ᠲᠡᠷᠢᠭᠦᠨ ᠨᠢᠭᠤᠷ>ᠴᠠᠭ ᠲᠦᠷᠦ>ᠴᠠᠭ᠎ᠤᠨ ᠰᠢᠭᠦᠮᠵᠢ

2026-10-30 11:49:31

ᠵᠣᠬᠢᠶᠠᠭ᠍ᠴᠢ᠄ ᠯᠦᠩ ᠮᠸᠢ ᠣᠩᠱᠢᠭ᠍ᠰᠠᠨ ᠣᠳᠠᠭ᠎ᠠ᠄ 3

ᠲᠦᠷᠦ᠍᠎ᠶ᠋ᠢ ᠵᠠᠰᠠᠬᠤᠢ᠎ᠳᠤᠷ ᠲᠤᠬ᠍ᠳᠠᠬ᠍ᠰᠠᠨ ᠪᠤᠳᠤᠯᠭ᠎ᠠ ᠠᠮᠤᠢ᠂ ᠠᠷᠠᠳ ᠲᠤᠷ ᠠᠱᠢᠬ ᠤᠯᠭᠤᠬᠤ ᠠᠨᠤ ᠦᠨᠳᠦᠰᠦ ᠪᠤᠯᠠᠢ᠃ ᠶᠡᠷᠦᠩᠬᠡᠢ ᠱᠦᠵᠢ ᠰᠢ ᠵᠢᠨ ᠫᠢᠩ᠄ 《ᠠᠷᠠᠳ ᠲᠦᠮᠡᠨ᠎ᠢ ᠵᠣᠯ ᠵᠢᠷᠭᠠᠯ᠎ᠲᠠᠶ ᠠᠮᠢᠳᠤᠷᠠᠭᠤᠯᠬᠤ ᠪᠣᠯ ᠲᠡᠷᠢᠭᠦᠨ ᠴᠢᠬᠤᠯᠠ ᠶᠠᠪᠤᠳᠠᠯ ᠮᠥᠨ》 ᠭᠡᠵᠦ ᠵᠢᠭᠠᠵᠦ ᠭᠠᠷᠭᠠᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠨ ᠨᠢᠭᠡᠳᠦᠭᠡᠷ ᠪᠦᠭᠦᠲᠡ ᠬᠤᠷᠠᠯ᠎ᠠᠴᠠ ᠳᠤᠷᠠᠳᠤᠭ᠍ᠰᠠᠨ 《1571》 ᠠᠵᠢᠯ᠎ᠤᠨ ᠪᠠᠢᠷᠢᠯᠠᠭᠤᠯᠤᠯᠲᠠ ᠳ᠋ᠦ《ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢ ᠴᠢᠩᠭᠠᠳᠬᠠᠬᠤ》 ᠶ᠋ᠢ ᠲᠤᠯᠤᠭᠠᠨ ᠭᠣᠣᠯᠳᠠᠯᠭ᠎ᠠ᠎ᠲᠠᠶ ᠡᠭᠦᠷᠭᠡ᠎ᠶ᠋ᠢᠨ ᠨᠢᠭᠡ ᠪᠣᠯᠭᠠᠪᠠ᠂ ᠡᠨᠡ ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠡ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠨ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠣᠳᠣᠬᠢᠴᠢᠯᠠᠯᠲᠠ ᠵᠢᠨ ᠪᠦᠲᠦᠬᠡᠨ ᠪᠠᠢᠭᠤᠯᠤᠯᠲᠠ᠎ᠶ᠋ᠢᠨ ᠵᠤᠷᠢᠯᠲᠠ ᠪᠠ ᠲᠤᠰᠤᠯᠲᠠ ᠪᠣᠯᠭᠠᠭ᠍ᠰᠠᠨ ᠤᠯᠤᠰ ᠲᠦᠷᠦ᠍᠎ᠶ᠋ᠢᠨ ᠬᠠᠷᠢᠭᠤᠴᠠᠯᠭ᠎ᠠ ᠡᠭᠦᠷᠭᠡᠯᠡᠯ᠎ᠢ ᠬᠠᠷᠠᠭᠤᠯᠵᠠᠢ᠃ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠤᠯᠤᠰ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠱᠢᠨ᠎ᠡ ᠠᠶᠠᠨ᠎ᠳᠤ᠂ ᠥᠪᠥᠷ ᠮᠣᠩᠭᠣᠯ ᠡᠷᠬᠡᠪᠰᠢ ᠨᠠᠩ ᠶᠡᠬᠡ ᠡᠷᠴᠢᠮ᠂ ᠨᠠᠩ ᠪᠣᠳᠠᠲᠠᠶ ᠠᠷᠭ᠎ᠠ ᠬᠡᠮᠵᠢᠶ᠎ᠡ᠂ ᠨᠠᠩ ᠱᠢᠯᠢᠳᠡᠭ ᠲᠣᠭ᠍ᠲᠠᠴᠠ᠎ᠪᠠᠷ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢᠨ ᠲᠤᠤᠷ᠎ᠢ ᠨᠢᠭ᠍ᠲᠠ ᠰᠦᠯᠵᠢᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠴᠢᠨᠠᠷ ᠰᠠᠢᠲᠠᠶ ᠬᠥᠭ᠌ᠵᠢᠯᠲᠡ᠎ᠶ᠋ᠢᠨ ᠳᠤᠮᠳᠠ ᠠᠵᠠ ᠵᠢᠷᠭᠠᠯᠳᠤ ᠠᠮᠢᠳᠤᠷᠠᠯ᠎ᠢ ᠡᠳ᠋ᠯᠡᠭᠦᠯᠵᠦ᠍᠂ ᠠᠷᠠᠳ᠎ᠤᠨ ᠠᠮᠢᠳᠤᠷᠠᠯ᠎ᠤᠨ 《ᠳᠤᠯᠠᠭᠠᠴᠠ》 ᠪᠡᠷ ᠬᠥᠭ᠌ᠵᠢᠯᠲᠡ᠎ᠶ᠋ᠢᠨ  《ᠬᠦᠨᠴᠡ》 ᠵᠢ ᠲᠣᠳᠣᠷᠬᠠᠢᠯᠠᠵᠤ᠂ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢᠨ ᠠᠷᠠᠳ᠎ᠤᠨ ᠠᠮᠢᠳᠤᠷᠠᠯ᠎ᠤᠨ ᠰᠠᠭᠤᠷᠢ᠎ᠶ᠋ᠢ ᠪᠠᠲᠤ ᠴᠣᠭ᠍ᠴᠠᠯᠠᠬᠤ ᠭᠡᠷᠡᠭᠲᠡᠢ᠃

ᠨᠢᠭᠡ᠂ ᠠᠷᠠᠳ᠎ᠤᠨ ᠠᠮᠢᠳᠤᠷᠠᠯ᠎ᠢ ᠪᠠᠳᠤᠯᠠᠨ ᠰᠠᠢᠵᠢᠷᠠᠭᠤᠯᠬᠤ ᠠᠵᠢᠯ᠎ᠤᠨ ᠤᠯᠤᠰ ᠲᠥᠷᠥ᠎ᠶ᠋ᠢᠨ ᠱᠢᠨᠵᠢ ᠴᠢᠨᠠᠷ᠎ᠢ ᠭᠦᠨᠵᠡᠭᠡᠶ ᠡᠵᠡᠮᠱᠢᠵᠦ᠍᠂ ᠠᠷᠠᠳ᠎ᠤᠨ ᠲᠥᠯᠥᠭᠡ ᠭᠡᠬᠦ᠌ ᠬᠠᠢᠷ᠎ᠠ ᠰᠡᠳᠭᠢᠯᠭᠡ᠎ᠶ᠋ᠢ ᠵᠤᠵᠠᠭᠠᠳᠭᠠᠨ᠎ᠠ

ᠥᠪᠥᠷ ᠮᠣᠩᠭᠣᠯ ᠨᠢ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ ᠪᠣᠯᠤᠭ᠍ᠰᠠᠨ᠎ᠤ ᠬᠤᠪᠢ᠎ᠳᠤ᠂ ᠠᠷᠠᠳ᠎ᠤᠨ ᠠᠮᠢᠳᠤᠷᠠᠯ᠎ᠤᠨ ᠠᠵᠢᠯ ᠣᠨᠴᠠᠭᠠᠢ ᠴᠢᠬᠤᠯᠠ ᠠᠴᠢ ᠬᠣᠯᠪᠣᠭ᠍ᠳᠠᠯ᠎ᠲᠠᠶ ᠶᠤᠮ᠃ 《1571》 ᠠᠵᠢᠯ᠎ᠤᠨ ᠪᠠᠢᠷᠢᠯᠠᠭᠤᠯᠤᠯᠲᠠ ᠨᠢ ᠠᠷᠠᠳ ᠲᠦᠮᠡᠨ ᠵᠢᠡᠷ ᠭᠤᠤᠯ ᠪᠤᠯᠭᠠᠬᠤ ᠬᠦᠭᠵᠢᠯᠳᠡ ᠵᠢᠨ ᠦᠵᠡᠯᠳᠡ ᠵᠢ ᠦᠢᠯᠡᠳᠦᠯᠭᠡᠵᠢᠭᠦᠯᠦᠭᠰᠡᠨ ᠪᠣᠯᠬᠣᠷ ᠪᠢᠲᠠᠨ᠎ᠢ ᠡᠷᠬᠡᠪᠰᠢ ᠤᠯᠤᠰ ᠳᠦᠷᠦ᠍᠎ᠶ᠋ᠢᠨ ᠦᠨᠳᠦᠷᠴᠡ᠎ᠡᠴᠡ ᠠᠷᠠᠳ᠎ᠤᠨ ᠠᠮᠢᠳᠤᠷᠠᠯ᠎ᠤᠨ ᠠᠵᠢᠯ᠎ᠢ ᠲᠠᠨᠢᠵᠤ ᠠᠬᠢᠭᠤᠯᠬᠤ ᠵᠢ ᠱᠠᠭᠠᠷᠳᠠᠵᠦ ᠪᠠᠢᠨ᠎ᠠ᠃

ᠠᠷᠠᠳ᠎ᠤᠨ ᠠᠮᠢᠳᠤᠷᠠᠯ ᠨᠢ ᠠᠷᠠᠳ᠎ᠤᠨ ᠰᠡᠳᠭᠢᠯ᠎ᠢ ᠬᠣᠯᠪᠣᠵᠤ᠂ ᠠᠷᠠᠳ᠎ᠤᠨ ᠰᠡᠳᠭᠢᠯ ᠨᠢ ᠠᠷᠠᠳ᠎ᠤᠨ ᠬᠦᠴᠦᠨ᠎ᠢ ᠨᠢᠭ᠍ᠲᠠᠷᠠᠭᠤᠯᠳᠠᠭ᠃ ᠥᠪᠥᠷ ᠮᠣᠩᠭᠣᠯ᠎ᠳᠤ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠨᠢ ᠠᠵᠤ ᠠᠬᠤᠢ᠎ᠶ᠋ᠢᠨ ᠠᠰᠠᠭᠤᠳᠠᠯ᠂ ᠨᠡᠢᠭᠡᠮ᠎ᠦᠨ ᠠᠰᠠᠭᠤᠳᠠᠯ ᠪᠣᠯᠬᠤ᠎ᠪᠠᠷ ᠪᠠᠷᠠᠬᠤ ᠦᠭᠡᠢ ᠨᠡᠩ ᠴᠤ᠌ ᠤᠯᠤᠰ ᠲᠦᠷᠦ᠍᠎ᠶ᠋ᠢᠨ ᠠᠰᠠᠭᠤᠳᠠᠯ᠂ ᠦᠨᠳᠦᠰᠦᠲᠡᠨ᠎ᠦ ᠠᠰᠠᠭᠤᠳᠠᠯ ᠪᠣᠯᠤᠨ᠎ᠠ᠃ ᠭᠠᠭ᠍ᠴᠠ ᠬᠦ᠌ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠳᠦ ᠥᠭᠡᠷᠡᠴᠢᠯᠡᠯᠲᠡ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠭᠦᠯᠪᠡᠯ ᠰᠠᠶᠢ ᠦᠨᠳᠦᠰᠦᠲᠡᠨ᠎ᠦ ᠪᠦᠯᠬᠦᠮᠳᠡᠯ᠎ᠦᠨ ᠶᠡᠬᠡ ᠲᠠᠯ᠎ᠠ᠎ᠶ᠋ᠢ ᠲᠠᠰᠤᠷᠠᠯᠳᠠ ᠦᠭᠡᠢ ᠪᠡᠬᠢᠵᠢᠭᠦᠯᠦᠨ ᠬᠥᠭ᠌ᠵᠢᠭᠦᠯᠵᠦ᠍ ᠴᠢᠳᠠᠨ᠎ᠠ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ ᠠᠷᠠᠳ᠎ᠤᠨ ᠠᠮᠢᠳᠤᠷᠠᠯ᠎ᠤᠨ ᠲᠦᠷᠦᠯ ᠵᠦᠢᠯ᠎ᠢ ᠬᠢᠯᠢ ᠬᠢᠵᠠᠭᠠᠷ ᠣᠷᠣᠨ᠂ ᠮᠠᠯᠵᠢᠬᠤ ᠲᠠᠷᠢᠶᠠᠯᠠᠬᠤ ᠣᠷᠣᠨ᠂ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠭ᠍ᠰᠠᠨ ᠣᠷᠣᠨ ᠲᠡᠢᠰᠢ ᠬᠡᠯᠪᠡᠢᠯᠭᠡᠵᠦ᠍᠂ ᠦᠨᠳᠦᠰᠦᠲᠡᠨ᠎ᠨᠦᠭᠦᠳ᠎ᠦᠨ ᠣᠷᠣᠨ ᠵᠠᠢ᠂ ᠰᠣᠶᠣᠯ᠂ ᠠᠵᠤ ᠠᠬᠤᠢ᠂ ᠨᠡᠢᠭᠡᠮ᠂ ᠰᠡᠳᠭᠢᠴᠡ ᠵᠡᠷᠭᠡ ᠪᠦᠬᠦ᠌ ᠲᠠᠯ᠎ᠠ᠎ᠪᠠᠷ ᠱᠢᠭᠢᠳᠭᠡᠬᠦ᠌᠎ᠶ᠋ᠢ ᠠᠬᠢᠭᠤᠯᠵᠤ᠂ 《ᠭᠤᠷᠪᠠᠨ ᠰᠠᠯᠵᠤ ᠴᠢᠳᠠᠬᠤ ᠦᠭᠡᠢ》᠂ 《ᠲᠠᠪᠤᠨ ᠬᠠᠮᠲᠤ᠎ᠶ᠋ᠢᠨ ᠲᠠᠨᠢᠯᠲᠠ》 ᠶ᠋ᠢᠨ ᠦᠵᠡᠯ ᠰᠠᠨᠠᠭ᠎ᠠ᠎ᠶ᠋ᠢ ᠬᠥᠮᠦᠰ᠎ᠦᠨ ᠰᠡᠳᠭᠢᠯ᠎ᠳᠦ ᠬᠠᠳᠠᠩᠱᠢᠭᠤᠯᠬᠤ ᠬᠡᠷᠡᠭ᠌ᠲᠡᠢ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠡᠴᠡ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢᠶᠡᠨ ᠴᠢᠩᠭᠠᠷᠠᠭᠤᠯᠬᠤ ᠵᠢ 《1571》 ᠠᠵᠢᠯ᠎ᠤᠨ ᠪᠠᠢᠷᠢᠯᠠᠭᠤᠯᠤᠯᠲᠠ᠎ᠳᠤ ᠣᠷᠣᠭᠤᠯᠵᠤ᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠠᠢᠭᠤᠯᠬᠤ᠂ ᠱᠢᠨᠵᠢᠯᠡᠬᠦ᠌ ᠤᠬᠠᠭᠠᠨ ᠮᠡᠷᠭᠡᠵᠢᠯ᠎ᠦᠨ ᠲᠠᠯ᠎ᠠ᠎ᠪᠠᠷ ᠪᠡᠶ᠎ᠡ᠎ᠪᠡᠨ ᠳᠠᠭᠠᠭᠠᠨ ᠬᠦᠴᠦᠷᠬᠡᠭ᠌ᠵᠢᠬᠦ᠌ ᠵᠡᠷᠭᠡ ᠭᠣᠣᠯᠳᠠᠯᠭ᠎ᠠ᠎ᠲᠠᠶ ᠡᠭᠦᠷᠭᠡ᠎ᠲᠡᠶ ᠬᠠᠮᠲᠤ᠎ᠳ᠋ᠤᠨᠢ ᠲᠥᠯᠥᠪᠵᠢᠭᠦᠯᠵᠦ᠍᠂ ᠵᠡᠷᠭᠡ ᠪᠡᠷ ᠪᠠᠢᠷᠢᠯᠠᠭᠤᠯᠵᠤ᠂ ᠵᠡᠷᠭᠡᠪᠡᠷ ᠠᠬᠢᠭᠤᠯᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ ᠵᠥᠪ ᠣᠨᠣᠪᠴᠢᠲᠠᠢ ᠪᠦᠭᠦ᠌ ᠲᠠᠯ᠎ᠠ᠎ᠪᠠᠷ ᠲᠤᠭᠤᠰᠢᠯᠠᠭᠤᠯᠬᠤ ᠱᠢᠰᠲ᠋ᠧᠮᠲᠦ ᠰᠡᠳᠭᠢᠬᠦᠢ᠎ᠶ᠋ᠢ ᠬᠠᠷᠠᠭᠤᠯᠵᠠᠢ᠃ ᠡᠯ᠎ᠡ ᠱᠠᠲᠤᠨ᠎ᠤ ᠨᠠᠮ᠎ᠤᠨ ᠭᠡᠱᠢᠭᠦᠨ ᠺᠠᠳ᠋ᠷᠴᠤᠳ ᠠᠷᠠᠳ᠎ᠤᠨ ᠠᠮᠢᠳᠤᠷᠠᠯ᠎ᠤᠨ ᠠᠵᠢᠯ᠎ᠢ ᠤᠯᠤᠰ ᠲᠦᠷᠦ᠍᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠍᠎ᠶ᠋ᠢᠨ ᠤᠬᠠᠭᠠᠪᠤᠷᠢᠯᠠᠬᠤ ᠴᠢᠳᠠᠪᠤᠷᠢ᠂ ᠤᠯᠤᠰ ᠲᠦᠷᠦ᠍᠎ᠶ᠋ᠢᠨ ᠬᠦᠢᠴᠡᠳᠭᠡᠬᠦ ᠴᠢᠳᠠᠪᠤᠷᠢ᠎ᠶ᠋ᠢ ᠱᠢᠯᠭᠠᠬᠤ ᠱᠢᠯᠭᠠᠭᠤᠷ ᠪᠣᠯᠭᠠᠵᠤ᠂《ᠴᠠᠭ ᠢᠮᠠᠭ᠍ᠲᠠ ᠰᠡᠳᠭᠢᠯ ᠠᠮᠤᠷ ᠦᠭᠡᠢ ᠪᠠᠢᠬᠤ》 ᠬᠠᠷᠢᠭᠤᠴᠠᠯᠭᠠᠲᠤ ᠰᠡᠳᠭᠢᠯᠭᠡ᠎ᠪᠡᠷ ᠰᠠᠢ᠌ᠨ ᠶᠠᠪᠤᠳᠠᠯ᠎ᠢ ᠰᠠᠢᠲᠤᠷ ᠬᠢᠵᠦ᠍᠂ ᠪᠣᠳᠠᠲᠤ ᠶᠠᠪᠤᠳᠠᠯ᠎ᠢ ᠪᠣᠳᠠᠲᠠᠢ ᠬᠢᠬᠦ᠌ ᠬᠡᠷᠡᠭ᠌ᠲᠡᠢ᠃

ᠬᠣᠶᠠᠷ᠂ ᠤᠯᠠᠨ ᠲᠦᠮᠡᠨ᠎ᠤ ᠪᠠᠴᠢᠮᠳᠠᠵᠦ ᠲᠦᠪᠡᠭᠳᠡᠵᠦ ᠵᠤᠪᠠᠨᠢᠵᠦ ᠬᠦᠰᠡᠵᠦ ᠪᠠᠢᠭ᠎ᠠ ᠵᠦᠢᠯ ᠲᠠᠢ ᠤᠨᠤᠴᠠᠳᠠᠢ ᠵᠤᠯᠭᠠᠭᠤᠯᠵᠤ᠂ ᠭᠤᠤᠯᠳᠠᠯᠭ᠎ᠠ ᠲᠠᠢ ᠰᠢᠪᠳᠤᠯᠤᠯᠲᠠ ᠬᠢᠬᠦ ᠳᠤᠮᠳᠠ ᠠᠷᠠᠳ᠎ᠤᠨ ᠠᠮᠢᠳᠤᠷᠠᠯ᠎ᠤᠨ ᠶᠠᠰᠤ ᠴᠢᠨᠠᠷ᠎ᠢ ᠳᠡᠭᠡᠭᠰᠢᠯᠡᠬᠦᠯᠦᠨ᠎ᠠ

《1571》 ᠠᠵᠢᠯ᠎ᠤᠨ ᠪᠠᠢᠷᠢᠯᠠᠭᠤᠯᠤᠯᠲᠠ᠎ᠳᠤ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠎ᠢ᠋ ᠰᠠᠢᠲᠤᠷ ᠠᠳᠭᠤᠨ᠎ᠠ ᠭᠡᠵᠦ ᠲᠣᠳᠣᠷᠬᠠᠢ ᠳᠤᠷᠠᠳᠴᠠᠢ᠂ ᠡᠨᠡ ᠪᠣᠯ ᠥᠪᠥᠷ ᠮᠣᠩᠭᠣᠯ᠎ᠤᠨ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠶ᠋ᠢᠨ ᠭᠣᠣᠯ ᠭᠠᠷᠳᠠᠴᠠ ᠮᠥᠨ᠃ ᠡᠷᠬᠡᠪᠰᠢ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ᠎ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ᠎ᠢᠶᠡᠷ ᠤᠳᠤᠷᠢᠳᠤᠮᠵᠢ ᠪᠣᠯᠭᠠᠬᠤ᠎ᠶ᠋ᠢ ᠬᠠᠷᠢᠯᠴᠠᠨ ᠨᠢᠭᠡᠳᠭᠡᠵᠦ᠍᠂ ᠵᠠᠩᠭᠢᠯᠠᠭ᠎ᠠ᠎ᠶ᠋ᠢᠨ ᠭᠠᠵᠠᠷ᠎ᠲᠤ ᠬᠦᠴᠦᠯᠡᠵᠦ᠍᠂ ᠭᠤᠤᠯᠳᠠᠯᠭ᠎ᠠ ᠲᠠᠢ ᠭᠠᠵᠠᠷ᠎ᠲᠤ ᠱᠢᠪᠲᠤᠯᠤᠯᠲᠠ ᠭᠠᠷᠭᠠᠬᠤ ᠬᠡᠷᠡᠭ᠌ᠲᠡᠢ᠃

ᠦᠳᠡᠬᠦᠰ ᠨᠢᠯᠬᠠᠰ ᠲᠦ᠍ ᠠᠩᠬᠠᠷᠤᠯ᠎ᠢᠶᠠᠨ ᠲᠥᠪᠯᠡᠷᠡᠭᠦᠯᠵᠦ᠍᠂ ᠦᠳᠡᠬᠦᠰ ᠨᠢᠯᠬᠠᠰ᠎ᠢ ᠬᠠᠷᠠᠭᠠᠯᠵᠠᠨ ᠬᠠᠮᠠᠭᠠᠯᠠᠨ᠎ᠠ᠃ ᠥᠪᠥᠷ ᠮᠣᠩᠭᠣᠯ ᠨᠢᠭᠡᠨᠲᠡ ᠳᠤᠮᠳᠠ ᠵᠡᠷᠭᠡ᠎ᠶ᠋ᠢᠨ ᠨᠠᠰᠤᠵᠢᠯ᠎ᠤᠨ ᠨᠡᠢᠭᠡᠮ᠎ᠳᠦ ᠤᠷᠤᠭ᠍ᠰᠠᠨ᠎ᠤ ᠵᠡᠷᠭᠡ ᠪᠡᠷ ᠭᠤᠷᠪᠠᠨ ᠬᠡᠦᠬᠡᠳ ᠠᠪᠬᠤ ᠲᠥᠷᠥ᠎ᠶ᠋ᠢᠨ ᠪᠣᠳᠣᠯᠭ᠎ᠠ᠎ᠶ᠋ᠢ ᠪᠥᠬᠥ᠌ ᠲᠠᠯ᠎ᠠ᠎ᠪᠠᠷ ᠬᠡᠷᠡᠭ᠌ᠵᠢᠭᠦᠯᠵᠦ᠍᠂ ᠦᠳᠡᠬᠦᠰ ᠨᠢᠯᠬᠠᠰ᠎ᠤ᠋ᠨ ᠦᠶ᠋ᠯᠡᠴᠢᠯᠡᠭᠡᠨ᠎ᠦ ᠬᠡᠷᠡᠭ᠌ᠴᠡᠭᠡ ᠱᠠᠭᠠᠷᠳᠠᠯᠭ᠎ᠠ ᠲᠤᠯᠭᠠᠮ ᠪᠤᠯᠵᠠᠢ᠃ ᠬᠡᠷ᠎ᠪᠦᠯᠢ ᠪᠤᠯᠤᠨ ᠨᠡᠢᠭᠡᠮ ᠲᠣᠭᠣᠷᠢᠭ᠎ᠤᠨ ᠪᠠᠢᠭᠤᠯᠤᠮᠵᠢ ᠬᠠᠷᠢᠯᠴᠠᠨ ᠵᠣᠬᠢᠴᠠᠯᠳᠤᠭ᠍ᠰᠠᠨ᠂ ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ᠎ᠶ᠋ᠢ ᠤᠶᠠᠯᠳᠤᠭᠤᠯᠤᠭ᠍ᠰᠠᠨ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠱᠢᠰᠲ᠋ᠧᠮ᠎ᠢ ᠲᠦᠷᠭᠡᠳᠭᠡᠨ ᠪᠠᠢᠭᠤᠯᠵᠤ᠂ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠰ ᠪᠠ ᠨᠠᠰᠤᠵᠢᠯ᠎ᠤᠨ ᠠᠰᠠᠷᠠᠮᠵᠢ᠎ᠶ᠋ᠢᠨ ᠠᠵᠤ ᠦᠶ᠋ᠯᠡᠰ᠎ᠦᠨ ᠬᠠᠮᠵᠢᠯᠴᠠᠨ ᠬᠥᠭ᠌ᠵᠢᠬᠦ᠌᠎ᠶ᠋ᠢ ᠠᠬᠢᠭᠤᠯᠬᠤ ᠬᠡᠷᠡᠭ᠌ᠲᠡᠶ; ᠦᠷᠡᠵᠢᠯ᠎ᠢ ᠳᠡᠮᠵᠢᠬᠦ᠌ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠶ᠋ᠯᠡᠴᠢᠯᠡᠭᠡ᠎ᠶ᠋ᠢ ᠬᠥᠭ᠌ᠵᠢᠭᠦᠯᠦᠨ᠂ ᠬᠡᠦᠬᠡᠳ ᠠᠪᠬᠤ᠂ ᠥᠰᠭᠡᠨ ᠬᠥᠮᠦᠵᠢᠭᠦᠯᠬᠦ᠌᠂ ᠰᠤᠷᠭᠠᠨ ᠬᠥᠮᠦᠵᠢᠯ᠎ᠤᠨ ᠥᠪᠡᠷ᠎ᠦᠨ ᠥᠷᠲᠡᠭ᠎ᠢ ᠪᠠᠭᠤᠷᠠᠭᠤᠯᠵᠤ᠂ ᠵᠠᠯᠠᠭᠤᠴᠤᠳ᠎ᠢ ᠵᠣᠷᠢᠭ᠍ᠲᠠᠶ᠎ᠪᠠᠷ ᠬᠡᠦᠬᠡᠳ ᠠᠪᠬᠤ᠂ ᠥᠰᠭᠡᠨ ᠬᠥᠮᠦᠵᠢᠭᠦᠯᠵᠦ᠍ ᠴᠢᠳᠠᠬᠤ᠂ ᠰᠤᠷᠭᠠᠨ ᠬᠥᠮᠦᠵᠢᠬᠦᠯᠬᠦ᠎ᠳᠦ ᠴᠢᠳᠠᠮᠠᠭᠠᠶ ᠪᠣᠯᠭᠠᠬᠤ ᠭᠡᠷᠡᠭᠲᠡᠢ᠃

ᠠᠵᠢᠯ ᠣᠯᠭᠣᠯᠲᠠ ᠣᠷᠣᠯᠭ᠎ᠠ᠎ᠶ᠋ᠢᠨ ᠨᠡᠮᠡᠭ᠌ᠳᠡᠯ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ 《ᠠᠷᠠᠳ᠎ᠤᠨ ᠠᠮᠢᠳᠤᠷᠠᠯ᠎ᠤᠨ ᠰᠠᠭᠤᠷᠢ》 ᠎ᠵᠢ ᠪᠡᠬᠢᠵᠢᠭᠦᠯᠦᠨ᠎ᠡ᠃ ᠠᠵᠢᠯ ᠣᠯᠭᠣᠯᠲᠠ ᠪᠣᠯ ᠬᠠᠮᠤᠭ᠎ᠤᠨ ᠶᠡᠬᠡ ᠠᠷᠠᠳ᠎ᠤᠨ ᠠᠮᠢᠳᠤᠷᠠᠯ᠎ᠤᠨ ᠢᠨᠵᠧᠨᠧᠷᠢᠩ᠂ ᠠᠷᠠᠳ᠎ᠤᠨ ᠰᠡᠳᠭᠢᠯ᠎ᠦᠨ ᠢᠨᠵᠧᠨᠧᠷᠢᠩ᠂ ᠰᠠᠭᠤᠷᠢ ᠢᠨᠵᠧᠨᠧᠷᠢᠩ ᠮᠥᠨ᠃ ᠠᠵᠢᠯ ᠣᠯᠭᠣᠯᠲᠠ᠎ᠶ᠋ᠢ ᠲᠡᠷᠢᠭᠦᠨ᠎ᠳᠦ ᠲᠠᠯᠪᠢᠬᠤ ᠪᠠᠢᠯᠳᠤᠬᠤ ᠪᠤᠳᠤᠯᠭ᠎ᠠ᠎ᠶ᠋ᠢ ᠨᠠᠢᠳᠠᠪᠤᠷᠢᠵᠢᠭᠤᠯᠵᠤ᠂ ᠠᠵᠢᠯ ᠣᠯᠭᠣᠯᠲᠠ᠎ᠶ᠋ᠢᠨ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠱᠢᠰᠲ᠋ᠧᠮ᠎ᠢ ᠪᠦᠷᠢᠨᠱᠢᠬᠦᠯᠵᠤ᠂ ᠶᠡᠬᠡ ᠳᠡᠭᠡᠳᠦ ᠰᠤᠷᠭᠠᠭᠤᠯᠢ᠎ᠠᠴᠠ ᠲᠡᠭᠦᠰᠦᠭ᠌ᠰᠡᠳ᠂ ᠴᠡᠷᠢᠭ᠎ᠡᠴᠡ ᠬᠠᠯᠠᠭ᠍ᠳᠠᠭ᠍ᠰᠠᠳ᠂ ᠬᠥᠯᠥᠰᠥᠨ ᠲᠠᠷᠢᠶᠠᠴᠢᠨ ᠵᠡᠷᠭᠡ ᠭᠣᠣᠯᠳᠠᠯᠭ᠎ᠠ᠎ᠲᠠᠶ ᠬᠥᠮᠦᠰ᠎ᠲᠦ ᠠᠵᠢᠯ ᠣᠯᠭᠣᠬᠤ ᠠᠵᠢᠯ᠎ᠢ ᠰᠠᠢᠲᠤᠷ ᠬᠢᠬᠦ᠌ ᠬᠡᠷᠡᠭ᠌ᠲᠡᠢ᠃

ᠰᠤᠷᠭᠠᠨ ᠬᠥᠮᠦᠵᠢᠯ ᠡᠮ ᠡᠮᠨᠡᠯᠭᠡ᠎ᠳ᠋ᠦ ᠠᠩᠬᠠᠷᠤᠯ ᠵᠢᠡᠨ ᠲᠦᠪᠯᠡᠷᠡᠬᠦᠯᠵᠦ᠂ 《ᠪᠠᠴᠢᠮᠳᠠᠵᠦ ᠲᠦᠪᠡᠭᠳᠡᠵᠦ ᠵᠤᠪᠠᠨᠢᠵᠦ ᠬᠦᠰᠡᠵᠦ》 ᠪᠠᠢᠭ᠎ᠠ ᠠᠰᠠᠭᠤᠳᠠᠯ᠎ᠢ ᠰᠢᠢᠳᠪᠤᠷᠢᠯᠡᠨ᠎ᠡ᠃ ᠰᠤᠷᠭᠠᠨ ᠬᠥᠮᠦᠵᠢᠯ᠎ᠤᠨ ᠴᠢᠨᠠᠷ ᠰᠠᠢᠲᠠᠶ ᠪᠥᠭᠡᠳ ᠲᠡᠩᠴᠡᠭᠦᠷᠢᠲᠡᠶ ᠬᠥᠭ᠌ᠵᠢᠬᠦ᠌᠎ᠶ᠋ᠢ ᠠᠬᠢᠭᠤᠯᠵᠤ᠂ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠢ ᠲᠦᠭᠡᠮᠡᠯᠵᠢᠭᠦᠯᠦᠨ ᠨᠡᠢᠳᠡᠮ ᠬᠠᠷᠠᠭᠠᠯᠵᠠᠬᠤ᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠢ ᠴᠢᠨᠠᠷ ᠰᠠᠢᠲᠠᠶ ᠪᠥᠭᠡᠳ ᠲᠡᠩᠴᠡᠭᠦᠷᠢᠲᠡᠶ ᠪᠠᠢᠯᠭᠠᠬᠤ᠂ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠰᠤᠷᠭᠠᠨ ᠬᠥᠮᠦᠵᠢᠯ᠎ᠦᠨ ᠣᠯᠠᠨ ᠶᠠᠩᠵᠤᠲᠤ ᠣᠨᠴᠠᠯᠢᠭ ᠲᠠᠢ ᠪᠠᠢᠯᠭᠠᠬᠤ᠂ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠦᠨ ᠠᠭᠤᠯᠤᠭ᠍ᠳᠠᠬᠤᠨ᠎ᠤ ᠮᠠᠶᠢᠭ᠎ᠤᠨ ᠬᠥᠭ᠌ᠵᠢᠯᠲᠡ᠎ᠶ᠋ᠢ ᠠᠬᠢᠭᠤᠯᠬᠤ ᠵᠡᠷᠭᠡ ᠵᠢ ᠰᠠᠢᠳᠤᠷ ᠬᠢᠵᠦ᠂ ᠬᠡᠦᠬᠡᠳ ᠨᠢᠭᠡᠪᠦᠷᠢ᠎ᠳᠦ ᠴᠥᠮ ᠲᠥᠪ ᠭᠤᠤᠯᠴᠢ ᠪᠥᠭᠡᠳ ᠴᠢᠨᠠᠷ ᠰᠠᠢᠲᠠᠶ ᠰᠤᠷᠭᠠᠨ ᠬᠥᠮᠦᠵᠢᠯ ᠬᠦᠷᠲᠡᠭᠡᠬᠦ ᠭᠡᠷᠡᠭᠲᠡᠢ᠃ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ ᠵᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠴᠢᠨᠠᠷ ᠰᠠᠢᠲᠠᠢ ᠡᠮ ᠡᠮᠨᠡᠯᠭᠡ᠎ᠶ᠋ᠢᠨ ᠡᠬᠢ ᠪᠠᠶᠠᠯᠢᠭ᠎ᠤᠨ ᠪᠠᠭᠳᠠᠭᠠᠮᠵᠢ ᠵᠢ ᠥᠷᠭᠡᠳᠭᠡᠨ ᠲᠤᠷᠤᠭᠰᠢ ᠪᠠᠭᠤᠯᠭᠠᠬᠤ ᠪᠠ ᠣᠷᠣᠨ ᠪᠦᠰᠡ᠎ᠶ᠋ᠢᠨ ᠲᠡᠩᠴᠡᠭᠦᠷᠢᠲᠡᠢ ᠪᠠᠢᠷᠢᠱᠢᠭᠤᠯᠤᠯᠲᠠ᠎ᠶ᠋ᠢ ᠠᠬᠢᠭᠤᠯᠵᠤ᠂ ᠦᠨᠳᠦᠰᠦᠨ ᠱᠠᠲᠤᠨ᠎ᠤ ᠡᠮ ᠡᠮᠨᠡᠯᠭᠡ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠤᠯᠠᠨ ᠲᠦᠮᠡᠨ᠎ᠦ ᠡᠪᠡᠳᠴᠢᠨ ᠦᠵᠡᠭᠦᠯᠬᠦ᠌᠎ᠳᠦ ᠲᠦᠬᠦᠮ ᠦᠵᠡᠬᠦᠯᠬᠦ ᠭᠡᠷᠡᠭᠲᠡᠢ᠃

ᠨᠡᠢᠭᠡᠮ᠎ᠦᠨ ᠪᠠᠲᠤᠯᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂《ᠠᠷᠠᠳ᠎ᠤᠨ ᠠᠮᠢᠳᠤᠷᠠᠯ᠎ᠤᠨ ᠬᠣᠷᠢᠭ᠎ᠠ ᠱᠤᠭᠤᠮ》ᠢ᠋ ᠪᠠᠲᠤ ᠰᠠᠬᠢᠨ᠎ᠠ᠃ ᠪᠦᠬᠦ᠌ ᠠᠷᠠᠳ᠎ᠢ ᠬᠠᠮᠤᠷᠤᠭ᠍ᠰᠠᠨ᠂ ᠬᠤᠳᠠ ᠬᠥᠳᠡᠭᠡ᠎ᠶ᠋ᠢ ᠨᠢᠭᠡᠳᠦᠯᠲᠡᠢ ᠲᠥᠯᠥᠪᠵᠢᠬᠦᠯᠦᠭᠰᠡᠨ᠂ ᠲᠥᠪ ᠭᠣᠣᠯᠴᠢ ᠨᠢᠭᠡᠳᠦᠯᠲᠡᠢ᠂ ᠠᠮᠤᠷ ᠲᠦᠪᠱᠢᠨ ᠪᠥᠭᠡᠳ ᠵᠢᠷᠤᠮᠵᠢᠭᠤᠨ᠂ ᠳᠠᠭᠠᠭᠠᠮᠠᠭᠠᠢ ᠤᠯᠠᠨ ᠲᠡᠰ ᠳᠠᠪᠬᠤᠷᠭ᠎ᠠ᠎ᠶ᠋ᠢᠨ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ᠎ᠢ ᠪᠦᠷᠢᠨᠱᠢᠭᠦᠯᠬᠦ ᠭᠡᠷᠡᠭᠲᠡᠢ᠃

ᠭᠤᠷᠪᠠ᠂ ᠠᠷᠠᠳ᠎ᠤᠨ ᠠᠮᠢᠳᠤᠷᠠᠯ᠎ᠤᠨ ᠠᠵᠢᠯ᠎ᠤᠨ ᠤᠷᠳᠤ ᠬᠤᠭᠤᠴᠠᠭᠠᠨ᠎ᠤ ᠪᠦᠳᠦᠮᠵᠢᠳᠠᠢ ᠲᠤᠭᠳᠠᠴᠠ ᠵᠢ ᠪᠦᠷᠢᠨᠰᠢᠬᠦᠯᠵᠦ᠂ ᠰᠢᠰᠲᠸᠮ ᠲᠠᠢ ᠠᠬᠢᠭᠤᠯᠬᠤ ᠳᠤᠮᠳᠠ ᠪᠠᠢᠩᠭᠤ ᠵᠠᠰᠠᠵᠦ ᠤᠷᠳᠤ ᠬᠤᠭᠤᠴᠠᠭ᠎ᠠ ᠪᠡᠷ ᠦᠷ᠎ᠡ ᠪᠦᠳᠦᠮᠵᠢ ᠭᠠᠷᠭᠠᠬᠤ ᠵᠢ ᠪᠡᠶᠡᠯᠡᠬᠦᠯᠦᠨ᠎ᠡ

ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠪᠣᠯ ᠨᠢᠭᠡᠨ ᠤᠷᠳᠤ ᠬᠤᠭᠤᠴᠠᠭᠠᠨ᠎ᠤ ᠠᠵᠢᠯ ᠮᠥᠨ᠂ ᠲᠡᠭᠦᠰᠭᠡᠯ ᠭᠡᠵᠦ ᠪᠠᠢᠬᠤ ᠦᠭᠡᠢ᠂ ᠦᠷᠬᠦᠯᠵᠢᠯᠡᠨ ᠵᠤᠬᠰᠤᠰᠢ ᠦᠭᠡᠢ ᠠᠬᠢᠭᠤᠯᠬᠤ ᠭᠡᠷᠡᠭᠲᠡᠢ᠃ 《1571》 ᠠᠵᠢᠯ᠎ᠤᠨ ᠪᠠᠢᠷᠢᠯᠠᠭᠤᠯᠤᠯᠲᠠ᠎ᠳᠤ ᠱᠢᠰᠲ᠋ᠧᠮᠲᠦ ᠦᠵᠡᠯᠲᠡ᠎ᠪᠡᠷ ᠠᠷᠠᠳ᠎ᠤᠨ ᠠᠮᠢᠳᠤᠷᠠᠯ᠎ᠤᠨ ᠪᠠᠢᠭᠤᠯᠤᠯᠲᠠ᠎ᠶ᠋ᠢ ᠠᠬᠢᠭᠤᠯᠵᠤ᠂ ᠡᠷᠬᠡᠪᠰᠢ ᠤᠷᠲᠤ ᠬᠤᠭᠤᠴᠠᠭᠠᠨ᠎ᠤ ᠪᠦᠲᠦᠮᠵᠢᠲᠡᠢ ᠲᠣᠭ᠍ᠲᠠᠴᠠ᠎ᠶ᠋ᠢ ᠪᠠᠢᠭᠤᠯᠤᠨ ᠲᠡᠭᠦᠯᠳᠡᠷᠵᠢᠭᠦᠯᠵᠦ᠍᠂ ᠠᠷᠠᠳ᠎ᠤᠨ ᠠᠮᠢᠳᠤᠷᠠᠯ᠎ᠤᠨ ᠰᠠᠢᠵᠢᠷᠠᠯᠲᠠ ᠪᠣᠯᠤᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠰᠠᠢᠨ ᠣᠷᠴᠢᠯ᠎ᠢ ᠪᠡᠶᠡᠯᠡᠭᠦᠯᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃

ᠠᠷᠠᠳ᠎ᠤᠨ ᠠᠮᠢᠳᠤᠷᠠᠯ᠎ᠤᠨ ᠣᠷᠣᠭᠤᠯᠤᠯᠲᠠ᠎ᠶ᠋ᠢ ᠲᠣᠭ᠍ᠲᠠᠭᠤᠨ᠎ᠢᠶᠠᠷ ᠨᠡᠮᠡᠭ᠌ᠳᠡᠭᠦᠯᠬᠦ᠌ ᠲᠣᠭ᠍ᠲᠠᠴᠠ᠎ᠶ᠋ᠢ ᠪᠠᠢᠭᠤᠯᠤᠨ᠎ᠠ᠃ ᠡᠳ᠋᠎ᠦᠨ ᠵᠠᠰᠠᠭ᠎ᠤᠨ ᠵᠠᠷᠤᠯᠭ᠎ᠠ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠵᠦ᠍᠂ ᠠᠷᠠᠳ᠎ᠤᠨ ᠠᠮᠢᠳᠤᠷᠠᠯ᠎ᠤᠨ ᠵᠠᠷᠤᠯᠭ᠎ᠠ᠎ᠶ᠋ᠢᠨ ᠨᠠᠷᠢᠨ ᠲᠠᠩᠰᠠ᠎ᠶ᠋ᠢᠨ ᠬᠠᠮᠢᠶᠠᠷᠤᠯᠲᠠ᠎ᠶ᠋ᠢᠨ ᠲᠦᠷᠢᠮ᠎ᠢ ᠪᠠᠢᠭᠤᠯᠵᠤ᠂ ᠡᠩ᠎ᠦᠨ ᠣᠯᠠᠨ ᠨᠡᠢᠲᠡ᠎ᠶ᠋ᠢᠨ ᠲᠥᠰᠦᠪ ᠲᠡᠬᠢ ᠠᠷᠠᠳ᠎ᠤᠨ ᠠᠮᠢᠳᠤᠷᠠᠯ᠎ᠤᠨ ᠵᠠᠷᠤᠯᠭ᠎ᠠ᠎ᠶ᠋ᠢ ᠨᠡᠮᠡᠭ᠌ᠳᠡᠭᠦᠯᠬᠦ᠌᠎ᠡᠴᠡ ᠪᠢᠰᠢ ᠬᠠᠰᠤᠭ᠍ᠳᠠᠭᠤᠯᠬᠤ ᠥᠬᠡᠶ ᠪᠠᠢᠬᠤ᠎ᠶ᠋ᠢ ᠪᠠᠲᠤᠯᠠᠨ᠎ᠠ᠃

ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠲᠥᠷᠥᠯ ᠵᠦᠢᠯ᠎ᠤᠨ ᠭᠡᠯᠪᠡᠷᠢ ᠪᠡᠷ ᠬᠠᠮᠢᠶᠠᠷᠬᠤ ᠲᠣᠭ᠍ᠲᠠᠴᠠ᠎ᠶ᠋ᠢ ᠪᠠᠢᠭᠤᠯᠤᠨ᠎ᠠ᠃ ᠵᠢᠯ ᠪᠦᠷᠢ ᠨᠢᠭᠡ ᠪᠦᠯᠦᠭ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠲᠥᠷᠥᠯ ᠵᠦᠢᠯ᠎ᠢ ᠡᠮᠬᠢᠯᠡᠨ ᠲᠣᠭ᠍ᠲᠠᠭᠠᠵᠤ᠂ ᠨᠠᠷᠢᠨ ᠳᠠᠩᠰᠠ ᠵᠢᠨ ᠭᠡᠯᠪᠡᠷᠢ ᠪᠡᠷ ᠬᠠᠮᠢᠶᠠᠷᠬᠤ᠂ ᠲᠥᠷᠥᠯ ᠵᠦᠢᠯ᠎ᠤᠨ ᠭᠡᠯᠪᠡᠷᠢ ᠪᠡᠷ ᠠᠬᠢᠭᠤᠯᠬᠤ᠂ ᠵᠠᠩᠭᠢᠯᠠᠭ᠎ᠠ ᠭᠤᠬᠴᠤᠭ᠎ᠠ ᠬᠤᠪᠢᠶᠠᠨ ᠱᠠᠯᠠᠪᠳᠠᠭᠤᠯᠤᠨ ᠭᠦᠢᠴᠡᠳᠭᠡᠯᠭᠡᠬᠦ᠌᠎ᠶ᠋ᠢ ᠬᠡᠷᠡᠭ᠌ᠵᠢᠭᠦᠯᠵᠦ᠍᠂ ᠶᠠᠪᠤᠳᠠᠯ ᠪᠣᠯᠭᠠᠨ᠎ᠳᠤ ᠨᠠᠢᠳᠠᠪᠤᠷᠢᠵᠢᠭᠤᠯᠤᠯᠲᠠ᠎ᠲᠠᠶ᠂ ᠶᠠᠪᠤᠳᠠᠯ ᠪᠣᠯᠭᠠᠨ᠎ᠳᠤ ᠬᠠᠷᠢᠭᠤ ᠲᠤᠰᠬᠠᠯᠲᠠ᠎ᠲᠠᠶ ᠪᠠᠢᠬᠤ᠎ᠶ᠋ᠢ ᠦᠨᠡᠨ ᠬᠦ᠌ ᠪᠠᠲᠤᠯᠠᠨ᠎ᠠ᠃

ᠠᠷᠠᠳ᠎ᠤᠨ ᠠᠮᠢᠳᠤᠷᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠦᠨᠡᠯᠡᠨ ᠵᠢᠱ᠌ᠢᠵᠦ᠍ ᠱᠢᠯᠢᠳᠡᠭ᠌ᠵᠢᠭᠦᠯᠬᠦ᠌ ᠲᠣᠭ᠍ᠲᠠᠴᠠ᠎ᠶ᠋ᠢ ᠪᠠᠢᠭᠤᠯᠤᠨ᠎ᠠ᠃ ᠠᠷᠠᠳ᠎ᠤᠨ ᠠᠮᠢᠳᠤᠷᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠤᠷᠢᠳ ᠵᠢᠡᠷ ᠦᠨᠡᠯᠡᠨ ᠵᠢᠱ᠌ᠢᠬᠦ᠌᠂ ᠤᠴᠢᠷ ᠶᠠᠪᠤᠳᠠᠯ᠎ᠤᠨ ᠳᠤᠮᠳᠠ ᠮᠥᠷᠳᠡᠬᠦ᠌᠂ ᠤᠴᠢᠷ ᠶᠠᠪᠤᠳᠠᠯ᠎ᠤᠨ ᠳᠠᠷᠠᠭ᠎ᠠ ᠦᠷ᠎ᠡ ᠪᠦᠲᠦᠮᠵᠢ᠎ᠶ᠋ᠢ ᠠᠰᠠᠭᠤᠬᠤ᠎ᠶ᠋ᠢ ᠴᠢᠩᠭᠠᠳᠭᠠᠵᠤ᠂ ᠠᠷᠠᠳ᠎ᠤᠨ ᠠᠮᠢᠳᠤᠷᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠤᠭ᠍ᠰᠠᠨ ᠪᠠᠢᠳᠠᠯ᠎ᠢ 《ᠡᠷᠭᠢᠵᠦ᠍ ᠬᠠᠷᠠᠬᠤ》 ᠶ᠋ᠢ ᠲᠣᠭ᠍ᠲᠠᠮᠠᠯ ᠬᠤᠭᠤᠴᠠᠭ᠎ᠠ᠎ᠲᠠᠶ᠎ᠪᠠᠷ ᠥᠷᠨᠢᠭᠦᠯᠵᠦ᠍᠂ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠴᠠᠭ ᠲᠤᠬᠠᠶ᠎ᠳᠤᠨᠢ ᠲᠣᠬᠢᠷᠠᠭᠤᠯᠤᠨ ᠲᠡᠭᠦᠯᠳᠡᠷᠵᠢᠭᠦᠯᠬᠦ ᠭᠡᠷᠡᠭᠲᠡᠢ᠃

ᠠᠷᠠᠳ᠎ᠤᠨ ᠠᠮᠢᠳᠤᠷᠠᠯ᠎ᠤᠨ ᠬᠦᠷᠢᠶᠡᠨ᠎ᠳᠡᠬᠢ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌ ᠲᠣᠭ᠍ᠲᠠᠴᠠ᠎ᠶ᠋ᠢ ᠪᠠᠢᠭᠤᠯᠤᠨ᠎ᠠ᠃ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠶ ᠲᠥᠯᠥᠪᠵᠢᠬᠦᠯᠵᠦ᠂ ᠠᠵᠢᠯ ᠣᠯᠭᠣᠯᠲᠠ᠂ ᠰᠤᠷᠭᠠᠨ ᠬᠥᠮᠦᠵᠢᠯ᠂ ᠡᠮ ᠡᠮᠴᠢᠯᠡᠭᠡ᠂ ᠨᠡᠢᠭᠡᠮ᠎ᠦᠨ ᠪᠠᠲᠤᠯᠠᠭ᠎ᠠ ᠵᠡᠷᠭᠡ ᠭᠤᠤᠯᠳᠠᠯᠭ᠎ᠠ᠎ᠲᠠᠶ ᠬᠦᠷᠢᠶ᠎ᠡ᠎ᠶ᠋ᠢᠨ ᠲᠦᠭ᠌ᠰᠢᠭᠦᠷᠢ᠎ᠶ᠋ᠢᠨ ᠳᠠᠯᠳᠠ ᠬᠡᠮ᠎ᠢ ᠵᠢᠭ᠍ᠰᠠᠭᠠᠨ ᠪᠠᠢᠴᠠᠭᠠᠵᠤ ᠠᠷᠢᠯᠭᠠᠬᠤ᠎ᠶ᠋ᠢ ᠴᠢᠩᠭᠠᠳᠭᠠᠵᠤ᠂ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠭᠡᠯ ᠲᠥᠰᠦᠯ᠎ᠢ ᠲᠡᠭᠦᠯᠳᠡᠷᠵᠢᠭᠦᠯᠦᠨ᠂ ᠪᠠᠴᠢᠮ ᠪᠠᠢᠳᠠᠯ᠎ᠢ ᠠᠷᠭᠠᠴᠠᠭᠠᠨ ᠱᠢᠶ᠋ᠳᠪᠦᠷᠢᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠱᠢᠰᠲ᠋ᠧᠮ᠎ᠦᠨ ᠴᠢᠨᠠᠷᠲᠠᠶ ᠲᠦᠭ᠌ᠰᠢᠭᠦᠷᠢ ᠥᠯᠥ᠍ ᠡᠭᠦᠰᠭᠦ ᠬᠣᠷᠢᠭ᠎ᠠ ᠱᠤᠭᠤᠮ᠎ᠢ ᠡᠷᠡᠰ ᠰᠠᠬᠢᠬᠤ ᠭᠡᠷᠡᠭᠲᠡᠢ᠃

ᠳᠥᠷᠪᠡ᠂ ᠠᠷᠠᠳ᠎ᠤᠨ ᠠᠮᠢᠳᠤᠷᠠᠯ᠎ᠤᠨ ᠠᠵᠢᠯ᠎ᠤᠨ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭ᠍ᠲᠠᠷᠠᠭᠤᠯᠵᠤ᠂ ᠬᠠᠮᠵᠢᠯᠴᠠᠨ ᠬᠤᠷᠰᠢᠯᠴᠠᠬᠤ ᠳᠤᠮᠳᠠ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭ᠌ᠳᠡᠭᠦᠯᠦᠨ᠎ᠡ

ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠪᠣᠯ ᠱᠢᠰᠲ᠋ᠧᠮᠲᠦ ᠢᠨᠵᠧᠨᠧᠷᠢᠩ ᠮᠥᠨ᠂ ᠡᠯ᠎ᠡ ᠱᠠᠲᠤᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠂ ᠨᠡᠢᠭᠡᠮ᠎ᠦᠨ ᠡᠯ᠎ᠡ ᠡᠲᠡᠭᠡᠳ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ ᠬᠠᠮᠲᠤ᠎ᠪᠠᠷ ᠣᠷᠣᠯᠴᠠᠵᠤ᠂ ᠬᠠᠮᠵᠢᠯᠴᠠᠨ ᠬᠦᠴᠦᠯᠡᠬᠦ᠌ ᠴᠢᠬᠤᠯᠠ ᠲᠠᠢ᠃

ᠨᠠᠮ᠎ᠤᠨ ᠤᠳᠤᠷᠢᠳᠤᠯᠭ᠎ᠠ᠎ᠶ᠋ᠢ ᠴᠢᠩᠭᠠᠳᠭᠠᠵᠤ᠂ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠤᠨ᠎ᠠ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠠᠷᠠᠳ᠎ᠤᠨ ᠠᠮᠢᠳᠤᠷᠠᠯ᠎ᠤᠨ ᠠᠵᠢᠯ᠎ᠢ ᠲᠤᠪᠤᠢ᠌ᠮ᠎ᠠ ᠪᠠᠢᠷᠢᠨ᠎ᠳᠤ ᠲᠠᠯᠪᠢᠵᠤ᠂ ᠭᠣᠣᠯ ᠬᠠᠷᠢᠭᠤᠴᠠᠯᠭᠠᠲᠠᠨ ᠨᠥᠬᠥᠳ ᠪᠡᠶ᠎ᠡ᠎ᠪᠡᠷ᠎ᠢᠶᠡᠨ ᠠᠳᠭᠤᠵᠤ᠂ ᠶᠡᠷᠦᠩᠬᠡᠢ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠬᠤᠪᠢᠳᠠᠨ ᠬᠠᠮᠢᠶᠠᠷᠴᠤ᠌ ᠪᠠᠢᠭ᠎ᠠ ᠤᠳᠤᠷᠢᠳᠤᠯᠭ᠎ᠠ ᠪᠣᠳᠠᠲᠠᠢ ᠠᠳᠭᠤᠬᠤ ᠬᠡᠷᠡᠭ᠌ᠲᠡᠢ᠃

ᠰᠠᠯᠠᠭ᠎ᠠ ᠮᠥᠴᠢᠷ᠎ᠦᠨ ᠬᠠᠮᠵᠢᠯᠴᠠᠭ᠎ᠠ᠎ᠶ᠋ᠢ ᠴᠢᠩᠭᠠᠳᠭᠠᠵᠤ᠂ ᠠᠵᠢᠯ᠎ᠤᠨ ᠪᠢᠲᠡᠭᠦᠦ ᠴᠠᠭᠠᠷᠢᠭ᠎ᠢ ᠪᠦᠷᠢᠯᠳᠦᠭᠦᠯᠦᠨ᠎ᠡ᠃ 《ᠨᠢᠭᠡ ᠬᠥᠯᠭᠡ ᠱᠢᠲᠠᠷ᠎ᠠ ᠮᠡᠲᠦ ᠪᠠᠢᠬᠤ》 ᠦᠵᠡᠯ ᠰᠠᠨᠠᠭ᠎ᠠ᠎ᠶ᠋ᠢ ᠪᠣᠶ ᠪᠣᠯᠭᠠᠨ᠂ ᠰᠠᠯᠠᠭ᠎ᠠ ᠮᠥᠴᠢᠷ᠎ᠦᠨ ᠬᠣᠷᠢᠭ᠎ᠠ ᠰᠠᠭᠠᠳ᠎ᠢ ᠡᠪᠳᠡᠵᠦ᠍᠂ ᠨᠢᠭᠡᠳᠦᠯᠲᠡᠶ ᠲᠥᠯᠥᠪᠵᠢᠬᠦᠯᠦᠨ ᠵᠣᠬᠢᠴᠠᠭᠤᠯᠬᠤ᠎ᠪᠠᠨ ᠴᠢᠩᠭᠠᠳᠭᠠᠵᠤ᠂ ᠠᠷᠠᠳ᠎ᠤᠨ ᠠᠮᠢᠳᠤᠷᠠᠯ᠎ᠤᠨ ᠠᠵᠢᠯ᠎ᠢ ᠵᠡᠷᠭᠡ ᠪᠡᠷ ᠠᠳᠭᠤᠨ ᠬᠠᠮᠲᠤ ᠪᠠᠷ ᠬᠠᠮᠢᠶᠠᠷᠬᠤ ᠪᠠᠢᠷᠢᠱᠢᠯ᠎ᠢ ᠪᠣᠶ ᠪᠣᠯᠭᠠᠬᠤ ᠭᠡᠷᠡᠭᠲᠡᠢ᠃

ᠨᠡᠢᠭᠡᠮ᠎ᠦᠨ ᠣᠷᠣᠯᠴᠠᠭ᠎ᠠ᠎ᠶ᠋ᠢ ᠴᠢᠩᠭᠠᠳᠭᠠᠵᠤ᠂ ᠰᠠᠢᠨ ᠰᠠᠢᠬᠠᠨ ᠠᠭᠤᠷ ᠠᠮᠢᠰᠭᠤᠯ᠎ᠢ ᠪᠤᠢ ᠪᠣᠯᠭᠠᠨ᠎ᠠ᠃ ᠠᠵᠢᠯᠴᠢᠨ᠎ᠤ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭ᠌ᠲᠡᠢᠴᠦᠳ᠎ᠦᠨ ᠬᠣᠯᠪᠣᠭ᠎ᠠ ᠵᠡᠷᠭᠡ ᠤᠯᠠᠨ ᠲᠦᠮᠡᠨ᠎ᠦ ᠪᠦᠯᠬᠦᠮ᠎ᠦᠨ ᠵᠣᠬᠢᠶᠠᠨ ᠪᠠᠢᠭᠤᠯᠤᠯᠲᠠ᠎ᠶ᠋ᠢᠨ ᠦᠢᠯᠡᠳᠦᠯ᠎ᠢ ᠪᠠᠳᠠᠷᠠᠭᠤᠯᠵᠤ᠂ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠂ ᠨᠡᠢᠭᠡᠮ᠎ᠦᠨ ᠵᠣᠬᠢᠶᠠᠨ ᠪᠠᠢᠭᠤᠯᠤᠯᠲᠠ᠂ ᠰᠠᠢ᠌ᠨ ᠳᠤᠷᠠᠴᠤᠳ ᠵᠡᠷᠭᠡ ᠬᠦᠴᠦᠨ᠎ᠢ ᠲᠠᠢ᠌ᠴᠢᠯᠠᠨ ᠠᠷᠠᠳ᠎ᠤᠨ ᠠᠮᠢᠳᠤᠷᠠᠯ᠎ᠤᠨ ᠦᠢᠯᠡᠴᠢᠯᠡᠭᠡ᠎ᠳᠦ ᠣᠷᠣᠯᠴᠠᠭᠤᠯᠵᠤ᠂ ᠪᠦᠬᠦ᠌ ᠨᠡᠢᠭᠡᠮ᠎ᠢᠶᠡᠷ᠎ᠢᠶᠡᠨ ᠠᠷᠠᠳ᠎ᠤᠨ ᠠᠮᠢᠳᠤᠷᠠᠯ᠎ᠤᠨ ᠠᠵᠢᠯ᠎ᠢ ᠬᠠᠯᠠᠮᠵᠢᠯᠠᠨ ᠳᠡᠮᠵᠢᠬᠦ᠌ ᠰᠠᠢ᠌ᠨ ᠰᠠᠢᠬᠠᠨ ᠠᠭᠤᠷ ᠠᠮᠢᠰᠭᠤᠯ᠎ᠢ ᠪᠤᠢ ᠪᠣᠯᠭᠠᠬᠤ ᠭᠡᠷᠡᠭᠲᠡᠢ᠃

ᠣᠯᠠᠨ ᠲᠦᠮᠡᠨ᠎ᠦ ᠭᠤᠤᠯ ᠴᠣᠭ᠍ᠴᠠ ᠵᠢᠨ ᠦᠢᠯᠡᠳᠦᠯ᠎ᠢ ᠴᠢᠩᠭᠠᠳᠭᠠᠵᠤ᠂ ᠳᠣᠲᠣᠭᠠᠳᠤ ᠬᠥᠳᠡᠯᠭᠡᠬᠦ᠌ ᠬᠦᠴᠦᠨ᠎ᠢ ᠬᠥᠭ᠌ᠵᠢᠭᠡᠨ᠎ᠡ᠃ ᠬᠠᠮᠲᠤ᠎ᠪᠠᠷ ᠪᠠᠢᠭᠤᠯᠬᠤ ᠬᠠᠮᠲᠤ᠎ᠪᠠᠷ ᠵᠠᠰᠠᠬᠤ ᠬᠠᠮᠲᠤ᠎ᠪᠠᠷ ᠡᠳ᠋ᠯᠡᠬᠦ᠌᠎ᠶ᠋ᠢ ᠪᠠᠷᠢᠮᠲᠠᠯᠠᠨ᠂ ᠤᠯᠠᠨ ᠲᠦᠮᠡᠨ᠎ᠦ ᠡᠭᠦᠳᠦᠨ ᠪᠦᠲᠦᠭᠡᠬᠦ᠌ ᠵᠣᠷᠢᠭ ᠰᠠᠨᠠᠭ᠎ᠠ᠎ᠶ᠋ᠢ ᠬᠦᠨᠳᠦᠳᠭᠡᠵᠦ᠍᠂ ᠤᠯᠠᠨ ᠲᠦᠮᠡᠨ᠎ᠦ ᠬᠥᠳᠡᠯᠮᠦᠷᠢ᠂ ᠱᠢᠨ᠎ᠡ᠎ᠶ᠋ᠢ ᠡᠭᠦᠳᠬᠦ᠌ ᠪᠠ ᠦᠢᠯᠡᠰ ᠪᠤᠰᠬᠠᠬᠤ᠎ᠪᠠᠷ ᠳᠠᠮᠵᠢᠭᠤᠯᠤᠨ ᠲᠤᠰ ᠪᠡᠶ᠎ᠡ᠎ᠶ᠋ᠢᠨ ᠬᠥᠭ᠌ᠵᠢᠯᠲᠡ᠎ᠪᠡᠨ ᠪᠡᠶᠡᠯᠡᠭᠦᠯᠬᠦ᠌᠎ᠶ᠋ᠢ ᠵᠣᠷᠢᠭ᠍ᠵᠢᠭᠤᠯᠬᠤ ᠭᠡᠷᠡᠭᠲᠡᠢ᠃

ᠠᠷᠠᠳ᠎ᠤᠨ ᠠᠮᠢᠳᠤᠷᠠᠯ᠎ᠳᠤ ᠪᠠᠭ᠎ᠠ ᠶᠠᠪᠤᠳᠠᠯ ᠭᠡᠵᠦ᠍ ᠦᠭᠡᠢ᠂ ᠰᠠᠯᠠᠭ᠎ᠠ ᠨᠠᠮᠠᠭ᠎ᠠ ᠪᠦᠷᠢ ᠨᠢ ᠬᠠᠢᠷ᠎ᠠ ᠬᠠᠯᠠᠮᠵᠢ᠎ᠶ᠋ᠢ ᠢᠯᠡᠳᠭᠡᠨ᠎ᠡ᠃  ᠪᠢᠳᠡ ᠬᠠᠮᠳᠤ ᠪᠡᠷ 《1571》 ᠠᠵᠢᠯ᠎ᠤᠨ ᠪᠠᠢᠷᠢᠯᠠᠭᠤᠯᠤᠯᠲᠠ᠎ᠶ᠋ᠢ ᠭᠦᠨᠵᠡᠭᠡᠢ ᠲᠤᠭᠤᠰᠢᠯᠠᠭᠤᠯᠵᠦ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠶᠠᠪᠤᠳᠠᠯ᠎ᠢ ᠠᠯᠢᠪᠠ ᠠᠵᠢᠯ᠎ᠤᠨ ᠵᠤᠷᠢᠯᠲᠠ ᠪᠠ ᠲᠤᠰᠤᠯᠲᠠ ᠪᠣᠯᠭᠠᠵᠤ᠂ ᠨᠡᠩ ᠶᠡᠬᠡ ᠡᠷᠡᠰ ᠵᠣᠷᠢᠭ᠂ ᠨᠡᠩ ᠴᠢᠩᠭ᠎ᠠ ᠡᠷᠴᠢᠮ᠂ ᠨᠡᠩ ᠪᠣᠳᠠᠲᠠᠢ ᠠᠷᠭ᠎ᠠ ᠭᠡᠮᠵᠢᠶ᠎ᠡ᠎ᠪᠡᠷ ᠠᠷᠠᠳ ᠤᠯᠠᠨ᠎ᠤ ᠬᠠᠮᠤᠭ᠎ᠠᠴᠠ ᠠᠩᠬᠠᠷᠴᠤ᠌ ᠪᠠᠢᠭ᠎ᠠ ᠬᠠᠮᠤᠭ᠎ᠤᠨ ᠱᠢᠭᠤᠳ ᠬᠠᠮᠤᠭ᠎ᠤᠨ ᠪᠣᠳᠠᠲᠠᠢ ᠠᠱᠢᠭ ᠲᠤᠰᠠ᠎ᠶ᠋ᠢᠨ ᠠᠰᠠᠭᠤᠳᠠᠯ᠎ᠢ ᠰᠠᠢᠲᠤᠷ ᠱᠢᠢᠳᠪᠦᠷᠢᠯᠡᠰᠦᠭᠡᠢ᠃

(ᠵᠣᠬᠢᠶᠠᠭ᠍ᠴᠢ ᠵᠢᠨ ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠦᠷᠢᠶᠡᠯᠡᠩ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面