ᠲᠡᠷᠢᠭᠦᠨ ᠨᠢᠭᠤᠷ>ᠴᠠᠭ ᠲᠦᠷᠦ>ᠴᠠᠭ᠎ᠤᠨ ᠰᠢᠭᠦᠮᠵᠢ

2026-10-29 11:12:08

ᠵᠣᠬᠢᠶᠠᠭ᠍ᠴᠢ᠄ ᠠᠷᠠᠳ᠎ᠤᠨ ᠡᠳᠦᠷ᠎ᠦᠨ ᠰᠣᠨᠢᠨ᠎ᠤ ᠰᠢᠭᠦᠮᠵᠢᠯᠡᠭᠴᠢ ᠣᠩᠱᠢᠭ᠍ᠰᠠᠨ ᠣᠳᠠᠭ᠎ᠠ᠄ 3

— ᠶᠡᠷᠦᠩᠬᠡᠢ ᠱᠦᠵᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠍ᠢᠨ ᠢᠯᠠᠯᠲᠠ ᠣᠯᠣᠭᠰᠠᠨ 90 ᠵᠢᠯ᠎ᠦᠨ ᠤᠢ᠎ᠶᠢ ᠳᠤᠷᠠᠰᠬᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶ᠋ᠢ ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠬᠦ ᠨᠢ


《ᠰᠢᠨ᠎ᠡ ᠠᠶᠠᠨ ᠪᠣᠯ ᠢᠷᠠᠭᠤ ᠠᠯᠳᠠᠷ ᠪᠠ ᠬᠦᠰᠡᠯ ᠵᠡᠭᠦᠳᠦ᠎ᠪᠡᠷ ᠪᠢᠯᠬᠠᠭᠰᠠᠨ ᠠᠶᠠᠨ ᠲᠠᠢ᠍ᠢᠨ ᠮᠥᠨ᠂ ᠨᠠᠮ ᠪᠣᠯᠣᠨ ᠠᠷᠠᠳ ᠲᠦᠮᠡᠨ᠎ᠦ ᠰᠢᠨ᠎ᠡ ᠠᠶᠠᠨ ᠲᠠᠢ᠍ᠢᠨ ᠮᠥᠨ》᠃

ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠍ᠢᠨ ᠢᠯᠠᠯᠲᠠ ᠣᠯᠣᠭᠰᠠᠨ 90 ᠵᠢᠯ᠎ᠦᠨ ᠤᠢ᠎ᠶᠢ ᠳᠤᠷᠠᠰᠬᠠᠬᠤ ᠶᠡᠬᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠪᠠᠢᠯᠳᠤᠬᠤ ᠪᠣᠳᠣᠯᠭ᠎ᠠ᠎ᠶᠢᠨ ᠪᠦᠬᠦ ᠲᠠᠯ᠎ᠠ ᠪᠣᠯᠣᠨ ᠳᠡᠯᠡᠬᠡᠢ ᠶᠢᠷᠳᠢᠨᠴᠤ᠎ᠶᠢᠨ ᠵᠠᠭᠤᠨ ᠵᠢᠯ᠎ᠳᠦ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ᠎ᠶᠢ ᠨᠢᠭᠡᠳᠦᠯᠲᠡᠢ ᠲᠥᠯᠥᠪᠵᠢᠭᠦᠯᠵᠦ᠂ 《ᠠᠭᠤᠤ ᠶᠡᠬᠡ ᠤᠷᠳᠤ ᠵᠠᠮ᠎ᠤᠨ ᠠᠶᠠᠨ ᠲᠠᠢ᠍ᠢᠨ᠎ᠦ ᠵᠣᠷᠢᠭ᠋ ᠰᠠᠨᠠᠭ᠎ᠠ᠎ᠶᠢ ᠶᠡᠬᠡ᠎ᠪᠡᠷ ᠪᠠᠳᠠᠷᠠᠭᠤᠯᠵᠤ᠂ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ ᠰᠢᠨ᠎ᠡ ᠤᠷᠳᠤ ᠵᠠᠮ᠎ᠤᠨ ᠠᠶᠠᠨ ᠲᠠᠢ᠍ᠢᠨ ᠢ᠋ ᠰᠠᠢᠳᠤᠷ ᠬᠢᠬᠦ ᠬᠡᠷᠡᠭᠳᠠᠢ》 ᠭᠡᠵᠦ ᠲᠥᠪ ᠴᠢᠩᠭ᠎ᠠ᠎ᠪᠠᠷ ᠲᠤᠩᠬᠠᠭᠯᠠᠪᠠ᠃

ᠠᠭᠤᠤ ᠶᠡᠬᠡ ᠤᠷᠳᠤ ᠵᠠᠮ᠎ᠤᠨ ᠠᠶᠠᠨ ᠲᠠᠢ᠍ᠢᠨ᠎ᠦ ᠵᠣᠷᠢᠭ᠋ ᠰᠠᠨᠠᠭ᠎ᠠ ᠨᠢ ᠦᠨᠡᠨᠴᠢ ᠰᠢᠳᠤᠷᠭᠤ ᠵᠢᠨ ᠬᠦᠴᠦᠨ᠂ ᠦᠨᠡᠨ ᠶᠣᠰᠣᠨ᠎ᠤ ᠬᠦᠴᠦᠨ᠂ ᠰᠢᠳᠤᠷᠭᠤ ᠶᠣᠰᠣᠨ᠎ᠤ ᠬᠦᠴᠦᠨ᠂ ᠪᠦᠯᠬᠦᠮᠳᠡᠯ᠎ᠦᠨ ᠬᠦᠴᠦᠨ᠎ᠢ ᠭᠦᠢᠴᠡᠳ ᠢᠯᠡᠷᠡᠭᠦᠯᠵᠦ᠂ ᠪᠢᠳᠡᠨ᠎ᠢ ᠤᠷᠮᠠᠰᠢᠭᠤᠯᠤᠨ ᠵᠣᠷᠢᠭ᠍ᠵᠢᠭᠤᠯᠵᠤ ᠬᠦᠴᠢᠷ ᠪᠡᠷᠬᠡᠰᠢᠶᠡᠯ᠎ᠢ ᠢᠯᠠᠨ ᠳᠠᠪᠠᠵᠤ᠂ ᠡᠷᠡᠯᠬᠡᠭᠯᠡᠨ ᠤᠷᠤᠭᠰᠢᠯᠠᠬᠤ ᠡᠷᠬᠢᠮ ᠨᠠᠨᠳᠢᠨ ᠦᠪ ᠬᠦᠷᠦᠩᠬᠡ ᠪᠠ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠬᠤ ᠶᠤᠮ᠃

ᠠᠭᠤᠤ ᠶᠡᠬᠡ ᠤᠷᠳᠤ ᠵᠠᠮ᠎ᠤᠨ ᠠᠶᠠᠨ ᠲᠠᠢ᠍ᠢᠨ᠎ᠦ ᠵᠣᠷᠢᠭ᠋ ᠰᠠᠨᠠᠭ᠎ᠠ᠎ᠶᠢ ᠪᠠᠳᠠᠷᠠᠭᠤᠯᠬᠤ᠎ᠳᠤ᠂ ᠬᠠᠮᠤᠭ᠎ᠤᠨ ᠵᠠᠩᠭᠢᠯᠠᠭ᠎ᠠ ᠨᠢ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠬᠤᠪᠢᠰᠬᠠᠯᠲᠤ ᠤᠳᠤᠮᠰᠢᠯ ᠢ᠋ ᠵᠠᠯᠭᠠᠮᠵᠢᠯᠠᠨ ᠦᠷᠭᠦᠯᠵᠢᠯᠡᠭᠦᠯᠵᠤ᠂ ᠡᠷᠡᠮᠡᠬᠡᠢᠯᠡᠨ ᠲᠡᠮᠡᠴᠡᠬᠦ ᠡᠷᠴᠢ ᠵᠣᠷᠢᠭ᠋᠎ᠢᠶᠠᠨ ᠬᠥᠪᠴᠢᠯᠡᠵᠦ᠂ ᠠᠬᠠᠮᠠᠳ ᠬᠤᠪᠢᠰᠬᠠᠯᠴᠢᠳ᠎ᠤᠨ ᠡᠭᠦᠳᠦᠭᠰᠡᠨ ᠠᠭᠤᠤ ᠶᠡᠬᠡ ᠦᠢᠯᠡᠰ᠎ᠢ ᠲᠠᠰᠤᠷᠠᠯᠲᠠ ᠦᠭᠡᠢ ᠠᠬᠢᠭᠤᠯᠬᠤ ᠶᠠᠪᠤᠳᠠᠯ ᠪᠣᠯᠣᠨ᠎ᠠ᠃

《ᠡᠷᠬᠡᠪᠰᠢ ᠨᠠᠮ᠎ᠤᠨ ᠬᠦᠰᠡᠯᠡᠩ ᠢᠲᠡᠭᠡᠯ ᠪᠢᠰᠢᠷᠡᠯ ᠵᠣᠷᠢᠯᠲᠠ᠎ᠵᠢ ᠪᠠᠲᠤ ᠰᠠᠬᠢᠬᠤ ᠬᠡᠷᠡᠭᠲᠡᠢ》᠂ 《ᠡᠷᠬᠡᠪᠰᠢ ᠴᠢᠨᠠᠷ ᠰᠠᠢᠲᠠᠢ ᠬᠥᠭᠵᠢᠯᠲᠡ᠎ᠶᠢ ᠡᠷᠡᠰ ᠭᠤᠢᠪᠢᠰᠢ ᠦᠭᠡᠢ ᠠᠬᠢᠭᠤᠯᠵᠤ᠂ ᠠᠷᠠᠳ ᠲᠦᠮᠡᠨ᠎ᠦ ᠡᠳᠦᠷ ᠢᠷᠡᠬᠦᠶ᠎ᠡ ᠨᠡᠮᠡᠭᠳᠡᠵᠦ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭᠴᠡᠭᠡ᠎ᠶᠢ ᠲᠠᠰᠤᠷᠠᠯᠳᠠ ᠦᠭᠡᠢ ᠬᠠᠩᠭᠠᠬᠤ ᠬᠡᠷᠡᠭᠲᠡᠢ》᠂ 《ᠡᠷᠬᠡᠪᠰᠢ ᠮᠠᠰᠢ ᠤᠯᠠᠨ ᠰᠢᠨ᠎ᠡ ᠲᠡᠦᠬᠡ᠎ᠶᠢᠨ ᠣᠨᠴᠠᠯᠢᠭ᠋᠎ᠲᠠᠢ ᠠᠭᠤᠤ ᠶᠡᠬᠡ ᠲᠡᠮᠡᠴᠡᠯ᠎ᠢ ᠵᠣᠷᠢᠭ᠍ᠲᠠᠢ ᠬᠢᠬᠦ ᠬᠡᠷᠡᠭᠲᠡᠢ》᠂ 《ᠡᠷᠬᠡᠪᠰᠢ ᠠᠷᠠᠳ᠎ᠤᠨ ᠴᠡᠷᠢᠭ ᠠᠩᠭᠢ᠎ᠶᠢ ᠳᠡᠯᠡᠬᠡᠢ᠎ᠶᠢᠨ ᠲᠡᠷᠢᠭᠦᠨ ᠵᠡᠷᠭᠡ᠎ᠶᠢᠨ ᠴᠡᠷᠢᠭ ᠠᠩᠭᠢ ᠪᠣᠯᠭᠠᠨ ᠲᠦᠷᠭᠡᠳᠬᠡᠨ ᠪᠠᠶ᠋ᠢᠭᠤᠯᠬᠤ ᠬᠡᠷᠡᠭᠲᠡᠢ》᠂ 《ᠡᠷᠬᠡᠪᠰᠢ ᠨᠠᠮ᠎ᠤᠨ ᠤᠳᠤᠷᠢᠳᠤᠯᠭ᠎ᠠ᠎ᠶᠢ ᠪᠠᠷᠢᠮᠲᠠᠯᠠᠵᠤ᠂ ᠨᠠᠮ᠎ᠤᠨ ᠪᠠᠢᠭᠤᠯᠤᠯᠲᠠ᠎ᠶᠢ ᠴᠢᠩᠭᠠᠳᠬᠠᠬᠤ ᠬᠡᠷᠡᠭᠲᠡᠢ》᠃

ᠶᠡᠷᠦᠩᠬᠡᠢ ᠱᠦᠵᠢ ᠰᠢ ᠵᠢᠨ ᠫᠢᠩ ᠠᠭᠤᠤ ᠶᠡᠬᠡ ᠤᠷᠳᠤ ᠵᠠᠮ᠎ᠤᠨ ᠠᠶᠠᠨ ᠲᠠᠢ᠍ᠢᠨ᠎ᠦ ᠵᠣᠷᠢᠭ᠋ ᠰᠠᠨᠠᠭ᠎ᠠ᠎ᠶᠢ ᠪᠠᠳᠠᠷᠠᠭᠤᠯᠬᠤ᠂ ᠰᠢᠨ᠎ᠡ ᠤᠷᠳᠤ ᠵᠠᠮ᠎ᠤᠨ ᠠᠶᠠᠨ ᠲᠠᠢ᠍ᠢᠨ᠎ᠢ ᠰᠠᠢᠲᠤᠷ ᠬᠢᠬᠦ ᠲᠤᠬᠠᠢ 《ᠲᠠᠪᠤᠨ ᠡᠷᠬᠡᠪᠰᠢ》 ᠵᠢᠨ ᠲᠣᠳᠣᠷᠬᠠᠢ ᠱᠠᠭᠠᠷᠳᠠᠯᠭ᠎ᠠ ᠵᠢ ᠳᠤᠷᠠᠳᠴᠤ᠂ ᠲᠡᠦᠬᠡ᠂ ᠤᠳᠤ ᠪᠠ ᠢᠷᠡᠭᠡᠳᠦᠢ᠎ᠶᠢ ᠬᠣᠯᠪᠣᠵᠤ᠂ ᠰᠢᠨ᠎ᠡ ᠤᠷᠳᠤ ᠵᠠᠮ᠎ᠤᠨ ᠠᠶᠠᠨ ᠲᠠᠢ᠍ᠢᠨ᠎ᠤ ᠵᠠᠮ᠎ᠳᠦ ᠭᠡᠷᠡᠯ ᠰᠠᠴᠤᠷᠠᠩᠭᠤᠢ ᠰᠢᠨ᠎ᠠ ᠠᠮᠵᠢᠯᠲᠠ᠎ᠶᠢ ᠴᠢᠷᠮᠠᠢᠨ ᠡᠭᠦᠳᠬᠦ᠎ᠳᠦ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠶᠢᠨ ᠵᠢᠯᠣᠭᠣᠳᠤᠯᠭ᠎ᠠ ᠬᠠᠩᠭᠠᠪᠠ᠃

ᠡᠨᠳᠡ 《ᠡᠷᠬᠡᠪᠰᠢ ᠮᠠᠰᠢ ᠤᠯᠠᠨ ᠰᠢᠨ᠎ᠡ ᠲᠡᠦᠬᠡ᠎ᠶᠢᠨ ᠣᠨᠴᠠᠯᠢᠭ᠋᠎ᠲᠠᠢ ᠠᠭᠤᠤ ᠶᠡᠬᠡ ᠲᠡᠮᠡᠴᠡᠯ᠎ᠢ ᠵᠣᠷᠢᠭ᠍ᠲᠠᠢ ᠬᠢᠬᠦ ᠬᠡᠷᠡᠭᠲᠡᠢ》᠂ 《ᠡᠷᠬᠡᠪᠰᠢ ᠠᠷᠠᠳ᠎ᠤᠨ ᠴᠡᠷᠢᠭ ᠠᠩᠭᠢ᠎ᠶᠢ ᠳᠡᠯᠡᠬᠡᠢ᠎ᠶᠢᠨ ᠲᠡᠷᠢᠭᠦᠨ ᠵᠡᠷᠭᠡ᠎ᠶᠢᠨ ᠴᠡᠷᠢᠭ ᠠᠩᠭᠢ ᠪᠣᠯᠭᠠᠨ ᠲᠦᠷᠭᠡᠳᠭᠡᠨ ᠪᠠᠶ᠋ᠢᠭᠤᠯᠬᠤ ᠬᠡᠷᠡᠭᠲᠡᠢ》᠂ 《ᠡᠷᠬᠡᠪᠰᠢ ᠨᠠᠮ᠎ᠤᠨ ᠤᠳᠤᠷᠢᠳᠤᠯᠭ᠎ᠠ᠎ᠶᠢ ᠪᠠᠷᠢᠮᠲᠠᠯᠠᠵᠤ᠂ ᠨᠠᠮ᠎ᠤᠨ ᠪᠠᠢᠭᠤᠯᠤᠯᠲᠠ᠎ᠶᠢ ᠴᠢᠩᠭᠠᠳᠬᠠᠬᠤ ᠬᠡᠷᠡᠭᠲᠡᠢ》 ᠵᠢᠨ ᠲᠣᠭᠣᠷᠢᠨ᠎ᠳᠤ ᠲᠣᠳᠣᠷᠬᠠᠢᠯᠠᠨ ᠲᠠᠢᠯᠪᠤᠷᠢᠯᠠᠵᠤ᠂ ᠣᠢᠯᠠᠭᠠᠯᠲᠠ᠎ᠪᠠᠨ ᠭᠦᠨᠵᠡᠭᠡᠢᠷᠡᠭᠦᠯᠦᠶ᠎ᠠ᠃

ᠦᠨᠡᠨ ᠶᠣᠰᠣᠨ᠎ᠤ ᠲᠥᠯᠥᠭᠡ ᠲᠡᠮᠡᠴᠡᠵᠤ᠂ ᠬᠦᠰᠡᠯᠡᠩ᠎ᠦᠨ᠎ᠢᠶᠡᠨ ᠲᠥᠯᠥᠭᠡ ᠲᠡᠮᠡᠴᠡᠵᠤ᠂ ᠵᠣᠷᠢᠭ᠍ᠲᠠᠢ ᠪᠥᠭᠡᠳ ᠴᠢᠳᠠᠮᠠᠭᠠᠢ ᠲᠡᠮᠡᠴᠡᠬᠦ ᠪᠣᠯ ᠮᠠᠨ᠎ᠤ ᠨᠠᠮ᠎ᠤᠨ ᠰᠢᠯᠢᠳᠡᠭ ᠣᠨᠴᠠᠯᠢᠭ᠋ ᠮᠥᠨ᠃

ᠬᠦᠰᠡᠯᠡᠩ᠎ᠢᠶᠡᠨ ᠪᠡᠶᠡᠯᠡᠭᠦᠯᠬᠦ ᠵᠠᠮ ᠪᠣᠯ ᠶᠡᠷᠦ᠎ᠡᠴᠡ ᠢᠯᠭᠤᠮ ᠤᠷᠤᠭᠰᠢᠳᠠᠢ ᠪᠢᠰᠢ ᠶᠤᠮ᠂ ᠠᠭᠤᠤ ᠶᠡᠬᠡ ᠢᠯᠠᠯᠲᠠ᠎ᠶᠢ ᠴᠥᠮ ᠰᠢᠷᠭᠠᠭᠤ ᠲᠡᠮᠡᠴᠡᠯ᠎ᠳᠦ ᠲᠦᠰᠢᠭᠯᠡᠨ ᠣᠯᠣᠭᠰᠠᠨ ᠶᠤᠮ᠃

ᠠᠭᠤᠤ ᠶᠡᠬᠡ ᠠᠶᠠᠨ ᠲᠠᠢ᠍ᠢᠨ᠎ᠦ ᠳᠤᠮᠳᠠ᠂ ᠬᠦᠴᠢᠷ ᠪᠡᠷᠬᠡᠰᠢᠶᠡᠯ ᠨᠢ ᠬᠥᠮᠥᠨ᠎ᠦ ᠪᠡᠶ᠎ᠡ ᠮᠠᠬᠠᠪᠤᠳ᠎ᠢ ᠲᠠᠯᠬᠢᠳᠠᠵᠤ᠂ ᠦᠬᠦᠯ ᠨᠢ ᠬᠥᠮᠥᠨ᠎ᠦ ᠠᠮᠢ ᠨᠠᠰᠤ᠎ᠶᠢ ᠪᠤᠯᠢᠶᠠᠨ᠎ᠠ᠂ ᠭᠡᠪᠡᠴᠦ ᠶᠠᠮᠠᠷ ᠴᠤ᠌ ᠬᠦᠴᠦᠨ ᠭᠡᠳ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠬᠦᠰᠡᠯᠡᠩ ᠢᠲᠡᠭᠡᠯ ᠵᠣᠷᠢᠭ᠋᠎ᠢ ᠭᠤᠢᠪᠢᠯᠵᠠᠭᠤᠯᠵᠤ ᠴᠢᠳᠠᠬᠤ ᠦᠭᠡᠢ ᠶᠤᠮ᠃

ᠶᠠᠳᠠᠭᠤ ᠬᠦᠴᠢᠷᠳᠡᠯ᠎ᠲᠠᠢ ᠲᠡᠮᠡᠴᠡᠬᠦ᠂ ᠴᠢᠨᠡᠭᠡᠯᠢᠭ ᠨᠡᠢᠭᠡᠮ᠎ᠢ ᠪᠠᠶ᠋ᠢᠭᠤᠯᠬᠤ᠂ ᠬᠢᠵᠢᠭ᠎ᠦᠨ ᠪᠠᠢᠳᠠᠯ᠎ᠲᠠᠢ ᠲᠡᠮᠡᠴᠡᠬᠦ᠂ ᠦᠶᠡᠷ᠎ᠲᠠᠢ ᠲᠡᠮᠡᠴᠡᠬᠦ᠂ ᠠᠵᠤ ᠠᠬᠤᠢ᠎ᠶᠢ ᠲᠣᠭᠲᠠᠪᠤᠷᠢᠵᠢᠭᠤᠯᠬᠤ᠂ ᠬᠥᠭᠵᠢᠯᠲᠡ᠎ᠶᠢ ᠠᠬᠢᠭᠤᠯᠬᠤ᠂ ᠬᠢᠮᠤᠷᠠᠯ᠎ᠢ ᠠᠷᠢᠯᠭᠠᠬᠤ᠂ ᠬᠤᠪᠢᠷᠠᠯᠲᠠ᠎ᠶᠢ ᠠᠷᠭᠠᠴᠠᠭᠠᠬᠤ ᠁ ᠰᠢᠨ᠎ᠡ ᠴᠠᠭ ᠦᠶ᠎ᠡ᠎ᠶᠢᠨ ᠠᠭᠤᠤ ᠶᠡᠬᠡ ᠠᠮᠵᠢᠯᠲᠠ ᠪᠦᠲᠦᠮᠵᠢ᠎ᠶᠢ ᠣᠯᠬᠤ᠎ᠳᠤ ᠲᠣᠭ᠎ᠠ ᠲᠣᠮᠰᠢ ᠦᠭᠡᠢ ᠡᠪ ᠬᠠᠮᠲᠤᠴᠤᠳ᠎ᠤᠨ ᠵᠠᠪᠠᠯ ᠢᠯᠠᠬᠤ ᠢᠲᠡᠭᠡᠯ ᠵᠣᠷᠢᠭ᠋᠎ᠢᠶᠠᠨ ᠢᠮᠠᠭᠲᠠ ᠪᠠᠲᠤᠯᠠᠵᠤ᠂ ᠡᠷᠡᠯᠬᠡᠭ ᠪᠠᠭᠠᠲᠤᠷᠯᠢᠭ᠋᠎ᠢᠶᠠᠷ ᠲᠡᠮᠡᠴᠡᠬᠦ᠎ᠳᠦ ᠲᠦᠰᠢᠭᠯᠡᠪᠡ᠃

《ᠪᠢᠳᠡᠨ᠎ᠳᠦ ᠲᠤᠯᠭᠠᠷᠠᠵᠤ ᠪᠠᠢᠭ᠎ᠠ ᠡᠯ᠎ᠡ ᠵᠦᠢᠯ᠎ᠦᠨ ᠲᠡᠮᠡᠴᠡᠯ ᠪᠣᠯ ᠣᠬᠣᠷ ᠬᠤᠭᠤᠴᠠᠭᠠᠨ᠎ᠤ ᠪᠢᠰᠢ ᠬᠠᠷᠢᠨ ᠤᠷᠳᠤ ᠬᠤᠭᠤᠴᠠᠭᠠᠨ᠎ᠤ ᠶᠤᠮ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ ᠬᠠᠷᠠᠯᠲᠠ᠎ᠶᠢ ᠪᠡᠶᠡᠯᠡᠭᠦᠯᠬᠦ ᠪᠦᠬᠦ ᠶᠠᠪᠤᠴᠠ᠎ᠳᠤ ᠳᠠᠭᠠᠯᠳᠤᠬᠤ ᠪᠣᠯᠣᠨ᠎ᠠ》᠂ ᠬᠠᠷᠠᠯᠲᠠ᠎ᠳᠠᠭᠠᠨ ᠣᠢᠷᠠᠳᠬᠤ ᠲᠤᠳᠤᠮ᠂ ᠠᠶᠤᠯ ᠲᠦᠭᠰᠢᠭᠦᠷᠢ ᠥᠷᠢᠰᠦᠯᠳᠦᠭᠡᠨ᠎ᠢᠶᠡᠷ ᠳᠦᠭᠦᠷᠦᠨ᠎ᠠ᠂ ᠪᠢᠳᠡᠨ ᠤ᠋ ᠨᠠᠮ᠎ᠤᠨ ᠬᠦᠰᠡᠯᠡᠩ ᠢᠲᠡᠭᠡᠯ ᠪᠢᠰᠢᠷᠡᠯ ᠵᠣᠷᠢᠯᠲᠠ᠎ᠪᠠᠨ ᠪᠠᠲᠤ ᠰᠠᠬᠢᠵᠤ᠂ ᠲᠡᠦᠬᠡ᠎ᠶᠢᠨ ᠰᠠᠨᠠᠭᠠᠴᠢᠯᠠᠭᠠᠲᠤ ᠵᠣᠷᠢᠭ᠋ ᠰᠠᠨᠠᠭ᠎ᠠ᠎ᠪᠠᠷ ᠬᠦᠴᠢᠷ᠎ᠢ ᠲᠤᠭᠤᠯᠤᠨ ᠪᠡᠷᠬᠡ᠎ᠶᠢ ᠳᠠᠪᠠᠵᠤ᠂ ᠠᠶᠤᠯ ᠲᠦᠭᠰᠢᠭᠦᠷᠢ᠎ᠶᠢ ᠢᠯᠠᠨ ᠳᠠᠪᠠᠵᠤ᠂ ᠥᠷᠢᠰᠦᠯᠳᠦᠭᠡᠨ᠎ᠢ ᠤᠭᠲᠤᠨ᠂ ᠳᠤᠮᠳᠠᠳᠤ᠎ᠶᠢᠨ ᠰᠡᠷᠭᠦᠨ ᠮᠠᠨᠳᠤᠯᠲᠠ ᠨᠡᠷᠡᠮᠵᠢᠲᠦ ᠲᠣᠮᠣ᠌ ᠬᠥᠯᠭᠡ ᠣᠩᠭᠣᠴᠠ᠎ᠶᠢᠨ ᠳᠠᠪᠠᠯᠭᠠᠨ᠎ᠢ ᠰᠥᠷᠦᠨ ᠤᠷᠤᠭᠰᠢᠯᠠᠵᠤ᠂ ᠯᠠᠪᠳᠠᠭᠤᠨ᠎ᠢᠶᠠᠷ ᠬᠤᠯᠠ ᠠᠶᠠᠯᠠᠬᠤ᠎ᠶᠢ ᠪᠠᠲᠤᠯᠠᠬᠤ᠎ᠶᠢ ᠤᠯᠠᠮ ᠱᠠᠭᠠᠷᠳᠠᠨ᠎ᠠ᠃

ᠤᠯᠤᠰ᠎ᠢᠶᠠᠨ ᠬᠦᠴᠦᠷᠬᠡᠭᠵᠢᠭᠦᠯᠬᠦ᠎ᠳᠦ ᠡᠷᠬᠡᠪᠰᠢ ᠴᠡᠷᠢᠭ᠎ᠢᠶᠡᠨ ᠬᠦᠴᠦᠷᠬᠡᠭᠵᠢᠭᠦᠯᠬᠦ ᠬᠡᠷᠡᠭᠲᠡᠢ᠂ ᠴᠡᠷᠢᠭ ᠬᠦᠴᠦᠷᠬᠡᠭ ᠪᠣᠯ ᠰᠠᠶᠢ ᠤᠯᠤᠰ ᠣᠷᠣᠨ᠎ᠤ ᠠᠮᠤᠷ ᠲᠦᠪᠰᠢᠨ᠎ᠢ ᠪᠠᠳᠤᠯᠠᠵᠤ ᠴᠢᠳᠠᠨ᠎ᠠ᠃

ᠠᠷᠠᠳ᠎ᠤᠨ ᠴᠡᠷᠢᠭ ᠠᠩᠭᠢ ᠪᠣᠯ ᠬᠤᠪᠢᠰᠬᠠᠯ᠎ᠤᠨ ᠲᠦᠰᠢᠭ᠂ ᠦᠨᠳᠦᠰᠦᠲᠡᠨ᠎ᠦ ᠬᠦᠰᠡᠯ ᠡᠷᠡᠮᠡᠯᠵᠡᠯ ᠮᠥᠨ᠂ ᠨᠠᠮ᠎ᠡᠴᠡ ᠴᠡᠷᠢᠭ ᠠᠩᠭᠢ᠎ᠳᠤ ᠶᠠᠪᠤᠭᠤᠯᠬᠤ ᠬᠠᠷᠢᠴᠠᠯᠠᠰᠢᠬᠦᠢ ᠤᠳᠤᠷᠢᠳᠤᠯᠭ᠎ᠠ ᠪᠣᠯ ᠠᠷᠠᠳ᠎ᠤᠨ ᠴᠡᠷᠢᠭ ᠠᠩᠭᠢ᠎ᠶᠢᠨ ᠢᠯᠠᠯᠲᠠ ᠣᠯᠬᠤ᠎ᠶᠢᠨ ᠦᠨᠳᠦᠰᠦᠨ ᠪᠠᠲᠤᠯᠠᠭ᠎ᠠ ᠮᠥᠨ ᠭᠡᠳᠡᠭ᠎ᠢ ᠤᠷᠳᠤ ᠵᠠᠮ᠎ᠤᠨ ᠠᠶᠠᠨ ᠲᠠᠢ᠍ᠢᠨ᠎ᠦ ᠢᠯᠠᠯᠲᠠ ᠪᠢᠳᠡᠨ᠎ᠳᠦ ᠰᠡᠩᠬᠡᠷᠡᠭᠦᠯᠪᠡ᠃

ᠠᠷᠠᠳ᠎ᠤᠨ ᠴᠡᠷᠢᠭ ᠠᠩᠭᠢ᠎ᠶᠢ ᠶᠠᠷᠢᠪᠠᠯ᠂ 《ᠰᠢᠨ᠎ᠠ ᠬᠦ ᠲᠢᠶᠠᠨ᠎ᠤ ᠬᠤᠷᠠᠯᠳᠤᠭᠠᠨ》 ᠢ᠋ ᠳᠤᠷᠠᠳᠬᠤ ᠦᠭᠡᠢ ᠪᠠᠢᠵᠤ ᠪᠣᠯᠬᠤ ᠦᠭᠡᠢ᠃ 2014 ᠣᠨ᠎ᠳᠤ᠂ ᠶᠡᠷᠦᠩᠬᠡᠢ ᠱᠦᠵᠢ ᠰᠢ ᠵᠢᠨ ᠫᠢᠩ ᠪᠡᠶ᠎ᠡ᠎ᠪᠡᠷ᠎ᠢᠶᠡᠨ ᠰᠢᠢᠳᠪᠦᠷᠢᠲᠦ ᠪᠣᠳᠣᠯᠭ᠎ᠠ ᠲᠣᠭᠲᠠᠭᠠᠵᠤ ᠬᠦ ᠲᠢᠶᠠᠨ᠎ᠳᠤ ᠪᠦᠬᠦ ᠴᠡᠷᠢᠭ᠎ᠦᠨ ᠤᠯᠤᠰ ᠲᠦᠷᠦ᠎ᠶᠢᠨ ᠠᠵᠢᠯ᠎ᠤᠨ ᠬᠤᠷᠠᠯ᠎ᠢ ᠬᠤᠷᠠᠯᠳᠤᠭᠤᠯᠵᠤ᠂ ᠰᠢᠨ᠎ᠡ ᠴᠠᠭ ᠦᠶ᠎ᠡ᠎ᠶᠢᠨ ᠤᠯᠤᠰ ᠲᠦᠷᠦ᠎ᠪᠡᠷ ᠴᠡᠷᠢᠭ ᠪᠠᠶ᠋ᠢᠭᠤᠯᠬᠤ ᠲᠤᠬᠠᠢ ᠪᠠᠢᠷᠢᠯᠠᠭᠤᠯᠤᠯᠲᠠ ᠬᠢᠵᠦ᠂ ᠠᠷᠠᠳ᠎ᠤᠨ ᠴᠡᠷᠢᠭ ᠠᠩᠭᠢ᠎ᠶᠢᠨ ᠴᠡᠷᠢᠭ᠎ᠮᠤᠷᠢ ᠪᠠᠨ ᠴᠡᠭᠴᠡᠯᠡᠵᠤ ᠲᠠᠬᠢᠨ ᠠᠶᠠᠨ᠎ᠳᠠᠭᠠᠨ  ᠮᠣᠷᠳᠠᠬᠤ ᠵᠢ ᠬᠦᠳᠦᠯᠦᠨ ᠵᠢᠯᠤᠭᠤᠳᠪᠠ᠃

ᠥᠨᠥᠳᠥᠷ᠂ ᠠᠷᠠᠳ᠎ᠤᠨ ᠴᠡᠷᠢᠭ ᠠᠩᠭᠢ᠎ᠶᠢᠨ ᠪᠠᠢᠭᠤᠯᠤᠯ ᠰᠢᠨᠡᠳᠴᠦ᠂ ᠪᠦᠲᠦᠴᠡ ᠰᠢᠨᠡᠳᠴᠦ᠂ ᠪᠠᠢᠷᠢᠰᠢᠯ ᠰᠢᠨᠡᠳᠴᠦ᠂ ᠳᠦᠷᠰᠦ ᠪᠠᠢᠳᠠᠯ ᠰᠢᠨᠡᠳᠴᠦ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠲᠠᠭᠠᠵᠤ ᠤᠷᠤᠬᠰᠢᠯᠠᠬᠤ ᠦᠵᠡᠯ ᠰᠠᠨᠠᠭᠠᠨ᠎ᠤ ᠰᠠᠭᠤᠷᠢ ᠶᠠᠪᠤᠬᠤ ᠲᠤᠳᠤᠮ ᠪᠡᠬᠢᠵᠢᠪᠡ᠃ ᠬᠥᠬᠡᠮᠳᠦᠭ ᠨᠣᠭᠣᠭᠠᠨ ᠨᠡᠯᠦᠭᠡᠷ ᠳᠠᠯᠠᠢ᠎ᠶᠢᠨ ᠭᠦᠨ᠎ᠡᠴᠡ᠂ ᠥᠷᠭᠡᠨ ᠠᠭᠤᠳᠠᠮ ᠬᠦᠪᠡᠭᠡ ᠬᠢᠵᠠᠭᠠᠷ ᠦᠭᠡᠢ ᠰᠠᠨᠰᠠᠷ ᠣᠭᠲᠠᠷᠭᠤᠢ ᠬᠦᠷᠲᠡᠯ᠎ᠡ᠂ ᠠᠶᠤᠯ ᠭᠠᠮᠰᠢᠭ᠋᠎ᠡᠴᠡ ᠠᠪᠤᠷᠠᠬᠤ᠂ ᠪᠠᠴᠢᠮ ᠪᠠᠢᠳᠠᠯ᠎ᠢ ᠠᠷᠭᠠᠴᠡᠭᠠᠬᠤ᠂ ᠭᠡᠨᠡᠳᠲᠡ᠎ᠶᠢᠨ ᠬᠡᠷᠡᠭ᠎ᠢ ᠰᠢᠢᠳᠪᠦᠷᠢᠯᠡᠬᠦ᠎ᠡᠴᠡ ᠤᠯᠤᠰ᠎ᠤᠨ ᠠᠮᠤᠷ ᠲᠦᠪᠰᠢᠨ᠂ ᠨᠡᠢᠭᠡᠮ᠎ᠦᠨ ᠲᠣᠭᠲᠠᠭᠤᠨ᠎ᠢ ᠬᠠᠮᠠᠭᠠᠯᠠᠬᠤ ᠬᠦᠷᠲᠡᠯ᠎ᠡ᠂ ᠠᠷᠠᠳ᠎ᠤᠨ ᠴᠡᠷᠢᠭ ᠠᠩᠭᠢ 《ᠨᠠᠮ ᠪᠣᠯᠣᠨ ᠤᠯᠤᠰ᠎ᠤᠨ ᠠᠵᠢᠯ ᠦᠢᠯᠡᠰ᠎ᠢ ᠬᠠᠮᠠᠭᠠᠯᠠᠬᠤ ᠪᠣᠯᠣᠳ ᠲᠡᠮᠦᠷ ᠮᠡᠲᠦ ᠤᠷᠳᠤ ᠴᠠᠭᠠᠨ ᠬᠡᠷᠡᠮ 》 ᠪᠤᠯᠤᠬᠰᠠᠨ ᠪᠠᠢᠨ᠎ᠠ᠃

ᠢᠷᠡᠬᠦ ᠵᠢᠯ ᠪᠣᠯ ᠳᠤᠮᠳᠠᠳᠤ ᠤᠯᠤᠰ᠎ᠤᠨ ᠠᠷᠠᠳ᠎ᠤᠨ ᠴᠢᠯᠦᠭᠡᠯᠡᠬᠦ ᠴᠡᠷᠢᠭ ᠪᠠᠢᠭᠤᠯᠤᠭᠳᠠᠭᠰᠠᠨ 100 ᠵᠢᠯ᠎ᠦᠨ ᠤᠢ ᠪᠣᠯᠣᠨ᠎ᠠ᠃

ᠰᠢ ᠵᠢᠨ ᠫᠢᠩ᠎ᠦᠨ ᠴᠡᠷᠢᠭ᠎ᠢ ᠬᠦᠴᠦᠷᠬᠡᠭᠵᠢᠭᠦᠯᠬᠦ ᠦᠵᠡᠯ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠨᠠᠮ᠎ᠤᠨ ᠠᠷᠠᠳ᠎ᠤᠨ ᠴᠡᠷᠢᠭ ᠠᠩᠭᠢ᠎ᠳᠠᠬᠢ ᠬᠠᠷᠢᠴᠠᠯᠠᠰᠢᠭᠦᠢ ᠤᠳᠤᠷᠢᠳᠤᠯᠭ᠎ᠠ᠎ᠶᠢ ᠢᠮᠠᠭᠲᠠ ᠪᠠᠷᠢᠮᠲᠠᠯᠠᠵᠤ᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶᠢᠨ ᠣᠳᠣᠬᠢᠴᠢᠯᠠᠯᠲᠠ᠎ᠶᠢ ᠴᠢᠨᠠᠷ ᠰᠠᠢᠲᠠᠢ ᠠᠬᠢᠭᠤᠯᠵᠤ᠂ ᠠᠷᠠᠳ᠎ᠤᠨ ᠴᠡᠷᠢᠭ ᠠᠩᠭᠢ᠎ᠶᠢ ᠳᠡᠯᠡᠬᠡᠢ᠎ᠶᠢᠨ ᠲᠡᠷᠢᠭᠦᠨ ᠵᠡᠷᠭᠡ᠎ᠶᠢᠨ ᠴᠡᠷᠢᠭ ᠠᠩᠭᠢ ᠪᠣᠯᠭᠠᠨ ᠲᠦᠷᠭᠡᠳᠬᠡᠨ ᠪᠠᠢᠭᠤᠯᠪᠠᠯ᠂ ᠯᠠᠪᠲᠠᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠪᠠᠲᠤ ᠴᠢᠩᠭ᠎ᠠ ᠪᠠᠢᠯᠳᠤᠬᠤ ᠪᠣᠳᠣᠯᠭ᠎ᠠ᠎ᠶᠢᠨ ᠲᠤᠯᠭᠠᠭᠤᠷᠢᠯᠠᠯ ᠬᠠᠩᠭᠠᠵᠤ ᠴᠢᠳᠠᠨ᠎ᠠ᠃

ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠍ᠢᠨ᠎ᠦ ᠠᠭᠤᠤ ᠶᠡᠬᠡ ᠢᠯᠠᠯᠲᠠ ᠤᠯᠤᠬᠰᠠᠨ ᠵᠠᠮ᠎ᠢ ᠪᠣᠯ ᠨᠠᠮ᠎ᠤᠨ ᠵᠥᠪ ᠤᠳᠤᠷᠢᠳᠤᠯᠭ᠎ᠠ᠎ᠳᠤ ᠲᠦᠰᠢᠭᠯᠡᠨ ᠶᠠᠪᠤᠵᠤ ᠭᠠᠷᠭᠠᠭᠰᠠᠨ ᠶᠤᠮ᠂ ᠡᠨᠡ ᠨᠢ ᠨᠠᠮ᠎ᠤᠨ ᠤᠳᠤᠷᠢᠳᠤᠯᠭ᠎ᠠ ᠪᠣᠯ ᠨᠠᠮ ᠪᠣᠯᠣᠨ ᠠᠷᠠᠳ ᠲᠦᠮᠡᠨ᠎ᠦ ᠠᠵᠢᠯ ᠦᠢᠯᠡᠰ᠎ᠦᠨ ᠠᠮᠵᠢᠯᠲᠠ ᠣᠯᠬᠤ᠎ᠶᠢᠨ ᠦᠨᠳᠦᠰᠦᠨ ᠪᠠᠲᠤᠯᠠᠭ᠎ᠠ ᠮᠥᠨ ᠭᠡᠳᠡᠭ᠎ᠢ ᠪᠢᠳᠡᠨ᠎ᠳᠦ ᠭᠦᠨᠵᠡᠭᠡᠢ ᠰᠡᠩᠬᠡᠷᠡᠭᠦᠯᠦᠭᠰᠡᠨ ᠪᠠᠢᠨ᠎ᠠ᠃

ᠰᠢᠨ᠎ᠡ ᠴᠠᠭ ᠦᠶ᠎ᠡ᠎ᠳ᠋ᠤ ᠤᠷᠤᠬᠰᠠᠨ ᠡᠴᠡ ᠨᠠᠭᠠᠰᠢ᠂ ᠰᠢᠨ᠎ᠡ ᠬᠡᠯᠪᠡᠷᠢ ᠵᠢᠨ ᠤᠯᠤᠰ ᠲᠠᠶᠠᠭᠠᠷ᠎ᠤᠨ ᠪᠠᠢᠭᠤᠯᠤᠯ᠎ᠤᠨ ᠳᠠᠪᠠᠭᠤᠯᠢᠭ᠋᠎ᠢ ᠪᠠᠳᠠᠷᠠᠭᠤᠯᠵᠤ᠂ ᠡᠬᠢ ᠪᠠᠶᠠᠯᠢᠭ᠋ ᠪᠣᠯᠣᠨ ᠬᠦᠴᠦᠨ ᠴᠢᠳᠠᠯ᠎ᠢ ᠲᠥᠪᠯᠡᠷᠡᠭᠦᠯᠵᠦ 《ᠪᠣᠭᠣᠮ》 ᠶ᠋ᠢᠨ ᠬᠦᠴᠢᠷ ᠠᠰᠠᠭᠤᠳᠠᠯ᠎ᠢ ᠰᠢᠢᠳᠪᠦᠷᠢᠯᠡᠬᠦ᠎ᠡᠴᠡ ᠠᠪᠤᠭᠠᠳ ᠪᠦᠬᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠢ ᠲᠦᠷᠭᠡᠳᠬᠡᠨ ᠪᠠᠢᠭᠤᠯᠤᠭᠰᠠᠨ ᠬᠦᠷᠳᠡᠯ᠎ᠡ 《ᠨᠢᠳᠤᠨ ᠡᠮᠦᠨᠡᠬᠢ ᠪᠠᠨ ᠬᠠᠷᠠᠬᠤ ᠢᠪᠴᠤᠤ》 ᠰᠡᠳᠬᠢᠬᠦᠢ᠎ᠶᠢᠨ ᠲᠣᠭᠲᠠᠮᠠᠯ ᠬᠡᠯᠪᠡᠷᠢ᠎ᠶᠢ ᠡᠪᠳᠡᠪᠡ᠃

ᠨᠠᠮ᠎ᠤᠨ ᠲᠥᠪ ᠬᠤᠷᠢᠶ᠎ᠠ᠎ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠬᠤ ᠪᠣᠯ ᠬᠠᠮᠤᠭ᠎ᠤᠨ ᠳᠡᠭᠡᠳᠦ ᠤᠯᠤᠰ ᠲᠦᠷᠦ᠎ᠶᠢᠨ ᠵᠠᠷᠴᠢᠮ ᠮᠥᠨ᠂ ᠪᠦᠬᠦ ᠨᠠᠮ᠎ᠢ ᠢᠮᠠᠭᠲᠠ ᠨᠢᠭᠡᠳᠦᠯᠲᠡᠢ ᠦᠵᠡᠯ ᠰᠠᠨᠠᠭ᠎ᠠ᠂ ᠡᠷᠡᠰ ᠪᠠᠲᠤ ᠵᠣᠷᠢᠭ᠋ ᠰᠠᠨᠠᠭ᠎ᠠ᠂ ᠵᠣᠬᠢᠴᠠᠩᠭᠤᠢ ᠠᠵᠢᠯᠯᠠᠭ᠎ᠠ᠂ ᠬᠦᠴᠦᠷᠬᠡᠭ ᠶᠡᠬᠡ ᠲᠠᠢ᠍ᠢᠴᠢᠨ ᠬᠦᠴᠦᠨ᠎ᠲᠠᠢ ᠪᠠᠢᠯᠭᠠᠬᠤ ᠬᠡᠷᠡᠭᠲᠡᠢ᠃

ᠢᠯᠵᠢᠷᠡᠯ᠎ᠢ ᠡᠰᠡᠷᠭᠦᠴᠡᠬᠦ ᠲᠡᠮᠡᠴᠡᠯ᠎ᠦᠨ ᠪᠣᠭᠣᠮᠲᠠ ᠰᠢᠪᠲᠤᠯᠬᠤ ᠳᠠᠢᠯᠠᠯᠳᠤᠭᠠᠨ᠎ᠤ ᠤᠳᠠᠭᠠᠨ ᠳᠠᠭᠠᠭᠠᠮᠠᠭᠠᠢ ᠳᠠᠢᠯᠠᠯᠳᠤᠭᠠᠨ᠎ᠤ ᠶᠡᠷᠦᠩᠬᠡᠢ ᠳᠠᠢᠯᠠᠯᠳᠤᠭᠠᠨ᠎ᠢ ᠡᠷᠡᠰ ᠰᠠᠢᠲᠤᠷ ᠬᠢᠵᠦ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ᠎ᠢ ᠳᠦᠷᠢᠮ ᠲᠣᠭᠲᠠᠭᠠᠯ᠎ᠢ ᠵᠢᠷᠤᠮᠯᠠᠨ ᠰᠠᠬᠢᠯᠭ᠎ᠠ ᠪᠠᠲᠤ᠎ᠶᠢ ᠰᠠᠬᠢᠵᠤ᠂ ᠠᠷᠢᠭᠤᠨ ᠴᠢᠬᠡᠴᠢ᠎ᠪᠡᠷ ᠠᠵᠢᠯ ᠬᠢᠬᠦ᠎ᠶᠢ ᠱᠠᠯᠠᠪᠳᠠᠭᠤᠯᠬᠤ᠎ᠡᠴᠡ ᠠᠪᠤᠭᠠᠳ ᠬᠡᠯᠪᠡᠷᠢᠴᠢ ᠦᠵᠡᠯ᠎ᠢ ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠦᠭᠰᠡᠨ ᠬᠦᠷᠲᠡᠯ᠎ᠡ᠂ ᠥᠷᠭᠡᠨ ᠤᠯᠠᠨ ᠦᠨᠳᠦᠰᠦᠨ ᠱᠠᠲᠤᠨ᠎ᠤ ᠺᠠᠳ᠋ᠷ᠎ᠤᠨ ᠳᠠᠷᠤᠭᠠᠰᠤ᠎ᠶᠢ ᠬᠥᠩᠭᠡᠷᠡᠭᠦᠯᠵᠦ᠂ ᠬᠦᠴᠦᠯᠡᠨ ᠴᠢᠷᠮᠠᠢᠵᠤ ᠵᠢᠳᠬᠦᠯ ᠴᠢᠷᠮᠠᠢᠯᠭ᠎ᠠ ᠭᠠᠷᠭᠠᠬᠤ᠎ᠶᠢ ᠠᠬᠢᠭᠤᠯᠤᠬᠰᠠᠨ ᠬᠦᠷᠲᠡᠯ᠎ᠡ ᠨᠠᠮ᠎ᠢ ᠬᠠᠮᠢᠶᠠᠷᠴᠤ ᠨᠠᠮ᠎ᠢ ᠵᠠᠰᠠᠬᠤ᠎ᠳᠤ ᠬᠡᠳᠦᠢ ᠪᠦᠲᠦᠮᠵᠢᠲᠡᠢ ᠪᠣᠯ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠠᠲᠤᠯᠠᠭ᠎ᠠ ᠲᠡᠳᠦᠢ ᠬᠦᠴᠦᠲᠡᠢ ᠪᠣᠯᠣᠨ᠎ᠠ᠃

ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠠᠷᠢᠮᠳᠠᠯᠠᠨ ᠠᠬᠢᠭᠤᠯᠪᠠᠯ ᠯᠠᠪᠲᠠᠢ ᠰᠢᠨ᠎ᠡ ᠴᠠᠭ ᠦᠶ᠎ᠡ᠎ᠶᠢᠨ ᠨᠠᠮ᠎ᠢ ᠬᠠᠮᠢᠶᠠᠷᠴᠤ ᠨᠠᠮ᠎ᠢ ᠵᠠᠰᠠᠬᠤ᠂ ᠨᠠᠮ᠎ᠢᠶᠡᠨ ᠮᠠᠨᠳᠤᠭᠤᠯᠵᠤ ᠨᠠᠮ᠎ᠵᠢᠡᠨ ᠬᠦᠴᠦᠷᠬᠡᠭᠵᠢᠭᠦᠯᠬᠦ ᠰᠢᠨ᠎ᠡ ᠪᠠᠢᠳᠠᠯ᠎ᠢ ᠲᠠᠰᠤᠷᠠᠯᠲᠠ ᠦᠭᠡᠢ ᠡᠭᠦᠳᠴᠦ᠂ ᠨᠠᠮ ᠢᠮᠠᠭᠲᠠ ᠠᠭᠤᠤ ᠶᠡᠬᠡ ᠦᠢᠯᠡᠰ᠎ᠦᠨ ᠪᠠᠲᠤ ᠴᠢᠩᠭ᠎ᠠ ᠤᠳᠤᠷᠢᠳᠬᠤ ᠭᠣᠣᠯᠯᠠᠭ᠍ᠴᠢ ᠪᠣᠯᠬᠤ᠎ᠶᠢ ᠪᠠᠲᠤᠯᠠᠵᠤ ᠴᠢᠳᠠᠨ᠎ᠠ᠃

ᠬᠦᠰᠡᠯ ᠵᠡᠭᠦᠳᠦ᠎ᠪᠡᠨ ᠬᠥᠭᠡᠭᠡᠴᠡᠯᠳᠦᠬᠦ ᠠᠶᠠᠨ ᠲᠠᠢᠨ ᠦᠷᠬᠦᠯᠵᠢᠯᠡᠭᠰᠡᠭᠡᠷ᠃

ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠤᠷᠢᠶ᠎ᠠ᠎ᠶᠢᠨ ᠲᠣᠭᠣᠷᠢᠨ᠎ᠳᠤ ᠨᠠᠩ ᠨᠢᠭ᠍ᠲᠠᠷᠠᠨ ᠪᠦᠯᠬᠦᠮᠳᠡᠵᠦ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠪᠥᠬᠥ ᠲᠠᠯ᠎ᠠ᠎ᠪᠠᠷ ᠲᠤᠭᠤᠰᠢᠯᠠᠭᠤᠯᠵᠤ᠂ ᠠᠭᠤᠤ ᠶᠡᠬᠡ ᠣᠷᠳᠣ᠌ ᠵᠠᠮ᠎ᠤᠨ ᠠᠶᠠᠨ ᠲᠡᠶ᠋ᠢᠨ᠎ᠦ ᠵᠣᠷᠢᠭ᠋ ᠰᠠᠨᠠᠭ᠎ᠠ᠎ᠶᠢ ᠶᠡᠬᠡ᠎ᠪᠡᠷ ᠪᠠᠳᠠᠷᠠᠭᠤᠯᠵᠤ᠂ ᠵᠠᠪᠠᠯ ᠢᠯᠠᠬᠤ ᠢᠲᠡᠭᠡᠯ ᠵᠣᠷᠢᠭ᠋᠎ᠢᠶᠠᠨ ᠪᠠᠲᠤᠳᠬᠠᠵᠤ᠂ ᠪᠠᠢᠯᠳᠤᠬᠤ ᠪᠣᠳᠣᠯᠭ᠎ᠠ᠎ᠶᠢᠨ ᠲᠣᠭᠲᠠᠯ ᠬᠦᠴᠦᠨ᠎ᠢᠶᠡᠨ ᠪᠠᠲᠤᠯᠠᠵᠤ᠂ ᠵᠣᠷᠢᠭ᠍ᠲᠠᠢ᠎ᠪᠠᠷ ᠬᠦᠴᠢᠷ᠎ᠢ ᠳᠤᠭᠤᠯᠤᠨ ᠪᠡᠷᠬᠡ᠎ᠶᠢ ᠳᠠᠪᠠᠵᠤ᠂ ᠠᠯᠬᠤᠮ ᠠᠯᠬᠤᠮ᠎ᠢᠶᠠᠷ ᠯᠠᠪᠳᠠᠭᠤᠨ ᠪᠠᠲᠤᠲᠠᠢ ᠤᠷᠤᠭᠰᠢᠯᠠᠪᠠᠯ᠂ ᠪᠢᠳᠡᠨ᠎ᠦ ᠠᠯᠬᠤᠭ᠎ᠠ ᠬᠣᠷᠢᠭ᠍ᠯᠠᠭᠳᠠᠰᠢ ᠦᠭᠡᠢ᠂ ᠪᠢᠳᠡᠨ᠎ᠦ ᠬᠠᠷᠠᠯᠲᠠ ᠯᠠᠪᠲᠠᠢ ᠪᠡᠶᠡᠯᠡᠭᠳᠡᠵᠦ ᠴᠢᠳᠠᠨ᠎ᠠ!

(ᠰᠢᠨᠬᠤᠸᠠ ᠬᠤᠷᠢᠶ᠎ᠠ᠎ᠶᠢᠨ ᠪᠡᠭᠡᠵᠢᠩ᠎ᠦᠨ 10 ᠰᠠᠷ᠎ᠠ᠎ᠶᠢᠨ 24 ᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面