ᠲᠡᠷᠢᠭᠦᠨ ᠨᠢᠭᠤᠷ>ᠴᠠᠭ ᠲᠦᠷᠦ>ᠴᠠᠭ᠎ᠤᠨ ᠰᠢᠭᠦᠮᠵᠢ

2026-10-30 15:03:31

ᠵᠣᠬᠢᠶᠠᠭ᠍ᠴᠢ᠄ ᠠᠷᠠᠳ᠎ᠤᠨ ᠡᠳᠦᠷ᠎ᠤᠨ ᠰᠣᠨᠢᠨ᠎ᠤ ᠬᠣᠷᠢᠶᠠᠨ᠎ᠤ ᠥᠭᠦᠯᠡᠯ ᠣᠩᠱᠢᠭ᠍ᠰᠠᠨ ᠣᠳᠠᠭ᠎ᠠ᠄ 3

10 ᠰᠠᠷ᠎ᠠ᠎ᠶᠢᠨ 26᠎ᠤ᠋ ᠡᠳᠦᠷ᠎ᠡᠴᠡ 29 ᠤ᠋ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠥᠬᠥᠳᠡ ᠬᠤᠷᠠᠯ ᠢᠯᠠᠯᠲᠠ᠎ᠲᠠᠶ᠎ᠪᠠᠷ ᠬᠤᠷᠠᠯᠳᠤᠪᠠ᠃ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠶ᠋ᠢᠭᠤᠯᠬᠤ ᠰᠢᠨ᠎ᠡ ᠠᠶᠠᠨ ᠳᠡᠭᠡᠷ᠎ᠡ ᠢᠳᠡᠷᠬᠡᠭ ᠠᠯᠬᠤᠭ᠎ᠠ ᠪᠡᠷ ᠤᠷᠤᠭᠰᠢᠯᠠᠵᠤ᠂ ᠳᠤᠮᠳᠠᠳᠤ ᠤᠯᠤᠰ᠎ᠤᠨ ᠡᠪ ᠬᠠᠮᠲᠤᠴᠤᠳ ᠰᠢᠯᠭᠠᠯᠲᠠ᠎ᠳᠤ ᠣᠷᠣᠯᠴᠠᠬᠤ ᠬᠤᠷᠴᠠ ᠰᠡᠷᠭᠡᠭ ᠡᠷᠡᠰ ᠪᠠᠲᠤ᠌ ᠪᠠᠶ᠋ᠢᠳᠠᠯ᠎ᠢᠶᠠᠨ ᠡᠭᠦᠷᠢᠳᠡ ᠪᠠᠲᠤᠯᠠᠵᠤ᠂ ᠮᠠᠷᠺᠰ᠎ᠤᠨ ᠦᠵᠡᠯ᠎ᠦᠨ ᠲᠦᠷᠦ᠎ᠶᠢᠨ ᠨᠠᠮ᠎ᠤᠨ ᠪᠠᠶ᠋ᠢᠭᠤᠯᠤᠯᠲᠠ᠎ᠶᠢᠨ ᠲᠡᠦᠬᠡᠨ ᠬᠠᠭᠤᠳᠠᠰᠤᠨ ᠳᠡᠭᠡᠷᠡᠬᠢ ᠪᠠᠰᠠ ᠨᠢᠭᠡᠨ ᠭᠡᠷᠡᠯ ᠰᠠᠴᠤᠷᠠᠩᠭᠤᠢ ᠬᠠᠭᠤᠳᠠᠰᠤ᠎ᠶᠢ ᠢᠳᠡᠯᠢᠭ ᠪᠢᠴᠢᠭᠯᠡᠪᠡ᠃

ᠡᠨᠡ ᠤᠳᠠᠭ᠎ᠠ᠎ᠶᠢᠨ ᠪᠦᠬᠦᠳᠠ ᠬᠤᠷᠠᠯ ᠪᠣᠯ ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠤᠢ᠎ᠶᠢᠨ ᠴᠢᠬᠤᠯᠠ ᠵᠠᠩᠭᠢᠯᠠᠭ᠎ᠠ᠎ᠶᠢᠨ ᠴᠡᠭ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠵᠠᠩᠭᠢᠯᠠᠭ᠎ᠠ᠎ᠶᠢᠨ ᠦᠶ᠎ᠡ᠎ᠳᠦ ᠬᠤᠷᠠᠯᠳᠤᠭᠰᠠᠨ ᠨᠢᠭᠡ ᠤᠳᠠᠭ᠎ᠠ᠎ᠶᠢᠨ ᠲᠤᠶ᠋ᠢᠯ᠎ᠤᠨ ᠴᠢᠬᠤᠯᠠ ᠬᠤᠷᠠᠯ ᠪᠣᠯᠤᠨ᠎ᠠ᠃ ᠪᠦᠬᠦᠳᠡ ᠬᠤᠷᠠᠯ᠎ᠡᠴᠡ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠎ᠶᠢᠨ ᠲᠣᠪᠴᠢᠶ᠎ᠠ ᠵᠢᠨ ᠨᠠᠶ᠋ᠢᠳᠠᠯᠭ᠎ᠠ᠎ᠪᠠᠷ ᠬᠢᠭᠰᠡᠨ ᠠᠵᠢᠯ᠎ᠤᠨ ᠢᠯᠡᠳᠭᠡᠯ᠎ᠢ ᠰᠣᠨᠣᠰᠤᠨ ᠶᠠᠷᠢᠯᠴᠠᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ᠎ᠡᠴᠡ ᠨᠠᠭᠠᠰᠢᠬᠢ ᠨᠠᠮ ᠪᠠ ᠤᠯᠤᠰ᠎ᠤᠨ ᠠᠵᠢᠯ ᠦᠢᠯᠡᠰ᠎ᠦᠨ ᠤᠯᠤᠭᠰᠠᠨ ᠰᠢᠨ᠎ᠡ ᠠᠬᠢᠴᠠ ᠰᠢᠨ᠎ᠡ ᠦᠷ᠎ᠡ ᠪᠦᠲᠦᠮᠵᠢ᠎ᠶᠢ ᠭᠦᠢᠴᠡᠳ ᠨᠤᠲᠠᠯᠠᠪᠠ᠃ ᠪᠦᠬᠦᠳᠡ ᠬᠤᠷᠠᠯ᠎ᠡᠴᠡ ᠰᠢᠨ᠎ᠡ ᠴᠠᠭ ᠦᠶ᠎ᠡ᠎ᠳᠦ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠭᠤᠤ ᠶᠡᠬᠡ ᠠᠮᠵᠢᠯᠲᠠ ᠪᠦᠲᠦᠮᠵᠢ ᠪᠣᠯᠤᠨ ᠡᠷᠬᠢᠮ ᠨᠠᠨᠳᠢᠨ ᠲᠤᠷᠰᠢᠯᠭ᠎ᠠ᠎ᠶᠢ ᠭᠦᠨᠵᠡᠭᠡᠢ ᠳ᠋ᠦᠩᠨᠡᠵᠦ᠍᠂ 《ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠠᠬᠢᠭᠤᠯᠬᠤ ᠴᠢᠬᠤᠯᠠ ᠶᠡᠬᠡ ᠠᠰᠠᠭᠤᠳᠠᠯ᠎ᠤᠳ᠎ᠤᠨ ᠲᠤᠬᠠᠢ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠲᠥᠪ ᠬᠤᠷᠢᠶ᠎ᠠ ᠵᠢᠨ ᠲᠣᠭᠲᠠᠭᠠᠯ》 ᠢ᠋ ᠬᠢᠨᠠᠨ ᠵᠥᠪᠯᠡᠵᠦ᠍ ᠪᠠᠲᠤᠯᠠᠪᠠ᠂ ᠡᠨᠡ ᠪᠣᠯ ᠰᠢᠨ᠎ᠡ ᠴᠠᠭ ᠦᠶ᠎ᠡ᠎ᠶᠢᠨ ᠨᠠᠮ᠎ᠤᠨ ᠪᠠᠶ᠋ᠢᠭᠤᠯᠤᠯᠲᠠ᠎ᠶᠢᠨ ᠰᠢᠨ᠎ᠡ ᠠᠭᠤᠤ ᠶᠡᠬᠡ ᠢᠨᠵᠧᠨᠧᠷᠢᠩ᠎ᠢ ᠦᠷᠭᠦᠯᠵᠢᠯᠡᠨ ᠠᠬᠢᠭᠤᠯᠬᠤ ᠬᠥᠲᠥᠯᠪᠦᠷᠢ᠎ᠶᠢᠨ ᠴᠢᠨᠠᠷᠲᠠᠢ ᠪᠢᠴᠢᠭ ᠮᠠᠲ᠋ᠧᠷᠢᠶᠠᠯ ᠪᠣᠯᠤᠨ᠎ᠠ᠃ ᠪᠥᠬᠥᠳᠡ ᠬᠤᠷᠠᠯ᠎ᠤᠨ ᠬᠤᠷᠠᠯᠳᠤᠭᠰᠠᠨ ᠨᠢ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠬᠦᠴᠦᠲᠡᠶ ᠳᠠᠶ᠋ᠢᠴᠢᠯᠠᠨ ᠵᠣᠷᠢᠭᠵᠢᠭᠤᠯᠵᠤ ᠪᠠᠶ᠋ᠢᠭᠠᠳ ᠰᠢᠨ᠎ᠡ ᠤᠷᠲᠤ᠌ ᠵᠠᠮ᠎ᠤᠨ ᠠᠶᠠᠨ ᠳᠠᠶ᠋ᠢᠨ᠎ᠦ ᠵᠠᠮ ᠳᠡᠭᠡᠷ᠎ᠡ ᠰᠢᠨ᠎ᠡ ᠭᠡᠷᠡᠯ ᠰᠠᠴᠤᠷᠠᠩᠭᠤᠶ ᠠᠮᠵᠢᠯᠲᠠ᠎ᠶᠢ ᠴᠢᠷᠮᠠᠶ᠋ᠢᠨ ᠡᠭᠦᠳᠬᠦ᠌ ᠨᠢ ᠯᠠᠪᠲᠠᠶ ᠶᠤᠮ᠃

ᠨᠠᠮ᠎ᠤᠨ ᠪᠠᠶ᠋ᠢᠭᠤᠯᠤᠯᠲᠠ ᠨᠢ ᠨᠠᠮ᠎ᠤᠨ ᠢᠷᠡᠭᠡᠳᠦᠢ ᠬᠤᠪᠢ ᠵᠠᠶᠠᠭ᠎ᠠ᠎ᠲᠠᠶ ᠬᠣᠯᠪᠣᠭᠳᠠᠵᠤ᠂ ᠨᠠᠮ ᠪᠤᠯᠤᠨ ᠤᠯᠤᠰ᠎ᠤᠨ ᠠᠵᠢᠯ ᠦᠢᠯᠡᠰ᠎ᠦᠨ ᠮᠠᠨᠳᠤᠵᠤ ᠮᠥᠬᠥᠬᠦ᠌ ᠢᠯᠡᠵᠤ ᠢᠯᠠᠬᠳᠠᠬᠤ ᠲᠡᠶ ᠬᠣᠯᠪᠣᠭᠳᠠᠵᠤ ᠪᠠᠶ᠋ᠢᠳᠠᠭ᠃ ᠪᠦᠬᠦᠳᠠ ᠬᠤᠷᠠᠯ᠎ᠡᠴᠡ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠠᠬᠢᠭᠤᠯᠬᠤ ᠠᠰᠠᠭᠤᠳᠠᠯ᠎ᠢ ᠭᠣᠣᠯᠳᠠᠯᠭ᠎ᠠ᠎ᠲᠠᠶ ᠰᠤᠳᠤᠯᠵᠠᠢ᠂ ᠡᠨᠡ ᠪᠣᠯ ᠨᠠᠮ᠎ᠤᠨ ᠲᠥᠪ ᠬᠣᠷᠢᠶ᠎ᠠ᠎ᠡᠴᠡ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭᠵᠢᠯᠲᠡ᠎ᠶᠢᠨ ᠲᠡᠦᠬᠡᠨ ᠣᠷᠣᠨ ᠪᠠᠶ᠋ᠢᠷᠢ᠎ᠶᠢ ᠡᠵᠡᠮᠳᠡᠵᠦ᠍᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠶᠢᠨ ᠪᠦᠬᠦ᠌ ᠲᠠᠯ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠴᠠᠭ᠎ᠢ ᠦᠵᠡᠨ ᠪᠠᠶ᠋ᠢᠳᠠᠯ᠎ᠢ ᠰᠢᠨᠵᠢᠵᠦ᠍᠂ ᠪᠦᠬᠦ᠌ ᠲᠠᠯ᠎ᠠ᠎ᠪᠠᠷ ᠪᠣᠳᠣᠯᠬᠢᠯᠠᠵᠤ ᠪᠠᠶ᠋ᠢᠭᠠᠳ ᠭᠠᠷᠭᠠᠭᠰᠠᠨ ᠴᠢᠬᠤᠯᠠ ᠶᠡᠬᠡ ᠰᠢ᠌ᠳᠪᠦᠷᠢᠲᠦ᠍ ᠪᠤᠳᠤᠯᠭ᠎ᠠ ᠪᠣᠯᠤᠨ᠎ᠠ᠂ ᠡᠨᠡ ᠨᠢ ᠮᠠᠨ᠎ᠤ ᠨᠠᠮ᠎ᠤᠨ ᠲᠤᠰ ᠪᠡᠶ᠎ᠡ᠎ᠶᠢᠨ ᠪᠠᠶ᠋ᠢᠭᠤᠯᠤᠯᠲᠠ᠎ᠪᠠᠨ ᠴᠢᠩᠭᠠᠳᠬᠠᠬᠤ ᠲᠤᠬᠠᠢ ᠳᠡᠭᠡᠳᠦ ᠬᠡᠮᠵᠢᠶᠡᠨ᠎ᠦ ᠬᠤᠷᠴᠠ ᠰᠡᠷᠭᠡᠭ ᠪᠠ ᠪᠠᠲᠤ᠌ ᠴᠢᠩᠭ᠎ᠠ ᠡᠷᠴᠢ ᠵᠣᠷᠢᠭ᠎ᠢ ᠭᠦᠢᠴᠡᠳ ᠢᠯᠡᠷᠡᠭᠦᠯᠪᠠ᠃ ᠪᠦᠬᠦᠳᠡ ᠬᠤᠷᠠᠯ᠎ᠡᠴᠡ ᠪᠠᠲᠤᠯᠠᠭᠰᠠᠨ 《ᠲᠣᠭᠲᠠᠭᠠᠯ》 ᠨᠢ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠠᠬᠢᠭᠤᠯᠬᠤ ᠲᠤᠬᠠᠢ ᠪᠠᠶ᠋ᠢᠯᠳᠤᠬᠤ ᠪᠤᠳᠤᠯᠭ᠎ᠠ᠎ᠶᠢᠨ ᠪᠠᠶ᠋ᠢᠷᠢᠯᠠᠭᠤᠯᠤᠯᠲᠠ ᠬᠢᠵᠡᠢ᠂ ᠡᠨᠡ ᠪᠣᠯ ᠨᠠᠮ᠎ᠤᠨ ᠲᠡᠷᠢᠭᠦᠨ᠎ᠦ ᠴᠢᠨᠠᠷ ᠪᠣᠯᠤᠨ ᠴᠡᠪᠡᠷ ᠴᠢᠨᠠᠷ᠎ᠢ ᠪᠠᠲᠤᠯᠠᠬᠤ᠂ ᠨᠠᠮ᠎ᠤᠨ ᠤᠷᠳᠤ ᠬᠤᠭᠤᠴᠠᠭ᠎ᠠ᠎ᠪᠠᠷ ᠲᠦᠷᠦ᠍ ᠪᠠᠷᠢᠬᠤ ᠪᠠᠶ᠋ᠢᠷᠢ ᠰᠠᠭᠤᠷᠢ᠎ᠶᠢ ᠪᠡᠬᠢᠵᠢᠭᠦᠯᠬᠦ᠌᠎ᠶᠢᠨ ᠵᠠᠶ᠋ᠢᠯᠠᠰᠢ ᠦᠭᠡᠢ ᠱᠠᠭᠠᠷᠳᠠᠯᠭ᠎ᠠ ᠮᠥᠨ᠂ ᠪᠦᠬᠦ᠌ ᠨᠠᠮ᠎ᠤᠨ ᠳᠡᠭᠡᠳᠦ ᠬᠡᠮᠵᠢᠶ᠎ᠡ᠎ᠪᠡᠷ ᠪᠦᠯᠬᠦᠮᠳᠡᠨ ᠨᠢᠭᠡᠳᠦᠭᠰᠡᠨ᠂ ᠨᠠᠮ᠎ᠤᠨ ᠰᠡᠳᠬᠢᠯ ᠴᠡᠷᠢᠭ᠎ᠦᠨ ᠰᠡᠳᠬᠢᠯ ᠠᠷᠠᠳ᠎ᠤᠨ ᠰᠡᠳᠬᠢᠯ᠎ᠢ ᠳᠡᠭᠡᠳᠦ ᠬᠡᠮᠵᠢᠶ᠎ᠡ᠎ᠪᠡᠷ ᠨᠢᠭᠲᠠᠷᠠᠭᠤᠯᠤᠭᠰᠠᠨ ᠰᠠᠢ᠌ᠨ ᠰᠠᠶ᠋ᠢᠬᠠᠨ ᠤᠯᠤᠰ ᠲᠦᠷᠦ᠎ᠶᠢᠨ ᠪᠠᠶ᠋ᠢᠳᠠᠯ᠎ᠢ ᠪᠡᠬᠢᠵᠢᠭᠦᠯᠦᠨ ᠬᠥᠭᠵᠢᠭᠦᠯᠬᠦ᠌᠎ᠶᠢᠨ ᠵᠠᠶ᠋ᠢᠯᠠᠰᠢ ᠦᠭᠡᠢ ᠱᠠᠭᠠᠷᠳᠠᠯᠭ᠎ᠠ ᠮᠥᠨ᠂ ᠨᠠᠮ᠎ᠤᠨ ᠲᠡᠦᠬᠡᠲᠦ᠍ ᠡᠭᠦᠷᠭᠡ᠎ᠶᠢ ᠪᠡᠶᠡᠯᠡᠭᠦᠯᠬᠦ᠌᠂ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠯᠠᠪᠳᠠᠭᠤᠨ᠎ᠢᠶᠠᠷ ᠬᠤᠯᠠ ᠠᠶᠠᠯᠠᠬᠤ᠎ᠶᠢ ᠠᠬᠢᠭᠤᠯᠬᠤ᠎ᠶᠢᠨ ᠵᠠᠶ᠋ᠢᠯᠠᠰᠢ ᠦᠭᠡᠢ ᠱᠠᠭᠠᠷᠳᠠᠯᠭ᠎ᠠ ᠮᠥᠨ᠃

ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠶᠢᠨ ᠨᠠᠮ᠎ᠤᠨ ᠪᠠᠶ᠋ᠢᠭᠤᠯᠤᠯᠲᠠ᠎ᠶᠢᠨ ᠬᠠᠭᠤᠳᠠᠰᠤ ᠪᠣᠯᠤᠭᠰᠠᠨ᠎ᠤ ᠬᠤᠪᠢ᠎ᠳᠤ᠂ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ ᠪᠣᠯ 《ᠬᠣᠶᠠᠷ᠎ᠢ ᠤᠶᠠᠯᠳᠤᠭᠤᠯᠬᠤ》 ᠵᠢ ᠪᠠᠷᠢᠮᠲᠠᠯᠠᠵᠤ ᠨᠠᠮ᠎ᠤᠨ ᠤᠨᠤᠯ᠎ᠤᠨ ᠰᠢᠨ᠎ᠡ ᠡᠭᠦᠳᠦᠯᠲᠡ᠎ᠶᠢ ᠠᠬᠢᠭᠤᠯᠤᠭᠰᠠᠨ ᠴᠢᠬᠤᠯᠠ ᠶᠡᠬᠡ ᠦᠷ᠎ᠡ ᠪᠦᠲᠦᠭᠡᠯ ᠮᠥᠨ᠂ ᠨᠠᠮ ᠪᠣᠯᠤᠨ ᠠᠷᠠᠳ ᠲᠦᠮᠡᠨ᠎ᠦ ᠦᠢᠯᠡᠳᠦᠯᠭᠡ᠎ᠶᠢᠨ ᠲᠤᠷᠰᠢᠯᠭ᠎ᠠ ᠪᠠ ᠬᠠᠮᠲᠤ᠎ᠶᠢᠨ ᠤᠶᠤᠨ ᠤᠬᠠᠭᠠᠨ᠎ᠤ ᠤᠬᠢ ᠪᠦᠲᠦᠭᠡᠯ ᠮᠥᠨ᠂ ᠰᠢᠨ᠎ᠡ ᠴᠠᠭ ᠦᠶ᠎ᠡ᠎ᠶᠢᠨ ᠨᠠᠮ᠎ᠤᠨ ᠪᠠᠶ᠋ᠢᠭᠤᠯᠤᠯᠲᠠ᠎ᠶᠢᠨ ᠰᠢᠨ᠎ᠡ ᠠᠭᠤᠤ ᠶᠡᠬᠡ ᠢᠨᠵᠧᠨᠧᠷᠢᠩ᠎ᠢ ᠭᠦᠨᠵᠡᠭᠡᠢ ᠠᠬᠢᠭᠤᠯᠬᠤ᠎ᠳᠤ ᠦᠨᠳᠦᠰᠦᠨ ᠵᠢᠷᠤᠮᠯᠠᠯ ᠪᠠ ᠠᠵᠢᠯᠯᠠᠭᠠᠨ᠎ᠤ ᠵᠦᠭᠯᠡᠭᠦᠷ ᠬᠠᠩᠭᠠᠪᠠ᠃《ᠲᠣᠭᠲᠠᠭᠠᠯ》 ᠨᠢ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠭᠤᠤᠯᠳᠠᠯᠭ᠎ᠠ ᠵᠢᠨ ᠲᠣᠭᠣᠷᠢᠨ ᠳ᠋ᠤ᠂ ᠶᠡᠬᠡ ᠲᠠᠯ᠎ᠠ᠎ᠳᠤ ᠦᠢᠯᠡᠴᠢᠯᠡᠵᠤ᠂ ᠴᠢᠩᠭ᠎ᠠ ᠪᠠᠢᠬᠤ ᠦᠨᠳᠦᠰᠦᠨ ᠬᠥᠭ ᠠᠶᠠᠰ᠎ᠢ ᠪᠠᠷᠢᠮᠲᠠᠯᠠᠵᠤ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠳᠣᠪᠣᠶ᠋ᠢᠯᠭᠠᠵᠤ᠂ ᠰᠢᠰᠲ᠋ᠧᠮ᠎ᠦᠨ ᠦᠵᠡᠯᠲᠡ᠎ᠪᠡᠨ ᠴᠢᠩᠭᠠᠳᠬᠠᠵᠤ᠂ ᠠᠮᠵᠢᠯᠲᠠ ᠪᠦᠳᠤᠮᠵᠢ ᠪᠠ ᠲᠤᠷᠰᠢᠯᠭ᠎ᠠ᠎ᠪᠠᠨ ᠳ᠋ᠦᠩᠨᠡᠭᠰᠡᠨ ᠨᠢ ᠦᠨᠡᠨ᠎ᠡᠴᠡ ᠵᠥᠪ᠎ᠢ ᠡᠷᠢᠵᠤ᠂ ᠵᠢᠯᠣᠭᠣᠳᠬᠤ ᠦᠵᠡᠯ ᠰᠠᠨᠠᠭ᠎ᠠ ᠪᠠ ᠵᠠᠷᠴᠢᠮ ᠢ᠋ ᠲᠣᠳᠣᠷᠬᠠᠶ᠋ᠢᠯᠠᠬᠰᠡᠨ ᠨᠢ ᠰᠢᠨᠵᠢᠯᠡᠬᠦ᠌ ᠤᠬᠠᠭᠠᠨᠴᠢ ᠪᠥᠭᠡᠳ ᠣᠨᠣᠪᠴᠢᠲᠠᠶ ᠪᠠᠶ᠋ᠢᠵᠤ᠂ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠳᠤᠷᠠᠳᠤᠬᠰᠡᠨ ᠨᠢ ᠪᠣᠳᠠᠲᠠᠶ᠎ᠶᠢ ᠡᠷᠬᠢᠮᠯᠡᠨ ᠬᠡᠷᠡᠭᠵᠢᠭᠦᠯᠦᠭᠦᠰᠢᠲᠡᠶ ᠪᠠᠢᠵᠤ᠂ ᠰᠢ ᠵᠢᠨ ᠫᠢᠩ ᠨᠥᠬᠥᠷ᠎ᠢᠶᠡᠷ ᠭᠤᠤᠯ ᠪᠤᠯᠭᠠᠬᠰᠡᠨ ᠨᠠᠮ᠎ᠤᠨ ᠲᠥᠪ ᠬᠣᠷᠢᠶ᠎ᠠ ᠵᠢᠨ ᠨᠠᠮ᠎ᠢᠶᠠᠨ ᠬᠦᠴᠦᠷᠬᠡᠭᠵᠢᠭᠦᠯᠵᠦ᠍ ᠤᠯᠤᠰ᠎ᠢᠶᠠᠨ ᠬᠦᠴᠦᠷᠬᠡᠭᠵᠢᠭᠦᠯᠬᠦ᠌ ᠲᠡᠦᠬᠡᠨ ᠰᠠᠨᠠᠭᠠᠴᠢᠯᠠᠭᠠᠲᠤ᠌ ᠴᠢᠨᠠᠷ᠎ᠢ ᠭᠦᠢᠴᠡᠳ ᠢᠯᠡᠷᠡᠭᠦᠯᠵᠤ᠂ ᠰᠢᠨ᠎ᠡ ᠴᠠᠭ ᠦᠶ᠎ᠡ᠎ᠶᠢᠨ ᠨᠠᠮ᠎ᠢ ᠬᠠᠮᠢᠶᠠᠷᠴᠤ᠌ ᠨᠠᠮ᠎ᠢ ᠵᠠᠰᠠᠬᠤ᠂ ᠨᠠᠮ᠎ᠢᠶᠠᠨ ᠮᠠᠨᠳᠤᠭᠤᠯᠵᠤ ᠨᠠᠮ᠎ᠢᠶᠠᠨ ᠬᠦᠴᠦᠷᠬᠡᠭᠵᠢᠭᠦᠯᠬᠦ᠌ ᠰᠢᠨ᠎ᠡ ᠪᠠᠶ᠋ᠢᠳᠠᠯ ᠢ᠋ ᠨᠡᠭᠡᠭᠡᠵᠤ᠂ ᠪᠥᠬᠥ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠥᠲᠥᠭᠡᠨ ᠪᠠᠶ᠋ᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ ᠢ᠋ ᠪᠦᠬᠦ ᠲᠠᠯ᠎ᠠ ᠪᠡᠷ ᠠᠬᠢᠭᠤᠯᠬᠤ ᠳ᠋ᠤ ᠴᠢᠬᠤᠯᠠ ᠶᠡᠬᠡ ᠪᠣᠳᠠᠲᠤ᠌ ᠠᠴᠢ ᠬᠣᠯᠪᠣᠭᠳᠠᠯ ᠪᠠ ᠠᠯᠤᠰ ᠬᠡᠲᠦ᠎ᠶᠢᠨ ᠵᠢᠯᠣᠭᠣᠳᠬᠤ ᠠᠴᠢ ᠬᠣᠯᠪᠣᠭᠳᠠᠯ᠎ᠲᠠᠶ ᠶᠤᠮ᠃

ᠡᠪ ᠬᠠᠮᠲᠤ ᠶᠣᠰᠣᠨ᠎ᠤ ᠠᠯᠤᠰ ᠬᠡᠲᠦ᠎ᠶᠢᠨ ᠬᠦᠰᠡᠯᠡᠩ᠎ᠢ ᠡᠪᠦᠷᠯᠡᠵᠤ᠂ ᠳᠤᠮᠳᠠᠳᠤ᠎ᠶᠢᠨ ᠦᠨᠳᠦᠰᠦᠲᠡᠨ᠎ᠦ ᠥᠨᠢᠳᠡ᠎ᠶᠢᠨ ᠠᠭᠤᠤ ᠦᠢᠯᠡᠰ᠎ᠤᠨ ᠲᠦᠯᠦᠭᠡ ᠵᠣᠷᠢᠭ᠋ ᠰᠢᠭᠤᠳᠴᠦ᠂ ᠮᠠᠨ᠎ᠤ ᠨᠠᠮ ᠢᠮᠠᠭᠲᠠ ᠳᠤᠮᠳᠠᠳᠤ ᠤᠯᠤᠰ᠎ᠤᠨ ᠠᠷᠠᠳ ᠲᠦᠮᠡᠨ᠎ᠳᠦ ᠵᠣᠯ ᠵᠢᠷᠭᠠᠯ ᠣᠯᠭᠣᠬᠤ᠂ ᠳᠤᠮᠳᠠᠳᠤ᠎ᠶᠢᠨ ᠦᠨᠳᠦᠰᠦᠲᠡᠨ᠎ᠦ ᠰᠡᠷᠭᠦᠨ ᠮᠠᠨᠳᠤᠯᠲᠠ᠎ᠶᠢ ᠪᠡᠶᠡᠯᠡᠭᠦᠯᠬᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠵᠢ ᠪᠠᠲᠤ ᠰᠠᠬᠢᠵᠤ᠂ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ 105 ᠵᠢᠯ᠎ᠦᠨ ᠴᠥᠬᠥᠷᠡᠰᠢ ᠦᠭᠡᠢ ᠲᠡᠮᠡᠴᠡᠯ᠎ᠢᠶᠡᠷ ᠳᠤᠮᠳᠠᠳᠤ᠎ᠶᠢᠨ ᠦᠨᠳᠦᠰᠦᠲᠡᠨ᠎ᠦ ᠬᠡᠳᠦᠨ ᠮᠢᠩᠭᠠᠨ ᠵᠢᠯ᠎ᠦᠨ ᠲᠡᠦᠬᠡᠨ᠎ᠳᠡᠬᠢ ᠬᠠᠮᠤᠭ᠎ᠤᠨ ᠠᠤᠭ᠎ᠠ ᠲᠤᠤᠯᠢᠰ᠎ᠢ ᠪᠢᠴᠢᠭᠯᠡᠵᠦ᠂ ᠲᠤᠰ ᠪᠡᠶ᠎ᠡ᠎ᠶᠢᠨ ᠬᠦᠴᠦᠨ ᠪᠠ ᠠᠷᠠᠳ ᠲᠦᠮᠡᠨ᠎ᠦ ᠳᠡᠮᠵᠢᠯᠭᠡ᠎ᠳᠦ ᠲᠦᠰᠢᠭᠯᠡᠨ ᠲᠤᠰ ᠪᠡᠶ᠎ᠡ᠎ᠶᠢᠨ ᠠᠰᠠᠭᠤᠳᠠᠯ᠎ᠢᠶᠠᠨ ᠰᠢᠢᠳᠪᠦᠷᠢᠯᠡᠬᠦ ᠳᠤᠮᠳᠠ ᠲᠠᠰᠤᠷᠠᠯᠲᠠ ᠦᠭᠡᠢ ᠬᠦᠴᠦᠷᠬᠡᠭᠵᠢᠵᠦ᠂ ᠨᠠᠮ ᠪᠠ ᠠᠷᠠᠳ ᠲᠦᠮᠡᠨ᠎ᠦ ᠦᠢᠯᠡᠰ᠎ᠦᠨ ᠪᠠᠲᠤ ᠴᠢᠩᠭ᠎ᠠ ᠤᠳᠤᠷᠢᠳᠬᠤ ᠭᠣᠣᠯᠯᠠᠭ᠍ᠴᠢ ᠪᠣᠯᠪᠠ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠠᠤᠭ᠎ᠠ ᠶᠡᠬᠡ ᠤᠯᠤᠰ ᠲᠥᠷᠥ᠎ᠶᠢᠨ ᠰᠥᠰᠥ ᠵᠣᠷᠢᠭ᠋ ᠪᠠ ᠴᠢᠩᠭ᠎ᠠ ᠬᠠᠷᠢᠭᠤᠴᠠᠯᠭ᠎ᠠ ᠡᠭᠦᠷᠭᠡᠯᠡᠯ᠎ᠢᠶᠡᠷ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠭᠤᠢᠪᠢᠰᠢ ᠦᠭᠡᠢ ᠪᠠᠷᠢᠮᠲᠠᠯᠠᠵᠤ᠂ ᠲᠣᠪᠣᠢᠮ᠎ᠠ ᠠᠰᠠᠭᠤᠳᠠᠯ᠎ᠢ ᠦᠷᠭᠦᠯᠵᠢᠯᠡᠨ ᠰᠢᠢᠳᠪᠦᠷᠢᠯᠡᠵᠦ᠂ ᠨᠠᠮ᠎ᠢ ᠬᠠᠮᠢᠶᠠᠷᠬᠤ ᠨᠠᠮ᠎ᠢ ᠵᠠᠰᠠᠬᠤ ᠲᠠᠯ᠎ᠠ᠎ᠪᠠᠷ ᠠᠭᠤᠵᠢᠮ ᠰᠤᠯᠠ ᠵᠥᠭᠡᠯᠡᠨ ᠪᠠᠢᠬᠤ ᠪᠠᠢᠳᠠᠯ᠎ᠢ ᠦᠨᠳᠦᠰᠦᠨ᠎ᠡᠴᠡ ᠨᠢ ᠬᠤᠪᠢᠷᠠᠭᠤᠯᠵᠤ᠂ ᠤᠷᠲᠤ ᠬᠤᠭᠤᠴᠠᠭᠠᠨ᠎ᠤ ᠲᠤᠷᠰᠢ ᠬᠤᠷᠢᠭᠯᠠᠵᠤ ᠳᠡᠢᠯᠦᠭᠡ ᠦᠭᠡᠢ ᠵᠠᠷᠢᠮ ᠭᠠᠵᠢᠭᠤ ᠰᠤᠷᠲᠠᠯ᠎ᠢ ᠬᠣᠷᠢᠭ᠍ᠯᠠᠵᠤ᠂ ᠤᠯᠠᠨ ᠵᠢᠯ᠎ᠦᠨ ᠲᠤᠷᠰᠢ ᠠᠷᠢᠯᠭᠠᠭ᠎ᠠ ᠦᠭᠡᠢ ᠵᠠᠷᠢᠮ ᠠᠷᠬᠠᠭ ᠭᠡᠮ᠎ᠢ ᠵᠠᠯᠠᠷᠠᠭᠤᠯᠵᠤ᠂ ᠨᠠᠮ᠂ ᠤᠯᠤᠰ᠂ ᠴᠡᠷᠢᠭ ᠠᠩᠭᠢ᠎ᠶᠢᠨ ᠳᠣᠲᠣᠭᠠᠳᠤ᠎ᠳᠤ ᠣᠷᠣᠰᠢᠵᠤ ᠪᠠᠢᠭ᠎ᠠ ᠬᠦᠨᠳᠦ ᠨᠣᠴᠢᠲᠠᠢ ᠬᠡᠮ ᠰᠣᠭᠣᠭ᠎ᠢ ᠠᠷᠢᠯᠭᠠᠵᠤ᠂ ᠮᠠᠨ᠎ᠤ ᠨᠠᠮ ᠬᠤᠪᠢᠰᠬᠠᠯᠲᠦ ᠴᠢᠨᠠᠷᠲᠠᠢ ᠳᠠᠪᠲᠠᠯᠲᠠ ᠳᠤᠮᠳᠠ ᠨᠡᠩ ᠪᠠᠲᠤ ᠴᠢᠩᠭ᠎ᠠ ᠬᠦᠴᠦᠨ᠎ᠲᠠᠢ ᠪᠣᠯᠪᠠ᠃ ᠰᠢᠨ᠎ᠡ ᠴᠠᠭ ᠦᠶ᠎ᠡ᠎ᠳᠦ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠨᠢ ᠵᠠᠭᠤᠨ ᠵᠢᠯ᠎ᠦᠨ ᠲᠣᠮᠣ᠌ ᠨᠠᠮ᠎ᠤᠨ ᠥᠪᠡᠷ ᠪᠡᠶ᠎ᠡ ᠵᠢᠨ ᠬᠤᠪᠢᠰᠬᠠᠯ ᠬᠢᠬᠦ ᠰᠢᠨ᠎ᠡ ᠠᠬᠤᠢ ᠪᠠᠢᠳᠠᠯ᠎ᠢ ᠨᠡᠭᠡᠭᠡᠵᠦ᠂ ᠨᠠᠮ ᠪᠣᠯᠣᠨ ᠤᠯᠤᠰ᠎ᠤᠨ ᠦᠢᠯᠡᠰ᠎ᠦᠨ ᠲᠡᠦᠬᠡᠲᠦ ᠴᠢᠨᠠᠷᠲᠠᠢ ᠠᠮᠵᠢᠯᠲᠠ ᠣᠯᠬᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ᠎ᠶᠢ ᠠᠬᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ ᠨᠢ ᠬᠣᠷᠢᠭ᠍ᠯᠠᠭᠳᠠᠰᠢ ᠦᠭᠡᠢ ᠪᠤᠯᠪᠠ᠃

ᠰᠢᠨ᠎ᠡ ᠴᠠᠭ ᠦᠶ᠎ᠡ᠎ᠳᠦ ᠨᠠᠮ᠎ᠢ ᠬᠠᠮᠢᠶᠠᠷᠴᠤ ᠨᠠᠮ᠎ᠢ ᠵᠠᠰᠠᠬᠤ᠂ ᠨᠠᠮ᠎ᠢ ᠮᠠᠨᠳᠤᠭᠤᠯᠵᠤ ᠨᠠᠮ᠎ᠢ ᠬᠦᠴᠦᠷᠬᠡᠭᠵᠢᠭᠦᠯᠬᠦ᠎ᠳᠤ ᠠᠭᠤᠤ ᠶᠡᠬᠡ ᠠᠮᠵᠢᠯᠲᠠ ᠪᠦᠲᠦᠮᠵᠢ ᠣᠯᠵᠤ᠂ ᠳᠤᠮᠳᠠᠳᠤ ᠤᠯᠤᠰ᠎ᠤᠨ ᠤᠨᠴᠠᠯᠢᠭ ᠪᠦᠬᠦᠢ ᠨᠡᠢᠭᠡᠮ ᠵᠢᠷᠤᠮ᠎ᠤᠨ ᠦᠢᠯᠡᠰ ᠴᠤ ᠰᠢᠨ᠎ᠡ ᠪᠠᠢᠳᠠᠯ᠎ᠢ ᠡᠭᠦᠳᠦᠭᠰᠡᠨ᠎ᠦ ᠦᠨᠳᠦᠰᠦ ᠨᠢ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠵᠢᠨ ᠠᠶᠠᠯᠠᠯ᠎ᠢ ᠵᠢᠯᠤᠭᠤᠳᠴᠤ ᠵᠠᠯᠠᠭᠤᠷ᠎ᠢ ᠡᠵᠡᠮᠳᠡᠭᠰᠡᠨ᠎ᠳᠤ ᠪᠠᠢᠨ᠎ᠠ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠤᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢᠨ ᠰᠢᠨᠵᠢᠯᠡᠬᠦ ᠤᠬᠠᠭᠠᠨᠴᠢ ᠵᠢᠯᠣᠭᠣᠳᠤᠯᠭ᠎ᠠ᠎ᠳᠤ ᠪᠠᠢᠨ᠎ᠠ᠂ 《ᠬᠣᠶᠠᠷ᠎ᠢ ᠲᠣᠭᠲᠠᠭᠠᠬᠰᠠᠨ》 ᠨᠢ ᠰᠢᠨ᠎ᠡ ᠴᠠᠭ ᠦᠶ᠎ᠡ᠎ᠶᠢᠨ ᠨᠠᠮ ᠪᠣᠯᠣᠨ ᠤᠯᠤᠰ᠎ᠤᠨ ᠠᠵᠢᠯ ᠦᠢᠯᠡᠰ᠎ᠦᠨ ᠬᠥᠭᠵᠢᠯᠲᠡ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠲᠡᠦᠬᠡᠨ ᠠᠬᠢᠴᠠ᠎ᠶᠢ ᠠᠬᠢᠭᠤᠯᠬᠤ᠎ᠳᠤ ᠰᠢᠢᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠲᠠᠢ ᠭᠡᠳᠡᠭ᠎ᠢ ᠭᠦᠢᠴᠡᠳ ᠢᠯᠡᠷᠡᠭᠦᠯᠪᠡ᠃ ᠭᠠᠭᠴᠠ ᠬᠦ᠌ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠦᠬᠦᠷᠡᠰᠢ ᠦᠭᠡᠢ ᠠᠬᠢᠭᠤᠯᠬᠤ᠎ᠪᠠᠷ ᠳᠠᠮᠵᠢᠭᠤᠯᠵᠤ᠂ ᠨᠠᠮ᠎ᠤᠨ ᠪᠡᠶ᠎ᠠ ᠴᠣᠭᠴᠠᠰ᠎ᠢ ᠢᠳᠡᠭᠳᠡᠭᠦᠯᠵᠦ ᠪᠠᠢᠭ᠎ᠠ ᠸᠢᠷᠦ᠋ᠰ᠎ᠢ ᠲᠠᠰᠤᠷᠠᠯᠳᠠ ᠦᠭᠡᠢ ᠠᠷᠢᠯᠭᠠᠪᠠᠯ ᠰᠠᠶᠢ ᠡᠭᠦᠷᠢᠳᠡ ᠨᠠᠮ᠎ᠤᠨ ᠴᠢᠨᠠᠷ ᠬᠤᠪᠢᠷᠠᠬᠤ ᠦᠭᠡᠢ ᠥᠩᠭᠡ ᠬᠤᠪᠢᠷᠠᠬᠤ ᠦᠭᠡᠢ ᠰᠤᠷᠳᠠᠯ ᠬᠤᠪᠢᠷᠠᠬᠤ ᠦᠭᠡᠢ ᠪᠠᠢᠬᠤ᠎ᠶᠢ ᠦᠨᠡᠨ ᠬᠦ᠌ ᠪᠠᠲᠤᠯᠠᠵᠤ᠂ ᠬᠤᠪᠢᠰᠬᠠᠯᠲᠤ ᠲᠦᠷᠦ ᠭᠦᠷᠦᠨ᠎ᠢ ᠦᠶ᠎ᠡ᠎ᠶᠢᠨ ᠦᠶ᠎ᠡ᠎ᠳᠡᠭᠡᠨ ᠤᠯᠠᠮᠵᠢᠯᠠᠬᠤ᠎ᠶᠢ ᠦᠨᠡᠨ ᠬᠦ᠌ ᠪᠠᠲᠤᠯᠠᠵᠤ ᠴᠢᠳᠠᠨ᠎ᠠ ᠭᠡᠳᠡᠭ᠎ᠢ ᠲᠡᠦᠬᠡ ᠪᠣᠯᠣᠨ ᠦᠢᠯᠡᠳᠦᠯᠭᠡ ᠭᠦᠢᠴᠡᠳ ᠭᠡᠷᠡᠴᠢᠯᠡᠪᠡ᠃

ᠳᠤᠮᠳᠠᠳᠤ ᠤᠯᠤᠰ᠎ᠤᠨ ᠤᠴᠢᠷ ᠶᠠᠪᠤᠳᠠᠯ᠎ᠢ ᠰᠠᠢᠲᠤᠷ ᠬᠢᠬᠦ᠎ᠶᠢᠨ ᠵᠠᠩᠭᠢᠯᠠᠭ᠎ᠠ ᠨᠢ ᠨᠠᠮ᠎ᠳᠤ ᠪᠤᠢ᠂ ᠵᠠᠩᠭᠢᠯᠠᠭ᠎ᠠ ᠨᠢ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠳᠤ ᠪᠤᠢ᠃ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ  ᠬᠦᠴᠦᠷᠭᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ ᠲᠠᠯ᠎ᠠ ᠪᠡᠷ ᠲᠦᠯᠬᠢᠨ ᠠᠬᠢᠭᠤᠯᠬᠤ ᠪᠣᠯ ᠤᠷᠢᠳ ᠡᠮᠦᠨ᠎ᠡ ᠪᠠᠢᠭ᠎ᠠ ᠦᠭᠡᠢ ᠡᠭᠦᠳᠦᠯᠲᠡ᠎ᠶᠢᠨ ᠴᠢᠨᠠᠷᠲᠠᠢ ᠦᠢᠯᠡᠰ ᠮᠥᠨ᠃ ᠳᠡᠯᠡᠬᠡᠢ᠎ᠶᠢᠨ ᠪᠠᠢᠳᠠᠯ ᠤᠯᠤᠰ᠎ᠤᠨ ᠪᠠᠢᠳᠠᠯ ᠨᠠᠮ᠎ᠤᠨ ᠪᠠᠢᠳᠠᠯ᠎ᠳᠤ ᠭᠦᠨᠵᠡᠭᠡᠢ ᠬᠤᠪᠢᠷᠠᠯᠲᠠ ᠭᠠᠷᠬᠤ᠎ᠶᠢ ᠳᠠᠭᠠᠯᠳᠤᠨ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠳ᠋ᠦ ᠮᠠᠰᠢ ᠤᠯᠠᠨ ᠰᠢᠨ᠎ᠡ ᠪᠠᠢᠳᠠᠯ ᠰᠢᠨ᠎ᠡ ᠠᠰᠠᠭᠤᠳᠠᠯ ᠲᠤᠯᠭᠠᠷᠠᠵᠤ ᠪᠠᠢᠨ᠎ᠠ᠃ ᠤᠷᠳᠤ ᠬᠤᠭᠤᠴᠠᠭ᠎ᠠ᠎ᠪᠠᠷ ᠲᠦᠷᠦ ᠪᠠᠷᠢᠬᠤ ᠲᠤᠳᠤᠮ᠂ ᠠᠮᠤᠷ ᠳᠤᠭᠳᠠᠭᠤᠨ ᠪᠠᠢᠬᠤ ᠲᠤᠳᠤᠮ᠂ ᠣᠷᠴᠢᠨ ᠲᠣᠭᠣᠷᠢᠨ  ᠪᠤᠳᠤᠯᠢᠶᠠᠨᠲᠠᠢ ᠪᠣᠯᠬᠤ ᠲᠤᠳᠤᠮ᠂ ᠰᠠᠨᠠᠭᠠᠰᠢᠷᠠᠬᠤ ᠤᠬᠠᠮᠰᠠᠷ᠎ᠢᠶᠠᠨ ᠲᠡᠳᠦᠢ ᠴᠢᠩᠭᠠᠳᠬᠠᠵᠤ᠂ ᠠᠮᠤᠷ ᠲᠦᠪᠰᠢᠨ ᠪᠠᠢᠬᠤ ᠦᠶ᠎ᠡ᠎ᠳᠡᠭᠡᠨ ᠠᠶᠤᠯ ᠲᠦᠭᠰᠢᠭᠦᠷᠢ᠎ᠶᠢ ᠪᠣᠳᠣᠯᠬᠢᠯᠠᠵᠤ᠂ ᠨᠠᠮ᠎ᠢᠶᠠᠨ ᠰᠠᠢᠲᠤᠷ ᠪᠠᠢᠭᠤᠯᠵᠤ᠂ ᠰᠠᠢᠳᠤᠷ ᠬᠦᠴᠦᠷᠬᠡᠭᠵᠢᠭᠦᠯᠬᠦ ᠬᠡᠷᠡᠭᠲᠡᠢ᠃ ᠤᠯᠤᠰ᠎ᠤᠨ ᠳᠣᠲᠣᠭᠠᠳᠤ ᠭᠠᠳᠠᠭᠠᠳᠤ᠎ᠶᠢᠨ ᠡᠭᠡᠳᠡᠷᠡᠭᠡᠨ ᠪᠤᠳᠤᠯᠢᠶᠠᠨᠲᠠᠢ ᠪᠠᠢᠳᠠᠯ ᠪᠣᠯᠣᠨ ᠥᠭᠡᠷᠡᠴᠢᠯᠡᠯᠲᠡ ᠬᠥᠭᠵᠢᠯᠲᠡ ᠲᠣᠭᠲᠠᠭᠤᠨ᠎ᠤ ᠪᠡᠷᠬᠡ ᠬᠠᠲᠠᠭᠤᠵᠢᠯᠲᠠᠢ ᠨᠦᠰᠡᠷ ᠬᠦᠨᠳᠦ ᠡᠭᠦᠷᠭᠡ᠎ᠶᠢᠨ ᠡᠮᠦᠨ᠎ᠡ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠵᠢᠨ ᠯᠠᠪᠳᠠᠭᠤᠨ᠎ᠢᠶᠠᠷ ᠬᠤᠯᠠ ᠠᠶᠠᠯᠠᠬᠤ᠎ᠵᠢ ᠠᠬᠢᠭᠤᠯᠬᠤ᠎ᠳᠤ ᠡᠷᠬᠡᠪᠰᠢ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠠᠬᠢᠭᠤᠯᠬᠤ ᠬᠡᠷᠡᠭᠲᠡᠢ᠃ ᠪᠦᠬᠦ ᠨᠠᠮ᠎ᠢᠶᠠᠷ᠎ᠢᠶᠠᠨ ᠢᠲᠡᠭᠡᠯ ᠵᠤᠷᠢᠭ᠎ᠢᠶᠡᠨ ᠪᠠᠲᠤᠳᠬᠠᠵᠤ᠂ ᠲᠣᠭᠲᠠᠯ ᠬᠦᠴᠦᠨ᠎ᠢᠶᠡᠨ ᠪᠠᠲᠤᠯᠠᠵᠤ᠂ ᠨᠠᠮ ᠪᠠᠶ᠋ᠢᠭᠤᠯᠤᠭᠰᠠᠨ ᠠᠭᠤᠤ ᠶᠡᠬᠡ ᠵᠣᠷᠢᠭ᠋ ᠰᠠᠨᠠᠭ᠎ᠠ᠎ᠶᠢ ᠶᠡᠬᠡ᠎ᠪᠡᠷ ᠪᠠᠳᠠᠷᠠᠭᠤᠯᠵᠤ᠂ 《ᠭᠤᠷᠪᠠᠨ ᠡᠷᠬᠡᠪᠰᠢ》 ᠶ᠋ᠢ ᠢᠮᠠᠭᠲᠠ ᠪᠠᠲᠤ ᠴᠡᠭᠡᠵᠢᠯᠡᠵᠦ᠂ ᠨᠠᠮ᠎ᠤᠨ ᠰᠢᠯᠢᠳᠡᠭ ᠤᠨᠴᠠᠯᠢᠭ ᠰᠢᠨᠵᠢ ᠵᠢ ᠲᠠᠰᠤᠷᠠᠯᠳᠠ ᠦᠭᠡᠢ ᠪᠠᠳᠠᠷᠠᠭᠤᠯᠵᠤ᠂ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ᠎ᠪᠡᠷ ᠰᠢᠨ᠎ᠡ ᠴᠠᠭ ᠦᠶ᠎ᠡ᠎ᠶᠢᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠡᠷᠬᠢᠮ ᠨᠠᠨᠳᠢᠨ ᠲᠤᠷᠰᠢᠯᠭ᠎ᠠ᠎ᠶᠢ ᠰᠠᠢᠲᠤᠷ ᠪᠠᠷᠢᠮᠲᠠᠯᠠᠵᠤ᠂ ᠰᠠᠢᠲᠤᠷ ᠬᠡᠷᠡᠭᠯᠡᠵᠦ᠂ ᠨᠠᠮ᠎ᠤᠨ ᠪᠠᠢᠭᠤᠯᠤᠯᠲᠠ᠎ᠳᠤ ᠲᠤᠯᠭᠠᠷᠠᠵᠤ ᠪᠠᠢᠭ᠎ᠠ ᠲᠣᠪᠣᠢᠮ᠎ᠠ ᠠᠰᠠᠭᠤᠳᠠᠯ᠎ᠢ ᠰᠠᠢᠲᠤᠷ ᠴᠡᠭᠴᠡᠯᠡᠨ ᠵᠠᠰᠠᠵᠤ᠂ ᠰᠠᠢᠲᠤᠷ ᠰᠢᠢᠳᠪᠦᠷᠢᠯᠡᠵᠦ᠂ ᠨᠠᠮ᠎ᠢ ᠬᠠᠮᠢᠶᠠᠷᠴᠤ ᠨᠠᠮ᠎ᠢ ᠵᠠᠰᠠᠬᠤ᠎ᠳᠤ ᠪᠤᠢ ᠪᠣᠯᠭᠠᠭᠰᠠᠨ ᠰᠠᠢᠨ ᠰᠠᠢᠬᠠᠨ ᠤᠯᠤᠰ ᠲᠦᠷᠦ᠎ᠶᠢᠨ ᠪᠠᠢᠳᠠᠯ᠎ᠢ ᠰᠠᠢᠲᠤᠷ ᠪᠡᠬᠢᠵᠢᠭᠦᠯᠵᠦ᠂ ᠰᠠᠢᠲᠤᠷ ᠬᠥᠭᠵᠢᠭᠦᠯᠵᠦ᠂ ᠨᠡᠢᠭᠡᠮ ᠵᠢᠷᠤᠮ᠎ᠤᠨ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ ᠲᠠᠯ᠎ᠠ᠎ᠪᠠᠷ ᠪᠠᠢᠭᠤᠯᠤᠨ ᠪᠦᠳᠦᠭᠡᠬᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠦᠬᠦ ᠲᠠᠯ᠎ᠠ᠎ᠪᠠᠷ ᠠᠬᠢᠭᠤᠯᠬᠤ᠎ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃

《ᠲᠣᠭᠲᠠᠭᠠᠯ》 ᠳ᠋ᠦ᠍ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠠᠬᠢᠭᠤᠯᠬᠤ ᠵᠢᠯᠣᠭᠣᠳᠬᠤ ᠦᠵᠡᠯ ᠰᠠᠨᠠᠭ᠎ᠠ᠂ ᠴᠢᠬᠤᠯᠠ ᠶᠡᠬᠡ ᠵᠠᠷᠴᠢᠮ᠎ᠢ ᠲᠣᠳᠣᠷᠬᠠᠶ᠋ᠢᠯᠠᠵᠤ᠂ ᠪᠠᠶ᠋ᠢᠯᠳᠤᠬᠤ ᠪᠤᠳᠤᠯᠭ᠎ᠠ᠎ᠶᠢᠨ ᠡᠭᠦᠷᠭᠡ ᠪᠠ ᠴᠢᠬᠤᠯᠠ ᠶᠡᠬᠡ ᠠᠷᠭ᠎ᠠ ᠬᠡᠮᠵᠢᠶ᠎ᠡ᠎ᠶᠢ ᠪᠠᠶ᠋ᠢᠷᠢᠯᠠᠭᠤᠯᠪᠠ᠃ ᠪᠦᠬᠦ᠌ ᠨᠠᠮ᠎ᠢᠶᠠᠷ᠎ᠢᠶᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠠ ᠨᠠᠮ᠎ᠤᠨ ᠲᠥᠪ ᠬᠤᠷᠢᠶ᠎ᠠ ᠵᠢᠨ ᠰᠢᠢᠳᠪᠦᠷᠢᠲᠦ᠍ ᠪᠣᠳᠣᠯᠭ᠎ᠠ ᠪᠠᠶ᠋ᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ᠎ᠶᠢᠨ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠡᠷᠬᠢᠮ ᠨᠠᠨᠳᠢᠨ ᠲᠤᠷᠰᠢᠯᠭ᠎ᠠ᠎ᠶᠢ ᠭᠦᠢᠴᠡᠳ ᠠᠰᠢᠭᠯᠠᠵᠤ᠂ ᠡᠭᠦᠷᠭᠡ ᠬᠠᠷᠢᠭᠤᠴᠠᠯᠭ᠎ᠠ᠎ᠳᠤ ᠦᠢᠯᠡᠴᠢᠯᠡᠬᠦ᠌᠎ᠶᠢ ᠪᠠᠷᠢᠮᠲᠠᠯᠠᠵᠤ᠂ ᠨᠠᠮ᠎ᠤᠨ ᠤᠯᠤᠰ ᠲᠥᠷᠥ᠎ᠶᠢᠨ ᠪᠠᠶ᠋ᠢᠭᠤᠯᠤᠯᠲᠠ᠎ᠪᠠᠷ ᠶᠡᠷᠦᠩᠬᠡᠶ᠋ᠢᠯᠡᠨ ᠵᠢᠯᠣᠭᠣᠳᠣᠭᠤᠯᠬᠤ᠎ᠶᠢ ᠪᠠᠷᠢᠮᠲᠠᠯᠠᠵᠤ᠂ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶᠢ ᠪᠠᠷᠢᠮᠲᠠᠯᠠᠵᠤ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠲᠥᠪ ᠶᠣᠰᠣ᠎ᠶᠢ ᠪᠠᠷᠢᠮᠲᠠᠯᠠᠨ ᠰᠢᠨ᠎ᠡ᠎ᠶᠢ ᠡᠭᠦᠳᠴᠦ᠂ ᠲᠡᠭᠡᠳᠦ ᠱᠠᠲᠤ᠌ ᠨᠢ ᠲᠤᠤᠷᠠᠳᠤ ᠱᠠᠲᠤ᠎ᠪᠠᠨ ᠲᠠᠢᠴᠢᠯᠠᠬᠤ᠎ᠶᠢ ᠪᠠᠷᠢᠮᠲᠠᠯᠠᠵᠤ᠂ ᠲᠣᠭᠲᠠᠭᠠᠯ ᠶᠣᠰᠣᠭᠠᠷ ᠨᠠᠮ᠎ᠢ ᠵᠠᠰᠠᠬᠤ᠎ᠶᠢ ᠪᠠᠷᠢᠮᠲᠠᠯᠠᠵᠤ᠂ ᠨᠠᠮ᠎ᠤᠨ ᠤᠯᠤᠰ ᠲᠥᠷᠥ᠎ᠶᠢᠨ ᠤᠳᠤᠷᠢᠳᠬᠤ ᠬᠦᠴᠦᠨ᠂ ᠦᠵᠡᠯ ᠰᠠᠨᠠᠭᠠᠨ᠎ᠤ ᠬᠥᠲᠥᠯᠥᠨ ᠳᠠᠭᠠᠭᠤᠯᠬᠤ ᠬᠦᠴᠦᠨ᠂ ᠤᠯᠠᠨ ᠲᠦᠮᠡᠨ᠎ᠢ ᠵᠣᠬᠢᠶᠠᠨ ᠪᠠᠶ᠋ᠢᠭᠤᠯᠬᠤ ᠬᠦᠴᠦᠨ᠂ ᠨᠡᠶ᠋ᠢᠭᠡᠮ᠎ᠦᠨ ᠤᠷᠢᠶᠠᠯᠠᠬᠤ ᠬᠦᠴᠦᠨ ᠢ᠋ ᠦᠷᠭᠦᠯᠵᠢᠯᠡᠨ ᠴᠢᠩᠭᠠᠳᠬᠠᠵᠤ᠂ ᠨᠠᠮ᠎ᠤᠨ ᠢᠮᠠᠭᠲᠠ ᠴᠠᠭ ᠦᠶ᠎ᠡ᠎ᠶᠢᠨ ᠡᠮᠦᠨ᠎ᠡ ᠡᠩᠨᠡᠭᠡᠨ᠎ᠳᠦ ᠶᠠᠪᠤᠬᠤ᠂ ᠠᠷᠠᠳ ᠲᠦᠮᠡᠨ ᠴᠢᠩ ᠰᠡᠳᠬᠢᠯ᠎ᠡᠴᠡ᠎ᠪᠡᠨ ᠬᠦᠷᠢᠶᠡᠯᠡᠬᠦ᠂ ᠡᠯ᠎ᠡ ᠵᠦᠢᠯ᠎ᠦᠨ ᠰᠠᠯᠬᠢᠨ ᠳᠠᠪᠠᠯᠭᠠᠨ᠎ᠤ ᠰᠢᠯᠭᠠᠯᠲᠠ᠎ᠶᠢ ᠳᠠᠭᠠᠭᠠᠵᠤ ᠳᠡᠢᠯᠬᠦ᠂ ᠴᠤᠭ ᠪᠠᠳᠠᠷᠠᠩᠭᠤᠶ ᠮᠠᠷᠺᠰ᠎ᠤᠨ ᠦᠵᠡᠯ᠎ᠦᠨ ᠲᠥᠷᠥ᠍ ᠪᠠᠷᠢᠭᠴᠢ ᠨᠠᠮ ᠪᠤᠯᠬᠤ᠎ᠶᠢ ᠦᠨᠡᠨ ᠬᠦ᠌ ᠪᠠᠲᠤᠯᠠᠵᠤ᠂ ᠢᠮᠠᠭᠲᠠ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠢᠯᠡᠰ᠎ᠦᠨ ᠪᠠᠲᠤ᠌ ᠴᠢᠩᠭ᠎ᠠ ᠤᠳᠤᠷᠢᠳᠬᠤ ᠭᠣᠣᠯᠯᠠᠭᠴᠢ ᠪᠣᠯᠬᠤ ᠬᠡᠷᠡᠭᠲᠡᠢ᠃

ᠲᠡᠦᠬᠡ ᠢᠷᠡᠭᠡᠳᠦᠢ᠎ᠶᠢ ᠰᠡᠩᠭᠡᠷᠡᠭᠦᠯᠵᠦ᠂ ᠲᠡᠮᠡᠴᠡᠯ ᠠᠭᠤᠤ ᠦᠢᠯᠡᠰ᠎ᠢ ᠪᠦᠲᠦᠭᠡᠨ᠎ᠠ᠃ 《ᠤᠷᠤᠭᠤᠳᠠᠨ ᠲᠤᠷᠤᠢᠳᠠᠵᠤ》 ᠪᠠᠢᠭᠰᠠᠨ ᠡᠴᠡ 《ᠬᠥᠭᠵᠢᠨ ᠪᠠᠳᠠᠷᠠᠭᠰᠠᠨ》 ᠬᠦᠷᠲᠡᠯ᠎ᠡ᠂ ᠳᠤᠮᠳᠠᠳᠤ᠎ᠶᠢᠨ ᠡᠬᠡ ᠭᠠᠵᠠᠷ᠎ᠲᠤ᠌ ᠵᠠᠭᠤ ᠭᠠᠷᠤᠢ ᠵᠢᠯ᠎ᠦᠨ ᠲᠤᠷᠰᠢ ᠯᠤᠲᠤ᠌ ᠶᠡᠬᠡ ᠬᠤᠪᠢᠷᠠᠯᠲᠠ ᠭᠠᠷᠤᠭᠰᠠᠨ ᠨᠢ ᠨᠠᠮ ᠲᠡᠦᠬᠡ᠎ᠶᠢ ᠬᠥᠰᠡᠷᠳᠡᠭᠦᠯᠬᠦ᠌ ᠦᠭᠡᠢ᠂ ᠠᠷᠠᠳ ᠲᠦᠮᠡᠨ᠎ᠳᠦ ᠣᠰᠣᠯᠳᠠᠬᠤ ᠦᠭᠡᠢ᠂ ᠨᠡᠷ᠎ᠡ ᠨᠢᠳᠡᠷ᠎ᠲᠡᠬᠡᠨ ᠨᠡᠶ᠋ᠢᠴᠡᠭᠰᠡᠨ ᠳᠤᠮᠳᠠᠳᠤ ᠤᠯᠤᠰ᠎ᠤᠨ ᠠᠵᠢᠯᠴᠢᠨ ᠠᠩᠬᠢ᠎ᠶᠢᠨ ᠬᠣᠰᠢᠭᠤᠴᠢ ᠠᠩᠬᠢ᠂ ᠨᠡᠷ᠎ᠡ ᠨᠢᠳᠡᠷ᠎ᠲᠡᠬᠡᠨ ᠨᠡᠶ᠋ᠢᠴᠡᠭᠰᠡᠨ ᠳᠤᠮᠳᠠᠳᠤ ᠤᠯᠤᠰ᠎ᠤᠨ ᠠᠷᠠᠳ ᠲᠦᠮᠡᠨ ᠪᠣᠯᠤᠨ ᠳᠤᠮᠳᠠᠳᠤ᠎ᠶᠢᠨ ᠦᠨᠳᠦᠰᠦᠲᠡᠨ᠎ᠦ ᠬᠣᠰᠢᠭᠤᠴᠢ ᠠᠩᠬᠢ ᠪᠣᠯᠬᠤ᠎ᠶᠢ ᠭᠦᠢᠴᠡᠳ ᠭᠡᠷᠡᠴᠢᠯᠡᠪᠡ᠃ ᠰᠢᠨ᠎ᠡ ᠠᠶᠠᠨ᠎ᠳᠦ ᠡᠷᠡᠮᠡᠬᠡᠶ᠋ᠢᠯᠡᠨ ᠤᠷᠤᠭᠰᠢᠯᠠᠬᠤ ᠳ᠋ᠦ᠂ ᠠᠭᠤᠤ ᠶᠡᠬᠡ᠂ ᠢᠷᠠᠭᠤ ᠠᠯᠳᠠᠷᠲᠠᠢ᠂ ᠵᠥᠪ ᠣᠨᠣᠪᠴᠢᠲᠠᠢ ᠳᠤᠮᠳᠠᠳᠤ ᠤᠯᠤᠰ᠎ᠤᠨ ᠡᠪ ᠬᠠᠮᠲᠤ᠌ ᠨᠠᠮ ᠰᠠᠯᠬᠢᠨ ᠪᠣᠷᠣᠭᠠᠨ᠎ᠢ ᠲᠤᠭᠤᠯᠤᠭᠰᠠᠠ ᠴᠤ᠌ ᠤᠬ ᠰᠠᠨᠠᠭ᠎ᠠ᠎ᠪᠠᠨ ᠦᠯᠦ᠍ ᠬᠤᠪᠢᠷᠠᠭᠤᠯᠵᠤ᠂ ᠬᠠᠷᠠᠯᠲᠠ ᠡᠷᠡᠰ ᠲᠤᠳᠤᠷᠬᠠᠢ ᠪᠥᠭᠡᠳ ᠡᠷᠡᠯᠬᠡᠭᠯᠡᠨ ᠤᠷᠤᠭᠰᠢᠯᠠᠪᠠᠯ  ᠨᠡᠩ ᠰᠠᠢ᠌ᠨ ᠰᠠᠶ᠋ᠢᠬᠠᠨ ᠢᠷᠡᠭᠡᠳᠦᠢ᠎ᠶᠢ ᠲᠠᠰᠤᠷᠠᠯᠲᠠ ᠦᠭᠡᠢ ᠴᠣᠭᠴᠠᠯᠠᠬᠤ ᠨᠢ ᠯᠠᠪᠲᠠᠢ ᠶᠤᠮ᠃ ᠪᠢᠳᠡ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭᠰᠠᠨ ᠨᠠᠮ᠎ᠤᠨ ᠲᠥᠪ ᠬᠤᠷᠢᠶ᠎ᠠ ᠵᠢᠨ ᠲᠣᠭᠣᠷᠢᠨ᠎ᠳᠤ ᠨᠠᠩ ᠨᠢᠭᠲᠠᠷᠠᠨ ᠪᠦᠯᠬᠦᠮᠳᠡᠵᠦ᠍᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠶᠢ ᠪᠥᠬᠥ᠌ ᠲᠠᠯ᠎ᠠ᠎ᠪᠠᠷ ᠲᠤᠭᠤᠰᠢᠯᠠᠭᠤᠯᠵᠤ᠂ 《ᠬᠣᠶᠠᠷ᠎ᠢ ᠲᠣᠭᠲᠠᠭᠠᠭᠰᠠᠨ》 ᠤ᠋ ᠰᠢᠢᠳᠪᠦᠷᠢᠲᠦ᠍ ᠴᠢᠨᠠᠷᠲᠠᠶ ᠠᠴᠢ ᠬᠣᠯᠪᠣᠭᠳᠠᠯ᠎ᠢ ᠭᠦᠨᠵᠡᠭᠡᠶ ᠣᠶ᠋ᠢᠯᠠᠭᠠᠵᠤ᠂ 《ᠳᠥᠷᠪᠡᠨ ᠤᠬᠠᠮᠰᠠᠷ》 ᠵᠢᠡᠨ ᠴᠢᠩᠭᠠᠳᠬᠠᠵᠤ᠂ 《ᠳᠥᠷᠪᠡᠨ ᠢᠲᠡᠭᠡᠯ》 ᠵᠢᠡᠨ ᠪᠠᠲᠤᠳᠬᠠᠵᠤ᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠵᠦ᠍᠂ ᠣᠶᠤᠨ ᠴᠢᠳᠠᠯ᠎ᠢᠶᠠᠨ ᠰᠢᠪᠬᠠᠨ ᠤᠯᠤᠰ ᠣᠷᠣᠨ᠎ᠢᠶᠠᠨ ᠵᠠᠰᠠᠵᠤ᠂ ᠬᠦᠴᠦᠷᠬᠡᠭᠵᠢᠬᠦ᠌᠎ᠪᠡᠷ ᠬᠦᠴᠦᠯᠡᠨ ᠴᠢᠷᠮᠠᠶ᠋ᠢᠵᠤ᠂ ᠲᠡᠦᠬᠡ ᠪᠣᠯᠤᠨ ᠠᠷᠠᠳ ᠲᠦᠮᠡᠨ᠎ᠡᠴᠡ ᠣᠯᠭᠣᠭᠰᠠᠨ ᠬᠦᠨᠳᠦ ᠡᠭᠦᠷᠭᠡ᠎ᠶᠢ ᠡᠷᠡᠰ ᠡᠭᠦᠷᠭᠡᠯᠡᠵᠦ᠍᠂ ᠮᠠᠨ᠎ᠤ ᠨᠠᠮ᠎ᠢᠶᠠᠨ ᠨᠠᠩ ᠰᠠᠶ᠋ᠢᠨ᠂ ᠨᠠᠩ ᠬᠦᠴᠦᠷᠬᠡᠭ ᠪᠣᠯᠭᠠᠨ ᠪᠠᠶ᠋ᠢᠭᠤᠯᠵᠤ᠂ ᠰᠢᠨ᠎ᠡ ᠰᠢᠯᠭᠠᠯᠲᠠ᠎ᠳᠤ ᠣᠷᠣᠯᠴᠠᠬᠤ ᠵᠠᠮ ᠳᠡᠭᠡᠷ᠎ᠡ ᠨᠠᠩ ᠰᠢᠯᠢᠳᠡᠭ ᠰᠢᠨ᠎ᠡ ᠬᠠᠷᠢᠭᠤᠯᠲᠠ᠎ᠶᠢᠨ ᠬᠠᠭᠤᠳᠠᠰᠤ᠎ᠶᠢ ᠲᠤᠰᠢᠶᠠᠰᠤᠭᠠᠢ᠃

   (ᠰᠢᠨᠬᠤᠸᠠ ᠬᠤᠷᠢᠶ᠎ᠠ ᠵᠢᠨ ᠪᠡᠭᠡᠵᠢᠩ᠎ᠦᠨ 10 ᠰᠠᠷ᠎ᠠ᠎ᠶᠢᠨ 29᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面