ᠵᠢᠩᠴᠤᠸᠠᠨᠤ ᠰᠧ ᠫᠦᠸᠸ ᠲᠣᠰᠬᠣᠨ᠎ᠤ ᠪᠠᠢᠯᠳᠤᠭᠠᠨ᠎ᠳᠤ ᠪᠠᠭᠠᠲᠤᠷᠯᠢᠭ᠋᠎ᠢᠶᠠᠷ ᠪᠡᠶ᠎ᠡ ᠦᠷᠡᠭᠳᠡᠪᠡ᠃ ᠡᠨᠡ ᠬᠦ᠌ ᠴᠡᠷᠢᠭ ᠠᠩᠭᠢ ᠨᠢ ᠳᠦᠮᠡᠨ ᠪᠡᠷᠭᠡ ᠮᠢᠩᠭᠠᠨ ᠪᠠᠷᠳᠠᠭ᠎ᠠ ᠵᠢ ᠳᠤᠭᠤᠯᠤᠨ ᠬᠠᠮᠤᠭ᠎ᠦᠨ ᠳᠦᠷᠦᠬᠦᠨ᠎ᠳᠦ ᠤᠷᠳᠤ ᠵᠠᠮ᠎ᠤᠨ ᠠᠶᠠᠨ ᠲᠠᠢ᠍ᠢᠨ᠎ᠢ ᠪᠡᠶᠡᠯᠡᠭᠦᠯᠵᠦ ᠱᠠᠨᠰᠢ᠎ᠶᠢᠨ ᠬᠣᠢᠲᠤ ᠬᠡᠰᠡᠭ᠎ᠲᠦ ᠬᠦᠷᠦᠭᠰᠡᠨ ᠤᠯᠠᠭᠠᠨ ᠴᠡᠷᠢᠭ᠎ᠦᠨ ᠡᠩᠨᠡᠭᠡ ᠪᠣᠯᠪᠠ᠃ ᠳᠠᠢᠨ᠎ᠤ ᠭᠠᠯᠳᠤ ᠳᠠᠪᠲᠠᠭᠳᠠᠨ ᠤᠷᠤᠭᠰᠢᠯᠠᠵᠤ᠂ ᠬᠠᠳᠠᠨ ᠵᠣᠷᠢᠭ᠍ᠲᠤ ᠬᠤᠪᠢᠰᠬᠠᠯᠴᠢ ᠠᠭᠤᠯᠠ ᠤᠰᠤ᠎ᠶᠢ ᠳᠣᠩᠰᠣᠯᠭᠠᠬᠤ ᠰᠦᠷ ᠬᠦᠴᠦᠨ᠎ᠢᠶᠡᠷ ᠰᠢᠨ᠎ᠡ ᠣᠷᠣᠨ ᠵᠠᠢ᠎ᠶᠢ ᠨᠡᠭᠡᠭᠡᠪᠡ᠃
《ᠳᠤᠮᠳᠠᠳᠤ ᠤᠯᠤᠰ᠎ᠤᠨ ᠬᠤᠪᠢᠰᠬᠠᠯ ᠶᠠᠭᠠᠬᠢᠭᠠᠳ ᠠᠮᠵᠢᠯᠲᠠ ᠣᠯᠵᠤ ᠴᠢᠳᠠᠭᠰᠠᠨ ᠪᠤᠢ? ᠨᠢᠭᠤᠴᠠ ᠨᠢ ᠳᠠᠷᠤᠢ ᠬᠤᠪᠢᠰᠬᠠᠯ᠎ᠤᠨ ᠬᠦᠰᠡᠯᠡᠩ ᠶᠠᠭᠤᠨ᠎ᠡᠴᠡ ᠴᠤ᠌ ᠡᠷᠬᠢᠮ ᠪᠠᠢᠵᠤ᠂ ᠬᠠᠮᠤᠭ᠎ᠤᠨ ᠬᠦᠴᠢᠷ ᠪᠡᠷᠬᠡᠰᠢᠶᠡᠯ᠎ᠲᠠᠢ ᠦᠶ᠎ᠡ᠎ᠳᠦ ᠦᠷᠭᠦᠯᠵᠢᠯᠡᠨ ᠪᠠᠷᠢᠮᠲᠠᠯᠠᠪᠠᠯ ᠰᠠᠶᠢ ᠲᠠᠰᠤᠷᠠᠯᠳᠠ ᠦᠭᠡᠢ ᠭᠠᠢᠬᠠᠮᠰᠢᠭ᠍ᠲᠤ ᠢᠯᠠᠯᠲᠠ᠎ᠶᠢ ᠣᠯᠵᠤ ᠴᠢᠳᠠᠨ᠎ᠠ᠃ ᠪᠢᠳᠡ ᠲᠠᠷᠠᠭᠠᠴᠢ᠎ᠶᠢᠨ ᠵᠠᠭᠤᠨ ᠵᠢᠯ᠎ᠦᠨ ᠲᠡᠮᠡᠴᠡᠬᠦ ᠬᠠᠷᠠᠯᠲᠠ᠎ᠶᠢ ᠪᠡᠶᠡᠯᠡᠭᠦᠯᠬᠦ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ᠎ᠳᠦ ᠡᠢᠮᠦᠷᠬᠦᠦ ᠵᠠᠪᠠᠯ ᠢᠯᠠᠬᠤ ᠢᠲᠡᠭᠡᠯ᠎ᠲᠠᠢ ᠪᠠᠢᠬᠤ ᠬᠡᠷᠡᠭᠲᠡᠢ᠃ ᠬᠡᠳᠦᠢ ᠬᠦᠴᠢᠷᠲᠡᠢ ᠪᠠᠢᠭᠰᠠᠨ ᠴᠦ᠍ ᠤᠯᠠᠭᠠᠨ ᠴᠡᠷᠢᠭ᠎ᠤᠨ ᠤᠷᠲᠤ ᠵᠠᠮ᠎ᠤᠨ ᠠᠶᠠᠨ ᠳᠠᠢᠨ᠎ᠢ ᠪᠣᠳᠣᠵᠤ᠂ ᠰᠢᠶᠠᠩᠵᠢᠶᠠᠩ᠎ᠤᠨ ᠴᠢᠰᠤᠲᠤ ᠪᠠᠢᠯᠳᠤᠭᠠᠨ᠎ᠢ ᠪᠣᠳᠣᠵᠤ ᠦᠵᠡᠭᠡᠷᠡᠢ》᠃ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠥᠭᠦᠯᠡᠯᠲᠡ ᠬᠦᠨᠳᠦ ᠴᠢᠬᠤᠯᠠ ᠪᠠᠢᠵᠤ᠂ ᠤᠷᠳᠤ ᠵᠠᠮ᠎ᠤᠨ ᠠᠶᠠᠨ ᠲᠠᠢ᠍ᠢᠨ᠎ᠳᠦ ᠠᠭᠤᠯᠤᠭᠳᠠᠵᠤ ᠪᠠᠢᠭ᠎ᠠ ᠵᠣᠷᠢᠭ᠋ ᠰᠠᠨᠠᠭᠠᠨ᠎ᠤ ᠳᠣᠲᠣᠭᠠᠳᠤ ᠴᠢᠨᠠᠷ᠎ᠢ ᠬᠦᠴᠦᠲᠡᠢ ᠲᠠᠢᠯᠪᠤᠷᠢᠯᠠᠵᠤ᠂ ᠰᠢᠨ᠎ᠡ ᠴᠠᠭ ᠦᠶ᠎ᠡ᠎ᠶᠢᠨ ᠡᠪ ᠬᠠᠮᠲᠤᠴᠤᠳ᠎ᠤᠨ ᠪᠠᠲᠤ ᠪᠡᠬᠢ ᠪᠣᠯᠣᠳ ᠲᠡᠮᠦᠷ ᠮᠡᠲᠦ ᠰᠥᠰᠥ ᠵᠣᠷᠢᠭ᠋᠎ᠢ ᠪᠤᠢ ᠪᠣᠯᠭᠠᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃
ᠤᠷᠳᠤ ᠵᠠᠮ᠎ᠤᠨ ᠠᠶᠠᠨ ᠲᠠᠢ᠍ᠢᠨ ᠨᠢ ᠠᠷᠠᠳ᠎ᠤᠨ ᠴᠡᠷᠢᠭ ᠠᠩᠭᠢ᠎ᠶᠢ ᠳᠠᠪᠲᠠᠨ ᠪᠣᠯᠪᠠᠰᠤᠷᠠᠭᠤᠯᠵᠤ᠂ ᠠᠷᠠᠳ᠎ᠤᠨ ᠴᠡᠷᠢᠭ ᠠᠩᠭᠢ᠎ᠶᠢ ᠬᠠᠳᠠᠭᠤᠵᠢᠭᠤᠯᠵᠤ᠂ ᠠᠷᠠᠳ᠎ᠤᠨ ᠴᠡᠷᠢᠭ ᠠᠩᠭᠢ᠎ᠶᠢᠨ ᠠᠮᠵᠢᠯᠲᠠ᠎ᠵᠢ ᠪᠦᠲᠦᠭᠡᠵᠦ᠂ ᠠᠷᠠᠳ᠎ᠤᠨ ᠴᠡᠷᠢᠭ ᠠᠩᠭᠢ᠎ᠶᠢᠨ ᠬᠥᠭᠵᠢᠯᠲᠡ᠎ᠶᠢᠨ ᠰᠢᠨ᠎ᠡ ᠭᠠᠷᠤᠭ᠎ᠠ᠎ᠶᠢ ᠡᠬᠢᠯᠡᠭᠦᠯᠵᠡᠢ᠃ ᠤᠷᠳᠤ ᠵᠠᠮ᠎ᠤᠨ ᠠᠶᠠᠨ ᠲᠠᠢ᠍ᠢᠨ᠎ᠦ ᠶᠠᠪᠤᠴᠠ᠎ᠳᠤ ᠣᠷᠭᠢᠯ᠎ᠤᠨ ᠪᠠᠳᠠᠷᠠᠭᠰᠠᠨ ᠰᠦᠰᠦ ᠵᠤᠷᠢᠭ ᠨᠢ ᠠᠷᠠᠳ᠎ᠤᠨ ᠴᠡᠷᠢᠭ ᠠᠩᠭᠢ᠎ᠶᠢᠨ ᠢᠯᠡ ᠲᠣᠳᠣ᠌ ᠤᠶᠤᠨ ᠰᠠᠨᠠᠭᠠᠨ᠎ᠤ ᠪᠡᠯᠭᠡ ᠲᠡᠮᠳᠡᠭ ᠪᠣᠯᠪᠠ᠃
ᠳᠣᠷᠣᠮᠵᠢᠯᠠᠯ᠎ᠤᠨ ᠵᠦᠭ ᠡᠰᠡᠷᠭᠦᠴᠡᠨ ᠲᠤᠯᠵᠤ᠂ ᠪᠦᠳᠦᠭᠦᠯᠢᠭ ᠵᠡᠪᠰᠡᠭ ᠠᠳᠬᠤᠨ᠂ ᠨᠢᠰᠬᠡᠯ ᠶᠡᠬᠡ ᠫᠤᠤ᠎ᠶᠢᠨ ᠳᠠᠭᠠᠷᠢᠯᠲᠠ᠎ᠶᠢ ᠤᠭᠲᠤᠨ ᠪᠠᠢᠯᠳᠤᠵᠤ᠂ ᠴᠢᠰᠤ ᠮᠢᠬ᠎ᠠ ᠪᠡᠷ᠎ᠵᠢᠡᠨ ᠳᠤᠮᠳᠠᠳᠤ᠎ᠶᠢᠨ ᠦᠨᠳᠦᠰᠦᠲᠡᠨ᠎ᠦ ᠰᠢᠨ᠎ᠡ ᠤᠷᠲᠤ ᠴᠠᠭᠠᠨ ᠬᠡᠷᠡᠮ᠎ᠢ ᠪᠠᠢᠭᠤᠯᠵᠤ᠂ ᠤᠢᠷ᠎ᠠ ᠦᠶ᠎ᠡ᠎ᠡᠴᠡ ᠨᠠᠭᠠᠰᠢᠬᠢ ᠭᠠᠳᠠᠭᠠᠳᠤ᠎ᠶᠢᠨ ᠳᠠᠢᠰᠤᠨ᠎ᠤ ᠲᠦᠷᠢᠮᠡᠬᠡᠢᠯᠡᠯ᠎ᠢ ᠡᠰᠡᠷᠭᠦᠴᠡᠭᠰᠡᠨ ᠠᠩᠬᠠᠳᠤᠭᠠᠷ ᠤᠳᠠᠭᠠᠨ᠎ᠤ ᠪᠦᠷᠢᠨ ᠢᠯᠠᠯᠲᠠ᠎ᠶᠢ ᠣᠯᠪᠠ᠃ ᠬᠤᠪᠢᠰᠬᠠᠯ᠎ᠢ ᠡᠴᠦᠰ ᠲᠦ᠍ᠨᠢ ᠲᠤᠯᠲᠠᠯ᠎ᠠ ᠬᠢᠵᠦ᠂ᠤᠷᠤᠭᠰᠢᠯᠠᠵᠤ ᠦᠬᠦᠬᠦ᠎ᠡᠴᠡ ᠪᠢᠰᠢ᠂ ᠶᠠᠭᠠᠬᠢᠭ᠍ᠰᠠᠨ ᠴᠤ᠌ ᠤᠬᠤᠷᠢᠵᠤ ᠦᠨᠭᠭᠡᠷᠡᠭᠰᠡᠨ ᠦᠭᠡᠢ᠂ ᠤᠳᠠᠭ᠎ᠠ ᠪᠦᠷᠢ᠎ᠵᠢᠨ ᠶᠡᠬᠡ ᠳᠠᠢᠯᠠᠯᠳᠤᠭᠠᠨ ᠬᠠᠲᠠᠭᠤ ᠪᠠᠢᠯᠳᠤᠭᠠᠨ᠎ᠤ ᠳᠤᠮᠳᠠ ᠢᠯᠠᠨ ᠳᠠᠪᠠᠵᠤ ᠳᠡᠶ᠋ᠢᠯᠬᠦ ᠦᠭᠡᠢ ᠬᠦᠴᠢᠷ ᠪᠡᠷᠬᠡᠰᠢᠶᠡᠯ ᠭᠡᠵᠦ ᠪᠠᠢᠭᠰᠠᠨ ᠦᠭᠡᠢ᠂ ᠪᠡᠶᠡᠯᠡᠭᠦᠯᠵᠦ ᠳᠡᠶ᠋ᠢᠯᠬᠦ ᠦᠭᠡᠢ ᠡᠭᠦᠷᠭᠡ ᠭᠡᠵᠦ ᠪᠠᠢᠭᠰᠠᠨ ᠦᠭᠡᠢ᠂ ᠢᠯᠠᠵᠤ ᠳᠡᠶ᠋ᠢᠯᠬᠦ ᠦᠭᠡᠢ ᠳᠠᠢᠰᠤᠨ ᠭᠡᠵᠦ ᠪᠠᠢᠭᠰᠠᠨ ᠦᠭᠡᠢ᠃ ᠤᠯᠤᠰ ᠣᠷᠣᠨ᠎ᠢᠶᠠᠨ ᠬᠠᠮᠠᠭᠠᠯᠠᠵᠤ᠂ ᠭᠠᠯᠵᠠᠭᠤᠷᠠᠭᠰᠠᠨ ᠮᠡᠲᠦ ᠳᠡᠯᠪᠡᠴᠢᠯᠲᠡ᠎ᠵᠢ ᠲᠤᠯᠵᠤ ᠵᠢᠭ᠍ᠰᠠᠭᠠᠯ᠎ᠤᠨ ᠭᠠᠵᠠᠷ᠎ᠢᠶᠠᠨ ᠪᠠᠲᠤ ᠰᠠᠬᠢᠵᠤ᠂ ᠳᠠᠷᠢ ᠵᠢᠨ ᠪᠤᠭᠤᠯᠲᠠ᠎ᠶᠢ ᠲᠡᠪᠡᠷᠢᠨ᠂ ᠳᠡᠯᠪᠡᠴᠢᠬᠦ ᠰᠢᠳᠡᠮᠢ ᠠᠳᠬᠤᠨ ᠳᠠᠢᠰᠤᠨ᠎ᠤ ᠳᠤᠮᠳᠠ ᠳᠠᠭᠠᠷᠢᠨ ᠣᠷᠣᠵᠤ᠂ ᠥᠯᠥᠰᠴᠦ ᠳᠠᠭᠠᠷᠠᠭᠰᠠᠨ ᠴᠤ᠌ ᠶᠠᠭᠠᠬᠢᠭ᠍ᠰᠠᠨ ᠴᠤ᠌ ᠤᠬᠤᠷᠢᠬᠤ ᠦᠭᠡᠢ᠂ ᠳᠦᠷᠡᠯᠵᠡᠭᠰᠡᠨ ᠭᠠᠯ ᠪᠡᠶ᠎ᠡ᠎ᠵᠢ ᠰᠢᠲᠠᠭᠠᠭᠰᠠᠨ ᠴᠤ᠌ ᠰᠦᠬᠦᠷᠡᠰᠢ ᠦᠭᠡᠢ᠂ ᠤᠯᠤᠰ ᠣᠷᠣᠨ᠎ᠢᠶᠠᠨ ᠪᠠᠶ᠋ᠢᠭᠤᠯᠬᠤ ᠪᠠᠢᠯᠳᠤᠭᠠᠨ᠎ᠳᠤ ᠴᠡᠷᠢᠭ᠎ᠦᠨ ᠵᠢᠪᠬᠤᠭ᠎ᠠ ᠪᠠᠨ ᠮᠠᠨᠳᠤᠭᠤᠯᠪᠠ᠃ ᠦᠶ᠎ᠡ ᠦᠶ᠎ᠡ᠎ᠶᠢᠨ ᠬᠤᠪᠢᠰᠬᠠᠯᠲᠤ ᠴᠡᠷᠢᠭ᠎ᠦᠨ ᠬᠥᠮᠥᠰ ᠦᠬᠦᠵᠦ ᠰᠡᠬᠡᠬᠦ᠎ᠶᠢᠨ ᠲᠡᠮᠡᠴᠡᠯ ᠬᠢᠬᠦ ᠡᠷᠡᠯᠬᠡᠭ ᠪᠠᠭᠠᠲᠤᠷᠯᠢᠭ᠋ ᠳᠡᠭᠠᠨ ᠲᠦᠰᠢᠭᠯᠡᠵᠦ᠂ ᠠᠯᠢᠪᠠ ᠳᠠᠢᠰᠤᠨ᠎ᠢ ᠳᠠᠷᠤᠬᠤ᠎ᠡᠴᠡ ᠪᠢᠰᠢ ᠬᠠᠷᠢᠨ ᠳᠠᠢᠰᠤᠨ᠎ᠳᠤ ᠶᠠᠭᠠᠬᠢᠭ᠍ᠰᠠᠨ ᠴᠤ᠌ ᠪᠠᠭᠤᠵᠤ ᠦᠭᠬᠦ ᠦᠭᠡᠢ ᠠᠭᠤᠤ ᠶᠡᠬᠡ ᠴᠤᠭ ᠰᠦᠯᠳᠡ᠎ᠶᠢ ᠪᠦᠷᠢᠯᠳᠦᠭᠦᠯᠦᠭᠰᠡᠨ ᠪᠠᠢᠨ᠎ᠠ᠃ ᠤᠷᠤᠭᠰᠢᠯᠠᠯᠲᠠ᠎ᠶᠢᠨ ᠵᠠᠮ ᠳᠡᠭᠡᠷ᠎ᠡ ᠠᠷᠠᠳ᠎ᠤᠨ ᠴᠡᠷᠢᠭ ᠠᠩᠭᠢ ᠡᠷᠬᠡᠪᠰᠢ ᠵᠣᠷᠢᠭ᠍ᠲᠠᠢ᠎ᠪᠠᠷ ᠪᠠᠢᠯᠳᠤᠵᠤ ᠵᠠᠪᠠᠯ ᠢᠯᠠᠯᠲᠠ ᠣᠯᠬᠤ ᠵᠣᠷᠢᠭ᠋ ᠰᠠᠨᠠᠭᠠᠨ᠎ᠤ ᠬᠡᠪ ᠴᠢᠨᠠᠷ᠎ᠢᠶᠠᠨ ᠶᠡᠬᠡᠪᠡᠷ ᠪᠠᠳᠠᠷᠠᠭᠤᠯᠵᠤ᠂ ᠶᠠᠮᠠᠷᠪᠠ ᠴᠠᠭ ᠦᠶ᠎ᠡ ᠶᠠᠮᠠᠷᠪᠠ ᠪᠠᠢᠳᠠᠯ ᠳᠣᠣᠷ᠎ᠠ ᠴᠥᠮ ᠬᠤᠪᠢᠰᠬᠠᠯᠲᠤ ᠪᠠᠭᠠᠲᠤᠷᠯᠢᠭ᠋ ᠦᠵᠡᠯ᠎ᠦᠨ ᠴᠤᠭ ᠪᠠᠳᠠᠷᠠᠩᠭᠤᠢ ᠲᠡᠮᠡᠴᠡᠯ᠎ᠦᠨ ᠵᠣᠷᠢᠭ᠋᠎ᠢᠶᠠᠨ ᠪᠠᠲᠤᠯᠠᠬᠤ ᠬᠡᠷᠡᠭᠲᠡᠢ᠃
20 ᠳ᠋ᠤᠭᠠᠷ ᠵᠠᠭᠤᠨ᠎ᠤ ᠨᠠᠶᠠᠭᠠᠳ ᠣᠨ᠎ᠤ ᠡᠬᠢ᠎ᠪᠡᠷ ᠥᠷᠥᠨᠡᠳᠠᠬᠢᠨ᠎ᠤ ᠨᠢᠭᠡᠨ ᠡᠷᠳᠡᠮᠲᠡᠨ ᠽᠦᠨ ᠢ᠂ ᠯᠧᠦ ᠱᠠᠨ ᠭᠤᠸᠠᠨ᠂ ᠠᠨ ᠱᠦᠨ ᠴᠠᠩ᠂ ᠯᠦ᠍ ᠳ᠋ᠢᠩ ᠴᠢᠶᠣᠤ ᠵᠡᠷᠭᠡ ᠤᠷᠳᠤ ᠵᠠᠮ᠎ᠤᠨ ᠠᠶᠠᠨ ᠲᠠᠢ᠍ᠢᠨ᠎ᠦ ᠳᠤᠷᠠᠰᠬᠠᠯ᠎ᠤᠨ ᠭᠠᠵᠠᠷ᠎ᠢᠶᠠᠷ ᠲᠣᠭᠣᠷᠢᠨ ᠦᠵᠡᠭᠰᠡᠨ᠎ᠦ ᠲᠠᠷᠠᠭ᠎ᠠ ᠨᠢᠭᠡᠨ ᠵᠤᠬᠢᠶᠠᠯ᠎ᠳᠠᠭᠠᠨ ᠤᠷᠳᠤ ᠵᠠᠮ᠎ᠤᠨ ᠠᠶᠠᠨ ᠲᠠᠢ᠍ᠢᠨ᠎ᠢ ᠦᠢᠯᠠᠭᠠᠬᠤ ᠨᠢ ᠡᠨᠡ ᠬᠦ᠌ ᠦᠨᠳᠦᠰᠦᠲᠡᠨ ᠵᠢᠴᠢ ᠲᠡᠭᠦᠨ᠎ᠦ ᠤᠳᠤᠷᠢᠳᠬᠤ ᠬᠥᠮᠥᠰ᠎ᠦᠨ ᠳᠣᠲᠣᠭᠠᠳᠤ ᠰᠡᠳᠬᠢᠯ᠎ᠦᠨ ᠶᠢᠷᠲᠢᠨᠴᠦ᠎ᠶᠢ ᠨᠡᠩ ᠢᠯᠡᠭᠦᠦ ᠣᠢᠯᠠᠭᠠᠬᠤ᠎ᠳᠤ ᠠᠰᠢᠭ᠍ᠲᠠᠢ ᠶᠤᠮ; ᠤᠷᠳᠤ ᠵᠠᠮ᠎ᠤᠨ ᠠᠶᠠᠨ ᠲᠠᠢ᠍ᠢᠨ᠎ᠦ ᠠᠴᠢ ᠬᠣᠯᠪᠣᠭᠳᠠᠯ ᠨᠢ ᠵᠦᠪᠭᠡᠨ ᠢᠯᠠᠭᠳᠠᠰᠢ ᠦᠭᠡᠢ ᠪᠠᠭᠠᠲᠤᠷᠯᠢᠭ᠋ ᠦᠵᠡᠯ᠎ᠦᠨ ᠲᠤᠤᠯᠢᠰ ᠪᠢᠰᠢ᠂ ᠲᠡᠷᠡ ᠨᠢ ᠪᠠᠰᠠ ᠳᠤᠮᠳᠠᠳᠤ ᠤᠯᠤᠰ᠎ᠤᠨ 《ᠬᠣᠴᠣᠷᠤᠩᠭᠤᠢ ᠶᠠᠭᠤᠮ᠎ᠠ᠎ᠶᠢ ᠢᠯᠠᠨ ᠳᠠᠪᠠᠬᠤ᠎ᠶᠢᠨ ᠴᠢᠬᠤᠯᠠ ᠬᠦᠴᠦᠨ ᠵᠦᠢᠯ ᠮᠥᠨ》 ᠭᠡᠵᠦ ᠪᠢᠴᠢᠵᠡᠢ᠃
ᠡᠨᠡ ᠬᠦ᠌ ᠭᠠᠳᠠᠭᠠᠳᠤ᠎ᠶᠢᠨ ᠠᠵᠢᠭ᠍ᠯᠠᠭ᠍ᠴᠢ᠎ᠶᠢᠨ ᠰᠡᠷᠡᠵᠦ ᠮᠡᠳᠡᠭᠰᠡᠨ ᠬᠠᠳᠠᠨ ᠪᠠᠲᠤ ᠣᠨᠴᠠ ᠴᠢᠨᠠᠷ ᠨᠢ ᠳᠠᠷᠢ᠎ᠶᠢᠨ ᠤᠳᠤᠭ᠎ᠠ᠎ᠵᠢ ᠳᠠᠭᠠᠨ ᠬᠣᠯᠠᠳᠠᠭᠰᠠᠨ ᠦᠭᠡᠢ᠂ ᠤᠷᠳᠤ ᠵᠠᠮ᠎ᠤᠨ ᠠᠶᠠᠨ ᠲᠠᠢ᠍ᠢᠨ ᠪᠣᠯ ᠥᠨᠢ ᠡᠭᠦᠷᠢᠳᠡ ᠳᠤᠮᠳᠠᠳᠤ ᠤᠯᠤᠰ᠎ᠤᠨ ᠬᠥᠮᠥᠨ᠎ᠦ ᠤᠶᠤᠨ ᠰᠠᠨᠠᠭᠠᠨ᠎ᠤ ᠳᠤᠭ ᠰᠦᠯᠳᠠ ᠮᠥᠨ᠃ ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ᠎ᠤ ᠳᠠᠷᠠᠭ᠎ᠠ ᠤᠯᠠᠭᠠᠨ ᠴᠡᠷᠢᠭ᠎ᠤᠨ ᠨᠢᠭᠡᠳᠦᠭᠡᠷ ᠨᠢᠭᠡᠳᠬᠡᠯ ᠠᠷᠮᠢ᠎ᠶᠢᠨ ᠨᠢᠭᠡᠳᠦᠭᠡᠷ ᠳ᠋ᠢᠸᠢᠽᠢ᠎ᠶᠢ ᠳᠠᠭᠠᠭᠤᠯᠤᠨ ᠳᠠ ᠳᠦ ᠾᠧ ᠭᠣᠣᠯ᠎ᠢ ᠬᠦᠴᠦᠯᠡᠨ ᠭᠠᠲᠤᠯᠤᠭᠰᠠᠨ ᠯᠢ ᠵᠢᠦᠢ ᠺᠦᠢ ᠠᠩᠬᠠᠳᠠᠭ᠍ᠴᠢ ᠴᠢᠯᠠᠭᠤᠨ ᠲᠤᠰᠤᠨ᠎ᠤ ᠠᠵᠤ ᠦᠢᠯᠡᠳᠪᠦᠷᠢ᠎ᠶᠢᠨ ᠶᠠᠮᠤᠨ᠎ᠤ ᠰᠠᠢᠳ᠎ᠤᠨ ᠲᠤᠰᠢᠶᠠᠯ᠎ᠢ ᠬᠠᠷᠢᠭᠤᠴᠠᠪᠠ᠃ ᠲᠡᠷᠡ ᠴᠢᠯᠠᠭᠤᠨ ᠲᠤᠰᠤᠨ᠎ᠤ ᠹᠷᠣᠨᠲ᠎ᠤᠨ ᠥᠷᠭᠡᠨ ᠤᠯᠠᠨ ᠺᠠᠳ᠋ᠷ ᠠᠵᠢᠯᠲᠠᠨ ᠠᠵᠢᠯᠴᠢᠨ᠎ᠢ ᠳᠠᠭᠠᠭᠤᠯᠤᠨ ᠪᠡᠷᠬᠡ ᠪᠠᠷᠳᠠᠭ᠎ᠠ᠎ᠶᠢ ᠰᠢᠪᠲᠤᠯᠬᠤ ᠬᠠᠳᠠᠨ ᠵᠣᠷᠢᠭ᠋᠎ᠢᠶᠠᠷ ᠭᠣᠪᠢ ᠴᠦᠯ᠎ᠳᠦ ᠠᠵᠢᠯᠯᠠᠵᠦ᠂ ᠺᠠᠷᠠᠮᠠᠢᠶᠢᠨ ᠲᠣᠮᠣ᠌ ᠴᠢᠯᠠᠭᠤᠨ ᠲᠤᠰᠤᠨ᠎ᠤ ᠠᠭᠤᠷᠬᠠᠢ᠎ᠶᠢ ᠴᠢᠷᠮᠠᠢᠨ ᠪᠠᠢᠭᠤᠯᠪᠠ᠃ ᠭᠠᠳᠠᠭᠠᠳᠤ᠎ᠡᠴᠡ ᠪᠤᠴᠠᠵᠤ ᠢᠷᠡᠭᠰᠡᠨ ᠴᠢᠶᠠᠨ ᠰᠢᠤᠸᠠᠢ ᠰᠧᠨ᠂ ᠰᠠᠨᠰᠠᠷ᠎ᠤᠨ ᠠᠶᠠᠯᠠᠯ᠎ᠤᠨ ᠠᠵᠢᠯᠲᠠᠨ ᠯᠠᠪᠲᠠᠢ ᠤᠯᠠᠭᠠᠨ ᠴᠡᠷᠢᠭ ᠰᠢᠭ ᠪᠠᠷᠲᠠᠭᠠᠲᠤ ᠪᠣᠭᠣᠮᠲᠠ᠎ᠶᠢ ᠢᠯᠠᠨ ᠳᠠᠪᠠᠵᠤ ᠳᠡᠢᠯᠬᠦ᠎ᠶᠢ ᠪᠠᠲᠤ ᠢᠲᠡᠭᠡᠵᠦ᠂ ᠮᠠᠨ᠎ᠤ ᠤᠯᠤᠰ᠎ᠤᠨ ᠠᠩᠬᠠᠳᠠᠭ᠍ᠴᠢ ᠬᠥᠯᠭᠡ ᠲᠡᠢᠷᠦᠯᠲᠦ ᠰᠤᠮᠤ᠎ᠶᠢ 《ᠴᠠᠩ ᠵᠧᠩ ᠨᠢᠭᠡᠳᠦᠭᠡᠷ》 ᠭᠡᠵᠦ ᠨᠡᠷᠡᠢᠳᠬᠦ᠎ᠪᠡᠷ ᠬᠠᠮᠲᠤ ᠠᠵᠢᠯᠯᠠᠭᠰᠠᠳ᠎ᠲᠠᠢ᠎ᠪᠠᠨ ᠲᠥᠪ ᠴᠢᠩᠭ᠎ᠠ᠎ᠪᠠᠷ ᠳᠤᠷᠠᠳᠤᠯᠭ᠎ᠠ ᠭᠠᠷᠭᠠᠪᠠ᠃ ᠯᠦᠩ ᠰᠢᠨ ᠪᠦᠯᠬᠦᠮ᠎ᠦᠨ ᠬᠢᠨ ᠪᠡᠶ᠎ᠡ᠎ᠪᠡᠨ ᠳᠠᠭᠠᠭᠠᠵᠤ ᠰᠢᠨ᠎ᠡ᠎ᠶᠢ ᠡᠭᠦᠳᠬᠦ ᠨᠣᠶᠠᠨ ᠣᠷᠭᠢᠯ᠎ᠳᠤ ᠵᠣᠷᠢᠭ᠍ᠲᠠᠢ ᠠᠪᠠᠷᠢᠵᠤ᠂ ᠣᠷᠳᠣ᠌ ᠵᠠᠮ᠎ᠤᠨ ᠠᠶᠠᠨ ᠲᠡᠶ᠋ᠢᠨ᠎ᠳᠦ ᠡᠷᠬᠢᠮ ᠳᠡᠭᠡᠳᠦ ᠬᠦᠨᠳᠦᠳᠬᠡᠯ᠎ᠢᠶᠡᠨ ᠢᠯᠡᠳᠬᠡᠬᠦ᠎ᠶᠢᠨ ᠲᠥᠯᠥᠭᠡ 2006 ᠣᠨ᠂ 2016 ᠣᠨ᠎ᠳᠤ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠵᠢᠯᠲᠠᠳ ᠲᠣᠰ ᠲᠣᠰ ᠬᠣᠶᠠᠷ ᠦᠶ᠎ᠡ᠎ᠶᠢᠨ ᠥᠪᠡᠷᠲᠡᠭᠡᠨ ᠰᠤᠳᠤᠯᠤᠭᠰᠠᠨ ᠴᠢᠫ᠎ᠲᠦ CZ70᠂ CZ80 ᠢᠨᠵᠧᠨᠧᠷᠢᠩ᠎ᠦᠨ ᠣᠷᠣᠯᠠᠬᠤ ᠳ᠋ᠤᠭᠠᠷ ᠣᠯᠭᠣᠪᠠ᠃
《ᠨᠠᠨᠳᠢᠨ ᠠᠮᠢ ᠪᠠᠨ ᠴᠦᠯᠡᠨ ᠦᠷᠡᠭᠳᠡᠭᠦᠯᠬᠦ ᠠᠤᠭ᠎ᠠ ᠵᠤᠷᠢᠬ ᠦᠯᠡᠮᠵᠢ᠂ ᠨᠠᠷᠠᠨ ᠰᠠᠷᠠᠨ ᠢ᠋ ᠵᠢᠭᠠᠨ ᠵᠠᠬᠢᠷᠴᠤ ᠰᠢᠨ᠎ᠡ ᠤᠷᠴᠢᠯᠠᠩ ᠪᠤᠯᠭᠠᠮᠤᠢ》᠃ ᠢᠲᠡᠭᠡᠯ ᠪᠢᠰᠢᠷᠡᠯ᠎ᠡᠴᠡ ᠢᠷᠡᠯᠲᠡᠢ ᠠᠭᠤᠤ ᠶᠡᠬᠡ ᠡᠷᠡᠯᠬᠡᠭ ᠵᠤᠷᠢᠭ ᠨᠢ ᠬᠤᠪᠢᠰᠬᠠᠯ᠎ᠤᠨ ᠡᠩᠨᠡᠭᠡ᠎ᠵᠢ ᠵᠤᠷᠢᠬᠵᠢᠭᠤᠯᠤᠨ ᠳᠠᠪᠬᠤᠷ ᠳᠠᠪᠬᠤᠷ ᠪᠦᠰᠡᠯᠡᠯᠲᠡ᠎ᠶᠢ ᠰᠢᠪᠳᠤᠯᠤᠭᠤᠯᠵᠦ᠂ ᠨᠡᠩ ᠴᠤ᠌ ᠪᠢᠳᠡᠨ᠎ᠢ ᠵᠣᠷᠢᠭ᠍ᠵᠢᠭᠤᠯᠤᠨ ᠰᠢᠨ᠎ᠡ ᠠᠶᠠᠨ᠎ᠳᠤ ᠮᠣᠷᠳᠠᠭᠤᠯᠪᠠ᠃ ᠭᠠᠭᠴᠠ ᠬᠦ᠌ ᠲᠣᠭ᠎ᠠ ᠲᠣᠮᠰᠢ ᠦᠭᠡᠢ ᠦᠷᠡᠭᠳᠡᠭᠰᠡᠨ ᠪᠠᠭᠠᠲᠤᠷᠴᠤᠳ᠎ᠤᠨ ᠬᠦᠰᠡᠨ ᠡᠷᠡᠮᠡᠯᠵᠡᠵᠦ ᠪᠠᠢᠭ᠎ᠠ ᠪᠥᠭᠡᠳ ᠲᠡᠭᠦᠨ᠎ᠤ ᠪᠠᠨ ᠲᠥᠯᠥᠭᠡ ᠲᠡᠮᠡᠴᠡᠵᠦ᠂ ᠲᠡᠭᠦᠨ᠎ᠤ ᠪᠠᠨ ᠲᠥᠯᠥᠭᠡ ᠪᠡᠶ᠎ᠡ ᠦᠷᠡᠭᠳᠡᠭᠰᠡᠨ ᠪᠦᠭᠦᠳᠡ ᠨᠠᠢᠷᠠᠮᠳᠠᠬᠤ ᠤᠯᠤᠰ᠎ᠢ ᠰᠠᠢᠲᠤᠷ ᠪᠦᠲᠦᠭᠡᠨ ᠪᠠᠢᠭᠤᠯᠪᠠᠯ ᠰᠠᠶᠢ ᠲᠡᠳᠡᠨ᠎ᠢ ᠬᠠᠮᠤᠭ᠎ᠦᠨ ᠰᠠᠢᠨ ᠲᠠᠢᠳᠬᠤᠷᠠᠭᠤᠯᠵᠤ ᠴᠢᠳᠠᠨ᠎ᠠ᠃ ᠬᠤᠪᠢᠰᠬᠠᠯ᠎ᠤᠨ ᠤᠷᠢᠳᠤᠰ᠎ᠤᠨ ᠡᠭᠦᠳᠦᠭᠰᠡᠨ ᠮᠢᠩᠭᠠᠨ ᠣᠨ᠎ᠤ ᠠᠭᠤᠤ ᠦᠢᠯᠡᠰ᠎ᠢ ᠡᠭᠦᠷᠢᠳᠡ ᠠᠮᠢᠵᠢᠷᠠᠯ᠎ᠤᠨ ᠬᠦᠴᠦᠨ᠎ᠲᠠᠢ ᠪᠠᠢᠯᠭᠠᠵᠤ᠂ ᠰᠢᠨ᠎ᠡ ᠭᠡᠷᠡᠯ ᠰᠠᠴᠤᠷᠠᠩᠭᠤᠢ ᠬᠠᠭᠤᠳᠠᠰᠤ᠎ᠶᠢ ᠦᠷᠭᠦᠯᠵᠢᠯᠡᠨ ᠪᠢᠴᠢᠭᠯᠡᠬᠦ ᠪᠣᠯ ᠲᠡᠦᠬᠡ᠎ᠡᠴᠡ ᠲᠤᠰᠢᠶᠠᠭᠰᠠᠨ ᠬᠦᠨᠳᠦ ᠬᠠᠷᠢᠭᠤᠴᠠᠯᠭ᠎ᠠ ᠪᠣᠯᠣᠨ᠎ᠠ᠃
( ᠵᠢᠷᠭᠤᠭ᠎ᠠ)
《ᠵᠣᠷᠢᠭ᠋ ᠰᠠᠨᠠᠭ᠎ᠠ ᠪᠣᠯ ᠨᠢᠭᠡ ᠦᠨᠳᠦᠰᠦᠲᠡᠨ᠎ᠦ ᠥᠨᠢ ᠤᠳᠠᠭᠠᠨ ᠣᠷᠣᠰᠢᠨ ᠲᠣᠭᠲᠠᠨᠢᠬᠤ ᠰᠦᠭ ᠰᠦᠨᠡᠰᠦ ᠮᠥᠨ᠂ ᠭᠠᠭᠴᠠ ᠬᠦ᠌ ᠵᠣᠷᠢᠭ᠋ ᠰᠠᠨᠠᠭᠠᠨ᠎ᠤ ᠲᠠᠯ᠎ᠠ᠎ᠪᠠᠷ ᠵᠣᠬᠢᠬᠤ ᠥᠨᠳᠥᠷᠴᠡ ᠳ᠋ᠦ᠍ ᠬᠦᠷᠪᠡᠯ ᠡᠨᠡ ᠦᠨᠳᠦᠰᠦᠲᠡᠨ ᠰᠠᠶᠢ ᠲᠡᠦᠬᠡ᠎ᠶᠢᠨ ᠤᠷᠤᠰᠬᠠᠯ ᠳᠤᠮᠳᠠ ᠰᠡᠬᠦᠢᠨ ᠰᠦᠨᠳᠡᠷᠯᠡᠵᠦ᠂ ᠡᠷᠡᠯᠬᠡᠭᠯᠡᠨ ᠤᠷᠤᠭᠰᠢᠯᠠᠵᠤ ᠴᠢᠳᠠᠨ᠎ᠠ》᠃ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠥᠭᠦᠯᠡᠯᠲᠡ ᠨᠢ ᠪᠢᠳᠡᠨ᠎ᠦ ᠤᠷᠳᠤ ᠵᠠᠮ᠎ᠤᠨ ᠠᠶᠠᠨ ᠲᠠᠢ᠍ᠢᠨ᠎ᠦ ᠭᠦᠨ ᠵᠤᠵᠠᠭᠠᠨ ᠤᠳᠬ᠎ᠠ ᠠᠭᠤᠯᠭ᠎ᠠ᠎ᠶᠢ ᠣᠢᠯᠠᠭᠠᠬᠤ᠎ᠳᠤ ᠦᠵᠡᠯ ᠰᠠᠨᠠᠭᠠᠨ᠎ᠤ ᠵᠢᠯᠣᠭᠣᠳᠤᠮᠵᠢ ᠬᠠᠩᠭᠠᠪᠠ᠃
ᠤᠷᠳᠤ ᠵᠠᠮ᠎ᠤᠨ ᠠᠶᠠᠨ ᠲᠠᠢ᠍ᠢᠨ᠎ᠡᠴᠡ ᠪᠢᠳᠡᠨ᠎ᠳᠦ ᠦᠯᠡᠳᠡᠭᠡᠵᠦ ᠥᠭᠭᠦᠭᠰᠡᠨ ᠬᠠᠮᠤᠭ᠎ᠤᠨ ᠡᠷᠬᠢᠮ ᠨᠠᠨᠳᠢᠨ ᠤᠶᠤᠨ ᠰᠠᠨᠠᠭᠠᠨ᠎ᠤ ᠡᠳ᠋ ᠪᠠᠶᠠᠯᠢᠭ᠋ ᠪᠣᠯ ᠳᠠᠷᠤᠢ ᠳᠤᠮᠳᠠᠳᠤ ᠤᠯᠤᠰ᠎ᠤᠨ ᠡᠪ ᠬᠠᠮᠲᠤᠴᠤᠳ ᠪᠠ ᠤᠯᠠᠭᠠᠨ ᠴᠡᠷᠢᠭ᠎ᠦᠨ ᠳᠠᠷᠤᠭ᠎ᠠ ᠪᠠᠢᠯᠳᠤᠭ᠍ᠴᠢᠳ᠎ᠤᠨ ᠠᠮᠢ ᠨᠠᠰᠤ ᠪᠠ ᠬᠠᠯᠠᠭᠤᠨ ᠴᠢᠰᠤ᠎ᠪᠠᠷ᠎ᠢᠶᠠᠨ ᠴᠣᠭᠴᠠᠯᠠᠭᠰᠠᠨ ᠠᠭᠤᠤ ᠶᠡᠬᠡ ᠤᠷᠳᠤ ᠵᠠᠮ᠎ᠤᠨ ᠠᠶᠠᠨ ᠲᠠᠢ᠍ᠢᠨ᠎ᠦ ᠵᠣᠷᠢᠭ᠋ ᠰᠠᠨᠠᠭ᠎ᠠ — ᠪᠦᠬᠦ ᠤᠯᠤᠰ᠎ᠤᠨ ᠠᠷᠠᠳ ᠲᠦᠮᠡᠨ ᠪᠠ ᠳᠤᠮᠳᠠᠳᠤ᠎ᠶᠢᠨ ᠦᠨᠳᠦᠰᠦᠲᠡᠨ᠎ᠦ ᠦᠨᠳᠦᠰᠦᠨ ᠠᠰᠢᠭ᠋ ᠲᠤᠰᠠ᠎ᠶᠢ ᠠᠯᠢᠪᠠ᠎ᠡᠴᠡ ᠳᠡᠭᠡᠭᠦᠷ ᠦᠵᠡᠵᠦ᠂ ᠬᠤᠪᠢᠰᠬᠠᠯ᠎ᠤᠨ ᠬᠦᠰᠡᠯᠡᠩ ᠪᠠ ᠢᠲᠡᠭᠡᠯ ᠵᠣᠷᠢᠭ᠋᠎ᠢᠶᠠᠨ ᠪᠠᠲᠤᠳᠬᠠᠨ᠂ ᠰᠢᠳᠤᠷᠭᠤ ᠶᠣᠰᠣᠨ᠎ᠤ ᠦᠢᠯᠡᠰ ᠯᠠᠪᠲᠠᠢ ᠢᠯᠠᠯᠲᠠ ᠣᠯᠬᠤ᠎ᠶᠢ ᠪᠠᠲᠤ ᠢᠲᠡᠭᠡᠨ᠎ᠡ; ᠤᠯᠤᠰ᠎ᠢᠶᠠᠨ ᠠᠪᠤᠷᠠᠵᠤ ᠠᠷᠠᠳ ᠲᠦᠮᠡᠨ᠎ᠢᠶᠡᠨ ᠠᠪᠤᠷᠠᠬᠤ᠎ᠶᠢᠨ ᠲᠥᠯᠥᠭᠡ ᠶᠠᠮᠠᠷᠪᠠ ᠬᠦᠴᠢᠷ ᠪᠡᠷᠬᠡᠰᠢᠶᠡᠯ ᠬᠠᠷᠰᠢ ᠰᠠᠭᠠᠳ᠎ᠡᠴᠡ ᠠᠶᠤᠬᠤ ᠦᠭᠡᠢ᠂ ᠠᠯᠢᠪᠠ ᠦᠷᠡᠭᠳᠡᠯ ᠰᠦᠢᠳᠦᠯ᠎ᠡᠴᠡ ᠠᠶᠤᠬᠤ ᠦᠭᠡᠢᠪᠡᠶᠡᠪᠡᠨ ᠳᠠᠭᠠᠭᠠᠵᠤ ᠡᠵᠡᠨ ᠮᠡᠳᠡᠬᠦ᠂ ᠦᠨᠡᠨ᠎ᠡᠴᠡ ᠵᠥᠪ᠎ᠢ ᠡᠷᠢᠬᠦ᠂ ᠠᠯᠢᠪᠠ ᠪᠦᠬᠦᠨ᠎ᠳᠦ ᠪᠣᠳᠠᠲᠠᠢ᠎ᠡᠴᠡ ᠡᠭᠦᠰᠬᠦ᠎ᠶᠢ ᠪᠠᠷᠢᠮᠲᠠᠯᠠᠨ᠎ᠠ; ᠪᠦᠬᠦ ᠲᠠᠯ᠎ᠠ᠎ᠶᠢ ᠬᠠᠷᠠᠭᠠᠯᠵᠠᠨ᠂ ᠰᠠᠬᠢᠯᠭ᠎ᠠ ᠪᠠᠲᠤ᠎ᠶᠢ ᠴᠢᠩᠭ᠎ᠠ ᠰᠠᠬᠢᠵᠤ᠂ ᠨᠢᠭ᠍ᠲᠠᠷᠠᠨ ᠪᠦᠯᠬᠦᠮᠳᠡᠨ᠎ᠡ; ᠠᠷᠠᠳ ᠤᠯᠠᠨ᠎ᠳᠤ ᠴᠢᠩᠭ᠎ᠠ ᠲᠦᠰᠢᠭᠯᠡᠨ᠂ ᠠᠷᠠᠳ ᠤᠯᠠᠨ᠎ᠲᠠᠢ ᠦᠬᠦᠵᠦ ᠰᠡᠭᠡᠬᠦ᠎ᠪᠡᠨ ᠬᠠᠮᠲᠤᠳᠬᠠᠵᠤ᠂ ᠵᠢᠷᠭᠠᠯ ᠵᠣᠪᠠᠯᠠᠩ᠎ᠢᠶᠠᠨ ᠬᠠᠮᠲᠤᠳᠬᠠᠨ᠂ ᠲᠡᠰᠪᠦᠷᠢ ᠬᠠᠲᠠᠭᠤᠵᠢᠯᠲᠠᠢ ᠲᠡᠮᠡᠴᠡᠨ᠎ᠡ᠃
ᠡᠨᠡ ᠪᠣᠯ ᠳᠤᠮᠳᠠᠳᠤ ᠤᠯᠤᠰ᠎ᠤᠨ ᠡᠪ ᠬᠠᠮᠲᠤᠴᠤᠳ ᠵᠢᠴᠢ ᠲᠡᠭᠦᠨ᠎ᠦ ᠤᠳᠤᠷᠢᠳᠤᠭᠰᠠᠨ ᠠᠷᠠᠳ᠎ᠤᠨ ᠴᠡᠷᠢᠭ᠎ᠦᠨ ᠬᠤᠪᠢᠰᠬᠠᠯᠲᠤ ᠬᠡᠪ ᠰᠤᠷᠲᠠᠯ᠎ᠤᠨ ᠠᠮᠢᠳᠤᠯᠢᠭ᠋ ᠲᠤᠰᠬᠠᠯ ᠮᠥᠨ᠂ ᠳᠤᠮᠳᠠᠳᠤ᠎ᠶᠢᠨ ᠦᠨᠳᠦᠰᠦᠲᠡᠨ᠎ᠦ ᠬᠦᠴᠦᠷᠬᠡᠭᠵᠢᠬᠦ᠎ᠪᠡᠷ ᠬᠦᠴᠦᠯᠡᠨ ᠴᠢᠷᠮᠠᠢᠬᠤ ᠦᠨᠳᠦᠰᠦᠲᠡᠨ᠎ᠦ ᠵᠠᠩ ᠴᠢᠨᠠᠷ᠎ᠤᠨ ᠲᠥᠪᠯᠡᠷᠡᠩᠭᠦᠢ ᠢᠯᠡᠷᠡᠯ ᠮᠥᠨ᠂ ᠡᠬᠡ ᠣᠷᠣᠨᠴᠢ ᠦᠵᠡᠯ᠎ᠢᠶᠡᠷ ᠭᠣᠣᠯᠯᠠᠭᠤᠯᠤᠭᠰᠠᠨ ᠦᠨᠳᠦᠰᠦᠲᠡᠨ᠎ᠦ ᠵᠣᠷᠢᠭ᠋ ᠰᠠᠨᠠᠭᠠᠨ᠎ᠤ ᠬᠠᠮᠤᠭ᠎ᠤᠨ ᠳᠡᠭᠡᠳᠦ ᠢᠯᠡᠷᠡᠯ ᠮᠥᠨ᠃ ᠶᠡᠷᠡᠨ ᠵᠢᠯ᠎ᠦᠨ ᠳᠠᠪᠲᠠᠯᠲᠠ᠎ᠶᠢ ᠥᠩᠭᠡᠷᠡᠭᠡᠭᠡᠳ ᠠᠭᠤᠤ ᠶᠡᠬᠡ ᠤᠷᠳᠤ ᠵᠠᠮ᠎ᠤᠨ ᠠᠶᠠᠨ ᠲᠠᠢ᠍ᠢᠨ᠎ᠦ ᠵᠣᠷᠢᠭ᠋ ᠰᠠᠨᠠᠭ᠎ᠠ ᠬᠡᠮᠡᠬᠦ ᠡᠨᠡ ᠬᠦ᠌ ᠬᠤᠪᠢᠰᠬᠠᠯ᠎ᠤᠨ ᠭᠸᠨ ᠨᠢᠭᠡᠨᠲᠡ ᠳᠤᠮᠳᠠᠳᠤ᠎ᠶᠢᠨ ᠦᠨᠳᠦᠰᠦᠲᠡᠨ᠎ᠦ ᠴᠢᠰᠤ ᠮᠢᠬᠠᠨ᠎ᠳᠤ ᠭᠦᠨ ᠰᠢᠩᠭᠡᠵᠡᠢ᠃
ᠣᠷᠳᠣ᠌ ᠵᠠᠮ᠎ᠤᠨ ᠠᠶᠠᠨ ᠲᠡᠶ᠋ᠢᠨ᠎ᠳᠦ ᠬᠠᠳᠠᠭᠠᠯᠠᠭᠳᠠᠵᠤ ᠪᠠᠢᠭ᠎ᠠ ᠣᠶᠤᠨ ᠰᠠᠨᠠᠭᠠᠨ᠎ᠤ ᠪᠠᠶᠠᠯᠢᠭ᠋ ᠠᠭᠤᠷᠬᠠᠢ ᠪᠣᠯ ᠳᠤᠮᠳᠠᠳᠤ ᠤᠯᠤᠰ᠎ᠤᠨ ᠬᠢ ᠪᠥᠭᠡᠳ ᠪᠥᠬᠥ ᠬᠥᠮᠥᠨ ᠲᠥᠷᠥᠯᠬᠢᠲᠡᠨ᠎ᠦ ᠬᠢ ᠶᠤᠮ᠃ ᠬᠥᠮᠥᠰ ᠳᠡᠯᠡᠬᠡᠢ᠎ᠶᠢᠨ ᠡᠯ᠎ᠡ ᠭᠠᠵᠠᠷ᠎ᠡᠴᠡ ᠳᠤᠮᠳᠠᠳᠤ ᠤᠯᠤᠰ᠎ᠲᠤ ᠢᠷᠡᠵᠦ ᠤᠷᠳᠤ ᠵᠠᠮ᠎ᠤᠨ ᠠᠶᠠᠨ ᠲᠠᠢ᠍ᠢᠨ᠎ᠦ ᠦᠨᠡᠨ ᠶᠣᠰᠣ᠌᠎ᠶᠢ ᠡᠷᠢᠯᠬᠢᠯᠡᠵᠦ᠂ ᠤᠷᠳᠤ ᠵᠠᠮ᠎ᠤᠨ ᠠᠶᠠᠨ ᠲᠠᠢ᠍ᠢᠨ᠎ᠦ ᠤᠢ ᠰᠠᠨᠠᠮᠵᠢ ᠶᠠᠭᠠᠬᠢᠭᠠᠳ ᠡᠨᠡ ᠬᠦ᠌ ᠨᠤᠲᠤᠭ ᠳᠡᠪᠢᠰᠬᠡᠷ ᠳᠡᠭᠡᠷ᠎ᠡ ᠦᠶ᠎ᠡ᠎ᠶᠢᠨ ᠦᠶ᠎ᠡ᠎ᠳᠦ ᠤᠯᠠᠮᠵᠢᠯᠠᠭᠳᠠᠭᠰᠠᠨᠢ ᠣᠢᠯᠠᠭᠠᠵᠠᠢ᠃ ᠲᠦᠷᠦᠭᠦᠬᠡᠨ ᠭᠠᠳᠠᠭᠠᠳᠤ᠎ᠶᠢᠨ 30 ᠭᠠᠷᠤᠢ ᠲᠤᠰᠬᠠᠢ ᠮᠡᠷᠭᠡᠵᠢᠯᠲᠡᠨ᠂ ᠭᠠᠳᠠᠭᠠᠳᠤ᠎ᠶᠢᠨ ᠵᠠᠭᠤᠴᠢᠯᠠᠭᠤᠷ᠎ᠤᠨ ᠠᠵᠢᠯᠳᠠᠨ᠂ ᠭᠠᠳᠠᠭᠠᠳᠤ᠎ᠶᠢᠨ ᠰᠦᠯᠵᠢᠶᠡᠴᠢᠳ᠂ ᠳᠤᠮᠳᠠᠳᠤ ᠭᠠᠳᠠᠭᠠᠳᠤ᠎ᠶᠢᠨ ᠵᠠᠯᠠᠭᠤᠴᠤᠳ᠎ᠤᠨ ᠲᠥᠯᠥᠭᠡᠯᠡᠭᠴᠢ᠂ ᠨᠠᠮ᠎ᠤᠨ ᠲᠡᠦᠬᠡ ᠰᠤᠳᠤᠯᠤᠭ᠍ᠴᠢ᠂ ᠤᠯᠠᠭᠠᠨ ᠴᠡᠷᠢᠭ᠎ᠦᠨ ᠬᠣᠢᠴᠢᠰ᠎ᠢᠶᠠᠷ ᠪᠦᠷᠢᠯᠳᠦᠭᠰᠡᠨ ᠰᠤᠷᠪᠤᠯᠵᠢᠯᠠᠬᠤ ᠪᠦᠯᠬᠦᠮ ᠰᠢᠨ᠎ᠡ ᠢᠯᠡᠷᠡᠭᠦᠯᠦᠯᠲᠡ᠎ᠶᠢᠨ ᠠᠶᠠᠯᠠᠯ᠎ᠢᠶᠠᠨ ᠡᠬᠢᠯᠡᠭᠦᠯᠵᠡᠢ᠃ ᠰᠤᠷᠪᠤᠯᠵᠢᠯᠠᠬᠤ ᠪᠦᠯᠬᠦᠮ᠎ᠦᠨ ᠬᠢᠨ ᠢᠦᠢ ᠳᠦ ᠾᠧ ᠭᠣᠣᠯ᠎ᠡᠴᠡ ᠮᠣᠷᠳᠠᠵᠤ᠂ ᠰᠢᠶᠠᠩᠵᠢᠶᠠᠩ ᠮᠥᠷᠡᠨ᠂ ᠽᠦᠨ ᠢ ᠂ ᠵᠢᠶᠠ᠎ᠶᠢᠨ ᠱᠠᠨ ᠠᠭᠤᠯᠠ᠂ ᠯᠦ᠍ ᠳ᠋ᠢᠩ ᠴᠢᠶᠣᠤ ᠬᠥᠭᠥᠷᠭᠡ᠂ ᠯᠠ ᠽᠢ ᠺᠧᠦ᠂ ᠬᠠ ᠳᠠ ᠫᠥ᠋᠂ ᠬᠤᠢ ᠨᠢᠩ᠎ᠢᠶᠡᠷ ᠥᠩᠭᠡᠷᠡᠵᠦ᠂ ᠡᠴᠦᠰ᠎ᠲᠡᠬᠡᠨ ᠶᠠᠨ ᠠᠨ᠎ᠳᠤ ᠬᠦᠷᠪᠡ᠃ ᠤᠷᠳᠤ ᠵᠠᠮ᠎ᠤᠨ ᠠᠶᠠᠨ ᠲᠠᠢ᠍ᠢᠨ᠎ᠦ ᠲᠤᠬᠠᠢ 《ᠲᠠᠨᠢᠨ ᠮᠡᠳᠡᠬᠦᠢ᠎ᠶᠢᠨ ᠵᠢᠷᠤᠭ》 ᠶᠠᠪᠤᠬᠤ ᠲᠤᠳᠤᠮ ᠪᠦᠷᠢᠨ ᠪᠦᠲᠦᠨ ᠪᠣᠯᠵᠤ᠂ ᠳᠤᠮᠳᠠᠳᠤᠴᠤᠳ᠎ᠤᠨ ᠤᠷᠳᠤ ᠵᠠᠮ᠎ᠤᠨ ᠠᠶᠠᠨ ᠲᠠᠢ᠍ᠢᠨ᠎ᠦ ᠶᠡᠷᠦ ᠪᠤᠰᠤ᠎ᠶᠢᠨ ᠠᠴᠢ ᠬᠣᠯᠪᠣᠭᠳᠠᠯ᠎ᠤᠨ ᠲᠤᠬᠠᠢ ᠣᠢᠯᠠᠭᠠᠯᠲᠠ ᠴᠤ᠌ ᠶᠠᠪᠤᠬᠤ ᠲᠤᠳᠤᠮ ᠦᠨᠡᠨ ᠪᠣᠳᠠᠲᠠᠢ ᠪᠣᠯᠪᠠ᠃
ᠴᠠᠭ ᠬᠤᠭᠤᠴᠠᠭ᠎ᠠ ᠣᠷᠣᠨ ᠵᠠᠢ᠎ᠶᠢ ᠠᠯᠤᠰᠯᠠᠭᠰᠠᠨ ᠤᠷᠳᠤ ᠵᠠᠮ᠎ᠤᠨ ᠠᠶᠠᠨ ᠲᠠᠢ᠍ᠢᠨ᠎ᠦ ᠳᠤᠷᠠᠰᠤᠮᠵᠢ ᠨᠢ ᠵᠥᠪᠬᠡᠨ ᠲᠡᠦᠬᠡ᠎ᠶᠢᠨ ᠬᠠᠭᠤᠴᠢᠨ ᠪᠠᠭᠤᠷᠢ ᠪᠣᠯᠣᠨ ᠦᠰᠦᠭ ᠪᠢᠴᠢᠭ᠎ᠲᠦ ᠲᠡᠮᠳᠡᠭᠯᠡᠭᠳᠡᠭᠰᠡᠨ ᠲᠡᠳᠦᠢ ᠪᠢᠰᠢ᠃ ᠤᠷᠳᠤ ᠵᠠᠮ᠎ᠤᠨ ᠠᠶᠠᠨ ᠲᠠᠢ᠍ᠢᠨ᠎ᠦ ᠠᠭᠤᠤ ᠶᠡᠬᠡ ᠵᠣᠷᠢᠭ᠋ ᠰᠠᠨᠠᠭ᠎ᠠ ᠳᠤᠮᠳᠠᠳᠤ᠎ᠶᠢᠨ ᠦᠨᠳᠦᠰᠦᠲᠡᠨ᠎ᠦ ᠤᠶᠤᠨ ᠰᠠᠨᠠᠭᠠᠨ᠎ᠤ ᠭᠡᠷ ᠣᠷᠣᠨ᠎ᠢ ᠭᠦᠨ ᠤᠮᠳᠠᠯᠠᠪᠠ᠃ ᠪᠠᠲᠤ ᠴᠢᠩᠭ᠎ᠠ ᠲᠡᠦᠬᠡ᠎ᠶᠢᠨ ᠤᠬᠠᠮᠰᠠᠷ᠎ᠢ ᠡᠪᠦᠷᠯᠡᠨ᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠡᠪ ᠬᠠᠮᠲᠤᠴᠤᠳ ᠤᠷᠳᠤ ᠵᠠᠮ᠎ᠤᠨ ᠠᠶᠠᠨ ᠲᠠᠢ᠍ᠢᠨ᠎ᠢᠶᠡᠷ ᠪᠣᠳᠠᠲᠤ ᠠᠬᠤᠢ᠎ᠵᠢ ᠲᠤᠰᠬᠠᠵᠤ᠂ ᠢᠷᠡᠭᠡᠳᠦᠢ᠎ᠶᠢ ᠠᠵᠢᠭ᠍ᠯᠠᠨ᠂ ᠤᠷᠳᠤ ᠵᠠᠮ᠎ᠤᠨ ᠠᠶᠠᠨ ᠲᠠᠢ᠍ᠢᠨ᠎ᠦ ᠡᠯᠪᠡᠭ ᠪᠠᠶᠠᠯᠢᠭ᠋ ᠬᠤᠷᠠᠮᠳᠤᠯ ᠳᠤᠮᠳᠠ᠎ᠡᠴᠡ ᠢᠲᠡᠭᠡᠯ ᠪᠢᠰᠢᠷᠡᠯ᠎ᠦᠨ ᠬᠦᠴᠦᠨ᠂ ᠠᠶᠠᠯᠠᠯ ᠳᠠᠭᠠᠭᠤᠯᠬᠤ ᠬᠦᠴᠦᠨ᠂ ᠠᠷᠠᠳ ᠲᠦᠮᠡᠨ᠎ᠦ ᠬᠦᠴᠦᠨ᠂ ᠲᠡᠮᠡᠴᠡᠯ᠎ᠦᠨ ᠬᠦᠴᠦᠨ᠎ᠢ ᠰᠢᠩᠭᠡᠬᠡᠨ ᠠᠪᠤᠪᠠ᠃ ᠤᠷᠳᠤ ᠵᠠᠮ᠎ᠤᠨ ᠠᠶᠠᠨ ᠲᠠᠢ᠍ᠢᠨ᠎ᠳᠦ ᠳᠠᠪᠲᠠᠭᠳᠠᠨ ᠪᠣᠯᠪᠠᠰᠤᠷᠠᠭᠰᠠᠨ ᠴᠢᠩ ᠦᠨᠡᠨᠴᠢ ᠡᠭᠦᠷᠭᠡᠯᠡᠯ᠂ ᠵᠠᠪᠠᠯ ᠢᠯᠠᠬᠤ ᠰᠥᠰᠥ ᠵᠣᠷᠢᠭ᠋᠂ ᠤᠯᠠᠨ ᠲᠦᠮᠡᠨᠴᠢ ᠦᠵᠡᠯᠲᠡ᠂ ᠬᠠᠳᠠᠨ ᠪᠠᠲᠤ ᠵᠣᠷᠢᠭ᠋ ᠨᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠠᠤᠭ᠎ᠠ ᠶᠡᠬᠡ ᠬᠦᠦᠷᠨᠢᠯ᠎ᠳᠦ ᠰᠢᠩᠭᠡᠵᠦ᠂ ᠲᠦᠷᠦ᠎ᠶᠢ ᠵᠠᠰᠠᠬᠤ ᠠᠮᠢᠳᠤᠯᠢᠭ᠋ ᠦᠢᠯᠡᠳᠦᠯᠭᠡ᠎ᠳᠦ ᠰᠢᠩᠭᠡᠵᠡᠢ᠃
ᠬᠣᠶᠠᠳᠤᠭᠠᠷ ᠵᠠᠭᠤᠨ ᠵᠢᠯ᠎ᠦᠨ ᠲᠡᠮᠡᠴᠡᠬᠦ ᠬᠠᠷᠠᠯᠲᠠ᠎ᠶᠢ ᠪᠡᠶᠡᠯᠡᠭᠦᠯᠬᠦ ᠰᠢᠨ᠎ᠡ ᠠᠶᠠᠨ᠎ᠳᠤ ᠪᠠᠰᠠ ᠤᠯᠠᠨ 《ᠴᠠᠰᠤᠲᠤ ᠠᠭᠤᠯᠠ》᠂ 《ᠡᠪᠡᠰᠦᠲᠦ ᠲᠠᠯ᠎ᠠ》ᠵᠢ ᠳᠠᠪᠠᠬᠤ ᠴᠢᠬᠤᠯᠠᠲᠠᠢ᠂ ᠤᠯᠠᠨ 《ᠯᠧᠦ ᠱᠠᠨ ᠭᠤᠸᠠᠨ ᠪᠣᠭᠣᠮᠲᠠ》᠂ 《ᠯᠠ ᠽᠢ ᠺᠧᠦ》 ᠶ᠋ᠢ ᠰᠢᠪᠲᠤᠯᠬᠤ ᠴᠢᠬᠤᠯᠠᠲᠠᠢ ᠶᠤᠮ᠃ ᠤᠯᠠᠭᠠᠨ ᠴᠡᠷᠢᠭ᠎ᠦᠨ ᠳᠠᠷᠤᠭ᠎ᠠ ᠪᠠᠢᠯᠳᠤᠭ᠍ᠴᠢᠳ᠎ᠤᠨ ᠬᠦᠴᠢᠷ ᠪᠡᠷᠬᠡᠰᠢᠶᠡᠯ᠎ᠢ ᠲᠤᠭᠤᠯᠬᠤ ᠪᠠᠷ᠎ᠠ ᠶᠡᠷᠦ ᠨᠢ ᠬᠤᠯᠠᠳᠠᠭ᠎ᠠ ᠦᠭᠡᠢ᠂ ᠠᠭᠤᠤ ᠶᠡᠬᠡ ᠤᠷᠳᠤ ᠵᠠᠮ᠎ᠤᠨ ᠠᠶᠠᠨ ᠲᠠᠢ᠍ᠢᠨ᠎ᠳᠦ ᠴᠣᠭᠴᠠᠯᠠᠭᠳᠠᠭᠰᠠᠨ ᠥᠨᠳᠥᠷ ᠰᠦᠷᠯᠢᠭ ᠬᠥᠰᠢᠶ᠎ᠡ ᠳᠤᠷᠠᠰᠬᠠᠯ ᠬᠤᠢᠴᠢᠰ᠎ᠲᠠᠭᠠᠨ ᠴᠢᠭᠯᠡᠯ᠎ᠢ ᠵᠢᠭᠠᠵᠦ ᠦᠭᠭᠦᠨ᠎ᠡ᠃ ᠤᠷᠳᠤ ᠵᠠᠮ᠎ᠤᠨ ᠠᠶᠠᠨ ᠲᠠᠢ᠍ᠢᠨ ᠪᠣᠯ ᠲᠡᠦᠬᠡ᠎ᠶᠢᠨ ᠬᠠᠭᠤᠳᠠᠰᠤ᠎ᠶᠢ ᠭᠡᠢᠭᠦᠯᠦᠭᠰᠡᠨ ᠲᠤᠩᠬᠠᠭ ᠪᠢᠴᠢᠭ᠂ ᠤᠬᠠᠭᠤᠯᠬᠤ ᠠᠩᠭᠢ᠂ ᠦᠷ᠎ᠡ ᠰᠠᠴᠤᠬᠤ ᠮᠠᠰᠢᠨ ᠪᠣᠯᠬᠤ᠎ᠪᠠᠷ ᠪᠠᠷᠠᠬᠤ ᠦᠭᠡᠢ ᠨᠡᠩ ᠴᠤ᠌ ᠪᠢᠳᠡᠨ᠎ᠦ ᠬᠦᠰᠡᠯᠡᠩ ᠢᠲᠡᠭᠡᠯ ᠪᠢᠰᠢᠷᠡᠯ᠎ᠢᠶᠡᠨ ᠪᠠᠲᠤᠳᠬᠠᠬᠤ ᠰᠠᠭᠤᠷᠢ ᠴᠢᠯᠠᠭᠤ᠂ ᠠᠷᠠᠳ ᠲᠦᠮᠡᠨ᠎ᠦ ᠵᠣᠭᠰᠣᠯᠲᠠ᠎ᠶᠢ ᠪᠠᠲᠤ ᠰᠠᠬᠢᠬᠤ ᠭᠡᠮᠵᠢᠬᠦᠷ᠂ ᠲᠡᠮᠡᠴᠡᠯ᠎ᠦᠨ ᠴᠢᠳᠠᠪᠤᠷᠢ᠎ᠪᠠᠨ ᠳᠠᠪᠲᠠᠨ ᠪᠣᠯᠪᠠᠰᠤᠷᠠᠭᠤᠯᠬᠤ ᠰᠤᠷᠬᠤ ᠪᠢᠴᠢᠭ ᠮᠥᠨ᠃
ᠦᠶ᠎ᠡ ᠦᠶ᠎ᠡ ᠵᠢᠨ ᠬᠦᠮᠦᠨ ᠪᠤᠯᠭᠠᠨ᠎ᠳᠦ ᠦᠪᠡᠷ᠎ᠤᠨ ᠬᠢᠨᠢ ᠤᠷᠳᠤ ᠵᠠᠮ᠎ᠤᠨ ᠠᠶᠠᠨ ᠲᠠᠢ᠍ᠢᠨ ᠪᠠᠢᠳᠠᠭ᠂ ᠦᠶ᠎ᠡ ᠦᠶ᠎ᠡ᠎ᠶᠢᠨ ᠬᠥᠮᠥᠨ ᠪᠦᠬᠦᠨ ᠴᠥᠮ ᠥᠪᠡᠷ᠎ᠦᠨ ᠤᠷᠳᠤ ᠵᠠᠮ᠎ᠤᠨ ᠠᠶᠠᠨ ᠲᠠᠢ᠍ᠢᠨ᠎ᠢᠶᠡᠨ ᠰᠠᠢᠲᠤᠷ ᠶᠠᠪᠤᠬᠤ ᠬᠡᠷᠡᠭᠲᠡᠢ᠃ ᠤᠷᠳᠤ ᠵᠠᠮ᠎ᠤᠨ ᠠᠶᠠᠨ ᠲᠠᠢ᠍ᠢᠨ ᠡᠭᠦᠷᠢᠳᠡ ᠦᠷᠬᠦᠯᠵᠢᠯᠡᠭᠰᠡᠭᠡᠷ᠃
(ᠰᠢᠨᠬᠤᠸᠠ ᠬᠤᠷᠢᠶ᠎ᠠ ᠵᠢᠨ ᠪᠡᠭᠡᠵᠢᠩ᠎ᠦᠨ 10 ᠰᠠᠷ᠎ᠠ᠎ᠶᠢᠨ 20 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃