ᠲᠡᠷᠢᠭᠦᠨ ᠨᠢᠭᠤᠷ>ᠴᠠᠭ ᠲᠦᠷᠦ>ᠴᠠᠭ᠎ᠤᠨ ᠰᠢᠭᠦᠮᠵᠢ

2026-10-28 10:37:47

ᠵᠣᠬᠢᠶᠠᠭ᠍ᠴᠢ᠄ ᠭᠤᠸ᠎ᠠ ᠣᠩᠱᠢᠭ᠍ᠰᠠᠨ ᠣᠳᠠᠭ᠎ᠠ᠄ 3

ᠤᠯᠠᠭᠠᠨᠴᠠᠪ ᠬᠤᠳᠠ ᠵᠢᠨ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ ᠳ᠋ᠤ ᠪᠠᠢᠷᠢᠯᠠᠭ᠎ᠠ ᠬᠢᠬᠢᠷᠢ ᠵᠢᠨ ᠨᠠᠭᠤᠷ ᠲᠦ᠍ ᠤᠰᠠᠳᠤᠭᠠᠳ 27 ᠵᠢᠯ ᠪᠤᠯᠤᠭᠰᠠᠨ ᠵᠢᠭᠠᠰᠤᠨ ᠰᠦᠷᠦᠭ ᠳᠠᠬᠢᠨᠳᠠ ᠢᠯᠡᠷᠡᠭᠰᠡᠨ ᠪᠠᠢᠳᠠᠯ ᠢ᠋ 2025 ᠤᠨ ᠤ᠋ 5 ᠰᠠᠷ᠎ᠠ ᠳ᠋ᠤ ᠠᠵᠢᠭᠯᠠᠨ ᠬᠡᠮᠵᠢᠵᠤ ᠤᠯᠤᠭᠰᠠᠨ ᠪᠠᠢᠳᠠᠭ᠃ ᠡᠨᠡ ᠬᠦ᠌ ᠦᠵᠡᠭᠳᠡᠯ ᠨᠢ ᠭᠡᠨᠡᠳᠲᠡ ᠵᠢᠨ ᠲᠣᠬᠢᠶᠠᠯᠳᠤᠯ ᠪᠤᠰᠤ᠂ ᠬᠠᠷᠢᠨ ᠤᠷᠲᠤ ᠬᠤᠭᠤᠴᠠᠭᠠᠨ ᠤ᠋ ᠬᠠᠮᠠᠭᠠᠯᠠᠯᠳᠠ ᠵᠠᠰᠠᠯᠲᠠ ᠪᠡᠷ ᠳᠠᠮᠵᠢᠨ ᠤᠯᠤᠭᠰᠠᠨ ᠠᠮᠢ ᠠᠬᠤᠢ ᠵᠢᠨ ᠠᠮᠵᠢᠯᠳᠠ ᠪᠦᠳᠦᠮᠵᠢ ᠪᠤᠯᠬᠤ ᠶᠤᠮ᠃ ᠳᠠᠬᠢᠨᠳᠠ ᠢᠯᠡᠷᠡᠭᠰᠡᠨ ᠨᠠᠭᠤᠷ ᠤ᠋ᠨ ᠵᠢᠭᠠᠰᠤ ᠨᠢ ᠤᠰᠤᠨ ᠤᠷᠤᠨ ᠤ᠋ ᠠᠮᠢ ᠠᠬᠤᠢ ᠵᠢᠨ ᠰᠡᠷᠭᠦᠭᠡᠯᠲᠡ ᠵᠢᠨ ᠦᠷ᠎ᠡ ᠪᠦᠲᠦᠮᠵᠢ ᠵᠢ ᠰᠢᠯᠭᠠᠨ ᠬᠡᠮᠵᠢᠶᠡᠯᠡᠬᠦ《 ᠠᠮᠢ ᠠᠬᠤᠢ ᠵᠢᠨ ᠱᠤᠭᠤᠮ 》 ᠪᠤᠯᠤᠭᠰᠠᠨ ᠨᠢ ᠮᠡᠳᠡᠭᠡᠵᠢ᠃

ᠡᠳᠦᠭᠡ ᠬᠢᠬᠢᠷᠢ ᠵᠢᠨ ᠨᠠᠭᠤᠷ ᠤ᠋ᠨ ᠤᠰᠤ ᠲᠠᠲᠠᠷᠠᠨ ᠰᠢᠷᠭᠢᠭᠡᠳ ᠬᠤᠵᠢᠷᠯᠢᠭ ᠰᠠᠢᠷᠭᠠᠯ ᠪᠤᠯᠤᠭᠰᠠᠨ ᠪᠠᠢᠳᠠᠯ ᠨᠢᠭᠡᠨᠳᠡ ᠠᠷᠢᠯᠪᠠ᠃ ᠮᠠᠯᠵᠢᠯ ᠤ᠋ᠨ ᠲᠠᠯᠠᠪᠠᠢ ᠵᠢ ᠨᠤᠷᠠᠭᠠᠵᠤ ᠨᠡᠭᠦᠯᠭᠡᠨ ᠰᠢᠯᠵᠢᠭᠦᠯᠬᠦ᠂ ᠨᠤᠭᠤ ᠭᠠᠵᠠᠷ ᠤ᠋ᠨ ᠭᠤᠤᠯ ᠬᠡᠰᠡᠭ ᠢ᠋ ᠬᠦᠷᠢᠶᠡᠯᠡᠭᠦ ᠡᠴᠡ ᠨᠠᠭᠤᠷ ᠲᠦ᠍ ᠣᠷᠣᠬᠤ ᠤᠰᠤᠨ ᠰᠢᠰᠲᠧᠮ ᠢ᠋ ᠨᠡᠪᠲᠡᠷᠡᠭᠦᠯᠬᠦ᠂ ᠪᠦᠬᠦ ᠣᠷᠣᠨ ᠪᠦᠰᠡ ᠪᠡᠷ ᠪᠣᠬᠢᠷᠲᠤᠯ ᠢ᠋ ᠵᠠᠰᠠᠬᠤ᠂ ᠪᠠᠰᠠ ᠣᠶᠤᠨᠳᠤ ᠲᠠᠪᠴᠠᠩ ᠵᠢᠡᠷ ᠬᠠᠮᠢᠶᠠᠷᠤᠨ ᠡᠵᠡᠮᠳᠡᠵᠤ ᠬᠠᠮᠠᠭᠠᠯᠠᠬᠤ ᠬᠦᠷᠲᠡᠯ᠎ᠡ᠂ ᠲᠤᠬᠠᠢ ᠵᠢᠨ ᠭᠠᠵᠠᠷ ᠤ᠋ᠨ ᠬᠢᠨ 《ᠬᠥᠮᠥᠨ ᠤ᠋ ᠬᠦᠴᠦ ᠪᠡᠷ ᠭᠠᠷ ᠳᠦᠷᠦᠬᠦ ᠵᠢ ᠪᠠᠭᠠᠰᠬᠠᠵᠤ᠂ ᠠᠶᠠᠨᠳᠠᠭᠠᠨ ᠵᠠᠰᠠᠨ ᠰᠡᠷᠭᠦᠬᠦ ᠵᠢ ᠠᠬᠢᠭᠤᠯᠬᠤ》 ᠵᠢ ᠪᠠᠷᠢᠮᠲᠠᠯᠠᠵᠤ᠂ ᠪᠠᠢᠭᠠᠯᠢ ᠵᠢᠨ ᠰᠡᠷᠭᠦᠯᠲᠡ ᠵᠢᠨ ᠬᠦᠴᠦᠨ ᠢ᠋ ᠭᠦᠢᠴᠡᠳ ᠪᠠᠳᠠᠷᠠᠭᠤᠯᠪᠠ᠃

ᠵᠢᠭᠠᠰᠤᠨ ᠰᠦᠷᠦᠭ ᠳᠠᠬᠢᠨᠳᠠ ᠢᠯᠡᠷᠡᠭᠰᠡᠨ ᠨᠢ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ ᠪᠦᠷᠢᠳᠤ ᠨᠤᠳᠤᠭ ᠪᠡᠯᠴᠢᠭᠡᠷ ᠡᠯᠡᠰᠤ ᠮᠠᠩᠬ᠎ᠠ ᠵᠢ ᠨᠢᠭᠡ ᠴᠤᠭᠴᠠᠵᠢᠭᠤᠯᠤᠭᠰᠠᠨ ᠬᠠᠮᠠᠭᠠᠯᠠᠯᠳᠠ ᠵᠢᠨ ᠰᠢᠰᠲᠧᠮᠳᠤ ᠵᠠᠰᠠᠯᠳᠠ᠎ᠵᠢᠨ ᠦᠷ᠎ᠠ ᠪᠦᠳᠤᠮᠵᠢ ᠪᠤᠯᠬᠤ ᠶᠤᠮ᠃ ᠨᠤᠭᠤ ᠭᠠᠵᠠᠷ ᠢ᠋ ᠰᠡᠷᠭᠦᠭᠡᠬᠦ ᠨᠢ ᠳᠥᠬᠥᠮᠬᠡᠨ ᠤᠰᠤ ᠲᠠᠲᠠᠵᠤ ᠨᠠᠭᠤᠷ ᠤ᠋ᠨ ᠤᠰᠤᠨ ᠤ᠋ ᠳᠠᠯᠠᠪᠠᠢ ᠵᠢ ᠥᠷᠭᠡᠳᠬᠡᠬᠦ ᠶᠠᠪᠤᠳᠠᠯ ᠳᠡᠳᠤᠢ ᠪᠢᠰᠢ᠂ ᠬᠠᠷᠢᠨ ᠬᠥᠮᠦᠨ ᠪᠣᠯᠤᠨ ᠤᠰᠤ᠂ ᠬᠥᠭᠵᠢᠯᠲᠡ ᠪᠣᠯᠤᠨ ᠬᠠᠮᠠᠭᠠᠯᠠᠯᠲᠠ ᠵᠢᠨ ᠬᠠᠷᠢᠴᠠᠭ᠎ᠠ ᠵᠢ ᠰᠢᠯᠤᠭᠤᠳᠬᠠᠬᠤ ᠳ᠋ᠤ᠌ ᠪᠣᠢ᠃ ᠠᠮᠢ ᠠᠬᠤᠢ ᠵᠢ ᠤᠷᠢᠳ ᠵᠢᠡᠷ ᠪᠤᠳᠤᠯᠬᠢᠯᠠᠬᠤ ᠪᠤᠬᠢᠷᠳᠤᠯ ᠦᠭᠡᠢ ᠬᠦᠭᠵᠢᠭᠦᠯᠬᠦ ᠵᠠᠮ ᠵᠢᠡᠷ ᠡᠷᠡᠰ ᠭᠤᠢᠪᠢᠰᠢ ᠦᠭᠡᠢ ᠵᠠᠮᠨᠠᠵᠤ᠂ ᠰᠢᠷᠢᠰ ᠰᠢᠰᠲᠧᠮᠳᠤ ᠠᠷᠭ᠎ᠠ ᠬᠡᠮᠵᠢᠶ᠎ᠡ ᠪᠡᠷ ᠳᠠᠮᠵᠢᠨ ᠪᠡᠯᠡ ᠣᠷᠣᠭᠤᠯᠤᠨ ᠣᠷᠴᠢᠨ ᠲᠣᠭᠣᠷᠢᠨ ᠢ᠋ ᠰᠡᠷᠭᠦᠭᠡᠨ ᠬᠠᠮᠠᠭᠠᠯᠠᠬᠤ ᠮᠥᠷᠲᠡᠭᠡᠨ ᠪᠠᠰᠠ ᠬᠣᠷᠢᠭ᠎ᠠ ᠱᠤᠭᠤᠮ ᠢ᠋ ᠪᠠᠳᠤ ᠰᠠᠬᠢᠵᠤ᠂ ᠨᠣᠭᠤ ᠭᠠᠵᠠᠷ ᠲᠤ᠌ ᠦᠵᠡᠭᠦᠯᠬᠦ ᠬᠥᠮᠦᠨ ᠲᠥᠷᠥᠯᠬᠢᠲᠡᠨ ᠤ᠋ ᠠᠵᠢᠯᠯᠠᠭ᠎ᠠ ᠵᠢᠨ ᠬᠠᠷᠰᠢ ᠵᠢ ᠪᠠᠭᠠᠰᠬᠠᠬᠤ ᠴᠢᠬᠤᠯᠠᠳᠠᠢ ᠬᠡᠳᠡᠭ ᠢ᠋ ᠬᠢᠬᠢᠷᠢ ᠵᠢᠨ ᠨᠠᠭᠤᠷ ᠤ᠋ᠨ ᠠᠮᠢ ᠠᠬᠤᠢ ᠵᠢᠨ ᠰᠡᠷᠭᠦᠭᠡᠯᠳᠡ ᠵᠢᠨ ᠦᠢᠯᠡᠳᠦᠯᠭᠡ ᠬᠡᠷᠡᠴᠢᠯᠡᠵᠤ ᠪᠤᠢ᠃

ᠨᠠᠭᠤᠷ ᠴᠦᠭᠦᠷᠦᠮ ᠨᠤᠭᠤ ᠭᠠᠵᠠᠷ ᠲᠦ᠍ ᠵᠢᠭᠠᠰᠤ ᠵᠢᠷᠠᠭᠠᠬᠠᠢ ᠢᠷᠠᠯᠵᠠᠨ ᠵᠦᠢᠯ ᠤ᠋ᠨ ᠰᠢᠪᠠᠭᠤᠳ ᠬᠤᠷᠠᠨ ᠴᠤᠭᠯᠠᠷᠠᠬᠤ ᠨᠢ ᠵᠦᠪᠭᠡᠨ ᠱᠠᠲᠤᠴᠢ ᠴᠢᠨᠠᠷᠲᠠᠢ ᠠᠮᠵᠢᠯᠲᠠ ᠪᠤᠯᠬᠤ ᠶᠦ᠍ᠮ᠃ ᠨᠤᠭᠤ ᠭᠠᠵᠠᠷ ᠤ᠋ᠨ ᠠᠮᠢ ᠠᠬᠤᠢ ᠵᠢᠨ ᠬᠠᠮᠠᠭᠠᠯᠠᠯᠲᠠ ᠵᠢᠨ ᠡᠭᠦᠷᠭᠡ ᠬᠦᠨᠳᠦ ᠵᠠᠮ ᠬᠣᠯᠠ ᠪᠠᠢᠵᠤ᠂ ᠵᠦᠪᠭᠡᠨ ᠬᠠᠮᠠᠭᠠᠯᠠᠯᠳᠠ ᠵᠢᠨ ᠤᠯᠠᠭᠠᠨ ᠱᠤᠭᠤᠮ ᠢ᠋ ᠪᠠᠲᠤ ᠰᠠᠬᠢᠨ᠂ ᠬᠦᠮᠦᠨ ᠤ᠋ ᠬᠠᠷᠰᠢᠯᠠᠯ ᠢ᠋ ᠦᠷᠭᠦᠯᠵᠢᠯᠡᠨ ᠪᠠᠭᠠᠰᠬᠠᠵᠤ᠂ ᠪᠠᠢᠭᠠᠯᠢ ᠵᠢ ᠬᠦᠨᠳᠦᠳᠬᠡᠬᠦ᠂ ᠪᠠᠢᠭᠠᠯᠢ ᠲᠠᠢ ᠵᠣᠬᠢᠴᠠᠬᠤ᠂ ᠪᠠᠢᠭᠠᠯᠢ ᠵᠢ ᠬᠠᠮᠠᠭᠠᠯᠠᠬᠤ ᠵᠢ ᠪᠠᠷᠢᠮᠲᠠᠯᠠᠪᠠᠯ ᠰᠠᠶᠢ ᠠᠮᠢᠳᠠᠨ ᠤᠯᠠᠰᠢᠷᠠᠨ ᠤᠷᠭᠤᠮᠠᠯ ᠰᠠᠬᠤᠯᠢᠭᠵᠢᠵᠤ᠂ ᠠᠮᠢᠳᠤ ᠪᠣᠳᠠᠰ ᠤ᠋ᠨ ᠤᠯᠠᠨ ᠶᠠᠩᠵᠤᠲᠤ ᠴᠢᠨᠠᠷ ᠢ᠋ ᠪᠠᠳᠤᠯᠠᠵᠤ ᠴᠢᠳᠠᠬᠤ ᠶᠤᠮ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面